︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠬᠡᠮᠵᠢᠨ ᠵᠢᠷᠣᠬᠤ ᠬᠠᠣᠯᠢ ︾ ᠶᠢᠨ ᠲᠠᠶᠢᠯᠣᠮᠵᠢ
ᠨᠡᠶᠢᠲᠡᠯᠡᠭᠰᠡᠨ ᠴᠠᠭ᠄
2018-03-30
     ᠰᠣᠷᠪᠣᠯᠵᠢᠯᠠᠭᠰᠠᠨ ᠴᠠᠭ᠄ 2018 ᠣᠨ ᠤ 3 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨᠡᠬᠢ 10 ᠴᠠᠭ       ᠰᠣᠷᠪᠣᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ  ᠵᠤᠤ ᠳ᠋ᠠ ᠶᠦᠩ      ᠰᠣᠷᠪᠣᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      2017 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠤᠳᠠᠭᠠᠨ ᠤ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠬᠤ ᠬᠠᠤᠯᠢ︾ ᠶᠢ ᠰᠠᠨᠠᠯ ᠬᠤᠷᠢᠶᠠᠨ ᠪᠠᠲᠤᠯᠠᠵᠤ᠂ ᠲᠤᠬᠠᠢ ᠶᠢᠨ ᠡᠳᠦᠷ ᠤᠯᠤᠰ ᠤᠨ ᠲᠡᠷᠢᠭᠦᠯᠡᠭᠴᠢ ᠰᠢ ᠶᠢᠨ ᠫᠢᠩ ᠵᠢᠷᠠᠨ ᠳᠣᠯᠣᠳᠤᠭᠠᠷ ᠲᠣᠭᠠᠲᠤ ᠲᠡᠷᠢᠭᠦᠯᠡᠭᠴᠢ ᠶᠢᠨ ᠵᠠᠷᠯᠢᠭ ᠳᠡᠭᠡᠷ᠎ᠡ ᠭᠠᠷ ᠤᠨ ᠦᠰᠦᠭ ᠵᠢᠷᠤᠵᠤ᠂ ᠨᠡᠶᠢᠲᠡᠯᠡᠬᠦ ᠶᠢ ᠵᠥᠪᠰᠢᠶᠡᠷᠡᠵᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠶᠢ 2017 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ ᠥᠨᠥᠳᠥᠷ᠂ ᠪᠢᠳᠡ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠵᠤᠤ ᠳ᠋ᠠ ᠶᠦᠩ ᠢ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠤᠷᠢᠨ ᠠᠪᠴᠢᠷᠠᠵᠤ᠂ ᠬᠡᠮᠵᠢᠨ ᠵᠢᠷᠤᠬᠤ ᠰᠢᠨ᠎ᠡ ᠬᠠᠤᠯᠢ ᠶᠢ ᠬᠡᠷᠡᠭᠵᠢᠭᠦᠯᠦᠭᠰᠡᠨ ᠠᠴᠠ ᠪᠣᠢ ᠪᠣᠯᠣᠭᠰᠠᠨ ᠰᠢᠨ᠎ᠡ ᠬᠤᠪᠢᠷᠠᠯᠲᠠ ᠶᠢᠨ ᠲᠤᠬᠠᠢ ᠰᠠᠨᠠᠯ ᠰᠣᠯᠢᠯᠴᠠᠭᠤᠯᠬᠤ ᠪᠣᠯᠣᠯ᠎ᠠ᠃      ᠰᠣᠷᠪᠣᠯᠵᠢᠯᠠᠭ᠎ᠠ ᠶᠢᠨ ᠪᠣᠳᠠᠲᠣ ᠲᠡᠮᠳᠡᠭᠯᠡᠯ      ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠭᠰᠡᠨ ᠳᠤ ᠴᠢᠨᠢ ᠪᠠᠶᠠᠷᠯᠠᠯ᠎ᠠ᠃ ᠥᠨᠥᠳᠥᠷ ᠮᠠᠨ ᠤ ᠤᠷᠢᠵᠤ ᠠᠪᠴᠢᠷᠠᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠵᠤᠤ ᠳ᠋ᠠ ᠶᠦᠩ ᠪᠣᠯᠣᠨ᠎ᠠ᠃ ᠵᠤᠤ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃      ᠵᠤᠤ ᠳ᠋ᠠ ᠶᠦᠩ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕      ᠬᠦᠲᠦᠯᠦᠭᠴᠢ᠄ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠬᠤ ᠬᠠᠤᠯᠢ︾ ᠶᠢ 2017 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠂ ᠲᠡᠭᠦᠨ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖      ᠵᠤᠤ ᠳ᠋ᠠ ᠶᠦᠩ᠄ ᠬᠤᠷᠢᠶᠠᠩᠭᠤᠶᠢᠯᠠᠭᠠᠳ ᠬᠡᠯᠡᠪᠡᠯ ᠲᠠᠪᠤᠨ ᠲᠠᠯ᠎ᠠ ᠪᠣᠢ᠄      ᠨᠢᠭᠡ ᠳᠤ᠂ ᠳᠠᠭᠠᠭᠤᠯᠢ ᠣᠳᠣᠨ ᠤ ᠵᠠᠮᠴᠢᠯᠠᠵᠤ ᠪᠠᠶᠢᠷᠢ ᠲᠣᠭᠲᠠᠭᠠᠬᠤ ᠪᠠᠷᠢᠮᠵᠢᠶ᠎ᠠ ᠥᠷᠲᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠪᠠᠲᠤᠯᠠᠨ᠎ᠠ᠃ ᠰᠢᠨ᠎ᠡ ᠬᠡᠮᠵᠢᠨ ᠵᠢᠷᠤᠬᠤ ᠬᠠᠤᠯᠢ ᠳᠤ ᠳᠠᠭᠠᠭᠤᠯᠢ ᠣᠳᠣᠨ ᠤ ᠵᠠᠮᠴᠢᠯᠠᠵᠤ ᠪᠠᠶᠢᠷᠢ ᠲᠣᠭᠲᠠᠭᠠᠬᠤ ᠨᠢᠭᠡᠳᠦᠯᠲᠡᠢ ᠪᠠᠷᠢᠮᠵᠢᠶᠠᠲᠤ ᠦᠢᠯᠡᠴᠢᠯᠡᠭᠡ ᠶᠢᠨ ᠰᠢᠰᠲ᠋ᠧᠮ ᠢ ᠪᠠᠶᠢᠭᠤᠯᠵᠤ᠂ ᠵᠠᠮᠴᠢᠯᠠᠵᠤ ᠪᠠᠶᠢᠷᠢ ᠲᠣᠭᠲᠠᠭᠠᠬᠤ ᠪᠠᠷᠢᠮᠵᠢᠶᠠᠲᠤ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠱᠠᠭᠠᠷᠳᠠᠭᠰᠠᠨ ᠤ ᠬᠠᠮᠲᠤ᠂ ᠪᠠᠷᠢᠮᠵᠢᠶ᠎ᠠ ᠥᠷᠲᠡᠭᠡᠨ ᠤ ᠪᠠᠶᠢᠭᠤᠯᠤᠯᠲᠠ ᠶᠢ ᠪᠦᠷᠢᠳᠬᠡᠨ ᠳᠠᠩᠰᠠᠯᠠᠬᠤ ᠳᠦᠷᠢᠮ ᠢ ᠲᠣᠭᠲᠠᠭᠠᠬᠤ ᠵᠢᠴᠢ ᠪᠠᠷᠢᠮᠵᠢᠶ᠎ᠠ ᠥᠷᠲᠡᠭᠡᠨ ᠤ ᠠᠵᠢᠯᠯᠠᠭ᠎ᠠ ᠶᠢᠨ ᠬᠠᠮᠠᠭᠠᠯᠠᠯᠲᠠ᠂ ᠠᠮᠤᠷ ᠲᠦᠪᠰᠢᠨ ᠤ ᠪᠠᠷᠢᠮᠵᠢᠶ᠎ᠠ ᠵᠡᠷᠭᠡ ᠳᠤ ᠲᠣᠭᠲᠠᠭᠠᠯ ᠭᠠᠷᠭᠠᠪᠠ᠃      ᠬᠤᠶᠠᠷ ᠲᠤ᠂ ᠬᠡᠮᠵᠢᠨ ᠵᠢᠷᠤᠬᠤ ᠦᠷ᠎ᠡ ᠪᠦᠲᠦᠭᠡᠯ ᠤᠨ ᠨᠡᠶᠢᠭᠡᠮᠴᠢᠯᠡᠭᠰᠡᠨ ᠬᠡᠷᠡᠭᠯᠡᠭᠡ ᠶᠢ ᠠᠬᠢᠭᠤᠯᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠡᠮᠵᠢᠨ ᠵᠢᠷᠤᠬᠤ ᠰᠢᠨ᠎ᠡ ᠬᠠᠤᠯᠢ ᠳᠤ ᠳᠠᠭᠠᠭᠤᠯᠢ ᠣᠳᠣᠨ ᠤ ᠵᠠᠮᠴᠢᠯᠠᠵᠤ ᠪᠠᠶᠢᠷᠢ ᠲᠣᠭᠲᠠᠭᠠᠬᠤ ᠨᠢᠭᠡᠳᠦᠯᠲᠡᠢ ᠪᠠᠷᠢᠮᠵᠢᠶᠠᠲᠤ ᠦᠢᠯᠡᠴᠢᠯᠡᠭᠡ ᠶᠢᠨ ᠰᠢᠰᠲ᠋ᠧᠮ ᠢ ᠪᠠᠶᠢᠭᠤᠯᠵᠤ᠂ ᠵᠠᠮᠴᠢᠯᠠᠵᠤ ᠪᠠᠶᠢᠷᠢ ᠲᠣᠭᠲᠠᠭᠠᠬᠤ ᠪᠠᠷᠢᠮᠵᠢᠶᠠᠲᠤ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠱᠠᠭᠠᠷᠳᠠᠭᠰᠠᠨ ᠤ ᠬᠠᠮᠲᠤ᠂ ᠪᠠᠷᠢᠮᠵᠢᠶ᠎ᠠ ᠥᠷᠲᠡᠭᠡᠨ ᠤ ᠪᠠᠶᠢᠭᠤᠯᠤᠯᠲᠠ ᠶᠢ ᠪᠦᠷᠢᠳᠬᠡᠨ ᠳᠠᠩᠰᠠᠯᠠᠬᠤ ᠳᠦᠷᠢᠮ ᠢ ᠲᠣᠭᠲᠠᠭᠠᠬᠤ ᠵᠢᠴᠢ ᠪᠠᠷᠢᠮᠵᠢᠶ᠎ᠠ ᠥᠷᠲᠡᠭᠡᠨ ᠤ ᠠᠵᠢᠯᠯᠠᠭ᠎ᠠ ᠶᠢᠨ ᠬᠠᠮᠠᠭᠠᠯᠠᠯᠲᠠ᠂ ᠠᠮᠤᠷ ᠲᠦᠪᠰᠢᠨ ᠤ ᠪᠠᠷᠢᠮᠵᠢᠶ᠎ᠠ ᠵᠡᠷᠭᠡ ᠳᠤ ᠲᠣᠭᠲᠠᠭᠠᠯ ᠭᠠᠷᠭᠠᠭᠰᠠᠨ ᠪᠠᠶᠢᠨ᠎ᠠ᠃      ᠭᠤᠷᠪᠠ ᠳᠤ᠂ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠭᠠᠵᠠᠷ ᠤᠨ ᠵᠢᠷᠤᠭ᠂ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠬᠡᠮᠵᠢᠨ ᠵᠢᠷᠤᠬᠤ ᠰᠢᠨ᠎ᠡ ᠬᠠᠤᠯᠢ ᠶᠢᠨ ᠶᠡᠷᠦᠩᠬᠡᠢ ᠳᠦᠷᠢᠮ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠤᠬᠠᠭᠤᠯᠭ᠎ᠠ ᠶᠢ ᠥᠷᠨᠢᠭᠦᠯᠦᠨ᠂ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠭᠤᠯᠢ ᠶᠢᠨ ᠬᠢᠨ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠬᠥᠮᠥᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠭᠤᠯᠭ᠎ᠠ ᠳᠤ ᠣᠷᠣᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃      ᠳᠥᠷᠪᠠ ᠳᠤ᠂ ᠭᠠᠵᠠᠷ ᠵᠦᠢ ᠶᠢᠨ ᠤᠯᠤᠰ ᠤᠨ ᠪᠠᠶᠢᠳᠠᠯ ᠢ ᠬᠢᠨᠠᠨ ᠬᠡᠮᠵᠢᠬᠦ ᠳᠦᠷᠢᠮ ᠪᠠ ᠪᠠᠴᠢᠮ ᠪᠠᠶᠢᠳᠠᠯ ᠢ ᠠᠷᠭᠠᠴᠠᠭᠠᠵᠤ ᠬᠡᠮᠵᠢᠨ ᠵᠢᠷᠤᠬᠤ ᠶᠢ ᠪᠠᠲᠤᠯᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠮᠵᠢᠨ ᠵᠢᠷᠤᠬᠤ ᠰᠢᠨ᠎ᠡ ᠬᠠᠤᠯᠢ ᠳᠤ ᠭᠠᠵᠠᠷ ᠵᠦᠢ ᠶᠢᠨ ᠤᠯᠤᠰ ᠤᠨ ᠪᠠᠶᠢᠳᠠᠯ ᠢ ᠬᠢᠨᠠᠨ ᠰᠢᠨᠵᠢᠬᠦ ᠳᠦᠷᠢᠮ ᠢ ᠲᠣᠭᠲᠠᠭᠠᠵᠤ᠂ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠬᠢᠨᠠᠯᠲᠠ ᠬᠡᠮᠵᠢᠯᠲᠡ ᠥᠷᠨᠢᠭᠦᠯᠬᠦ ᠶᠢ ᠱᠠᠭᠠᠷᠳᠠᠭᠰᠠᠨ ᠪᠠᠶᠢᠨ᠎ᠠ᠃      ᠲᠠᠪᠤ ᠳᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢ ᠬᠠᠮᠵᠢᠯᠴᠠᠭᠤᠯᠤᠨ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢ ᠲᠦᠷᠭᠡᠨ ᠬᠤᠪᠢᠷᠠᠭᠤᠯᠤᠨ᠎ᠠ᠃      ᠬᠥᠲᠥᠯᠥᠭᠴᠢ᠄ ᠭᠠᠵᠠᠷ ᠤᠨ ᠵᠢᠷᠤᠭ ᠤᠨ ᠬᠡᠪᠯᠡᠯ ᠪᠤᠶᠤ ᠢᠨᠲ᠋ᠧᠷ ᠰᠦᠯᠵᠢᠶ᠎ᠡ ᠶᠢᠨ ᠭᠠᠵᠠᠷ ᠤᠨ ᠵᠢᠷᠤᠭ ᠤᠨ ᠦᠢᠯᠡᠴᠢᠯᠡᠭᠡ ᠳᠤᠮᠳᠠ᠂ ᠵᠠᠷᠢᠮ ᠠᠰᠠᠭᠤᠳᠠᠯ ᠦᠷᠭᠦᠯᠵᠢ ᠢᠯᠡᠷᠡᠵᠦ ᠪᠠᠶᠢᠨ᠎ᠠ᠂ ᠵᠢᠱᠢᠶᠡᠯᠡᠪᠡᠯ ᠤᠯᠤᠰ ᠤᠨ ᠵᠠᠭᠠᠭ ᠱᠤᠭᠤᠮ ᠢ ᠪᠤᠷᠤᠭᠤ ᠵᠢᠷᠤᠬᠤ᠂ ᠮᠠᠨ ᠤ ᠤᠯᠤᠰ ᠤᠨ ᠲᠠᠶᠢᠸᠠᠨ ᠮᠤᠵᠢ ᠶᠢ ᠲᠤᠰᠠᠭᠠᠷ ᠤᠯᠤᠰ ᠪᠣᠯᠭᠠᠨ ᠢᠯᠡᠳᠬᠡᠬᠦ᠂ ᠮᠠᠨ ᠤ ᠤᠯᠤᠰ ᠤᠨ ᠡᠮᠦᠨᠡᠲᠦ ᠲᠠᠩᠭᠢᠰ ᠤᠨ ᠠᠷᠠᠯ ᠤᠳ ᠪᠠ ᠲᠠᠶᠢᠸᠠᠨ ᠵᠢᠴᠢ ᠳᠠᠭᠠᠯᠲᠠ ᠠᠷᠠᠯ ᠣᠯᠲᠣᠷᠢᠭ ᠢ ᠣᠷᠬᠢᠭᠳᠠᠭᠤᠯᠤᠨ ᠵᠢᠷᠤᠬᠤ᠂ ᠪᠠᠰᠠ ᠤᠯᠤᠰ ᠤᠨ ᠨᠢᠭᠤᠴᠠ ᠳᠤ ᠬᠤᠯᠪᠣᠭᠳᠠᠭᠰᠠᠨ ᠪᠡᠯᠡᠳᠬᠡᠮᠵᠢ ᠶᠢ ᠢᠯᠡᠳᠬᠡᠬᠦ ᠭᠡᠬᠦ ᠮᠡᠲᠦ᠃ ᠲᠡᠭᠡᠪᠡᠯ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠳᠤ ᠡᠨᠡ ᠲᠠᠯ᠎ᠠ ᠪᠠᠷ ᠶᠠᠮᠠᠷ ᠶᠠᠮᠠᠷ ᠵᠢᠷᠤᠮᠵᠢᠯ ᠤᠨ ᠴᠢᠨᠠᠷᠲᠠᠢ ᠲᠣᠭᠲᠠᠭᠠᠯ ᠭᠠᠷᠭᠠᠭᠰᠠᠨ ᠪᠣᠢ︖ ᠳᠡᠭᠡᠷ᠎ᠡ ᠶᠠᠷᠢᠭᠰᠠᠨ ᠠᠰᠠᠭᠤᠳᠠᠯ ᠳᠤ ᠶᠠᠮᠠᠷ ᠶᠠᠮᠠᠷ ᠪᠣᠳᠠᠲᠠᠢ ᠰᠢᠢᠳᠪᠦᠷᠢᠯᠡᠬᠦ ᠠᠷᠭ᠎ᠠ ᠬᠡᠯᠪᠡᠷᠢ ᠪᠠᠶᠢᠬᠤ ᠪᠣᠢ︖      ᠵᠤᠤ ᠳ᠋ᠠ ᠶᠦᠩ᠄ ᠤᠯᠤᠰ ᠤᠨ ᠨᠤᠲᠤᠭ ᠳᠡᠪᠢᠰᠬᠡᠷ ᠨᠢ ᠤᠯᠤᠰ ᠤᠨ ᠡᠷᠬᠡ ᠮᠡᠳᠡᠯ ᠪᠠ ᠬᠠᠷᠢᠶᠠᠯᠠᠭᠳᠠᠬᠤ ᠬᠦᠷᠢᠶ᠎ᠡ ᠬᠡᠪᠴᠢᠶ᠎ᠡ ᠶᠢ ᠰᠢᠭᠤᠳ ᠠᠮᠢᠳᠤᠯᠢᠭ ᠢᠶᠠᠷ ᠲᠤᠰᠬᠠᠵᠤ᠂ ᠤᠯᠤᠰ ᠤᠨ ᠤᠯᠤᠰ ᠲᠥᠷᠥ ᠶᠢᠨ ᠵᠣᠷᠢᠯᠲᠠ ᠶᠢ ᠢᠯᠡᠷᠡᠭᠦᠯᠵᠦ ᠪᠠᠶᠢᠳᠠᠭ᠃ ᠤᠯᠤᠰ ᠤᠨ ᠨᠤᠲᠤᠭ ᠳᠡᠪᠢᠰᠬᠡᠷ ᠲᠤ ᠭᠤᠷᠪᠠᠨ ᠵᠦᠢᠯ ᠤᠨ ᠴᠢᠨᠠᠷ ᠲᠠᠢ᠄ ᠲᠥᠪ ᠴᠢᠩᠭ᠎ᠠ ᠤᠯᠤᠰ ᠲᠥᠷᠥᠴᠢ ᠴᠢᠨᠠᠷ᠂ ᠨᠢᠭᠲᠠ ᠴᠢᠩᠭ᠎ᠠ ᠰᠢᠨᠵᠢᠯᠡᠬᠦ ᠤᠬᠠᠭᠠᠨᠴᠢ ᠴᠢᠨᠠᠷ ᠪᠠ ᠬᠠᠤᠯᠢ ᠶᠢᠨ ᠴᠢᠩᠭ᠎ᠠ ᠲᠣᠭᠲᠠᠭᠠᠯᠲᠠ ᠴᠢᠨᠠᠷ ᠲᠠᠢ ᠪᠠᠶᠢᠳᠠᠭ᠃ ᠦᠢᠯᠡᠳᠦᠯᠭᠡ ᠶᠢᠨ ᠳᠤᠮᠳᠠ᠂ ᠲᠠᠨ ᠤ ᠳᠤᠷᠠᠳᠤᠭᠰᠠᠨ ᠡᠳᠡᠭᠡᠷ ᠠᠰᠠᠭᠤᠳᠠᠯ ᠦᠨᠡᠨ ᠬᠦ ᠣᠷᠣᠰᠢᠵᠤ᠂ ᠪᠤᠰᠤᠳᠴᠢ ᠲᠠᠯ᠎ᠠ ᠠᠴᠠ ᠮᠠᠨ ᠤ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ ᠪᠦᠷᠢᠨ ᠪᠦᠲᠦᠨ ᠴᠢᠨᠠᠷ ᠢ ᠡᠪᠳᠡᠵᠦ᠂ ᠤᠯᠤᠰ ᠤᠨ ᠨᠡᠷ᠎ᠡ ᠲᠥᠷᠥ ᠶᠢ ᠬᠤᠬᠢᠷᠠᠭᠤᠯᠵᠤ᠂ ᠪᠠᠰᠠ ᠤᠯᠤᠰ ᠤᠨ ᠠᠮᠤᠷ ᠲᠦᠪᠰᠢᠨ ᠪᠠ ᠡᠷᠬᠡ ᠠᠰᠢᠭ ᠢ ᠵᠣᠬᠢᠬᠤ ᠬᠡᠮᠵᠢᠶ᠎ᠡ ᠪᠠᠷ ᠰᠦᠷᠳᠡᠭᠦᠯᠵᠦ ᠪᠠᠶᠢᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠳᠤ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠬᠥᠮᠥᠵᠢᠯ ᠢ ᠲᠣᠪᠤᠶᠢᠯᠭᠠᠨ ᠴᠢᠩᠭᠠᠳᠬᠠᠵᠤ᠂ ᠶᠡᠷᠦᠩᠬᠡᠢ ᠳᠦᠷᠢᠮ ᠳᠤ ᠪᠠᠨ ᠲᠤᠰᠠᠭᠠᠷ ᠨᠢᠭᠡᠨ ᠵᠤᠷᠪᠤᠰ ᠲᠣᠭᠲᠠᠭᠠᠯ ᠪᠣᠯᠭᠠᠨ ᠲᠣᠬᠢᠷᠠᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠤᠬᠠᠭᠤᠯᠭ᠎ᠠ ᠬᠥᠮᠥᠵᠢᠯ ᠢ ᠴᠢᠩᠭᠠᠳᠬᠠᠬᠤ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠤ ᠬᠠᠮᠲᠤ᠂ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠭᠤᠯᠢ ᠶᠢᠨ ᠬᠢᠨ ᠤᠯᠤᠰ ᠤᠨ ᠨᠤᠲᠤᠭ ᠳᠡᠪᠢᠰᠬᠡᠷ ᠤᠨ ᠬᠥᠮᠥᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠥᠵᠢᠯ ᠳᠤ ᠣᠷᠣᠭᠤᠯᠵᠤ᠂ ᠡᠬᠡ ᠣᠷᠣᠨᠴᠢ ᠦᠵᠡᠯ ᠤᠨ ᠬᠥᠮᠥᠵᠢᠯ ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠵᠤᠤ ᠳ᠋ᠠ ᠶᠦᠩ᠄ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠨᠢ ᠭᠠᠵᠠᠷ ᠤᠨ ᠵᠢᠷᠤᠭ ᠤᠨ ᠪᠦᠲᠦᠭᠡᠭᠳᠡᠬᠦᠨ ᠬᠢᠭᠡᠳ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠤᠨ ᠵᠢᠷᠤᠭ ᠢ ᠨᠠᠶᠢᠷᠠᠭᠤᠯᠤᠨ ᠲᠣᠭᠲᠠᠭᠠᠬᠤ᠂ ᠬᠡᠪᠯᠡᠬᠦ᠂ ᠳᠡᠯᠭᠡᠨ ᠦᠵᠡᠭᠦᠯᠬᠦ᠂ ᠨᠡᠶᠢᠲᠡᠯᠡᠬᠦ᠂ ᠰᠢᠨᠡᠳᠬᠡᠬᠦ ᠵᠢᠴᠢ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠨᠢ ᠡᠷᠬᠡᠪᠰᠢ ᠤᠯᠤᠰ ᠤᠨ ᠬᠠᠮᠢᠶ᠎ᠠ ᠪᠦᠬᠦᠢ ᠭᠠᠵᠠᠷ ᠤᠨ ᠵᠢᠷᠤᠭ ᠤᠨ ᠪᠠᠷᠢᠮᠵᠢᠶ᠎ᠠ ᠪᠠ ᠬᠢᠨᠠᠨ ᠬᠠᠷᠭᠤᠭᠤᠯᠬᠤ ᠲᠣᠭᠲᠠᠭᠠᠯ ᠢ ᠵᠢᠷᠤᠮᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠶᠢᠨ ᠬᠠᠩᠭᠠᠭᠴᠢ ᠨᠢ ᠬᠠᠤᠯᠢ ᠶᠣᠰᠣᠭᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠭᠠᠵᠠᠷ ᠤᠨ ᠵᠢᠷᠤᠭ ᠢ ᠬᠡᠷᠡᠭᠯᠡᠵᠦ᠂ ᠭᠠᠵᠠᠷ ᠤᠨ ᠵᠢᠷᠤᠭ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠲᠤᠬᠠᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠠᠪᠴᠤ᠂ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠰᠢᠨ᠎ᠡ ᠪᠠᠷ ᠨᠡᠮᠡᠭᠰᠡᠨ ᠠᠭᠤᠯᠭ᠎ᠠ ᠳᠠᠬᠢ ᠬᠢᠨᠠᠨ ᠬᠠᠷᠭᠤᠭᠤᠯᠤᠯᠲᠠ ᠶᠢ ᠴᠢᠩᠭᠠᠳᠬᠠᠬᠤ ᠶᠢᠨ ᠬᠠᠮᠲᠤ᠂ ᠲᠥᠷᠥ ᠶᠢᠨ ᠶᠠᠪᠤᠳᠠᠯ ᠬᠤᠷᠢᠶ᠎ᠠ ᠳᠤ ᠡᠷᠬᠡ ᠣᠯᠭᠤᠵᠤ ᠭᠠᠵᠠᠷ ᠤᠨ ᠵᠢᠷᠤᠭ ᠤᠨ ᠬᠠᠮᠢᠶᠠᠷᠤᠯᠲᠠ ᠳᠤ ᠪᠣᠳᠠᠲᠠᠢ ᠠᠷᠭ᠎ᠠ ᠲᠣᠭᠲᠠᠭᠠᠬᠤ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ ᠬᠢᠨ ᠬᠡᠮᠵᠢᠨ ᠵᠢᠷᠤᠬᠤ ᠬᠠᠤᠯᠢ ᠶᠢᠨ ᠲᠣᠭᠲᠠᠭᠠᠯ ᠶᠣᠰᠣᠭᠠᠷ᠂ ᠮᠡᠷᠭᠡᠵᠢᠯ ᠤᠨ ᠠᠮᠤᠷ ᠲᠦᠪᠰᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠪᠦᠬᠦ ᠨᠡᠶᠢᠭᠡᠮ ᠢᠶᠠᠷ ᠢᠶᠠᠨ ᠤᠯᠤᠰ ᠤᠨ ᠨᠤᠲᠤᠭ ᠳᠡᠪᠢᠰᠬᠡᠷ ᠢ ᠵᠥᠪ ᠣᠨᠣᠪᠴᠢᠲᠠᠢ ᠢᠯᠡᠳᠬᠡᠭᠰᠡᠨ ᠭᠠᠵᠠᠷ ᠤᠨ ᠵᠢᠷᠤᠭ ᠢ ᠬᠡᠷᠡᠭᠯᠡᠵᠦ᠂ ᠭᠠᠵᠠᠷ ᠤᠨ ᠵᠢᠷᠤᠭ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠣᠯᠠᠨ ᠲᠦᠮᠡᠨ ᠤ ᠱᠠᠭᠠᠷᠳᠠᠯᠭ᠎ᠠ ᠶᠢ ᠬᠠᠩᠭᠠᠵᠤ᠂ ᠤᠯᠤᠰ ᠤᠨ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠬᠠᠤᠯᠢ ᠬᠡᠷᠡᠭᠵᠢᠭᠦᠯᠬᠦ ᠶᠠᠪᠤᠴᠠ ᠳᠤ ᠢᠯᠡᠷᠡᠭᠦᠯᠦᠭᠰᠡᠨ ᠭᠠᠵᠠᠷ ᠤᠨ ᠵᠢᠷᠤᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠳ ᠲᠤ ᠵᠠᠰᠠᠭ ᠵᠠᠬᠢᠷᠭᠠᠨ ᠤ ᠲᠣᠷᠭᠠᠭᠤᠯᠢ ᠣᠯᠭᠤᠵᠤ ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠬᠦᠲᠦᠯᠦᠭᠴᠢ᠄ ᠮᠠᠨ ᠤ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠨᠢ ᠶᠠᠮᠠᠷ ᠪᠣᠢ︖ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠨᠢ ᠮᠠᠨ ᠤ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠳᠤ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖      ᠵᠤᠤ ᠳ᠋ᠠ ᠶᠦᠩ᠄ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠨᠢ ᠲᠥᠷᠥ ᠶᠢᠨ ᠶᠠᠪᠤᠳᠠᠯ ᠤᠨ ᠬᠤᠷᠢᠶ᠎ᠠ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠤ ᠦᠢᠯᠡᠰ ᠢᠶᠠᠷ ᠲᠣᠭᠲᠠᠭᠠᠭᠳᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠥᠨᠳᠥᠷ᠂ ᠠᠵᠤ ᠦᠢᠯᠡᠰ ᠤᠨ ᠬᠡᠯᠬᠢᠶ᠎ᠡ ᠨᠢ ᠤᠷᠲᠤ᠂ ᠠᠵᠢᠯ ᠣᠯᠭᠤᠬᠤ ᠴᠢᠳᠠᠪᠤᠷᠢ ᠨᠢ ᠬᠠᠷᠢᠴᠠᠩᠭᠤᠢ ᠴᠢᠩᠭ᠎ᠠ ᠣᠨᠴᠠᠯᠢᠭ ᠲᠠᠢ ᠪᠠᠷ ᠪᠠᠷᠠᠬᠤ ᠦᠭᠡᠢ᠂ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠰᠠᠯᠠᠭ᠎ᠠ ᠮᠥᠴᠢᠷ ᠠᠴᠠ ᠨᠡᠶᠢᠭᠡᠮ ᠤᠨ ᠣᠯᠠᠨ ᠲᠦᠮᠡᠨ ᠳᠤ ᠦᠢᠯᠡᠴᠢᠯᠡᠬᠦ ᠠᠷᠭ᠎ᠠ ᠵᠠᠮ ᠪᠣᠯᠣᠨ᠎ᠠ᠃ 2014 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ ᠨᠡᠶᠢᠲᠡᠯᠡᠭᠰᠡᠨ ᠠᠴᠠ᠂ ᠣᠶᠢᠷ᠎ᠠ ᠶᠢᠨ ᠵᠢᠯ ᠤᠳ ᠲᠤ ᠮᠠᠨ ᠤ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠮᠠᠰᠢ ᠲᠦᠷᠭᠡᠨ ᠪᠠᠶᠢᠵᠤ᠂ ᠠᠵᠤ ᠦᠢᠯᠡᠰ ᠤᠨ ᠵᠢᠯ ᠤᠨ ᠳᠤᠮᠳᠠᠴᠢ ᠨᠡᠮᠡᠭᠳᠡᠯ ᠤᠨ ᠨᠣᠷᠮ᠎ᠠ ᠨᠢ 20% ᠠᠴᠠ ᠳᠡᠭᠡᠭᠰᠢ ᠬᠦᠷᠴᠡᠢ᠃ ᠣᠶᠣᠨᠴᠢᠯᠠᠭᠰᠠᠨ ᠴᠠᠭ ᠦᠶ᠎ᠡ ᠶᠢᠨ ᠬᠦᠷᠴᠦ ᠢᠷᠡᠬᠦ ᠶᠢ ᠳᠠᠭᠠᠯᠳᠤᠨ᠂ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠷᠡᠭᠯᠡᠭᠡ ᠶᠠᠪᠤᠬᠤ ᠲᠤᠲᠤᠮ ᠥᠷᠭᠡᠵᠢᠨ ᠭᠦᠨᠵᠡᠭᠡᠶᠢᠷᠡᠵᠦ᠂ ᠭᠠᠷ ᠤᠲᠠᠰᠤ ᠪᠠᠷ ᠪᠠᠶᠢᠷᠢ ᠲᠣᠭᠲᠠᠭᠠᠬᠤ᠂ ᠢᠨᠲ᠋ᠧᠷ ᠰᠦᠯᠵᠢᠶ᠎ᠡ ᠪᠠᠷ ᠵᠠᠮᠴᠢᠯᠠᠭᠤᠯᠬᠤ ᠵᠡᠷᠭᠡ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠦᠢᠯᠡᠴᠢᠯᠡᠭᠡ ᠶᠢ ᠪᠠᠭᠲᠠᠭᠠᠭᠰᠠᠨ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠢ ᠬᠥᠮᠥᠰ ᠪᠠᠷᠤᠭ ᠡᠳᠦᠷ ᠪᠦᠷᠢ ᠬᠡᠷᠡᠭᠯᠡᠵᠦ᠂ ᠥᠷᠭᠡᠳᠬᠡᠯ ᠪᠦᠲᠦᠭᠡᠭᠳᠡᠬᠦᠨ ᠴᠤ ᠲᠠᠰᠤᠷᠠᠯᠲᠠ ᠦᠭᠡᠢ ᠢᠯᠡᠷᠡᠨ᠂ ᠠᠷᠠᠳ ᠣᠯᠠᠨ ᠤ ᠠᠮᠢᠳᠤᠷᠠᠯ ᠳᠤ ᠲᠦᠢᠯ ᠢᠶᠠᠷ ᠳᠥᠭᠦᠮ ᠦᠵᠡᠭᠦᠯᠵᠦ᠂ ᠨᠡᠯᠢᠶᠡᠳ ᠬᠥᠭᠵᠢᠩᠭᠦᠢ ᠬᠦᠷᠢᠶ᠎ᠡ ᠴᠠᠷᠠᠭ᠎ᠠ ᠪᠣᠯᠣᠭᠰᠠᠨ ᠪᠠᠶᠢᠨ᠎ᠠ᠃ ᠡᠷᠬᠡ ᠰᠦᠷᠲᠦ ᠪᠠᠶᠢᠭᠤᠯᠤᠮᠵᠢ ᠶᠢᠨ ᠪᠦᠷᠢᠳᠬᠡᠯ ᠢ ᠦᠨᠳᠦᠰᠦᠯᠡᠪᠡᠯ᠂ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠨᠢ ᠬᠠᠮᠢᠶ᠎ᠠ ᠪᠦᠬᠦᠢ ᠠᠵᠢᠯ ᠲᠥᠷᠥᠯ ᠤᠨ ᠠᠰᠢᠭ ᠣᠷᠣᠯᠭ᠎ᠠ ᠶᠢ ᠳᠠᠶᠢᠴᠢᠯᠠᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠲᠤᠰ ᠪᠡᠶ᠎ᠡ ᠶᠢᠨ ᠦᠢᠯᠡᠴᠢᠯᠡᠭᠡ ᠶᠢᠨ ᠦᠢᠯᠡᠳᠬᠦᠨ ᠤ ᠥᠷᠲᠡᠭ ᠠᠴᠠ 15 — 20 ᠳᠠᠬᠢᠨ ᠥᠨᠳᠥᠷ ᠲᠦᠪᠰᠢᠨ ᠳᠤ ᠬᠦᠷᠴᠦ᠂ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠢ ᠬᠥᠲᠥᠯᠥᠨ ᠳᠠᠶᠢᠴᠢᠯᠠᠬᠤ ᠦᠢᠯᠡᠳᠦᠯ ᠨᠢ ᠲᠡᠭᠦᠨ ᠤ ᠲᠤᠰ ᠪᠡᠶ᠎ᠡ ᠶᠢᠨ ᠦᠢᠯᠡᠳᠦᠯ ᠠᠴᠠ ᠴᠤ ᠬᠦᠴᠦᠷᠬᠡᠭ ᠶᠡᠭᠡ ᠪᠣᠯᠣᠭᠰᠠᠨ ᠶᠤᠮ᠃ ᠡᠨᠡ ᠤᠳᠠᠭ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠨᠢ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠳᠤ ᠲᠦᠢᠯ ᠤᠨ ᠴᠢᠬᠤᠯᠠ ᠲᠣᠭᠲᠠᠭᠠᠯ ᠭᠠᠷᠭᠠᠵᠤ᠂ ᠲᠡᠭᠦᠨ ᠤ ᠳᠣᠲᠣᠷ᠎ᠠ 40 ᠳ᠋ᠦ᠋ᠭᠡᠷ ᠵᠦᠢᠯ ᠳᠤ᠂ ᠤᠯᠤᠰ ᠠᠴᠠ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠡᠯ᠎ᠡ ᠲᠥᠷᠥᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠮᠤᠷ ᠲᠦᠪᠰᠢᠨ ᠮᠥᠷᠲᠡᠭᠡᠨ ᠢᠲᠡᠭᠡᠮᠵᠢᠲᠡᠢ ᠭᠠᠵᠠᠷ ᠵᠦᠢ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠨ᠎ᠡ ᠭᠡᠵᠦ ᠲᠣᠭᠲᠠᠭᠠᠭᠰᠠᠨ ᠪᠠᠶᠢᠨ᠎ᠠ᠃      ᠬᠦᠲᠦᠯᠦᠭᠴᠢ᠄ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠨᠢ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠤᠪᠢᠶᠠᠯᠴᠠᠨ ᠬᠦᠷᠲᠡᠬᠦ ᠵᠢᠴᠢ ᠬᠡᠷᠡᠭᠯᠡᠬᠦ ᠲᠠᠯ᠎ᠠ ᠪᠠᠷ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖      ᠵᠤᠤ ᠳ᠋ᠠ ᠶᠦᠩ᠄ ᠡᠨᠡ ᠤᠳᠠᠭ᠎ᠠ ᠬᠡᠮᠵᠢᠨ ᠵᠢᠷᠤᠬᠤ ᠬᠠᠤᠯᠢ ᠳᠤ ᠵᠠᠰᠠᠪᠤᠷᠢ ᠣᠷᠣᠭᠤᠯᠤᠭᠰᠠᠨ ᠨᠢ᠂ ᠦᠷ᠎ᠡ ᠪᠦᠲᠦᠭᠡᠯ ᠳᠤ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠲᠤᠬᠠᠢ ᠵᠠᠷᠢᠮ ᠴᠢᠬᠤᠯᠠ ᠲᠣᠭᠲᠠᠭᠠᠯ ᠢ ᠲᠣᠭᠲᠠᠭᠠᠭᠰᠠᠨ ᠪᠠᠶᠢᠨ᠎ᠠ᠃      ᠨᠢᠭᠡ ᠳᠤ᠂ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠡᠯ᠎ᠡ ᠱᠠᠲᠤᠨ ᠤ ᠵᠠᠰᠠᠭ ᠤᠨ ᠣᠷᠳᠣᠨ ᠤ ᠥᠯᠥ ᠬᠥᠳᠡᠯᠬᠦ ᠬᠥᠷᠥᠩᠭᠡ ᠶᠢ ᠪᠦᠷᠢᠳᠬᠡᠨ ᠳᠠᠩᠰᠠᠯᠠᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠲᠣᠭᠲᠠᠭᠠᠪᠠ᠃ ᠣᠯᠠᠨ ᠤ ᠮᠡᠳᠡᠭᠡᠵᠢ ᠪᠠᠷ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠤᠨ ᠭᠤᠣᠯ ᠠᠭᠤᠯᠭ᠎ᠠ ᠪᠣᠯ ᠳᠠᠷᠤᠢ ᠥᠯᠥ ᠬᠥᠳᠡᠯᠬᠦ ᠬᠥᠷᠥᠩᠭᠡ ᠤᠨ ᠬᠡᠮᠵᠢᠨ ᠵᠢᠷᠤᠯᠲᠠ ᠪᠣᠯᠣᠨ᠎ᠠ᠂ ᠡᠶᠢᠮᠦ ᠠᠴᠠ ᠡᠨᠡ ᠤᠳᠠᠭᠠᠨ ᠤ ᠬᠠᠤᠯᠢ ᠴᠠᠭᠠᠵᠠ ᠳᠤ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ ᠲᠤᠬᠠᠢ ᠲᠣᠳᠣᠷᠬᠠᠢ ᠲᠣᠭᠲᠠᠭᠠᠯ ᠭᠠᠷᠭᠠᠪᠠ᠃      ᠬᠤᠶᠠᠷ ᠲᠤ᠂ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠠᠤᠯᠢ ᠶᠣᠰᠣᠭᠠᠷ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠬᠢᠨᠠᠨ ᠰᠢᠨᠵᠢᠯᠲᠠ ᠥᠷᠨᠢᠭᠦᠯᠬᠦ ᠶᠢ ᠲᠣᠳᠣᠷᠬᠠᠶᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠢᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠡᠶᠢᠭᠡᠮ ᠤᠨ ᠬᠥᠭᠵᠢᠯᠲᠡ ᠪᠠ ᠨᠡᠶᠢᠭᠡᠮ ᠤᠨ ᠨᠡᠶᠢᠲᠡ ᠣᠯᠠᠨ ᠤ ᠦᠢᠯᠡᠴᠢᠯᠡᠭᠡ ᠳᠤᠮᠳᠠᠬᠢ ᠭᠠᠵᠠᠷ ᠵᠦᠢ ᠶᠢᠨ ᠤᠯᠤᠰ ᠤᠨ ᠪᠠᠶᠢᠳᠠᠯ ᠢ ᠬᠢᠨᠠᠨ ᠰᠢᠨᠵᠢᠭᠰᠡᠨ ᠦᠷ᠎ᠡ ᠪᠦᠲᠦᠭᠡᠯ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠭᠤᠷᠪᠠ ᠳᠤ᠂ ᠬᠡᠮᠵᠢᠨ ᠵᠢᠷᠤᠭᠰᠠᠨ ᠦᠷ᠎ᠡ ᠪᠦᠲᠦᠭᠡᠯ ᠨᠢ ᠤᠯᠤᠰ ᠤᠨ ᠨᠢᠭᠤᠴᠠ ᠶᠢᠨ ᠠᠮᠤᠷ ᠲᠦᠪᠰᠢᠨ ᠢ ᠪᠠᠲᠤᠯᠠᠬᠤ᠂ ᠭᠠᠵᠠᠷ ᠵᠦᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠ ᠬᠡᠷᠡᠭᠯᠡᠬᠦ ᠵᠠᠷᠴᠢᠮ ᠶᠣᠰᠣᠭᠠᠷ᠂ ᠨᠢᠭᠤᠴᠠ ᠶᠢᠨ ᠬᠦᠷᠢᠶ᠎ᠡ ᠬᠡᠪᠴᠢᠶ᠎ᠡ ᠪᠠ ᠨᠢᠭᠤᠴᠠ ᠶᠢᠨ ᠵᠡᠷᠭᠡ ᠳᠡᠰ ᠢ ᠲᠣᠭᠲᠠᠭᠠᠬᠤ ᠶᠢᠨ ᠬᠠᠮᠲᠤ᠂ ᠴᠠᠭ ᠲᠤᠬᠠᠢ ᠳᠤ ᠨᠢ ᠲᠣᠬᠢᠷᠠᠭᠤᠯᠤᠨ ᠨᠡᠶᠢᠲᠡᠯᠡᠨ᠎ᠡ ᠭᠡᠵᠦ ᠲᠣᠭᠲᠠᠭᠠᠪᠠ᠃ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠨᠡᠶᠢᠲᠡ ᠣᠯᠠᠨ ᠤ ᠬᠡᠪᠯᠡᠯ ᠤᠨ ᠬᠡᠮᠵᠢᠨ ᠵᠢᠷᠤᠭᠰᠠᠨ ᠦᠷ᠎ᠡ ᠪᠦᠲᠦᠭᠡᠯ ᠢ ᠪᠣᠯᠪᠠᠰᠤᠷᠠᠭᠤᠯᠬᠤ ᠪᠠ ᠨᠠᠶᠢᠷᠠᠭᠤᠯᠤᠨ ᠲᠣᠭᠲᠠᠭᠠᠬᠤ ᠠᠵᠢᠯ ᠢ ᠠᠬᠢᠭᠤᠯᠵᠤ᠂ ᠨᠡᠶᠢᠲᠡ ᠣᠯᠠᠨ ᠤ ᠬᠡᠪᠯᠡᠯ ᠤᠨ ᠦᠷ᠎ᠡ ᠪᠦᠲᠦᠭᠡᠯ ᠢ ᠬᠠᠩᠭᠠᠬᠤ᠂ ᠨᠢᠭᠤᠴᠠ ᠶᠢ ᠬᠠᠮᠠᠭᠠᠯᠠᠬᠤ ᠮᠡᠷᠭᠡᠵᠢᠯ ᠢ ᠰᠢᠢᠳᠪᠦᠷᠢᠯᠡᠬᠦ ᠠᠷᠭ᠎ᠠ ᠬᠡᠯᠪᠡᠷᠢ ᠪᠠᠷ ᠳᠠᠮᠵᠢᠭᠤᠯᠵᠤ᠂ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠨᠡᠶᠢᠭᠡᠮᠴᠢᠯᠡᠭᠰᠡᠨ ᠬᠡᠷᠡᠭᠯᠡᠯᠲᠡ ᠶᠢ ᠠᠬᠢᠭᠤᠯᠬᠤ ᠶᠢ ᠱᠠᠭᠠᠷᠳᠠᠭᠰᠠᠨ ᠤ ᠬᠠᠮᠲᠤ᠂ ᠤᠯᠤᠰ᠂ ᠮᠤᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠴᠠᠭ ᠲᠤᠬᠠᠢ ᠳᠤ ᠨᠢ ᠦᠷ᠎ᠡ ᠪᠦᠲᠦᠭᠡᠯ ᠤᠨ ᠬᠠᠷᠠᠯᠲᠠ ᠶᠢ ᠨᠠᠶᠢᠷᠠᠭᠤᠯᠤᠨ ᠲᠣᠭᠲᠠᠭᠠᠬᠤ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠳᠥᠷᠪᠡ ᠳᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠤᠨ ᠬᠤᠭᠤᠷᠣᠨᠳᠤᠬᠢ ᠭᠠᠵᠠᠷ ᠵᠦᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠪᠠᠶᠢᠭᠤᠯᠬᠤ᠂ ᠬᠠᠮᠲᠤ ᠪᠠᠷ ᠬᠦᠷᠲᠡᠬᠦ ᠠᠷᠭ᠎ᠠ ᠵᠠᠮ ᠢ ᠲᠣᠭᠲᠠᠭᠠᠨ ᠪᠦᠷᠢᠨᠰᠢᠭᠦᠯᠵᠦ᠂ ᠭᠠᠵᠠᠷ ᠵᠦᠢ ᠶᠢᠨ ᠮᠡᠳᠡᠭᠡ ᠵᠠᠩᠭᠢ ᠶᠢᠨ ᠥᠷᠭᠡᠨ ᠳᠡᠯᠭᠡᠷ ᠬᠡᠷᠡᠭᠯᠡᠯᠲᠡ ᠶᠢ ᠠᠬᠢᠭᠤᠯᠬᠤ ᠬᠡᠷᠡᠭᠲᠡᠢ ᠭᠡᠵᠦ ᠲᠣᠭᠲᠠᠭᠠᠪᠠ᠃ ᠡᠭᠦᠨ ᠤ ᠬᠠᠮᠲᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠠᠭᠤᠷᠢ ᠭᠠᠵᠠᠷ ᠵᠦᠢ ᠶᠢᠨ ᠮᠡᠳᠡᠭᠡ ᠵᠠᠩᠭᠢ ᠶᠢᠨ ᠳ᠋ᠠᠶᠢᠲ᠋ᠠ ᠶᠢ ᠴᠠᠭ ᠲᠤᠬᠠᠢ ᠳᠤ ᠨᠢ ᠣᠯᠵᠠᠯᠠᠬᠤ᠂ ᠰᠢᠢᠳᠪᠦᠷᠢᠯᠡᠬᠦ ᠪᠠ ᠰᠢᠨᠡᠳᠬᠡᠵᠦ᠂ ᠭᠠᠵᠠᠷ ᠵᠦᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠭᠠᠵᠠᠷ ᠵᠦᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠳ᠋ᠠᠶᠢᠲ᠋ᠠ ᠳᠤ ᠨᠡᠭᠡᠭᠡᠯᠲᠡ ᠬᠢᠵᠦ ᠬᠠᠮᠲᠤ ᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ ᠬᠠᠤᠯᠢ ᠴᠠᠭᠠᠵᠠ ᠶᠢᠨ ᠲᠠᠯ᠎ᠠ ᠠᠴᠠ᠂ ᠨᠡᠭᠡᠭᠡᠯᠲᠡ ᠬᠢᠵᠦ ᠬᠠᠮᠲᠤ ᠪᠠᠷ ᠬᠦᠷᠲᠡᠬᠦ ᠲᠠᠯ᠎ᠠ ᠪᠠᠷ  ᠲᠦᠢᠯ ᠤᠨ ᠰᠢᠰᠲ᠋ᠧᠮ ᠲᠠᠢ᠂ ᠲᠦᠢᠯ ᠤᠨ ᠪᠣᠳᠠᠲᠠᠢ ᠲᠣᠭᠲᠠᠭᠠᠯ ᠭᠠᠷᠭᠠᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠳ᠋ᠠᠶᠢᠲ᠋ᠠ ᠶᠢ ᠴᠠᠭ ᠲᠤᠬᠠᠢ ᠳᠤ ᠨᠢ ᠢᠯᠡ ᠪᠣᠯᠭᠠᠵᠤ᠂ ᠴᠠᠭ ᠲᠤᠬᠠᠢ ᠳᠤ ᠨᠢ ᠬᠡᠷᠡᠭᠯᠡᠬᠦ ᠶᠢ ᠪᠠᠲᠤᠯᠠᠪᠠ᠃ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠠᠮᠢᠵᠢᠷᠠᠯ ᠤᠨ ᠬᠦᠴᠦᠨ ᠪᠠ ᠥᠷᠲᠡᠭ ᠨᠢ ᠬᠡᠷᠡᠭᠯᠡᠯᠲᠡ ᠳᠤ ᠪᠠᠶᠢᠳᠠᠭ᠂ ᠡᠨᠡ ᠲᠠᠯ᠎ᠠ ᠪᠠᠷ ᠪᠢᠳᠡ ᠪᠠᠶᠢᠳᠠᠭ ᠬᠦᠴᠦ ᠪᠠᠨ ᠰᠢᠪᠬᠠᠨ ᠭᠠᠵᠠᠷ ᠵᠦᠢ ᠶᠢᠨ ᠮᠡᠳᠡᠭᠡ ᠵᠠᠩᠭᠢ ᠶᠢᠨ ᠦᠷ᠎ᠡ ᠪᠦᠲᠦᠭᠡᠯ ᠤᠨ ᠨᠡᠩ ᠥᠷᠭᠡᠨ ᠳᠡᠯᠭᠡᠷ ᠬᠡᠷᠡᠭᠯᠡᠯᠲᠡ ᠶᠢ ᠠᠬᠢᠭᠤᠯᠬᠤ ᠪᠠᠷ ᠪᠠᠶᠢᠨ᠎ᠠ᠃      ᠬᠦᠲᠦᠯᠦᠭᠴᠢ᠄ ᠬᠡᠷᠬᠢᠨ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠨᠡᠶᠢᠭᠡᠮᠴᠢᠯᠡᠭᠰᠡᠨ ᠬᠡᠷᠡᠭᠯᠡᠯᠲᠡ ᠶᠢ ᠠᠬᠢᠭᠤᠯᠬᠤ ᠶᠢᠨ ᠬᠠᠮᠲᠤ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠪᠣᠢ︖      ᠵᠤᠤ ᠳ᠋ᠠ ᠶᠦᠩ᠄ ᠪᠢᠳᠡ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠪᠠ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠦᠢᠯᠡᠴᠢᠯᠡᠭᠡ ᠶᠢ ᠰᠠᠶᠢᠲᠤᠷ ᠬᠢᠬᠦ ᠶᠢᠨ ᠬᠠᠷᠢᠴᠠᠭ᠎ᠠ ᠶᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠨᠡ ᠤᠳᠠᠭ᠎ᠠ ᠬᠡᠮᠵᠢᠨ ᠵᠢᠷᠤᠬᠤ ᠬᠠᠤᠯᠢ ᠳᠤ ᠵᠠᠰᠠᠪᠤᠷᠢ ᠣᠷᠣᠭᠤᠯᠬᠤ ᠳᠤᠮᠳᠠ᠂ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠪᠠ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ ᠲᠥᠯᠥᠪᠯᠡᠨ ᠪᠣᠳᠣᠯᠬᠢᠯᠠᠭᠰᠠᠨ ᠶᠤᠮ᠃ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠲᠤᠬᠠᠢ᠂ ᠬᠡᠮᠵᠢᠨ ᠵᠢᠷᠤᠬᠤ ᠬᠠᠤᠯᠢ ᠶᠢᠨ ᠨᠠᠢᠮᠠᠳᠤᠭᠠᠷ ᠪᠦᠯᠦᠭ ᠲᠤ ᠲᠣᠳᠣᠷᠬᠠᠢ ᠲᠣᠭᠲᠠᠭᠠᠯ ᠭᠠᠷᠭᠠᠪᠠ᠂ ᠵᠢᠱᠢᠶᠡᠯᠡᠪᠡᠯ ᠭᠠᠵᠠᠷ ᠵᠦᠢ ᠶᠢᠨ ᠮᠡᠳᠡᠭᠡ ᠵᠠᠩᠭᠢ ᠶᠢᠨ ᠦᠢᠯᠡᠳᠪᠦᠷᠢᠯᠡᠯ᠂ ᠬᠠᠮᠢᠶᠠᠷᠤᠯᠲᠠ᠂ ᠠᠰᠢᠭᠯᠠᠯᠲᠠ ᠭᠡᠬᠦ ᠮᠡᠲᠦ᠃ ᠤᠯᠤᠰ ᠤᠨ ᠨᠢᠭᠤᠴᠠ ᠳᠤ ᠬᠠᠷᠢᠶᠠᠯᠠᠭᠳᠠᠬᠤ ᠭᠠᠵᠠᠷ ᠵᠦᠢ ᠶᠢᠨ ᠮᠡᠳᠡᠭᠡ ᠵᠠᠩᠭᠢ ᠶᠢ ᠡᠵᠡᠮᠰᠢᠬᠦ ᠪᠠ ᠬᠠᠩᠭᠠᠬᠤ ᠳᠤ ᠡᠷᠬᠡᠪᠰᠢ ᠪᠦᠷᠢᠳᠬᠡᠨ ᠳᠠᠩᠰᠠᠯᠠᠬᠤ ᠳᠦᠷᠢᠮ ᠢ ᠬᠡᠷᠡᠭᠵᠢᠭᠦᠯᠬᠦ ᠪᠠ ᠤᠷᠲᠤ ᠬᠤᠭᠤᠴᠠᠭ᠎ᠠ ᠪᠠᠷ ᠬᠠᠳᠠᠭᠠᠯᠠᠨ ᠬᠠᠮᠢᠶᠠᠷᠴᠤ᠂ ᠢᠯᠠᠩᠭᠤᠶ᠎ᠠ ᠮᠥᠷᠳᠡᠨ ᠬᠠᠮᠢᠶᠠᠷᠴᠤ ᠪᠣᠯᠬᠤ ᠶᠢ ᠣᠨᠴᠠᠭᠠᠶᠢᠯᠠᠨ ᠳᠤᠷᠠᠳᠪᠠ᠃ ᠡᠭᠦᠨ ᠤ ᠬᠠᠮᠲᠤ᠂ ᠬᠡᠮᠵᠢᠨ ᠵᠢᠷᠤᠬᠤ ᠠᠵᠢᠯᠯᠠᠭ᠎ᠠ ᠨᠢ ᠤᠯᠤᠰ ᠤᠨ ᠨᠢᠭᠤᠴᠠ ᠳᠤ ᠬᠠᠷᠢᠶᠠᠯᠠᠭᠳᠠᠬᠤ ᠭᠠᠵᠠᠷ ᠵᠦᠢ ᠶᠢᠨ ᠮᠡᠳᠡᠭᠡ ᠵᠠᠩᠭᠢ ᠶᠢ ᠣᠯᠵᠠᠯᠠᠨ ᠡᠵᠡᠮᠰᠢᠬᠦ ᠪᠤᠶᠤ ᠬᠠᠩᠭᠠᠨ ᠠᠰᠢᠭᠯᠠᠬᠤ ᠳᠤ ᠬᠤᠯᠪᠣᠭᠳᠠᠵᠤ ᠪᠠᠶᠢᠳᠠᠭ ᠪᠣᠯᠬᠤᠷ᠂ ᠲᠣᠬᠢᠷᠠᠯᠴᠠᠭᠰᠠᠨ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠴᠠᠭᠠᠵᠠ ᠲᠣᠭᠲᠠᠭᠠᠯ ᠪᠠ ᠤᠯᠤᠰ ᠤᠨ ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠡᠷᠡᠭᠲᠡᠢ ᠭᠡᠵᠦ ᠲᠣᠳᠣᠷᠬᠠᠢ ᠳᠤᠷᠠᠳᠤᠭᠰᠠᠨ ᠨᠢ ᠪᠠᠰᠠ ᠴᠤ ᠲᠤᠰ ᠤᠳᠠᠭᠠᠨ ᠤ ᠬᠡᠮᠵᠢᠨ ᠵᠢᠷᠤᠬᠤ ᠬᠠᠤᠯᠢ ᠳᠤ ᠵᠠᠰᠠᠪᠤᠷᠢ ᠣᠷᠣᠭᠤᠯᠤᠭᠰᠠᠨ ᠭᠢᠯᠠᠰ ᠴᠡᠭ ᠪᠣᠯᠣᠨ᠎ᠠ᠃ 47 ᠳ᠋ᠤᠭᠠᠷ ᠵᠦᠢᠯ ᠳᠤ᠂ ᠭᠠᠵᠠᠷ ᠵᠦᠢ ᠶᠢᠨ ᠮᠡᠳᠡᠭᠡ ᠵᠠᠩᠭᠢ ᠶᠢ ᠠᠰᠢᠭᠯᠠᠬᠤ ᠨᠢᠭᠡᠴᠢ ᠪᠠ ᠢᠡᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠶᠢᠨ ᠬᠠᠩᠭᠠᠭᠴᠢ ᠶᠢ ᠪᠠᠭᠲᠠᠭᠠᠭᠰᠠᠨ ᠭᠠᠵᠠᠷ ᠵᠦᠢ ᠶᠢᠨ ᠮᠡᠳᠡᠭᠡ ᠵᠠᠩᠭᠢ ᠶᠢᠨ ᠦᠢᠯᠡᠳᠪᠦᠷᠢᠯᠡᠯ ᠨᠢ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠤᠨ ᠬᠡᠷᠡᠭᠯᠡᠬᠦ ᠦᠶ᠎ᠡ ᠳᠤ᠂ ᠲᠣᠬᠢᠷᠠᠯᠴᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠲᠣᠭᠲᠠᠭᠠᠯ ᠢ ᠵᠢᠷᠤᠮᠯᠠᠬᠤ ᠬᠡᠷᠡᠭᠲᠡᠢ᠃      ᠬᠦᠲᠦᠯᠦᠭᠴᠢ᠄ ᠬᠡᠮᠵᠢᠨ ᠵᠢᠷᠤᠬᠤ ᠬᠠᠤᠯᠢ ᠨᠢ ᠬᠡᠮᠵᠢᠨ ᠵᠢᠷᠤᠬᠤ ᠠᠵᠢᠯᠯᠠᠭ᠎ᠠ ᠳᠤᠮᠳᠠᠬᠢ ᠬᠠᠮᠢᠶ᠎ᠠ ᠪᠦᠬᠦᠢ ᠨᠢᠭᠡᠴᠢ ᠠᠴᠠ ᠬᠡᠷᠡᠭᠯᠡᠭᠴᠢ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠬᠤ᠂ ᠬᠡᠷᠡᠭᠯᠡᠬᠦ ᠦᠶ᠎ᠡ ᠳᠤ᠂ ᠡᠳᠡᠭᠡᠷ ᠨᠢᠭᠡᠴᠢ ᠶᠢᠨ ᠠᠵᠢᠯᠯᠠᠭ᠎ᠠ ᠳᠤ ᠬᠡᠷᠬᠢᠨ ᠬᠢᠨᠠᠯᠲᠠ ᠬᠠᠮᠢᠶᠠᠷᠤᠯᠲᠠ ᠶᠠᠪᠤᠭᠤᠯᠬᠤ ᠪᠣᠢ︖      ᠵᠤᠤ ᠳ᠋ᠠ ᠶᠦᠩ᠄ ᠡᠨᠡ ᠤᠳᠠᠭ᠎ᠠ ᠬᠡᠮᠵᠢᠨ ᠵᠢᠷᠤᠬᠤ ᠬᠠᠤᠯᠢ ᠳᠤ ᠵᠠᠰᠠᠪᠤᠷᠢ ᠣᠷᠣᠭᠤᠯᠬᠤ ᠳᠤ ᠪᠠᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠠᠭᠤᠯᠭ᠎ᠠ ᠶᠢ ᠨᠡᠮᠡᠵᠦ ᠣᠷᠣᠭᠤᠯᠪᠠ᠃ ᠢᠨᠲ᠋ᠧᠷ ᠰᠦᠯᠵᠢᠶᠡᠨ ᠤ ᠴᠠᠭ ᠦᠶ᠎ᠡ ᠳᠤ ᠠᠮᠢᠳᠤᠷᠠᠵᠤ᠂ ᠢᠨᠲ᠋ᠧᠷ ᠰᠦᠯᠵᠢᠶ᠎ᠡ ᠶᠢᠨ ᠭᠠᠵᠠᠷ ᠤᠨ ᠵᠢᠷᠤᠭ ᠤᠨ ᠦᠢᠯᠡᠴᠢᠯᠡᠭᠡ ᠨᠢ ᠴᠠᠭ ᠢᠮᠠᠭᠲᠠ ᠲᠠᠨ ᠤ ᠣᠷᠣᠨ ᠪᠠᠶᠢᠷᠢ ᠶᠢᠨ ᠮᠡᠳᠡᠭᠡ ᠵᠠᠩᠭᠢ ᠲᠠᠢ ᠨᠢᠭᠲᠠ ᠬᠠᠷᠢᠴᠠᠭ᠎ᠠ ᠡᠭᠦᠰᠴᠦ ᠪᠠᠶᠢᠳᠠᠭ᠂ ᠲᠡᠭᠡᠪᠡᠯ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠬᠤ ᠠᠵᠢᠯᠯᠠᠭ᠎ᠠ ᠶᠢ ᠬᠡᠷᠬᠢᠨ ᠬᠢᠨᠠᠨ ᠬᠠᠮᠢᠶᠠᠷᠬᠤ ᠪᠣᠢ︖ ᠬᠡᠮᠵᠢᠨ ᠵᠢᠷᠤᠬᠤ ᠬᠠᠤᠯᠢ ᠳᠤ ᠵᠠᠷᠴᠢᠮ ᠤᠨ ᠴᠢᠨᠠᠷᠲᠠᠢ ᠲᠣᠭᠲᠠᠭᠠᠯ ᠭᠠᠷᠭᠠᠵᠠᠢ᠂ ᠳᠠᠷᠤᠢ ᠭᠠᠵᠠᠷ ᠵᠦᠢ ᠶᠢᠨ ᠮᠡᠳᠡᠭᠡ ᠵᠠᠩᠭᠢ ᠶᠢ ᠦᠢᠯᠡᠳᠪᠦᠷᠢᠯᠡᠵᠦ ᠠᠰᠢᠭᠯᠠᠬᠤ ᠨᠢᠭᠡᠴᠢ ᠪᠠ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠬᠠᠩᠭᠠᠭᠴᠢ ᠨᠢ᠂ ᠬᠡᠷᠡᠭᠯᠡᠭᠴᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠳᠤ ᠬᠤᠯᠪᠣᠭᠳᠠᠬᠤ ᠦᠶ᠎ᠡ ᠳᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠠᠬᠢ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠲᠤᠬᠠᠢ ᠲᠣᠭᠲᠠᠭᠠᠯ ᠢ ᠵᠢᠷᠤᠮᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠭᠠᠵᠠᠷ ᠵᠦᠢ ᠶᠢᠨ ᠮᠡᠳᠡᠭᠡ ᠵᠠᠩᠭᠢ ᠶᠢ ᠦᠢᠯᠡᠳᠪᠦᠷᠢᠯᠡᠬᠦ᠂ ᠠᠰᠢᠭᠯᠠᠬᠤ ᠨᠢᠭᠡᠴᠢ ᠳᠤ ᠬᠤᠯᠪᠣᠭᠳᠠᠵᠤ᠂ ᠪᠠᠰᠠ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠳᠤ ᠬᠤᠯᠪᠣᠭᠳᠠᠪᠠᠯ᠂ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠰᠠᠯᠠᠭ᠎ᠠ ᠮᠥᠴᠢᠷ ᠤᠨ ᠬᠢᠨ ᠡᠨᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠡᠨᠡ ᠲᠠᠯ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠶᠠᠷᠢᠶᠠᠨ ᠦᠭᠡᠢ᠂ ᠪᠢᠳᠡ ᠪᠠᠰᠠ ᠬᠤᠪᠢ ᠬᠥᠮᠥᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠬᠡᠮᠵᠢᠨ ᠵᠢᠷᠤᠭᠰᠠᠨ ᠭᠠᠵᠠᠷ ᠵᠦᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢᠨ ᠬᠠᠮᠲᠤ ᠬᠤᠪᠢ ᠬᠥᠮᠥᠨ ᠤ ᠮᠡᠳᠡᠭᠡ ᠵᠠᠩᠭᠢ ᠶᠢ ᠰᠠᠶᠢᠲᠤᠷ ᠬᠠᠮᠠᠭᠠᠯᠠᠬᠤ ᠬᠡᠷᠡᠭᠲᠡᠢ᠃      ᠬᠦᠲᠦᠯᠦᠭᠴᠢ᠄ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠨᠢ ᠪᠠᠴᠢᠮ ᠪᠠᠶᠢᠳᠠᠯ ᠢ ᠠᠷᠭᠠᠴᠠᠭᠠᠵᠤ ᠬᠡᠮᠵᠢᠨ ᠵᠢᠷᠤᠬᠤ ᠪᠠᠲᠤᠯᠠᠭ᠎ᠠ ᠳᠤ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖      ᠵᠤᠤ ᠳ᠋ᠠ ᠶᠦᠩ᠄ ᠪᠠᠴᠢᠮ ᠪᠠᠶᠢᠳᠠᠯ ᠢ ᠠᠷᠭᠠᠴᠠᠭᠠᠵᠤ ᠬᠡᠮᠵᠢᠨ ᠵᠢᠷᠤᠬᠤ ᠪᠠᠲᠤᠯᠠᠭ᠎ᠠ ᠶᠢ ᠨᠢᠭᠡᠨᠲᠡ ᠮᠠᠨ ᠤ ᠤᠯᠤᠰ ᠤᠨ ᠭᠡᠨᠡᠳᠲᠡ ᠶᠢᠨ ᠴᠢᠨᠠᠷᠲᠠᠢ ᠬᠡᠷᠡᠭ ᠢ ᠪᠠᠴᠢᠮ ᠠᠷᠭᠠᠴᠠᠭᠠᠬᠤ ᠰᠢᠰᠲ᠋ᠧᠮᠴᠢ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠢ ᠲᠣᠭᠲᠠᠴᠠ ᠳᠤ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠡᠮᠵᠢᠨ ᠵᠢᠷᠤᠯᠲᠠ ᠨᠢ ᠨᠢᠭᠡᠨᠲᠡ ᠪᠠᠴᠢᠮ ᠪᠠᠶᠢᠳᠠᠯ ᠢ ᠠᠷᠭᠠᠴᠠᠭᠠᠨ ᠪᠠᠲᠤᠯᠠᠬᠤ ᠲᠦᠢᠯ ᠤᠨ ᠴᠢᠬᠤᠯᠠ ᠬᠦᠴᠦᠨ ᠪᠣᠯᠣᠭᠰᠠᠨ ᠪᠠᠶᠢᠨ᠎ᠠ᠃ ᠡᠨᠡ ᠤᠳᠠᠭ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠳᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠶᠢᠨ ᠬᠢᠨ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠭᠠᠵᠠᠷ ᠤᠨ ᠵᠢᠷᠤᠭ ᠪᠠ ᠰᠠᠭᠤᠷᠢ ᠭᠠᠵᠠᠷ ᠵᠦᠢ ᠶᠢᠨ ᠮᠡᠳᠡᠭᠡ ᠵᠠᠩᠭᠢ ᠶᠢᠨ ᠳ᠋ᠠᠶᠢᠲ᠋ᠠ ᠵᠡᠷᠭᠡ ᠬᠡᠮᠵᠢᠨ ᠵᠢᠷᠤᠭᠰᠠᠨ ᠴᠢᠬᠤᠯᠠ ᠦᠷ᠎ᠡ ᠪᠦᠲᠦᠭᠡᠯ ᠢ ᠴᠠᠭ ᠲᠤᠬᠠᠢ ᠳᠤ ᠨᠢ ᠬᠠᠩᠭᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠭᠰᠠᠨ ᠤ ᠬᠠᠮᠲᠤ᠂ ᠠᠯᠤᠰ ᠮᠡᠳᠡᠷᠡᠮᠵᠢ ᠶᠢᠨ ᠬᠢᠨᠠᠨ ᠰᠢᠨᠵᠢᠯᠲᠠ᠂ ᠵᠠᠮᠴᠢᠯᠠᠵᠤ ᠪᠠᠶᠢᠷᠢ ᠲᠣᠭᠲᠠᠭᠠᠬᠤ ᠭᠡᠬᠦ ᠮᠡᠲᠦ ᠶᠢᠨ ᠪᠠᠴᠢᠮ ᠪᠠᠶᠢᠳᠠᠯ ᠢ ᠠᠷᠭᠠᠴᠠᠭᠠᠵᠤ ᠬᠡᠮᠵᠢᠨ ᠵᠢᠷᠤᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠡᠨᠡ ᠪᠣᠯ ᠬᠠᠤᠯᠢ ᠴᠠᠭᠠᠵᠠ ᠶᠢᠨ ᠲᠠᠯ᠎ᠠ ᠠᠴᠠ ᠡᠯ᠎ᠡ ᠱᠠᠲᠤᠨ ᠤ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠣᠯᠭᠤᠭᠰᠠᠨ ᠲᠦᠢᠯ ᠤᠨ ᠴᠢᠬᠤᠯᠠ ᠠᠵᠢᠯ ᠤᠨ ᠡᠭᠦᠷᠭᠡ ᠬᠠᠷᠢᠭᠤᠴᠠᠯᠭ᠎ᠠ ᠮᠥᠨ ᠭᠡᠵᠦ ᠬᠡᠯᠡᠵᠦ ᠪᠣᠯᠣᠨ᠎ᠠ᠃ ᠪᠢᠳᠡ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠰᠠᠯᠠᠭ᠎ᠠ ᠮᠥᠴᠢᠷ ᠤᠨ ᠬᠢᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠡᠮᠵᠢᠨ ᠵᠢᠷᠤᠬᠤ ᠪᠠᠲᠤᠯᠠᠭ᠎ᠠ ᠶᠢᠨ ᠴᠢᠳᠠᠪᠤᠷᠢ ᠶᠢ ᠨᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃      ᠬᠦᠲᠦᠯᠦᠭᠴᠢ᠄ ᠳᠠᠷᠠᠭᠠᠴᠢ ᠶᠢᠨ ᠠᠯᠬᠤᠮ ᠳᠤ ᠮᠠᠨ ᠤ ᠣᠷᠣᠨ ᠬᠡᠮᠵᠢᠨ ᠵᠢᠷᠤᠬᠤ ᠰᠢᠨ᠎ᠡ ᠬᠠᠤᠯᠢ ᠶᠢ ᠲᠤᠭᠤᠰᠢᠯᠠᠭᠤᠯᠬᠤ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠢ︖      ᠵᠤᠤ ᠳ᠋ᠠ ᠶᠦᠩ᠄ ᠭᠠᠵᠠᠷ ᠵᠦᠢ ᠶᠢᠨ ᠮᠡᠳᠡᠭᠡ ᠵᠠᠩᠭᠢ ᠪᠣᠯ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠦᠢᠯ ᠤᠨ ᠴᠢᠬᠤᠯᠠ ᠮᠡᠳᠡᠭᠡ ᠵᠠᠩᠭᠢ ᠶᠢᠨ ᠡᠬᠢ ᠪᠠᠶᠠᠯᠢᠭ ᠪᠠᠶᠢᠵᠤ᠂ ᠮᠠᠨ ᠤ ᠤᠯᠤᠰ ᠤᠨ ᠡᠷᠬᠡ ᠮᠡᠳᠡᠯ᠂ ᠠᠮᠤᠷ ᠲᠦᠪᠰᠢᠨ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠳᠠᠷᠠᠭᠠᠴᠢ ᠶᠢᠨ ᠠᠯᠬᠤᠮ ᠳᠤ ᠪᠢᠳᠡ ᠭᠤᠷᠪᠠᠨ ᠭᠤᠭᠴᠤᠭ᠎ᠠ ᠶᠢ ᠰᠠᠶᠢᠲᠤᠷ ᠠᠳᠬᠤᠬᠤ ᠬᠡᠷᠡᠭᠲᠡᠢ᠄ ᠨᠢᠭᠡ ᠳᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠬᠡᠮᠵᠢᠨ ᠵᠢᠷᠤᠬᠤ ᠰᠢᠨ᠎ᠡ ᠬᠠᠤᠯᠢ ᠶᠢ ᠥᠷᠭᠡᠨ ᠢᠶᠠᠷ ᠤᠬᠠᠭᠤᠯᠵᠤ᠂ ᠥᠷᠭᠡᠨ ᠢᠶᠠᠷ ᠮᠡᠳᠡᠭᠳᠡᠨ᠂ ᠪᠦᠬᠦ ᠨᠡᠶᠢᠭᠡᠮ᠂ ᠨᠡᠶᠢᠲᠡ ᠣᠯᠠᠨ ᠳᠤ ᠣᠶᠢᠯᠠᠭᠠᠭᠤᠯᠤᠨ ᠡᠵᠡᠮᠰᠢᠭᠦᠯᠦᠨ᠎ᠡ᠃ ᠬᠤᠶᠠᠷ ᠲᠤ᠂ ᠰᠢᠨ᠎ᠡ ᠬᠡᠮᠵᠢᠨ ᠵᠢᠷᠤᠬᠤ ᠬᠠᠤᠯᠢ ᠶᠢ ᠦᠨᠳᠦᠰᠦᠯᠡᠨ ᠬᠠᠮᠢᠶ᠎ᠠ ᠪᠦᠬᠦᠢ ᠲᠥᠬᠦᠷᠵᠢᠭᠰᠡᠨ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠵᠤ᠂ ᠠᠵᠢᠯ ᠲᠥᠷᠥᠯ ᠤᠨ ᠨᠢᠭᠡᠴᠢ ᠪᠠ ᠠᠵᠢᠯᠯᠠᠭᠰᠠᠳ ᠤᠨ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠡᠯᠡᠬᠦ ᠶᠢ ᠢᠳᠡᠪᠬᠢᠲᠡᠢ ᠪᠠᠷ ᠬᠥᠲᠥᠯᠥᠨ ᠳᠠᠭᠠᠭᠤᠯᠤᠨ᠎ᠠ᠃ ᠭᠤᠷᠪᠠ ᠳᠤ᠂ ᠬᠠᠤᠯᠢ ᠶᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠲᠠᠯᠪᠢᠬᠤ ᠬᠠᠮᠢᠶᠠᠷᠬᠤ ᠦᠢᠯᠡᠴᠢᠯᠡᠬᠦ ᠶᠢ ᠤᠶᠠᠯᠳᠤᠭᠤᠯᠤᠨ᠂ ᠬᠡᠷᠡᠭ ᠵᠠᠷᠭᠤ ᠪᠠᠷ ᠬᠠᠤᠯᠢ ᠶᠢ ᠲᠠᠶᠢᠯᠪᠤᠷᠢᠯᠠᠨ ᠬᠡᠯᠡᠯᠡᠬᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢᠨ ᠰᠡᠷᠡᠮᠵᠢᠯᠡᠭᠦᠯᠬᠦ ᠦᠢᠯᠡᠳᠦᠯ ᠢ ᠪᠠᠳᠠᠷᠠᠭᠤᠯᠵᠤ᠂ ᠨᠢᠭᠡ ᠬᠡᠷᠡᠭ ᠢ ᠪᠠᠶᠢᠴᠠᠭᠠᠨ ᠰᠢᠳᠬᠡᠵᠦ ᠪᠠᠶᠢᠭᠠᠳ ᠠᠵᠢᠯ ᠲᠥᠷᠥᠯ ᠤᠨ ᠬᠢᠨ ᠢ ᠵᠠᠰᠠᠨ ᠴᠡᠭᠡᠷᠯᠡᠭᠦᠯᠬᠦ ᠮᠥᠷᠲᠡᠭᠡᠨ ᠨᠡᠯᠢᠶᠡᠳ ᠬᠡᠰᠡᠭ ᠬᠥᠮᠥᠰ ᠢ ᠬᠥᠮᠥᠵᠢᠭᠦᠯᠬᠦ ᠨᠡᠶᠢᠭᠡᠮ ᠤᠨ ᠦᠷ᠎ᠡ ᠳ᠋ᠦᠩ ᠢ ᠪᠦᠷᠢᠯᠳᠦᠭᠦᠯᠦᠨ᠎ᠡ᠃      ᠬᠦᠲᠦᠯᠦᠭᠴᠢ᠄ ᠵᠠ ᠰᠠᠶᠢᠨ ᠪᠣᠯᠣᠯ᠎ᠠ᠂ ᠵᠤᠤ ᠲᠢᠩᠬᠢᠮ ᠤᠨ ᠳᠠᠷᠤᠭ᠎ᠠ ᠶᠢᠨ ᠬᠦᠯᠢᠴᠡᠩᠭᠦᠢ ᠪᠠᠷ ᠲᠠᠶᠢᠯᠤᠮᠵᠢ ᠬᠢᠭᠰᠡᠨ ᠳᠤ ᠮᠠᠰᠢ ᠪᠠᠶᠠᠷᠯᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠲᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕
 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号