ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ          ᠲᠤᠬᠠᠶ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ  ᠮᠡᠳᠡᠭᠳᠡᠯ
ᠨᠡᠶᠢᠲᠡᠯᠡᠭᠰᠡᠨ ᠴᠠᠭ᠄
2018-05-10
ᠬᠤᠷᠢᠨᠭᠡᠷ ᠵᠠᠰᠠᠭ ᠲᠠᠷᠬᠠᠭᠠᠭᠰᠠᠨ ﹇2017﹈ 97 ᠳ᠋ᠤᠭᠠᠷ ᠲᠣᠭᠠᠲᠣ       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂       ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ       ᠲᠤᠬᠠᠶ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠡᠯ᠎ᠡ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠄      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠱᠠᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠤᠷᠤᠭᠰᠠᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ ᠮᠠᠰᠢ ᠴᠢᠬᠤᠯᠠ ᠶᠡᠭᠡ ᠬᠤᠷᠠᠯ ᠮᠥᠨ᠂ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠴᠠᠭ ᠦᠶ᠎ᠡ  ᠶᠢᠨ ᠵᠠᠭᠠᠭ ᠲᠡᠮᠳᠡᠭ ᠪᠦᠬᠦᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ  ᠶᠣᠰᠣᠭᠠᠷ᠂ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠬᠤ ᠶᠢ ᠲᠦᠯᠭᠢᠨ ᠠᠬᠢᠭᠤᠯᠬᠤ ᠶᠢᠨ ᠲᠥᠯᠥᠭᠡ᠂ ᠣᠳᠣᠬᠠᠨ ᠤ ᠪᠣᠯᠣᠨ ᠬᠤᠶᠢᠰᠢᠳᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂  ᠬᠤᠯᠪᠣᠭᠳᠠᠯ ᠪᠥᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠰᠣᠷᠣᠯᠴᠠᠵᠣ ᠣᠶᠢᠯᠠᠭᠠᠬᠤ ᠳᠡᠭᠡᠷ᠎ᠡ ᠢᠯᠡᠭᠦᠬᠡᠨ ᠬᠦᠴᠦ ᠲᠠᠯᠪᠢᠬᠤ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠮᠠᠰᠢ ᠤᠯᠠᠨ ᠰᠢᠨ᠎ᠡ ᠦᠵᠡᠯᠲᠡ᠂ ᠰᠢᠨ᠎ᠡ ᠨᠤᠲᠠᠯᠠᠯᠲᠠ  ᠳᠤᠷᠠᠳᠤᠨ᠂ ᠮᠠᠰᠢ ᠣᠯᠠᠨ ᠰᠢᠨ᠎ᠡ ᠡᠭᠦᠷᠭᠡ᠂ ᠰᠢᠨ᠎ᠡ ᠠᠷᠭ᠎ᠠ ᠠᠪᠴᠠᠯ ᠲᠣᠭᠲᠠᠭᠠᠭᠰᠠᠨ ᠨᠢ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠴᠢᠬᠤᠯᠠ ᠵᠢᠷᠤᠮᠯᠠᠯ ᠮᠥᠨ᠃ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠣᠯᠣᠨ ᠬᠤᠶᠢᠰᠢᠳᠠ ᠶᠢᠨ ᠨᠢᠭᠡᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠣ᠂ ᠰᠤᠷᠤᠯᠴᠠᠨ ᠤᠬᠠᠭᠤᠯᠵᠤ ᠲᠤᠤᠱᠯᠠᠭᠤᠯᠬᠤ ᠲᠥᠰᠦᠯ ᠢ ᠨᠠᠷᠢᠨ ᠬᠢᠨᠠᠮᠠᠭᠠᠶ ᠰᠤᠳᠤᠯᠤᠨ ᠲᠣᠭᠲᠠᠭᠠᠵᠤ᠂ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠠᠪᠴᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠳᠤ ᠭᠦᠨᠵᠡᠭᠡᠶᠢᠷᠡᠨ᠂ ᠦᠳᠲᠡᠷ ᠲᠦᠷᠭᠡᠨ ᠰᠤᠷᠤᠯᠴᠠᠵᠤ ᠤᠬᠠᠭᠤᠯᠤᠨ ᠲᠤᠤᠱᠯᠠᠭᠤᠯᠬᠤ ᠬᠠᠯᠠᠭᠤᠨ ᠥᠷᠨᠢᠯᠲᠡ ᠲᠠᠢ ᠪᠣᠯᠭᠠᠬᠤ ᠬᠡᠷᠡᠭᠲᠡᠢ᠃ ᠤᠨᠤᠯ  ᠪᠣᠯᠣᠨ ᠦᠢᠯᠡᠳᠦᠯᠭᠡ ᠂ ᠲᠡᠦᠬᠡ ᠪᠣᠯᠣᠨ ᠪᠣᠳᠠᠲᠤ ᠪᠠᠶᠢᠳᠠᠯ᠂ ᠣᠳᠣᠬᠠᠨ ᠤ ᠪᠣᠯᠣᠨ ᠢᠷᠡᠭᠡᠳᠦᠶ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠴᠢᠬᠤᠯᠠᠴᠢᠯᠠᠨ ᠬᠡᠷᠡᠭᠯᠡᠵᠦ᠂ ᠵᠦᠢᠯ ᠪᠦᠬᠦᠨ ᠢ ᠭᠦᠨ ᠪᠦᠭᠡᠳ ᠨᠡᠪᠲᠡ ᠣᠶᠢᠯᠠᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠤᠯᠤᠰ ᠲᠦᠷᠦ ᠶᠢᠨ ᠠᠴᠢ ᠬᠤᠯᠪᠣᠭᠳᠠᠯ᠂ ᠲᠡᠥᠬᠡ ᠶᠢᠨ ᠠᠴᠢ ᠬᠤᠯᠪᠣᠭᠳᠠᠯ᠂ ᠤᠨᠤᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠢ ᠴᠢᠷᠮᠠᠶᠢᠨ ᠡᠵᠡᠮᠰᠢᠬᠦ ᠬᠡᠷᠡᠭᠲᠡᠢ᠃ ᠡᠯ᠎ᠡ ᠰᠢᠶᠠᠩ ᠪᠠᠯᠭᠠᠰᠤ᠂ ᠬᠦᠷᠢᠶᠡᠯᠡᠩ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ︽ᠲᠦᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠲᠦᠷᠪᠡᠡ ᠢᠲᠡᠭᠡᠯ︾  ᠢ ᠪᠠᠷᠢᠮᠲᠠᠯᠠᠨ᠂ ᠦᠵᠡᠯ ᠰᠠᠨᠠᠭ᠎ᠠ ᠤᠯᠤᠰ ᠲᠦᠷᠦ ᠠᠵᠢᠯᠯᠠᠭ᠎ᠠ ᠳᠡᠭᠡᠷ᠎ᠡ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠲᠥᠪᠯᠡᠷᠡᠭᠦᠯᠬᠦ ᠬᠡᠷᠡᠭᠲᠡᠶ᠃      ᠬᠤᠶᠠᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ ᠣᠨᠣᠪᠴᠢᠲᠠᠶ ᠠᠳᠬᠤᠨ᠂ ᠡᠭᠦᠨ ᠢ ᠨᠡᠪᠲᠡᠷᠡᠬᠦ ᠳᠡᠭᠡᠷ᠎ᠡ ᠴᠢᠷᠮᠠᠶᠢᠨ ᠬᠦᠴᠦ ᠲᠠᠯᠪᠢᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠬᠦᠷᠢᠶᠠᠯᠡᠩ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠶᠢ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠰᠤᠷᠤᠯᠴᠠᠬᠤ ᠲᠠᠢ ᠣᠶᠠᠯᠳᠣᠭᠤᠯᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠶᠢ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢᠬᠢ ᠮᠠᠨ ᠤ ᠨᠠᠮ ᠤᠨ ᠠᠭᠤᠤ ᠶᠡᠭᠡ ᠲᠡᠮᠡᠴᠡᠯ ᠬᠢᠵᠦ᠂ ᠠᠭᠤᠤ ᠶᠡᠭᠡ ᠢᠨᠵᠧᠨᠧᠷᠢᠩ ᠢ ᠪᠦᠲᠦᠭᠡᠨ ᠪᠠᠶᠢᠭᠤᠯᠵᠣ᠂ ᠠᠭᠤᠤ ᠶᠡᠭᠡ ᠦᠢᠯᠡᠰ ᠢ ᠲᠦᠯᠬᠢᠨ ᠣᠷᠣᠭᠰᠢᠯᠠᠭᠤᠯᠣᠭᠰᠠᠨ ᠪᠠ ᠠᠭᠤᠤ ᠶᠡᠭᠡ ᠬᠦᠰᠡᠯ ᠵᠡᠭᠦᠳᠦ ᠪᠠᠨ ᠲᠡᠷᠭᠡᠯᠰᠢᠭᠦᠯᠦᠭᠰᠡᠨ ᠦᠢᠯᠡᠳᠦᠯᠭᠡ ᠯᠦᠭᠡ ᠨᠡᠪᠲᠡᠷᠡᠯᠴᠡᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠡᠯ᠎ᠡ ᠵᠦᠢᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠯᠤᠭ᠎ᠠ ᠣᠶᠠᠯᠳᠣᠭᠤᠯᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠶᠢ ᠪᠦᠬᠦ ᠰᠢᠶᠠᠨ ᠤ ᠪᠣᠳᠠᠲᠣ ᠪᠠᠶᠢᠳᠠᠯ ᠢ ᠡᠵᠡᠮᠰᠢᠬᠦ ᠲᠠᠢ ᠬᠤᠯᠪᠣᠯᠳᠠᠭᠤᠯᠵᠣ᠂ ᠥᠩᠭᠡᠷᠡᠭᠰᠡᠨ 5 ᠵᠢᠯ ᠤᠨ ᠥᠭᠡᠷᠡᠴᠢᠯᠡᠯᠲᠡ ᠨᠡᠭᠡᠭᠡᠯᠳᠠ ᠪᠣᠯᠣᠨ ᠨᠡᠶᠢᠭᠡᠮ ᠵᠢᠷᠣᠮᠲᠣ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ᠂ ᠨᠠᠮ ᠪᠣᠯᠣᠨ ᠤᠯᠤᠰ ᠣᠷᠣᠨ ᠤ ᠠᠵᠢᠯ ᠦᠢᠯᠡᠰ ᠳᠤ ᠭᠠᠷᠣᠭᠰᠠᠨ ᠲᠡᠦᠬᠡᠲᠦ ᠴᠢᠨᠠᠷᠲᠠᠶ ᠬᠤᠪᠢᠰᠣᠯᠲᠠ ᠶᠢ ᠭᠦᠨᠵᠡᠭᠡᠶ ᠲᠠᠨᠢᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ  ᠶᠢᠨ ᠰᠢᠨ᠎ᠡ ᠨᠤᠲᠠᠯᠠᠯᠲᠠ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠬᠤᠪᠢᠷᠠᠯᠲᠠ ᠭᠠᠷᠤᠭᠰᠠᠨ ᠰᠢᠨ᠎ᠡ ᠣᠨᠴᠠᠯᠢᠭ ᠂ ︽ᠬᠤᠶᠠᠷ ᠠᠯᠬᠤᠮ ᠬᠤᠪᠢᠶᠠᠵᠤ ᠶᠠᠪᠤᠬᠤ︾ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠰᠢᠨ᠎ᠡ ᠬᠠᠷᠠᠯᠲᠠ᠂ ᠨᠠᠮ ᠤᠨ ᠪᠦᠲᠦᠭᠡᠨ ᠪᠠᠶᠢᠭᠤᠯᠤᠯᠲᠠ ᠳᠤ ᠲᠠᠯᠪᠢᠭᠰᠠᠨ ᠰᠢᠨ᠎ᠡ ᠱᠠᠭᠠᠷᠳᠠᠯᠭ᠎ᠠ ᠵᠡᠷᠭᠡ ᠶᠢ ᠭᠦᠨᠵᠡᠭᠡᠢ ᠣᠶᠢᠯᠠᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠦᠵᠡᠯ ᠰᠠᠨᠠᠭ᠎ᠠ ᠂ ᠴᠢᠬᠤᠯᠠ ᠦᠵᠡᠯᠲᠡ᠂ ᠴᠢᠬᠤᠯᠠ ᠶᠡᠭᠡ ᠮᠠᠭᠠᠳᠯᠠᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠰᠢᠰᠲ᠋ᠧᠮ ᠲᠠᠢ ᠣᠨᠣᠪᠴᠢᠲᠠᠶ ᠡᠵᠡᠮᠰᠢᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠳᠤ ᠦᠨᠡᠨᠬᠦ ᠨᠡᠪᠲᠡᠷᠡᠵᠦ᠂ ᠶᠠᠭᠤ ᠪᠠᠶᠢᠪᠠᠯ ᠶᠠᠭᠤ ᠶᠢ ᠯᠠ ᠶᠠᠷᠢᠬᠤ ᠶᠢ ᠪᠣᠯᠢᠵᠣ᠂ ᠬᠡᠯᠪᠡᠷᠢ ᠶᠢᠨ ᠦᠵᠡᠯ᠂ ᠬᠡᠷᠡᠭᠯᠡᠭᠡᠨ ᠤ ᠦᠵᠡᠯ ᠢ ᠶᠠᠪᠤᠭᠤᠯᠵᠤ ᠪᠣᠯᠬᠤ ᠤᠢᠭᠡᠢ᠃      ᠭᠤᠷᠪᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠭᠠᠷᠭᠠᠭᠰᠠᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠰᠢᠶᠠᠨ ᠤ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠪᠣᠯᠣᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠣ᠂ ᠪᠣᠳᠠᠲᠠᠶ ᠬᠢᠬᠦ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠬᠦᠷᠢᠶᠡᠯᠡᠩ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂  ᠪᠠᠶᠢᠭᠤᠯᠭ᠎ᠠ ᠨᠢᠭᠡᠴᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠬᠦᠴᠦᠨ ᠴᠢᠳᠠᠯ ᠢᠶᠠᠨ ᠨᠢᠭᠲᠠᠷᠠᠭᠤᠯᠤᠨ᠂ ᠠᠵᠢᠯ ᠢᠶᠠᠨ ᠠᠬᠢᠭᠤᠯᠬᠤ ᠪᠠᠷ ᠴᠣᠴᠠᠯᠲᠠ ᠦᠭᠡᠢ ᠴᠢᠷᠮᠠᠶᠢᠵᠣ᠂ ᠬᠥᠭᠵᠢᠯᠲᠡ ᠪᠠᠷ ᠠᠯᠢᠪᠠ ᠠᠰᠠᠭᠤᠳᠠᠯ ᠢ ᠰᠢᠢᠳᠪᠦᠷᠢᠯᠡᠬᠦ ᠰᠠᠭᠤᠷᠢ ᠪᠣᠯᠣᠨ ᠵᠠᠩᠭᠢᠯᠠᠭ᠎ᠠ ᠪᠣᠯᠭᠠᠵᠣ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠲᠣᠣᠱᠯᠠᠭᠤᠯᠣᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ ᠂ ᠦᠨᠡᠨ ᠪᠣᠳᠠᠲᠠᠶ ᠠᠷᠭ᠎ᠠ ᠬᠡᠮᠵᠢᠶ᠎ᠡ ᠭᠠᠷᠭᠠᠨ᠂ ᠵᠠᠩᠭᠢᠯᠠᠭ᠎ᠠ ᠶᠢᠨ ᠴᠠᠭ ᠬᠤᠭᠤᠴᠠᠭ᠎ᠠ ᠪᠠᠷ ᠠᠵᠢᠯ ᠢᠶᠠᠨ ᠲᠦᠯᠬᠢᠨ ᠣᠷᠣᠭᠰᠢᠯᠠᠭᠤᠯᠵᠣ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠦᠬᠦ ᠲᠠᠯ᠎ᠠ ᠪᠠᠷ ᠴᠢᠩᠭ᠎ᠠ ᠠᠳᠬᠤᠨ ᠨᠠᠶᠢᠳᠠᠪᠣᠷᠢᠵᠢᠭᠤᠯᠵᠣ᠂ ᠬᠥᠭᠵᠢᠯᠲᠡ ᠲᠡᠩᠴᠡᠭᠦᠷᠢ ᠦᠬᠡᠢ ᠪᠠ ᠭᠦᠢᠴᠡᠳ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠡᠯ᠎ᠡ ᠰᠢᠶᠠᠩ ᠪᠠᠯᠭᠠᠰᠤ᠂ ᠬᠦᠷᠢᠶᠡᠯᠡᠩ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠲᠣᠰ ᠪᠡᠶ᠎ᠡ ᠶᠢᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠲᠥᠪ ᠬᠤᠷᠢᠶ᠎ᠠ ᠶᠢᠨ ᠳᠤᠷᠠᠳᠤᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠯ᠎ᠡ ᠰᠢᠶᠠᠩ ᠪᠠᠯᠭᠠᠰᠣ᠂ ᠡᠯ᠎ᠡ ᠬᠦᠷᠢᠶᠡᠯᠡᠩ᠂ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠠᠵᠢᠯ ᠤᠨ ᠡᠭᠦᠷᠭᠡ  ᠪᠣᠯᠭᠠᠨ ᠬᠤᠪᠢᠷᠠᠭᠤᠯᠵᠤ᠂ ᠠᠵᠢᠯ ᠤᠨ ᠲᠥᠰᠦᠯ ᠢᠶᠠᠨ ᠣᠨᠣᠪᠴᠢᠲᠠᠢ ᠡᠷᠢᠵᠦ᠂ ᠡᠭᠦᠷᠭᠡ ᠶᠢᠨ ᠬᠦᠰᠦᠨᠦᠭᠲᠦ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠭᠠᠷᠭᠠᠵᠣ᠂ ᠲᠥᠯᠥᠪᠯᠡᠭᠡ ᠲᠠᠢ᠂ ᠡᠮᠬᠢ ᠲᠠᠷᠠᠭ᠎ᠠ ᠲᠠᠢ ᠪᠠᠷ ᠲᠦᠯᠬᠢᠨ ᠠᠬᠢᠭᠤᠯᠵᠤ᠂ ᠭᠤᠣᠯ ᠬᠠᠷᠢᠭᠤᠴᠠᠵᠣ ᠪᠠᠶᠢᠭ᠎ᠠ ᠨᠥᠬᠦᠳ ᠰᠠᠶᠢᠲᠤᠷ ᠳᠠᠭᠠᠭᠤᠯᠵᠤ᠂ ᠴᠢᠩᠭ᠎ᠠ ᠠᠳᠬᠤᠨ ᠰᠢᠷᠭᠠᠭᠤ  ᠠᠵᠢᠯᠯᠠᠵᠣ᠂ ᠲᠤᠰ ᠭᠠᠵᠠᠷ ᠣᠷᠣᠨ᠂ ᠲᠤᠰ ᠪᠠᠶᠢᠭᠤᠯᠭ᠎ᠠ ᠨᠢᠭᠡᠴᠡ ᠪᠣᠯᠣᠨ ᠲᠤᠰ ᠰᠢᠰᠲ᠋ᠧᠮ ᠤᠨ ᠢᠶᠠᠨ ᠠᠵᠢᠯ ᠢ ᠴᠢᠩᠭ᠎ᠠ  ᠮᠦᠷᠲᠡᠭᠡᠨ ᠪᠣᠳᠠᠲᠠᠶ ᠪᠠᠷ ᠠᠳᠬᠤᠵᠣ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃      ᠲᠦᠷᠪᠡ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠢᠨ᠎ᠡ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠢ ᠬᠤᠪᠢᠷᠠᠭᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠬᠦᠷᠢᠶᠡᠯᠡᠩ ᠲᠣᠭᠤᠷᠢᠭ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠤᠬ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠶ ᠲᠦᠯᠬᠢᠨ ᠠᠬᠢᠭᠤᠯᠵᠤ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠰᠤᠷᠲᠠᠯ ᠪᠣᠯᠤᠨ ᠵᠣᠷᠢᠭᠲᠠᠶ ᠬᠠᠷᠢᠭᠤᠴᠠᠯᠭ᠎ᠠ ᠡᠭᠦᠷᠭᠡᠯᠡᠳᠡᠭ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠵᠣᠷᠢᠭ ᠢᠶᠠᠨ ᠬᠦᠪᠴᠢᠯᠡᠨ ᠰᠢᠷᠭᠠᠭᠤ ᠠᠵᠢᠯᠯᠠᠵᠣ᠂ ᠵᠠᠰᠠᠭ ᠶᠠᠪᠤᠭᠤᠯᠬᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠨᠡᠮᠡᠭᠳᠡᠭᠦᠯᠵᠦ᠂ ᠰᠢᠨ᠎ᠡ ᠴᠠᠭ ᠦᠶ᠎ᠡ ᠶᠢᠨ  ᠪᠦᠬᠦ ᠰᠢᠶᠠᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃      ᠲᠠᠪᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠠᠢ ᠤᠶᠠᠯᠳᠤᠭᠤᠯᠤᠨ᠂ ᠣᠳᠣᠬᠠᠨ ᠤ ᠪᠣᠯᠣᠨ ᠬᠤᠶᠢᠰᠢᠳᠠ ᠶᠢᠨ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠬᠦᠷᠢᠶᠡᠯᠡᠩ ᠲᠣᠭᠤᠷᠢᠭ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠡᠨᠡ ᠵᠢᠯ ᠵᠢᠴᠢ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢᠬᠢ ᠠᠵᠢᠯ ᠢ ᠡᠮᠬᠢᠯᠡᠨ ᠳ᠋ᠦᠩᠨᠡᠵᠦ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠶᠣᠰᠣᠭᠠᠷ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠳᠤᠷ ᠬᠢᠵᠦ᠂ ᠠᠷᠠᠳ ᠤᠨ ᠠᠮᠢᠳᠣᠷᠠᠯ ᠤᠨ ᠪᠣᠳᠠᠲᠣ ᠣᠴᠢᠷ ᠢ ᠰᠠᠶᠢᠲᠣᠷ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠣᠯᠣᠨ ᠲᠣᠭᠲᠠᠭᠤᠨ ᠪᠠᠶᠢᠳᠠᠯ ᠢ ᠬᠠᠮᠠᠭᠠᠯᠠᠵᠣ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠪᠠᠲᠣᠯᠠᠵᠣ᠂ ᠢᠷᠡᠬᠦ ᠵᠢᠯ ᠪᠣᠯᠣᠨ ᠬᠤᠶᠢᠰᠢᠳᠠ ᠶᠢᠨ ᠨᠡᠩ ᠤᠷᠲᠤ ᠬᠤᠭᠤᠴᠠᠭᠠᠨ ᠤ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ᠃ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠰᠠᠯᠠᠭ᠎ᠠ ᠮᠥᠴᠢᠷ ᠲᠤ ᠭᠦᠨᠵᠡᠭᠡᠶᠢᠷᠡᠨ᠂ ᠬᠢᠨᠠᠨ ᠵᠢᠯᠣᠭᠤᠳᠴᠤ ᠰᠢᠮᠳᠠᠭᠤᠯᠣᠨ ᠪᠠᠶᠢᠴᠠᠭᠠᠬᠤ ᠠᠵᠢᠯ ᠢ ᠴᠢᠩᠭᠠᠳᠬᠠᠵᠤ᠂ ᠦᠨᠳᠦᠰᠦᠨ ᠱᠠᠳᠤ ᠪᠣᠯᠣᠨ ᠠᠵᠤ ᠠᠬᠤᠶᠢᠯᠠᠯ ᠢ ᠬᠠᠪᠰᠣᠷᠴᠣ᠂ ᠲᠤᠪᠤᠶᠢᠮ᠎ᠠ ᠠᠰᠠᠭᠤᠳᠠᠯ ᠪᠣᠯᠣᠨ ᠪᠣᠳᠠᠲᠤ ᠬᠦᠴᠢᠷᠳᠡᠯ ᠢ ᠰᠢᠢᠳᠪᠦᠷᠢᠯᠡᠬᠦ ᠬᠡᠷᠡᠭᠲᠡᠶ᠃ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ ᠶᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠵᠣ᠂ ᠵᠠᠬᠢᠳᠠᠯ ᠰᠤᠷᠪᠤᠯᠵᠢᠯᠠᠭ᠎ᠠ ᠪᠣᠯᠣᠨ ᠲᠣᠭᠲᠠᠭᠤᠨ ᠢ ᠬᠠᠮᠠᠭᠠᠯᠠᠬᠤ᠂ ᠠᠶᠤᠯᠭᠦᠶ ᠦᠢᠯᠡᠳᠪᠦᠷᠢᠯᠡᠯ᠂ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠵᠡᠷᠭᠡ ᠠᠵᠢᠯ ᠢ  ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠯᠢᠭ ᠣᠨᠣᠪᠴᠢᠲᠠᠢ ᠠᠳᠠᠯᠢᠳᠬᠠᠨ ᠪᠠᠷᠢᠮᠵᠢᠶᠠᠭᠤᠯᠵᠣ᠂ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠰᠢᠰᠲ᠋ᠧᠮ ᠤᠨ ᠢᠶᠠᠨ ᠠᠵᠢᠯ ᠤᠨ ᠰᠡᠳᠬᠢᠮᠵᠢ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠷᠡᠬᠦ ᠵᠢᠯ ᠪᠣᠯᠣᠨ ᠬᠤᠶᠢᠰᠢᠳᠠ ᠶᠢᠨ ᠨᠢᠭᠡ ᠬᠠᠷᠠᠯᠲᠠ ᠡᠭᠦᠷᠭᠡ ᠪᠣᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠨ ᠬᠢᠨᠠᠮᠠᠭᠠᠶ ᠲᠥᠯᠥᠪᠯᠡᠵᠦ᠂ ᠭᠤᠣᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠦᠬᠦᠬᠦ᠂ ᠪᠠᠭᠤᠷᠠᠶ ᠲᠠᠯ᠎ᠠ ᠪᠠᠨ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠲᠠᠷᠠᠭᠠᠴᠢ ᠶᠢᠨ ᠠᠵᠢᠯ ᠢᠶᠠᠨ ᠰᠠᠶᠢᠲᠤᠷ ᠡᠬᠢᠯᠡᠭᠦᠯᠦᠨ ᠬᠢᠬᠦ ᠳᠤ ᠲᠣᠬᠢᠶᠠᠯ ᠣᠯᠭᠤᠵᠣ᠂ ᠰᠠᠨᠠᠭᠠᠴᠢᠯᠠᠭᠠᠲᠤ ᠪᠠᠶᠢᠷᠢ ᠶᠢ ᠣᠯᠵᠤ ᠴᠢᠳᠠᠬᠤ ᠶᠤᠮ᠃  
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号