ᠱᠧᠩ ᠯᠧ ᠪᠠᠯᠭᠠᠰᠤ ᠶᠢᠨ ᠬᠦᠩ ᠯᠠᠮᠠ ᠲᠥᠪ ᠡᠷᠡᠭᠦᠯ ᠬᠠᠮᠠᠭᠠᠯᠠᠯ ᠤᠨ ᠬᠤᠷᠢᠶ᠎ᠠ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ︽ᠳᠤᠯᠠᠭᠠᠨ ᠡᠪᠦᠯ ᠤᠨ ᠠᠵᠢᠯᠯᠠᠭ᠎ᠠ︾ ᠥᠷᠨᠢᠭᠦᠯᠪᠡ
ᠨᠡᠶᠢᠲᠡᠯᠡᠭᠰᠡᠨ ᠴᠠᠭ᠄
2018-05-03
     2 ᠰᠠᠷ᠎ᠠ ᠶᠢᠨ 5 ᠤ ᠡᠳᠦᠷ᠂ ᠱᠧᠩ ᠯᠧ ᠪᠠᠯᠭᠠᠰᠤ ᠶᠢᠨ ᠬᠦᠩ ᠯᠠᠮᠠ ᠲᠥᠪ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠶᠠᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠣᠪᠴᠢᠶ᠎ᠠ ᠶᠢᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ︽ᠳᠤᠯᠠᠭᠠᠨ ᠡᠪᠦᠯ ᠤᠨ ᠠᠵᠢᠯᠯᠠᠭ᠎ᠠ︾ ᠶᠢᠨ ᠱᠠᠭᠠᠷᠳᠠᠯᠭ᠎ᠠ ᠶᠣᠰᠣᠭᠠᠷ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠳᠠᠷᠤᠭ᠎ᠠ ᠶᠢᠨ ᠳᠠᠭᠠᠭᠤᠯᠭ᠎ᠠ ᠳᠣᠣᠷ᠎ᠠ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠭᠤᠣᠯ ᠡᠮᠴᠢ ᠪᠣᠯᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠭᠡᠷ᠎ᠡ ᠲᠣᠭᠲᠠᠭᠰᠠᠨ ᠦᠢᠯᠡᠴᠢᠯᠡᠬᠦ ᠪᠥᠯᠬᠦᠮ ᠤᠨ ᠭᠡᠰᠢᠭᠦᠳ ᠲᠠᠢ ᠬᠠᠮᠲᠣ ᠡᠮᠴᠢᠯᠡᠭᠡᠨ ᠤ ᠠᠩᠭᠢ ᠵᠣᠬᠢᠶᠠᠨ ᠪᠠᠶᠢᠭᠤᠯᠵᠣ᠂ ᠬᠠᠷᠢᠶ᠎ᠠ ᠣᠷᠣᠨ ᠤ ᠪᠠᠨ ᠳᠣᠲᠣᠷᠠᠬᠢ ᠤᠳᠠᠭᠠᠨ ᠴᠢᠨᠠᠷᠲᠠᠢ ᠡᠪᠡᠳᠴᠢᠲᠡᠨ ᠳᠤ ᠦᠨ᠎ᠡ ᠲᠥᠯᠥᠪᠦᠷᠢ ᠥᠬᠡᠶ ᠪᠠᠷ ᠡᠮᠴᠢᠯᠡᠵᠦ᠂ ᠡᠮ ᠬᠦᠷᠭᠡᠨ᠂ ᠡᠷᠡᠭᠦᠯ ᠮᠡᠨᠳᠦ ᠬᠦᠷᠭᠡᠭᠰᠡᠨ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃      ᠠᠵᠢᠯᠲᠠᠳ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠤᠳᠠᠭᠠᠨ ᠴᠢᠨᠠᠷᠲᠠᠢ ᠡᠪᠡᠳᠴᠢᠲᠡᠨ ᠤ ᠡᠮ ᠤᠨ ᠵᠦᠢᠯ  ᠲᠠᠷᠬᠠᠭᠠᠬᠤ ᠬᠠᠭᠤᠳᠠᠰᠤ ᠶᠣᠰᠣᠭᠠᠷ ᠡᠪᠡᠳᠴᠢᠲᠡᠨ ᠨᠠᠷ ᠲᠠᠢ ᠬᠠᠮᠢᠶ᠎ᠠ ᠪᠦᠬᠦᠢ ᠰᠣᠷᠠᠭ ᠵᠠᠩᠭᠢ ᠶᠢ ᠬᠠᠷᠭᠤᠭᠤᠯᠵᠣ᠂ ᠴᠢᠰᠤᠨ ᠰᠢᠬᠢᠷ ᠨᠡᠯᠢᠶᠡᠳ ᠲᠣᠭᠲᠠᠭᠤᠨ  ᠮᠦᠷᠲᠡᠭᠡᠨ ᠪᠠᠷᠢᠮᠵᠢᠶ᠎ᠠ ᠳᠤ ᠬᠦᠷᠦᠭᠰᠡᠨ ᠰᠢᠬᠢᠷ ᠰᠢᠵᠢᠩ ᠡᠪᠡᠳᠴᠢᠲᠡᠨ ᠳᠤ ᠬᠠᠮᠤᠭ ᠦᠷᠭᠦᠯᠵᠢ ᠬᠡᠷᠡᠭᠯᠡᠳᠡᠭ ᠤᠤᠭᠤᠬᠤ ᠡᠮ ᠢ ᠦᠨ᠎ᠡ ᠲᠥᠯᠥᠪᠦᠷᠢ ᠦᠭᠡᠶ ᠪᠠᠷ ᠲᠠᠷᠬᠠᠭᠠᠵᠣ᠂ ᠡᠪᠡᠳᠴᠢᠲᠡᠨ ᠳᠤ ᠴᠠᠭ ᠲᠤᠬᠠᠶ ᠳᠤᠨᠢ᠂ ᠲᠣᠭᠲᠠᠭᠰᠠᠨ ᠲᠤᠭ᠎ᠠ ᠪᠠᠷ ᠡᠮ ᠤᠤᠭᠤᠬᠤ  ᠶᠢ ᠰᠠᠨᠠᠭᠤᠯᠵᠠᠢ᠃ ᠭᠤᠣᠯ ᠡᠮᠴᠢ ᠴᠢᠰᠤᠨ ᠳᠠᠷᠤᠯᠲᠠ ᠥᠨᠳᠥᠷ ᠪᠦᠭᠡᠳ ᠳᠠᠪᠬᠤᠴᠠᠯ ᠡᠪᠡᠳᠴᠢᠨ ᠲᠠᠢ ᠡᠪᠡᠳᠴᠢᠲᠡᠨ ᠳᠤ ᠬᠠᠮᠲᠤᠷᠠᠭᠤᠯᠤᠨ ᠡᠮ ᠬᠡᠷᠡᠭᠯᠡᠬᠦ᠂ ᠡᠳᠦᠷ ᠲᠤᠲᠤᠮ ᠤᠨ ᠢᠳᠡᠭᠡᠨ ᠤᠮᠳᠠᠭᠠᠨ ᠂ ᠪᠡᠶ᠎ᠡ ᠪᠣᠯᠪᠠᠰᠣᠷᠠᠭᠤᠯᠬᠤ᠂ ᠠᠵᠢᠯᠯᠠᠵᠤ ᠠᠮᠠᠷᠠᠬᠤ ᠵᠡᠷᠭᠡ ᠲᠠᠯ᠎ᠠ ᠪᠠᠷ ᠡᠷᠡᠭᠦᠯ ᠮᠡᠨᠳᠦ ᠶᠢᠨ ᠵᠢᠯᠦᠭᠤᠳᠦᠯᠭ᠎ᠠ ᠬᠠᠩᠭᠠᠪᠠ᠃ ᠲᠤᠬᠠᠶ ᠶᠢᠨ ᠭᠠᠵᠠᠷ ᠲᠤᠨᠢ ᠲᠤᠳᠦᠯᠡᠯᠳᠠ ᠬᠢᠬᠦ ᠪᠠᠷ ᠳᠠᠮᠵᠢᠵᠣ᠂ ᠬᠡᠷ ᠪᠦᠯᠢ ᠶᠢᠨ ᠡᠮᠴᠢ ᠶᠢᠨ ᠡᠳᠦᠷ ᠲᠤᠲᠤᠮ ᠤᠨ ᠡᠮᠴᠢᠯᠡᠭᠡᠨ ᠤ ᠲᠡᠮᠳᠡᠭᠯᠡᠯ ᠤᠨ ᠬᠦᠰᠦᠨᠦᠭᠲᠦ ᠲᠠᠢ ᠤᠶᠠᠯᠳᠤᠭᠤᠯᠤᠨ᠂ ᠴᠢᠰᠤᠨ ᠳᠠᠷᠤᠯᠲᠠ᠂ ᠴᠢᠰᠤᠨ ᠰᠢᠬᠢᠷ ᠲᠣᠭᠲᠠᠭᠤᠨ ᠪᠤᠰᠤ᠂ ᠪᠠᠷᠢᠮᠵᠢᠶ᠎ᠠ ᠳᠤ ᠬᠦᠷᠬᠦ ᠦᠭᠡᠢ ᠡᠪᠡᠳᠴᠢᠲᠡᠨ ᠤ ᠡᠮ ᠬᠡᠷᠡᠭᠯᠡᠬᠦ  ᠶᠢ ᠴᠠᠭ ᠲᠤᠬᠠᠶ ᠳᠤᠨᠢ ᠵᠢᠯᠣᠭᠤᠳᠴᠤ᠂ ᠬᠡᠷ ᠪᠦᠯᠢ ᠶᠢᠨ ᠡᠮᠴᠢ ᠲᠠᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠵᠠᠬᠢᠭᠰᠠᠨ ᠪᠠᠶᠢᠨ᠎ᠠ᠃      ᠡᠨᠡ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠵᠣ᠂ ᠡᠯ᠎ᠡ ᠬᠠᠪᠰᠣᠷᠣᠯᠭ᠎ᠠ ᠬᠦᠷᠲᠡᠭᠰᠡᠳ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠢ ᠬᠦᠷᠲᠡᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠬᠠᠪᠰᠤᠷᠤᠯᠭ᠎ᠠ ᠳᠡᠮᠵᠢᠯᠭᠡ ᠳᠣᠤᠷ᠎ᠠ  ᠂ ᠲᠣᠰ ᠪᠡᠶ᠎ᠡ ᠶᠢᠨ ᠶᠠᠳᠠᠭᠤ ᠬᠦᠴᠢᠷᠳᠡᠯᠲᠡᠢ ᠪᠠᠶᠢᠳᠠᠯ ᠢᠶᠠᠨ ᠢᠯᠠᠨ ᠳᠠᠪᠠᠭ᠋ᠣ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠡᠷᠲᠡᠬᠡᠨ ᠶᠠᠳᠠᠭᠤ ᠠᠴᠠ ᠠᠩᠭᠢᠵᠢᠷᠠᠬᠤ ᠵᠣᠷᠢᠭ ᠰᠠᠨᠠᠭ᠎ᠠ ᠪᠠᠨ ᠢᠯᠡᠳᠭᠡᠭᠰᠡᠨ ᠪᠠᠶᠢᠨ᠎ᠠ᠃  
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号