ᠬᠤᠷᠢᠨᠭᠡᠷ ᠰᠢᠶᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠡᠮᠦᠨ᠎ᠡ | ᠬᠡᠰᠡᠭ᠂ ᠱᠠᠨ ᠰᠢ ᠥᠪᠥᠷ ᠮᠣᠩᠭᠤᠯ ᠤᠨ ᠵᠠᠭᠠᠭ ᠤᠨ ᠣᠷᠣᠨ ᠪᠣᠯᠣᠨ ᠬᠥᠬᠡᠬᠤᠲᠠ ᠪᠤᠭᠤᠲᠤ ᠣᠷᠳᠣᠰ | ᠭᠤᠷᠪᠠ ᠶᠢᠨ ᠠᠵᠤ ᠠᠬᠤᠢ ᠶᠢᠨ ᠭᠤᠷᠮᠣᠰᠣᠨ ᠣᠷᠣᠨ ᠤ ᠥᠷᠦᠴᠡᠨ ᠳᠤ ᠪᠠᠶᠢᠷᠢᠯᠠᠳᠠᠭ᠃ ᠪᠦᠬᠦ ᠰᠢᠶᠠᠨ ᠤ | ᠶᠡᠷᠦᠩᠬᠡᠶ ᠲᠠᠯᠠᠪᠠᠶ ᠨᠢ 3436 ᠲᠡᠭᠰᠢ ᠳᠥᠷᠪᠡᠯᠵᠢᠨ ᠺᠢᠯᠣᠮᠧᠲᠷ ᠪᠠᠶᠢᠵᠣ᠂ 4 ᠰᠢᠶᠠᠩ 4 ᠪᠠᠯᠭᠠᠰᠤ 1 ᠠᠵᠤ | ᠠᠬᠤᠶ ᠶᠢᠨ ᠨᠡᠭᠡᠭᠡᠯᠳᠡ ᠶᠢᠨ ᠲᠣᠭᠤᠷᠢᠭ ᠲᠠᠢ᠂ ᠮᠣᠩᠭᠤᠯ ᠂ ᠬᠢᠲᠠᠳ᠂ ᠬᠤᠲᠣᠩ᠂ ᠮᠠᠨᠵᠣ ᠵᠡᠷᠭᠡ 14 | ᠦᠨᠳᠦᠰᠦᠲᠡᠨᠠᠵᠣ ᠲᠦᠷᠦᠨ ᠠᠮᠢᠳᠣᠷᠠᠵᠣ᠂ 20 ᠲᠦᠮᠨ ᠭᠠᠷᠣᠢ ᠬᠥᠮᠦᠨ ᠠᠮᠠ ᠲᠠᠢ᠃ | ᠬᠤᠷᠢᠨᠭᠡᠷ ᠰᠢᠶᠠᠨ ᠪᠣᠯ ᠥᠨᠢ ᠤᠳᠠᠭᠠᠨ ᠲᠡᠦᠬᠡ ᠲᠠᠢ ᠣᠷᠣᠨ ᠪᠣᠯᠬᠤ ᠶᠤᠮ᠃ ᠴᠢᠨ ᠤᠯᠤᠰ ᠤᠨ ᠦᠶ᠎ᠡ | ᠳᠤ ᠶᠦᠨ ᠵᠦᠩ ᠵᠢᠶᠦ᠋ᠨ ᠳᠤ ᠬᠠᠷᠢᠶᠠᠯᠠᠭᠳᠠᠵᠣ᠂ ᠪᠠᠷᠠᠭᠤᠨ ᠬᠠᠨ ᠤᠯᠤᠰ ᠤᠨ ᠦᠶ᠎ᠡ ᠳᠤ ᠳ᠋ᠢᠩ ᠰᠢᠶᠠᠩ | ᠵᠢᠶᠦ᠋ᠨ ᠶᠢ ᠪᠠᠶᠢᠭᠤᠯᠵᠣ᠂ ᠤᠮᠠᠷᠠᠲᠤ ᠸᠧᠶ ᠤᠯᠤᠰ ᠤᠨ ᠦᠶ᠎ᠡ ᠳᠤ ᠱᠧᠩ ᠯᠧ ᠳᠤ ᠨᠡᠶᠢᠰᠯᠡᠵᠦ᠂ ᠲᠠᠩ ᠤᠯᠤᠰ ᠤᠨ | ᠦᠶ᠎ᠡ ᠳᠤ ᠤᠮᠠᠷᠠᠲᠤ ᠣᠷᠣᠨ ᠤ ᠬᠠᠮᠤᠭ ᠤᠨ ᠨᠡᠷ᠎ᠡ ᠠᠯᠳᠠᠷᠲᠠᠢ ᠡᠷᠲᠡᠨ ᠤ ᠲᠡᠦᠬᠡ ᠶᠢᠨ ᠬᠤᠲᠠ ᠪᠣᠯᠵᠤ᠂ | ᠲᠡᠭᠦᠨ ᠠᠴᠠ ᠬᠤᠶᠢᠰᠢ ᠲᠦᠷᠦ ᠣᠯᠠᠷᠢᠨ ᠵᠢᠶᠦ᠋ᠨ ᠰᠢᠶᠠᠨ ᠪᠠᠶᠢᠭᠤᠯᠣᠭᠰᠠᠭᠠᠷ ᠢᠷᠡᠵᠡᠢ᠃ ᠴᠢᠩ ᠤᠯᠤᠰ ᠤᠨ ᠡᠩᠬᠡ | ᠠᠮᠤᠭᠤᠯᠠᠩ ᠤᠨ ᠭᠤᠴᠢᠨ ᠨᠢᠭᠡᠳᠦᠭᠡᠷ ᠣᠨ ᠳᠤ ᠬᠤᠷᠢᠨ ᠤᠯᠠᠭ᠎ᠠ ᠦᠷᠲᠡᠭᠡ ᠪᠠᠶᠢᠭᠤᠯᠵᠣ᠂ ᠲᠣᠬᠠᠢ ᠶᠢᠨ | ᠦᠶ᠎ᠡ ᠶᠢᠨ ᠬᠤᠷᠢᠨᠭᠡᠷ ᠭᠡᠬᠦ ᠨᠡᠷ᠎ᠡ ᠶᠢ ᠣᠳᠣ ᠪᠣᠯᠲᠠᠯ᠎ᠠ ᠬᠡᠷᠡᠭᠯᠡᠭᠰᠡᠭᠡᠷ ᠢᠷᠡᠵᠡᠢ᠃ 1995 ᠣᠨ ᠳᠤ ᠲᠥᠷᠥ ᠶᠢᠨ | ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠤᠯᠠᠭᠠᠨᠴᠠᠪ ᠠᠶᠢᠮᠠᠭ ᠠᠴᠠ ᠬᠥᠬᠡᠬᠤᠲᠠ ᠶᠢᠨ ᠬᠠᠷᠢᠶᠠᠯᠠᠯ ᠳᠤ | ᠰᠢᠯᠵᠢᠭᠦᠯᠦᠭᠰᠡᠨ ᠪᠠᠶᠢᠨ᠎ᠠ᠃ | ᠣᠶᠢᠷ᠎ᠠ ᠶᠢᠨ ᠵᠢᠯ ᠳᠤ᠂ ᠬᠤᠷᠢᠨᠭᠡᠷ ᠰᠢᠶᠠᠨ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ | ᠳᠣᠣᠷ᠎ᠠ᠂ ᠯᠠᠪᠳᠠᠭᠤᠨ ᠣᠷᠣᠭᠰᠢᠯᠠᠬᠤ ᠠᠵᠢᠯ ᠤᠨ ᠶᠡᠷᠦᠩᠬᠡᠶ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠠᠵᠤ | ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠰᠢᠨ᠎ᠡ | ᠬᠥᠭᠵᠢᠯᠲᠡ ᠶᠢᠨ ᠦᠵᠡᠯᠲᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠡᠨᠬᠦ ᠬᠥᠭᠵᠢᠯᠲᠡ ᠶᠢᠨ | ᠶᠠᠰᠤ ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠰᠢᠨ᠎ᠡ ᠪᠠᠷ ᠬᠥᠭᠵᠢᠭᠰᠡᠨ | ᠠᠵᠤ ᠦᠢᠯᠡᠳᠪᠦᠷᠢᠵᠢᠯᠲᠡ᠂ ᠮᠡᠳᠡᠭᠡ ᠵᠡᠩᠬᠢᠴᠢᠯᠡᠯᠳᠠ᠂ ᠬᠤᠲᠠ ᠪᠠᠯᠭᠠᠰᠤᠴᠢᠯᠠᠯᠲᠠ᠂ ᠲᠠᠷᠢᠶᠠᠯᠠᠩ ᠮᠠᠯ ᠠᠵᠤ | ᠠᠬᠤᠶ ᠶᠢᠨ ᠣᠳᠣᠬᠢᠴᠢᠯᠠᠯᠲᠠ᠂ ᠪᠣᠬᠢᠷᠲᠤᠯ ᠦᠭᠡᠢ ᠠᠵᠣ ᠦᠢᠯᠡᠰ ᠢ ᠶᠡᠬᠡᠪᠡᠷ ᠲᠦᠯᠬᠢᠨ ᠠᠬᠢᠭᠤᠯᠵᠤ᠂ ᠪᠣᠬᠢᠷᠲᠤᠯ | ᠦᠭᠡᠢ ᠢᠳᠡᠭᠡᠨ᠂ ᠡᠭᠦᠯᠡᠨ ᠪᠤᠳᠤᠯᠲᠠ ᠶᠢᠨ ᠲᠣᠮᠣ ᠳ᠋ᠠᠶᠢᠲ᠋ᠠ᠂ ᠴᠠᠬᠢᠯᠭᠠᠨ ᠬᠦᠴᠦ᠂ ᠠᠮᠢ ᠠᠬᠤᠶ᠂ ᠵᠢᠭᠤᠯᠴᠢᠯᠠᠯ᠂ | ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠢ ᠪᠣᠶᠢᠵᠢᠭᠤᠯᠣᠨ ᠬᠦᠭᠵᠢᠭᠦᠯᠵᠦ᠂ ᠪᠦᠬᠦ ᠣᠷᠣᠨ ᠤ ᠰᠢᠶᠠᠨ ᠤ | ᠬᠡᠪᠴᠢᠶᠡᠨ ᠤ ᠠᠵᠤ ᠠᠬᠤᠶ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠳᠠᠭᠠᠭᠤᠯᠣᠭᠴᠢ | ᠲᠡᠰᠢ ᠯᠠᠪᠳᠠᠭᠤᠨ ᠪᠠᠳᠣᠲᠠᠢ ᠠᠯᠬᠤᠵᠠᠶ᠃ | 2016 ᠣᠨ ᠤ ᠰᠡᠭᠦᠯᠴᠢ ᠳᠤ᠂ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠳᠡᠭ157.54 ᠳ᠋ᠦᠩᠰᠢᠭᠤᠷ ᠲᠥᠭᠦᠷᠢᠭ ᠶᠢ ᠪᠡᠶᠡᠯᠡᠭᠦᠯᠵᠦ᠂ 7% ᠪᠠᠷ ᠨᠡᠮᠡᠭᠳᠡᠵᠡᠢ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 7.7 % ᠪᠠᠷ ᠨᠡᠮᠡᠭᠳᠡᠵᠡᠶ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ12.08 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 6.94% ᠪᠠᠷ | ᠨᠡᠮᠡᠭᠳᠡᠪᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ137.61 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ 15.5% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠣᠷᠣᠯᠠᠭᠤᠯᠣᠯᠲᠠ ᠶᠢᠨ ᠶᠡᠷᠦᠩᠬᠡᠢ ᠲᠤᠭ᠎ᠠ 28.53 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 9% ᠪᠠᠷ | ᠨᠡᠮᠡᠭᠳᠡᠵᠡᠢ︔ ᠬᠤᠳᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ | ᠪᠣᠯᠬᠤ ᠳᠤᠮᠳᠠᠴᠢ ᠣᠷᠣᠯᠭ᠎ᠠ ᠲᠤᠰ ᠪᠦᠷᠢ 31490 ᠲᠥᠭᠦᠷᠢᠭ ᠪᠣᠯᠣᠨ11045 ᠲᠥᠭᠦᠷᠢᠭ ᠬᠦᠷᠴᠦ᠂ 8. | 2% ᠪᠣᠯᠣᠨ 7.5% ᠪᠠᠷ ᠨᠡᠮᠡᠭᠳᠡᠭᠰᠡᠨ ᠪᠠᠶᠢᠨ᠎ᠠ᠃ | ᠬᠤᠷᠢᠨᠭᠡᠷ ᠰᠢᠶᠠᠨ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ︽ᠳᠤᠮᠳᠠᠳᠤ ᠤᠯᠤᠰ ᠤᠨ ᠲᠠᠪᠤᠨ ᠨᠢᠭᠡᠳᠦᠭᠡᠷ︾ ᠶᠢ ᠴᠤᠭᠴᠠᠯᠠᠨ ᠪᠠᠶᠢᠭᠤᠯᠬᠤ | ᠱᠠᠭᠠᠷᠳᠠᠯᠭ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠷᠢᠨᠭᠡᠷ ᠰᠢᠶᠠᠨ ᠢ ᠤᠯᠤᠰ ᠤᠨ ᠳᠡᠰ ᠤᠨ ᠰᠢᠨ᠎ᠡ | ᠲᠣᠭᠤᠷᠢᠭ ᠪᠣᠯᠭᠠᠨ ᠪᠦᠲᠦᠭᠡᠨ ᠪᠠᠶᠢᠭᠤᠯᠬᠤ ᠭᠡᠰᠡᠨ ᠴᠢᠬᠤᠯᠠ ᠶᠡᠭᠡ ᠲᠡᠦᠬᠡ ᠶᠢᠨ ᠠᠵᠠ ᠲᠣᠬᠢᠶᠠᠯ ᠢ ᠠᠳᠬᠤᠨ᠂ ︽ | ᠳᠤᠮᠳᠠᠳᠤ ᠤᠯᠤᠰ ᠤᠨ ᠰᠦ ᠶᠢᠨ ᠬᠤᠲᠠ ᠶᠢᠨ ᠭᠤᠣᠯᠯᠠᠭᠴᠢ ᠣᠷᠣᠨ︾ ᠤ ᠪᠠᠶᠢᠷᠢ ᠰᠠᠭᠤᠷᠢ ᠶᠢ ᠪᠠᠬᠢᠵᠢᠭᠦᠯᠦᠨ | ᠳᠡᠭᠡᠭᠰᠢᠯᠡᠭᠦᠯᠵᠦ᠂ ︽ᠳᠤᠮᠳᠠᠳᠤ ᠤᠯᠤᠰ ᠤᠨ ᠶᠦᠨ ᠭᠦ᠋︾᠂ ︽ᠳᠤᠮᠳᠠᠳᠤ ᠤᠯᠤᠰ ᠤᠨ ᠡᠪᠡᠰᠦᠨ ᠤ ᠦᠢᠯᠡᠰ ᠤᠨ | ᠬᠤᠲᠠ︾᠂ ︽ᠳᠤᠮᠳᠠᠳᠤ ᠤᠯᠤᠰ ᠤᠨ ᠢᠳᠡᠰᠢᠨ ᠬᠤᠨᠢᠨ ᠤ ᠠᠵᠤ ᠦᠢᠯᠡᠰ ᠤᠨ ᠤᠭᠢ ᠰᠢᠯᠢᠳᠡᠭ ᠲᠠᠸᠠᠷ ᠤᠨ | ᠲᠡᠮᠳᠡᠭ︾ ᠢ ᠪᠥᠬᠦ ᠬᠦᠴᠦᠨ ᠢᠶᠠᠷ ᠴᠣᠭᠴᠠᠯᠠᠨ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ | ᠪᠦᠲᠦᠭᠡᠬᠦ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠣ᠂ ᠡᠭᠡ ᠤᠯᠤᠰ ᠤᠨ ᠤᠮᠠᠷᠠᠲᠤ ᠶᠢᠨ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠪᠠᠷ ᠴᠢᠷᠮᠠᠶᠢᠨ ᠲᠡᠮᠡᠴᠡᠬᠦ ᠬᠡᠷᠡᠭᠲᠡᠶ᠃ | ᠬᠤᠷᠢᠨᠭᠡᠷ ᠰᠢᠶᠠᠨ ᠪᠣᠯ ᠬᠦᠰᠡᠯ ᠲᠡᠮᠡᠦᠯᠡᠯ ᠤᠨ ᠬᠠᠯᠠᠭᠤᠨ ᠥᠯᠥᠭᠡᠶ᠂ ᠦᠢᠯᠡᠰ ᠪᠣᠰᠬᠠᠬᠤ ᠡᠷᠳᠡᠨᠢ ᠶᠢᠨ | ᠭᠠᠵᠠᠷ᠂ ᠵᠡᠭᠦᠳᠦ ᠪᠠᠨ ᠲᠡᠷᠭᠡᠯᠰᠢᠭᠦᠯᠬᠦ ᠠᠰᠢᠳᠠ ᠵᠢᠨᠣᠷᠣᠨ ᠶᠤᠮ᠃ ᠪᠦᠬᠦ ᠰᠢᠶᠠᠨ ᠤ ᠠᠷᠠᠳ ᠲᠦᠮᠡᠨ ᠳᠦᠷᠪᠡᠨ | ᠵᠦᠭ ᠨᠠᠢᠮᠠᠨ ᠵᠣᠪᠬᠢᠰ ᠠᠴᠠ ᠮᠣᠷᠢᠯᠠᠨ ᠰᠠᠭᠠᠲᠠᠭᠰᠠᠨ ᠵᠣᠴᠢᠳ ᠢᠶᠠᠨ ᠬᠠᠯᠠᠭᠤᠨ ᠢᠶᠠᠷ ᠪᠠᠶᠠᠷᠯᠠᠨ ᠤᠭᠲᠤᠵᠤ᠂ | ᠦᠨᠡᠨᠴᠢ ᠰᠡᠳᠬᠢᠯ ᠪᠣᠯᠣᠨ ᠠᠷᠢᠭᠤᠨ ᠬᠥᠳᠡᠯᠮᠦᠷᠢ ᠢᠶᠠᠷ ᠢᠶᠠᠨ ᠲᠠᠨ ᠲᠠᠢ ᠬᠠᠮᠲᠤ ᠰᠠᠶᠢᠨ ᠰᠠᠶᠢᠬᠠᠨ ᠢᠷᠡᠭᠡᠳᠦᠶ ᠪᠠᠨ | ᠴᠣᠭᠴᠠᠯᠠᠶ᠎ᠠ ︕ |