2017 ᠣᠨ ᠤ 12 ᠳ᠋ᠦ᠋ᠭᠡᠷ ᠰᠠᠷ᠎ᠠ ᠶᠢᠨ 5 ᠤ ᠡᠳᠦᠷ ᠤᠨ ᠬᠤᠷᠢᠨᠭᠡᠷ ᠰᠢᠶᠠᠨ ᠤ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | | ᠬᠤᠷᠢᠨᠭᠡᠷ ᠰᠢᠶᠠᠨ ᠤ ᠰᠢᠶᠠᠨ ᠤ ᠳᠠᠷᠤᠭ᠎ᠠ ᠴᠧᠨ ᠯᠢ ᠶᠢᠨ | | ᠲᠥᠯᠥᠭᠡᠯᠡᠭᠴᠢᠳ ᠡ᠄ | ᠣᠳᠣ ᠪᠢ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠠ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠤᠯᠤᠰ ᠲᠥᠷᠤ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ | ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢᠬᠢ ᠲᠠᠪᠣᠨ ᠵᠢᠯ ᠪᠣᠯ ᠮᠠᠨ ᠤ ᠰᠢᠶᠠᠨ ᠤ | ᠬᠦᠭᠵᠢᠯᠲᠡ ᠶᠢᠨ ᠠᠬᠢᠴᠠ ᠳᠤᠮᠳᠠᠬᠢ ᠮᠠᠰᠢ ᠶᠡᠷᠦ ᠪᠣᠰᠤ ᠶᠢᠨ ᠲᠠᠪᠤᠨ ᠵᠢᠯ ᠮᠥᠨ᠃ ᠪᠣᠳᠣᠯᠢᠶᠠᠨᠲᠣ ᠠᠬᠤᠢ | ᠪᠠᠶᠢᠳᠠᠯ ᠤᠨ ᠳᠣᠣᠷ᠎ᠠ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶ᠎ᠠ ᠶᠢᠨ | ᠵᠥᠪ ᠣᠨᠣᠪᠴᠢᠲᠠᠢ ᠣᠳᠣᠷᠢᠳᠣᠯᠭ᠎ᠠ ᠳᠣᠣᠷ᠎ᠠ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ | ᠣᠯᠣᠰ ᠲᠦᠷᠥ ᠶᠢᠨ ᠵᠦᠪᠯᠡᠯᠭᠡᠨ ᠤ ᠬᠢᠨᠠᠯᠲᠠ ᠪᠣᠯᠣᠨ ᠳᠡᠮᠵᠢᠯᠭᠡ ᠳᠣᠣᠷ᠎ᠠ᠂ ᠪᠦᠬᠦ ᠰᠢᠶᠠᠨ ᠤ ᠡᠯ᠎ᠡ | ᠦᠨᠳᠦᠰᠦᠲᠡᠨ ᠤ ᠠᠷᠠᠳ ᠲᠦᠮᠡᠨ ᠲᠠᠢ ᠪᠦᠯᠬᠦᠮᠳᠡᠨ ᠲᠦᠰᠢᠭᠯᠡᠯᠴᠡᠵᠦ᠂ ︽ᠲᠠᠪᠤ ᠶᠢ ᠨᠢᠭᠡ ᠴᠤᠭᠴᠠᠵᠢᠭᠤᠯᠬᠤ︾ | ᠶᠡᠷᠦᠩᠬᠡᠶ ᠪᠠᠶᠢᠷᠢᠰᠢᠭᠤᠯᠣᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ᠂ ᠯᠠᠪᠳᠠᠭᠤᠨ ᠣᠷᠣᠭᠰᠢᠯᠠᠬᠤ ᠠᠵᠢᠯ ᠤᠨ | ᠶᠡᠷᠦᠩᠬᠡᠶ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ ᠣᠨᠣᠯᠵᠢᠬᠤᠨ ᠢ ᠭᠤᠶᠢᠪᠢᠰᠢ ᠦᠭᠡᠢ | ᠲᠣᠣᠱᠯᠠᠭᠤᠯᠵᠣ᠂ ᠬᠦᠴᠢᠷ ᠢ ᠰᠦᠷᠥᠨ ᠣᠷᠣᠭᠰᠢᠯᠠᠨ ᠳᠠᠪᠰᠢᠵᠤ᠂ ᠠᠵᠣ ᠠᠬᠤᠢ ᠨᠡᠶᠢᠭᠡᠮ ᠤᠨ ᠡᠯ᠎ᠡ ᠵᠦᠢᠯ ᠤᠨ | ᠠᠵᠢᠯ ᠰᠢᠨ᠎ᠡ ᠬᠡᠪ ᠪᠠᠶᠢᠳᠠᠯ ᠤᠨ ᠳᠣᠣᠷ᠎ᠠ ᠰᠢᠨ᠎ᠡ ᠬᠦᠭᠵᠢᠯᠲᠡ ᠰᠢᠨ᠎ᠡ ᠳᠠᠪᠠᠯᠲᠠ ᠶᠢ ᠪᠡᠶᠡᠯᠡᠭᠦᠯᠪᠡ᠃ | 2017 ᠣᠨ ᠳᠤ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ168.8 | ᠳ᠋ᠦᠩᠰᠢᠭᠤᠷ ᠲᠥᠭᠦᠷᠢᠭ ᠢ ᠭᠦᠢᠴᠡᠳᠬᠡᠵᠦ᠂ ᠯᠠᠪᠳᠠᠭᠤᠨ ᠥᠰᠦᠯᠲᠡ ᠶᠢ ᠪᠡᠶᠡᠯᠡᠭᠦᠯᠪᠡ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ13.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠪᠦᠷᠢ | ᠳᠤᠮᠳᠠᠴᠢ ᠪᠠᠷ 6.2% ᠨᠡᠮᠡᠭᠳᠡᠪᠡ︔ ᠲᠣᠭᠲᠠᠮᠠᠯ ᠬᠦᠷᠦᠩᠭᠡ ᠳᠤ ᠣᠷᠣᠭᠤᠯᠬᠤ ᠪᠡᠯᠡ ᠣᠷᠣᠭᠤᠯᠤᠯᠲᠠ 162.9 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠳᠤ ᠳᠤᠮᠳᠠᠴᠢ ᠪᠠᠷ 12.7 % ᠪᠠᠷ ᠨᠡᠮᠡᠭᠳᠡᠵᠡᠶ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠭ᠎ᠠ ᠨᠢ 30.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠵᠢᠯ ᠳᠤ ᠳᠤᠮᠳᠠᠴᠢ ᠪᠠᠷ 10.2 % ᠪᠠᠷ ᠨᠡᠮᠡᠭᠳᠡᠪᠡ︔ ᠬᠤᠳᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ | ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ ᠲᠤᠰ 34009 ᠪᠣᠯᠣᠨ11984 | ᠲᠦᠭᠦᠷᠢᠭ ᠬᠦᠷᠴᠦ᠂ ᠵᠢᠯ ᠳᠤ ᠳᠤᠮᠳᠠᠴᠢ ᠪᠠᠷ 6% ᠪᠣᠯᠣᠨ 8.2% ᠢᠶᠠᠷ ᠨᠡᠮᠡᠭᠳᠡᠵᠡᠢ᠃ ᠭᠤᠷᠪᠠᠨ ᠠᠵᠤ | ᠦᠢᠯᠡᠰ ᠤᠨ ᠪᠦᠲᠦᠴᠡ ᠶᠢᠨ ᠬᠠᠷᠢᠴᠠᠯ 13.1᠄ 61.7᠄ 25.2 ᠠᠴᠠ 12.5᠄ 46.2᠄ 41.5 ᠪᠣᠯᠣᠨ | ᠰᠢᠯᠢᠳᠡᠭᠵᠢᠵᠦ᠂ ᠠᠵᠣ ᠦᠢᠯᠡᠰ ᠤᠨ ᠪᠦᠲᠦᠴᠡ ᠨᠡᠩ ᠵᠣᠬᠢᠴᠠᠩᠭᠤᠢ ᠲᠡᠰᠢ ᠬᠠᠨᠳᠣᠵᠣ᠂ ᠣᠯᠠᠨ ᠡᠰᠢᠵᠢᠵᠦ᠂ | ᠣᠯᠠᠨ ᠲᠦᠢᠯᠰᠢᠷᠠᠭᠰᠠᠨ᠂ ᠣᠯᠠᠨ ᠶᠠᠩᠵᠣᠲᠣ ᠴᠢᠨᠠᠷᠲᠠᠢ ᠠᠵᠣ ᠠᠬᠤᠢ ᠶᠢᠨ ᠬᠦᠭᠵᠢᠯᠲᠡ ᠶᠢᠨ ᠰᠢᠨ᠎ᠡ ᠪᠠᠶᠢᠷᠢᠰᠢᠯ | ᠠᠭᠠᠵᠢᠮ ᠢᠶᠠᠷ ᠪᠦᠷᠢᠯᠳᠦᠭᠰᠡᠨ ᠪᠠᠶᠢᠨ᠎ᠠ᠃ | ᠥᠩᠭᠡᠷᠡᠭᠰᠡᠨ ᠲᠠᠪᠣᠨ ᠵᠢᠯ ᠪᠢᠳᠡ ᠠᠵᠣ ᠦᠢᠯᠡᠰ ᠤᠨ ᠪᠦᠲᠦᠴᠡ ᠪᠠᠨ ᠬᠦᠴᠦᠯᠡᠨ ᠰᠢᠯᠢᠳᠡᠭᠵᠢᠭᠦᠯᠵᠦ᠂ | ᠬᠦᠭᠵᠢᠯᠲᠡ ᠶᠢᠨ ᠶᠠᠰᠣ ᠴᠢᠨᠠᠷ ᠪᠣᠯᠣᠨ ᠦᠷ᠎ᠡ ᠠᠰᠢᠭ ᠢᠯᠡᠳᠲᠡ ᠳᠡᠭᠡᠭᠰᠢᠯᠡᠭᠰᠡᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠡ ᠲᠣᠰ ᠪᠡᠶ᠎ᠡ ᠶᠢᠨ ᠪᠣᠲᠠᠲᠠᠢ ᠳᠤ ᠰᠠᠭᠤᠷᠢᠯᠠᠨ᠂ ᠳᠠᠪᠠᠭᠤᠯᠢᠭ | ᠣᠨᠴᠠᠯᠢᠭ ᠢᠶᠠᠨ ᠪᠠᠳᠠᠷᠠᠭᠤᠯᠵᠣ᠂ ᠭᠤᠷᠪᠠᠨ ᠠᠵᠣ ᠦᠢᠯᠡᠰ ᠤᠨ ᠠᠭᠤᠰᠣᠯᠴᠠᠨ ᠬᠦᠭᠵᠢᠬᠦ ᠶᠢ ᠪᠠᠷᠢᠮᠲᠠᠯᠠᠨ᠂ ︽ | ᠰᠢᠨ᠎ᠡ ᠬᠡᠯᠪᠡᠷᠢ ᠶᠢᠨ ᠠᠵᠣ ᠦᠢᠯᠡᠳᠪᠦᠷᠢᠵᠢᠭᠦᠯᠦᠯᠲᠡ᠂ ᠰᠣᠷᠠᠭ ᠵᠠᠩᠭᠢᠴᠢᠯᠠᠯᠲᠠ᠂ ᠬᠤᠲᠠ ᠪᠠᠯᠭᠠᠰᠣᠵᠢᠯᠠᠯᠲᠠ᠂ | ᠲᠠᠷᠢᠶᠠᠯᠠᠩ ᠤᠨ ᠣᠳᠣᠬᠢᠴᠢᠯᠠᠯᠲᠠ᠂ ᠪᠣᠬᠢᠷᠳᠣᠯ ᠦᠭᠡᠶᠢᠳᠡᠭᠦᠯᠦᠯᠲᠡ︾ ᠶᠢ ᠬᠠᠮᠵᠢᠯᠴᠠᠨ ᠠᠬᠢᠭᠤᠯᠵᠣ᠂ ᠥᠪᠡᠷᠮᠢᠴᠠ | ᠣᠨᠴᠠᠯᠢᠭ ᠪᠦᠬᠦᠢ ᠣᠳᠣ ᠦᠶ᠎ᠡ ᠶᠢᠨ ᠠᠵᠣ ᠦᠢᠯᠡᠰ ᠤᠨ ᠰᠢᠰᠲ᠋ᠧᠮ ᠪᠦᠷᠢᠯᠳᠦᠵᠦ᠂ ᠰᠢᠶᠠᠨ ᠤ ᠬᠡᠪᠴᠢᠶᠠᠨ ᠤ | ᠠᠵᠣ ᠠᠬᠤᠢ ᠶᠢᠨ ᠬᠦᠭᠵᠢᠯᠲᠡ ᠰᠢᠨ᠎ᠡ ᠳᠠᠪᠠᠯᠲᠠ ᠶᠢ ᠪᠡᠶᠡᠯᠡᠭᠦᠯᠪᠡ᠃ | ᠲᠠᠷᠢᠶᠠᠯᠠᠩ ᠤᠨ ᠠᠵᠣ ᠦᠢᠯᠡᠰ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ᠃ ᠲᠠᠪᠣᠨ ᠵᠢᠯ ᠤᠨ | ᠲᠣᠷᠰᠢ᠂ ᠠᠰᠣᠷᠤ ᠰᠠᠶᠢᠨ ᠠᠵᠣ ᠦᠢᠯᠡᠰ ᠤᠨ ᠰᠠᠭᠤᠷᠢᠨ ᠳᠤ ᠵᠣᠭᠰᠣᠨ᠂ ᠲᠣᠯᠣᠭᠠᠶᠢᠯᠠᠭᠴᠢ ᠠᠵᠣ ᠦᠢᠯᠡᠰ | ᠨᠡᠯᠢᠶᠡᠳ ᠣᠯᠠᠨ ᠮᠦᠷᠲᠡᠭᠡᠨ ᠨᠡᠯᠢᠶᠡᠳ ᠲᠦᠪᠯᠡᠷᠡᠩᠭᠦᠢ ᠪᠠᠶᠢᠬᠤ ᠳᠠᠪᠠᠭᠤᠯᠢᠭ ᠢᠶᠠᠨ ᠪᠦᠲᠦᠮᠵᠢᠲᠡᠢ ᠪᠠᠳᠠᠷᠠᠭᠤᠯᠵᠣ᠂ | ᠲᠣᠯᠣᠭᠠᠶᠢᠯᠠᠭᠴᠢ ᠠᠵᠣ ᠠᠬᠤᠶᠢᠯᠠᠯ ᠪᠣᠯᠣᠨ ᠲᠠᠷᠢᠶᠠᠴᠢᠳ ᠤᠨ ᠠᠰᠢᠭ ᠲᠣᠰᠠ ᠲᠠᠢ ᠬᠤᠯᠪᠣᠯᠳᠣᠬᠤ ᠲᠣᠭᠲᠠᠴᠠ ᠶᠢ | ᠢᠳᠡᠪᠬᠢᠲᠡᠢ ᠡᠷᠢᠯᠬᠢᠯᠡᠨ᠂ ᠲᠠᠷᠢᠶᠠᠯᠠᠩ ᠤᠨ ᠠᠵᠣ ᠦᠢᠯᠡᠰ ᠤᠨ ᠬᠡᠯᠬᠢᠶᠡᠵᠢᠯ ᠢ ᠪᠦᠲᠦᠮᠵᠢᠲᠡᠢ ᠣᠷᠲᠣᠳᠬᠠᠵᠣ᠂ | ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠭᠰᠡᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ | ᠮᠧᠩ ᠨᠢᠦ ᠰᠦ ᠰᠠᠭᠠᠯᠢ ᠶᠢᠨ ᠦᠢᠯᠡᠰ ᠢᠶᠠᠷ ᠲᠣᠯᠣᠭᠠᠶᠢᠯᠠᠭᠴᠢ ᠪᠣᠯᠭᠠᠨ ᠳᠠᠭᠠᠭᠤᠯᠵᠣ᠂ ᠬᠡᠪᠴᠢᠶᠡᠵᠢᠭᠰᠡᠨ | ᠰᠠᠭᠠᠯᠢ ᠶᠢᠨ ᠦᠨᠢᠶᠡᠨ ᠤ ᠲᠠᠯᠠᠪᠣᠷ ᠨᠡᠶᠢᠲᠡ54 ᠶᠢ ᠪᠠᠶᠢᠭᠤᠯᠵᠣ᠂ ᠲᠡᠵᠢᠭᠡᠵᠦ ᠪᠠᠶᠢᠭ᠎ᠠ ᠰᠠᠭᠠᠯᠢ ᠶᠢᠨ ᠦᠨᠢᠶ᠎ᠡ ᠶᠢᠨ | ᠲᠤᠭ᠎ᠠ ᠶᠢ 8 ᠲᠦᠮᠡ ᠣᠷᠴᠢᠮ ᠲᠣᠭᠲᠠᠪᠣᠷᠢᠵᠢᠭᠤᠯᠵᠣ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ | ᠨᠤᠷᠮ᠎ᠠ65% ᠠᠴᠠ ᠳᠡᠭᠡᠭᠰᠢᠯᠡᠭᠡᠳ98% ᠶᠢ ᠳᠠᠪᠠᠪᠠ᠃ ᠮᠧᠩ ᠶᠠᠩ ᠮᠠᠯ ᠠᠵᠣ ᠠᠬᠤᠢ ᠶᠢᠨ ᠦᠢᠯᠡᠰ ᠲᠤ | ᠲᠦᠰᠢᠭᠯᠡᠵᠦ᠂ ᠪᠠᠷᠢᠮᠵᠢᠶᠠᠵᠢᠭᠰᠠᠨ ᠢᠳᠡᠰᠢᠨ ᠬᠤᠨᠢ ᠶᠢᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠣᠷ47 | ᠰᠢᠨ᠎ᠡ ᠪᠠᠷ ᠨᠡᠮᠡᠭᠳᠡᠵᠦ᠂ ᠢᠳᠡᠰᠢᠨ ᠬᠤᠨᠢ ᠶᠢᠨ ᠲᠤᠭ᠎ᠠ ᠶᠢ60 ᠲᠦᠮᠡ ᠠᠴᠠ ᠳᠡᠭᠡᠭᠰᠢ ᠲᠣᠭᠲᠠᠪᠣᠷᠢᠵᠢᠭᠤᠯᠪᠠ᠃ | ᠵᠧᠩ ᠳ᠋ᠠ ᠪᠦᠯᠦᠭᠯᠡᠯ ᠤᠨ32 ᠲᠦᠮᠡᠨ ︽ᠵᠠᠯᠠᠭᠤ ᠲᠠᠬᠢᠶ᠎ᠠ ︵7 —20 ᠭᠠᠷᠠᠭ ᠤᠨ ᠨᠠᠰᠣᠨ ᠤ ᠡᠮ᠎ᠡ ᠲᠠᠬᠢᠶ᠎ᠠ︶︾ | ᠶᠢᠨ ᠲᠠᠯᠠᠪᠣᠷ᠂30 ᠲᠦᠮᠡᠨ ᠦᠨᠳᠡᠭᠡᠨ ᠲᠠᠬᠢᠶ᠎ᠠ ᠶᠢᠨ ᠲᠠᠯᠠᠪᠣᠷ ᠠᠰᠢᠭᠯᠠᠯᠲᠠ ᠳᠤ ᠣᠷᠣᠵᠣ᠂ ᠵᠧᠩ ᠶᠣᠸᠠᠨ | ᠺᠣᠮᠫᠠᠨᠢ ᠶᠢᠨ ᠪᠠᠭ᠎ᠠ ᠵᠢᠯᠠᠭ᠎ᠠ ᠳᠠᠬᠢ15 ᠲᠦᠮᠡᠨ ᠲᠣᠯᠣᠭᠠᠢ᠂ ᠵᠧᠩ ᠭᠦ᠋ ᠺᠣᠮᠫᠠᠨᠢ ᠶᠢᠨ ᠲᠥᠩ ᠴᠠᠩ ᠶᠢᠩ᠂ ᠵᠧᠩ | ᠶᠧ ᠺᠣᠮᠫᠠᠨᠢ ᠶᠢᠨ ᠬᠠᠶᠢᠯᠠᠰᠣᠨᠭᠤᠤ ᠶᠢᠨ18 ᠲᠦᠮᠡᠨ ᠲᠣᠯᠣᠭᠠᠢ ᠭᠠᠭ᠋ᠠᠢ ᠲᠡᠵᠢᠭᠡᠨ ᠦᠷᠡᠵᠢᠭᠦᠯᠬᠦ ᠲᠣᠭᠤᠷᠢᠭ | ᠠᠰᠢᠭᠯᠠᠯᠲᠠ ᠳᠤ ᠣᠷᠣᠨ᠂ ᠲᠡᠵᠢᠭᠡᠵᠦ ᠪᠠᠶᠢᠭ᠎ᠠ ᠭᠠᠭ᠋ᠠᠢ ᠶᠢᠨ ᠲᠤᠭ᠎ᠠ 8 ᠲᠦᠮᠡ ᠬᠦᠷᠪᠡ᠃ ᠲᠠᠷᠢᠮᠠᠯ ᠤᠨ ᠵᠢᠯ | ᠤᠨ ᠳᠤᠮᠳᠠᠴᠢ ᠶᠡᠷᠦᠩᠬᠡᠶ ᠲᠡᠷᠢᠬᠤ ᠲᠠᠯᠠᠪᠠᠢ ᠶᠢ 100 ᠲᠦᠮᠡᠨ ᠮᠥ ᠠᠴᠠ ᠳᠡᠭᠡᠭᠰᠢ ᠲᠣᠭᠲᠠᠪᠣᠷᠢᠵᠢᠭᠤᠯᠵᠣ᠂ 52 | ᠲᠦᠮᠡᠨ ᠮᠥ ᠡᠷᠳᠡᠨᠢ ᠰᠢᠰᠢ᠂ 20 ᠲᠦᠮᠡᠨ ᠮᠥ ᠲᠥᠮᠥᠰᠥ᠂ 7.5 ᠲᠦᠮᠡᠨ ᠮᠦ ᠴᠢᠨᠠᠷ ᠰᠠᠶᠢᠲᠠᠶ ᠴᠠᠷᠭᠠᠰᠤ | ᠲᠠᠷᠢᠵᠣ ᠪᠠᠶᠢᠭ᠎ᠠ ᠪᠠᠶᠢᠷᠢᠰᠢᠯ ᠢ ᠪᠦᠷᠢᠯᠳᠦᠭᠦᠯᠵᠦ᠂ ᠡᠪᠡᠰᠦ ᠲᠠᠷᠢᠬᠤ ᠪᠠᠶᠢᠷᠢᠰᠢᠯ ᠢ ᠪᠤᠢ ᠪᠣᠯᠭᠠᠵᠤ᠂ ᠲᠠᠷᠢᠮᠠᠯ ᠤᠨ | ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠡᠢ᠃ ︽ᠬᠤᠣᠷᠳᠠᠯ ᠦᠭᠡᠢ ᠲᠠᠷᠢᠶᠠᠯᠠᠩ ᠤᠨ | ᠪᠦᠲᠦᠭᠡᠭᠳᠡᠬᠦᠨ᠂ ᠪᠣᠬᠢᠷᠳᠣᠯ ᠦᠭᠡᠢ ᠪᠦᠲᠦᠭᠡᠭᠳᠡᠭᠦᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠭᠦᠨ ᠬᠢᠭᠡᠳ | ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ ᠲᠡᠮᠳᠡᠭ︾ ᠢᠶᠠᠷ ᠭᠡᠷᠡᠴᠢᠯᠡᠨ ᠳᠠᠩᠰᠠᠯᠠᠭᠤᠯᠤᠭᠰᠠᠨ ᠠᠵᠤ | ᠠᠬᠤᠶᠢᠯᠠᠯ 11᠂ ᠪᠦᠲᠦᠭᠡᠭᠳᠡᠭᠦᠨ 36᠂ ᠲᠠᠷᠢᠶᠠᠯᠠᠩ ᠤᠨ ᠪᠦᠲᠦᠭᠡᠭᠳᠡᠬᠦᠨ ᠤ ᠠᠶᠤᠯᠭᠦᠶ ᠶᠢᠨ ᠶᠠᠰᠤ ᠴᠢᠨᠠᠷ | ᠲᠠᠰᠤᠷᠠᠯᠲᠠ ᠦᠭᠡᠢ ᠳᠡᠭᠡᠭᠰᠢᠯᠡᠵᠡᠢ᠃ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠲᠣᠭᠤᠷᠢᠭ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠣᠨ ᠠᠴᠠ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠢᠶᠠᠷ | ᠵᠢᠭᠰᠠᠭᠠᠭᠳᠠᠵᠣ᠂ ᠵᠠᠯᠭᠠᠪᠠᠷ ᠳᠥᠷᠪᠡ ᠤᠳᠠᠭ᠎ᠠ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠭᠰᠠᠨ ᠬᠢᠨᠡᠨ ᠰᠢᠯᠭᠠᠬᠤ ᠲᠡᠷᠢᠭᠦᠨ ᠤ ᠰᠢᠶᠠᠨ ᠢᠶᠠᠷ ᠴᠣᠯᠠᠯᠠᠭᠳᠠᠪᠠ᠃ 2017 ᠣᠨ ᠳᠤ᠂ ᠲᠠᠷᠢᠶᠠᠯᠠᠩ ᠤᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ | ᠂ ᠠᠮᠤ ᠪᠤᠳᠠᠭᠠᠨ ᠤ ᠣᠨᠠᠯᠲᠠ ᠶᠢᠨ ᠬᠡᠮᠵᠢᠶ᠎ᠡ 18.7 ᠲᠦᠮᠡᠨ ᠲᠣᠨ᠂ ᠮᠠᠯ ᠤᠨ ᠶᠡᠷᠦᠩᠬᠡᠶ ᠲᠤᠭ᠎ᠠ ᠲᠣᠯᠣᠭᠠᠶ71 | ᠲᠦᠮᠡ ᠬᠦᠷᠴᠦ᠂ ᠲᠠᠷᠢᠵᠣ ᠦᠷᠡᠵᠢᠭᠦᠯᠬᠦ ᠪᠦᠲᠦᠴᠡ ᠦᠷᠭᠦᠯᠵᠢᠯᠡᠨ ᠰᠢᠯᠢᠳᠡᠭᠵᠢᠪᠡ᠃ ᠮᠠᠯ ᠠᠵᠤ ᠠᠬᠤᠶ ᠶᠢᠨ | ᠪᠣᠬᠢᠷᠲᠤᠯ ᠥᠭᠡᠢ ᠬᠥᠭᠵᠢᠯᠲᠡ ᠶᠢᠨ ᠳᠣᠮᠳᠠᠳᠣ ᠣᠯᠣᠰ ᠲᠠᠬᠢ ᠠᠶᠠᠯᠠᠯ ᠵᠢᠴᠢ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠨᠢᠯᠴᠠᠭᠤᠯᠭ᠎ᠠ ᠶᠢᠨ ᠶᠡᠭᠡ ᠬᠤᠷᠠᠯ | ᠪᠣᠯᠤᠨ ᠪᠦᠬᠦ ᠣᠷᠣᠨ ᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠪᠣᠯᠪᠠᠰᠤᠷᠠᠯ ᠤᠨ ᠬᠤᠷᠠᠯ ᠢ ᠮᠠᠰᠢ ᠠᠮᠵᠢᠯᠲᠠ ᠲᠠᠢ ᠥᠷᠨᠢᠭᠦᠯᠦᠨ ᠶᠠᠪᠣᠭᠳᠠᠭᠤᠯᠵᠣ᠂ ᠪᠦᠬᠦ ᠤᠯᠤᠰ ᠤᠨ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠡᠭᠡ ᠰᠢᠶᠠᠨ ᠂ ᠲᠠᠷᠢᠵᠤ ᠲᠡᠵᠢᠭᠡᠬᠦ ᠶᠢ ᠤᠶᠠᠯᠳᠤᠭᠤᠯᠬᠤ | ᠲᠤᠷᠰᠢᠯᠲᠠ ᠶᠢᠨ ᠰᠢᠶᠠᠨ ᠂ ︽ᠠᠮᠤ ᠪᠣᠳᠠᠭᠠᠨ ᠤ ᠲᠠᠷᠢᠮᠠᠯ ᠢ ᠪᠣᠷᠳᠣᠭᠠᠨ ᠲᠠᠷᠢᠮᠠᠯ ᠪᠣᠯᠭᠠᠨ ᠥᠭᠡᠷᠡᠴᠢᠯᠡᠬᠦ︾ | ᠲᠤᠷᠰᠢᠯᠲᠠ ᠶᠢᠨ ᠴᠢᠬ ᠤᠨ ᠲᠦᠷᠦᠯ ᠵᠦᠢᠯ ᠢ ᠠᠮᠵᠢᠯᠲᠠ ᠲᠠᠢ ᠮᠡᠳᠡᠭᠦᠯᠵᠦ᠂ ᠤᠯᠠᠮᠵᠢᠯᠠᠯᠲᠤ ᠲᠠᠷᠢᠶᠠᠯᠠᠩ ᠪᠣᠬᠢᠷᠲᠤᠯ | ᠦᠭᠡᠢ᠂ ᠥᠨᠳᠥᠷ ᠪᠦᠲᠦᠮᠵᠢᠲᠡᠢ᠂ ᠣᠳᠣᠬᠢᠴᠢᠯᠠᠭᠰᠠᠨ ᠲᠠᠷᠢᠶᠠᠯᠠᠩ ᠪᠣᠯᠣᠨ ᠬᠤᠪᠢᠷᠠᠭᠰᠠᠨ ᠪᠠᠶᠢᠨ᠎ᠠ᠃ | ᠰᠢᠨ᠎ᠡ ᠬᠡᠯᠪᠡᠷᠢ ᠶᠢᠨ ᠠᠵᠣ ᠦᠢᠯᠡᠳᠪᠦᠷᠢᠵᠢᠭᠦᠯᠲᠡ ᠶᠢᠨ ᠠᠬᠢᠴᠠ ᠢᠯᠡᠳᠲᠡ ᠬᠤᠷᠳᠣᠰᠪᠠ᠃ ᠲᠠᠪᠣᠨ | ᠵᠢᠯ ᠤᠨ ᠲᠣᠷᠰᠢ᠂ ᠪᠢᠳᠡ ︽ᠪᠡᠯᠡ ᠣᠷᠣᠭᠤᠯᠣᠯᠲᠠ ᠪᠠᠷ ᠲᠠᠲᠠᠬᠤ ᠬᠦᠴᠦᠨ᠂ ᠲᠦᠷᠦᠯ ᠵᠦᠢᠯ ᠢᠶᠠᠷ ᠳᠠᠶᠢᠴᠢᠯᠠᠬᠤ | ᠬᠦᠴᠦᠨ᠂ ᠰᠢᠨ᠎ᠡ ᠶᠢ ᠡᠭᠦᠳᠬᠦ ᠪᠠᠷ ᠬᠦᠳᠡᠯᠭᠡᠬᠦ ᠬᠦᠴᠦᠨ ᠪᠣᠯᠭᠠᠬᠤ︾ ᠪᠠᠶᠢᠯᠳᠣᠬᠤ ᠪᠣᠳᠣᠯᠭ᠎ᠠ ᠶᠢ ᠢᠮᠠᠭᠲᠠ | ᠪᠠᠷᠢᠮᠲᠠᠯᠠᠵᠣ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠦᠭᠵᠢᠯᠲᠡ ᠪᠠᠷ ᠭᠤᠣᠯᠳᠠᠯᠭ᠎ᠠ ᠪᠣᠯᠭᠠᠵᠣ᠂ | ᠣᠯᠠᠮᠵᠢᠯᠠᠯᠲᠣ ᠳᠠᠪᠠᠭᠤᠯᠢᠭ ᠥᠪᠡᠷᠮᠢᠴᠡ ᠣᠨᠴᠠᠯᠢᠭ ᠪᠦᠬᠦᠢ ᠦᠢᠯᠡᠳᠬᠦ ᠦᠢᠯᠡᠰ ᠢ ᠪᠣᠵᠠᠭᠠᠶᠢᠷᠠᠭᠤᠯᠣᠨ | ᠬᠦᠴᠦᠷᠬᠡᠭᠵᠢᠭᠦᠯᠵᠦ᠂ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠣ ᠦᠢᠯᠡᠰ ᠢ | ᠲᠦᠷᠭᠡᠳᠬᠡᠨ ᠴᠣᠭᠴᠠᠯᠠᠵᠣ᠂ ᠴᠢᠭᠯᠡᠯ ᠢᠶᠠᠨ ᠵᠥᠪ ᠲᠣᠭᠲᠠᠭᠠᠨ᠂ ︽ᠪᠣᠬᠢᠷᠳᠣᠯ ᠦᠭᠡᠢ︾ ᠬᠤᠷᠢᠭ᠎ᠠ ᠱᠤᠭᠤᠮ ᠢ | ᠵᠢᠷᠣᠮᠯᠠᠵᠣ᠂ ᠣᠷᠴᠢᠨ ᠠᠬᠤᠢ ᠶᠢᠨ ᠪᠠᠷᠢᠮᠵᠢᠶ᠎ᠠ ᠶᠢ ᠪᠠᠷᠢᠮᠲᠠᠯᠠᠨ᠂ ᠬᠤᠳᠠᠯᠳᠣᠭᠠᠴᠢᠨ ᠢ ᠣᠷᠢᠬᠤ ᠶᠢ ᠦᠷᠭᠦᠯᠵᠢᠯᠡᠨ | ᠴᠢᠩᠭᠠᠳᠬᠠᠵᠣ᠂ ᠲᠦᠷᠦᠯ ᠵᠦᠢᠯ ᠤᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠠᠵᠣ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠬᠦᠭᠵᠢᠯᠲᠡ ᠶᠢᠨ ᠤᠯᠠᠮ ᠨᠢᠭᠡ ᠠᠯᠬᠤᠮ ᠤᠨ ᠪᠣᠵᠠᠭᠠᠶᠢᠷᠠᠯᠲᠠ ᠶᠢ ᠪᠡᠶᠡᠯᠡᠭᠦᠯᠵᠡᠢ᠃ ᠲᠤᠣ ᠯᠢ | ᠢᠳᠡᠭᠡᠨ ᠵᠡᠷᠭᠡ 25 ᠭᠤᠣᠯᠳᠠᠯᠭ᠎ᠠ ᠲᠠᠢ ᠠᠵᠣ ᠠᠬᠤᠶᠢᠯᠠᠯ ᠢ ᠲᠠᠲᠠᠨ ᠣᠷᠣᠭᠤᠯᠵᠣ᠂ ᠪᠡᠯᠡ ᠣᠷᠣᠭᠤᠯᠣᠭᠰᠠᠨ | ᠬᠡᠪᠴᠢᠶ᠎ᠡ 110 ᠭᠠᠷᠣᠢ ᠳ᠋ᠦᠩᠰᠢᠭᠤᠷ ᠲᠦᠭᠦᠷᠢᠭ ᠪᠠᠶᠢᠵᠣ᠂ ᠪᠣᠬᠢᠷᠳᠣᠯ ᠦᠭᠡᠢ ᠢᠳᠡᠭᠡᠨ᠂ ᠠᠮᠢᠳᠣ ᠪᠣᠳᠠᠰ ᠤᠨ | ᠰᠢᠨᠵᠢᠯᠡᠬᠦ ᠣᠬᠠᠭᠠᠨ ᠮᠡᠷᠭᠡᠵᠢᠯ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢ ᠠᠬᠤᠢ᠂ ᠴᠠᠬᠢᠯᠭᠠᠨ ᠬᠦᠴᠦ ᠵᠡᠷᠭᠡ | ᠳᠠᠪᠠᠭᠤᠯᠢᠭ ᠥᠪᠡᠷᠮᠢᠴᠡ ᠣᠨᠴᠠᠯᠢᠭ ᠪᠦᠬᠦᠢ ᠠᠵᠣ ᠦᠢᠯᠡᠰ ᠪᠦᠷᠢᠯᠳᠦᠭᠰᠡᠨ ᠪᠠᠶᠢᠨ᠎ᠠ᠃ ᠪᠦᠬᠦ ᠰᠢᠶᠠᠨ ᠳᠤ | ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠶᠢᠯᠠᠯ ᠬᠦᠭᠵᠢᠭᠡᠳ 46 ᠪᠣᠯᠵᠤ᠂ ᠵᠠᠬ᠎ᠠ ᠳᠤ | ᠭᠠᠷᠣᠭᠰᠠᠨ ᠠᠵᠣ ᠠᠬᠤᠶᠢᠯᠠᠯ 21 ᠪᠣᠯᠲᠠᠯ᠎ᠠ ᠨᠡᠮᠡᠭᠳᠡᠵᠦ᠂ ᠠᠵᠣ ᠠᠬᠤᠶᠢᠯᠠᠯ ᠤᠨ ᠦᠷᠢᠰᠦᠯᠳᠦᠬᠦ ᠬᠦᠴᠦᠨ | ᠲᠠᠰᠣᠷᠠᠯᠲᠠ ᠦᠭᠡᠢ ᠨᠡᠮᠡᠭᠳᠡᠭᠰᠡᠨ ᠪᠠᠶᠢᠨ᠎ᠠ᠃2017 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠣ | ᠦᠢᠯᠡᠳᠪᠦᠷᠢ ᠶᠢᠨ ᠶᠡᠷᠦᠩᠬᠡᠢ ᠦᠷᠲᠡᠭ131 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠲᠡᠭ8% ᠪᠠᠷ ᠥᠰᠴᠦ᠂ ᠬᠡᠪᠴᠢᠶᠡᠵᠢᠯ ᠠᠴᠠ ᠳᠡᠭᠡᠭᠰᠢᠬᠢ | ᠠᠵᠣ ᠦᠢᠯᠡᠳᠪᠦᠷᠢ ᠶᠢᠨ ᠠᠵᠣ ᠠᠬᠤᠶᠢᠯᠠᠯ 4 ᠰᠢᠨ᠎ᠡ ᠪᠠᠷ ᠨᠡᠮᠡᠭᠳᠡᠵᠦ᠂ ᠠᠵᠣ ᠦᠢᠯᠡᠳᠪᠦᠷᠢ ᠶᠢᠨ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠣᠯᠲᠠ 20ᠳ᠋ᠦᠩᠰᠢᠭᠤᠷ ᠲᠦᠭᠦᠷᠢᠭ ᠢ ᠪᠡᠶᠡᠯᠡᠭᠦᠯᠦᠭᠰᠡᠨ ᠪᠠᠶᠢᠨ᠎ᠠ᠃ ᠮᠧᠩ ᠨᠢᠦ | ᠰᠦ ᠰᠠᠭᠠᠯᠢ ᠶᠢᠨ ᠦᠢᠯᠡᠰ ᠦᠨᠳᠦᠷ ᠬᠤᠷᠳᠣᠴᠠᠲᠣ ᠥᠰᠥᠯᠲᠡ ᠶᠢᠨ ᠪᠠᠶᠢᠳᠠᠯ ᠢᠶᠠᠨ ᠦᠷᠭᠦᠯᠵᠢᠯᠡᠨ ᠪᠠᠲᠣᠯᠠᠵᠣ᠂ | ᠳᠡᠯᠡᠬᠡᠢ ᠶᠢᠨ ᠰᠦ ᠰᠠᠭᠠᠯᠢ ᠶᠢᠨ ᠦᠢᠯᠡᠰ ᠤᠨ ᠠᠷᠪᠠᠨ ᠬᠦᠴᠦᠲᠡᠨ ᠤ ᠡᠩᠨᠡᠭᠡᠨ ᠳᠤ ᠣᠷᠣᠭᠰᠠᠨ ᠪᠠᠶᠢᠨ᠎ᠠ᠃ ᠱᠧᠩ | ᠮᠦ ᠳᠡᠭᠡᠳᠦ ᠰᠢᠨ᠎ᠡ ᠮᠡᠷᠭᠡᠵᠢᠯ᠂ ᠬᠤᠸᠠ ᠯᠢᠨ ᠢᠳᠡᠭᠡᠨ᠂ ᠺᠧ ᠳ᠋ᠠ ᠬᠦᠩᠭᠡᠨᠴᠠᠭᠠᠨ ᠤ ᠦᠢᠯᠡᠰ ᠵᠢᠩᠬᠢᠨᠢ ᠪᠠᠷ | ᠠᠰᠢᠭᠯᠠᠯᠲᠠ ᠳᠤ ᠣᠷᠣᠵᠣ᠂ ᠹᠦ᠋ ᠢᠥ ᠬᠢᠭᠡᠳ ᠱᠧᠩ ᠮᠦ ᠶᠢᠨ ᠬᠤᠯᠪᠣᠭᠠᠯᠠᠯ ᠪᠠᠶᠢᠭᠤᠯᠣᠭᠳᠠᠭᠰᠠᠨ ᠮᠦᠷᠲᠡᠭᠡᠨ | ᠲᠣᠷᠰᠢᠨ ᠡᠷᠭᠢᠯᠲᠡ ᠳᠤ ᠣᠷᠣᠪᠠ᠃ ᠳ᠋ᠠ ᠲᠠᠩ ᠡᠮ ᠤᠨ ᠦᠢᠯᠡᠰ᠂ ᠱᠢ ᠵᠢᠢ ᠹᠦ᠋ ᠺᠠᠩ᠂ ᠮᠧᠩ ᠲᠠᠢ ᠠᠮᠢᠳᠣ | ᠪᠣᠳᠠᠰ᠂ ᠵᠢᠦ ᠳ᠋ᠢᠩ ᠢᠳᠡᠭᠡᠨ ᠵᠡᠷᠭᠡ ᠲᠦᠷᠦᠯ ᠵᠦᠢᠯ ᠣᠷᠣᠭᠰᠢᠲᠠᠢ ᠶᠠᠪᠣᠭᠳᠠᠵᠣ᠂ ᠵᠢᠶᠠᠨ ᠢ ᠢ ᠱᠧᠩ᠂ ᠶᠠ ᠱᠢ | ᠯᠢ ᠨᠢᠯᠬ᠎ᠠ ᠬᠡᠥᠬᠡᠳ ᠤᠨ ᠨᠠᠶᠢᠷᠠᠭᠤᠯᠣᠭᠰᠠᠨ ᠰᠦᠨ ᠲᠠᠯᠬ᠎ᠠ᠂ ᠢᠥᠢ ᠬᠠᠩ ᠷᠧᠨ ᠬᠤᠶᠠᠳᠣᠭᠠᠷ ᠬᠤᠭᠤᠴᠠᠭ᠎ᠠ᠂ ᡁᠢ | ᠲᠢᠶᠠᠨ ᠷᠠᠨ ᠰᠡᠯᠡᠭᠦᠴᠡᠯ ᠢᠳᠡᠭᠡᠨ᠂ ᠵᠧᠩ ᠳ᠋ᠠ ᠪᠣᠷᠳᠣᠭᠠᠨ ᠦᠢᠯᠡᠳᠪᠦᠷᠢ᠂ ᠵᠦᠩ ᠳ᠋ᠦᠸᠧ ᠣᠭᠰᠠᠷᠠᠮᠠᠯ | ᠮᠠᠶ᠋ᠢᠭ ᠤᠨ ᠪᠠᠷᠢᠯᠭ᠎ᠠ ᠶᠢᠨ ᠠᠵᠣ ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠵᠣ᠂ ᠮᠧᠩ ᠨᠢᠦ ᠡᠯᠧᠺᠲᠷᠣᠨ | ᠬᠤᠳᠠᠯᠳᠣᠭᠠᠨ ᠤ ᠺᠣᠮᠫᠠᠨᠢ ᠵᠢᠩᠬᠢᠨᠢ ᠪᠠᠷ ᠮᠠᠨ ᠤ ᠰᠢᠶᠠᠨ ᠳᠤ ᠰᠠᠭᠤᠷᠢᠰᠢᠪᠠ᠃ ᠬᠤᠷᠢᠨᠭᠡᠷ ᠤᠨ ᠴᠠᠬᠢᠯᠭᠠᠨ | ᠦᠢᠯᠡᠳᠪᠦᠷᠢ ᠨᠡᠶᠢᠲᠡ 38.1 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ ᠵᠢᠩ | ᠨᠧᠩᠢᠯᠴᠢ ᠴᠠᠬᠢᠯᠭᠠᠨ ᠬᠤᠲᠠ ᠶᠢᠨ ᠬᠡᠪᠴᠢᠶᠡᠨ ᠳᠤ ᠳᠣᠯᠠᠭᠠᠯᠭ᠎ᠠ ᠬᠠᠩᠭᠠᠬᠤ ᠶᠢ ᠪᠡᠶᠡᠯᠡᠭᠦᠯᠪᠡ᠃ ᠮᠧᠩ ᠽᠣᠣ | ᠠᠮᠢ ᠠᠬᠤᠢ᠂ ᠰᠠᠢ ᠺᠧ ᠰᠢᠩ ᠥᠪᠡᠷᠲᠡᠭᠡᠨ ᠵᠠᠰᠠᠬᠤ ᠣᠷᠣᠨ ᠪᠠᠶᠢᠭᠤᠯᠣᠭᠳᠠᠭᠰᠠᠨ ᠳᠠᠯᠠᠨ ᠵᠢᠯ ᠤᠨ ᠣᠢ ᠶᠢᠨ | ᠲᠥᠪ ᠤᠨ ᠲᠦᠯᠦᠭᠡᠯᠡᠭᠴᠢᠳ ᠤᠨ ᠪᠦᠯᠬᠦᠮ ᠤᠨ ᠠᠬᠤᠢ ᠲᠠᠯᠠᠪᠠᠢ ᠳᠠᠬᠢ ᠲᠣᠷᠰᠢᠯᠭ᠎ᠠ ᠰᠣᠯᠢᠯᠴᠠᠬᠤ | ᠦᠵᠡᠭᠦᠯᠦᠯᠭᠡ ᠶᠢ ᠠᠮᠵᠢᠯᠲᠠ ᠲᠠᠢ ᠤᠭᠲᠤᠨ ᠠᠪᠣᠪᠠ᠃ | ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠦᠳᠲᠡᠷ ᠲᠦᠷᠭᠡᠨ ᠬᠦᠭᠵᠢᠪᠡ᠃ ᠲᠠᠪᠣᠨ ᠵᠢᠯ ᠤᠨ ᠲᠣᠷᠰᠢ | ᠂ ᠱᠧᠩ ᠯᠧ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠪᠯᠡᠷᠡᠯ ᠤᠨ ᠲᠣᠭᠤᠷᠢᠭ ᠤᠨ ᠲᠣᠭᠤᠷᠢᠨ ᠳᠤ | ᠦᠨᠳᠦᠷ ᠡᠬᠢᠯᠡᠯᠲᠡ ᠶᠢᠨ ᠴᠡᠭ ᠢᠶᠠᠷ ᠲᠦᠯᠦᠪᠵᠢᠭᠦᠯᠵᠦ᠂ ᠦᠨᠳᠦᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠣ᠂ ᠶᠡᠭᠡ | ᠬᠦᠴᠦᠨ ᠢᠶᠠᠷ ᠲᠦᠯᠬᠢᠨ ᠣᠷᠣᠭᠰᠢᠯᠠᠭᠤᠯᠵᠣ᠂ ᠬᠦᠴᠦᠨ ᠢᠶᠠᠨ ᠲᠦᠪᠯᠡᠷᠡᠭᠦᠯᠦᠨ ᠰᠠᠭᠤᠷᠢ ᠪᠡᠯᠡᠳᠬᠡᠮᠵᠢ ᠶᠢᠨ | ᠲᠦᠬᠦᠷᠵᠢᠭᠦᠯᠲᠡ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠢᠳᠠᠮᠵᠢ ᠪᠠᠨ ᠰᠢᠯᠢᠳᠡᠭᠵᠢᠭᠦᠯᠦᠨ᠂ ᠴᠢᠨᠠᠷ ᠰᠠᠶᠢᠨ | ᠬᠦᠭᠵᠢᠯᠲᠡ ᠶᠢᠨ ᠣᠷᠴᠢᠨ ᠲᠣᠭᠤᠷᠢᠨ ᠢ ᠪᠣᠢ ᠪᠣᠯᠭᠠᠪᠠ᠃ ᠳᠣᠮᠳᠠᠳᠣ ᠣᠯᠣᠰ ᠤᠨ ᠰᠦ ᠰᠠᠭᠠᠯᠢ ᠶᠢᠨ ᠦᠢᠯᠡᠰ ᠤᠨ | ᠲᠣᠮᠣ ᠳ᠋ᠠᠶᠢᠲ᠋ᠠ᠂ ᠴᠠᠬᠢᠯᠭᠠᠨ ᠬᠦᠴᠦᠨ ᠤ ᠲᠣᠮᠣ ᠳ᠋ᠠᠶᠢᠲ᠋ᠠ ᠵᠡᠷᠭᠡ ᠠᠵᠣ ᠦᠢᠯᠡᠰ ᠤᠨ ᠲᠠᠪᠴᠠᠩ ᠡᠷᠭᠢᠯᠲᠡ ᠰᠠᠶᠢᠲᠠᠢ | ᠃ ᠠᠵᠣ ᠠᠬᠤᠶᠢᠯᠠᠯ ᠤᠨ ᠶᠡᠷᠦᠩᠬᠡᠢ ᠬᠡᠯᠲᠡᠰ᠂ ᠠᠳᠠᠯ ᠪᠣᠰᠬᠠᠭᠴᠢ ᠶᠢᠨ ᠲᠥᠪ ᠪᠠᠶᠢᠭᠤᠯᠣᠭᠳᠠᠭᠰᠠᠨ ᠮᠦᠷᠲᠡᠭᠡᠨ | ᠠᠰᠢᠭᠯᠠᠯᠲᠠ ᠳᠤ ᠣᠷᠣᠵᠣ᠂ ᠭᠡᠷ᠎ᠡ ᠲᠣᠭᠲᠠᠵᠣ ᠳᠠᠩᠰᠠᠯᠠᠭᠤᠯᠣᠭᠰᠠᠨ ᠳᠣᠮᠳᠠ ᠵᠢᠵᠢᠭ ᠠᠵᠣ ᠠᠬᠤᠶᠢᠯᠠᠯ180 | ᠭᠠᠷᠣᠢ ᠪᠣᠢ᠃ ᠡᠯᠧᠺᠲᠷᠣᠨ ᠬᠤᠳᠠᠯᠳᠤᠭ᠎ᠠ ᠦᠳᠲᠡᠷ ᠬᠦᠭᠵᠢᠵᠦ᠂ ᠡᠯᠧᠺᠲᠷᠣᠨ ᠬᠤᠳᠠᠯᠳᠤᠭ᠎ᠠ ᠲᠣᠰᠬᠤᠨ ᠳᠤ | ᠣᠷᠣᠬᠤ ᠣᠯᠣᠰ ᠤᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠮᠡᠳᠡᠭᠦᠯᠵᠦ᠂ ᠠ ᠯᠢ ᠪᠠ ᠪᠠ ᠬᠦᠳᠡᠭᠡ | ᠲᠣᠰᠬᠤᠨ ᠤ ᠲᠤᠣ ᠪᠣᠥ ᠶᠢᠨ ᠲᠦᠷᠦᠯ ᠵᠦᠢᠯ ᠮᠠᠨ ᠤ ᠰᠢᠶᠠᠨ ᠳᠤ ᠰᠠᠭᠤᠷᠢᠰᠢᠭᠰᠠᠨ ᠪᠦᠭᠡᠳ ᠦᠳᠲᠡᠷ ᠲᠦᠷᠭᠡᠨ | ᠲᠦᠯᠬᠢᠨ ᠠᠬᠢᠭᠤᠯᠵᠣ᠂ ᠰᠢᠶᠠᠨ ᠤ ᠳᠡᠰ ᠤᠨ ᠡᠯᠧᠺᠲᠷᠣᠨ ᠬᠤᠳᠠᠯᠳᠣᠭᠠᠨ ᠤ ᠨᠡᠶᠢᠲᠡ ᠶᠢᠨ ᠦᠢᠯᠡᠴᠢᠯᠡᠭᠡᠨ ᠤ | ᠲᠥᠪ1᠂ ᠲᠣᠰᠬᠤᠨ ᠤ ᠳᠡᠰ ᠤᠨ ᠡᠯᠧᠺᠲᠷᠣᠨ ᠬᠤᠳᠠᠯᠳᠣᠭᠠᠨ ᠤ ᠦᠢᠯᠡᠴᠢᠯᠡᠭᠡᠨ ᠤ ᠦᠷᠲᠡᠭᠡ107 ᠪᠠᠶᠢᠭᠤᠯᠵᠣ᠂ | ᠨᠡᠶᠢᠲᠡ ᠠᠷᠠᠯᠵᠢᠶᠠᠨ ᠤ ᠬᠡᠮᠵᠢᠶ᠎ᠡ 50 ᠳ᠋ᠦᠩᠰᠢᠭᠤᠷ ᠲᠦᠭᠦᠷᠢᠭ ᠢ ᠳᠠᠪᠠᠪᠠ᠃ ᠵᠢᠭᠤᠯᠴᠢᠯᠠᠯ ᠤᠨ ᠦᠢᠯᠡᠰ | ᠥᠷᠨᠢᠭᠦᠨ ᠬᠦᠭᠵᠢᠵᠦ᠂ ︽ᠨᠢᠭᠡ ᠴᠦᠮ᠎ᠡ ᠬᠤᠶᠠᠷ ᠵᠢᠭᠦᠷ ᠣᠯᠠᠨ ᠴᠢᠭ᠋ ᠱᠤᠭᠤᠮ︾ ᠤᠨ ᠪᠦᠬᠦ ᠬᠦᠷᠢᠶ᠎ᠡ | ᠬᠡᠪᠴᠢᠶᠡᠨ ᠳᠠᠬᠢ ᠵᠢᠭᠤᠯᠴᠢᠯᠠᠯ ᠤᠨ ᠰᠢᠨ᠎ᠡ ᠪᠠᠶᠢᠷᠢᠰᠢᠯ ᠠᠩᠬ᠎ᠠ ᠠᠯᠬᠤᠮ ᠪᠦᠷᠢᠯᠳᠦᠵᠦ᠂ ᠵᠣᠭᠠᠴᠠᠭᠰᠠᠳ ᠤᠨ | ᠲᠤᠭ᠎ᠠ ᠨᠡᠶᠢᠲᠡ1000 ᠲᠦᠮᠡᠨ ᠬᠦᠮᠦᠨ ᠤᠳᠠᠭ᠎ᠠ ᠶᠢ ᠳᠠᠪᠠᠭᠰᠠᠨ ᠪᠠᠶᠢᠨ᠎ᠠ᠃ ᠣᠳᠣᠬᠢᠴᠢᠯᠠᠭᠰᠠᠨ ᠪᠠᠷᠠᠭᠠᠨ ᠤ | ᠭᠦᠢᠯᠭᠡᠭᠡ ᠲᠦᠷᠭᠡᠨ ᠬᠦᠭᠵᠢᠵᠦ᠂ ᠬᠤᠸᠠ ᠮᠧᠩ ᠲᠥᠩ ᠲᠠᠷᠢᠶᠠᠯᠠᠩ ᠤᠨ ᠪᠦᠲᠦᠭᠡᠭᠳᠡᠭᠦᠨ ᠤ ᠬᠦᠯᠳᠡᠭᠡᠬᠦ | ᠬᠡᠯᠬᠢᠶᠡᠵᠢᠯ ᠤᠨ ᠬᠤᠷᠢᠶᠠᠨ ᠬᠠᠳᠠᠭᠠᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠣᠭᠳᠠᠨ ᠠᠰᠢᠭᠯᠠᠯᠲᠠ ᠳᠤ | ᠣᠷᠣᠵᠣ᠂ ᠮᠧᠩA ᠪᠠᠷᠠᠭᠠᠨ ᠤ ᠮᠠᠰᠢᠨ᠂ ᠸᠧᠢ ᠫᠢᠨ ᠾᠦᠢ ᠥᠪᠥᠷ ᠮᠣᠩᠭᠤᠯ ᠳᠠᠬᠢ ᠡᠵᠡᠩᠨᠡᠯᠲᠡ ᠶᠢᠨ ᠶᠡᠷᠦᠩᠬᠡᠢ | ᠬᠡᠯᠲᠡᠰ ᠭᠡᠷ᠎ᠡ ᠲᠣᠭᠲᠠᠨ ᠰᠠᠭᠤᠷᠢᠰᠢᠪᠠ᠃ ᠮᠦᠩᠭᠦᠨ ᠭᠦᠢᠯᠭᠡᠭᠡᠨ ᠤ ᠠᠵᠣ ᠦᠢᠯᠡᠰ ᠡᠷᠡᠭᠦᠯ ᠢᠶᠠᠷ ᠬᠦᠭᠵᠢᠵᠦ᠂ | ᠡᠯ᠎ᠡ ᠵᠦᠢᠯ ᠤᠨ ᠬᠠᠳᠠᠭᠠᠯᠠᠯᠲᠠ ᠪᠣᠯᠣᠨ ᠵᠢᠭᠡᠯᠡᠯᠭᠡ ᠶᠢᠨ ᠦᠯᠡᠳᠡᠪᠦᠷᠢ ᠲᠣᠰ ᠪᠦᠷᠢ2012 ᠣᠨ ᠤ ᠬᠢ ᠠᠴᠠ | ᠬᠤᠶᠠᠷ ᠳᠠᠬᠢᠨ ᠪᠣᠯᠣᠨ ᠳᠥᠷᠪᠡᠨ ᠳᠠᠬᠢᠨ ᠢᠶᠠᠷ ᠨᠡᠮᠡᠭᠳᠡᠵᠡᠢ᠃ 2017 ᠣᠨ ᠳᠤ ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠦᠢᠯᠡᠴᠢᠯᠡᠭᠡᠨ ᠤ ᠭᠤᠣᠯᠳᠠᠯᠭ᠎ᠠ ᠲᠠᠢ ᠲᠦᠷᠦᠯ ᠵᠦᠢᠯ10 ᠶᠢ ᠬᠡᠷᠡᠭᠵᠢᠭᠦᠯᠵᠦ᠂ ᠰᠠᠢ ᠺᠧ ᠰᠢᠩ | ᠭᠡᠷ ᠤᠨ ᠲᠡᠵᠢᠭᠡᠪᠦᠷᠢ ᠶᠢᠨ ᠪᠡᠯᠭᠡ ᠶᠢᠨ ᠡᠵᠡᠮᠳᠡᠯ ᠤᠨ ᠮᠡᠷᠭᠡᠵᠢᠯ ᠤᠨ ᠰᠣᠳᠣᠯᠭᠠᠨ ᠤ ᠬᠦᠷᠢᠶᠡᠯᠡᠩ᠂ ᠢ ᠭᠤᠤ | ᠬᠤᠪᠴᠠᠰᠣ ᠣᠭᠢᠶᠠᠬᠤ ᠦᠢᠯᠡᠳᠪᠦᠷᠢ ᠪᠠᠶᠢᠭᠤᠯᠣᠭᠳᠠᠵᠣ ᠠᠰᠢᠭᠯᠠᠯᠲᠠ ᠳᠤ ᠣᠷᠣᠪᠠ᠃ ᠨᠠᠢᠮᠠᠳᠤᠭᠠᠷ | ᠬᠤᠭᠤᠴᠠᠭᠠᠨ ᠤ ᠴᠠᠨ᠎ᠠ ᠴᠡᠴᠡᠭ ᠤᠨ ᠣᠯᠠᠨ ᠣᠯᠣᠰ ᠤᠨ ᠰᠣᠶᠣᠯ ᠵᠢᠭᠤᠯᠴᠢᠯᠠᠯ ᠤᠨ ᠨᠠᠶᠢᠷ᠂ ᠣᠯᠠᠨ ᠣᠯᠣᠰ ᠤᠨ | ᠠᠮᠲᠠᠲᠤ ᠢᠳᠡᠭᠡᠨ ᠤ ᠨᠠᠶᠢᠷ᠂ ᠣᠯᠠᠨ ᠣᠯᠣᠰ ᠤᠨ ᠳᠠᠭᠤᠣ ᠬᠦᠭᠵᠢᠮ ᠤᠨ ᠨᠠᠶᠢᠷ᠂ ᠥᠩᠭᠡᠲᠦ ᠳ᠋ᠧᠩ ᠤᠨ ᠨᠠᠶᠢᠷ ᠢ | ᠠᠮᠵᠢᠯᠲᠠ ᠲᠠᠢ ᠥᠷᠨᠢᠭᠦᠯᠵᠦ᠂ ᠪᠠᠰᠠ ᠳᠣᠮᠳᠠᠳᠣ ᠶᠢᠨ ᠦᠨᠳᠦᠰᠦᠲᠡᠨ ᠤ ᠮᠣᠷᠢ ᠣᠷᠣᠯᠳᠣᠬᠤ ᠣᠯᠠᠮᠵᠢᠯᠠᠯᠲᠣ | ᠲᠡᠪᠴᠢᠶᠡᠷᠢᠲᠦ ᠣᠷᠣᠯᠳᠣᠭᠠᠨ ᠪᠣᠯᠣᠨ2017 ᠣᠨ ᠤ ᠲᠠᠯ᠎ᠠ ᠨᠣᠲᠤᠭ ᠤᠨ ᠵᠢᠪᠬᠤᠭ᠎ᠠ ᠳᠣᠮᠳᠠᠳᠣ ᠮᠣᠩᠭᠤᠯ | ᠣᠷᠣᠰ ᠤᠨ ᠴᠢᠯᠦᠭᠡᠲᠦ ᠨᠢᠳᠣᠷᠭ᠎ᠠ ᠶᠢᠨ ᠲᠡᠮᠡᠴᠡᠭᠡᠨ ᠤ ᠬᠦᠰᠢᠭᠡ ᠢᠷᠠᠬᠤ ᠣᠷᠣᠯᠳᠣᠭᠠᠨ ᠵᠡᠷᠭᠡ ᠴᠢᠬᠤᠯᠠ ᠶᠡᠭᠡ | ᠨᠠᠶᠢᠷ ᠨᠠᠭᠠᠳᠣᠮ ᠤᠨ ᠬᠦᠳᠡᠯᠭᠡᠭᠡᠨ ᠢ ᠥᠷᠨᠢᠭᠦᠯᠦᠨ᠂ ᠪᠦᠬᠦ ᠵᠢᠯ ᠤᠨ ᠬᠦᠯᠢᠶᠡᠨ ᠠᠪᠣᠭᠰᠠᠨ ᠵᠣᠭᠠᠴᠠᠭᠰᠠᠳ ᠪᠠᠷᠤᠭ | 220 ᠲᠦᠮᠡᠨ ᠬᠦᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠭᠰᠡᠨ | ᠪᠠᠶᠢᠨ᠎ᠠ᠃ | ᠦᠩᠭᠡᠷᠡᠭᠰᠡᠨ ᠲᠠᠪᠣᠨ ᠵᠢᠯ ᠳᠤ᠂ ᠪᠢᠳᠡ ᠦᠢᠯᠡᠳᠦᠯ ᠴᠢᠳᠠᠮᠵᠢ ᠶᠢᠨ ᠳᠣᠲᠠᠭᠤᠳᠠᠯ ᠢᠶᠠᠨ ᠬᠦᠴᠦᠯᠡᠨ | ᠨᠦᠬᠦᠪᠦᠷᠢᠯᠡᠵᠦ᠂ ᠬᠤᠲᠠ ᠬᠦᠳᠡᠭᠡ ᠶᠢᠨ ᠳᠦᠷᠢ ᠳᠥᠷᠬᠦ ᠢᠯᠡᠳᠲᠡ ᠰᠠᠶᠢᠵᠢᠷᠠᠪᠠ᠃ | ᠬᠤᠲᠠ ᠪᠠᠯᠭᠠᠰᠣ ᠶᠢᠨ ᠪᠦᠲᠦᠭᠡᠨ ᠪᠠᠶᠢᠭᠤᠯᠣᠯᠲᠠ ᠶᠢᠨ ᠬᠠᠮᠢᠶᠠᠷᠣᠯᠲᠠ ᠨᠠᠷᠢᠯᠢᠭ ᠲᠡᠰᠢ ᠠᠬᠢᠪᠠ᠃ ᠲᠠᠪᠣᠨ | ᠵᠢᠯ ᠤᠨ ᠲᠣᠷᠰᠢ᠂ ᠪᠢᠳᠡ ᠢᠮᠠᠭᠲᠠ ᠲᠦᠯᠦᠪᠵᠢᠭᠦᠯᠭᠡ ᠪᠠᠷ ᠬᠤᠰᠢᠭᠤᠴᠢᠯᠠᠭᠤᠯᠬᠤ ᠶᠢ ᠪᠠᠷᠢᠮᠲᠠᠯᠠᠵᠣ᠂ ᠬᠤᠷᠢᠨᠭᠡᠷ | ᠰᠢᠶᠠᠨ ᠤ ᠬᠤᠲᠠ ᠶᠢᠨ ᠶᠡᠷᠦᠩᠬᠡᠢ ᠲᠦᠯᠦᠪᠵᠢᠭᠦᠯᠭᠡ ᠶᠢ ᠵᠠᠰᠠᠨ ᠨᠠᠶᠢᠷᠠᠭᠤᠯᠬᠤ ᠶᠢᠨ ᠬᠠᠮᠲᠣ ᠠᠩᠬ᠎ᠠ ᠠᠯᠬᠤᠮ ᠦᠷ᠎ᠡ | ᠪᠦᠲᠦᠭᠡᠯ ᠲᠠᠢ ᠪᠣᠯᠪᠠ᠃ ᠴᠧᠩ ᠭᠤᠸᠠᠨ ᠪᠠᠯᠭᠠᠰᠣ ᠪᠠᠷ ᠲᠥᠪ ᠪᠣᠯᠭᠠᠵᠣ᠂ ᠣᠷᠣᠨ ᠵᠠᠢ ᠶᠢᠨ | ᠪᠠᠶᠢᠷᠢᠰᠢᠭᠤᠯᠣᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠲᠠ ᠪᠠᠯᠭᠠᠰᠣ ᠶᠢᠨ ᠵᠠᠭᠪᠣᠷ ᠲᠠᠰᠣᠷᠠᠯᠲᠠ | ᠦᠭᠡᠢ ᠶᠡᠬᠡᠳᠴᠦ᠂ ᠪᠠᠶᠢᠭᠤᠯᠣᠨ ᠳᠠᠭᠤᠰᠣᠭᠰᠠᠨ ᠲᠠᠯᠠᠪᠠᠢ ᠥᠷᠭᠡᠳᠦᠭᠡᠳ19 ᠲᠡᠭᠰᠢ ᠳᠦᠷᠪᠡᠯᠵᠢᠨ ᠺᠢᠯᠣᠮᠧᠲᠷ | ᠬᠦᠷᠴᠦ᠂ ᠬᠤᠲᠠ ᠪᠠᠯᠭᠠᠰᠣᠵᠢᠯᠲᠠ ᠶᠢᠨ ᠬᠡᠮᠵᠢᠶ᠎ᠡ 45% ᠬᠦᠷᠪᠡ᠃ ᠦᠨᠳᠦᠷ ᠪᠠᠷᠢᠮᠵᠢᠶ᠎ᠠ ᠪᠠᠷ ᠪᠣᠥ ᠪᠸᠢ | ᠭᠤᠣᠯ ᠤᠨ ᠲᠠᠮᠢᠷ ᠣᠷᠠᠯᠢᠭ ᠤᠨ ᠴᠡᠴᠡᠷᠯᠢᠭ᠂ ᠲᠧᠦ ᠳ᠋ᠣᠣ ᠭᠧᠦ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ | ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠳᠠᠭᠤᠰᠬᠠᠵᠣ᠂ ᠨᠣᠭᠤᠭᠠᠷᠠᠭᠤᠯᠣᠯᠲᠠ ᠶᠢᠨ ᠨᠣᠷᠮ᠎ᠠ36.6% ᠬᠦᠷᠴᠡᠢ᠃ | ᠪᠢᠨ ᠾᠧ ᠡᠮᠦᠨ᠎ᠡ ᠵᠠᠮ᠂ ᠲᠣᠸᠠᠨ ᠪᠦ᠋ ᠵᠠᠮ ᠲᠡᠷᠭᠡ ᠨᠡᠪᠲᠡᠷᠡᠵᠦ᠂ ᠾᠦᠩ ᠴᠢ ᠵᠡᠭᠡᠯᠢ᠂ ᠾᠥᠩ ᠸᠧᠢ ᠵᠡᠭᠡᠯᠢ | ᠵᠢᠴᠢ ᠾᠧ ᠱᠧᠩ ᠵᠠᠮ᠂ ᠾᠧ ᠲᠦᠸᠧ ᠵᠠᠮ᠂ ᠾᠧ ᠴᠢᠩ ᠵᠠᠮ᠂ ᠾᠧ ᠶᠠᠩ ᠵᠠᠮ ᠤᠨ ᠬᠤᠲᠠ ᠭᠠᠷᠬᠤ ᠵᠠᠮ ᠢ | ᠥᠭᠡᠷᠡᠴᠢᠯᠡᠬᠦ ᠢᠨᠵᠧᠨᠧᠷᠢᠩ ᠪᠦᠬᠦᠨ ᠢᠶᠠᠷ ᠳᠠᠭᠤᠰᠪᠠ᠃ ᠰᠢᠨ᠎ᠡ ᠪᠠᠷ ᠪᠠᠶᠢᠭᠤᠯᠣᠭᠰᠠᠨ ᠪᠠ ᠥᠭᠡᠷᠡᠴᠢᠯᠡᠭᠰᠡᠨ | ᠬᠠᠭᠤᠴᠢᠨ ᠬᠤᠲᠠ ᠶᠢᠨ ᠵᠠᠮ ᠨᠡᠶᠢᠲᠡ32 ᠺᠢᠯᠣᠮᠧᠲᠷ᠂ ᠲᠦᠬᠦᠷᠵᠢᠭᠰᠡᠨ ᠬᠤᠭᠤᠯᠠᠢ ᠶᠢᠨ ᠲᠣᠣᠷ106 ᠺᠢᠯᠣᠮᠧᠲᠷ | ᠪᠠᠶᠢᠵᠣ᠂ ᠭᠤᠣᠯ ᠳᠡᠳ᠋ ᠵᠠᠮ ᠤᠨ ᠬᠤᠲᠠ ᠶᠢᠨ ᠵᠠᠰᠠᠭ ᠤᠨ ᠪᠡᠯᠡᠳᠬᠡᠮᠵᠢ ᠪᠠᠶᠢᠷᠢᠰᠢᠭᠤᠯᠣᠯᠲᠠ ᠪᠦᠬᠦ ᠲᠠᠯ᠎ᠠ ᠪᠠᠷ | ᠰᠢᠯᠢᠳᠡᠭᠵᠢᠵᠦ᠂ ᠠᠭᠤᠳᠠᠮ ᠲᠠᠯᠠᠪᠠᠢ᠂ ᠲᠡᠷᠭᠡᠨ ᠵᠣᠭᠰᠣᠭᠠᠯ᠂ ᠨᠡᠶᠢᠲᠡ ᠶᠢᠨ ᠮᠠᠰᠢᠨ ᠬᠦᠯᠢᠶᠡᠬᠦ ᠰᠡᠭᠦᠳᠡᠷᠡᠪᠴᠢ᠂ | ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠰᠠᠭᠤᠷᠢ ᠪᠡᠯᠡᠳᠬᠡᠮᠵᠢ ᠢᠳᠡᠭ ᠢᠳᠡᠭ ᠢᠶᠠᠷ ᠲᠡᠭᠦᠯᠳᠡᠷᠵᠢᠵᠦ᠂ | ᠶᠡᠷᠦᠩᠬᠡᠶᠢᠯᠡᠭᠰᠡᠨ ᠳᠠᠭᠠᠭᠠᠬᠤ ᠴᠢᠳᠠᠪᠣᠷᠢ ᠢᠯᠡᠳᠲᠡ ᠨᠡᠮᠡᠭᠳᠡᠵᠡᠢ᠃ ᠨᠠᠨ ᠱᠠᠨ ᠠᠭᠤᠯᠠ ᠶᠢᠨ ᠬᠤᠶᠢᠨ᠎ᠠ ᠲᠠᠯ᠎ᠠ᠂ | ᠰᠢᠨ ᠬᠤᠸᠠ ᠪᠠᠷᠠᠭᠤᠨ ᠵᠡᠭᠡᠯᠢ ᠵᠡᠷᠭᠡ ᠭᠠᠵᠠᠷ ᠲᠤ ᠳᠦᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ | ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠨᠡᠶᠢᠲᠡ505 ᠡᠷᠦᠬᠡ ᠥᠭᠡᠷᠡᠴᠢᠯᠡᠨ ᠵᠠᠰᠠᠵᠣ᠂ ᠠᠷᠠᠳ ᠤᠨ ᠣᠷᠣᠰᠢᠨ | ᠰᠠᠭᠤᠬᠤ ᠨᠦᠬᠦᠴᠡᠯ ᠢᠯᠡᠳᠲᠡ ᠰᠠᠶᠢᠵᠢᠷᠠᠪᠠ᠃ 2017 ᠣᠨ ᠳᠤ᠂ ︽ᠲᠠᠪᠣᠨ ᠶᠡᠭᠡ ᠢᠨᠵᠧᠨᠧᠷᠢᠩ︾ ᠢ ᠪᠦᠬᠦ | ᠲᠠᠯ᠎ᠠ ᠪᠠᠷ ᠲᠦᠯᠬᠢᠨ ᠠᠬᠢᠭᠤᠯᠵᠣ᠂ ᠬᠤᠲᠠ ᠪᠠᠯᠭᠠᠰᠣ ᠶᠢᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ31 ᠶᠢ | ᠡᠬᠢᠯᠡᠭᠦᠯᠦᠨ ᠬᠡᠷᠡᠭᠵᠢᠭᠦᠯᠵᠡᠢ᠃ ᠾᠧ ᠱᠧᠩ ᠵᠠᠮ ᠤᠨ ᠵᠠᠮ ᠤᠨ ᠬᠠᠵᠠᠭᠤ ᠶᠢᠨ ᠨᠣᠭᠤᠭᠠᠷᠠᠭᠤᠯᠣᠨ ᠴᠢᠮᠡᠭᠯᠡᠬᠦ | ᠢᠨᠵᠧᠨᠧᠷᠢᠩ ᠯᠠᠪᠳᠠᠭᠤᠨ ᠠᠬᠢᠵᠣ᠂ ᠡᠮᠦᠨ᠎ᠡ ᠶᠡᠭᠡ ᠬᠥᠭᠦᠷᠭᠡ᠂ ᠪᠠᠷᠠᠭᠤᠨ ᠶᠡᠭᠡ ᠭᠥᠭᠦᠷᠭᠡ ᠶᠢ ᠥᠷᠭᠡᠳᠬᠡᠨ ᠵᠠᠰᠠᠬᠤ | ᠪᠠ ᠶᠠᠪᠠᠭᠠᠨ ᠶᠠᠪᠣᠬᠤ ᠭᠥᠭᠦᠷᠭᠡ ᠶᠢ ᠪᠠᠶᠢᠭᠤᠯᠬᠤ ᠢᠨᠵᠧᠨᠧᠷᠢᠩ ᠦᠨᠳᠦᠰᠦᠨ ᠳᠤ ᠪᠠᠨ ᠳᠠᠭᠤᠰᠪᠠ᠃ ᠬᠤᠲᠠ | ᠪᠠᠯᠭᠠᠰᠣᠨ ᠤ ᠬᠠᠮᠢᠶᠠᠷᠣᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠵᠢᠯ ᠤᠨ ᠠᠵᠢᠯᠯᠠᠭ᠎ᠠ ᠶᠢ ᠶᠡᠭᠡ ᠬᠦᠴᠦᠨ ᠢᠶᠠᠷ | ᠥᠷᠨᠢᠭᠦᠯᠵᠦ᠂ ᠬᠤᠲᠠ ᠶᠢᠨ ᠳᠣᠮᠳᠠᠬᠢ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠵᠦ᠂ ᠪᠡᠯᠡᠳᠬᠡᠮᠵᠢ | ᠲᠦᠬᠦᠭᠡᠷᠦᠮᠵᠢ ᠶᠢ ᠪᠦᠬᠦ ᠲᠠᠯ᠎ᠠ ᠪᠠᠷ ᠰᠠᠶᠢᠵᠢᠷᠠᠭᠤᠯᠵᠣ᠂ ᠤᠰᠤ ᠪᠠᠷ ᠴᠡᠪᠡᠷᠯᠡᠬᠦ ᠨᠡᠶᠢᠲᠡ ᠶᠢᠨ ᠵᠣᠷᠯᠣᠩ40 ᠶᠢ | ᠪᠠᠶᠢᠭᠤᠯᠵᠣ᠂ 10 ᠵᠡᠭᠡᠯᠢ ᠭᠤᠳᠣᠮᠵᠢ᠂ 50 ᠲᠡᠷᠭᠡᠨ ᠵᠣᠭᠰᠣᠭᠠᠯ ᠢ ᠬᠠᠲᠠᠭᠤᠷᠠᠭᠤᠯᠪᠠ᠃ ᠬᠤᠲᠠ ᠪᠠᠯᠭᠠᠰᠣ ᠶᠢᠨ | ᠨᠠᠷᠢᠯᠢᠭᠵᠢᠭᠤᠯᠣᠯᠲᠠ ᠶᠢᠨ ᠬᠠᠮᠢᠶᠠᠷᠣᠯᠲᠠ ᠶᠢᠨ ᠣᠷᠲᠣ ᠬᠤᠭᠤᠴᠠᠭᠠᠨ ᠤ ᠲᠣᠭᠲᠠᠴᠠ ᠲᠠᠰᠣᠷᠠᠯᠲᠠ ᠦᠭᠡᠢ | ᠪᠦᠷᠢᠨᠰᠢᠵᠦ᠂ ᠬᠤᠲᠠ ᠪᠠᠯᠭᠠᠰᠣ ᠶᠢᠨ ᠬᠠᠣᠯᠢ ᠬᠡᠷᠡᠭᠵᠢᠭᠦᠯᠬᠦ ᠬᠠᠮᠢᠶᠠᠷᠣᠯᠲᠠ ᠶᠢᠨ ᠬᠢᠷᠢ ᠲᠦᠪᠰᠢᠨ ᠢᠯᠡᠳᠲᠡ | ᠳᠡᠭᠡᠭᠰᠢᠯᠡᠵᠦ᠂ ᠠᠷᠠᠳ ᠤᠨ ᠬᠡᠪ ᠪᠣᠯᠪᠠᠰᠣᠷᠠᠯ ᠲᠠᠰᠣᠷᠠᠯᠲᠠ ᠦᠭᠡᠢ ᠳᠡᠭᠡᠭᠰᠢᠯᠡᠨ᠂ ᠵᠠᠮ ᠨᠡᠪᠲᠡᠷᠡᠯᠭᠡ ᠶᠢᠨ ᠡᠮᠬᠢ | ᠲᠢᠭᠯᠢᠮ ᠤᠯᠠᠮ ᠠᠴᠠ ᠵᠢᠷᠣᠮᠵᠢᠵᠣ᠂ ᠬᠤᠲᠠ ᠶᠢᠨ ᠳᠦᠷᠢ ᠳᠥᠷᠬᠦ ᠢᠯᠡᠳᠲᠡ ᠰᠠᠶᠢᠵᠢᠷᠠᠵᠣ᠂ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠤᠨ ᠰᠢᠶᠠᠨ ᠤ ᠳᠠᠬᠢᠨ ᠪᠠᠶᠢᠴᠠᠭᠠᠯᠲᠠ ᠶᠢ ᠣᠷᠣᠭᠰᠢᠲᠠᠢ ᠥᠩᠭᠡᠷᠡᠭᠡᠵᠦ᠂ ᠥᠪᠡᠷᠲᠡᠭᠡᠨ | ᠵᠠᠰᠠᠬᠤ ᠣᠷᠣᠨ ᠤ ᠴᠡᠴᠡᠷᠯᠢᠭᠲᠦ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ | ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠳᠠᠭᠠᠭᠠᠴᠠ ᠶᠢᠨ ᠴᠢᠳᠠᠪᠣᠷᠢ ᠥᠷᠭᠦᠯᠵᠢᠯᠡᠨ ᠨᠡᠮᠡᠭᠳᠡᠪᠡ᠃ | ᠲᠠᠪᠣᠨ ᠵᠢᠯ ᠤᠨ ᠲᠣᠷᠰᠢ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ︽ᠭᠤᠷᠪᠠᠨ ᠬᠡᠰᠡᠭ᠂ ᠳᠥᠷᠪᠡᠨ | ᠲᠡᠩᠭᠡᠯᠢᠩ᠂ ᠲᠠᠪᠣᠨ ᠪᠦᠰᠡ᠂ ᠵᠢᠷᠭᠤᠭᠠᠨ ᠲᠣᠭᠤᠷᠢᠭ︾ ᠤᠨ ᠣᠷᠣᠨ ᠵᠠᠢ ᠶᠢᠨ ᠶᠡᠷᠦᠩᠬᠡᠢ ᠪᠠᠶᠢᠷᠢᠰᠢᠭᠤᠯᠣᠯᠲᠠ | ᠶᠣᠰᠣᠭᠠᠷ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢᠨ ᠬᠦᠴᠦᠯᠡᠴᠡ ᠪᠠᠨ ᠲᠠᠰᠣᠷᠠᠯᠲᠠ ᠦᠭᠡᠢ | ᠶᠡᠬᠡᠰᠬᠡᠵᠦ᠂ ᠱᠧᠩ ᠯᠧ ᠵᠢᠵᠢᠭ ᠪᠠᠯᠭᠠᠰᠣ ᠶᠢᠨ ᠦᠵᠡᠮᠵᠢ ᠶᠢ ᠰᠠᠶᠢᠵᠢᠷᠠᠭᠤᠯᠣᠨ ᠥᠭᠡᠷᠡᠴᠢᠯᠡᠬᠦ ᠢᠨᠵᠧᠨᠧᠷᠢᠩ ᠢ | ᠦᠨᠳᠦᠷ ᠪᠠᠷᠢᠮᠵᠢᠶ᠎ᠠ ᠪᠠᠷ ᠬᠡᠷᠡᠭᠵᠢᠭᠦᠯᠵᠦ᠂ ᠭᠤᠣᠯ ᠳᠡᠳ᠋ ᠵᠠᠮ ᠨᠡᠶᠢᠲᠡ11 ᠺᠢᠯᠣᠮᠧᠲᠷ ᠰᠢᠨ᠎ᠡ ᠪᠠᠷ ᠵᠠᠰᠠᠨ | ᠥᠭᠡᠷᠡᠴᠢᠯᠡᠵᠦ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠪᠦᠷᠢᠨᠰᠢᠭᠦᠯᠦᠨ ᠲᠦᠬᠦᠷᠵᠢᠭᠦᠯᠵᠦ᠂ ︽ᠳᠣᠯᠣᠭᠠᠨ | ᠬᠦᠨᠳᠡᠯᠡᠨ ᠨᠠᠢᠮᠠᠨ ᠭᠤᠣᠯᠳᠣ︾ ᠶᠡᠷᠦᠩᠬᠡᠢ ᠵᠠᠭᠪᠣᠷ ᠦᠨᠳᠦᠰᠦᠨ ᠳᠤ ᠪᠠᠨ ᠪᠦᠷᠢᠯᠳᠦᠵᠦ᠂ ᠪᠠᠶᠢᠭᠤᠯᠣᠭᠳᠠᠭᠰᠠᠨ | ᠲᠠᠯᠠᠪᠠᠢ24 ᠲᠡᠭᠰᠢ ᠳᠦᠷᠪᠡᠯᠵᠢᠨ ᠺᠢᠯᠣᠮᠧᠲᠷ ᠬᠦᠷᠲᠡᠯ᠎ᠡ ᠥᠷᠭᠡᠳᠪᠡ᠃ ᠠᠮᠢ ᠠᠬᠤᠢ ᠶᠢᠨ ᠨᠣᠭᠤᠭᠠᠷᠠᠭᠤᠯᠣᠯᠲᠠ᠂ | ᠭᠤᠣᠯ ᠤᠨ ᠭᠤᠣᠯᠳᠣᠷᠢᠯ ᠤᠨ ᠵᠠᠰᠠᠯᠲᠠ ᠦᠳᠲᠡᠷ ᠲᠦᠷᠭᠡᠨ ᠬᠦᠭᠵᠢᠵᠦ᠂ ᠨᠣᠭᠤᠭᠠᠷᠠᠭᠤᠯᠣᠯᠲᠠ ᠶᠢᠨ ᠨᠣᠷᠮ᠎ᠠ | ᠳᠡᠭᠡᠭᠰᠢᠯᠡᠭᠡᠳ40% ᠪᠣᠯᠵᠤ᠂ ᠵᠥᠭᠡᠯᠡᠨ ᠬᠠᠲᠠᠭᠤ ᠲᠣᠨᠤᠭ ᠤᠨ ᠪᠦᠲᠦᠭᠡᠨ ᠪᠠᠶᠢᠭᠤᠯᠣᠯᠲᠠ ᠶᠢᠨ ᠬᠢᠷᠢ ᠲᠦᠪᠰᠢᠨ | ᠪᠣᠯᠣᠨ ᠬᠦᠮᠦᠨ ᠠᠮᠠ ᠶᠢᠨ ᠲᠦᠪᠯᠡᠷᠡᠯ ᠤᠨ ᠬᠦᠴᠦᠨ ᠪᠦᠬᠦ ᠲᠠᠯ᠎ᠠ ᠪᠠᠷ ᠳᠡᠭᠡᠭᠰᠢᠯᠡᠨ᠂ ᠪᠣᠬᠢᠷᠳᠣᠯ ᠦᠭᠡᠢ | ᠢᠳᠡᠭᠡᠨ ᠤ ᠠᠵᠣ ᠦᠢᠯᠡᠰ ᠢᠶᠠᠷ ᠭᠤᠣᠯ ᠪᠣᠯᠭᠠᠭᠰᠠᠨ ᠠᠵᠣ ᠦᠢᠯᠡᠰ ᠪᠣᠯᠣᠨ ᠬᠤᠲᠠ ᠶᠢᠨ ᠨᠡᠶᠢᠯᠡᠯᠴᠡᠯ ᠤᠨ ᠵᠢᠱᠢᠶ᠎ᠡ | ᠦᠵᠡᠭᠦᠯᠬᠦ ᠲᠣᠭᠤᠷᠢᠭ ᠤᠨ ᠦᠷ᠎ᠡ ᠪᠦᠲᠦᠮᠵᠢ ᠭᠦᠢᠴᠡᠳ ᠢᠯᠡᠷᠡᠭᠰᠡᠨ ᠪᠠᠶᠢᠨ᠎ᠠ᠃ ᠱᠧᠩ ᠯᠧ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠲᠥᠪᠯᠡᠷᠡᠯ ᠤᠨ ᠣᠷᠣᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ | ᠦᠳᠲᠡᠷ ᠲᠦᠷᠭᠡᠨ ᠠᠬᠢᠵᠣ᠂ 41 ᠺᠢᠯᠣᠮᠧᠲᠷ ᠵᠠᠮ ᠰᠢᠨ᠎ᠡ ᠪᠠᠷ ᠵᠠᠰᠠᠵᠣ᠂ ᠲᠦᠭᠦᠷᠵᠢᠭᠰᠡᠨ ᠭᠠᠵᠠᠷ ᠳᠣᠣᠷᠠᠬᠢ | ᠬᠤᠭᠤᠯᠠᠢ ᠶᠢᠨ ᠲᠣᠣᠷ ᠤᠨ ᠪᠦᠬᠦ ᠱᠤᠭᠤᠮ ᠨᠡᠪᠲᠡᠷᠡᠵᠦ᠂ ︽ᠲᠠᠪᠣᠨ ᠬᠦᠨᠳᠡᠯᠡᠨ ᠵᠢᠷᠭᠤᠭᠠᠨ ᠭᠤᠣᠯᠳᠣ︾ | ᠶᠡᠷᠦᠩᠬᠡᠢ ᠵᠠᠭᠪᠣᠷ ᠠᠩᠬ᠎ᠠ ᠠᠯᠬᠤᠮ ᠪᠦᠷᠢᠯᠳᠦᠵᠦ᠂ ᠪᠠᠶᠢᠭᠤᠯᠣᠭᠳᠠᠭᠰᠠᠨ ᠲᠠᠯᠠᠪᠠᠢ15 ᠲᠡᠭᠰᠢ ᠳᠦᠷᠪᠡᠯᠵᠢᠨ | ᠺᠢᠯᠣᠮᠧᠲᠷ ᠪᠣᠯᠣᠨ ᠥᠷᠭᠡᠳᠴᠦ᠂ ᠦᠨᠳᠦᠷ ᠴᠢᠨᠠᠷ ᠳᠡᠰ ᠢᠶᠠᠷ ᠠᠮᠢ ᠠᠬᠤᠢ ᠶᠢᠨ ᠦᠵᠡᠮᠵᠢ ᠶᠢᠨ ᠣᠰᠣᠨ | ᠰᠢᠰᠲ᠋ᠧᠮ ᠢ 3 ᠺᠢᠯᠣᠮᠧᠲᠷ ᠴᠣᠭᠴᠠᠯᠠᠨ ᠪᠠᠶᠢᠭᠤᠯᠪᠠ᠃ ᠠᠮᠢᠳᠣᠷᠠᠯ ᠤᠨ ᠬᠤᠭ ᠨᠣᠪᠰᠢ ᠶᠢ ᠰᠢᠢᠳᠪᠦᠷᠢᠯᠡᠬᠦ ᠵᠢᠴᠢ | ᠲᠦᠬᠦᠷᠵᠢᠭᠰᠡᠨ ᠢᠨᠵᠧᠨᠧᠷᠢᠩ ᠢ ᠡᠬᠢᠯᠡᠭᠦᠯᠦᠨ ᠪᠠᠶᠢᠭᠤᠯᠵᠣ᠂ ᠵᠦᠩ ᠱᠦᠢ ᠣᠰᠣᠨ ᠤ ᠦᠢᠯᠡᠳᠪᠦᠷᠢ | ᠵᠢᠴᠢ10ᠺᠢᠯᠣᠸᠠᠲ᠂110ᠺᠢᠯᠣᠸᠠᠲ ᠶᠢᠨ ᠴᠠᠬᠢᠯᠭᠠᠨ ᠬᠦᠴᠦᠨ ᠤ ᠨᠦᠬᠡᠨ ᠵᠠᠮ ᠢ ᠯᠠᠪᠳᠠᠭᠤᠨ ᠠᠬᠢᠭᠤᠯᠵᠣ᠂ | ᠹᠧᠩ ᠬᠤᠸᠠ ᠲᠦᠭᠡᠭᠡᠯ ᠣᠰᠣᠨ ᠤ ᠦᠢᠯᠡᠳᠪᠦᠷᠢ᠂ ᠵᠢᠶᠠ ᠮᠢᠩ ᠣᠷᠴᠢᠨ ᠲᠣᠭᠤᠷᠢᠨ ᠶᠢ ᠬᠠᠮᠠᠭᠠᠯᠠᠬᠤ ᠪᠣᠬᠢᠷ | ᠣᠰᠣ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠣᠨ ᠠᠰᠢᠭᠯᠠᠯᠲᠠ ᠳᠤ ᠣᠷᠣᠭᠤᠯᠵᠣ᠂ 110 ᠺᠢᠯᠣᠸᠠᠲ᠂ 220 | ᠺᠢᠯᠣᠸᠠᠲ ᠤᠨ ᠬᠦᠴᠦᠳᠡᠯ ᠬᠦᠷᠭᠡᠨ ᠥᠭᠡᠷᠡᠴᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠵᠣ᠂ ᠠᠵᠣ ᠦᠢᠯᠡᠰ ᠢ | ᠲᠠᠲᠠᠬᠤ ᠪᠣᠯᠣᠨ ᠠᠵᠢᠯ ᠣᠯᠭᠤᠯᠲᠠ ᠶᠢ ᠲᠣᠯᠭᠠᠭᠤᠷᠢᠯᠠᠬᠤ ᠴᠢᠳᠠᠪᠣᠷᠢ ᠲᠠᠰᠣᠷᠠᠯᠲᠠ ᠦᠭᠡᠢ ᠨᠡᠮᠡᠭᠳᠡᠪᠡ᠃2017 | ᠣᠨ ᠳᠤ᠂ ᠲᠠᠷᠢᠶᠠᠯᠠᠩ ᠤᠨ ᠶᠠᠮᠣᠨ ᠤ ᠪᠦᠬᠦ ᠣᠯᠣᠰ ᠤᠨ ᠬᠦᠳᠡᠭᠡ ᠲᠣᠰᠬᠤᠨ ᠤ ᠠᠵᠢᠯ ᠦᠢᠯᠡᠰ ᠪᠣᠰᠬᠠᠵᠣ | ᠰᠢᠨ᠎ᠡ ᠶᠢᠨ ᠡᠭᠦᠳᠬᠦ ᠬᠦᠷᠢᠶᠡᠯᠡᠩ ᠲᠣᠭᠤᠷᠢᠭ ᠤᠨ ᠭᠠᠷᠴᠠᠭ ᠲᠤ ᠰᠣᠩᠭᠤᠭᠳᠠᠨ ᠣᠷᠣᠪᠠ᠃ | ᠦᠵᠡᠰᠭᠦᠯᠡᠩᠲᠦ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠲᠠ ᠶᠢ ᠶᠡᠭᠡ ᠬᠦᠴᠦᠨ ᠢᠶᠠᠷ ᠲᠦᠯᠬᠢᠨ | ᠠᠬᠢᠭᠤᠯᠪᠠ᠃ ᠲᠠᠪᠣᠨ ᠵᠢᠯ ᠤᠨ ᠲᠣᠷᠰᠢ᠂ ᠦᠨᠳᠦᠷ ᠪᠠᠷᠢᠮᠵᠢᠶ᠎ᠠ ᠪᠠᠷ422 ᠲᠣᠰᠬᠤᠨ ᠤ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠣᠯᠲᠠ ᠪᠣᠯᠣᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠴᠡᠭᠴᠡᠯᠡᠨ ᠵᠠᠰᠠᠯᠲᠠ ᠶᠢ | ᠳᠠᠭᠤᠰᠬᠠᠵᠣ᠂ ᠬᠦᠳᠡᠭᠡ ᠲᠣᠰᠬᠤᠨ ᠤ ᠳᠦᠷᠢ ᠳᠥᠷᠬᠦ ᠢᠯᠡᠳᠲᠡ ᠬᠤᠪᠢᠷᠠᠯᠲᠠ ᠭᠠᠷᠴᠠᠢ᠃ ᠦᠨᠳᠦᠷ ᠪᠠᠷᠢᠮᠵᠢᠶᠠᠲᠤ | ᠲᠠᠷᠢᠶᠠᠨ ᠭᠠᠵᠠᠷ12 ᠲᠦᠮᠡᠨ ᠮᠦ ᠪᠠᠶᠢᠭᠤᠯᠵᠣ᠂ ᠮᠢᠩᠭᠠᠨ ᠳ᠋ᠦᠩᠰᠢᠭᠤᠷ ᠵᠢᠩ ᠤᠨ ᠠᠮᠤ ᠪᠣᠳᠠᠭᠠᠨ ᠤ ᠬᠤᠷᠢᠶᠠᠯᠲᠠ | ᠨᠡᠮᠡᠭᠳᠡᠭᠦᠯᠬᠦ᠂ ᠪᠡᠭᠡᠵᠢᠩ ᠲᠢᠶᠠᠨᠵᠢᠨ ᠤ ᠰᠠᠯᠬᠢ ᠲᠣᠭᠤᠰᠣᠨ ᠤ ᠡᠬᠢ ᠶᠢ ᠵᠠᠰᠠᠬᠤ᠂ ᠡᠮᠦᠨ᠎ᠡ ᠶᠣᠣ ᠽᠢ ᠣᠰᠣᠨ | ᠴᠦᠭᠦᠷᠦᠮ ᠤᠨ ᠠᠶᠣᠯ ᠢ ᠠᠷᠢᠯᠭᠠᠨ ᠪᠠᠬᠢᠵᠢᠭᠦᠯᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠳᠠᠭᠤᠰᠬᠠᠵᠣ᠂ | ᠪᠦᠲᠦᠮᠵᠢᠲᠡᠢ ᠣᠰᠣᠯᠠᠬᠤ ᠲᠠᠯᠠᠪᠠᠢ39 ᠲᠦᠮᠡᠨ ᠮᠦ ᠪᠣᠯᠲᠠᠯ᠎ᠠ ᠨᠡᠮᠡᠭᠳᠡᠨ᠂ ᠲᠠᠷᠢᠶᠠᠯᠠᠩ ᠤᠨ ᠰᠠᠭᠤᠷᠢ ᠪᠡᠯᠡᠳᠬᠡᠮᠵᠢ | ᠠᠯᠬᠤᠮ ᠠᠯᠬᠤᠮ ᠢᠶᠠᠷ ᠲᠡᠭᠦᠯᠳᠡᠷᠵᠢᠪᠡ᠃ ᠬᠦᠴᠦᠳᠡᠯ ᠬᠦᠷᠭᠡᠨ ᠥᠭᠡᠷᠡᠴᠢᠯᠡᠬᠦ ᠥᠷᠲᠡᠭᠡ 6 ᠶᠢ ᠪᠠᠶᠢᠭᠤᠯᠵᠣ᠂ | ᠦᠨᠳᠦᠷ ᠳᠣᠣᠷ᠎ᠠ ᠳᠠᠷᠣᠯᠲᠠᠲᠣ ᠬᠤᠲᠠ ᠶᠢᠨ ᠰᠦᠯᠵᠢᠶ᠎ᠡ᠂ ᠬᠦᠳᠡᠭᠡ ᠲᠣᠰᠬᠤᠨ ᠤ ᠴᠠᠬᠢᠯᠭᠠᠨ ᠲᠣᠣᠷ ᠤᠨ | ᠱᠤᠭᠤᠮ842 ᠺᠢᠯᠣᠮᠧᠲᠷ ᠥᠭᠡᠷᠡᠴᠢᠯᠡᠵᠦ᠂ ᠴᠠᠬᠢᠯᠭᠠᠨ ᠬᠦᠴᠦ ᠶᠢ ᠪᠠᠲᠣᠯᠠᠬᠤ ᠴᠢᠳᠠᠪᠣᠷᠢ ᠶᠡᠭᠡ ᠬᠡᠮᠵᠢᠶ᠎ᠡ ᠪᠠᠷ | ᠳᠡᠭᠡᠭᠰᠢᠯᠡᠪᠡ᠃ ᠪᠦᠬᠦ ᠰᠢᠶᠠᠨ ᠤ ᠵᠠᠰᠠᠮᠠᠯ ᠵᠠᠮ ᠤᠨ ᠶᠡᠷᠦᠩᠬᠡᠢ ᠵᠠᠢ1158 ᠺᠢᠯᠣᠮᠧᠲᠷ ᠪᠣᠯᠲᠠᠯ᠎ᠠ ᠨᠡᠮᠡᠭᠳᠡᠵᠦ᠂ | ᠵᠠᠰᠠᠭ ᠵᠠᠬᠢᠷᠭᠠᠨ ᠤ ᠲᠣᠰᠬᠤᠨ ᠤ ᠬᠤᠭᠤᠷᠣᠨᠳᠣᠬᠢ ᠵᠠᠮ ᠤᠨ ᠨᠡᠪᠲᠡᠷᠡᠯᠴᠡᠬᠦ ᠨᠣᠷᠮ᠎ᠠ ᠪᠣᠯᠣᠨ ᠵᠠᠮ ᠤᠨ | ᠭᠠᠳᠠᠷᠭᠤ ᠶᠢᠨ ᠬᠠᠲᠠᠭᠤᠷᠠᠭᠤᠯᠣᠭᠰᠨ ᠨᠣᠷᠮ᠎ᠠ ᠶᠢᠨ ︽ᠬᠤᠣᠰ ᠵᠠᠭᠤ︾ ᠶᠢᠨ ᠬᠠᠷᠠᠯᠲᠠ ᠶᠢ ᠦᠨᠳᠦᠰᠦᠨ ᠳᠤ ᠪᠠᠨ | ᠪᠡᠶᠡᠯᠡᠭᠦᠯᠪᠡ᠃ 2017 ᠣᠨ ᠳᠤ᠂ ᠣᠯᠣᠰ ᠤᠨ ᠠᠩᠬᠠᠨ ᠤ ᠪᠦᠯᠦᠭ ᠬᠤᠲᠠ ᠬᠦᠳᠡᠭᠡ ᠶᠢᠨ ᠵᠠᠮ | ᠲᠡᠭᠡᠭᠡᠪᠦᠷᠢ ᠶᠢᠨ ᠨᠢᠭᠡ ᠴᠣᠭᠴᠠᠵᠢᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠰᠢᠶᠠᠨ ᠢᠶᠠᠷ | ᠲᠣᠭᠲᠠᠭᠠᠭᠳᠠᠪᠠ᠃ | ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢᠨ ᠰᠢᠨ᠎ᠡ ᠬᠢᠷᠢ ᠪᠦᠲᠦᠮᠵᠢ ᠭᠠᠷᠭᠠᠬᠤ ᠳᠤ ᠪᠦᠬᠦ | ᠲᠠᠯ᠎ᠠ ᠪᠠᠷ ᠦᠢᠯᠡᠴᠢᠯᠡᠪᠡ᠃ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠳᠤ ᠵᠣᠬᠢᠴᠠᠭᠤᠯᠵᠣ᠂ ︽ᠬᠤᠶᠠᠷ | ᠭᠤᠣᠯ ᠨᠢᠭᠡ ᠭᠤᠣᠯᠳᠣᠷᠢᠯ︾ ᠭᠠᠵᠠᠷ ᠰᠢᠷᠣᠢ ᠶᠢᠨ ᠲᠠᠲᠠᠪᠣᠷᠢᠯᠠᠯᠲᠠ ᠶᠢ 4.2 ᠲᠦᠮᠡᠨ ᠮᠦ ᠪᠡᠶᠡᠯᠡᠭᠦᠯᠵᠦ᠂ ᠥᠪᠥᠷ | ᠮᠣᠩᠭᠤᠯ ᠤᠨ ᠣᠷᠠᠯᠢᠭ ᠤᠨ ᠳᠡᠭᠡᠳᠦ ᠰᠣᠷᠭᠠᠭᠤᠯᠢ ᠵᠢᠴᠢ ᠮᠦᠩᠭᠦᠨ ᠭᠦᠢᠯᠭᠡᠭᠡᠨ ᠤ ᠵᠢᠵᠢᠭ ᠪᠠᠯᠭᠠᠰᠣ᠂ ᠲᠤᠭ᠎ᠠ | ᠪᠦᠭᠡᠭᠡᠨᠡᠷᠡᠯ ᠤᠨ ᠵᠢᠵᠢᠭ ᠪᠠᠯᠭᠠᠰᠣ ᠶᠢᠨ ᠨᠢᠭᠡᠳᠦᠭᠡᠷ ᠬᠤᠭᠤᠴᠠᠭ᠎ᠠ ᠶᠢᠨ ᠲᠦᠷᠦᠯ ᠵᠦᠢᠯ ᠢ ᠡᠬᠢᠯᠡᠭᠦᠯᠦᠨ ᠪᠠᠶᠢᠭᠤᠯᠵᠣ | ᠂ ᠰᠣᠷᠭᠠᠨ ᠬᠦᠮᠦᠵᠢᠯ ᠤᠨ ᠵᠢᠵᠢᠭ ᠪᠠᠯᠭᠠᠰᠣ᠂ ᠡᠷᠡᠭᠦᠯ ᠮᠡᠨᠳᠦ ᠶᠢᠨ ᠵᠢᠵᠢᠭ ᠪᠠᠯᠭᠠᠰᠤ ᠶᠢᠨ ᠲᠦᠯᠦᠪᠵᠢᠭᠦᠯᠭᠡ ᠶᠢᠨ | ᠪᠠᠶᠢᠭᠤᠯᠣᠯᠲᠠ ᠡᠮᠬᠢ ᠵᠢᠷᠣᠮ ᠲᠠᠢ ᠶᠠᠪᠣᠭᠳᠠᠵᠣ᠂ ᠡᠷᠡᠭᠦᠯᠵᠢᠯ ᠤᠨ ᠲᠣᠰᠠᠯᠠᠬᠤ ᠪᠠᠭᠠᠵᠢ ᠶᠢᠨ ᠠᠵᠣ ᠦᠢᠯᠡᠰ ᠤᠨ | ᠬᠦᠷᠢᠶᠡᠯᠡᠩ ᠤᠨ ᠡᠮᠦᠨᠡᠬᠢ ᠬᠤᠭᠤᠴᠠᠭᠠᠨ ᠤ ᠠᠵᠢᠯ ᠯᠠᠪᠳᠠᠭᠤᠨ ᠪᠠᠳᠣᠲᠠᠢ ᠶᠠᠪᠣᠭᠳᠠᠵᠣ ᠪᠠᠶᠢᠭ᠎ᠠ ᠮᠦᠷᠲᠡᠭᠡᠨ | ᠣᠯᠣᠰ ᠤᠨ ᠡᠷᠡᠭᠦᠯᠵᠢᠯ ᠤᠨ ᠲᠣᠰᠠᠯᠠᠬᠤ ᠪᠠᠭᠠᠵᠢ ᠶᠢᠨ ᠶᠡᠷᠦᠩᠬᠡᠶᠢᠯᠡᠭᠰᠡᠨ ᠰᠢᠨ᠎ᠡ ᠶᠢ ᠡᠭᠦᠳᠬᠦ ᠲᠣᠷᠰᠢᠯᠲᠠ ᠶᠢᠨ | ᠴᠢᠭ᠋ ᠢᠶᠠᠷ ᠠᠮᠵᠢᠯᠲᠠ ᠲᠠᠢ ᠮᠡᠳᠡᠭᠦᠯᠦᠭᠰᠡᠨ ᠪᠠᠶᠢᠨ᠎ᠠ᠃ ᠬᠦᠬᠡᠬᠤᠲᠠ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ | ᠪᠠᠶᠢᠭᠤᠯᠣᠯᠲᠠ ᠶᠢᠨ ᠲᠦᠷᠦᠯ ᠵᠦᠢᠯ ᠤᠨ ᠭᠠᠵᠠᠷ ᠰᠢᠷᠣᠢ ᠭᠡᠷ ᠪᠠᠶᠢᠰᠢᠩ ᠤᠨ ᠲᠠᠲᠠᠪᠣᠷᠢᠯᠠᠯᠲᠠ ᠶᠢᠨ ᠨᠦᠬᠦᠪᠦᠷᠢᠯᠡᠨ | ᠲᠣᠬᠤᠨᠢᠭᠤᠯᠬᠤ ᠠᠵᠢᠯ ᠢ ᠶᠡᠬᠡᠪᠡᠷ ᠲᠦᠯᠬᠢᠨ ᠠᠬᠢᠭᠤᠯᠵᠣ᠂ ᠲᠠᠲᠠᠪᠣᠷᠢᠯᠠᠭᠰᠠᠨ ᠭᠠᠵᠠᠷ ᠰᠢᠷᠣᠢ ᠨᠡᠶᠢᠲᠡ3.6 | ᠲᠦᠮᠡᠨ ᠮᠦ ᠪᠠᠶᠢᠵᠣ᠂ ᠲᠠᠲᠠᠪᠣᠷᠢᠯᠠᠨ ᠨᠣᠷᠠᠭᠠᠭᠰᠠᠨ ᠭᠡᠷ ᠪᠠᠶᠢᠰᠢᠩ1563 ᠡᠷᠦᠬᠡ ᠪᠣᠯᠣᠨ᠎ᠠ᠃ ᠰᠢᠨ᠎ᠡ | ᠨᠢᠰᠬᠡᠯ ᠤᠨ ᠪᠠᠭᠤᠳᠠᠯ ᠤᠨ ᠪᠣᠴᠠᠨ ᠨᠡᠭᠦᠯᠭᠡᠬᠦ ᠬᠤᠷᠢᠶᠠᠯᠠᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ | ᠲᠣᠰᠢᠶᠠᠨ ᠬᠡᠷᠡᠭᠯᠡᠭᠦᠯᠵᠦ᠂ ᠪᠠᠭᠤᠳᠠᠯ ᠳᠤ ᠣᠷᠣᠬᠤ ᠵᠠᠮ ᠤᠨ ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ | ᠣᠷᠣᠭᠰᠢᠲᠠᠢ ᠶᠠᠪᠣᠭᠳᠠᠵᠣ ᠪᠠᠶᠢᠨ᠎ᠠ᠃ | ᠥᠩᠭᠡᠷᠡᠭᠰᠡᠨ ᠲᠠᠪᠣᠨ ᠵᠢᠯ᠂ ᠪᠢᠳᠡ ᠠᠷᠠᠳ ᠤᠨ ᠠᠮᠢᠳᠣᠷᠠᠯ ᠢ ᠪᠠᠲᠣᠯᠠᠨ ᠰᠠᠶᠢᠵᠢᠷᠠᠭᠤᠯᠬᠤ ᠳᠤ ᠬᠦᠴᠦᠨ | ᠲᠠᠯᠪᠢᠵᠣ᠂ ᠠᠷᠠᠳ ᠤᠨ ᠠᠮᠢᠳᠣᠷᠠᠯ ᠤᠨ ᠲᠦᠪᠰᠢᠨ ᠢᠯᠡᠳᠲᠡ ᠳᠡᠭᠡᠭᠰᠢᠯᠡᠪᠡ᠃ | ᠨᠡᠶᠢᠭᠡᠮ ᠤᠨ ᠠᠵᠣ ᠦᠢᠯᠡᠰ ᠢᠯᠡᠳᠲᠡ ᠳᠠᠪᠰᠢᠪᠠ᠃ ᠲᠠᠪᠣᠨ ᠵᠢᠯ ᠤᠨ ᠲᠣᠷᠰᠢ᠂ ᠰᠣᠷᠭᠠᠨ ᠬᠦᠮᠦᠵᠢᠯ ᠢᠶᠠᠷ | ᠰᠢᠶᠠᠨ ᠢᠶᠠᠨ ᠬᠦᠴᠦᠷᠬᠡᠭᠵᠢᠭᠦᠯᠬᠦ᠂ ᠴᠢᠳᠠᠪᠣᠷᠢᠲᠠᠨ ᠢᠶᠠᠷ ᠰᠢᠶᠠᠨ ᠢᠶᠠᠨ ᠬᠦᠴᠦᠷᠬᠡᠭᠵᠢᠭᠦᠯᠬᠦ ᠪᠠᠶᠢᠯᠳᠣᠬᠤ | ᠪᠣᠳᠣᠯᠭ᠎ᠠ ᠶᠢ ᠶᠡᠬᠡᠪᠡᠷ ᠲᠦᠯᠬᠢᠨ ᠠᠬᠢᠭᠤᠯᠵᠣ᠂ ᠰᠣᠷᠭᠠᠨ ᠬᠦᠮᠦᠵᠢᠯ ᠤᠨ ᠣᠷᠣᠭᠤᠯᠣᠯᠲᠠ ᠶᠢ ᠨᠡᠮᠡᠭᠳᠡᠭᠦᠯᠵᠦ᠂ | ᠵᠢᠭᠠᠨ ᠰᠣᠷᠭᠠᠬᠤ ᠣᠷᠴᠢᠨ ᠲᠣᠭᠤᠷᠢᠨ ᠢ ᠰᠠᠶᠢᠵᠢᠷᠠᠭᠤᠯᠣᠨ᠂ ᠪᠠᠭᠰᠢ ᠶᠢᠨ ᠴᠠᠯᠢᠩ ᠬᠦᠯᠦᠰᠦᠨ ᠤ ᠲᠦᠪᠰᠢᠨ ᠢ | ᠳᠡᠭᠡᠭᠰᠢᠯᠡᠭᠦᠯᠵᠦ᠂ ᠪᠦᠬᠦ ᠰᠢᠶᠠᠨ ᠤ ᠰᠣᠷᠭᠠᠨ ᠬᠦᠮᠦᠵᠢᠯ ᠤᠨ ᠠᠵᠢᠯ ᠦᠢᠯᠡᠰ ᠤᠨ ᠬᠦᠭᠵᠢᠯᠲᠡ ᠶᠢ ᠪᠦᠲᠦᠮᠵᠢᠲᠡᠢ | ᠲᠦᠯᠬᠢᠨ ᠠᠬᠢᠭᠤᠯᠵᠠᠢ᠃ ᠬᠡᠥᠬᠡᠳ ᠤᠨ ᠴᠡᠴᠡᠷᠯᠢᠭ᠂ ᠰᠣᠷᠭᠠᠭᠤᠯᠢ16 ᠶᠢ ᠰᠢᠨ᠎ᠡ ᠪᠠᠷ ᠪᠠᠶᠢᠭᠤᠯᠵᠣ ᠥᠭᠡᠷᠡᠴᠢᠯᠡᠨ | ᠶᠡᠬᠡᠳᠬᠡᠵᠦ᠂ ᠣᠯᠣᠰ ᠤᠨ ᠬᠡᠪ ᠴᠢᠨᠠᠷ ᠤᠨ ᠰᠣᠷᠭᠠᠨ ᠬᠦᠮᠦᠵᠢᠯ ᠤᠨ ᠬᠦᠭᠵᠢᠯᠲᠡ ᠶᠢᠨ ᠦᠨᠳᠦᠰᠦᠨ | ᠲᠡᠩᠴᠡᠭᠦᠷᠢᠲᠡᠢ ᠰᠢᠶᠠᠨ ᠤ ᠦᠨᠡᠯᠡᠨ ᠵᠢᠱᠢᠬᠦ ᠰᠢᠯᠭᠠᠯᠲᠠ ᠶᠢ ᠣᠷᠣᠭᠰᠢᠲᠠᠢ ᠥᠩᠭᠡᠷᠡᠪᠡ᠃ ᠦᠨᠳᠦᠰᠦᠲᠡᠨ ᠤ | ᠰᠣᠷᠭᠠᠨ ᠬᠦᠮᠦᠵᠢᠯ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠪᠦᠬᠦ ᠲᠠᠯ᠎ᠠ ᠪᠠᠷ ᠬᠦᠭᠵᠢᠪᠡ᠃ 2017 ᠣᠨ ᠤ | ᠳᠡᠭᠡᠳᠦ ᠰᠣᠷᠭᠠᠭᠤᠯᠢ ᠳᠤ ᠰᠢᠯᠭᠠᠭᠤᠯᠣᠭᠰᠠᠨ ᠬᠢᠷᠢ ᠪᠦᠲᠦᠮᠵᠢ ᠳᠠᠬᠢᠨᠲᠠ ᠰᠢᠯᠢᠳᠡᠭ ᠠᠮᠵᠢᠯᠲᠠ ᠭᠠᠷᠭᠠᠵᠣ᠂ ᠳᠡᠭᠡᠳᠦ | ᠰᠣᠷᠭᠠᠭᠤᠯᠢ ᠳᠤ ᠰᠢᠯᠭᠠᠵᠣ ᠣᠷᠣᠭᠰᠠᠨ ᠨᠣᠷᠮ᠎ᠠ ᠠᠷᠪᠠᠨ ᠲᠠᠪᠣᠨ ᠵᠢᠯ ᠳᠠᠷᠠᠭᠠᠯᠠᠨ ᠪᠦᠬᠦ ᠬᠤᠲᠠ ᠶᠢᠨ | ᠲᠠᠷᠢᠶᠠᠯᠠᠩ ᠤᠨ ᠬᠤᠰᠢᠭᠤ ᠰᠢᠶᠠᠨ ᠤ ᠨᠢᠭᠡᠳᠦᠭᠡᠷ ᠲᠤ ᠪᠠᠶᠢᠷᠢᠯᠠᠪᠠ᠃ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ | ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠᠶᠢᠭᠤᠯᠣᠭᠳᠠᠨ ᠠᠰᠢᠭᠯᠠᠯᠲᠠ ᠳᠤ ᠣᠷᠣᠵᠣ᠂ ᠰᠢᠶᠠᠩ ᠪᠠᠯᠭᠠᠰᠣᠨ ᠤ | ᠡᠷᠡᠭᠦᠯ ᠬᠠᠮᠠᠭᠠᠯᠠᠯ ᠤᠨ ᠬᠤᠷᠢᠶ᠎ᠠ10᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ130 ᠶᠢ ᠰᠢᠨ᠎ᠡ ᠪᠠᠷ | ᠪᠠᠶᠢᠭᠤᠯᠣᠭᠰᠠᠨ ᠪᠠ ᠥᠭᠡᠷᠡᠴᠢᠯᠡᠨ ᠶᠡᠬᠡᠳᠬᠡᠵᠦ᠂ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠡᠩᠴᠡᠭᠦᠷᠢᠰᠢᠭᠦᠯᠦᠯᠲᠡ ᠶᠢᠨ ᠬᠢᠷᠢ ᠲᠦᠪᠰᠢᠨ ᠲᠠᠰᠣᠷᠠᠯᠲᠠ ᠦᠭᠡᠢ ᠳᠡᠭᠡᠭᠰᠢᠯᠡᠪᠡ᠃ ︽ᠬᠤᠶᠠᠷ ᠬᠡᠥᠬᠡᠳ ᠠᠪᠬᠤ︾ | ᠲᠦᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠲᠦᠷᠦᠬᠦ ᠬᠦᠮᠦᠨ ᠠᠮᠠ ᠶᠢᠨ ᠴᠢᠨᠠᠷ ᠤᠨ | ᠢᠯᠭᠠᠯ ᠤᠨ ᠬᠠᠷᠢᠴᠠᠯ ᠯᠠᠪᠳᠠᠭᠤᠨ ᠪᠠᠶᠢᠨ᠎ᠠ᠃ ᠰᠢᠶᠠᠨ ᠤ ᠠᠷᠠᠳ ᠤᠨ ᠲᠠᠮᠢᠷ ᠤᠨ ᠲᠠᠯᠠᠪᠠᠢ᠂ ᠪᠣᠥ ᠪᠧᠢ ᠾᠧ | ᠭᠤᠣᠯ ᠢ ᠳᠠᠭᠠᠭᠰᠠᠨ ᠲᠠᠮᠢᠷ ᠣᠷᠠᠯᠢᠭ ᠤᠨ ᠪᠡᠯᠡᠳᠬᠡᠮᠵᠢ ᠵᠢᠴᠢ ᠨᠣᠮ ᠤᠨ ᠰᠠᠩ᠂ ᠰᠣᠶᠣᠯ ᠤᠨ ᠣᠷᠳᠣᠨ᠂ | ᠫᠢᠩᠫᠣᠩ ᠪᠦᠮᠪᠦᠭᠡ ᠶᠢᠨ ᠣᠷᠳᠣᠨ᠂ ᠭᠤᠷᠪᠠᠳᠣᠭᠠᠷ ᠳᠣᠮᠳᠠᠳᠣ ᠰᠣᠷᠭᠠᠭᠤᠯᠢ ᠶᠢᠨ ᠶᠣᠰᠣᠯᠠᠯ ᠤᠨ ᠲᠠᠩᠬᠢᠮ᠂ | ᠠᠵᠢᠯᠲᠠᠨ ᠠᠵᠢᠯᠴᠢᠨ ᠤ ᠬᠦᠳᠡᠯᠭᠡᠭᠡᠨ ᠤ ᠲᠥᠪ᠂ ᠵᠠᠯᠠᠭᠤ ᠪᠠᠭᠠᠴᠣᠣᠯ ᠤᠨ ᠬᠦᠳᠡᠯᠭᠡᠭᠡᠨ ᠤ ᠲᠥᠪ ᠵᠡᠷᠭᠡ ᠲᠠᠮᠢᠷ | ᠣᠷᠠᠯᠢᠭ ᠤᠨ ᠪᠡᠯᠡᠳᠬᠡᠮᠵᠢ ᠪᠠᠶᠢᠭᠤᠯᠣᠭᠳᠠᠨ ᠠᠰᠢᠭᠯᠠᠯᠲᠠ ᠳᠤ ᠣᠷᠣᠵᠣ᠂ ᠬᠦᠳᠡᠭᠡ ᠲᠣᠰᠬᠤᠨ ᠤ ᠰᠣᠶᠣᠯ ᠤᠨ | ᠲᠠᠰᠤᠭ164 ᠶᠢ ᠰᠢᠨ᠎ᠡ ᠪᠠᠷ ᠪᠠᠶᠢᠭᠤᠯᠵᠣ᠂ ᠬᠤᠲᠠ ᠬᠦᠳᠡᠭᠡ ᠶᠢᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠲᠡᠩᠴᠡᠭᠦᠷᠢᠰᠢᠭᠦᠯᠦᠯᠲᠡ ᠶᠢᠨ ᠠᠬᠢᠴᠠ ᠲᠦᠷᠭᠡᠳᠪᠡ᠃ ᠪᠣᠳᠠᠰ ᠤᠨ ᠪᠣᠰᠤ ᠰᠣᠶᠣᠯ ᠤᠨ ᠥᠪ᠂ ᠡᠷᠲᠡᠨ ᠤ | ᠦᠯᠡᠳᠡᠭᠳᠡᠯ ᠤᠨ ᠬᠠᠮᠠᠭᠠᠯᠠᠯᠲᠠ ᠶᠢᠨ ᠠᠵᠢᠯ ᠪᠦᠬᠦ ᠲᠠᠯ᠎ᠠ ᠪᠠᠷ ᠴᠢᠩᠭᠠᠷᠠᠵᠣ᠂ ᠲᠤ ᠴᠧᠩ ᠽᠢ ᠤᠨ ᠬᠠᠭᠤᠴᠢᠳ ᠤᠨ | ᠴᠡᠴᠡᠷᠯᠢᠭ ᠪᠦᠬᠦ ᠣᠷᠣᠨ ᠤ ᠠᠷᠪᠠᠨ ᠶᠡᠭᠡ ᠬᠠᠭᠤᠴᠢᠳ ᠢ ᠰᠣᠳᠣᠯᠬᠤ ᠴᠡᠴᠡᠷᠯᠢᠭ ᠤᠨ ᠨᠢᠭᠡ ᠪᠠᠷ ᠰᠣᠩᠭᠤᠭᠳᠠᠨ᠂ | ᠣᠯᠣᠰ ᠤᠨ ᠲᠣᠮᠣ ᠬᠠᠭᠤᠴᠢᠳ ᠤᠨ ᠬᠠᠮᠠᠭᠠᠯᠠᠯᠲᠠ ᠶᠢᠨ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠣᠰᠬᠠᠢ | ᠲᠦᠯᠦᠪᠵᠢᠭᠦᠯᠭᠡ ᠳᠤ ᠣᠷᠣᠭᠰᠠᠨ ᠪᠠᠶᠢᠨ᠎ᠠ᠃ ᠬᠥᠯ ᠪᠦᠮᠪᠦᠭᠡ ᠶᠢᠨ ᠵᠢᠵᠢᠭ ᠪᠠᠯᠭᠠᠰᠣ ᠶᠢᠨ ᠪᠦᠲᠦᠭᠡᠨ | ᠪᠠᠶᠢᠭᠤᠯᠣᠯᠲᠠ ᠣᠷᠣᠭᠰᠢᠲᠠᠢ ᠶᠠᠪᠣᠭᠳᠠᠵᠣ᠂ ᠪᠦᠬᠦ ᠠᠷᠠᠳ ᠢᠶᠠᠷ ᠪᠡᠶ᠎ᠡ ᠪᠡᠨ᠎ᠡ ᠪᠣᠯᠪᠠᠰᠣᠷᠠᠭᠤᠯᠬᠤ ᠪᠣᠯᠣᠨ | ᠦᠷᠢᠰᠦᠯᠳᠦᠭᠡᠨᠲᠦ ᠲᠠᠮᠢᠷ ᠪᠦᠬᠦ ᠲᠠᠯ᠎ᠠ ᠪᠠᠷ ᠬᠦᠭᠵᠢᠵᠡᠢ᠃ ᠬᠤᠷᠢᠨᠭᠡᠷ ᠰᠢᠶᠠᠨ ᠤ ᠬᠦᠨᠳᠦ ᠬᠦᠩᠭᠡᠨ ᠪᠡᠶ᠎ᠡ ᠶᠢᠨ | ᠲᠠᠮᠢᠷ ᠤᠨ ᠣᠷᠣᠯᠳᠠᠭᠠᠨ᠂ ︽ᠢᠷᠡᠭᠡᠳᠦᠢ ᠬᠤᠨᠳᠠᠭᠠᠲᠣ︾ ᠬᠤᠷᠢᠨᠭᠡᠷ ᠤᠨ ᠣᠯᠠᠨ ᠣᠯᠣᠰ ᠤᠨ ᠵᠠᠯᠠᠭᠤ | ᠪᠠᠭᠠᠴᠣᠣᠯ ᠤᠨ ᠬᠥᠯ ᠪᠦᠮᠪᠦᠭᠡ ᠶᠢᠨ ᠣᠷᠢᠯᠭ᠎ᠠ ᠶᠢᠨ ᠣᠷᠣᠯᠳᠣᠭᠠᠨ᠂ ᠪᠷᠠᠽᠢᠯ ᠤᠨ ᠬᠥᠯ ᠪᠦᠮᠪᠦᠭᠡ ᠶᠢᠨ | ᠨᠡᠶᠢᠭᠡᠮᠯᠢᠭ ᠤᠨ ᠠᠽᠢᠶ᠎ᠠ ᠨᠣᠮᠣᠬᠠᠨ ᠳᠠᠯᠠᠢ ᠶᠢᠨ ᠣᠷᠣᠨ ᠤ ᠠᠯᠪᠠᠨ ᠤ ᠵᠠᠯᠠᠭᠤᠴᠣᠳ ᠤᠨ ᠰᠣᠷᠭᠠᠭᠤᠯᠢᠯ ᠤᠨ | ᠠᠩᠭᠢ ᠶᠢᠨ ᠠᠩᠭᠢ ᠡᠬᠢᠯᠡᠬᠦ ᠣᠷᠣᠯᠳᠣᠭᠠᠨ ᠵᠡᠷᠭᠡ ᠨᠢᠭᠡᠨ ᠰᠢᠷᠢᠰ ᠴᠢᠬᠤᠯᠠ ᠶᠡᠭᠡ ᠲᠠᠮᠢᠷ ᠤᠨ ᠣᠷᠣᠯᠳᠣᠭᠠᠨ ᠢ | ᠠᠮᠵᠢᠯᠲᠠ ᠲᠠᠢ ᠡᠷᠬᠢᠯᠡᠵᠡᠢ᠃ | ᠠᠷᠠᠳ ᠤᠨ ᠠᠮᠢᠳᠣᠷᠠᠯ ᠤᠨ ᠪᠠᠲᠣᠯᠠᠭ᠎ᠠ ᠢᠯᠡᠳᠲᠡ ᠴᠢᠩᠭᠠᠷᠠᠪᠠ᠃ ᠲᠠᠪᠣᠨ ᠵᠢᠯ ᠤᠨ ᠲᠤᠷᠰᠢ᠂ | ᠶᠠᠳᠠᠭᠤ ᠠᠴᠠ ᠠᠩᠭᠢᠵᠢᠷᠠᠭᠤᠯᠵᠣ ᠪᠣᠭᠤᠮᠲᠠ ᠰᠢᠪᠲᠣᠯᠬᠤ ᠪᠠᠶᠢᠯᠳᠣᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ | ᠲᠠᠪᠣᠨ ᠨᠢᠭᠡ ᠪᠦᠯᠦᠭ︾᠂ ︽ ᠵᠢᠷᠭᠤᠭᠠᠨ ᠤᠨᠢᠨ ᠳᠡᠭᠡᠷ᠎ᠡ ᠨᠢ︾ ᠳᠤ ᠲᠦᠪᠯᠡᠷᠡᠵᠦ᠂ 4352 ᠡᠷᠦᠬᠡ 9496 | ᠬᠦᠮᠦᠨ ᠢ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠪᠡ᠃ ᠰᠢᠨ᠎ᠡ ᠪᠠᠷ ᠨᠡᠮᠡᠭᠳᠡᠭᠰᠡᠨ | ᠠᠵᠢᠯ ᠣᠯᠣᠭᠰᠠᠨ ᠬᠦᠮᠦᠨ ᠨᠡᠶᠢᠲᠡ1.3 ᠲᠦᠮᠡ ᠬᠦᠷᠴᠦ᠂ ᠬᠤᠲᠠ ᠪᠠᠯᠭᠠᠰᠣ ᠶᠢᠨ ᠳᠠᠩᠰᠠᠯᠠᠭᠰᠠᠨ ᠠᠵᠢᠯ | ᠦᠭᠡᠶᠢᠳᠡᠭᠰᠡᠨ ᠨᠣᠷᠮ᠎ᠠ ᠶᠢ 2% ᠶᠢᠨ ᠳᠣᠲᠣᠷ᠎ᠠ ᠪᠠᠶᠢᠯᠭᠠᠵᠣ᠂ ᠠᠵᠢᠯ ᠣᠯᠵᠣ ᠪᠠᠶᠢᠭ᠎ᠠ ᠪᠠᠶᠢᠳᠠᠯ ᠦᠷᠭᠦᠯᠵᠢᠯᠡᠨ | ᠰᠠᠶᠢᠵᠢᠷᠠᠪᠠ᠃ ᠬᠦᠯᠦᠰᠦᠨ ᠠᠵᠢᠯᠵᠢᠨ ᠤ ᠬᠠᠣᠯᠢ ᠶᠣᠰᠣᠨ ᠤ ᠡᠷᠬᠡ ᠠᠰᠢᠭ ᠪᠦᠲᠦᠮᠵᠢᠲᠡᠢ ᠪᠠᠲᠣᠯᠠᠭᠳᠠᠪᠠ᠃ | ᠨᠡᠶᠢᠭᠡᠮ ᠤᠨ ᠪᠠᠲᠣᠯᠠᠭᠠᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠶᠢᠭᠡᠮ ᠤᠨ | ᠳᠠᠭᠠᠳᠬᠠᠯ ᠤᠨ ᠬᠠᠮᠣᠷᠣᠭᠰᠠᠨ ᠬᠡᠮᠵᠢᠶ᠎ᠡ ᠦᠷᠭᠦᠯᠵᠢᠯᠡᠨ ᠶᠡᠬᠡᠳᠴᠦ᠂ ᠲᠠᠪᠣᠨ ᠵᠢᠯ ᠳᠠᠷᠠᠭᠠᠯᠠᠨ ᠬᠤᠲᠠ | ᠪᠠᠯᠭᠠᠰᠣ ᠶᠢᠨ ᠠᠵᠢᠯᠲᠠᠨ ᠠᠵᠢᠯᠴᠢᠨ ᠤ ᠨᠠᠰᠣᠵᠢᠯ ᠤᠨ ᠳᠠᠭᠠᠳᠬᠠᠯ ᠶᠢᠨ ᠴᠠᠯᠢᠩ ᠢ ᠳᠡᠭᠡᠭᠰᠢᠯᠡᠭᠦᠯᠵᠦ᠂ ᠬᠤᠲᠠ | ᠬᠦᠳᠡᠭᠡ ᠶᠢᠨ ᠳᠣᠣᠷ᠎ᠠ ᠪᠠᠲᠣᠯᠠᠭ᠎ᠠ ᠨᠢ ᠪᠠᠲᠣᠯᠠᠭ᠎ᠠ ᠬᠦᠷᠲᠡᠬᠦ ᠬᠦᠮᠦᠰ ᠢ ᠪᠦᠬᠦᠨ ᠢᠶᠠᠷ ᠨᠢ ᠪᠠᠲᠣᠯᠠᠬᠤ ᠶᠢ | ᠪᠡᠶᠡᠯᠡᠭᠦᠯᠪᠡ᠃ ᠨᠡᠶᠢᠲᠡ ᠶᠢᠨ ᠲᠦᠷᠢᠶᠡᠰᠦᠨ ᠭᠡᠷ1146 ᠢᠵᠢ᠂ ᠬᠠᠷᠢᠯᠴᠠᠨ ᠬᠠᠪᠰᠣᠷᠣᠯᠴᠠᠬᠤ ᠵᠣᠯ ᠵᠢᠷᠭᠠᠯᠲᠤ | ᠬᠦᠷᠢᠶᠡᠯᠡᠩ1048 ᠶᠢ ᠪᠠᠶᠢᠭᠤᠯᠵᠣ᠂ ᠬᠦᠳᠡᠭᠡ ᠲᠣᠰᠬᠤᠨ ᠤ ᠨᠣᠷᠠᠬᠤ ᠠᠶᠣᠯ ᠲᠠᠢ ᠭᠡᠷ ᠪᠠᠶᠢᠰᠢᠩ1.9 ᠲᠦᠮᠡᠨ | ᠡᠷᠦᠬᠡ ᠶᠢ ᠥᠭᠡᠷᠡᠴᠢᠯᠡᠵᠦ᠂ ᠨᠡᠩ ᠣᠯᠠᠨ ᠳᠣᠣᠷ᠎ᠠ ᠣᠷᠣᠯᠭ᠎ᠠ ᠲᠠᠢ ᠭᠡᠷ ᠪᠦᠯᠢ ᠶᠢᠨ ᠣᠷᠣᠨ ᠰᠠᠭᠤᠴᠠ ᠶᠢᠨ | ᠨᠦᠬᠦᠴᠡᠯ ᠢ ᠰᠠᠶᠢᠵᠢᠷᠠᠭᠤᠯᠣᠭᠰᠠᠨ ᠪᠠᠶᠢᠨ᠎ᠠ᠃ ︽ᠠᠮᠣᠷ ᠲᠠᠶᠢᠪᠣᠩ ᠬᠤᠷᠢᠨᠭᠡᠷ︾ ᠤᠨ ᠪᠦᠲᠦᠭᠡᠨ ᠪᠠᠶᠢᠭᠤᠯᠣᠯᠲᠠ | ᠭᠦᠨᠵᠡᠭᠡᠢ ᠠᠬᠢᠭᠤᠯᠣᠭᠳᠠᠵᠣ᠂ ᠠᠶᠣᠯᠭᠦᠢ ᠦᠢᠯᠡᠳᠪᠦᠷᠢᠯᠡᠯ ᠤᠨ ᠠᠳᠡᠭᠳᠡᠯ ᠤᠨ ᠡᠵᠡᠮᠳᠡᠯ ᠵᠢᠭᠠᠯᠲᠠ ᠲᠤᠭ᠎ᠠ ᠪᠦᠬᠦ | ᠲᠠᠯ᠎ᠠ ᠪᠠᠷ ᠳᠣᠷᠣᠭᠰᠢᠯᠠᠵᠣ᠂ ᠢᠳᠡᠭᠡᠨ ᠡᠮ ᠤᠨ ᠵᠦᠢᠯ ᠤᠨ ᠠᠮᠣᠷ ᠲᠦᠪᠰᠢᠨ ᠤ ᠪᠠᠲᠣᠯᠠᠭ᠎ᠠ ᠶᠢᠨ ᠬᠢᠷᠢ ᠲᠥᠪᠰᠢᠨ | ᠯᠠᠪᠳᠠᠭᠤᠨ ᠳᠡᠭᠡᠭᠰᠢᠯᠡᠵᠦ᠂ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠤᠷᠠᠭᠤᠯᠵᠣ ᠭᠠᠮᠰᠢᠭ ᠠᠴᠠ ᠠᠪᠣᠷᠠᠬᠤ | ᠴᠢᠳᠠᠮᠵᠢ ᠢᠯᠡᠳᠲᠡ ᠨᠡᠮᠡᠭᠳᠡᠪᠡ᠃ ︽ᠵᠢᠷᠭᠤᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠬᠠᠣᠯᠢ ᠶᠢᠨ | ᠮᠡᠳᠡᠯᠭᠡ ᠶᠢ ᠲᠥᠭᠡᠮᠡᠯᠵᠢᠭᠦᠯᠬᠦ ᠠᠵᠢᠯ ᠲᠡᠭᠦᠰ ᠠᠮᠵᠢᠯᠲᠠ ᠲᠠᠢ ᠳᠠᠭᠤᠰᠴᠣ᠂ ᠪᠦᠬᠦ ᠣᠷᠣᠨ ᠤ ᠲᠡᠷᠢᠭᠦᠨ ᠤ | ᠰᠢᠶᠠᠨ ᠢᠶᠠᠷ ᠦᠨᠡᠯᠡᠭᠳᠡᠭᠰᠡᠨ ᠪᠠᠶᠢᠨ᠎ᠠ᠃ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢᠨ ᠠᠷᠭ᠎ᠠ ᠵᠠᠮ ᠤᠯᠠᠮ | ᠨᠢᠭᠡ ᠠᠯᠬᠤᠮ ᠰᠢᠯᠣᠭᠤᠳᠴᠣ᠂ ᠨᠢᠭᠡ ᠪᠦᠯᠦᠭ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠪᠦᠲᠦᠮᠵᠢᠲᠡᠢ | ᠰᠢᠢᠳᠪᠦᠷᠢᠯᠡᠭᠳᠡᠵᠦ᠂ ᠨᠡᠶᠢᠭᠡᠮ ᠤᠨ ᠡᠮᠬᠢ ᠲᠢᠭᠯᠢᠮ ᠡᠶ᠎ᠡ ᠨᠠᠶᠢᠷᠠᠮᠳᠠᠭᠤ ᠲᠣᠭᠲᠠᠪᠣᠷᠢᠲᠠᠢ ᠪᠠᠶᠢᠵᠣ᠂ ᠠᠷᠠᠳ | ᠲᠦᠮᠡᠨ ᠤ ᠬᠦᠷᠲᠡᠭᠡᠮᠵᠢᠲᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠣᠷ ᠲᠦᠪᠰᠢᠨ ᠰᠡᠳᠬᠢᠯᠭᠡ ᠲᠠᠰᠣᠷᠠᠯᠲᠠ | ᠦᠭᠡᠢ ᠨᠡᠮᠡᠭᠳᠡᠵᠡᠢ᠃ | ᠥᠩᠭᠡᠷᠡᠭᠰᠡᠨ ᠲᠠᠪᠣᠨ ᠵᠢᠯ᠂ ᠪᠢᠳᠡ ᠠᠮᠢ ᠠᠬᠤᠢ ᠶᠢᠨ ᠪᠦᠲᠦᠭᠡᠨ ᠪᠠᠶᠢᠭᠤᠯᠣᠯᠲᠠ ᠶᠢ ᠬᠦᠴᠦᠯᠡᠨ | ᠴᠢᠩᠭᠠᠳᠬᠠᠵᠣ᠂ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ | ᠲᠠᠪᠣᠨ ᠵᠢᠯ ᠤᠨ ᠲᠣᠷᠰᠢ᠂ ᠮᠣᠳᠣ ᠲᠠᠷᠢᠵᠤ ᠣᠶᠢᠵᠢᠭᠤᠯᠬᠤ ᠦᠷ᠎ᠡ ᠪᠦᠲᠦᠮᠵᠢ ᠪᠠᠨ ᠦᠷᠭᠦᠯᠵᠢᠯᠡᠨ | ᠪᠠᠬᠢᠵᠢᠭᠦᠯᠵᠦ᠂ ᠦᠨᠳᠦᠷ ᠪᠠᠷᠢᠮᠵᠢᠶ᠎ᠠ ᠪᠠᠷ ᠬᠦᠬᠡᠬᠤᠲᠠ ᠱᠦᠸᠧᠵᠸᠦ ᠦᠨᠳᠦᠷ ᠬᠤᠷᠳᠣᠴᠠᠲᠣ ᠵᠠᠰᠠᠮᠠᠯ ᠵᠠᠮ᠂ 209 | ᠣᠯᠣᠰ ᠤᠨ ᠳᠡᠰ ᠤᠨ ᠵᠠᠮ᠂ ᠬᠤᠷᠢᠨᠭᠡᠷ ᠲᠣᠭᠲᠠᠬᠤ ᠶᠢᠨ ᠰᠠᠯᠪᠣᠷᠢ ᠵᠠᠮ ᠵᠡᠷᠭᠡ ᠭᠤᠣᠯᠳᠠᠯᠭ᠎ᠠ ᠲᠠᠢ ᠣᠷᠣᠨ | ᠬᠡᠪᠴᠢᠶ᠎ᠡ ᠵᠢᠴᠢ ᠨᠡᠪᠲᠡᠷᠡᠯ ᠵᠠᠮ ᠤᠨ ᠨᠣᠭᠤᠭᠠᠷᠠᠭᠤᠯᠣᠯᠲᠠ ᠶᠢᠨ ᠢᠨᠵᠧᠨᠧᠷᠢᠩ ᠢ ᠳᠠᠭᠤᠰᠬᠠᠪᠠ᠃ ᠬᠦᠮᠦᠨ ᠤ | ᠬᠦᠴᠦᠨ ᠤ ᠣᠶᠢᠵᠢᠭᠤᠯᠣᠭᠰᠠᠨ ᠲᠠᠯᠠᠪᠠᠢ ᠨᠡᠶᠢᠲᠡ25 ᠲᠦᠮᠡᠨ ᠮᠦ ᠰᠢᠨ᠎ᠡ ᠪᠠᠷ ᠨᠡᠮᠡᠭᠳᠡᠵᠦ᠂ ᠪᠢᠲᠡᠭᠦᠮᠵᠢᠯᠡᠨ | ᠥᠭᠡᠷᠡᠴᠢᠯᠡᠭᠰᠡᠨ ᠴᠢᠨᠠᠷ ᠮᠠᠭᠤᠲᠠᠢ ᠳᠣᠣᠷ᠎ᠠ ᠪᠦᠲᠦᠮᠵᠢᠲᠦ ᠣᠶᠢᠵᠢᠭᠤᠯᠣᠭᠰᠠᠨ ᠲᠠᠯᠠᠪᠠᠢ 9 ᠲᠦᠮᠡᠨ ᠮᠦ ᠪᠠᠶᠢᠵᠣ᠂ | ᠣᠢ ᠰᠢᠭᠤᠢ ᠶᠢᠨ ᠪᠦᠷᠬᠦᠴᠡ ᠶᠢᠨ ᠬᠡᠮᠵᠢᠶ᠎ᠡ35% ᠳᠤ ᠬᠦᠷᠪᠡ᠃ ᠪᠦᠬᠦ ᠰᠢᠶᠠᠨ ᠤ ᠤᠰᠤ ᠰᠢᠷᠣᠢ ᠶᠢᠨ ᠪᠠᠳᠣᠲᠠᠢ | ᠵᠠᠰᠠᠯᠲᠠ ᠶᠢᠨ ᠲᠠᠯᠠᠪᠠᠢ 234 ᠲᠡᠭᠰᠢ ᠳᠦᠷᠪᠡᠯᠵᠢᠨ ᠺᠢᠯᠣᠮᠧᠲᠷ ᠰᠢᠨ᠎ᠡ ᠪᠠᠷ ᠨᠡᠮᠡᠭᠳᠡᠵᠦ᠂ ᠵᠢᠯ ᠳᠤ ᠳᠣᠮᠳᠠᠴᠢ ᠪᠠᠷ | 5.7% ᠨᠡᠮᠡᠭᠳᠡᠪᠡ᠃ ᠲᠥᠪ ᠤᠨ ᠣᠷᠴᠢᠨ ᠲᠣᠭᠤᠷᠢᠨ ᠢ ᠬᠠᠮᠠᠭᠠᠯᠠᠬᠤ ᠰᠢᠮᠳᠠᠭᠤᠯᠣᠨ ᠪᠠᠶᠢᠴᠠᠭᠠᠬᠤ | ᠳᠣᠭᠤᠶᠢᠯᠠᠩ ᠤᠨ ᠵᠠᠰᠠᠨ ᠴᠡᠭᠴᠡᠯᠡᠬᠦ ᠰᠠᠨᠠᠯ ᠢ ᠡᠷᠡᠰ ᠨᠠᠶᠢᠳᠠᠪᠣᠷᠢᠵᠢᠭᠤᠯᠵᠣ᠂ ᠣᠯᠠᠨ ᠲᠦᠮᠡᠨ ᠤ ᠢᠯᠡᠴᠢᠯᠡᠨ | ᠵᠠᠭᠠᠯᠳᠣᠭᠰᠠᠨ 39 ᠵᠠᠷᠭᠤ ᠶᠢ ᠴᠢᠩᠭ᠎ᠠ ᠰᠢᠢᠳᠪᠦᠷᠢᠯᠡᠵᠦ᠂ ᠣᠷᠴᠢᠨ ᠲᠣᠭᠤᠷᠢᠨ ᠪᠣᠬᠢᠷᠳᠣᠭᠰᠠᠨ ᠠᠰᠠᠭᠤᠳᠠᠯ | ᠪᠣᠯᠣᠨ ᠳᠠᠯᠳᠠ ᠠᠶᠣᠯ ᠢ ᠡᠷᠴᠢᠮ ᠲᠠᠢ ᠵᠠᠰᠠᠨ ᠴᠡᠭᠴᠡᠯᠡᠵᠡᠢ᠃ ᠡᠨᠧᠷᠭᠢ ᠠᠷᠪᠢᠯᠠᠵᠣ ᠪᠣᠬᠢᠷᠳᠣᠯ ᠢ ᠪᠠᠭᠠᠰᠬᠠᠬᠤ | ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠣᠷᠣᠨ ᠤ ᠳᠡᠰ ᠤᠨ ᠠᠮᠢ ᠠᠬᠤᠢ ᠶᠢᠨ ᠰᠢᠶᠠᠩ | ᠪᠠᠯᠭᠠᠰᠣ1᠂ ᠠᠮᠢ ᠠᠬᠤᠢ ᠶᠢᠨ ᠲᠣᠰᠬᠤᠨ18 ᠶᠢ ᠠᠮᠵᠢᠯᠲᠠ ᠲᠠᠢ ᠪᠠᠶᠢᠭᠤᠯᠪᠠ᠃ 2017 ᠣᠨ ᠳᠤ᠂ ᠳ᠋ᠢᠩ | ᠵᠢᠶᠠ ᠱᠠᠨ ᠠᠭᠤᠯᠠ᠂ ᠪᠠᠷᠠᠭᠤᠨ ᠠᠷᠪᠠᠨ ᠲᠦᠮᠡᠨ ᠮᠦ᠂ ᠲᠠᠢ ᠭᠧ ᠳ᠋ᠧᠦ ᠠᠮᠢ ᠠᠬᠤᠢ ᠠᠵᠣ ᠠᠬᠤᠢ ᠶᠢᠨ ᠣᠢ | ᠰᠢᠭᠤᠢ ᠶᠢᠨ ᠪᠦᠲᠦᠭᠡᠨ ᠪᠠᠶᠢᠭᠤᠯᠣᠯᠲᠠ ᠶᠢ ᠶᠡᠬᠡᠪᠡᠷ ᠲᠦᠯᠬᠢᠨ ᠠᠬᠢᠭᠤᠯᠵᠣ᠂ ᠣᠶᠢᠵᠢᠭᠤᠯᠣᠭᠰᠠᠨ ᠲᠠᠯᠠᠪᠠᠢ 6.5 | ᠲᠦᠮᠡᠨ ᠮᠦ ᠪᠠᠶᠢᠵᠣ᠂ ᠣᠢ ᠰᠢᠭᠤᠢ ᠶᠢᠨ ᠡᠬᠢ ᠪᠠᠶᠠᠯᠢᠭ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠡᠢ᠃ | ︽ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠶᠢᠨ ᠳᠦᠷᠢᠮ︾ ᠢ ᠡᠮᠬᠢ ᠵᠢᠷᠣᠮ ᠲᠠᠢ ᠶᠠᠪᠣᠭᠳᠠᠭᠤᠯᠵᠣ᠂ | ᠰᠢᠶᠠᠨ ᠰᠢᠶᠠᠩ ᠬᠤᠶᠠᠷ ᠳᠡᠰ ᠤᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠶᠢᠨ ᠰᠢᠰᠲ᠋ᠧᠮ ᠠᠩᠬ᠎ᠠ | ᠠᠯᠬᠤᠮ ᠪᠦᠷᠢᠯᠳᠦᠪᠡ᠃ ᠴᠧᠩ ᠭᠤᠸᠠᠨ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠮᠡᠷᠭᠡᠵᠢᠯ ᠤᠨ ᠥᠭᠡᠷᠡᠴᠢᠯᠡᠯᠲᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠤᠰᠤᠨ ᠤ ᠣᠷᠴᠢᠨ | ᠲᠣᠭᠤᠷᠢᠨ ᠤ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠪᠠ᠃ ᠣᠷᠴᠢᠨ ᠲᠣᠭᠤᠷᠢᠨ ᠢ ᠬᠠᠮᠠᠭᠠᠯᠠᠬᠤ | ᠶᠡᠷᠦᠩᠬᠡᠶᠢᠯᠡᠭᠰᠡᠨ ᠵᠠᠰᠠᠨ ᠴᠡᠭᠴᠡᠯᠡᠯᠲᠡ ᠶᠢ ᠪᠦᠬᠦ ᠲᠠᠯ᠎ᠠ ᠪᠠᠷ ᠴᠢᠩᠭᠠᠳᠬᠠᠵᠣ᠂ 90 ᠭᠠᠷᠣᠢ ᠬᠠᠣᠯᠢ ᠪᠣᠰᠤ ᠨᠠᠩᠭᠢ | ᠰᠢᠷᠣᠢ ᠶᠢᠨ ᠲᠣᠭᠤᠰᠬᠠᠨ ᠦᠢᠯᠡᠳᠪᠦᠷᠢ᠂ ᠡᠯᠡᠰᠦ ᠮᠠᠯᠲᠠᠬᠤ ᠦᠢᠯᠡᠳᠪᠦᠷᠢ᠂ ᠬᠤᠳᠠᠯᠳᠣᠭᠠᠨ ᠤ ᠪᠧᠲ᠋ᠣᠨ ᠤ | ᠥᠷᠲᠡᠭᠡ ᠶᠢ ᠬᠠᠣᠯᠢ ᠶᠣᠰᠣᠭᠠᠷ ᠴᠠᠭᠠᠵᠠᠯᠠᠨ ᠵᠣᠭᠰᠣᠭᠠᠵᠣ᠂ ᠣᠷᠴᠢᠨ ᠲᠣᠭᠤᠷᠢᠨ ᠤ ᠬᠠᠣᠯᠢ ᠠᠴᠠ ᠵᠦᠷᠢᠴᠡᠭᠰᠡᠨ | ᠠᠵᠢᠯᠯᠠᠭ᠎ᠠ ᠳᠤ ᠪᠦᠲᠦᠮᠵᠢᠲᠠᠢ ᠰᠦᠷ ᠬᠦᠴᠦᠨ ᠦᠵᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠠᠷᠠᠳ | ᠣᠯᠠᠨ ᠤ ᠬᠠᠨᠣᠮᠵᠢᠲᠣ ᠬᠡᠮᠵᠢᠶ᠎ᠡ ᠲᠠᠰᠣᠷᠠᠯᠲᠠ ᠦᠭᠡᠢ ᠳᠡᠭᠡᠭᠰᠢᠯᠡᠪᠡ᠃ | ᠦᠩᠭᠡᠷᠡᠭᠰᠡᠨ ᠲᠠᠪᠣᠨ ᠵᠢᠯ᠂ ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠯᠡᠨ | ᠭᠦᠨᠵᠡᠭᠡᠶᠢᠷᠡᠭᠦᠯᠵᠦ᠂ ᠬᠦᠭᠵᠢᠯᠲᠡ ᠶᠢᠨ ᠠᠮᠢᠯᠠᠯ ᠤᠨ ᠬᠦᠴᠦᠨ ᠢᠯᠡᠳᠲᠡ ᠳᠡᠭᠡᠭᠰᠢᠯᠡᠪᠡ᠃ | ᠲᠠᠪᠣᠨ ᠵᠢᠯ ᠤᠨ ᠲᠣᠷᠰᠢ᠂ ᠪᠢᠳᠡ ᠢᠮᠠᠭᠲᠠ ᠠᠰᠠᠭᠤᠳᠠᠯ ᠢᠶᠠᠷ ᠵᠢᠯᠣᠭᠤᠳᠣᠮᠵᠢ ᠪᠣᠯᠭᠠᠬᠤ ᠶᠢ ᠪᠠᠷᠢᠮᠲᠠᠯᠠᠵᠣ᠂ | ᠣᠨᠢᠨ ᠳᠤᠨᠢ ᠣᠨᠣᠭᠠᠵᠣ ᠲᠦᠷᠣ ᠶᠢᠨ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠣ᠂ ᠥᠭᠡᠷᠡᠴᠢᠯᠡᠯᠲᠡ ᠶᠢᠨ ᠦᠷ᠎ᠡ | ᠨᠦᠯᠦᠭᠡ ᠶᠢ ᠳᠡᠭᠡᠭᠰᠢᠯᠡᠭᠦᠯᠦᠨ ᠦᠷ᠎ᠡ ᠪᠦᠲᠦᠭᠡᠯ ᠤᠨ ᠣᠯᠠᠷᠢᠨ ᠬᠤᠪᠢᠰᠬᠤ ᠶᠢ ᠠᠬᠢᠭᠤᠯᠵᠣ᠂ ᠥᠭᠡᠷᠡᠴᠢᠯᠡᠯᠲᠡ ᠶᠢᠨ | ᠦᠷ᠎ᠡ ᠪᠦᠲᠦᠭᠡᠯ ᠢᠶᠠᠷ ᠪᠦᠬᠦ ᠰᠢᠶᠠᠨ ᠤ ᠠᠵᠣ ᠠᠬᠤᠢ ᠨᠡᠶᠢᠭᠡᠮ ᠤᠨ ᠥᠷᠨᠢᠭᠦᠨ ᠬᠦᠭᠵᠢᠯᠲᠡ ᠶᠢ ᠳᠠᠶᠢᠴᠢᠯᠠᠭᠰᠠᠨ | ᠪᠠᠶᠢᠨ᠎ᠠ᠃ ᠳᠡᠭᠡᠳᠦ ᠱᠠᠲᠣᠨ ᠤ ᠥᠭᠡᠷᠡᠴᠢᠯᠡᠯᠲᠡ ᠶᠢᠨ ᠲᠣᠷᠰᠢᠯᠲᠠ ᠶᠢᠨ ᠴᠢᠭ᠋ ᠤᠨ ᠡᠭᠦᠷᠭᠡ ᠶᠢ ᠨᠡᠶᠢᠲᠡ16 | ᠳᠠᠭᠠᠭᠠᠴᠢᠯᠠᠵᠣ᠂ 5 ᠶᠢ ᠪᠡᠶᠡᠯᠡᠭᠦᠯᠪᠡ︔ ᠳᠡᠭᠡᠳᠦ ᠱᠠᠲᠣᠨ ᠤ ᠥᠭᠡᠷᠡᠴᠢᠯᠡᠯᠲᠡ ᠶᠢᠨ ᠡᠭᠦᠷᠭᠡ ᠶᠢ146 ᠬᠦᠯᠢᠶᠡᠨ | ᠳᠠᠭᠠᠭᠠᠴᠢᠯᠠᠵᠣ᠂ 62 ᠶᠢ ᠪᠡᠶᠡᠯᠡᠭᠦᠯᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠣ᠂ ᠠᠵᠣ ᠠᠬᠤᠢ ᠶᠢᠨ ᠪᠦᠲᠦᠴᠡ ᠲᠠᠰᠣᠷᠠᠯᠲᠠ ᠦᠭᠡᠢ ᠰᠢᠯᠢᠳᠡᠭᠵᠢᠪᠡ᠃ | ᠪᠦᠬᠦ ᠣᠯᠣᠰ ᠤᠨ ᠬᠦᠳᠡᠭᠡ ᠲᠣᠰᠬᠤᠨ ᠤ ᠭᠠᠵᠠᠷ ᠰᠢᠷᠣᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠳᠣᠲᠠᠢ | ᠠᠬᠢᠭᠤᠯᠵᠣ᠂ ︽ᠨᠡᠶᠢᠲᠡᠯᠢᠭ ᠪᠣᠰᠤ ᠭᠠᠵᠠᠷ ᠣᠷᠣᠨ︾ ᠳᠤ ︽ᠨᠡᠶᠢᠲᠡᠯᠢᠭ ᠲᠣᠷᠰᠢᠯᠭ᠎ᠠ︾ ᠡᠭᠦᠳᠴᠦ᠂ | ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠣᠨ ᠳᠤ ᠭᠦᠢᠴᠡᠳ ᠨᠤᠲᠠᠯᠠᠭᠳᠠᠪᠠ᠃ ᠲᠣᠯᠣᠭᠠᠶᠢᠯᠠᠭᠴᠢ ᠠᠵᠣ | ᠠᠬᠤᠶᠢᠯᠠᠯ ᠬᠢᠭᠡᠳ ᠲᠠᠷᠢᠶᠠᠴᠢᠳ ᠤᠨ ᠠᠰᠢᠭ ᠲᠣᠰᠠ ᠬᠤᠯᠪᠣᠯᠳᠣᠭᠰᠠᠨ ᠲᠣᠭᠲᠠᠴᠠ ᠲᠠᠰᠣᠷᠠᠯᠲᠠ ᠦᠭᠡᠢ | ᠪᠦᠷᠢᠨᠰᠢᠵᠦ᠂ ᠪᠦᠬᠦ ᠰᠢᠶᠠᠨ ᠳᠤ ᠵᠢᠷᠭᠤᠭᠠᠨ ᠠᠰᠢᠭ ᠲᠣᠰᠠ ᠶᠢᠨ ᠬᠤᠯᠪᠣᠯᠳᠣᠭᠰᠠᠨ ᠲᠣᠭᠲᠠᠴᠠ ᠪᠦᠷᠢᠯᠳᠦᠪᠡ᠃ | ᠬᠦᠳᠡᠭᠡ ᠲᠣᠰᠬᠤᠨ ᠤ ᠭᠠᠵᠠᠷ ᠰᠢᠷᠣᠢ᠂ ᠨᠣᠲᠤᠭ ᠪᠡᠯᠴᠢᠭᠡᠷ ᠤᠨ ᠡᠷᠬᠡ ᠶᠢ ᠨᠣᠲᠠᠯᠠᠨ ᠲᠣᠭᠲᠠᠭᠠᠵᠣ ᠦᠨᠡᠮᠯᠡᠯ | ᠣᠯᠭᠤᠬᠤ ᠠᠵᠢᠯ ᠪᠦᠬᠦ ᠲᠠᠯ᠎ᠠ ᠪᠠᠷ ᠡᠬᠢᠯᠡᠵᠦ᠂ ᠰᠢᠶᠠᠨ ᠰᠢᠶᠠᠩ ᠬᠤᠶᠠᠷ ᠳᠡᠰ ᠤᠨ ᠦᠮᠴᠢᠯᠡᠯ ᠤᠨ ᠡᠷᠬᠡ ᠶᠢᠨ | ᠠᠷᠠᠯᠵᠢᠶᠠᠨ ᠤ ᠵᠠᠬ᠎ᠠ ᠳᠡᠯᠭᠡᠭᠦᠷ ᠤᠨ ᠰᠢᠰᠲ᠋ᠧᠮ ᠦᠨᠳᠦᠰᠦᠨ ᠳᠤ ᠪᠠᠨ ᠪᠦᠷᠢᠯᠳᠦᠪᠡ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠤᠯᠠᠮ ᠨᠢᠭᠡ ᠠᠯᠬᠤᠮ ᠭᠦᠨᠵᠡᠭᠡᠶᠢᠷᠡᠵᠦ᠂ ︽ᠬᠤᠶᠠᠷ ᠢ ᠰᠣᠭᠤᠴᠢᠵᠣ᠂ ᠨᠢᠭᠡ ᠶᠢ | ᠢᠯᠡ ᠪᠣᠯᠭᠠᠬᠤ︾ ᠬᠢᠨᠠᠨ ᠬᠠᠮᠢᠶᠠᠷᠬᠤ ᠠᠵᠢᠯ ᠣᠷᠣᠭᠰᠢᠲᠠᠢ ᠶᠠᠪᠣᠭᠳᠠᠵᠣ᠂ ᠬᠤᠳᠠᠯᠳᠤᠭ᠎ᠠ ᠡᠵᠡᠩᠨᠡᠭᠦ ᠣᠷᠴᠢᠨ | ᠲᠣᠭᠤᠷᠢᠨ ᠲᠠᠰᠣᠷᠠᠯᠲᠠ ᠦᠭᠡᠢ ᠰᠢᠯᠢᠳᠡᠭᠵᠢᠪᠡ᠃ ᠬᠤᠳᠠᠯᠳᠣᠭᠠᠨ ᠤ ᠶᠠᠪᠣᠳᠠᠯ ᠤᠨ ᠳᠦᠷᠢᠮ ᠤᠨ ᠥᠭᠡᠷᠡᠴᠢᠯᠡᠯᠲᠡ | ᠡᠮᠬᠢ ᠲᠢᠭᠯᠢᠮ ᠲᠠᠢ ᠶᠠᠪᠣᠭᠳᠠᠵᠣ᠂ ᠪᠦᠬᠦ ᠰᠢᠶᠠᠨ ᠤ ︽ᠨᠢᠭᠡ ᠳᠠᠩᠰᠠ ᠬᠤᠶᠠᠷ ᠬᠦᠮᠦᠷᠭᠡ ᠨᠢᠭᠡ ᠨᠠᠷᠢᠨ ᠲᠣᠭᠲᠠᠭᠠᠯ | ︾ ᠢ ᠲᠣᠭᠲᠠᠭᠠᠪᠠ᠃ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠲᠠ᠂ ᠬᠦᠳᠡᠭᠡ ᠲᠣᠰᠬᠤᠨ ᠤ ᠨᠢᠭᠡᠳᠦᠭᠡᠷ | ᠬᠤᠶᠠᠳᠣᠭᠠᠷ ᠭᠤᠷᠪᠠᠳᠣᠭᠠᠷ ᠠᠵᠣ ᠦᠢᠯᠡᠰ ᠤᠨ ᠠᠭᠤᠰᠣᠯᠴᠠᠯ ᠬᠦᠭᠵᠢᠯᠲᠡ ᠵᠡᠷᠭᠡ ᠡᠯ᠎ᠡ ᠵᠦᠢᠯ ᠤᠨ | ᠥᠭᠡᠷᠡᠴᠢᠯᠡᠯᠲᠡ ᠶᠢᠨ ᠡᠭᠦᠷᠭᠡ ᠯᠠᠪᠳᠠᠭᠤᠨ ᠠᠬᠢᠭᠤᠯᠣᠭᠳᠠᠪᠠ᠃ ᠥᠪᠡᠷᠲᠡᠭᠡᠨ ᠵᠠᠰᠠᠬᠤ ᠣᠷᠣᠨ ᠡᠷᠬᠡ ᠶᠢ | ᠥᠷᠭᠡᠳᠬᠡᠵᠦ ᠰᠢᠶᠠᠨ ᠢ ᠬᠦᠴᠦᠷᠬᠡᠭᠵᠢᠭᠦᠯᠬᠦ᠂ ᠦᠨᠳᠦᠷ ᠲᠦᠪᠰᠢᠨ ᠤ ᠴᠢᠳᠠᠪᠣᠷᠢᠲᠠᠨ ᠤ ᠡᠩᠨᠡᠭᠡ ᠶᠢᠨ ᠪᠦᠲᠦᠭᠡᠨ | ᠪᠠᠶᠢᠭᠤᠯᠣᠯᠲᠠ ᠶᠢᠨ ᠬᠠᠷᠠᠯᠲᠠ ᠶᠢ ᠰᠢᠯᠭᠠᠨ ᠦᠨᠡᠯᠡᠬᠦ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ᠂ ᠵᠢᠵᠢᠭ | ᠬᠡᠯᠪᠡᠷᠢ ᠶᠢᠨ ᠣᠰᠣᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠣᠯᠲᠠ ᠶᠢᠨ ᠪᠠᠶᠢᠭᠤᠯᠣᠯ ᠤᠨ ᠥᠭᠡᠷᠡᠴᠢᠯᠡᠯᠲᠠ | ᠵᠡᠷᠭᠡ ᠲᠣᠷᠰᠢᠯᠲᠠ ᠶᠢᠨ ᠴᠢᠭ᠋ ᠢ ᠣᠷᠣᠭᠰᠢᠲᠠᠢ ᠪᠡᠶᠡᠯᠡᠭᠦᠯᠪᠡ᠃ ᠰᠢᠨ᠎ᠡ ᠶᠢᠨ ᠡᠭᠦᠳᠬᠦ ᠬᠦᠳᠡᠯᠭᠡᠬᠦ ᠬᠦᠴᠦᠨ ᠤ | ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠣᠯᠠᠨ ᠢᠶᠠᠷ ᠢᠶᠠᠨ ᠠᠳᠠᠯ ᠦᠢᠯᠡᠰ | ᠪᠣᠰᠬᠠᠵᠣ᠂ ᠪᠦᠭᠦᠳᠡᠭᠡᠷ ᠢᠶᠠᠨ ᠰᠢᠨ᠎ᠡ ᠶᠢ ᠡᠭᠦᠳᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ᠡᠯ᠎ᠡ | ᠳᠡᠰ ᠡᠯ᠎ᠡ ᠲᠦᠷᠦᠯ ᠤᠨ ᠰᠣᠳᠣᠯᠣᠨ ᠨᠡᠭᠡᠭᠡᠭᠰᠡᠨ ᠲᠠᠪᠴᠠᠩ ᠨᠡᠶᠢᠲᠡ33᠂ ᠳᠡᠭᠡᠳᠦ ᠰᠢᠨ᠎ᠡ ᠮᠡᠷᠭᠡᠵᠢᠯ ᠤᠨ ᠠᠵᠣ | ᠠᠬᠤᠶᠢᠯᠠᠯ15 ᠶᠢ ᠪᠣᠶᠢᠵᠢᠭᠤᠯᠣᠨ ᠬᠦᠭᠵᠢᠭᠦᠯᠵᠦ᠂ ᠣᠷᠣᠨ ᠬᠤᠲᠠ ᠬᠤᠶᠠᠷ ᠳᠡᠰ ᠤᠨ ᠰᠢᠨᠵᠢᠯᠡᠬᠦ ᠣᠬᠠᠭᠠᠨ | ᠮᠡᠷᠭᠡᠵᠢᠯ ᠤᠨ ᠳᠠᠪᠰᠢᠯᠲᠠ ᠶᠢᠨ ᠱᠠᠩᠨᠠᠯ40 ᠶᠢ ᠬᠦᠷᠲᠡᠵᠡᠢ᠃ 2017 ᠣᠨ ᠳᠤ᠂ ᠬᠤᠷᠢᠨᠭᠡᠷ ᠰᠢᠨ᠎ᠡ ᠲᠣᠭᠤᠷᠢᠭ | ᠨᠢ ᠣᠯᠣᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠶᠠᠮᠣᠨ ᠤ ᠭᠠᠯ ᠪᠠᠮᠪᠠᠷᠲᠣ ᠲᠥᠪ ᠠᠴᠠ ᠲᠣᠮᠣ ᠳ᠋ᠠᠶᠢᠲ᠋ᠠ ᠶᠢᠨ | ᠣᠨᠴᠠᠯᠢᠭᠲᠣ ᠠᠵᠣ ᠦᠢᠯᠡᠰ ᠤᠨ ᠰᠠᠭᠤᠷᠢᠨ ᠭᠠᠵᠠᠷ ᠢᠶᠠᠷ ᠨᠣᠲᠠᠯᠠᠭᠳᠠᠪᠠ᠃ | ᠦᠩᠭᠡᠷᠡᠭᠰᠡᠨ ᠲᠠᠪᠣᠨ ᠵᠢᠯ᠂ ᠪᠢᠳᠡ ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠬᠦᠴᠦᠯᠡᠨ ᠠᠬᠢᠭᠤᠯᠵᠣ᠂ | ᠵᠠᠰᠠᠭ ᠤᠨ ᠣᠷᠳᠣᠨ ᠤ ᠲᠣᠰ ᠪᠡᠶ᠎ᠡ ᠶᠢᠨ ᠪᠦᠲᠦᠭᠡᠨ ᠪᠠᠶᠢᠭᠤᠯᠣᠯᠲᠠ ᠢᠯᠡᠳᠲᠡ ᠴᠢᠩᠭᠠᠷᠠᠪᠠ᠃ | ᠲᠠᠪᠣᠨ ᠵᠢᠯ ᠤᠨ ᠲᠣᠷᠰᠢ᠂ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠪᠣᠯᠣᠨ ︽ᠭᠤᠷᠪᠠᠨ ᠴᠢᠩᠭ᠎ᠠ ᠭᠤᠷᠪᠠᠨ ᠪᠣᠳᠠᠲᠠᠶ︾ ᠲᠤᠰᠬᠠᠶ ᠰᠡᠳᠦᠪᠲᠦ ᠬᠦᠮᠦᠵᠢᠯ ᠤᠨ ᠠᠵᠢᠯᠯᠠᠭ᠎ᠠ | ᠶᠢ ᠭᠦᠨᠵᠡᠭᠡᠶ ᠥᠷᠨᠢᠭᠦᠯᠵᠦ᠂ ︽ᠳᠦᠷᠪᠡᠨ ᠰᠤᠷᠲᠠᠯ︾ ᠤᠨ ᠠᠰᠠᠭᠤᠳᠠᠯ ᠬᠦᠴᠦᠲᠡᠢ ᠵᠠᠰᠠᠨ ᠴᠡᠭᠴᠡᠯᠡᠭᠳᠡᠵᠦ᠂ | ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠣᠰᠠ ᠲᠠᠢ ᠬᠤᠯᠪᠣᠭᠳᠠᠭᠰᠠᠨ ᠠᠰᠠᠭᠤᠳᠠᠯ ᠪᠦᠲᠦᠮᠵᠢᠲᠡᠢ | ᠰᠢᠢᠳᠪᠦᠷᠢᠯᠡᠭᠳᠡᠪᠡ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ | ᠰᠣᠷᠣᠯᠴᠠᠯᠭ᠎ᠠ ᠬᠦᠮᠦᠵᠢᠯ ᠢ ᠬᠡᠪᠰᠢᠭᠦᠯᠦᠨ ᠳᠦᠷᠢᠮᠵᠢᠭᠦᠯᠬᠦ ᠶᠢ ᠲᠦᠯᠬᠢᠨ ᠠᠬᠢᠭᠤᠯᠵᠣ᠂ ᠪᠦᠬᠦ ᠰᠢᠶᠠᠨ ᠤ ᠺᠠᠳ᠋ᠷ | ᠠᠵᠢᠯᠲᠠᠨ ᠤ ᠣᠯᠣᠰ ᠲᠥᠷᠥ ᠶᠢᠨ ᠣᠬᠠᠮᠰᠠᠷ᠂ ᠪᠦᠬᠦ ᠲᠠᠯ᠎ᠠ ᠶᠢᠨ ᠣᠬᠠᠮᠰᠠᠷ᠂ ᠭᠤᠣᠯᠯᠠᠭᠴᠢ ᠣᠬᠠᠮᠰᠠᠷ᠂ | ᠨᠢᠭᠡᠳᠦᠯᠲᠡᠢ ᠪᠠᠶᠢᠬᠤ ᠣᠬᠠᠮᠰᠠᠷ ᠢ ᠪᠠᠳᠣᠲᠠᠢ ᠪᠣᠢ ᠪᠣᠯᠭᠠᠵᠣ᠂ ᠬᠦᠰᠡᠯᠡᠩ ᠪᠣᠯᠣᠨ ᠢᠲᠡᠭᠡᠯ ᠵᠣᠷᠢᠭ ᠨᠡᠩ ᠪᠠᠳᠣᠲᠠᠢ᠂ | ᠨᠠᠮ ᠤᠨ ᠴᠢᠨᠠᠷ ᠨᠡᠩ ᠴᠢᠩᠭ᠎ᠠ ᠪᠣᠯᠪᠠ᠃ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠣᠯᠲᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠠᠣᠯᠢ ᠴᠠᠭᠠᠵᠠ ᠶᠢᠨ ᠬᠢᠨᠠᠯᠲᠠ᠂ ᠣᠯᠣᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠣᠯᠣᠨ | ᠨᠡᠶᠢᠭᠡᠮ ᠤᠨ ᠶᠠᠷᠢᠶ᠎ᠠ ᠬᠡᠯᠡᠯᠴᠡᠭᠡ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠣ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠲᠡ185ᠬᠤᠪᠢ | ᠭᠦᠢᠴᠡᠳᠭᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠨᠡᠶᠢᠲᠡ378 ᠬᠤᠪᠢ | ᠭᠦᠢᠴᠡᠳᠭᠡᠪᠡ᠃ ᠵᠠᠰᠠᠭ ᠤᠨ ᠣᠷᠳᠣᠨ ᠤ ᠬᠡᠷᠡᠭ ᠵᠥᠪᠯᠡᠬᠦ ᠳᠦᠷᠢᠮ᠂ ᠠᠷᠠᠳᠴᠢᠯᠠᠯᠲᠣ ᠰᠢᠢᠳᠪᠦᠷᠢ᠂ ᠬᠠᠣᠯᠢ | ᠴᠠᠭᠠᠵᠠ ᠶᠢᠨ ᠵᠥᠪᠯᠡᠭᠴᠢ ᠪᠣᠯᠣᠨ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠳᠦᠷᠢᠮ ᠲᠠᠰᠣᠷᠠᠯᠲᠠ ᠦᠭᠡᠢ | ᠪᠦᠷᠢᠨᠰᠢᠵᠦ᠂ ᠬᠠᠣᠯᠢ ᠶᠣᠰᠣᠭᠠᠷ ᠵᠠᠰᠠᠭ ᠪᠠᠷᠢᠬᠤ ᠴᠢᠳᠠᠪᠣᠷᠢ ᠵᠢᠯ ᠠᠴᠠ ᠵᠢᠯ ᠳᠡᠭᠡᠭᠰᠢᠯᠡᠪᠡ᠃ ᠵᠠᠰᠠᠭ ᠤᠨ | ᠶᠠᠪᠣᠳᠠᠯ ᠤᠨ ᠦᠢᠯᠡᠴᠢᠯᠡᠭᠡᠨ ᠤ ᠲᠥᠪ ᠪᠠᠶᠢᠭᠤᠯᠣᠭᠳᠠᠨ ᠠᠰᠢᠭᠯᠠᠯᠲᠠ ᠳᠤ ᠣᠷᠣᠵᠣ᠂ ᠡᠷᠬᠡ ᠬᠠᠷᠢᠭᠤᠴᠠᠯᠭ᠎ᠠ ᠶᠢᠨ | ᠲᠣᠳᠣᠷᠬᠠᠢ ᠳᠠᠩᠰᠠ ᠶᠢ ᠲᠢᠭᠯᠡᠬᠦ ᠪᠠ ᠬᠦᠳᠡᠯᠭᠡᠨᠲᠦ ᠪᠠᠶᠢᠳᠠᠯ ᠤᠨ ᠵᠣᠬᠢᠴᠠᠭᠤᠯᠣᠯᠲᠠ ᠪᠦᠬᠦ ᠲᠠᠯ᠎ᠠ ᠪᠠᠷ ᠳᠠᠭᠤᠰᠴᠣ᠂ | ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠪᠣᠯᠣᠨ ᠨᠡᠶᠢᠲᠡ ᠶᠢᠨ ᠦᠢᠯᠡᠴᠢᠯᠡᠭᠡᠨ ᠤ | ᠬᠠᠨᠣᠮᠵᠢᠲᠣ ᠬᠡᠮᠵᠢᠶ᠎ᠠ ᠤᠯᠠᠮ ᠨᠢᠭᠡ ᠠᠯᠬᠤᠮ ᠳᠡᠭᠡᠭᠰᠢᠯᠡᠵᠡᠢ᠃ ᠠᠯᠪᠠᠨ ᠤ ᠭᠡᠷ ᠬᠡᠷᠡᠭᠯᠡᠬᠦ᠂ ᠠᠯᠪᠠᠨ ᠤ ᠲᠡᠷᠭᠡ | ᠬᠡᠷᠡᠭᠯᠡᠬᠦ ᠶᠢ ᠪᠦᠬᠦ ᠲᠠᠯ᠎ᠠ ᠪᠠᠷ ᠳᠦᠷᠢᠮᠵᠢᠭᠦᠯᠵᠦ᠂ ︽ᠭᠤᠷᠪᠠᠨ ᠠᠯᠪᠠᠨ︾ ᠤ ᠵᠠᠷᠣᠳᠠᠯ ᠦᠷᠭᠦᠯᠵᠢᠯᠡᠨ ᠪᠠᠭᠤᠷᠠᠵᠣ᠂ | ᠺᠠᠳ᠋ᠷᠴᠤᠳ ᠤᠨ ᠣᠪᠣᠷ ᠰᠣᠷᠲᠠᠯ ᠢᠯᠡᠳᠲᠡ ᠬᠤᠪᠢᠷᠠᠯᠲᠠ ᠭᠠᠷᠪᠠ᠃ | ᠬᠢᠨᠠᠨ ᠪᠣᠳᠣᠬᠤ᠂ ᠠᠷᠠᠳ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ᠂ ᠠᠭᠤᠷ ᠠᠮᠢᠰᠬᠤᠯ᠂ ᠠᠮᠤ | ᠪᠣᠳᠠᠭ᠎ᠠ᠂ ᠬᠠᠩᠭᠠᠯᠭ᠎ᠠ ᠪᠣᠷᠣᠯᠠᠭᠤᠯᠣᠯᠲᠠ᠂ ᠳᠠᠩᠰᠠ ᠡᠪᠬᠡᠮᠡᠯ᠂ ᠨᠠᠰᠣᠵᠢᠯᠲᠠ᠂ ᠦᠨᠳᠦᠰᠦᠲᠡᠨ ᠱᠠᠰᠢᠨ | ᠰᠣᠷᠲᠠᠬᠤᠨ᠂ ᠵᠡᠮᠳᠡᠭᠴᠦᠳ᠂ ᠣᠯᠠᠭᠠᠨ ᠵᠠᠭᠠᠯᠮᠠᠢ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ | ᠠᠬᠢᠭᠤᠯᠬᠤ ᠬᠤᠷᠠᠯ᠂ ᠬᠤᠶᠢᠴᠢ ᠦᠶ᠎ᠡ ᠪᠠᠨ ᠬᠠᠷᠠᠭᠠᠯᠵᠠᠬᠤ ᠵᠡᠷᠭᠡ ᠠᠵᠢᠯ ᠴᠥᠮ ᠰᠢᠨ᠎ᠡ ᠠᠮᠵᠢᠯᠲᠠ ᠣᠯᠪᠠ᠃ | ᠲᠦᠯᠦᠭᠡᠯᠡᠭᠴᠢᠳ ᠡ᠂ ᠦᠩᠭᠡᠷᠡᠭᠰᠡᠨ ᠲᠠᠪᠣᠨ ᠵᠢᠯ ᠤᠨ ᠬᠦᠭᠵᠢᠯᠲᠡ ᠶᠢᠨ ᠶᠠᠪᠣᠴᠠ ᠶᠢ ᠡᠷᠭᠢᠴᠡᠭᠦᠯᠪᠡᠯ᠂ | ᠪᠢᠳᠡ ᠬᠤᠷᠢᠨᠭᠡᠷ ᠤᠨ ᠬᠦᠭᠵᠢᠯᠲᠡ ᠨᠢᠭᠡᠨᠲᠡ ᠰᠢᠨ᠎ᠡ ᠲᠡᠥᠬᠡᠨ ᠡᠬᠢᠯᠡᠯᠲᠡ ᠶᠢᠨ ᠴᠡᠭ ᠳᠡᠭᠡᠷ᠎ᠡ ᠵᠣᠭᠰᠣᠵᠣ᠂ | ᠲᠠᠰᠣᠷᠠᠯᠲᠠ ᠦᠭᠡᠢ ᠡᠷᠢᠯᠬᠢᠯᠡᠯ ᠪᠣᠯᠣᠨ ᠴᠢᠷᠮᠠᠶᠢᠯᠭ᠎ᠠ ᠪᠠᠷ ᠳᠠᠮᠵᠢᠵᠣ᠂ ᠬᠦᠭᠵᠢᠯᠲᠡ ᠶᠢᠨ ᠰᠡᠳᠬᠢᠮᠵᠢ ᠨᠡᠩ ᠢᠯᠡ | ᠲᠣᠳᠣ᠂ ᠠᠯᠬᠤᠭ᠎ᠠ ᠨᠡᠩ ᠪᠠᠳᠣᠲᠠᠢ᠂ ᠠᠵᠣ ᠠᠬᠤᠢ ᠨᠡᠩ ᠦᠷᠨᠢᠭᠦᠨ᠂ ᠬᠤᠲᠠ ᠬᠦᠳᠡᠭᠡ ᠨᠡᠩ ᠦᠵᠡᠰᠭᠦᠯᠡᠩ᠂ | ᠨᠡᠶᠢᠭᠡᠮ ᠨᠡᠩ ᠡᠶ᠎ᠡ ᠨᠠᠶᠢᠷᠲᠠᠢ ᠪᠣᠯᠣᠭᠰᠠᠨ ᠢ ᠰᠡᠳᠬᠢᠯ ᠤᠨ ᠤᠭ ᠠᠴᠠ ᠪᠠᠨ ᠰᠡᠷᠡᠨ ᠮᠡᠳᠡᠵᠦ᠂ ᠯᠠᠪᠳᠠᠭᠤᠨ ᠤ | ᠳᠤᠮᠳᠠ ᠣᠷᠣᠭᠰᠢᠯᠠᠯᠲᠠ ᠲᠠᠢ᠂ ᠯᠠᠪᠳᠠᠭᠤᠨ ᠤ ᠳᠣᠮᠲᠠ ᠰᠠᠶᠢᠵᠢᠷᠠᠭᠰᠠᠨ ᠬᠦᠭᠵᠢᠯᠲᠡ ᠶᠢᠨ ᠰᠢᠨ᠎ᠡ ᠪᠠᠶᠢᠳᠠᠯ ᠢ | ᠡᠭᠦᠳᠦᠨ ᠪᠦᠲᠦᠭᠡᠭᠰᠡᠨ ᠪᠠᠶᠢᠨ᠎ᠠ᠃ ᠡᠳᠡᠭᠡᠷ ᠦᠷ᠎ᠡ ᠪᠦᠲᠦᠮᠵᠢ ᠶᠢ ᠣᠯᠣᠭᠰᠠᠨ ᠨᠢ ᠰᠢᠶᠠᠨ ᠤ ᠨᠠᠮ ᠤᠨ | ᠬᠤᠷᠢᠶ᠎ᠠ ᠶᠢᠨ ᠵᠥᠪ ᠣᠨᠣᠪᠴᠢᠲᠠᠢ ᠣᠳᠣᠷᠢᠳᠣᠯᠭ᠎ᠠ᠂ ᠰᠢᠨᠵᠢᠯᠡᠬᠦ ᠣᠬᠠᠭᠠᠨᠴᠢ ᠰᠢᠢᠳᠪᠦᠷᠢᠲᠦ ᠪᠣᠳᠣᠯᠭ᠎ᠠ ᠳᠤ | ᠲᠦᠰᠢᠭᠯᠡᠵᠦ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠥᠷᠦ ᠶᠢᠨ ᠵᠥᠪᠯᠡᠯᠭᠡᠨ | ᠪᠣᠯᠣᠨ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠢ ᠬᠢᠨᠠᠯᠲᠠ᠂ ᠬᠦᠴᠦᠲᠡᠢ ᠳᠡᠮᠵᠢᠯᠭᠡ ᠳᠤ ᠲᠦᠰᠢᠭᠯᠡᠵᠦ᠂ | ᠪᠦᠬᠦ ᠰᠢᠶᠠᠨ ᠤ ᠥᠷᠭᠡᠨ ᠣᠯᠠᠨ ᠺᠠᠳ᠋ᠷ ᠣᠯᠠᠨ ᠲᠥᠮᠡᠨ ᠤ ᠪᠦᠯᠬᠦᠮᠳᠡᠯ ᠲᠡᠮᠡᠴᠡᠯ᠂ ᠬᠠᠮᠲᠣ ᠶᠢᠨ ᠴᠢᠷᠮᠠᠶᠢᠯᠭ᠎ᠠ ᠳᠤ | ᠲᠦᠰᠢᠭᠯᠡᠭᠰᠡᠨ ᠪᠠᠶᠢᠨ᠎ᠠ᠃ ᠠᠳᠡ ᠪᠢ ᠰᠢᠶᠠᠨ ᠤ ᠵᠠᠰᠠᠭ ᠤᠨ ᠣᠷᠳᠣᠨ ᠢ ᠲᠦᠯᠦᠭᠡᠯᠡᠨ ᠡᠯ᠎ᠡ ᠹᠷᠣᠨᠲ ᠳᠤ | ᠰᠢᠷᠭᠠᠭᠤ ᠠᠵᠢᠯᠯᠠᠵᠤ ᠪᠠᠶᠢᠭ᠎ᠠ ᠪᠦᠬᠦ ᠰᠢᠶᠠᠨ ᠤ ᠠᠷᠠᠳ ᠲᠦᠮᠡᠨ᠂ ᠵᠠᠰᠠᠭ ᠤᠨ ᠠᠵᠢᠯ ᠢ ᠬᠦᠴᠦᠲᠡᠢ ᠳᠡᠮᠵᠢᠵᠦ | ᠢᠷᠡᠭᠰᠡᠨᠥᠷᠭᠡᠨ ᠤᠯᠠᠨ ᠲᠦᠯᠦᠭᠡᠯᠡᠭᠴᠢᠳ᠂ ᠣᠯᠣᠰ ᠲᠥᠷᠥ ᠶᠢᠨ ᠵᠥᠪᠯᠡᠯᠭᠡᠨ ᠤ ᠭᠡᠰᠢᠭᠦᠳ᠂ ᠠᠵᠢᠯ ᠠᠴᠠ ᠪᠠᠨ | ᠠᠮᠠᠷᠠᠭᠰᠠᠨ ᠠᠬᠠᠮᠠᠳ ᠨᠦᠬᠦᠳ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ | ᠡᠯ᠎ᠡ ᠠᠷᠠᠳ ᠤᠨ ᠪᠦᠯᠬᠦᠮ ᠪᠣᠯᠣᠨ ᠨᠡᠶᠢᠭᠡᠮ ᠤᠨ ᠡᠯ᠎ᠡ ᠡᠲᠡᠭᠡᠳ᠂ ᠣᠯᠣᠰ ᠲᠥᠷᠥ ᠬᠠᠣᠯᠢ ᠴᠠᠭᠠᠵᠠ ᠶᠢᠨ ᠺᠠᠳ᠋ᠷ | ᠴᠠᠭᠳᠠᠭ᠎ᠠ᠂ ᠭᠠᠵᠠᠷ ᠣᠷᠣᠨ ᠳᠤ ᠰᠠᠭᠤᠭ᠎ᠠ ᠴᠡᠷᠢᠭ ᠠᠩᠭᠢ ᠪᠣᠯᠣᠨ ᠵᠡᠪᠰᠡᠭᠲᠦ ᠴᠡᠷᠢᠭ ᠪᠠᠶᠢᠯᠳᠣᠭᠴᠢᠳ᠂ | ᠬᠤᠷᠢᠨᠭᠡᠷ ᠤᠨ ᠪᠦᠲᠦᠭᠡᠨ ᠪᠠᠶᠢᠭᠤᠯᠣᠯᠲᠠ ᠳᠤ ᠣᠷᠣᠯᠴᠠᠵᠣ᠂ ᠬᠤᠷᠢᠨᠭᠡᠷ ᠤᠨ ᠬᠦᠭᠵᠢᠯᠲᠡ ᠶᠢ ᠳᠡᠮᠵᠢᠭᠰᠡᠨ ᠡᠯ᠎ᠡ | ᠡᠲᠡᠭᠡᠳ ᠨᠠᠶᠢᠵᠠ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠪᠣᠯᠣᠨ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠵᠦ ᠪᠠᠶᠢᠨ᠎ᠠ︕ | ᠬᠢᠷᠢ ᠪᠦᠲᠦᠮᠵᠢ ᠶᠢ ᠣᠯᠬᠤ ᠳᠤ ᠬᠢᠯᠪᠠᠷ ᠪᠤᠰᠤ᠂ ᠲᠣᠷᠰᠢᠯᠭ᠎ᠠ ᠨᠡᠩ ᠴᠦ ᠦᠨ᠎ᠡ ᠴᠡᠨ᠎ᠡ ᠲᠠᠢ᠃ ᠲᠠᠪᠣᠨ | ᠵᠢᠯ ᠤᠨ ᠲᠣᠷᠰᠢᠬᠢ ᠡᠷᠢᠯᠬᠢᠯᠡᠯ ᠦᠢᠯᠡᠳᠦᠯᠭᠡ ᠠᠴᠠ ᠪᠢᠳᠡ ᠬᠤᠷᠢᠨᠭᠡᠷ ᠤᠨ ᠠᠵᠣ ᠠᠬᠤᠢ ᠨᠡᠶᠢᠭᠡᠮ ᠤᠨ | ᠬᠦᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠣᠷ ᠬᠢᠬᠦ ᠳᠤ ᠳᠣᠣᠷᠠᠬᠢ ᠭᠤᠷᠪᠠᠨ ᠵᠦᠢᠯ ᠢ ᠪᠠᠲᠣᠯᠠᠨ | ᠴᠡᠭᠡᠵᠢᠯᠡᠬᠦ ᠬᠡᠷᠡᠭᠲᠡᠢ ᠭᠡᠳᠡᠭ ᠢ ᠮᠡᠳᠡᠭᠰᠡᠨ ᠪᠠᠶᠢᠨ᠎ᠠ᠄ | ᠰᠢᠶᠠᠨ ᠤ ᠪᠠᠶᠢᠳᠠᠯ ᠠᠷᠠᠳ ᠤᠨ ᠰᠠᠨᠠᠯ ᠪᠣᠳᠣᠯ ᠳᠤ ᠵᠣᠭᠰᠣᠬᠤ ᠶᠢ ᠢᠮᠠᠭᠲᠠ ᠪᠠᠷᠢᠮᠲᠠᠯᠠᠵᠣ᠂ ᠭᠤᠣᠯ | ᠵᠦᠷᠢᠴᠡᠯ ᠢ ᠪᠠᠳᠣᠲᠠᠢ ᠠᠳᠬᠤᠵᠣ᠂ ᠴᠢᠩᠭ᠎ᠠ ᠠᠳᠬᠤᠨ ᠰᠢᠷᠭᠠᠭᠤ ᠠᠵᠢᠯᠯᠠᠵᠣ ᠠᠵᠢᠯ ᠢᠶᠠᠨ ᠥᠷᠨᠢᠭᠦᠯᠬᠦ ᠬᠡᠷᠡᠭᠲᠡᠢ᠃ | ᠲᠠᠪᠣᠨ ᠵᠢᠯ ᠤᠨ ᠲᠣᠷᠰᠢ᠂ ᠪᠢᠳᠡ ᠬᠤᠷᠢᠨᠭᠡᠷ ᠤᠨ ᠦᠨᠳᠦᠰᠦᠨ ᠰᠢᠶᠠᠨ ᠤ ᠪᠠᠶᠢᠳᠠᠯ ᠠᠴᠠ ᠭᠠᠷᠳᠠᠬᠤ ᠶᠢ | ᠪᠠᠷᠢᠮᠲᠠᠯᠠᠵᠣ᠂ ᠬᠦᠭᠵᠢᠬᠦ ᠶᠢ ᠬᠦᠰᠡᠵᠦ᠂ ᠬᠦᠭᠵᠢᠬᠦ ᠶᠢ ᠪᠣᠳᠣᠵᠣ ᠪᠠᠶᠢᠭᠰᠠᠨ ᠠᠷᠠᠳ ᠤᠨ ᠰᠠᠨᠠᠯ ᠪᠣᠳᠣᠯ ᠠᠴᠠ | ᠭᠠᠷᠳᠠᠵᠣ᠂ ᠬᠦᠭᠵᠢᠯᠲᠡ ᠶᠢ ᠲᠡᠷᠢᠭᠦᠨ ᠳᠤ ᠲᠠᠯᠪᠢᠵᠣ᠂ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠬᠤ ᠶᠢ | ᠪᠠᠷᠢᠮᠲᠠᠯᠠᠨ᠂ ᠰᠠᠭᠤᠷᠢ ᠲᠠᠯᠪᠢᠵᠣ᠂ ᠠᠯᠣᠰ ᠬᠡᠲᠦ ᠳᠤ ᠠᠰᠢᠭᠲᠠᠢ ᠪᠠᠶᠢᠬᠤ ᠶᠢ ᠪᠣᠳᠣᠯᠬᠢᠯᠠᠵᠣ᠂ ᠴᠢᠬᠤᠯᠠ ᠶᠡᠭᠡ | ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠪᠠᠷ ᠠᠳᠬᠤᠴᠠ ᠪᠣᠯᠭᠠᠨ᠂ ᠠᠷᠭ᠎ᠠ ᠪᠦᠬᠦᠨ ᠢ ᠰᠦᠪᠡᠭᠴᠢᠯᠡᠨ | ᠲᠦᠷᠦᠯ ᠵᠦᠢᠯ ᠪᠡᠯᠡ ᠣᠷᠣᠭᠤᠯᠣᠯᠲᠠ ᠶᠢ ᠲᠡᠮᠡᠴᠡᠨ ᠣᠯᠵᠣ᠂ ᠬᠤᠳᠠᠯᠳᠣᠭᠠᠴᠢᠨ ᠢ ᠣᠷᠢᠵᠣ ᠪᠡᠯᠡ ᠣᠷᠣᠭᠤᠯᠣᠨ᠂ | ᠠᠵᠣ ᠠᠬᠤᠢ ᠶᠢᠨ ᠥᠰᠥᠯᠲᠡ ᠶᠢ ᠬᠦᠴᠦᠲᠡᠢ ᠳᠠᠶᠢᠴᠢᠯᠠᠨ ᠲᠠᠲᠠᠪᠠ᠃ ᠡᠨᠡ ᠨᠢ ᠪᠢᠳᠡᠨ ᠤ ᠲᠠᠰᠣᠷᠠᠯᠲᠠ ᠦᠭᠡᠢ | ᠰᠢᠨ᠎ᠡ ᠪᠠᠶᠢᠳᠠᠯ ᠢ ᠡᠭᠦᠳᠦᠨ ᠨᠡᠭᠡᠭᠡᠵᠦ᠂ ᠰᠢᠨ᠎ᠡ ᠰᠢᠪᠲᠣᠯᠣᠯᠲᠠ ᠲᠠᠢ ᠪᠣᠯᠣᠭᠰᠠᠨ ᠬᠤᠪᠣᠷ ᠨᠠᠨᠳᠢᠨ ᠲᠣᠷᠰᠢᠯᠭ᠎ᠠ | ᠮᠦᠷᠲᠡᠭᠡᠨ ᠪᠠᠰᠠ ᠬᠤᠶᠢᠰᠢᠳᠠ ᠶᠢᠨ ᠠᠵᠢᠯ ᠤᠨ ᠵᠠᠪᠠᠯ ᠪᠠᠷᠢᠮᠲᠠᠯᠠᠬᠤ ᠴᠢᠬᠤᠯᠠ ᠵᠠᠷᠴᠢᠮ ᠮᠥᠨ᠃ | ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠳᠤ ᠭᠤᠣᠯᠳᠠᠯᠭ᠎ᠠ ᠪᠠᠨ ᠲᠠᠯᠪᠢᠵᠣ᠂ ᠦᠨᠳᠦᠰᠦᠨ | ᠵᠣᠷᠢᠯᠲᠠ ᠶᠢᠨ ᠲᠣᠭᠤᠷᠢᠨ ᠳᠤ ᠨᠢᠭᠲᠠ ᠣᠶᠠᠯᠳᠣᠵᠣ᠂ ᠵᠣᠭᠰᠣᠴᠠ ᠪᠠᠨ ᠯᠠᠪᠳᠠᠭᠤᠨ ᠪᠠᠶᠢᠯᠭᠠᠵᠣ ᠠᠵᠢᠯ ᠢᠶᠠᠨ | ᠥᠷᠨᠢᠭᠦᠯᠬᠦ ᠬᠡᠷᠡᠭᠲᠡᠢ᠃ ᠲᠠᠪᠣᠨ ᠵᠢᠯ ᠤᠨ ᠲᠣᠷᠰᠢ᠂ ᠪᠢᠳᠡ ᠠᠷᠠᠳ ᠤᠨ ᠠᠮᠢᠳᠣᠷᠠᠯ ᠤᠨ ᠣᠷᠣᠭᠤᠯᠣᠯᠲᠠ ᠪᠠᠨ | ᠲᠠᠰᠣᠷᠠᠯᠲᠠ ᠦᠭᠡᠢ ᠨᠡᠮᠡᠭᠳᠡᠭᠦᠯᠵᠦ᠂ ᠠᠷᠠᠳ ᠤᠨ ᠠᠮᠢᠳᠣᠷᠠᠯ ᠤᠨ ᠪᠣᠳᠠᠲᠣ ᠣᠴᠢᠷ ᠢ ᠡᠷᠬᠢᠯᠡᠨ ᠶᠠᠪᠣᠭᠳᠠᠭᠤᠯᠵᠣ᠂ | ᠣᠯᠠᠨ ᠲᠦᠮᠡᠨ ᠥᠪ ᠥᠨᠡᠨᠬᠦ ᠠᠰᠢᠭ ᠣᠯᠵᠣ ᠬᠦᠷᠲᠡᠭᠰᠡᠨ ᠪᠠᠶᠢᠨ᠎ᠠ᠃ ᠦᠢᠯᠡᠳᠦᠯᠭᠡ ᠪᠢᠳᠡᠨ ᠳᠤ ᠪᠠᠶᠢᠨ ᠳᠠᠬᠢᠨ | ᠰᠠᠨᠠᠭᠤᠯᠣᠭᠰᠠᠨ ᠨᠢ᠂ ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠦᠨᠳᠦᠰᠦᠨ | ᠵᠣᠷᠢᠯᠲᠠ ᠶᠢ ᠵᠠᠪᠠᠯ ᠢᠮᠠᠭᠲᠠ ᠪᠠᠷᠢᠮᠲᠠᠯᠠᠨ ᠦᠢᠯᠡᠳᠦᠯᠭᠡᠵᠢᠭᠦᠯᠵᠦ᠂ ᠣᠯᠠᠨ ᠲᠦᠮᠡᠨ ᠤ ᠵᠣᠭᠰᠣᠴᠠ ᠳᠤ ᠯᠠᠪᠳᠠᠭᠤᠨ | ᠵᠣᠭᠰᠣᠨ᠂ ᠠᠷᠠᠳ ᠤᠨ ᠲᠦᠯᠦᠭᠡ ᠭᠡᠬᠦ ᠣᠬᠠᠮᠰᠠᠷ ᠢ ᠪᠣᠢ ᠪᠣᠯᠭᠠᠵᠣ᠂ ᠴᠦᠬᠦᠷᠡᠯ ᠦᠭᠡᠢ ᠵᠢᠳᠬᠦᠨ᠂ ᠣᠳᠠᠭᠠᠨ | ᠳᠠᠭᠠᠭᠠᠮᠠᠭᠠᠢ ᠪᠠᠷᠢᠮᠲᠠᠯᠠᠵᠣ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ ᠤᠨ ᠡᠷᠡᠮᠡᠯᠵᠡᠯ ᠬᠦᠰᠡᠯ ᠢ | ᠲᠠᠰᠣᠷᠠᠯᠲᠠ ᠦᠭᠡᠢ ᠬᠠᠩᠭᠠᠪᠠᠯ ᠰᠠᠶ᠋ᠢ ᠠᠷᠠᠳ ᠲᠦᠮᠡᠨ ᠤ ᠢᠲᠡᠭᠡᠯ ᠳᠡᠮᠵᠢᠯᠭᠡ ᠶᠢ ᠣᠯᠵᠣ ᠳᠡᠶᠢᠯᠬᠦ ᠪᠣᠯᠣᠨ᠎ᠠ᠃ | ᠵᠣᠷᠢᠭ ᠢᠶᠠᠨ ᠬᠦᠪᠴᠢᠯᠡᠨ ᠣᠷᠣᠭᠰᠢᠯᠠᠬᠤ ᠶᠢ ᠵᠠᠪᠠᠯ ᠪᠠᠲᠣᠯᠠᠵᠣ᠂ ᠡᠯ᠎ᠡ ᠡᠲᠡᠭᠡᠳ ᠤᠨ ᠬᠦᠴᠦᠨ ᠲᠠᠢ | ᠪᠦᠯᠬᠦᠮᠳᠡᠵᠦ᠂ ᠬᠦᠴᠦᠨ ᠢᠶᠠᠨ ᠬᠠᠮᠲᠣᠷᠠᠨ ᠠᠵᠢᠯ ᠢᠶᠠᠨ ᠥᠷᠨᠢᠭᠦᠯᠬᠦ ᠬᠡᠷᠡᠭᠲᠡᠢ᠃ ᠲᠠᠪᠣᠨ ᠵᠢᠯ ᠤᠨ ᠲᠣᠷᠰᠢ᠂ | ᠪᠢᠳᠡᠨ ᠤ ᠠᠵᠢᠯ ᠲᠡᠶᠢᠮᠦ ᠴᠦ ᠢᠯᠭᠤᠮ ᠣᠷᠣᠭᠰᠢᠲᠠᠢ ᠪᠢᠰᠢ᠂ ᠬᠦᠭᠵᠢᠯᠲᠡᠢᠮᠠᠭᠲᠠ ᠬᠦᠴᠢᠷ ᠪᠡᠷᠬᠡᠰᠢᠶᠡᠯ | ᠪᠣᠯᠣᠨᠦᠷᠢᠰᠦᠯᠳᠦᠭᠡᠨ ᠳᠤ ᠤᠴᠠᠷᠠᠭᠰᠠᠨ ᠪᠠᠶᠢᠳᠠᠭ᠃ ᠭᠡᠪᠡᠴᠦ ᠪᠢᠳᠡ ᠢᠮᠠᠭᠲᠠ ᠴᠦᠬᠦᠷᠡᠰᠢ ᠦᠭᠡᠢ ᠴᠢᠷᠮᠠᠶᠢᠳᠠᠭ | ᠵᠣᠷᠢᠭ ᠰᠠᠨᠠᠭ᠎ᠠ ᠶᠢ ᠪᠠᠷᠢᠮᠲᠠᠯᠠᠵᠣ᠂ ᠰᠢᠶᠠᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠣᠳᠣᠷᠢᠳᠣᠯᠭ᠎ᠠ ᠳᠤ ᠴᠢᠩᠭ᠎ᠠ | ᠲᠦᠰᠢᠭᠯᠡᠵᠦ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠲᠠᠢ ᠨᠢᠭᠲᠠ ᠲᠦᠰᠢᠯᠴᠡᠵᠦ᠂ ᠺᠠᠳ᠋ᠷ ᠣᠯᠠᠨ ᠲᠦᠮᠡᠨ ᠤ ᠬᠦᠴᠦ ᠬᠠᠮᠲᠣᠷᠠᠨ ᠠᠵᠢᠯᠯᠠᠬᠤ ᠳᠤ | ᠲᠦᠰᠢᠵᠦ᠂ ᠣᠯᠠᠮᠵᠢᠯᠠᠯ ᠢᠶᠠᠨ ᠵᠠᠯᠭᠠᠮᠵᠢᠯᠠᠨ᠂ ᠬᠡᠪ ᠨᠠᠮᠪᠠ ᠪᠠᠨ ᠪᠠᠲᠣᠯᠠᠵᠣ᠂ ᠬᠤᠭᠤᠴᠠᠭ᠎ᠠ ᠵᠠᠯᠭᠠᠨ ᠠᠵᠢᠯᠯᠠᠵᠣ᠂ | ᠵᠢᠷᠤᠭ ᠲᠥᠰᠥᠪ ᠢᠶᠠᠨ ᠳᠣᠶᠢᠯᠪᠣᠷᠢᠲᠠᠢ ᠭᠦᠢᠴᠡᠳᠬᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠪᠦᠲᠦᠭᠡᠨ | ᠪᠠᠶᠢᠭᠤᠯᠣᠯᠲᠠ ᠬᠢᠵᠦ᠂ ᠬᠦᠴᠦᠨ ᠢᠶᠠᠨ ᠲᠦᠪᠯᠡᠷᠡᠭᠦᠯᠦᠨ ᠬᠦᠭᠵᠢᠯᠲᠡ ᠶᠢ ᠡᠷᠢᠯᠬᠢᠯᠡᠪᠡᠯ ᠨᠡᠩ ᠰᠠᠶᠢᠨ ᠰᠠᠶᠢᠬᠠᠨ | ᠬᠤᠷᠢᠨᠭᠡᠷ ᠢ ᠡᠭᠦᠳᠦᠨ ᠪᠠᠶᠢᠭᠤᠯᠬᠤ ᠨᠢ ᠯᠠᠪᠲᠠᠢ ᠶᠤᠮ᠃ | ᠬᠢᠷᠢ ᠪᠦᠲᠦᠮᠵᠢ ᠪᠣᠯ ᠦᠩᠭᠡᠷᠡᠭᠰᠡᠨ ᠤ ᠬᠢ᠂ ᠢᠷᠡᠭᠡᠳᠦᠢ ᠳᠤ ᠴᠢᠷᠮᠠᠶᠢᠯᠭ᠎ᠠ ᠨᠡᠩ ᠴᠢᠬᠤᠯᠠ᠃ ᠲᠠᠪᠣᠨ | ᠵᠢᠯ ᠤᠨ ᠠᠵᠢᠯ ᠢ ᠡᠷᠭᠢᠴᠡᠭᠦᠯᠪᠡᠯ᠂ ᠪᠢᠳᠡ ᠣᠳᠣᠬᠠᠨ ᠤ ᠪᠦᠬᠦ ᠰᠢᠶᠠᠨ ᠤ ᠠᠵᠣ ᠠᠬᠤᠢ ᠨᠡᠶᠢᠭᠡᠮ ᠤᠨ ᠬᠦᠭᠵᠢᠯᠲᠡ | ᠳᠤ ᠪᠠᠰᠠ ᠪᠠᠭ᠎ᠠ ᠪᠤᠰᠤ ᠬᠦᠴᠢᠷ ᠵᠦᠢᠯ ᠪᠣᠯᠣᠨ ᠠᠰᠠᠭᠤᠳᠠᠯ ᠣᠷᠣᠰᠢᠵᠣ ᠪᠠᠶᠢᠬᠤ ᠶᠢ ᠰᠡᠷᠡᠨ ᠮᠡᠳᠡᠵᠦ ᠪᠣᠯᠣᠨ᠎ᠠ᠂ | ᠭᠤᠣᠯ ᠢᠯᠡᠷᠡᠯ ᠭᠡᠪᠡᠯ᠄ ᠠᠵᠣ ᠠᠬᠤᠢ ᠶᠢᠨ ᠶᠡᠷᠦᠩᠬᠡᠢ ᠬᠡᠮᠵᠢᠶ᠎ᠡ ᠲᠡᠶᠢᠮᠦ ᠶᠡᠭᠡ ᠪᠢᠰᠢ᠂ ᠶᠡᠷᠦᠩᠬᠡᠶᠢᠯᠡᠭᠰᠡᠨ ᠪᠣᠳᠠᠲᠣ | ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠬᠦ ᠴᠢᠬᠤᠯᠠᠲᠠᠢ︔ ᠠᠵᠣ ᠦᠢᠯᠡᠰ ᠤᠨ ᠭᠤᠣᠯᠯᠠᠬᠤ ᠦᠷᠢᠰᠦᠯᠳᠦᠬᠦ | ᠬᠦᠴᠦᠨ ᠪᠣᠯᠣᠨ ᠰᠢᠨ᠎ᠡ ᠶᠢ ᠡᠭᠦᠳᠬᠦ ᠴᠢᠳᠠᠪᠣᠷᠢ ᠲᠡᠶᠢᠮᠦ ᠴᠢᠩᠭ᠎ᠠ ᠪᠣᠯᠤᠭ᠎ᠠ ᠦᠭᠡᠢ᠂ ᠣᠯᠠᠮᠵᠢᠯᠠᠯᠲᠤ ᠠᠵᠣ | ᠦᠢᠯᠡᠰ ᠬᠡᠯᠪᠡᠷᠢ ᠪᠠᠨ ᠥᠭᠡᠷᠡᠴᠢᠯᠡᠵᠦ ᠳᠡᠰ ᠳᠡᠪᠰᠢᠬᠦ ᠴᠢᠬᠤᠯᠠᠲᠠᠢ᠂ ᠰᠢᠨ᠎ᠡ ᠪᠠᠷ ᠬᠦᠭᠵᠢᠭᠰᠡᠨ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠥᠷᠨᠢᠭᠦᠨ ᠬᠦᠭᠵᠢᠭᠦᠯᠬᠦ ᠴᠢᠬᠤᠯᠠᠲᠠᠢ᠂ ᠬᠦᠭᠵᠢᠯᠲᠡ ᠶᠢᠨ ᠴᠢᠨᠠᠷ ᠴᠢᠨᠰᠠᠭ᠎ᠠ ᠪᠣᠯᠣᠨ ᠦᠷ᠎ᠡ | ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ︔ ᠣᠷᠣᠨ ᠪᠦᠰᠡ ᠪᠣᠯᠣᠨ ᠬᠤᠲᠠ ᠬᠦᠳᠡᠭᠡ ᠶᠢᠨ | ᠬᠦᠭᠵᠢᠯᠲᠡ ᠲᠡᠩᠴᠡᠭᠦᠷᠢ ᠦᠭᠡᠢ᠂ ᠬᠦᠳᠡᠭᠡ ᠲᠣᠰᠬᠤᠨ ᠤ ᠰᠠᠭᠤᠷᠢ ᠪᠡᠯᠡᠳᠬᠡᠮᠵᠢ ᠪᠠᠭᠤᠷᠠᠢ᠂ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ᠂ ᠰᠢᠶᠠᠩ ᠪᠠᠯᠭᠠᠰᠣ ᠶᠢᠨ ᠵᠠᠰᠠᠨ ᠴᠡᠭᠴᠡᠯᠡᠯᠲᠡ ᠶᠢᠨ | ᠴᠢᠳᠠᠪᠣᠷᠢ ᠶᠢ ᠳᠡᠭᠡᠭᠰᠢᠯᠡᠭᠦᠯᠬᠦ ᠴᠢᠬᠤᠯᠠᠲᠠᠢ᠂ ᠡᠷᠦᠬᠡ ᠠᠮᠠ ᠶᠢᠨ ᠳᠠᠩᠰᠠ ᠲᠠᠢ ᠬᠦᠮᠦᠨ ᠠᠮᠠ ᠶᠢᠨ ᠬᠤᠲᠠ | ᠪᠠᠯᠭᠠᠰᠣᠵᠢᠯᠲᠠ ᠶᠢᠨ ᠬᠡᠮᠵᠢᠶ᠎ᠠ ᠦᠨᠳᠦᠷ ᠪᠢᠰᠢ᠂ ᠬᠦᠳᠡᠭᠡ ᠲᠣᠰᠬᠤᠨ ᠤ ᠬᠠᠮᠲᠣ ᠨᠢᠭᠡᠴᠡ ᠶᠢᠨ ᠠᠵᠣ ᠠᠬᠤᠢ | ᠪᠠᠭᠤᠷᠠᠢ᠂ ᠲᠠᠷᠢᠶᠠᠴᠢᠳ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠣᠯᠠᠨ ᠪᠢᠰᠢ᠂ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢᠨ ᠵᠦᠷᠢᠶ᠎ᠡ ᠨᠡᠯᠢᠶᠡᠳ ᠶᠡᠭᠡ᠂ ᠬᠦᠳᠡᠭᠡ ᠲᠣᠰᠬᠤᠨ ᠤ ᠠᠮᠢᠯᠠᠯ ᠤᠨ ᠬᠦᠴᠦᠨ ᠢ | ᠤᠯᠠᠮ ᠨᠢᠭᠡ ᠠᠯᠬᠤᠮ ᠬᠦᠭᠵᠢᠭᠡᠬᠦ ᠴᠢᠬᠤᠯᠠᠲᠠᠢ︔ ᠣᠷᠴᠢᠨ ᠲᠣᠭᠤᠷᠢᠨ ᠢ ᠬᠠᠮᠠᠭᠠᠯᠠᠬᠤ ᠪᠠ ᠠᠵᠣ ᠠᠬᠤᠢ ᠶᠢᠨ | ᠬᠦᠭᠵᠢᠯᠲᠡ ᠶᠢᠨ ᠵᠣᠬᠢᠴᠠᠩᠭᠤᠢ ᠪᠤᠰᠤ ᠠᠰᠠᠭᠤᠳᠠᠯ ᠪᠠᠰᠠᠯᠠ ᠳᠣᠪᠣᠶᠢᠮ᠎ᠠ ᠪᠠᠶᠢᠵᠣ᠂ ᠠᠮᠢ ᠠᠬᠤᠢ ᠣᠷᠴᠢᠨ | ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠴᠢᠬᠤᠯᠠᠲᠠᠢ︔ ᠠᠵᠣ ᠠᠬᠤᠢ ᠶᠢᠨ ᠬᠦᠭᠵᠢᠯᠲᠡ ᠶᠢᠨ ᠰᠢᠨ᠎ᠡ | ᠬᠡᠪ ᠪᠠᠶᠢᠳᠠᠯ ᠳᠤ ᠲᠣᠬᠢᠷᠠᠭᠰᠠᠨ ᠪᠠᠶᠢᠭᠤᠯᠣᠯ ᠲᠣᠭᠲᠠᠴᠠ ᠪᠦᠬᠦ ᠲᠠᠯ᠎ᠠ ᠪᠠᠷ ᠪᠦᠷᠢᠯᠳᠦᠭᠡ ᠦᠭᠡᠢ᠂ ᠪᠦᠬᠦ ᠲᠠᠯ᠎ᠠ ᠪᠠᠷ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠬᠤ ᠬᠦᠴᠦᠯᠡᠴᠡ ᠪᠠᠨ ᠤᠯᠠᠮ ᠨᠢᠭᠡ ᠠᠯᠬᠤᠮ | ᠨᠡᠮᠡᠭᠳᠡᠭᠦᠯᠭᠦ ᠴᠢᠬᠤᠯᠠᠲᠠᠢ︔ ᠠᠷᠠᠳ ᠤᠨ ᠠᠮᠢᠳᠣᠷᠠᠯ ᠤᠨ ᠪᠠᠲᠣᠯᠠᠭ᠎ᠠ᠂ ᠨᠡᠶᠢᠭᠡᠮ ᠤᠨ ᠬᠠᠮᠢᠶᠠᠷᠣᠯᠲᠠ ᠶᠢᠨ ᠬᠢᠷᠢ | ᠲᠦᠪᠰᠢᠨ ᠨᠢ ᠠᠷᠠᠳ ᠲᠦᠮᠡᠨ ᠤ ᠪᠣᠳᠣᠯ ᠰᠠᠨᠠᠭ᠎ᠠ ᠲᠠᠢ ᠪᠠᠰᠠ ᠵᠦᠷᠢᠶᠡᠨ ᠲᠠᠢ ᠪᠠᠶᠢᠭᠰᠠᠭᠠᠷ᠂ ᠰᠣᠷᠭᠠᠨ ᠬᠦᠮᠦᠵᠢᠯ | ᠂ ᠡᠷᠡᠭᠦᠯ ᠬᠠᠮᠠᠭᠠᠯᠠᠯ᠂ ᠰᠣᠶᠣᠯ ᠵᠡᠷᠭᠡ ᠬᠦᠷᠢᠶᠡᠨ ᠳᠠᠬᠢ ᠳᠣᠲᠠᠭᠤᠳᠠᠯ ᠢᠶᠠᠨ ᠤᠯᠠᠮ ᠨᠢᠭᠡ ᠠᠯᠬᠤᠮ ᠨᠦᠬᠦᠪᠦᠷᠢᠯᠡᠬᠦ | ᠴᠢᠬᠤᠯᠠᠲᠠᠢ︔ ᠵᠠᠷᠢᠮ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭᠠᠲᠣ ᠣᠬᠠᠮᠰᠠᠷ᠂ ᠡᠭᠦᠷᠭᠡᠯᠡᠬᠦ ᠣᠬᠠᠮᠰᠠᠷ᠂ | ᠦᠢᠯᠡᠴᠢᠯᠡᠭᠡᠨ ᠤ ᠣᠬᠠᠮᠰᠠᠷ ᠬᠦᠷᠦᠯᠴᠡᠬᠦ ᠦᠭᠡᠢ᠂ ᠠᠵᠢᠯ ᠤᠨ ᠣᠪᠣᠷ ᠰᠣᠷᠲᠠᠯ ᠪᠣᠯᠣᠨ ᠦᠢᠯᠡᠳᠦᠯ ᠴᠢᠳᠠᠮᠵᠢ ᠶᠢᠨ | ᠪᠦᠲᠦᠭᠡᠨ ᠪᠠᠶᠢᠭᠤᠯᠣᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ᠃ ᠡᠳᠡᠭᠡᠷ ᠠᠰᠠᠭᠤᠳᠠᠯ ᠤᠨ | ᠡᠮᠦᠨ᠎ᠡ᠂ ᠪᠢᠳᠡ ᠯᠠᠪᠲᠠᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠠᠭᠠᠬᠢᠭᠰᠠᠨ ᠴᠦ ᠵᠠᠶᠢᠯᠠᠵᠣ | ᠣᠬᠤᠷᠢᠬᠤ ᠦᠭᠡᠢ᠂ ᠢᠳᠡᠪᠬᠢᠲᠡᠢ ᠪᠠᠷ ᠠᠷᠭ᠎ᠠ ᠠᠪᠴᠠᠯ ᠠᠪᠴᠣ᠂ ᠦᠨᠡᠨᠬᠦ ᠰᠢᠢᠳᠪᠦᠷᠢᠯᠡᠨ᠎ᠡ᠃ | ᠬᠤᠶᠠᠷ᠂ ᠬᠤᠶᠢᠰᠢᠳᠠ ᠶᠢᠨ ᠲᠠᠪᠣᠨ ᠵᠢᠯ ᠤᠨ ᠬᠦᠭᠵᠢᠯᠲᠡ ᠶᠢᠨ ᠰᠡᠳᠬᠢᠮᠵᠢ | ᠬᠤᠶᠢᠰᠢᠳᠠ ᠶᠢᠨ ᠲᠠᠪᠣᠨ ᠵᠢᠯ ᠪᠣᠯ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠬᠤ ᠴᠢᠬᠤᠯᠠ ᠴᠠᠭ ᠦᠶ᠎ᠡ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ | ᠪᠠᠶᠢᠭᠤᠯᠣᠨ ᠪᠦᠲᠦᠭᠡᠬᠦ ᠰᠢᠢᠳᠪᠦᠷᠢᠲᠦ ᠱᠠᠲᠣᠨ ᠤ ᠵᠠᠩᠭᠢᠯᠠᠭ᠎ᠠ ᠶᠢᠨ ᠴᠠᠭ ᠦᠶ᠎ᠡ᠂ ︽ᠬᠤᠣᠰ ᠵᠠᠭᠤᠨ ᠵᠢᠯ︾ ᠤᠨ | ᠲᠡᠮᠡᠴᠡᠬᠦ ᠬᠠᠷᠠᠯᠲᠠ ᠶᠢᠨ ᠲᠡᠥᠬᠡ ᠶᠢᠨ ᠠᠭᠤᠯᠵᠠᠷ ᠤᠨ ᠬᠤᠭᠤᠴᠠᠭ᠎ᠠ᠂ ᠪᠠᠰᠠᠴᠣ ᠬᠤᠷᠢᠨᠭᠡᠷ ᠤᠨ ᠳᠠᠪᠠᠯᠲᠠ ᠶᠢ | ᠲᠦᠷᠭᠡᠳᠬᠡᠵᠦ᠂ ᠬᠦᠴᠦ ᠬᠠᠮᠲᠣᠷᠠᠨ ᠭᠦᠢᠴᠡᠨ ᠠᠪᠴᠣ᠂ ᠭᠡᠷᠡᠯ ᠰᠠᠴᠣᠷᠠᠩᠭᠤᠢ ᠠᠮᠵᠢᠯᠲᠠ ᠶᠢ ᠳᠠᠬᠢᠨ ᠡᠭᠦᠳᠬᠦ | ᠪᠣᠭᠤᠮᠲᠠ ᠰᠢᠪᠲᠣᠯᠬᠤ ᠴᠠᠭ ᠦᠶ᠎ᠡ᠂ ᠠᠵᠠ ᠲᠣᠬᠢᠶᠠᠯ ᠪᠣᠯᠣᠨ ᠦᠷᠢᠰᠦᠯᠳᠦᠭᠡᠨ ᠵᠡᠷᠭᠡᠪᠡᠷ ᠣᠷᠣᠰᠢᠵᠣ᠂ ᠬᠦᠰᠡᠯ | ᠡᠷᠡᠮᠡᠯᠵᠡᠯ ᠪᠣᠯᠣᠨ ᠬᠦᠴᠢᠷ ᠪᠡᠷᠬᠡ ᠬᠠᠮᠲᠣ ᠣᠷᠣᠰᠢᠬᠤ ᠴᠠᠭ ᠦᠶ᠎ᠡ ᠪᠣᠯᠣᠨ᠎ᠠ᠃ ᠭᠤᠣᠯ ᠣᠷᠢᠳᠴᠢᠯᠠᠭᠰᠠᠨ | ᠬᠠᠷᠠᠯᠲᠠ ᠪᠣᠯ᠄ ᠠᠵᠣ ᠠᠬᠤᠢ ᠳᠣᠮᠳᠠ ᠳᠡᠭᠡᠳᠦ ᠬᠤᠷᠳᠣᠴᠠ ᠶᠢᠨ ᠥᠰᠥᠯᠲᠡ ᠶᠢ ᠪᠠᠲᠣᠯᠠᠵᠣ᠂ ᠬᠦᠭᠵᠢᠯᠲᠡ ᠶᠢᠨ | ᠶᠠᠰᠤ ᠴᠢᠨᠠᠷ ᠪᠣᠯᠣᠨ ᠦᠷ᠎ᠡ ᠠᠰᠢᠭ ᠢ ᠢᠯᠡᠳᠲᠡ ᠳᠡᠭᠡᠭᠰᠢᠯᠡᠭᠦᠯᠦᠨ᠎ᠡ︔ ᠬᠤᠲᠠ ᠬᠦᠳᠡᠭᠡ ᠶᠢᠨ ᠵᠦᠷᠢᠶ᠎ᠡ ᠶᠢ ᠤᠯᠠᠮ | ᠨᠢᠭᠡ ᠠᠯᠬᠤᠮ ᠪᠠᠭᠠᠰᠬᠠᠵᠣ᠂ ᠬᠤᠲᠠ ᠬᠦᠳᠡᠭᠡ ᠶᠢᠨ ᠵᠣᠬᠢᠴᠠᠩᠭᠤᠢ ᠬᠦᠭᠵᠢᠯᠲᠡ ᠶᠢᠨ ᠪᠠᠶᠢᠳᠠᠯ ᠢ ᠦᠨᠳᠦᠰᠦᠨ | ᠳᠤ ᠪᠠᠨ ᠪᠦᠷᠢᠯᠳᠦᠭᠦᠯᠦᠨ᠎ᠡ︔ ᠠᠷᠠᠳ ᠤᠨ ᠠᠮᠢᠳᠣᠷᠠᠯ ᠤᠨ ᠲᠦᠪᠰᠢᠨ ᠢ ᠦᠷᠭᠦᠯᠵᠢᠯᠡᠨ ᠰᠠᠶᠢᠵᠢᠷᠠᠭᠤᠯᠵᠣ᠂ | ᠨᠡᠶᠢᠭᠡᠮ ᠤᠨ ᠪᠣᠯᠪᠠᠰᠣᠨ ᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠠᠮᠢ ᠠᠬᠤᠢ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠶᠡᠷᠦᠩᠬᠡᠶᠢᠯᠡᠨ ᠰᠠᠶᠢᠵᠢᠷᠠᠭᠤᠯᠵᠣ᠂ ᠦᠷᠭᠦᠯᠵᠢᠯᠡᠬᠦᠶᠢᠴᠡ ᠬᠦᠭᠵᠢᠯᠲᠡ ᠶᠢᠨ | ᠴᠢᠳᠠᠪᠣᠷᠢ ᠶᠢ ᠢᠯᠡᠳᠲᠡ ᠨᠡᠮᠡᠭᠳᠡᠭᠦᠯᠦᠨ᠎ᠡ︔ ᠥᠭᠡᠷᠡᠴᠢᠯᠡᠯᠲᠡ ᠬᠢᠵᠦ ᠴᠢᠯᠦᠭᠡᠲᠡᠢ ᠶᠠᠪᠣᠯᠴᠠᠬᠤ ᠶᠢ ᠦᠷᠭᠦᠯᠵᠢᠯᠡᠨ | ᠠᠬᠢᠭᠤᠯᠵᠣ᠂ ᠡᠯ᠎ᠡ ᠲᠠᠯ᠎ᠠ ᠶᠢᠨ ᠪᠠᠶᠢᠭᠤᠯᠣᠯ ᠲᠣᠭᠲᠠᠴᠠ ᠶᠢ ᠨᠡᠩ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠣ | ᠠᠬᠤᠢ ᠬᠦᠭᠵᠢᠭᠰᠡᠨ᠂ ᠠᠷᠠᠳ ᠤᠨ ᠠᠮᠢᠳᠣᠷᠠᠯ ᠴᠢᠨᠡᠭᠡᠯᠢᠭᠵᠢᠭᠰᠡᠨ᠂ ᠬᠤᠲᠠ ᠬᠦᠳᠡᠭᠡ ᠭᠤᠴᠣ ᠰᠠᠶᠢᠬᠠᠨ᠂ | ᠨᠡᠶᠢᠭᠡᠮ ᠳᠠᠶᠠᠭᠠᠷ ᠡᠶ᠎ᠡ ᠨᠠᠶᠢᠷᠠᠮᠳᠠᠭᠤ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃ | ᠣᠷᠢᠳᠴᠢᠯᠠᠭᠰᠠᠨ ᠬᠠᠷᠠᠯᠲᠠ ᠪᠠᠨ ᠪᠡᠶᠡᠯᠡᠭᠦᠯᠬᠦ ᠳᠤ ︽ᠳᠣᠯᠣᠭᠠᠨ ᠵᠠᠪᠠᠯ ᠪᠠᠷᠢᠮᠲᠠᠯᠠᠬᠤ︾ ᠶᠢ ᠪᠠᠳᠣᠲᠠᠢ | ᠠᠳᠬᠤᠬᠤ ᠬᠡᠷᠡᠭᠲᠡᠢ᠄ | ︵ᠨᠢᠭᠡ︶ ᠣᠳᠣᠬᠢᠴᠢᠯᠠᠭᠰᠠᠨ ᠠᠵᠣ ᠠᠬᠤᠢ ᠶᠢᠨ ᠰᠢᠰᠲ᠋ᠧᠮ ᠢ ᠪᠠᠶᠢᠭᠤᠯᠬᠤ ᠶᠢ ᠵᠠᠪᠠᠯ ᠪᠠᠷᠢᠮᠲᠠᠯᠠᠬᠤ | ᠬᠡᠷᠡᠭᠲᠡᠢ᠃ | ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠣᠯ ᠦᠭᠡᠢ᠂ ᠴᠢᠯᠦᠭᠡᠲᠡᠢ᠂ ᠬᠠᠮᠲᠣ ᠪᠠᠷ ᠡᠳ᠋ᠯᠡᠬᠦ | ᠬᠦᠭᠵᠢᠯᠲᠡ ᠶᠢᠨ ᠣᠨᠣᠯᠵᠢᠬᠤᠨ ᠢ ᠭᠦᠨᠵᠡᠭᠡᠢ ᠲᠣᠣᠱᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠳᠤ ᠪᠠᠶᠢᠴᠠᠭᠠᠨ ᠰᠢᠨᠵᠢᠯᠡᠯᠲᠡ ᠬᠢᠬᠦ ᠳᠤ ᠳᠣᠷᠠᠳᠣᠭᠰᠠᠨ ︽ᠲᠠᠪᠣᠨ ᠣᠶᠠᠯᠳᠣᠭᠤᠯᠬᠤ︾᠂ ︽ᠲᠠᠪᠣᠨ | ᠠᠭᠤᠰᠣᠯᠴᠠᠭᠤᠯᠬᠤ︾ ᠴᠢᠬᠤᠯᠠ ᠱᠠᠭᠠᠷᠳᠠᠯᠭ᠎ᠠ ᠶᠣᠰᠣᠭᠠᠷ᠂ ᠠᠵᠣ ᠠᠬᠤᠢ ᠶᠢ ᠨᠡᠩ ᠴᠢᠨᠠᠷ ᠰᠠᠶᠢᠲᠠᠢ᠂ ᠨᠡᠩ | ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠦᠷᠭᠦᠯᠵᠢᠯᠡᠵᠦ ᠳᠡᠶᠢᠯᠬᠦ ᠴᠢᠭᠯᠡᠯ ᠲᠡᠰᠢ ᠬᠦᠭᠵᠢᠬᠦ ᠶᠢ ᠠᠬᠢᠭᠤᠯᠣᠨ᠎ᠠ᠃ | ᠪᠣᠳᠠᠲᠣ ᠠᠵᠣ ᠠᠬᠤᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠣᠳᠣᠬᠢᠴᠢᠯᠠᠭᠰᠠᠨ ᠮᠦᠩᠭᠦᠨ | ᠭᠦᠢᠯᠭᠡᠭᠡ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠣᠬᠢᠴᠠᠩᠭᠤᠢ ᠬᠦᠭᠵᠢᠯᠲᠡ ᠶᠢᠨ ᠠᠵᠣ ᠦᠢᠯᠡᠰ ᠤᠨ | ᠰᠢᠰᠲ᠋ᠧᠮ ᠢ ᠲᠦᠷᠭᠡᠳᠬᠡᠨ ᠬᠦᠭᠵᠢᠭᠦᠯᠵᠦ᠂ ᠣᠯᠠᠮᠵᠢᠯᠠᠯᠲᠣ ᠠᠵᠣ ᠦᠢᠯᠡᠰ ᠤᠨ ᠰᠢᠯᠢᠳᠡᠭᠵᠢᠨ ᠳᠡᠰ ᠳᠡᠪᠰᠢᠬᠦ ᠶᠢ | ᠲᠦᠯᠬᠢᠨ ᠠᠬᠢᠭᠤᠯᠵᠣ᠂ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠣ ᠦᠢᠯᠡᠰ ᠢ | ᠶᠡᠬᠡᠪᠡᠷ ᠬᠦᠭᠵᠢᠭᠦᠯᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠪᠣᠳᠠᠲᠣ ᠠᠵᠣ ᠠᠬᠤᠢ ᠶᠢᠨ ᠭᠦᠨᠵᠡᠭᠡᠢ | ᠠᠭᠤᠰᠣᠯᠴᠠᠯ ᠢ ᠲᠦᠯᠬᠢᠨ ᠠᠬᠢᠭᠤᠯᠬᠤ ᠬᠡᠷᠡᠭᠲᠡᠢ᠃ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠳᠡᠰ | ᠳᠡᠪᠰᠢᠬᠦ ᠶᠢ ᠲᠦᠷᠭᠡᠳᠬᠡᠨ ᠠᠬᠢᠭᠤᠯᠵᠣ᠂ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠬᠦᠴᠦᠯᠡᠴᠡ ᠪᠠᠨ | ᠨᠡᠮᠡᠭᠳᠡᠭᠦᠯᠦᠨ᠂ ᠪᠣᠬᠢᠷᠳᠣᠯ ᠦᠭᠡᠢ ᠢᠳᠡᠭᠡᠨ᠂ ᠠᠮᠢ ᠠᠬᠤᠢ᠂ ᠠᠮᠢᠳᠣ ᠪᠣᠳᠠᠰ ᠤᠨ ᠰᠢᠨᠵᠢᠯᠡᠬᠦ ᠣᠬᠠᠭᠠᠨ ᠮᠡᠷᠭᠡᠵᠢᠯ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠴᠠᠬᠢᠯᠭᠠᠨ ᠬᠦᠴᠦᠨ ᠵᠡᠷᠭᠡ ᠠᠵᠣ ᠦᠢᠯᠡᠰ ᠢ ᠤᠯᠠᠮ ᠨᠢᠭᠡ ᠠᠯᠬᠤᠮ | ᠬᠦᠴᠦᠷᠬᠡᠭᠵᠢᠭᠦᠯᠦᠨ ᠪᠤᠵᠠᠭᠠᠶᠢᠷᠠᠭᠤᠯᠵᠣ᠂ ᠵᠠᠭᠤᠨ ᠳ᠋ᠦᠩᠰᠢᠭᠤᠷ ᠳᠡᠰ ᠤᠨ ᠠᠵᠣ ᠠᠬᠤᠶᠢᠯᠠᠯ᠂ ᠮᠢᠩᠭᠠᠨ | ᠳ᠋ᠦᠩᠰᠢᠭᠤᠷ ᠳᠡᠰ ᠤᠨ ᠬᠦᠷᠢᠶᠡᠯᠡᠩ ᠲᠣᠭᠤᠷᠢᠭ ᠢ ᠴᠢᠷᠮᠠᠶᠢᠨ ᠴᠣᠭᠴᠠᠯᠠᠬᠤ ᠬᠡᠷᠡᠭᠲᠡᠢ︔ ᠱᠧᠩ ᠯᠧ ᠤᠳᠤ | ᠦᠶ᠎ᠡ ᠶᠢᠨ ᠦᠢᠯᠡᠴᠢᠯᠡᠭᠡ ᠶᠢᠨ ᠦᠢᠯᠡᠰ ᠤᠨ ᠲᠦᠪᠯᠡᠷᠡᠯ ᠤᠨ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ | ᠲᠦᠷᠭᠡᠳᠬᠡᠨ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠭᠦᠯᠵᠦ᠂ ᠡᠭᠦᠯᠡᠨ ᠪᠣᠳᠣᠯᠲᠠ | ᠲᠣᠮᠣ ᠳ᠋ᠠᠶᠢᠲ᠋ᠠ᠂ ᠰᠣᠶᠣᠯ ᠵᠢᠭᠤᠯᠴᠢᠯᠠᠯ᠂ ᠣᠳᠣᠬᠢᠴᠢᠯᠠᠭᠰᠠᠨ ᠪᠠᠷᠠᠭᠠᠨ ᠤ ᠭᠦᠢᠯᠭᠡᠭᠡ ᠵᠡᠷᠭᠡ ᠠᠵᠣ ᠦᠢᠯᠡᠰ ᠤᠨ | ᠲᠦᠷᠭᠡᠨ ᠬᠦᠭᠵᠢᠯᠲᠡ ᠶᠢ ᠠᠬᠢᠭᠤᠯᠣᠨ᠂ ᠰᠢᠶᠠᠨ ᠤ ᠬᠡᠪᠴᠢᠶᠡᠨ ᠤ ᠠᠵᠣ ᠠᠬᠤᠢ ᠶᠢᠨ ᠪᠣᠳᠠᠲᠣ ᠬᠦᠴᠦᠨ ᠢᠶᠠᠨ | ᠪᠣᠵᠠᠭᠠᠶᠢᠷᠠᠭᠤᠯᠣᠨ᠎ᠠ᠃ ᠬᠤᠷᠢᠨᠭᠡᠷ ᠰᠢᠨ᠎ᠡ ᠲᠣᠭᠤᠷᠢᠭ᠂ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ | ᠪᠦᠲᠦᠭᠡᠨ ᠪᠠᠶᠢᠭᠤᠯᠣᠯᠲᠠ ᠶᠢᠨ ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ ᠠᠵᠠ ᠲᠣᠬᠢᠶᠠᠯ ᠢ ᠠᠳᠬᠤᠨ᠂ ᠪᠦᠬᠦ | ᠲᠠᠯ᠎ᠠ ᠶᠢ ᠣᠬᠠᠮᠰᠠᠷ ᠠᠴᠠ ᠪᠠᠨ ᠳᠠᠭᠠᠵᠣ᠂ ᠰᠠᠨᠠᠭᠠᠴᠢᠯᠠᠭ᠎ᠠ ᠠᠴᠠ ᠪᠠᠨ ᠵᠣᠬᠢᠴᠠᠯᠳᠣᠨ ᠠᠭᠤᠰᠣᠯᠴᠠᠵᠣ᠂ ᠪᠦᠬᠦ | ᠬᠦᠴᠦᠨ ᠢᠶᠠᠷ ᠬᠠᠮᠵᠢᠯᠴᠠᠨ ᠳᠡᠮᠵᠢᠵᠦ᠂ ᠦᠢᠯᠡᠴᠢᠯᠡᠭᠡᠨ ᠤ ᠪᠠᠲᠣᠯᠠᠭ᠎ᠠ ᠪᠠᠨ ᠨᠠᠷᠢᠯᠢᠭᠵᠢᠭᠤᠯᠣᠨ᠂ ᠮᠦᠩᠭᠦᠨ | ᠭᠦᠢᠯᠭᠡᠭᠡᠨ ᠤ ᠵᠢᠵᠢᠭ ᠪᠠᠯᠭᠠᠰᠣ᠂ ᠰᠣᠷᠭᠠᠨ ᠬᠦᠮᠦᠵᠢᠯ ᠤᠨ ᠵᠢᠵᠢᠭ ᠪᠠᠯᠭᠠᠰᠣ᠂ ᠲᠤᠭ᠎ᠠ ᠪᠦᠭᠡᠭᠡᠨᠡᠷᠡᠯ ᠤᠨ ᠵᠢᠵᠢᠭ | ᠪᠠᠯᠭᠠᠰᠣ᠂ ᠡᠷᠡᠭᠦᠯ ᠮᠡᠨᠳᠦ ᠶᠢᠨ ᠵᠢᠵᠢᠭ ᠪᠠᠯᠭᠠᠰᠣ ᠪᠣᠯᠣᠨ ᠨᠢᠰᠬᠡᠯ ᠤᠨ ᠪᠠᠭᠤᠳᠠᠯ ᠤᠨ ᠵᠢᠵᠢᠭ ᠪᠠᠯᠭᠠᠰᠣ ᠶᠢᠨ | ᠪᠦᠲᠦᠭᠡᠨ ᠪᠠᠶᠢᠭᠤᠯᠣᠯᠲᠠ ᠶᠢ ᠪᠦᠬᠦ ᠬᠦᠴᠦᠨ ᠢᠶᠠᠷ ᠳᠡᠮᠵᠢᠨ᠂ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ | ᠠᠴᠢᠶᠠᠯᠠᠬᠤ ᠴᠢᠳᠠᠪᠣᠷᠢ ᠶᠢ ᠲᠠᠰᠣᠷᠠᠯᠲᠠ ᠦᠭᠡᠢ ᠴᠢᠩᠭᠠᠳᠬᠠᠵᠣ᠂ ᠠᠵᠣ ᠦᠢᠯᠡᠰ ᠬᠤᠲᠠ ᠠᠭᠤᠰᠣᠯᠴᠠᠨ | ᠬᠦᠭᠵᠢᠬᠦ ᠶᠢ ᠲᠦᠷᠭᠡᠳᠬᠡᠨ ᠠᠬᠢᠭᠤᠯᠣᠨ᠎ᠠ᠃ ᠬᠦᠳᠡᠭᠡ ᠲᠣᠰᠬᠤᠨ ᠢ ᠬᠦᠴᠦᠷᠬᠡᠭᠵᠢᠭᠦᠯᠬᠦ ᠪᠠᠶᠢᠯᠳᠣᠬᠤ ᠪᠣᠳᠣᠯᠭ᠎ᠠ ᠶᠢ | ᠨᠠᠶᠢᠳᠠᠪᠣᠷᠢᠵᠢᠭᠤᠯᠵᠣ᠂ ᠠᠵᠣ ᠦᠢᠯᠡᠰ ᠴᠡᠴᠡᠭᠯᠡᠨ ᠬᠦᠭᠵᠢᠭᠰᠡᠨ᠂ ᠠᠮᠢ ᠠᠬᠤᠶ ᠰᠠᠭᠤᠷᠢᠰᠢᠯ ᠳᠤ ᠲᠣᠬᠢᠷᠠᠮᠵᠢᠲᠠᠶ᠂ | ᠲᠤᠰᠬᠤᠨ ᠤ ᠵᠠᠩ ᠰᠤᠷᠲᠠᠯ ᠪᠣᠯᠪᠠᠰᠤᠨ᠂ ᠵᠠᠰᠠᠨ ᠴᠡᠭᠴᠡᠯᠡᠯᠲᠡ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ | ᠪᠠᠶᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠠᠵᠣ ᠠᠬᠤᠢ ᠬᠦᠳᠡᠭᠡ ᠲᠣᠰᠬᠤᠨ ᠤ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠣ᠂ ᠲᠠᠷᠢᠶᠠᠯᠠᠩ ᠠᠵᠣ ᠠᠬᠤᠢ ᠶᠢᠨ ᠦᠷ᠎ᠡ ᠠᠰᠢᠭ ᠦᠷᠭᠦᠯᠵᠢᠯᠡᠨ | ᠨᠡᠮᠡᠭᠳᠡᠵᠦ᠂ ᠲᠠᠷᠢᠶᠠᠴᠢᠳ ᠤᠨ ᠣᠷᠣᠯᠭ᠎ᠠ ᠦᠷᠭᠦᠯᠵᠢᠯᠡᠨ ᠨᠡᠮᠡᠭᠳᠡᠬᠦ ᠶᠢ ᠪᠡᠶᠡᠯᠡᠭᠦᠯᠬᠦ ᠬᠡᠷᠡᠭᠲᠡᠢ᠃ ᠬᠦᠮᠦᠨ ᠢᠶᠠᠷ | ᠭᠤᠣᠯ ᠪᠣᠯᠭᠠᠭᠰᠠᠨ ᠬᠤᠲᠠ ᠪᠠᠯᠭᠠᠰᠣᠵᠢᠯᠲᠠ ᠶᠢ ᠠᠬᠢᠭᠤᠯᠵᠣ᠂ ᠵᠢᠭᠤᠯᠴᠢᠯᠠᠯ ᠤᠨ ᠵᠢᠵᠢᠭ ᠪᠠᠯᠭᠠᠰᠣ ᠶᠢ | ᠲᠦᠯᠦᠪᠵᠢᠭᠦᠯᠦᠨ ᠪᠠᠶᠢᠭᠤᠯᠵᠣ᠂ ᠬᠤᠲᠠ ᠪᠠᠯᠭᠠᠰᠣ ᠶᠢᠨ ᠨᠠᠷᠢᠯᠢᠭᠵᠢᠭᠤᠯᠣᠯᠲᠠ ᠶᠢᠨ ᠬᠠᠮᠢᠶᠠᠷᠣᠯᠲᠠ ᠶᠢᠨ ᠬᠢᠷᠢ | ᠲᠦᠪᠰᠢᠨ ᠢ ᠶᠡᠬᠡᠪᠡᠷ ᠳᠡᠭᠡᠭᠰᠢᠯᠡᠭᠦᠯᠬᠦ ᠬᠡᠷᠡᠭᠲᠡᠢ᠃ ᠠᠵᠣ ᠦᠢᠯᠡᠰ ︽ᠨᠠᠷᠢᠯᠢᠭ ᠪᠦᠭᠡᠳ ᠣᠨᠴᠠᠭᠠᠢ︾᠂ ᠣᠷᠴᠢᠨ | ᠲᠣᠭᠤᠷᠢᠨ ︽ᠣᠬᠢ ᠮᠦᠷᠲᠡᠭᠡᠨ ᠭᠤᠶᠣ︾᠂ ᠪᠠᠶᠢᠭᠤᠯᠣᠯ ︽ᠰᠢᠨ᠎ᠡ ᠮᠦᠷᠲᠡᠭᠡᠨ ᠠᠮᠢᠳᠣᠯᠢᠭ︾ ᠰᠡᠳᠬᠢᠮᠵᠢ ᠶᠢᠨ | ᠲᠣᠭᠤᠷᠢᠨ ᠳᠤ ᠡᠯ᠎ᠡ ᠵᠦᠢᠯ ᠤᠨ ᠥᠪᠡᠷᠮᠢᠴᠡ ᠣᠨᠴᠠᠯᠢᠭ ᠲᠠᠢ ᠵᠢᠵᠢᠭ ᠪᠠᠯᠭᠠᠰᠣ ᠶᠢ ᠪᠦᠲᠦᠭᠡᠨ ᠪᠠᠶᠢᠭᠤᠯᠣᠨ᠎ᠠ᠃ | ᠵᠠᠮ ᠨᠡᠪᠲᠡᠷᠡᠯᠭᠡ᠂ ᠤᠰᠤᠨ ᠠᠰᠢᠭᠯᠠᠯᠲᠠ᠂ ᠬᠤᠭᠤᠯᠠᠢ᠂ ᠴᠠᠬᠢᠯᠭᠠᠨ ᠲᠣᠣᠷ᠂ ᠬᠤᠲᠠ ᠶᠢᠨ ᠵᠠᠰᠠᠭ᠂ ᠮᠡᠳᠡᠭᠡ | ᠵᠠᠩᠭᠢ᠂ ᠪᠠᠷᠠᠭᠠᠨ ᠤ ᠭᠦᠢᠯᠭᠡᠭᠡ ᠵᠡᠷᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢ ᠨᠢᠭᠡᠲᠦᠯᠲᠡᠢ | ᠲᠦᠯᠦᠪᠯᠡᠨ ᠠᠬᠢᠭᠤᠯᠵᠣ᠂ ᠵᠣᠬᠢᠮᠵᠢᠲᠠᠢ ᠣᠷᠢᠳᠴᠢᠯᠠᠭᠰᠠᠨ᠂ ᠪᠠᠶᠢᠷᠢᠰᠢᠭᠤᠯᠣᠯᠲᠠ ᠵᠣᠬᠢᠰᠲᠠᠢ᠂ ᠲᠦᠬᠦᠷᠵᠢᠭᠦᠯᠲᠡ | ᠲᠡᠭᠦᠯᠳᠡᠷ᠂ ᠬᠦᠭᠵᠢᠯᠲᠡ ᠶᠢᠨ ᠬᠡᠷᠡᠭᠴᠡᠭᠡ ᠶᠢ ᠬᠠᠩᠭ᠋ᠭᠰᠠᠨ ᠰᠦᠯᠵᠢᠶᠠᠨ ᠰᠢᠰᠲ᠋ᠧᠮ ᠢ ᠪᠦᠷᠢᠯᠳᠦᠭᠦᠯᠬᠦ ᠬᠡᠷᠡᠭᠲᠡᠢ᠃ | ︵ᠬᠤᠶᠠᠷ︶ ᠨᠡᠶᠢᠭᠡᠮ ᠵᠢᠷᠣᠮᠲᠣ ᠰᠣᠶᠣᠯ ᠤᠨ ᠴᠡᠴᠡᠭᠯᠡᠨ ᠬᠦᠭᠵᠢᠬᠦ ᠶᠢ ᠵᠠᠪᠠᠯ ᠠᠬᠢᠭᠤᠯᠬᠤ ᠬᠡᠷᠡᠭᠲᠡᠢ᠃ | ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ | ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠬᠦᠮᠦᠨ ᠤ ᠰᠡᠳᠬᠢᠯ ᠳᠤ ᠭᠦᠨ | ᠬᠠᠳᠠᠩᠰᠢᠬᠤ ᠶᠢ ᠲᠦᠯᠬᠢᠨ ᠠᠬᠢᠭᠤᠯᠵᠣ᠂ ᠡᠯ᠎ᠡ ᠦᠨᠳᠦᠰᠦᠲᠡᠨ ᠤ ᠠᠷᠠᠳ ᠲᠦᠮᠡᠨ ᠤ ᠪᠦᠯᠬᠦᠮᠳᠡᠯ ᠲᠡᠮᠡᠴᠡᠯ ᠤᠨ | ᠬᠠᠮᠲᠣ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠨᠡᠶᠢᠭᠡᠮ ᠵᠢᠷᠣᠮ ᠤᠨ ᠭᠤᠣᠯᠯᠠᠬᠤ ᠦᠷᠲᠡᠭ ᠤᠨ | ᠦᠵᠡᠯᠲᠡ ᠶᠢ ᠪᠣᠶᠢᠵᠢᠭᠤᠯᠣᠨ ᠦᠢᠯᠡᠳᠦᠯᠭᠡᠵᠢᠭᠦᠯᠵᠦ᠂ ᠦᠨᠳᠦᠰᠦᠲᠡᠨ ᠤ ᠰᠡᠷᠭᠦᠯᠲᠡ ᠶᠢᠨ ᠶᠡᠭᠡ ᠡᠭᠦᠷᠭᠡ ᠶᠢ | ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠦᠮᠦᠨ ᠢ ᠬᠦᠮᠦᠵᠢᠭᠦᠯᠬᠦ ᠪᠠᠷ ᠠᠩᠬᠠᠷᠣᠯ ᠤᠨ ᠴᠡᠭ ᠪᠣᠯᠭᠠᠵᠣ᠂ | ᠰᠣᠷᠭᠠᠨ ᠬᠦᠮᠦᠵᠢᠯ ᠢᠶᠠᠷ ᠵᠢᠯᠣᠭᠤᠳᠣᠮᠵᠢ ᠪᠣᠯᠭᠠᠬᠤ᠂ ᠦᠢᠯᠡᠳᠦᠯᠭᠡ ᠶᠢ ᠪᠣᠢ ᠪᠣᠯᠭᠠᠬᠤ᠂ ᠳᠦᠷᠢᠮ ᠤᠨ | ᠪᠠᠲᠣᠯᠠᠭ᠎ᠠ ᠶᠢ ᠴᠢᠩᠭᠠᠳᠬᠠᠵᠣ᠂ ᠨᠡᠶᠢᠭᠡᠮ ᠵᠢᠷᠣᠮ ᠤᠨ ᠭᠤᠣᠯᠯᠠᠬᠤ ᠦᠷᠲᠡᠭ ᠤᠨ ᠦᠵᠡᠯᠲᠡ ᠶᠢᠨ ᠣᠯᠣᠰ | ᠠᠷᠠᠳ ᠤᠨ ᠰᠣᠷᠭᠠᠨ ᠬᠦᠮᠦᠵᠢᠯ᠂ ᠦᠵᠡᠯ ᠰᠠᠨᠠᠭ᠎ᠠ ᠪᠣᠯᠪᠠᠰᠣᠨ ᠤ ᠡᠭᠦᠳᠦᠨ ᠪᠠᠶᠢᠭᠤᠯᠣᠯᠲᠠ᠂ ᠦᠵᠡᠯ ᠰᠠᠨᠠᠭ᠎ᠠ | ᠰᠣᠶᠣᠯ ᠤᠨ ᠪᠦᠲᠦᠭᠡᠭᠳᠡᠭᠦᠨ ᠢ ᠡᠭᠦᠳᠦᠨ ᠪᠦᠲᠦᠭᠡᠬᠦ ᠳᠤ ᠦᠵᠡᠭᠦᠯᠬᠦ ᠦᠢᠯᠡᠳᠪᠦᠷᠢᠯᠡᠨ ᠲᠠᠷᠬᠠᠭᠠᠬᠤ ᠬᠦᠲᠦᠯᠦᠨ | ᠵᠢᠯᠣᠭᠤᠳᠬᠤ ᠦᠢᠯᠡᠳᠦᠯ ᠢ ᠪᠠᠳᠠᠷᠠᠭᠤᠯᠵᠣ᠂ ᠨᠡᠶᠢᠭᠡᠮ ᠵᠢᠷᠣᠮ ᠤᠨ ᠭᠤᠣᠯᠯᠠᠬᠤ ᠦᠷᠲᠡᠭ ᠤᠨ ᠦᠵᠡᠯᠲᠡ ᠶᠢ | ᠨᠡᠶᠢᠭᠡᠮ ᠤᠨ ᠬᠦᠭᠵᠢᠯᠲᠡ ᠶᠢᠨ ᠡᠯ᠎ᠡ ᠲᠠᠯ᠎ᠠ ᠲᠠᠢ ᠠᠭᠤᠰᠣᠯᠴᠠᠭᠤᠯᠵᠣ᠂ ᠬᠦᠮᠦᠰ ᠤᠨ ᠳᠣᠲᠣᠭᠠᠳᠣ ᠰᠡᠳᠬᠢᠯᠭᠡ ᠶᠢᠨ | ᠢᠵᠢᠯᠰᠢᠯ ᠪᠣᠯᠣᠨ ᠠᠵᠢᠯᠯᠠᠭᠠᠨ ᠤ ᠳᠠᠳᠬᠠᠯ ᠪᠣᠯᠭᠠᠨ ᠣᠯᠠᠷᠢᠨ ᠬᠤᠪᠢᠷᠠᠭᠤᠯᠣᠨ᠎ᠠ᠃ ᠦᠵᠡᠯ ᠰᠠᠨᠠᠭ᠎ᠠ ᠶᠣᠰᠣ | ᠰᠣᠷᠲᠠᠬᠤᠨ ᠤ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠬᠦᠰᠡᠯᠡᠩ ᠢᠲᠡᠭᠡᠯ ᠤᠨ ᠰᠣᠷᠭᠠᠨ ᠬᠦᠮᠦᠵᠢᠯ ᠢᠶᠠᠷ | ᠭᠤᠣᠯᠳᠠᠯᠭ᠎ᠠ ᠪᠠᠨ ᠪᠣᠯᠭᠠᠵᠣ᠂ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠣᠮ ᠪᠣᠯᠣᠨ ᠳᠣᠮᠳᠠᠳᠣ ᠶᠢᠨ | ᠵᠡᠭᠦᠳᠦ ᠶᠢ ᠣᠬᠠᠭᠤᠯᠬᠤ ᠰᠣᠷᠭᠠᠨ ᠬᠦᠮᠦᠵᠢᠯ ᠢ ᠭᠦᠨᠵᠡᠭᠡᠶᠢᠷᠡᠭᠦᠯᠦᠨ᠂ ᠬᠦᠮᠦᠰ ᠢ ᠵᠥᠪ ᠣᠨᠣᠪᠴᠢᠲᠠᠢ ᠲᠡᠥᠬᠡ ᠶᠢᠨ | ᠦᠵᠡᠯᠲᠡ᠂ ᠦᠨᠳᠦᠰᠦᠲᠡᠨ ᠤ ᠦᠵᠡᠯᠲᠡ᠂ ᠣᠯᠣᠰ ᠣᠷᠣᠨ ᠤ ᠦᠵᠡᠯᠲᠡ᠂ ᠰᠣᠶᠣᠯ ᠤᠨ ᠦᠵᠡᠯᠲᠡ ᠶᠢ ᠪᠣᠢ | ᠪᠣᠯᠭᠠᠬᠤ ᠲᠡᠰᠢ ᠬᠦᠲᠦᠯᠦᠨ᠎ᠡ᠃ ᠦᠵᠡᠯ ᠰᠠᠨᠠᠭ᠎ᠠ ᠣᠯᠣᠰ ᠲᠦᠷᠥ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠣ᠂ | ᠰᠣᠨᠢᠨ ᠮᠡᠳᠡᠭᠡ ᠶᠢᠨ ᠶᠠᠷᠢᠶ᠎ᠠ ᠬᠡᠯᠡᠯᠴᠡᠭᠡᠨ ᠤ ᠲᠠᠷᠬᠠᠬᠤ ᠬᠦᠴᠦᠨ᠂ ᠵᠢᠯᠣᠭᠤᠳᠣᠮᠵᠢ ᠶᠢᠨ ᠬᠦᠴᠦᠨ᠂ ᠨᠦᠯᠦᠭᠡᠯᠡᠬᠦ | ᠬᠦᠴᠦᠨ᠂ ᠢᠲᠡᠭᠡᠮᠵᠢ ᠶᠢᠨ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠲᠥᠪ ᠪᠣᠯᠭᠠᠬᠤ | ᠵᠣᠬᠢᠶᠠᠨ ᠪᠦᠲᠦᠭᠡᠬᠦ ᠣᠳᠣᠷᠢᠳᠣᠮᠵᠢ ᠶᠢ ᠪᠠᠷᠢᠮᠲᠠᠯᠠᠵᠣ᠂ ᠨᠡᠶᠢᠭᠡᠮ ᠵᠢᠷᠣᠮ ᠤᠨ ᠰᠣᠶᠣᠯ ᠣᠷᠠᠯᠢᠭ ᠢ ᠪᠠᠳᠠᠷᠠᠭᠤᠯᠣᠨ | ᠬᠦᠭᠵᠢᠭᠦᠯᠬᠦ ᠬᠡᠷᠡᠭᠲᠡᠢ᠃ ᠰᠣᠶᠣᠯ ᠤᠨ ᠪᠠᠶᠢᠭᠤᠯᠣᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ ᠤᠨ | ᠠᠵᠢᠯ ᠦᠢᠯᠡᠰ ᠪᠣᠯᠣᠨ ᠰᠣᠶᠣᠯ ᠤᠨ ᠠᠵᠣ ᠦᠢᠯᠡᠰ ᠤᠨ ᠬᠦᠭᠵᠢᠯᠲᠡ ᠶᠢ ᠠᠬᠢᠭᠤᠯᠣᠨ᠎ᠠ᠃ ᠳᠣᠮᠳᠠᠳᠣ ᠶᠢᠨ | ᠰᠢᠯᠢᠳᠡᠭ ᠣᠯᠠᠮᠵᠢᠯᠠᠯᠲᠣ ᠰᠣᠶᠣᠯ ᠢ ᠶᠡᠬᠡᠪᠡᠷ ᠬᠦᠭᠵᠢᠭᠦᠯᠦᠨ ᠪᠠᠳᠠᠷᠠᠭᠤᠯᠵᠣ᠂ ᠦᠨᠳᠦᠰᠦᠲᠡᠨ ᠤ ᠰᠣᠶᠣᠯ ᠢ | ᠬᠠᠮᠠᠭᠠᠯᠠᠬᠤ ᠪᠠ ᠵᠠᠯᠭᠠᠮᠵᠢᠯᠠᠬᠤ ᠶᠢ ᠴᠢᠩᠭᠠᠳᠬᠠᠵᠣ᠂ ᠦᠨᠳᠦᠰᠦᠲᠡᠨ ᠤ ᠰᠣᠶᠣᠯ ᠤᠨ ᠬᠦᠴᠦᠷᠬᠡᠭ ᠰᠢᠶᠠᠨ ᠢ | ᠪᠦᠲᠦᠭᠡᠨ ᠪᠠᠶᠢᠭᠤᠯᠣᠨ᠎ᠠ᠃ | ︵ᠭᠤᠷᠪᠠ︶ ᠬᠦᠭᠵᠢᠯᠲᠡ ᠶᠢᠨ ᠶᠠᠪᠣᠴᠠ ᠳᠤ ᠠᠷᠠᠳ ᠤᠨ ᠠᠮᠢᠳᠣᠷᠠᠯ ᠢ ᠪᠠᠲᠣᠯᠠᠨ ᠰᠠᠶᠢᠵᠢᠷᠠᠭᠤᠯᠬᠤ ᠶᠢ | ᠵᠠᠪᠠᠯ ᠪᠠᠷᠢᠮᠲᠠᠯᠠᠬᠤ ᠬᠡᠷᠡᠭᠲᠡᠢ᠃ | ᠠᠷᠠᠳ ᠲᠦᠮᠡᠨ ᠢᠶᠠᠷ ᠲᠥᠪ ᠪᠣᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠣ᠂ ᠠᠷᠠᠳ | ᠲᠦᠮᠡᠨ ᠤ ᠠᠰᠢᠭ ᠲᠣᠰᠠ ᠶᠢ ᠢᠮᠠᠭᠲᠠ ᠬᠠᠮᠤᠭ ᠦᠨᠳᠦᠷ ᠪᠠᠶᠢᠷᠢᠨ ᠳᠤ ᠲᠠᠯᠪᠢᠵᠣ᠂ ᠥᠭᠡᠷᠡᠴᠢᠯᠡᠯᠲᠡ | ᠬᠦᠭᠵᠢᠯᠲᠡ ᠶᠢᠨ ᠦᠷ᠎ᠡ ᠪᠦᠲᠦᠭᠡᠯ ᠢ ᠨᠡᠩ ᠡᠷᠬᠡ ᠲᠡᠭᠰᠢ ᠪᠠᠷ ᠡᠯ᠎ᠡ ᠦᠨᠳᠦᠰᠦᠲᠡᠨ ᠤ ᠠᠷᠠᠳ ᠲᠦᠮᠡᠨ ᠳᠤ | ᠬᠦᠷᠲᠡᠭᠡᠵᠦ᠂ ᠪᠦᠬᠦ ᠠᠷᠠᠳ ᠬᠠᠮᠲᠣ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠲᠡᠰᠢ ᠲᠠᠰᠣᠷᠠᠯᠲᠠ ᠦᠭᠡᠢ | ᠣᠷᠣᠭᠰᠢᠯᠠᠨ᠎ᠠ᠃ ᠴᠢᠨᠡᠭᠡ ᠪᠠᠷ ᠢᠶᠠᠨ ᠠᠵᠢᠯᠯᠠᠵᠣ᠂ ᠲᠡᠩᠬᠡᠬᠡ ᠶᠢᠨ ᠢᠶᠠᠨ ᠬᠢᠷᠢ ᠪᠠᠷ ᠴᠢᠷᠮᠠᠶᠢᠬᠤ ᠶᠢ ᠪᠠᠷᠢᠮᠲᠠᠯᠠᠵᠣ᠂ | ᠬᠦᠮᠦᠨ ᠪᠣᠯᠭᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠮᠦᠨ ᠪᠣᠯᠭᠠᠨ ᠡᠳ᠋ᠯᠡᠬᠦ ᠶᠢ ᠪᠠᠷᠢᠮᠲᠠᠯᠠᠨ᠂ | ᠬᠤᠷᠢᠭᠠᠱᠤᠭᠤᠮ ᠢᠶᠠᠨ ᠪᠠᠲᠤ ᠰᠠᠬᠢᠵᠤ᠂ ᠭᠤᠣᠯᠳᠠᠯᠭ᠎ᠠ ᠪᠠᠨ ᠳᠣᠪᠣᠶᠢᠯᠭᠠᠵᠣ᠂ ᠳᠦᠷᠢᠮ ᠢ ᠲᠡᠭᠦᠯᠳᠡᠷᠵᠢᠭᠦᠯᠵᠦ᠂ | ᠣᠷᠢᠳᠴᠢᠯᠠᠬᠤ ᠶᠢ ᠵᠢᠯᠣᠭᠤᠳᠴᠤ᠂ ᠨᠢᠯᠬᠠᠰ ᠢ ᠪᠤᠶᠢᠵᠢᠭᠤᠯᠤᠨ᠂ ᠰᠤᠷᠤᠯᠴᠠᠬᠤ ᠠᠴᠠ ᠰᠣᠷᠭᠠᠭᠤᠯᠢ ᠲᠠᠢ᠂ | ᠬᠦᠳᠡᠯᠮᠦᠷᠢᠯᠡᠪᠡᠯ ᠬᠠᠷᠠᠮᠵᠢ ᠲᠠᠢ᠂ ᠡᠪᠡᠳᠴᠢᠯᠡᠪᠡᠯ ᠡᠮᠨᠡᠭᠦᠯᠬᠦ ᠭᠠᠵᠠᠷ ᠲᠠᠢ᠂ ᠦᠲᠡᠯᠪᠡᠯ ᠠᠰᠠᠷᠠᠯᠲᠠ ᠲᠠᠢ᠂ | ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶ ᠶᠢ ᠲᠡᠳᠬᠦᠬᠦ ᠲᠠᠯ᠎ᠠ ᠪᠠᠷ ᠲᠠᠰᠣᠷᠠᠯᠲᠠ ᠦᠭᠡᠢ ᠰᠢᠨ᠎ᠡ | ᠳᠠᠪᠰᠢᠯᠲᠠ ᠲᠠᠢ ᠪᠠᠶᠢᠬᠤ ᠬᠡᠷᠡᠭᠲᠡᠢ᠃ ᠠᠷᠠᠳ ᠣᠯᠠᠨ ᠤ ᠰᠠᠨᠠᠭ᠎ᠠ ᠲᠠᠯᠪᠢᠳᠠᠭ ᠬᠠᠮᠤᠭ ᠰᠢᠭᠤᠳ ᠬᠠᠮᠤᠭ ᠪᠣᠳᠠᠲᠠᠢ | ᠠᠰᠢᠭ ᠲᠣᠰᠠ ᠶᠢᠨ ᠠᠰᠠᠭᠤᠳᠠᠯ ᠳᠤ ᠲᠦᠪᠯᠡᠷᠡᠵᠦ᠂ ᠰᠣᠷᠭᠠᠨ ᠬᠦᠮᠦᠵᠢᠯ ᠤᠨ ᠠᠵᠢᠯ ᠦᠢᠯᠡᠰ ᠢ ᠣᠷᠢᠳᠠᠪᠠᠷ | ᠬᠦᠭᠵᠢᠭᠦᠯᠵᠦ᠂ ᠶᠣᠰᠣ ᠰᠣᠷᠲᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠣᠷᠢᠵᠢᠭᠤᠯᠣᠨ᠎ᠠ︔ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠣᠬᠤ ᠪᠣᠳᠣᠯᠭ᠎ᠠ ᠪᠣᠯᠣᠨ | ᠢᠳᠡᠪᠬᠢᠲᠡᠢ ᠠᠵᠢᠯ ᠣᠯᠭᠤᠬᠤ ᠲᠦᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠠᠷᠠᠳ ᠤᠨ ᠣᠷᠣᠯᠭ᠎ᠠ ᠶᠢᠨ | ᠲᠦᠪᠰᠢᠨ ᠢ ᠳᠡᠭᠡᠭᠰᠢᠯᠡᠭᠦᠯᠦᠨ᠎ᠡ︔ ᠡᠮ ᠤᠨ ᠵᠦᠢᠯᠡᠰ ᠡᠷᠡᠭᠦᠯ ᠬᠠᠮᠠᠭᠠᠯᠠᠯ ᠤᠨ ᠪᠠᠶᠢᠭᠤᠯᠣᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠬᠤᠷᠢᠨᠭᠡᠷ ᠢ ᠴᠣᠭᠴᠠᠯᠠᠨ ᠪᠠᠶᠢᠭᠤᠯᠣᠨ᠎ᠠ︔ ᠨᠡᠶᠢᠭᠡᠮ ᠤᠨ | ᠪᠠᠲᠣᠯᠠᠭ᠎ᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠴᠢᠩᠭᠠᠳᠬᠠᠵᠣ᠂ ᠣᠯᠠᠨ ᠲᠦᠮᠡᠨ ᠤ ᠦᠢᠯᠡᠳᠪᠦᠷᠢᠯᠡᠯ | ᠠᠮᠢᠳᠣᠷᠠᠯ ᠤᠨ ᠬᠦᠴᠢᠷ ᠵᠦᠢᠯ ᠢ ᠰᠢᠢᠳᠪᠦᠷᠢᠯᠡᠨ᠎ᠡ︔ ᠣᠨᠢᠨ ᠳᠡᠭᠡᠷ᠎ᠡ ᠨᠢ ᠶᠠᠳᠠᠭᠤ ᠶᠢ ᠳᠡᠳᠬᠦᠬᠦ᠂ ᠨᠠᠷᠢᠯᠢᠭ | ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ ᠶᠢ ᠪᠠᠷᠢᠮᠲᠠᠯᠠᠵᠣ᠂ ᠶᠠᠳᠠᠭᠤ ᠠᠴᠠ ᠠᠩᠭᠢᠵᠢᠷᠠᠭᠤᠯᠵᠣ ᠪᠣᠭᠤᠮᠲᠠ | ᠰᠢᠪᠲᠣᠯᠬᠤ ᠳᠠᠶᠢᠨ ᠤ ᠢᠯᠠᠯᠲᠠ ᠶᠢ ᠣᠯᠬᠤ ᠬᠡᠷᠡᠭᠲᠡᠢ︔ ᠬᠠᠮᠲᠣ ᠪᠠᠷ ᠪᠠᠶᠢᠭᠤᠯᠵᠣ ᠬᠠᠮᠲᠣ ᠪᠠᠷ ᠵᠠᠰᠠᠵᠣ ᠬᠠᠮᠲᠣ ᠪᠠᠷ | ᠡᠳ᠋ᠯᠡᠬᠦ ᠨᠡᠶᠢᠭᠡᠮ ᠤᠨ ᠵᠠᠰᠠᠨ ᠴᠡᠭᠴᠡᠯᠡᠬᠦ ᠪᠠᠶᠢᠷᠢᠰᠢᠯ ᠢ ᠪᠠᠶᠢᠭᠤᠯᠵᠣ᠂ ᠠᠷᠠᠳ ᠲᠦᠮᠡᠨ ᠤ ᠡᠳᠦᠷ ᠢᠷᠡᠭᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠬᠡᠷᠡᠭᠴᠡᠭᠡ ᠶᠢ ᠲᠠᠰᠣᠷᠠᠯᠲᠠ ᠦᠭᠡᠢ ᠬᠠᠩᠭᠠᠵᠣ᠂ | ᠨᠡᠶᠢᠭᠡᠮ ᠤᠨ ᠡᠷᠬᠡ ᠲᠡᠭᠰᠢ ᠰᠢᠳᠣᠷᠭᠤ ᠶᠣᠰᠣ ᠶᠢ ᠲᠠᠰᠣᠷᠠᠯᠲᠠ ᠦᠭᠡᠢ ᠠᠬᠢᠭᠤᠯᠵᠣ᠂ ᠡᠯ᠎ᠡ ᠦᠨᠳᠦᠰᠦᠲᠡᠨ ᠤ | ᠠᠷᠠᠳ ᠲᠦᠮᠡᠨ ᠤ ᠬᠦᠷᠲᠡᠭᠡᠮᠵᠢᠲᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠣᠷ ᠲᠦᠪᠰᠢᠨ ᠰᠡᠳᠬᠢᠯᠭᠡ ᠶᠢ | ᠨᠡᠩ ᠲᠡᠭᠦᠯᠳᠡᠷ᠂ ᠨᠡᠩ ᠪᠠᠲᠣᠯᠠᠭ᠎ᠠ ᠲᠠᠢ᠂ ᠨᠡᠩ ᠦᠷᠭᠦᠯᠵᠢᠯᠡᠭᠦᠶᠢᠴᠡ ᠬᠦᠭᠵᠢᠯᠲᠡ ᠲᠠᠢ ᠪᠣᠯᠭᠠᠨ᠎ᠠ᠃ | ︵ᠳᠥᠷᠪᠡ︶ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠶᠢ ᠴᠢᠩᠭᠠᠳᠬᠠᠬᠤ ᠶᠢ ᠵᠠᠪᠠᠯ | ᠪᠠᠷᠢᠮᠲᠠᠯᠠᠬᠤ ᠬᠡᠷᠡᠭᠲᠡᠢ᠃ | ︽ᠨᠣᠮᠢᠨ ᠣᠰᠤ ᠬᠦᠬᠡᠮᠳᠦᠭ ᠠᠭᠤᠯᠠ ᠪᠣᠯ ᠳᠠᠷᠣᠢ ᠠᠯᠲᠠᠨ ᠠᠭᠤᠯᠠ ᠮᠦᠩᠭᠦᠨ ᠠᠭᠤᠯᠠ ᠮᠥᠨ︾ ᠭᠡᠬᠦ | ᠣᠨᠣᠯᠵᠢᠬᠤᠨ ᠢ ᠪᠣᠢ ᠪᠣᠯᠭᠠᠨ ᠦᠢᠯᠡᠳᠦᠯᠭᠡᠵᠢᠭᠦᠯᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ | ᠬᠠᠮᠠᠭᠠᠯᠠᠬᠤ ᠦᠨᠳᠦᠰᠦᠨ ᠲᠥᠷᠦ ᠶᠢᠨ ᠪᠣᠳᠣᠯᠭ᠎ᠠ ᠶᠢ ᠪᠠᠷᠢᠮᠲᠠᠯᠠᠵᠣ᠂ ᠦᠢᠯᠡᠳᠪᠦᠷᠢᠯᠡᠯ ᠬᠦᠭᠵᠢᠭᠰᠡᠨ᠂ ᠠᠮᠢᠳᠣᠷᠠᠯ | ᠴᠢᠨᠡᠭᠡᠯᠢᠭ᠂ ᠠᠮᠢ ᠠᠬᠤᠢ ᠰᠠᠶᠢᠨ ᠪᠣᠯᠪᠠᠰᠣᠨ ᠬᠦᠭᠵᠢᠯᠲᠡ ᠶᠢᠨ ᠵᠠᠮ ᠢᠶᠠᠷ ᠶᠠᠪᠣᠬᠤ ᠶᠢ ᠪᠠᠷᠢᠮᠲᠠᠯᠠᠨ᠎ᠠ᠃ ᠪᠣᠬᠢᠷᠳᠣᠯ | ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ ᠬᠦᠭᠵᠢᠯᠲᠡ ᠲᠠᠢ ᠠᠵᠣ ᠠᠬᠤᠢ ᠶᠢᠨ ᠰᠢᠰᠲ᠋ᠧᠮ ᠢ ᠲᠥᠷᠭᠡᠳᠬᠡᠨ | ᠪᠠᠶᠢᠭᠤᠯᠵᠣ᠂ ᠡᠨᠧᠷᠭᠢ ᠶᠢᠨ ᠦᠢᠯᠡᠳᠪᠦᠷᠢᠯᠡᠯ ᠪᠣᠯᠣᠨ ᠬᠡᠷᠡᠭᠯᠡᠭᠡᠨ ᠤ ᠬᠤᠪᠢᠰᠣᠯᠲᠠ ᠶᠢ ᠲᠦᠯᠬᠢᠨ ᠠᠬᠢᠭᠤᠯᠵᠣ᠂ | ᠪᠣᠬᠢᠷᠳᠣᠯ ᠦᠭᠡᠢ ᠬᠦᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠰᠢᠰᠲ᠋ᠧᠮ ᠤᠨ | ᠬᠠᠮᠠᠭᠠᠯᠠᠯᠲᠠ ᠪᠣᠯᠣᠨ ᠰᠡᠷᠭᠦᠭᠡᠬᠦ ᠬᠦᠴᠦᠯᠡᠴᠡ ᠶᠢ ᠨᠡᠮᠡᠭᠳᠡᠭᠦᠯᠵᠦ᠂ ᠠᠭᠤᠯᠠ ᠣᠰᠤ ᠣᠢ ᠰᠢᠭᠤᠢ ᠨᠠᠭᠤᠷ | ᠴᠥᠭᠦᠷᠦᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡᠳᠦᠯᠲᠡᠢ ᠲᠦᠯᠦᠪᠯᠡᠨ ᠰᠢᠰᠲ᠋ᠧᠮ ᠲᠠᠢ ᠵᠠᠰᠠᠨ᠎ᠠ᠃ ᠠᠭᠠᠷ᠂ | ᠣᠰᠤ᠂ ᠬᠦᠷᠦᠰᠦ ᠰᠢᠷᠣᠢ ᠵᠡᠷᠭᠡ ᠪᠣᠬᠢᠷᠳᠣᠯ ᠤᠨ ᠵᠠᠰᠠᠯᠲᠠ ᠶᠢ ᠪᠦᠬᠦ ᠲᠠᠯ᠎ᠠ ᠪᠠᠷ ᠠᠬᠢᠭᠤᠯᠵᠣ᠂ ᠣᠷᠴᠢᠨ | ᠲᠣᠭᠤᠷᠢᠨ ᠤ ᠳᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠭᠤᠣᠯ ᠴᠣᠭᠴᠠ ᠶᠢᠨ ᠴᠢᠳᠠᠮᠵᠢᠲᠣ | ᠲᠣᠭᠤᠷᠢᠭ ᠤᠨ ᠲᠦᠯᠦᠪᠵᠢᠭᠦᠯᠭᠡ ᠶᠢ ᠨᠠᠶᠢᠳᠠᠪᠣᠷᠢᠵᠢᠭᠤᠯᠵᠣ᠂ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠲᠦ ᠠᠮᠢ | ᠠᠬᠤᠢ ᠶᠢᠨ ᠨᠦᠬᠦᠪᠦᠷᠢᠯᠡᠬᠦ ᠲᠣᠭᠲᠠᠴᠠ ᠶᠢ ᠪᠣᠢ ᠪᠣᠯᠭᠠᠨ᠎ᠠ᠃ ᠠᠮᠢ ᠠᠬᠤᠢ ᠶᠢᠨ ᠪᠣᠯᠪᠠᠰᠣᠨ ᠤ ᠪᠦᠲᠦᠮᠵᠢ ᠪᠠᠷ ᠨᠢ | ᠬᠢᠨᠠᠨ ᠰᠢᠯᠭᠠᠬᠤ ᠶᠢ ᠴᠢᠩᠭᠠᠳᠬᠠᠵᠣ᠂ ᠤᠳᠤᠷᠢᠳᠬᠤ ᠺᠠᠳ᠋ᠷ ᠤᠨ ᠲᠤᠰᠢᠶᠠᠯ ᠠᠴᠠ ᠰᠠᠯᠬᠤ ᠦᠶ᠎ᠡ ᠶᠢᠨ ᠪᠠᠶᠢᠭᠠᠯᠢ ᠶᠢᠨ | ᠡᠬᠢ ᠪᠠᠶᠠᠯᠢᠭ ᠤᠨ ᠡᠳ᠋ ᠬᠦᠷᠦᠩᠭᠡ ᠶᠢᠨ ᠬᠢᠨᠠᠨ ᠪᠣᠳᠣᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠠᠮᠢ ᠠᠬᠤᠢ ᠶᠢᠨ | ᠣᠷᠴᠢᠨ ᠲᠣᠭᠤᠷᠢᠨ ᠬᠤᠬᠢᠷᠠᠭᠰᠠᠨ ᠬᠠᠷᠢᠭᠤᠴᠠᠯᠭ᠎ᠠ ᠶᠢ ᠨᠠᠰᠣᠨ ᠲᠣᠷᠰᠢᠳᠠ ᠨᠡᠬᠡᠮᠵᠢᠯᠡᠬᠦ ᠳᠦᠷᠢᠮ ᠢ | ᠲᠡᠭᠦᠯᠳᠡᠷᠵᠢᠭᠦᠯᠦᠨ᠎ᠡ᠃ ᠣᠷᠴᠢᠨ ᠲᠣᠭᠤᠷᠢᠨ ᠢ ᠬᠠᠮᠠᠭᠠᠯᠠᠬᠤ ᠢᠲᠡᠭᠡᠮᠵᠢ ᠶᠢᠨ ᠦᠨᠡᠯᠡᠯᠲᠡ᠂ ᠮᠡᠳᠡᠭᠡ ᠵᠠᠩᠭᠢ ᠶᠢ | ᠠᠯᠪᠠᠳᠠᠯᠭ᠎ᠠ ᠪᠠᠷ ᠨᠡᠶᠢᠲᠡᠯᠡᠬᠦ᠂ ᠴᠢᠩᠭ᠎ᠠ ᠰᠢᠢᠳᠬᠡᠵᠦ ᠬᠦᠨᠳᠦ ᠪᠠᠷ ᠲᠣᠷᠭᠠᠬᠤ᠂ ᠣᠯᠠᠨ ᠨᠡᠶᠢᠲᠡ ᠪᠠᠷ ᠣᠷᠣᠯᠴᠠᠬᠤ | ᠵᠡᠷᠭᠡ ᠳᠦᠷᠢᠮ ᠢ ᠪᠦᠷᠢᠨᠰᠢᠭᠦᠯᠵᠦ᠂ ᠬᠦᠮᠦᠨ ᠪᠠᠶᠢᠭᠠᠯᠢ ᠡᠶ᠎ᠡ ᠵᠣᠬᠢᠴᠠᠯ ᠲᠠᠢ ᠬᠦᠭᠵᠢᠬᠦ ᠰᠢᠨ᠎ᠡ ᠪᠠᠶᠢᠳᠠᠯ | ᠪᠦᠷᠢᠯᠳᠦᠬᠦ ᠶᠢ ᠲᠦᠯᠬᠢᠨ ᠠᠬᠢᠭᠤᠯᠣᠨ᠎ᠠ᠃ ᠦᠵᠡᠰᠭᠦᠯᠡᠩᠲᠦ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠲᠠ ᠶᠢᠨ | ᠠᠯᠬᠤᠴᠠ ᠶᠢ ᠲᠦᠷᠭᠡᠳᠬᠡᠵᠦ᠂ ᠬᠦᠳᠡᠭᠡ ᠲᠣᠰᠬᠤᠨ ᠤ ᠬᠦᠮᠦᠰ ᠤᠨ ᠣᠷᠣᠰᠢᠨ ᠠᠮᠢᠳᠣᠷᠠᠬᠤ ᠣᠷᠴᠢᠨ ᠠᠬᠤᠢ ᠶᠢ | ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ ᠶᠢ ᠠᠬᠢᠭᠤᠯᠵᠣ᠂ ᠠᠷᠠᠳ ᠣᠯᠠᠨ ᠳᠤ ᠨᠣᠮᠢᠨ ᠣᠰᠤ ᠬᠦᠬᠡᠮᠳᠦᠭ | ᠠᠭᠤᠯᠠ ᠶᠢ ᠪᠠᠷᠠᠳᠠᠭᠤᠯᠵᠣ᠂ ᠨᠣᠲᠤᠭ ᠤᠨ ᠰᠠᠶᠢᠬᠠᠨ ᠢ ᠰᠡᠳᠬᠢᠯ ᠳᠤᠨᠢ ᠬᠠᠳᠠᠩᠰᠢᠭᠤᠯᠣᠨᠠ᠃ | ︵ᠲᠠᠪᠤ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠠᠪᠠᠯ ᠪᠠᠷᠢᠮᠲᠠᠯᠠᠬᠤ ᠬᠡᠷᠡᠭᠲᠡᠢ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠭᠡᠭᠡᠯᠲᠡ ᠶᠢ ᠥᠷᠭᠡᠳᠬᠡᠬᠦ ᠶᠢ ᠰᠢᠯᠵᠢᠰᠢ ᠦᠭᠡᠢ ᠪᠠᠷᠢᠮᠲᠠᠯᠠᠵᠣ᠂ | ᠬᠦᠭᠵᠢᠯᠲᠡ ᠶᠢ ᠨᠡᠩ ᠴᠢᠨᠠᠷ ᠴᠢᠨᠰᠠᠭ᠎ᠠ ᠲᠠᠢ᠂ ᠠᠷᠠᠳ ᠲᠦᠮᠡᠨ ᠢ ᠨᠡᠩ ᠬᠦᠷᠲᠡᠭᠡᠮᠵᠢᠲᠦ ᠰᠡᠳᠬᠢᠯᠭᠡ ᠲᠠᠢ ᠪᠣᠯᠭᠠᠨ᠎ᠠ | ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠦᠯᠡᠭᠦᠳᠡᠭᠰᠡᠨ ᠦᠢᠯᠡᠳᠪᠦᠷᠢᠯᠡᠬᠦ ᠴᠢᠳᠠᠪᠣᠷᠢ ᠶᠢ ᠬᠠᠰᠣᠭᠳᠠᠭᠤᠯᠵᠣ᠂ ᠬᠦᠮᠦᠷᠭᠡ ᠶᠢᠨ ᠬᠠᠳᠠᠭᠠᠯᠠᠯᠲᠠ ᠶᠢ | ᠪᠠᠭᠤᠷᠠᠭᠤᠯᠵᠣ᠂ ᠬᠦᠰᠢᠭᠦᠷᠭᠡ ᠶᠢ ᠴᠥᠬᠡᠳᠬᠡᠵᠦ᠂ ᠥᠪᠡᠷ ᠤᠨ ᠦᠷᠲᠡᠭ ᠢ ᠪᠠᠭᠤᠷᠠᠭᠤᠯᠵᠣ᠂ ᠳᠣᠲᠠᠭᠤᠳᠠᠯ ᠢ | ᠨᠦᠬᠦᠪᠦᠷᠢᠯᠡᠨ᠂ ᠬᠠᠳᠠᠭᠠᠯᠠᠭᠳᠠᠵᠣ ᠪᠠᠶᠢᠭ᠎ᠠ ᠡᠬᠢ ᠪᠠᠶᠠᠯᠢᠭ ᠤᠨ ᠲᠣᠬᠢᠷᠠᠭᠤᠯᠣᠯᠲᠠ ᠶᠢ ᠰᠢᠯᠢᠳᠡᠭᠵᠢᠭᠦᠯᠵᠦ᠂ ᠴᠢᠨᠠᠷ | ᠰᠠᠶᠢᠲᠠᠢ ᠨᠡᠮᠡᠭᠳᠡᠯ ᠤᠨ ᠬᠡᠮᠵᠢᠶᠡᠨ ᠤ ᠬᠠᠩᠭᠠᠯᠭ᠎ᠠ ᠶᠢ ᠥᠷᠭᠡᠳᠬᠡᠨ᠂ ᠬᠠᠩᠭᠠᠯᠭ᠎ᠠ ᠬᠡᠷᠡᠭᠴᠡᠭᠡ ᠶᠢᠨ ᠬᠦᠳᠡᠯᠭᠡᠨᠲᠦ | ᠲᠡᠩᠴᠡᠭᠦᠷᠢ ᠶᠢ ᠪᠡᠶᠡᠯᠡᠭᠦᠯᠦᠨ᠎ᠡ᠃ ᠰᠢᠨ᠎ᠡ ᠶᠢ ᠡᠭᠦᠳᠬᠦ ᠶᠢ ᠬᠦᠭᠵᠢᠯᠲᠡ ᠶᠢᠨ ᠬᠦᠲᠦᠯᠦᠨ ᠵᠢᠯᠣᠭᠤᠳᠬᠤ ᠨᠢᠭᠡᠳᠦᠭᠡᠷ | ᠬᠦᠳᠡᠯᠭᠡᠭᠴᠢ ᠬᠦᠴᠦᠨ ᠪᠣᠯᠭᠠᠵᠣ᠂ ᠮᠡᠷᠭᠡᠵᠢᠯ ᠤᠨ ᠰᠢᠨ᠎ᠡ ᠶᠢ ᠡᠭᠦᠳᠬᠦ᠂ ᠳᠦᠷᠢᠮ ᠤᠨ ᠰᠢᠨ᠎ᠡ ᠶᠢ ᠡᠭᠦᠳᠬᠦ᠂ | ᠬᠠᠮᠢᠶᠠᠷᠣᠯᠲᠠ ᠶᠢᠨ ᠰᠢᠨ᠎ᠡ ᠶᠢ ᠡᠭᠦᠳᠬᠦ᠂ ᠬᠤᠳᠠᠯᠳᠣᠭᠠᠨ ᠤ ᠦᠢᠯᠡᠰ ᠤᠨ ᠵᠠᠭᠪᠣᠷ ᠶᠢ ᠰᠢᠨ᠎ᠡ ᠶᠢ ᠡᠭᠦᠳᠬᠦ ᠶᠢ | ᠲᠦᠯᠬᠢᠨ ᠠᠬᠢᠭᠤᠯᠣᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠢ ᠪᠦᠬᠦ ᠬᠦᠴᠦᠨ ᠢᠶᠠᠷ ᠪᠣᠶᠢᠵᠢᠭᠤᠯᠣᠨ | ᠬᠦᠭᠵᠢᠭᠦᠯᠵᠦ᠂ ᠠᠵᠣ ᠠᠬᠤᠶᠢᠯᠠᠯ ᠤᠨ ᠦᠢᠯᠡᠳᠪᠦᠷᠢᠯᠡᠬᠦ᠂ ᠰᠣᠷᠣᠯᠴᠠᠬᠤ᠂ ᠰᠢᠨᠵᠢᠯᠡᠬᠦ ᠣᠬᠠᠭᠠᠨ ᠤ ᠰᠣᠳᠣᠯᠭᠠᠨ | ᠬᠢᠬᠦ᠂ ᠦᠢᠯᠡᠳᠦᠯᠭᠡᠵᠢᠭᠦᠯᠬᠦ᠂ ᠬᠠᠷᠢᠯᠴᠠᠨ ᠬᠠᠮᠵᠢᠯᠴᠠᠨ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠣ᠂ ᠨᠢᠭᠡ | ᠪᠦᠯᠦᠭ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠠᠵᠣ ᠠᠬᠤᠶᠢᠯᠠᠯ ᠤᠨ ᠮᠡᠷᠭᠡᠵᠢᠯ ᠤᠨ ᠲᠥᠪ ᠪᠣᠯᠣᠨ ︽ | ᠬᠤᠣᠰ ᠡᠭᠦᠳᠦᠯᠲᠡ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠣᠨ᠎ᠠ᠃ ᠠᠵᠣ | ᠠᠬᠤᠶᠢᠯᠠᠯᠲᠠᠨ ᠤ ᠡᠩᠨᠡᠭᠡ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠨᠡᠩ ᠤᠯᠠᠨ ᠨᠡᠶᠢᠭᠡᠮ ᠤᠨ ᠭᠤᠣᠯ | ᠴᠣᠭᠴᠠ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠳᠤ ᠣᠷᠣᠯᠴᠠᠬᠤ ᠶᠢ ᠬᠦᠬᠢᠭᠦᠯᠦᠨ᠎ᠡ᠃ ᠴᠢᠨᠠᠷ ᠴᠢᠨᠰᠠᠭ᠎ᠠ | ᠪᠣᠯᠣᠨ ᠲᠠᠸᠠᠷ ᠤᠨ ᠲᠡᠮᠲᠡᠭᠳᠦ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠨ᠎ᠠ᠃ ᠬᠦᠳᠡᠭᠡ ᠲᠣᠰᠬᠤᠨ ᠤ | ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠠᠭᠠᠭᠠᠴᠢᠯᠠᠭᠰᠠᠨ ᠭᠠᠵᠠᠷ ᠤᠨ ︽ | ᠭᠤᠷᠪᠠᠨ ᠡᠷᠬᠡ︾ ᠶᠢ ᠰᠠᠯᠭᠠᠬᠤ ᠳᠦᠷᠢᠮ ᠢ ᠲᠡᠭᠦᠯᠳᠡᠷᠵᠢᠭᠦᠯᠦᠨ᠎ᠡ᠃ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ | ᠬᠠᠷᠢᠴᠠᠭ᠎ᠠ ᠶᠢ ᠲᠣᠭᠲᠠᠭᠤᠨ ᠪᠦᠭᠡᠳ ᠬᠤᠪᠢᠷᠠᠯᠲᠠ ᠦᠭᠡᠢ ᠪᠠᠶᠢᠬᠤ ᠶᠢ ᠪᠠᠲᠣᠯᠠᠵᠤ᠂ ᠬᠤᠶᠠᠳᠣᠭᠠᠷ ᠡᠭᠡᠯᠵᠢ ᠶᠢᠨ | ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠣᠯᠣᠭᠰᠠᠨ ᠤ ᠳᠠᠷᠠᠭ᠎ᠠ ᠳᠠᠬᠢᠨ30 ᠵᠢᠯ | ᠣᠷᠲᠣᠳᠬᠠᠬᠤ ᠲᠦᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠲᠠᠷᠢᠶᠠᠯᠠᠩ ᠤᠨ ᠠᠵᠣ | ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠵᠣ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠠᠶᠢᠭᠤᠯᠣᠨ᠎ᠠ᠃ | ᠬᠦᠳᠡᠭᠡ ᠲᠣᠰᠬᠤᠨ ᠤ ᠨᠢᠭᠡᠳᠦᠭᠡᠷ ᠬᠤᠶᠠᠳᠣᠭᠠᠷ ᠭᠤᠷᠪᠠᠳᠣᠭᠠᠷ ᠠᠵᠣ ᠦᠢᠯᠡᠰ ᠤᠨ ᠠᠭᠤᠰᠣᠯᠴᠠᠨ ᠬᠦᠭᠵᠢᠬᠦ ᠶᠢ | ᠠᠬᠢᠭᠤᠯᠵᠣ᠂ ᠲᠣᠯᠣᠭᠠᠶᠢᠯᠠᠭᠴᠢ ᠠᠵᠣ ᠠᠬᠤᠶᠢᠯᠠᠯ ᠬᠢᠭᠡᠳ ᠲᠠᠷᠢᠶᠠᠴᠢᠳ ᠤᠨ ᠬᠤᠯᠪᠣᠯᠳᠣᠭᠰᠠᠨ ᠲᠣᠭᠲᠠᠴᠠ ᠶᠢ | ᠲᠡᠭᠦᠯᠳᠡᠷᠵᠢᠭᠦᠯᠦᠨ᠂ ᠬᠦᠳᠡᠭᠡ ᠲᠣᠰᠬᠤᠨ ᠤ ᠬᠠᠮᠲᠣ ᠶᠢᠨ ᠠᠵᠣ ᠠᠬᠤᠢ ᠶᠢ ᠲᠠᠰᠣᠷᠠᠯᠲᠠ ᠦᠭᠡᠢ | ᠪᠣᠵᠠᠭᠠᠶᠢᠷᠠᠭᠤᠯᠣᠨ᠎ᠠ᠃ ᠠᠷᠠᠳ ᠠᠴᠠ ᠡᠷᠬᠢᠯᠡᠭᠰᠡᠨ ᠠᠵᠣ ᠠᠬᠤᠶᠢᠯᠠᠯ ᠤᠨ ᠬᠦᠭᠵᠢᠯᠲᠡ ᠶᠢ ᠶᠡᠬᠡᠪᠡᠷ ᠳᠡᠮᠵᠢᠨ᠂ ᠡᠯ᠎ᠡ | ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠳᠣᠯᠢᠭ ᠬᠦᠴᠦᠨ ᠢ ᠬᠦᠭᠵᠢᠭᠡᠨ᠎ᠡ᠃ | ᠬᠤᠳᠠᠯᠳᠣᠭᠠᠨ ᠤ ᠶᠠᠪᠣᠳᠠᠯ ᠤᠨ ᠳᠦᠷᠢᠮ᠂ ᠣᠯᠣᠰ ᠤᠨ ᠦᠮᠴᠢᠯᠡᠯᠲᠦ ᠠᠵᠣ ᠠᠬᠤᠶᠢᠯᠠᠯ᠂ ᠪᠡᠯᠡ ᠣᠷᠣᠭᠤᠯᠵᠣ | ᠪᠡᠯᠡ ᠨᠡᠶᠢᠯᠡᠭᠦᠯᠬᠦ ᠲᠣᠭᠲᠠᠴᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠮᠦᠩᠭᠦᠨ ᠭᠦᠢᠯᠭᠡᠭᠡ ᠶᠢᠨ ᠦᠢᠯᠡᠴᠢᠯᠡᠭᠡᠨ ᠤ ᠪᠣᠳᠠᠲᠣ ᠠᠵᠣ ᠠᠬᠤᠢ ᠶᠢᠨ ᠴᠢᠳᠠᠪᠣᠷᠢ ᠶᠢ | ᠨᠡᠮᠡᠭᠳᠡᠭᠦᠯᠵᠦ᠂ ᠡᠳ᠋ ᠤᠨ ᠵᠠᠰᠠᠭ ᠤᠨ ᠮᠦᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ | ᠠᠷᠢᠯᠭᠠᠨ᠎ᠠ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠣᠯᠲᠠ ᠳᠤ ᠰᠠᠨᠠᠭᠠᠴᠢᠯᠠᠭ᠎ᠠ ᠠᠴᠠ ᠪᠠᠨ | ᠠᠭᠤᠰᠣᠯᠴᠠᠵᠣ᠂ ᠬᠦᠬᠡᠬᠤᠲᠠ ᠪᠤᠭᠤᠲᠤ ᠣᠷᠳᠣᠰ ᠤᠨ ︽ᠮᠡᠳᠡᠭᠡ ᠵᠠᠩᠭᠢᠴᠢᠯᠠᠯᠲᠠ ᠪᠣᠯᠣᠨ ᠠᠵᠣ | ᠦᠢᠯᠡᠳᠪᠦᠷᠢᠵᠢᠭᠦᠯᠦᠯᠲᠡ ᠶᠢᠨ ᠠᠭᠤᠰᠣᠯᠴᠠᠯ︾ ᠤᠨ ᠰᠢᠨ᠎ᠡ ᠶᠢ ᠡᠭᠦᠳᠬᠦ ᠲᠣᠷᠰᠢᠯᠲᠠ ᠶᠢᠨ ᠵᠢᠱᠢᠶ᠎ᠡ ᠦᠵᠡᠭᠦᠯᠬᠦ | ᠣᠷᠣᠨ ᠤ ᠬᠦᠭᠵᠢᠯᠲᠡ ᠳᠤ ᠢᠳᠡᠪᠬᠢᠲᠡᠢ ᠣᠷᠣᠯᠴᠠᠨ᠂ ᠨᠡᠭᠡᠭᠡᠯᠳᠡᠲᠦ ᠬᠡᠯᠪᠡᠷᠢ ᠶᠢᠨ ᠠᠵᠣ ᠠᠬᠤᠢ ᠶᠢᠨ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠵᠢᠷᠭᠤᠭ᠎ᠠ︶ ᠪᠦᠬᠦ ᠲᠠᠯ᠎ᠠ ᠪᠠᠷ ᠬᠠᠣᠯᠢ ᠪᠠᠷ ᠰᠢᠶᠠᠨ ᠢᠶᠠᠨ ᠵᠠᠰᠠᠬᠤ ᠶᠢ ᠵᠠᠪᠠᠯ ᠪᠠᠷᠢᠮᠲᠠᠯᠠᠬᠤ ᠬᠡᠷᠡᠭᠲᠡᠢ᠃ | ᠬᠠᠣᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠣ᠂ ᠡᠷᠬᠡ ᠬᠠᠷᠢᠭᠤᠴᠠᠯᠭ᠎ᠠ ᠶᠢᠨ ᠨᠠᠷᠢᠨ | ᠳᠠᠩᠰᠠ ᠶᠢᠨ ᠳᠦᠷᠢᠮ ᠪᠣᠯᠣᠨ ᠬᠠᠣᠯᠢ ᠶᠢᠨ ᠵᠥᠪᠯᠡᠭᠴᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠲᠦᠯᠬᠢᠨ ᠣᠷᠣᠭᠰᠢᠯᠠᠭᠤᠯᠵᠣ᠂ ᠬᠠᠣᠯᠢ ᠪᠠᠷ ᠵᠠᠰᠠᠬᠤ ᠵᠠᠰᠠᠭ ᠤᠨ | ᠣᠷᠳᠣᠨ ᠢ ᠲᠦᠷᠭᠡᠳᠬᠡᠨ ᠪᠠᠶᠢᠭᠤᠯᠣᠨ᠎ᠠ᠃ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠪᠠᠶᠢᠭᠤᠯᠣᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠣᠯᠢ ᠬᠡᠷᠡᠭᠵᠢᠭᠦᠯᠦᠯᠲᠡ ᠶᠢᠨ ᠴᠢᠯᠦᠭᠡᠲᠦ ᠲᠠᠰᠣᠯᠣᠯᠲᠠ ᠶᠢᠨ ᠡᠷᠬᠡ ᠶᠢ | ᠳᠦᠷᠢᠮᠵᠢᠭᠦᠯᠦᠨ᠂ ᠲᠥᠪ ᠭᠤᠣᠯᠴᠢ ᠮᠦᠷᠲᠡᠭᠡᠨ ᠪᠣᠯᠪᠠᠰᠣᠨ ᠢᠶᠠᠷ ᠬᠠᠣᠯᠢ ᠬᠡᠷᠡᠭᠵᠢᠭᠦᠯᠦᠯᠲᠡ ᠶᠢᠨ ᠴᠢᠩᠭ᠎ᠠ | ᠳᠦᠷᠢᠮᠵᠢᠭᠦᠯᠦᠯᠲᠡ ᠶᠢ ᠬᠢᠵᠦ ᠳᠡᠶᠢᠯᠬᠦ ᠬᠡᠷᠡᠭᠲᠡᠢ᠃ ᠬᠠᠣᠯᠢ ᠴᠠᠭᠠᠴᠠ ᠶᠢᠨ ᠲᠣᠰᠠᠯᠠᠮᠵᠢ ᠪᠣᠯᠣᠨ ᠬᠠᠣᠯᠢ | ᠴᠠᠭᠠᠴᠠ ᠶᠢᠨ ᠬᠠᠪᠰᠣᠷᠣᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠮᠤᠭ ᠶᠡᠭᠡ ᠬᠡᠮᠵᠢᠶᠡᠨ ᠳᠤ ᠣᠯᠠᠨ | ᠲᠦᠮᠡᠨ ᠤ ᠬᠠᠣᠯᠢ ᠶᠢᠨ ᠦᠢᠯᠡᠴᠢᠯᠡᠭᠡ ᠬᠦᠷᠲᠡᠬᠦ ᠶᠢ ᠪᠠᠲᠣᠯᠠᠨ᠎ᠠ᠃ ᠬᠠᠣᠯᠢ ᠪᠠᠷ ᠵᠠᠰᠠᠬᠤ ᠣᠬᠠᠭᠤᠯᠭ᠎ᠠ ᠬᠦᠮᠦᠵᠢᠯ ᠢ | ᠴᠢᠩᠭᠠᠳᠬᠠᠵᠣ᠂ ︽ᠳᠣᠯᠣᠳᠤᠭᠠᠷ ᠲᠠᠪᠣᠨ ᠵᠢᠯ ︾ ᠤᠨ ᠬᠠᠣᠯᠢ ᠴᠠᠭᠠᠴᠠ ᠲᠦᠭᠡᠮᠡᠯᠵᠢᠭᠦᠯᠬᠦ ᠠᠵᠢᠯ ᠢ ᠰᠠᠶᠢᠲᠣᠷ | ᠠᠳᠬᠤᠵᠣ᠂ ︽ᠨᠠᠢᠮᠠᠳᠤᠭᠠᠷ ᠲᠠᠪᠣᠨ ᠵᠢᠯ︾ ᠤᠨ ᠬᠠᠣᠯᠢ ᠲᠦᠭᠡᠮᠡᠯᠵᠢᠭᠦᠯᠬᠦ ᠲᠦᠯᠦᠪᠵᠢᠭᠦᠯᠭᠡ ᠶᠢ ᠬᠡᠷᠡᠭᠵᠢᠭᠦᠯᠦᠨ᠂ | ᠨᠡᠶᠢᠭᠡᠮ ᠵᠢᠷᠣᠮᠲᠣ ᠬᠠᠣᠯᠢᠵᠢᠯ ᠤᠨ ᠨᠡᠶᠢᠭᠡᠮ ᠶᠢ ᠪᠦᠲᠦᠭᠡᠨ ᠪᠠᠶᠢᠭᠤᠯᠣᠨ᠎ᠠ᠃ | ︵ᠳᠣᠯᠤᠭ᠎ᠠ︶ ᠨᠡᠶᠢᠭᠡᠮ ᠵᠢᠷᠣᠮ ᠤᠨ ᠠᠷᠠᠳᠴᠢᠯᠠᠯ ᠤᠨ ᠣᠯᠣᠰ ᠲᠦᠷᠥ ᠶᠢᠨ ᠪᠦᠲᠦᠭᠡᠨ ᠪᠠᠶᠢᠭᠤᠯᠣᠯᠲᠠ ᠶᠢ | ᠠᠬᠢᠭᠤᠯᠬᠤ ᠶᠢ ᠵᠠᠪᠠᠯ ᠪᠠᠷᠢᠮᠲᠠᠯᠠᠬᠤ ᠬᠡᠷᠡᠭᠲᠡᠢ᠃ | ᠨᠠᠮ ᠤᠨ ᠣᠳᠣᠷᠢᠳᠣᠯᠭ᠎ᠠ᠂ ᠠᠷᠠᠳ ᠲᠦᠮᠡᠨ ᠡᠷᠬᠡ ᠮᠡᠳᠡᠨ ᠡᠵᠡᠨ ᠰᠠᠭᠤᠬᠤ᠂ ᠬᠠᠣᠯᠢ ᠪᠠᠷ ᠣᠯᠣᠰ ᠢᠶᠠᠨ | ᠵᠠᠰᠠᠬᠤ ᠶᠢᠨ ᠣᠷᠭᠠᠨᠢᠭ ᠨᠢᠭᠡᠳᠦᠯ ᠢ ᠪᠠᠷᠢᠮᠲᠠᠯᠠᠵᠣ᠂ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ | ᠵᠢᠷᠣᠮ ᠤᠨ ᠣᠯᠣᠰ ᠲᠦᠷᠥ ᠶᠢᠨ ᠬᠦᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠶᠠᠪᠣᠬᠤ ᠬᠡᠷᠡᠭᠲᠡᠢ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠴᠠ ᠶᠢᠨ ᠬᠢᠨᠠᠯᠲᠠ᠂ ᠣᠯᠣᠰ ᠲᠦᠷᠥ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠯᠦᠭᠡᠯᠡᠭᠴᠢ᠂ ᠣᠯᠣᠰ ᠲᠦᠷᠥ ᠶᠢᠨ ᠵᠥᠪᠯᠡᠯᠭᠡᠨ ᠤ ᠭᠡᠰᠢᠭᠦᠨ ᠤ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠪᠦᠬᠦ ᠬᠦᠴᠦᠨ ᠢᠶᠠᠷ ᠳᠡᠮᠵᠢᠨ᠎ᠡ᠃ ᠨᠠᠮ ᠤᠨ ᠦᠨᠳᠦᠰᠦᠲᠡᠨ ᠤ ᠲᠦᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠲᠣᠣᠱᠯᠠᠭᠤᠯᠵᠣ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠲᠣᠣᠱᠯᠠᠭᠤᠯᠵᠣ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠣᠷᠭᠠᠨ ᠬᠦᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ | ᠪᠦᠯᠬᠦᠮᠳᠡᠯ ᠤᠨ ᠶᠡᠭᠡ ᠲᠠᠯ᠎ᠠ ᠶᠢ ᠲᠠᠰᠣᠷᠠᠯᠲᠠ ᠦᠭᠡᠢ ᠪᠠᠬᠢᠵᠢᠭᠦᠯᠦᠨ ᠬᠦᠭᠵᠢᠭᠦᠯᠦᠨ᠎ᠡ᠃ ᠨᠠᠮ ᠤᠨ ᠱᠠᠰᠢᠨ | ᠰᠣᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠣᠣᠱᠯᠠᠭᠤᠯᠵᠣ᠂ ᠱᠠᠰᠢᠨ ᠰᠣᠷᠲᠠᠬᠤᠨ | ᠬᠢᠭᠡᠳ ᠨᠡᠶᠢᠭᠡᠮ ᠵᠢᠷᠣᠮᠲᠣ ᠨᠡᠶᠢᠭᠡᠮ ᠬᠠᠷᠢᠯᠴᠠᠨ ᠵᠣᠬᠢᠴᠠᠯᠳᠣᠬᠤ ᠶᠢ ᠢᠳᠡᠪᠬᠢᠲᠡᠢ ᠵᠢᠯᠣᠭᠤᠳᠣᠨ᠎ᠠ᠃ ᠵᠠᠰᠠᠭ ᠤᠨ | ᠣᠷᠳᠣᠨ ᠤ ᠴᠢᠳᠠᠪᠬᠢ ᠶᠢ ᠬᠤᠪᠢᠷᠠᠭᠤᠯᠵᠣ᠂ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠵᠠᠰᠠᠭ ᠤᠨ ᠣᠷᠳᠣᠨ ᠤ ᠰᠠᠯᠠᠭ᠎ᠠ ᠮᠦᠴᠢᠷ ᠵᠢᠴᠢ ᠳᠣᠲᠣᠭᠠᠳᠣ ᠪᠠᠶᠢᠭᠤᠯᠣᠮᠵᠢ ᠶᠢᠨ ᠡᠷᠬᠡ ᠶᠢᠨ ᠴᠢᠳᠠᠪᠬᠢ ᠶᠢ | ᠰᠢᠨᠵᠢᠯᠡᠬᠦ ᠣᠬᠠᠭᠠᠨᠴᠢ ᠪᠠᠷ ᠲᠣᠬᠢᠷᠠᠭᠤᠯᠣᠨ᠎ᠠ᠃ ᠣᠯᠣᠰ ᠢᠶᠠᠨ ᠬᠠᠶᠢᠷᠠᠯᠠᠬᠤ ᠨᠢᠭᠡᠲᠦᠮᠡᠯ ᠹᠷᠣᠨᠲ ᠢ ᠪᠠᠬᠢᠵᠢᠭᠦᠯᠦᠨ | ᠬᠦᠭᠵᠢᠭᠦᠯᠵᠦ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ ᠰᠢᠨ᠎ᠡ ᠴᠠᠭ ᠦᠶ᠎ᠡ ᠶᠢᠨ ᠠᠵᠣ | ᠠᠬᠤᠢ ᠨᠡᠶᠢᠭᠡᠮ ᠤᠨ ᠬᠦᠭᠵᠢᠯᠲᠡ ᠶᠢ ᠲᠦᠯᠬᠢᠨ ᠠᠬᠢᠭᠤᠯᠬᠤ ᠯᠣᠲᠤ ᠶᠡᠭᠡ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ | ᠭᠤᠷᠪᠠ᠂ 2018 ᠣᠨ ᠤ ᠠᠵᠢᠯ ᠤᠨ ᠡᠭᠦᠷᠭᠡ | 2018 ᠣᠨ ᠪᠣᠯ ᠣᠷᠢᠳᠣᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠦᠭᠰᠡᠨ ᠴᠢᠬᠤᠯᠠ ᠵᠢᠯ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ | ᠨᠠᠶᠢᠳᠠᠪᠣᠷᠢᠵᠢᠭᠤᠯᠬᠤ ᠡᠬᠢᠯᠡᠯᠲᠡ ᠶᠢᠨ ᠵᠢᠯ᠂ ᠰᠢᠶᠠᠨ ᠤ ᠵᠠᠰᠠᠭ ᠤᠨ ᠣᠷᠳᠣᠨ ᠤ ᠰᠢᠨ᠎ᠡ ᠨᠢᠭᠡᠨ ᠬᠤᠭᠤᠴᠠᠭᠠᠨ ᠤ | ᠣᠳᠣᠷᠢᠳᠬᠤ ᠪᠠᠭ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠣ᠂ ᠴᠦᠬᠦᠷᠡᠰᠢ ᠦᠭᠡᠢ | ᠲᠡᠮᠡᠴᠡᠨ᠂ ᠣᠷᠣᠭᠰᠢᠯᠠᠨ ᠳᠠᠪᠰᠢᠬᠤ ᠲᠡᠷᠢᠭᠦᠨ ᠤ ᠵᠢᠯ᠂ ᠰᠢᠨ᠎ᠡ ᠴᠠᠭ ᠦᠶ᠎ᠡ ᠳᠤ ᠵᠣᠭᠰᠣᠨ᠂ ᠰᠢᠨ᠎ᠡ ᠠᠶᠠᠨ ᠵᠠᠮ ᠢ | ᠨᠡᠭᠡᠭᠡᠵᠦ᠂ ᠰᠢᠨ᠎ᠡ ᠠᠮᠵᠢᠯᠲᠠ ᠭᠠᠷᠭᠠᠵᠣ᠂ ᠰᠢᠨ᠎ᠡ ᠰᠢᠪᠲᠣᠯᠣᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ᠂ | ᠡᠶᠢᠮᠦ ᠠᠴᠠ ᠪᠠᠨ ᠪᠦᠬᠦ ᠵᠢᠯ ᠤᠨ ᠠᠵᠢᠯ ᠢ ᠰᠠᠶᠢᠲᠣᠷ ᠬᠢᠬᠦ ᠶᠢᠨ ᠠᠴᠢ ᠬᠤᠯᠪᠣᠭᠳᠠᠯ ᠯᠣᠲᠣ ᠶᠡᠭᠡ ᠶᠤᠮ᠃ | 2018 ᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠳᠣᠮᠳᠠᠳᠣ ᠣᠯᠣᠰ ᠤᠨ ᠣᠨᠴᠠᠯᠢᠭ | ᠪᠦᠬᠦᠢ ᠨᠡᠶᠢᠭᠡᠮ ᠵᠢᠷᠣᠮ ᠤᠨ ᠠᠭᠤᠣ ᠶᠡᠭᠡ ᠲᠤᠭ ᠢ ᠦᠨᠳᠦᠷ ᠮᠠᠨᠳᠣᠭᠤᠯᠣᠨ᠂ ᠮᠠᠷᠺᠰ ᠯᠧᠨᠢᠨ ᠤ ᠦᠵᠡᠯ᠂ ᠮᠠᠥ | ᠽᠧ ᠳ᠋ᠥᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠤᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ | ᠦᠵᠡᠯ ᠰᠠᠨᠠᠭ᠎ᠠ᠂ ᠰᠢᠨᠵᠢᠯᠡᠬᠦ ᠣᠬᠠᠭᠠᠨᠴᠢ ᠬᠦᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠨ ᠰᠤᠷᠤᠯᠴᠠᠵᠣ | ᠣᠬᠠᠭᠤᠯᠣᠨ ᠲᠣᠣᠱᠯᠠᠭᠤᠯᠵᠣ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠣ | ᠴᠡᠭᠡᠵᠢᠯᠡᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠣᠯᠲᠠ ᠶᠢ ᠨᠢᠭᠡᠳᠦᠯᠲᠡᠢ ᠲᠦᠯᠦᠪᠯᠡᠨ | ᠠᠬᠢᠭᠤᠯᠵᠣ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠲᠠ ᠶᠢ | ᠵᠣᠬᠢᠴᠠᠭᠤᠯᠣᠨ ᠠᠬᠢᠭᠤᠯᠵᠤ᠂ ᠬᠥᠭᠵᠢᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠠᠨ ᠪᠣᠯᠭᠠᠬᠤ ᠶᠢ ᠭᠤᠶᠢᠪᠢᠰᠢ | ᠦᠭᠡᠢ ᠪᠠᠷ ᠰᠠᠶᠢᠲᠤᠷ ᠠᠳᠬᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠤᠶᠢᠪᠢᠰᠢ ᠦᠭᠡᠢ ᠲᠤᠤᠱᠯᠠᠭᠤᠯᠵᠤ | ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ | ᠲᠣᠭᠲᠠᠭᠤᠨ ᠪ᠊ ᠳᠣᠮᠳᠠ ᠤᠷᠤᠭᠰᠢᠯᠠᠬᠤ ᠠᠵᠢᠯ ᠤᠨ ᠶᠡᠷᠦᠩᠬᠡᠶ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠪᠦᠬᠦ | ᠣᠷᠣᠨ ᠤ ᠰᠢᠶᠠᠨ ᠤ ᠬᠡᠪᠴᠢᠶᠡᠨ ᠤ ᠠᠵᠤ ᠠᠬᠤᠶ ᠪᠣᠯᠣᠨ ᠲᠠᠷᠢᠶᠠᠯᠠᠩ ᠤᠨ ᠠᠵᠤ ᠦᠢᠯᠡᠰᠵᠢᠭᠰᠡᠨ ᠬᠤᠰᠢᠭᠤᠴᠢ | ᠪᠣᠯᠬᠤ ᠪᠠᠷ ᠴᠢᠷᠮᠠᠶᠢᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠲᠠᠷᠢᠶᠠᠯᠠᠩ ᠤᠨ | ᠣᠳᠣᠬᠢᠴᠢᠯᠠᠯᠲᠠ ᠶᠢ ᠠᠬᠢᠭᠤᠯᠵᠤ᠂ ᠬᠤᠷᠢᠨᠭᠡᠷ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ | ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠠᠳᠬᠤᠵᠣ᠂ ᠠᠵᠤ ᠠᠬᠤᠶ ᠶᠢᠨ ᠨᠡᠭᠡᠭᠡᠯᠳᠡ ᠶᠢᠨ | ᠲᠣᠭᠤᠷᠢᠭ ᠤᠨ ᠳᠡᠰ ᠳᠡᠪᠰᠢᠭᠦᠯᠬᠦ ᠶᠢ ᠠᠬᠢᠭᠤᠯᠵᠤ᠂ ᠱᠧᠩ ᠯᠧ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠲᠦᠪᠯᠡᠷᠡᠯ ᠤᠨ ᠲᠣᠭᠤᠷᠢᠭ ᠤᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠦᠭᠡᠶ ᠢᠳᠡᠭᠡᠨ᠂ ᠡᠭᠦᠯᠡᠨ ᠪᠤᠳᠤᠯᠲᠠ ᠲᠣᠮᠣ ᠳ᠋ᠠᠶᠢᠲ᠋ᠠ | ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢ ᠠᠬᠤᠶ᠂ | ᠵᠢᠭᠤᠯᠴᠢᠯᠠᠯ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠴᠠᠬᠢᠯᠭᠠᠨ ᠬᠦᠴᠦ ᠵᠡᠷᠭᠡ ᠥᠪᠡᠷᠮᠢᠴᠡ ᠣᠨᠴᠠᠯᠢᠭ ᠲᠠᠢ | ᠭᠤᠣᠯᠯᠠᠬᠤ ᠠᠵᠤ ᠦᠢᠯᠡᠰ ᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠵᠤ᠂ ᠵᠢᠭᠤᠯᠴᠢᠯᠠᠯ ᠤᠨ ᠵᠢᠵᠢᠭ | ᠪᠠᠯᠭᠠᠰᠣ ᠶᠢ ᠲᠥᠯᠥᠪᠵᠢᠭᠦᠯᠦᠨ ᠪᠠᠶᠢᠭᠤᠯᠵᠣ᠂ ᠣᠷᠣᠨ ᠤ ᠲᠥᠪ ᠤᠨ ᠤᠳᠤ ᠦᠶ᠎ᠡ ᠶᠢᠨ ᠦᠢᠯᠡᠴᠢᠯᠡᠭᠡᠨ ᠤ | ᠦᠢᠯᠡᠰ ᠤᠨ ᠭᠤᠣᠯᠯᠠᠬᠤ ᠲᠣᠭᠤᠷᠢᠭ ᠢ ᠴᠣᠭᠴᠠᠯᠠᠨ᠂ ᠪᠣᠳᠠᠲᠤ ᠬᠦᠴᠦᠨ᠂ ᠲᠠᠲᠠᠬᠤ ᠬᠦᠴᠦᠨ᠂ ᠠᠮᠢᠯᠠᠯ ᠤᠨ | ᠬᠦᠴᠦᠨ᠂ ᠵᠣᠯ ᠵᠢᠷᠭᠠᠯ ᠢ ᠪᠦᠷᠢᠳᠦᠭᠦᠯᠦᠭᠰᠡᠨ ᠬᠠᠤᠯᠢ ᠪᠠᠷ ᠵᠠᠰᠠᠭᠰᠠᠨ ᠬᠤᠷᠢᠨᠭᠡᠷ ᠢ ᠲᠦᠷᠭᠡᠳᠬᠡᠨ ᠪᠠᠶᠢᠭᠤᠯᠵᠤ᠂ | ᠰᠢᠶᠠᠨ ᠤ ᠬᠡᠪᠴᠢᠶᠡᠨ ᠤ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠪᠡᠶᠡᠯᠡᠭᠦᠯᠦᠨ᠂ ᠪᠥᠬᠦ | ᠣᠷᠣᠨ ᠤ ᠡᠮᠦᠨ᠎ᠡ ᠡᠩᠨᠡᠭᠡᠨ ᠳᠤ ᠶᠠᠪᠣᠬᠤ ᠶᠢ ᠲᠦᠯᠬᠢᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠣᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠵᠣ᠂ ᠣᠳᠣᠬᠢᠴᠢᠯᠠᠭᠰᠠᠨ ᠬᠤᠷᠢᠨᠭᠡᠷ ᠤᠨ ᠰᠢᠨ᠎ᠡ ᠠᠶᠠᠨ ᠢ | ᠪᠦᠬᠦ ᠲᠠᠯ᠎ᠠ ᠪᠠᠷ ᠡᠬᠢᠯᠡᠭᠦᠯᠦᠨ᠎ᠡ᠃ | 2018 ᠣᠨ ᠤ ᠭᠤᠣᠯ ᠣᠷᠢᠳᠴᠢᠯᠠᠭᠰᠠᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ ᠢ 7% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠲᠢ ᠶᠢᠨ | ᠨᠡᠮᠡᠭᠳᠡᠯ ᠦᠷᠲᠡᠭ ᠪᠣᠯᠣᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠭ᠎ᠠ ᠶᠢ ᠲᠣᠰ ᠪᠦᠷᠢ 9% | ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠳᠤ ᠣᠷᠣᠭᠤᠯᠬᠤ ᠪᠡᠯᠡ ᠣᠷᠣᠭᠤᠯᠤᠯᠲᠠ ᠶᠢ 16 % | ᠣᠷᠴᠢᠮ ᠨᠡᠮᠡᠭᠳᠡᠭᠦᠯᠦᠨ᠎ᠡ︔ ᠬᠤᠲᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠪᠦᠷᠢ ᠶᠢᠨ ᠡᠵᠡᠮᠳᠡᠵᠦ ᠪᠣᠯᠬᠤ ᠣᠷᠣᠯᠭ᠎ᠠ ᠶᠢ ᠪᠦᠬᠦ ᠬᠤᠲᠠ ᠶᠢᠨ ᠬᠢᠨ ᠲᠠᠢ ᠠᠳᠠᠯᠢᠬᠠᠨ ᠥᠰᠥᠯᠲᠡ ᠲᠠᠢ ᠶᠢ | ᠪᠠᠲᠣᠯᠠᠨ᠎ᠠ᠃ ᠳᠡᠭᠡᠷ᠎ᠡ ᠲᠣᠭᠠᠴᠢᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ᠂ ᠪᠢᠳᠡ ᠡᠷᠬᠡᠪᠰᠢ ᠡᠨᠡᠬᠦ | ᠪᠣᠳᠣᠯᠢᠶᠠᠨᠲᠣ ᠬᠤᠪᠢᠷᠠᠯᠲᠠ ᠳᠣᠮᠳᠠᠬᠢ ᠶᠡᠭᠡ ᠬᠠᠨᠳᠣᠰᠢ ᠶᠢ ᠠᠳᠬᠤᠨ᠂ ᠰᠢᠷᠦᠭᠦᠨ ᠦᠷᠢᠰᠦᠯᠳᠦᠭᠡᠨ ᠤ ᠳᠣᠮᠳᠠ | ᠠᠵᠠ ᠲᠣᠬᠢᠶᠠᠯ ᠢ ᠠᠳᠬᠤᠵᠣ᠂ ᠬᠡᠯᠪᠡᠷᠢ ᠪᠠᠨ ᠬᠤᠪᠢᠷᠠᠭᠤᠯᠬᠤ ᠳᠦᠯᠢᠯᠲᠡ ᠵᠣᠪᠠᠭᠤᠷᠢ ᠶᠢ ᠲᠡᠪᠴᠢᠬᠦ ᠳᠣᠮᠳᠠ | ᠯᠠᠪᠳᠠᠭᠤᠨ ᠢᠶᠠᠷ ᠬᠦᠭᠵᠢᠬᠦ ᠳᠤ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠳᠣᠪᠣᠶᠢᠯᠭᠠᠨ ᠠᠳᠬᠤᠬᠤ ᠬᠡᠷᠡᠭᠲᠡᠢ᠄ | ︵ᠨᠢᠭᠡ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ | ᠠᠬᠢᠭᠤᠯᠵᠣ᠂ ᠣᠳᠣᠬᠢᠴᠢᠯᠠᠯᠲᠠ ᠶᠢᠨ ᠠᠵᠣ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠣᠨ᠎ᠠ᠃ | ᠴᠢᠨᠠᠷ ᠴᠢᠨᠰᠠᠭ᠎ᠠ ᠶᠢ ᠨᠢᠭᠡᠳᠦᠭᠡᠷ ᠲᠤ᠂ ᠦᠷ᠎ᠡ ᠠᠰᠢᠭ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠣ᠂ ᠠᠵᠣ | ᠠᠬᠤᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠶᠢᠨ ᠬᠤᠪᠢᠰᠬᠠᠯ᠂ ᠠᠰᠢᠭᠯᠠᠮᠵᠢ ᠶᠢᠨ ᠬᠤᠪᠢᠰᠬᠠᠯ᠂ ᠬᠦᠳᠡᠯᠭᠡᠬᠦ | ᠬᠦᠴᠦᠨ ᠤ ᠬᠤᠪᠢᠰᠬᠠᠯ ᠢ ᠠᠬᠢᠭᠤᠯᠵᠣ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠦᠨ | ᠂ ᠣᠯᠠᠮᠵᠢᠯᠠᠯᠲᠣ ᠠᠵᠣ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠲᠡᠷᠢᠭᠦᠨ ᠤ ᠦᠢᠯᠡᠳᠬᠦ ᠦᠢᠯᠡᠰ ᠢ | ᠲᠦᠷᠭᠡᠳᠬᠡᠨ ᠬᠦᠭᠵᠢᠭᠦᠯᠵᠦ᠂ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠣ | ᠦᠢᠯᠡᠰ ᠤᠨ ᠦᠷᠨᠢᠩᠭᠦᠢ ᠬᠦᠭᠵᠢᠯᠲᠡ ᠶᠢ ᠶᠡᠬᠡᠪᠡᠷ ᠲᠦᠯᠬᠢᠨ ᠠᠬᠢᠭᠤᠯᠵᠣ᠂ ᠨᠢᠭᠡᠳᠦᠭᠡᠷ ᠬᠤᠶᠠᠳᠣᠭᠠᠷ | ᠭᠤᠷᠪᠠᠳᠣᠭᠠᠷ ᠠᠵᠣ ᠦᠢᠯᠡᠰ ᠤᠨ ᠠᠭᠤᠰᠣᠯᠴᠠᠨ ᠬᠦᠭᠵᠢᠬᠦ ᠶᠢ ᠠᠬᠢᠭᠤᠯᠣᠨ᠂ ᠰᠢᠶᠠᠨ ᠤ ᠬᠡᠪᠴᠢᠶᠡᠨ ᠤ ᠠᠵᠣ | ᠠᠬᠤᠢ ᠶᠢᠨ ᠳᠡᠰ ᠳᠡᠪᠰᠢᠬᠦ ᠶᠢ ᠪᠦᠬᠦ ᠬᠦᠴᠦᠨ ᠢᠶᠠᠷ ᠴᠣᠭᠴᠠᠯᠠᠵᠣ᠂ ᠪᠣᠳᠠᠲᠣ ᠬᠦᠴᠦᠨ ᠲᠠᠢ ᠬᠤᠷᠢᠨᠭᠡᠷ ᠢ | ᠲᠦᠷᠭᠡᠳᠬᠡᠨ ᠪᠠᠶᠢᠭᠤᠯᠣᠨ᠎ᠠ᠃ | ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠳᠡᠰ ᠳᠡᠪᠰᠢᠬᠦ ᠶᠢ ᠲᠦᠷᠭᠡᠳᠬᠡᠨ᠂ ᠪᠣᠳᠠᠳᠣ ᠴᠣᠭᠴᠠᠲᠣ | ᠠᠵᠣ ᠠᠬᠤᠢ ᠶᠢ ᠲᠠᠰᠣᠷᠠᠯᠲᠠ ᠦᠭᠡᠢ ᠪᠣᠵᠠᠭᠠᠶᠢᠷᠠᠭᠤᠯᠣᠨ᠎ᠠ᠃ ᠣᠷᠣᠨ ᠵᠠᠢ ᠶᠢᠨ ᠪᠠᠶᠢᠷᠢᠰᠢᠭᠤᠯᠣᠯᠲᠠ ᠵᠦᠢ | ᠵᠣᠬᠢᠰᠲᠠᠢ ᠰᠢᠯᠢᠳᠡᠭᠵᠢᠭᠦᠯᠦᠨ᠎ᠡ᠃ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠠᠶᠢᠭᠤᠯᠣᠭᠳᠠᠭᠰᠠᠨ | ᠬᠡᠰᠡᠭ ᠤᠨ ᠭᠤᠣᠯᠳᠠᠯᠭ᠎ᠠ ᠨᠢ ᠬᠠᠳᠠᠭᠠᠯᠠᠭᠳᠠᠵᠣ ᠪᠠᠶᠢᠭ᠎ᠠ ᠬᠡᠮᠵᠢᠶ᠎ᠡ ᠪᠠᠨ ᠠᠮᠢᠯᠠᠭᠤᠯᠣᠨ ᠰᠡᠷᠭᠦᠭᠡᠵᠦ᠂ ᠨᠡᠮᠡᠭᠳᠡᠯ ᠤᠨ | ᠬᠡᠮᠵᠢᠶ᠎ᠡ ᠪᠠᠨ ᠰᠢᠯᠢᠳᠡᠭᠵᠢᠭᠦᠯᠬᠦ ᠳᠤ ᠪᠣᠢ᠃ ᠲᠣᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠣᠨ᠂ ᠤᠯᠠᠨ | ᠠᠷᠭ᠎ᠠ ᠪᠠᠷᠢᠯ ᠢ ᠬᠠᠮᠲᠤ ᠳᠤᠨᠢ ᠬᠡᠷᠡᠭᠯᠡᠵᠦ᠂ ᠬᠠᠳᠠᠭᠠᠯᠠᠭᠳᠠᠵᠣ ᠪᠠᠶᠢᠭ᠎ᠠ ᠭᠠᠵᠠᠷ ᠰᠢᠷᠣᠢ ᠪᠠᠨ ᠰᠡᠷᠭᠦᠭᠡᠨ | ᠠᠮᠢᠯᠠᠭᠤᠯᠵᠣ᠂ ᠰᠣᠯᠠ ᠡᠳ᠋ ᠬᠦᠷᠦᠩᠭᠡ ᠢ ᠬᠦᠭᠵᠢᠭᠡᠨ᠂ ᠬᠤᠳᠠᠯᠳᠣᠭᠠᠴᠢᠨ ᠢ ᠣᠷᠢᠵᠣ ᠪᠡᠯᠡ ᠣᠷᠣᠭᠤᠯᠬᠤ ᠶᠢ | ᠴᠢᠩᠭᠠᠳᠬᠠᠵᠣ᠂ ᠡᠬᠢ ᠪᠠᠶᠠᠯᠢᠭ ᠢ ᠠᠰᠢᠬᠯᠠᠬᠤ ᠨᠣᠷᠮ᠎ᠠ ᠶᠢ ᠳᠡᠭᠡᠭᠰᠢᠯᠡᠭᠦᠯᠦᠨ᠂ ᠳᠣᠮᠳᠠᠴᠢ ᠮᠦ ᠶᠢᠨ | ᠣᠷᠣᠭᠤᠯᠣᠯᠲᠠ ᠪᠣᠯᠣᠨ ᠭᠠᠷᠭᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠨᠡᠭᠡᠭᠡᠯᠲᠡ ᠶᠢᠨ ᠣᠷᠣᠨ ᠤ ᠨᠡᠩ ᠤᠯᠠᠨ | ᠬᠦᠭᠵᠢᠯᠲᠡ ᠶᠢᠨ ᠣᠷᠣᠨ ᠵᠠᠢ ᠶᠢ ᠲᠠᠯᠪᠢᠨ ᠭᠠᠷᠭᠠᠵᠣ᠂ ᠨᠡᠩ ᠶᠡᠭᠡ ᠦᠷ᠎ᠡ ᠠᠰᠢᠭ ᠢ ᠪᠠᠳᠠᠷᠠᠭᠤᠯᠣᠨ᠂ ᠨᠡᠩ ᠶᠡᠭᠡ | ᠦᠷᠲᠡᠭ ᠢ ᠪᠡᠶᠡᠯᠡᠭᠦᠯᠦᠨ᠎ᠡ᠃ ᠨᠡᠭᠡᠭᠡᠯᠲᠡ ᠶᠢᠨ ᠲᠣᠭᠤᠷᠢᠭ ᠨᠢ ᠪᠠᠰᠠ ᠰᠢᠨ᠎ᠡ ᠣᠷᠣᠨ ᠵᠠᠢ ᠶᠢ ᠬᠦᠭᠵᠢᠭᠦᠯᠬᠦ ᠳᠡᠭᠡᠷ᠎ᠡ | ᠬᠦᠴᠦ ᠲᠠᠯᠪᠢᠬᠤ ᠬᠡᠷᠡᠭᠲᠡᠢ᠃ ᠨᠡᠭᠡᠭᠡᠯᠲᠡ ᠶᠢᠨ ᠲᠣᠭᠤᠷᠢᠭ ᠤᠨ ᠵᠠᠭᠪᠣᠷ ᠢ ᠤᠯᠠᠮ ᠨᠢᠭᠡ ᠠᠯᠬᠤᠮ ᠶᠡᠬᠡᠰᠬᠡᠵᠦ᠂ | ᠪᠠᠷᠠᠭᠤᠨᠰᠢ ᠪᠣᠯᠣᠨ ᠣᠮᠠᠷᠠᠰᠢ ᠬᠦᠭᠵᠢᠯᠲᠡ ᠪᠠᠨ ᠥᠷᠭᠡᠳᠬᠡᠵᠦ᠂ ᠰᠢᠨ᠎ᠡ ᠬᠦᠷᠢᠶᠡᠯᠡᠩ ᠲᠣᠭᠤᠷᠢᠭ ᠢ | ᠲᠦᠯᠦᠪᠵᠢᠭᠦᠯᠦᠨ ᠪᠠᠶᠢᠷᠢᠰᠢᠭᠤᠯᠬᠤ ᠶᠢᠨ ᠬᠠᠮᠲᠣ ᠬᠦᠷᠢᠶᠡᠯᠡᠩ ᠤᠨ ᠲᠣᠲᠣᠷᠠᠬᠢ ᠬᠦᠷᠢᠶᠡᠯᠡᠩ ᠢ ᠪᠠᠶᠢᠭᠤᠯᠵᠣ᠂ | ᠦᠨᠳᠦᠷ ᠡᠬᠢᠯᠡᠯᠲᠡ ᠶᠢᠨ ᠴᠡᠭ ᠢᠶᠠᠷ ᠲᠦᠯᠦᠪᠵᠢᠭᠦᠯᠵᠦ᠂ ᠦᠨᠳᠦᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠣ᠂ | ᠦᠨᠳᠦᠷ ᠦᠷ᠎ᠡ ᠪᠦᠲᠦᠮᠵᠢ ᠪᠠᠷ ᠠᠰᠢᠭᠯᠠᠵᠣ᠂ ᠨᠡᠭᠡᠭᠡᠯᠲᠡ ᠶᠢᠨ ᠣᠷᠣᠨ ᠤ ᠠᠵᠣ ᠦᠢᠯᠡᠰ ᠢ ᠳᠡᠭᠡᠳᠦ ᠳᠡᠰ ᠤᠨ | ᠪᠣᠯᠭᠠᠬᠤ᠂ ᠣᠶᠤᠨᠵᠢᠭᠤᠯᠬᠤ᠂ ᠪᠣᠬᠢᠷᠳᠣᠯ ᠦᠭᠡᠢ ᠪᠣᠯᠭᠠᠬᠤ᠂ ᠦᠢᠯᠡᠴᠢᠯᠡᠭᠡᠵᠢᠭᠦᠯᠬᠦ ᠴᠢᠭᠯᠡᠯ ᠲᠡᠰᠢ ᠬᠦᠭᠵᠢᠬᠦ ᠶᠢ | ᠲᠦᠯᠬᠢᠨ ᠠᠬᠢᠭᠤᠯᠣᠨ᠎ᠠ᠃ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢᠨ ᠬᠠᠮᠢᠶᠠᠷᠣᠯᠲᠠ ᠶᠢ | ᠴᠢᠩᠭᠠᠳᠬᠠᠨ᠎ᠠ᠃ ᠨᠡᠭᠡᠭᠡᠯᠲᠡ ᠶᠢᠨ ᠲᠣᠭᠤᠷᠢᠭ ᠤᠨ ᠬᠤᠶᠢᠨᠠᠬᠢ110 ᠺᠢᠯᠣᠸᠠᠲ ᠤᠨ ᠬᠦᠴᠦᠳᠡᠯ ᠬᠦᠷᠭᠡᠨ | ᠥᠭᠡᠷᠡᠴᠢᠯᠡᠬᠦ ᠥᠷᠲᠡᠭᠡ ᠵᠡᠷᠭᠡ ᠢᠨ᠋ᠧᠨᠧᠷᠢᠩ ᠤᠨ ᠠᠬᠢᠴᠠ ᠶᠢ ᠲᠦᠷᠭᠡᠳᠬᠡᠵᠦ᠂ ᠵᠠᠮ᠂ ᠬᠤᠭᠤᠯᠠᠢ ᠶᠢᠨ ᠲᠣᠣᠷ | ᠵᠡᠷᠭᠡ ᠲᠦᠬᠦᠷᠵᠢᠭᠰᠡᠨ ᠪᠦᠲᠦᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠣᠶᠣᠨᠵᠢᠭᠤᠯᠲᠠ᠂ | ᠮᠡᠳᠡᠭᠡ ᠵᠠᠩᠭᠢᠴᠢᠯᠠᠯᠲᠠ ᠶᠢᠨ ᠬᠠᠮᠢᠶᠠᠷᠣᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠠᠵᠣ ᠠᠬᠤᠶᠢᠯᠠᠯ ᠳᠤ ᠨᠡᠩ | ᠴᠢᠨᠠᠷᠯᠢᠭ ᠬᠦᠷᠢᠶᠡᠯᠡᠩ ᠳᠤ ᠣᠷᠣᠬᠤ ᠨᠦᠬᠦᠴᠡᠯ ᠢ ᠬᠠᠩᠭᠠᠵᠣ᠂ ᠨᠡᠭᠡᠭᠡᠯᠲᠡ ᠶᠢᠨ ᠲᠣᠭᠤᠷᠢᠭ ᠤᠨ ᠰᠠᠭᠤᠷᠢ | ᠪᠡᠯᠡᠳᠬᠡᠮᠵᠢ ᠶᠢ ᠨᠡᠩ ᠲᠡᠭᠦᠯᠳᠡᠷᠵᠢᠭᠦᠯᠦᠨ᠂ ᠦᠢᠯᠡᠴᠢᠯᠡᠭᠡᠨ ᠤ ᠴᠢᠳᠠᠮᠵᠢ ᠶᠢ ᠨᠡᠩ ᠪᠦᠷᠢᠨᠰᠢᠭᠦᠯᠦᠨ᠎ᠡ᠃ | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ︽ᠬᠤᠳᠠᠯᠳᠣᠭᠠᠴᠢᠨ ᠢ ᠣᠷᠢᠬᠤ ᠨᠢᠭᠡᠳᠦᠭᠡᠷ᠂ | ᠲᠦᠷᠦᠯ ᠵᠦᠢᠯ ᠨᠢᠭᠡᠳᠦᠭᠡᠷ᠂ ᠦᠢᠯᠡᠴᠢᠯᠡᠭᠡ ᠨᠢᠭᠡᠳᠦᠭᠡᠷ︾ ᠭᠡᠬᠦ ᠣᠨᠣᠯᠵᠢᠬᠤᠨ ᠢ ᠪᠠᠷᠢᠮᠲᠠᠯᠠᠵᠣ᠂ ᠨᠡᠩ ᠴᠢᠨᠠᠷᠯᠢᠭ | ᠮᠦᠷᠲᠡᠭᠡᠨ ᠦᠨᠳᠦᠷ ᠪᠦᠲᠦᠮᠵᠢ ᠲᠠᠢ ᠬᠤᠳᠠᠯᠳᠣᠭᠠᠴᠢᠨ ᠢ ᠣᠷᠢᠬᠤ ᠦᠢᠯᠡᠴᠢᠯᠡᠭᠡᠨ ᠤ ᠳᠣᠭᠤᠶᠢᠯᠠᠩ ᠢ ᠵᠣᠬᠢᠶᠠᠨ | ᠪᠠᠶᠢᠭᠤᠯᠵᠣ᠂ ᠬᠢᠨᠠᠨ ᠵᠦᠪᠰᠢᠶᠡᠷᠡᠬᠦ ᠴᠣᠪᠣᠷᠠᠯ ᠢ ᠳᠦᠭᠦᠮᠴᠢᠯᠡᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ | ᠰᠢᠯᠢᠳᠡᠭᠵᠢᠭᠦᠯᠦᠨ᠂ ᠶᠠᠪᠣᠳᠠᠯ ᠣᠴᠢᠷ ᠰᠢᠢᠳᠪᠦᠷᠢᠯᠡᠬᠦ ᠦᠷ᠎ᠡ ᠠᠰᠢᠭ ᠢ ᠳᠡᠭᠡᠭᠰᠢᠯᠡᠭᠦᠯᠵᠦ᠂ ᠠᠵᠣ ᠠᠬᠤᠶᠢᠯᠠᠯ ᠳᠤ | ︽ᠨᠢᠭᠡ ᠦᠷᠲᠡᠭᠡᠲᠦ ᠮᠠᠶ᠋ᠢᠭ︾ ᠤᠨ ᠦᠢᠯᠡᠴᠢᠯᠡᠭᠡ ᠬᠠᠩᠭᠠᠵᠣ᠂ ᠠᠵᠣ ᠠᠬᠤᠶᠢᠯᠠᠯ ᠳᠤ ᠦᠨᠡᠨᠴᠢ ᠣᠪᠣᠷ ᠢᠶᠠᠷ | ᠬᠠᠨᠳᠣᠵᠣ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠢᠳᠡᠪᠬᠢᠲᠡᠢ ᠠᠵᠢᠯᠯᠠᠵᠣ᠂ ︽ᠲᠤᠳᠤᠨᠤ︾ ︽ᠴᠢᠭᠴᠢ︾ | ᠰᠢᠨ᠎ᠡ ᠬᠡᠯᠪᠡᠷᠢ ᠶᠢᠨ ᠵᠠᠰᠠᠭ ᠬᠤᠳᠠᠯᠳᠣᠭᠠᠴᠢᠨ ᠤ ᠬᠠᠷᠢᠴᠠᠭ᠎ᠠ ᠶᠢ ᠲᠦᠷᠭᠡᠳᠬᠡᠨ ᠪᠠᠶᠢᠭᠤᠯᠵᠣ᠂ ︽ᠵᠥᠭᠡᠯᠡᠨ | ᠪᠣᠳᠠᠲᠣ ᠬᠦᠴᠦᠨ︾ ᠢ ᠦᠨᠡᠨᠬᠦ ᠳᠡᠭᠡᠭᠰᠢᠯᠡᠭᠦᠯᠦᠨ᠎ᠡ᠃ ᠨᠡᠭᠡᠭᠡᠯᠲᠡ ᠶᠢᠨ ᠲᠣᠭᠤᠷᠢᠭ ᠤᠨ ᠰᠢᠨᠵᠢᠯᠡᠬᠦ ᠣᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠣᠷᠢ ᠶᠢ ᠴᠢᠩᠭᠠᠳᠬᠠᠵᠣ᠂ ᠨᠡᠭᠡᠭᠡᠯᠲᠡ ᠶᠢᠨ ᠲᠣᠭᠤᠷᠢᠭ ᠳᠠᠬᠢ ᠳᠣᠮᠳᠠ | ᠵᠢᠵᠢᠭ ᠠᠵᠣ ᠠᠬᠤᠶᠢᠯᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠬᠡᠪᠡᠷ ᠳᠡᠮᠵᠢᠨ᠂ | ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠣᠯᠠᠷᠢᠨ ᠬᠤᠪᠢᠷᠠᠬᠤ ᠶᠢ ᠠᠬᠢᠭᠤᠯᠣᠨ᠎ᠠ᠃ ᠨᠡᠭᠡᠭᠡᠯᠲᠡ ᠶᠢᠨ | ᠲᠣᠭᠤᠷᠢᠭ ᠤᠨ ᠠᠵᠣ ᠠᠬᠤᠶᠢᠯᠠᠯ ᠤᠨ ᠮᠡᠷᠭᠡᠵᠢᠯ ᠢ ᠰᠣᠳᠣᠯᠣᠨᠨᠡᠭᠡᠭᠡᠬᠦ ᠰᠢᠨ᠎ᠡ ᠶᠢ ᠡᠭᠦᠳᠬᠦ ᠲᠥᠪ ᠢ ᠪᠠᠶᠢᠭᠤᠯᠵᠣ᠂ | ᠣᠯᠣᠰ ᠤᠨ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠠᠵᠣ ᠠᠬᠤᠶᠢᠯᠠᠯ ᠤᠨ ᠰᠣᠳᠣᠯᠣᠨ ᠨᠡᠭᠡᠭᠡᠬᠦ ᠲᠥᠪ | ᠵᠢᠴᠢ ᠲᠦᠷᠥᠯ ᠵᠦᠢᠯ ᠢ ᠪᠣᠶᠢᠵᠢᠭᠤᠯᠣᠨ ᠬᠦᠭᠵᠢᠭᠦᠯᠬᠦ ᠶᠢ ᠲᠠᠲᠠᠨ ᠣᠷᠣᠭᠤᠯᠬᠤ ᠳᠤ ᠦᠨᠳᠦᠰᠦᠨ ᠪᠠᠲᠣᠯᠠᠭ᠎ᠠ | ᠬᠠᠩᠭᠠᠨ᠎ᠠ᠃ ᠠᠵᠣ ᠦᠢᠯᠡᠰ ᠤᠨ ᠪᠠᠶᠢᠷᠢᠰᠢᠭᠤᠯᠣᠯᠲᠠ ᠶᠢ ᠵᠣᠬᠢᠴᠠᠭᠤᠯᠣᠨ ᠰᠢᠯᠢᠳᠡᠭᠵᠢᠭᠦᠯᠦᠨ᠎ᠡ᠃ ᠬᠤᠴᠣᠷᠣᠩᠭᠤᠢ | ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠰᠢᠭᠰᠢᠵᠦ᠂ ︽ᠦᠬᠦᠰᠢᠷᠡᠮᠡᠯ ᠠᠵᠣ ᠠᠬᠤᠶᠢᠯᠠᠯ︾ ᠢ | ᠴᠡᠭᠴᠡᠯᠡᠵᠦ᠂ ᠣᠯᠠᠮᠵᠢᠯᠠᠯᠲᠣ ᠠᠵᠣ ᠠᠬᠤᠶᠢᠯᠠᠯ ᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠲᠡᠷᠢᠭᠦᠨ ᠤ ᠦᠢᠯᠡᠳᠬᠦ | ᠦᠢᠯᠡᠰ ᠢ ᠲᠠᠲᠠᠨ ᠣᠷᠣᠭᠤᠯᠬᠤ ᠶᠢ ᠠᠩᠬᠠᠷᠣᠨ᠂ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ | ᠠᠵᠣ ᠦᠢᠯᠡᠰ ᠢ ᠶᠡᠬᠡᠪᠡᠷ ᠬᠦᠭᠵᠢᠭᠦᠯᠵᠦ᠂ ᠵᠠᠭᠤᠨ ᠳ᠋ᠦᠩᠰᠢᠭᠤᠷ ᠳᠡᠰ ᠤᠨ ᠠᠵᠣ ᠠᠬᠤᠶᠢᠯᠠᠯ᠂ ᠮᠢᠩᠭᠠᠨ | ᠳ᠋ᠦᠩᠰᠢᠭᠤᠷ ᠳᠡᠰ ᠤᠨ ᠬᠦᠷᠢᠶᠡᠯᠡᠩ ᠲᠣᠭᠤᠷᠢᠭ ᠢ ᠴᠢᠷᠮᠠᠶᠢᠨ ᠴᠣᠭᠴᠠᠯᠠᠨ᠎ᠠ᠃ ᠮᠧᠩ ᠨᠢᠦ ᠰᠦ ᠰᠠᠭᠠᠯᠢ ᠶᠢᠨ | ᠦᠢᠯᠡᠰ ᠤᠨ ᠶᠡᠷᠦᠩᠬᠡᠢ ᠬᠡᠯᠲᠡᠰ ᠤᠨ ᠠᠵᠣ ᠠᠬᠤᠢ ᠶᠢ ᠪᠣᠵᠠᠭᠠᠶᠢᠷᠠᠭᠤᠯᠬᠤ ᠶᠢ ᠢᠳᠡᠪᠬᠢᠲᠡᠢ ᠳᠡᠮᠵᠢᠵᠦ᠂ ᠮᠧᠩ ᠨᠢᠦ | ᠡᠯᠧᠺᠲᠷᠣᠨ ᠬᠤᠳᠠᠯᠳᠤᠭ᠎ᠠ᠂ ᠱᠧᠩ ᠮᠦ ᠳᠡᠭᠡᠳᠦ ᠰᠢᠨ᠎ᠡ ᠮᠡᠷᠭᠡᠵᠢᠯ᠂ ᠹᠦ᠋ ᠶᠢᠦ ᠬᠢᠭᠡᠳ ᠱᠧᠩ ᠮᠦ ᠶᠢᠨ | ᠬᠤᠯᠪᠣᠭᠠᠯᠠᠯ ᠵᠡᠷᠭᠡ ᠠᠵᠣ ᠠᠬᠤᠶᠢᠯᠠᠯ ᠤᠨ ᠪᠣᠵᠠᠭᠠᠶᠢᠷᠠᠨ ᠬᠦᠴᠦᠷᠬᠡᠭᠵᠢᠬᠦ ᠶᠢ ᠪᠦᠬᠦ ᠬᠦᠴᠦᠨ ᠢᠶᠠᠷ ᠳᠡᠮᠵᠢᠨ᠂ | ᠱᠧᠩ ᠮᠦ ᠳᠣᠣᠷ᠎ᠠ ᠳᠣᠯᠠᠭᠠᠨ ᠢᠶᠠᠷ ᠠᠵᠢᠯᠯᠠᠬᠤ ᠪᠦᠲᠦᠭᠡᠨ ᠪᠠᠶᠢᠭᠤᠯᠣᠯᠲᠠ ᠶᠢ ᠲᠡᠮᠡᠴᠡᠨ ᠣᠯᠵᠣ᠂ ᠳᠣᠮᠳᠠᠳᠣ | ᠣᠯᠣᠰ ᠤᠨ ᠰᠦ ᠶᠢᠨ ᠬᠤᠲᠠ ᠶᠢᠨ ᠭᠤᠣᠯᠯᠠᠬᠤ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ | ᠪᠦᠬᠦ ᠣᠯᠣᠰ ᠵᠢᠴᠢ ᠪᠦᠬᠦ ᠪᠦᠮᠪᠦᠷᠴᠡᠭ ᠤᠨ ᠢᠳᠡᠭᠡᠨ ᠤ ᠠᠵᠢᠯ ᠲᠦᠷᠥᠯ ᠤᠨ ᠲᠠᠸᠠᠷ ᠤᠨ ᠲᠡᠮᠲᠡᠭᠲᠦ ᠠᠵᠣ | ᠠᠬᠤᠶᠢᠯᠠᠯ ᠢ ᠶᠡᠬᠡᠪᠡᠷ ᠲᠠᠲᠠᠨ ᠣᠷᠣᠭᠤᠯᠵᠣ᠂ ᠮᠢᠬᠠᠨ ᠤ ᠦᠢᠯᠡᠳᠬᠦᠨ᠂ ᠣᠮᠳᠠᠭᠠᠨ ᠵᠡᠷᠭᠡ ᠥᠪᠡᠷᠮᠢᠴᠡ ᠣᠨᠴᠠᠯᠢᠭ | ᠪᠦᠬᠦᠢ ᠠᠵᠣ ᠦᠢᠯᠡᠰ ᠢ ᠦᠷᠭᠦᠯᠵᠢᠯᠡᠨ ᠪᠣᠵᠠᠭᠠᠶᠢᠷᠠᠭᠤᠯᠵᠣ᠂ ᠲᠠᠰᠣᠷᠠᠯᠲᠠ ᠦᠭᠡᠢ ᠰᠢᠨ᠎ᠡ ᠦᠢᠯᠡᠳᠬᠦᠨ ᠢ | ᠰᠣᠳᠣᠯᠣᠨ ᠨᠡᠭᠡᠭᠡᠵᠦ᠂ ᠨᠡᠮᠡᠭᠳᠡᠯ ᠦᠷᠲᠡᠭ ᠢ ᠳᠡᠭᠡᠭᠰᠢᠯᠡᠭᠦᠯᠦᠨ᠎ᠡ᠃ ᠮᠧᠩ ᠶᠠᠩ ᠮᠠᠯ ᠠᠵᠣ ᠠᠬᠤᠢ ᠶᠢᠨ | ᠦᠢᠯᠡᠰ ᠤᠨ ᠦᠢᠯᠡᠳᠪᠦᠷᠢᠯᠡᠯ ᠤᠨ ᠴᠢᠳᠠᠪᠣᠷᠢ ᠪᠠᠨ ᠥᠷᠭᠡᠳᠬᠡᠬᠦ ᠶᠢ ᠦᠷᠭᠦᠯᠵᠢᠯᠡᠨ ᠳᠡᠮᠵᠢᠵᠦ᠂ ᠵᠧᠩ ᠳ᠋ᠠ | ᠪᠣᠷᠳᠣᠭᠠᠨ ᠦᠢᠯᠡᠳᠪᠦᠷᠢ ᠶᠢᠨ ᠪᠠᠶᠢᠭᠤᠯᠣᠭᠳᠠᠨ ᠠᠰᠢᠭᠯᠠᠯᠲᠠ ᠳᠤ ᠣᠷᠣᠬᠤ ᠶᠢ ᠪᠠᠲᠣᠯᠠᠵᠣ᠂ ᠵᠧᠩ ᠳ᠋ᠠ ᠢᠳᠡᠭᠡᠨ ᠢ | ᠪᠣᠯᠪᠠᠰᠣᠷᠠᠭᠤᠯᠬᠤ ᠦᠢᠯᠡᠳᠪᠦᠷᠢ᠂ ᡁᠢ ᠲᠢᠶᠠᠨ ᠷᠠᠨ ᠰᠡᠯᠡᠭᠦᠴᠡᠯ ᠢᠳᠡᠭᠡᠨ ᠵᠡᠷᠭᠡ ᠶᠢ ᠡᠬᠢᠯᠡᠭᠦᠯᠦᠨ ᠪᠠᠶᠢᠭᠤᠯᠵᠣ᠂ | ᠥᠪᠡᠷᠲᠡᠭᠡᠨ ᠵᠠᠰᠠᠬᠤ ᠣᠷᠣᠨ ᠤ ᠴᠢᠬᠤᠯᠠ ᠪᠣᠬᠢᠷᠳᠣᠯ ᠦᠭᠡᠢ ᠢᠳᠡᠭᠡᠨ ᠤ ᠠᠵᠣ ᠦᠢᠯᠡᠰ ᠤᠨ ᠰᠠᠭᠤᠷᠢᠨ ᠭᠠᠵᠠᠷ ᠢ | ᠬᠦᠴᠦᠯᠡᠨ ᠴᠣᠭᠴᠠᠯᠠᠨ᠎ᠠ᠃ ᠮᠧᠩ ᠼᠣᠣ ᠠᠮᠢ ᠠᠬᠤᠢ᠂ ᠾᠧ ᠱᠧᠩ ᠠᠮᠢ ᠠᠬᠤᠢ ᠶᠢᠨ ᠬᠦᠭᠵᠢᠯᠲᠡ ᠶᠢ | ᠪᠣᠵᠠᠭᠠᠶᠢᠷᠠᠭᠤᠯᠬᠤ ᠪᠠᠷ ᠳᠠᠮᠵᠢᠵᠣ᠂ ᠠᠮᠢ ᠠᠬᠤᠢ ᠶᠢᠨ ᠰᠡᠷᠭᠦᠯᠲᠡ᠂ ᠦᠷ᠎ᠡ ᠶᠢᠨ ᠦᠢᠯᠡᠰ ᠤᠨ ᠰᠢᠨᠵᠢᠯᠡᠬᠦ ᠣᠬᠠᠭᠠᠨ | ᠮᠡᠷᠭᠡᠵᠢᠯ᠂ ᠴᠡᠴᠡᠷᠯᠢᠭ ᠤᠨ ᠦᠵᠡᠮᠵᠢ᠂ ᠬᠤᠲᠠ ᠶᠢᠨ ᠲᠦᠯᠦᠪᠵᠢᠭᠦᠯᠭᠡ ᠵᠡᠷᠭᠡ ᠲᠠᠯ᠎ᠠ ᠪᠠᠷ ᠥᠷᠭᠡᠳᠬᠡᠵᠦ᠂ ᠠᠮᠢ | ᠠᠬᠤᠢ ᠶᠢᠨ ᠠᠵᠣ ᠦᠢᠯᠡᠰ ᠤᠨ ᠬᠡᠯᠬᠢᠶᠡᠵᠢᠯ ᠢ ᠦᠷᠭᠦᠯᠵᠢᠯᠡᠭᠦᠯᠵᠦ᠂ ᠥᠪᠥᠷ ᠮᠣᠩᠭᠤᠯ ᠤᠨ ᠣᠷᠣᠨ ᠪᠦᠰᠡ ᠶᠢᠨ | ᠣᠨᠴᠠᠯᠢᠭ ᠲᠠᠢ ᠳᠠᠪᠠᠭᠤᠯᠢᠭ ᠠᠮᠢ ᠠᠬᠤᠢ ᠶᠢᠨ ᠠᠵᠣ ᠦᠢᠯᠡᠰ ᠢ ᠴᠢᠷᠮᠠᠶᠢᠨ ᠴᠣᠭᠴᠠᠯᠠᠨ᠎ᠠ᠃ ᠳᠡᠮᠵᠢᠬᠦ | ᠬᠦᠴᠦᠯᠡᠴᠡ ᠪᠠᠨ ᠨᠡᠮᠡᠭᠳᠡᠭᠦᠯᠦᠨ᠂ ᠳ᠋ᠠ ᠲᠠᠩ ᠡᠮ ᠤᠨ ᠦᠢᠯᠡᠰ᠂ ᠱᠢ ᠵᠢᠢ ᠹᠦ᠋ ᠺᠠᠩ᠂ ᠮᠧᠩ ᠲᠠᠢ ᠠᠮᠢᠳᠣ | ᠪᠣᠳᠠᠰ ᠤᠨ ᠪᠠᠶᠢᠭᠤᠯᠣᠭᠳᠠᠨ ᠠᠰᠢᠭᠯᠠᠯᠲᠠ ᠳᠤ ᠣᠷᠣᠬᠤ ᠶᠢ ᠪᠠᠲᠣᠯᠠᠵᠣ᠂ ᠱᠢ ᠵᠢᠢ ᠹᠦ᠋ ᠺᠠᠩ ᠤᠨ ᠬᠤᠶᠠᠳᠣᠭᠠᠷ | ᠬᠤᠭᠤᠴᠠᠭᠠᠨ ᠤ ᠪᠦᠲᠦᠭᠡᠨ ᠪᠠᠶᠢᠭᠤᠯᠣᠯᠲᠠ ᠶᠢ ᠡᠬᠢᠯᠡᠭᠦᠯᠬᠦ ᠶᠢ ᠠᠬᠢᠭᠤᠯᠵᠣ᠂ ᠨᠡᠩ ᠣᠯᠠᠨ ᠲᠠᠸᠠᠷ ᠤᠨ ᠲᠡᠮᠲᠡᠭᠲᠦ | ᠠᠵᠣ ᠠᠬᠤᠶᠢᠯᠠᠯ ᠢ ᠲᠠᠲᠠᠨ ᠣᠷᠣᠭᠤᠯᠬᠤ ᠪᠠᠷ ᠳᠠᠮᠵᠢᠵᠣ᠂ ᠬᠢᠲᠠᠳ ᠡᠮ᠂ ᠡᠷᠡᠭᠦᠯ ᠮᠡᠨᠳᠦ ᠶᠢᠨ | ᠪᠦᠲᠦᠭᠡᠭᠳᠡᠭᠦᠨ ᠢᠶᠠᠷ ᠭᠤᠣᠯ ᠴᠣᠭᠴᠠ ᠪᠣᠯᠭᠠᠨ᠂ ᠰᠣᠳᠣᠯᠣᠨ ᠨᠡᠭᠡᠭᠡᠬᠦ᠂ ᠪᠣᠷᠣᠯᠠᠭᠤᠯᠬᠤ᠂ ᠪᠠᠷᠠᠭᠠᠨ ᠤ | ᠭᠦᠢᠯᠭᠡᠭᠡ ᠶᠢᠨ ᠲᠦᠬᠦᠷᠵᠢᠭᠦᠯᠲᠡ ᠪᠠᠷ ᠦᠷᠭᠦᠯᠵᠢᠯᠡᠯ ᠪᠣᠯᠭᠠᠭᠰᠠᠨ᠂ ᠠᠮᠢᠳᠣ ᠪᠣᠳᠠᠰ ᠤᠨ ᠰᠢᠨᠵᠢᠯᠡᠬᠦ ᠣᠬᠠᠭᠠᠨ | ᠮᠡᠷᠭᠡᠵᠢᠯ ᠤᠨ ᠠᠵᠣ ᠦᠢᠯᠡᠰ ᠤᠨ ᠪᠦᠯᠦᠭᠵᠢᠯ ᠢ ᠴᠣᠭᠴᠠᠯᠠᠨ ᠪᠠᠶᠢᠭᠤᠯᠣᠨ᠎ᠠ᠃ ᠹᠧᠩ ᠬᠤᠸᠠ ᠢᠯᠴᠢ ᠴᠠᠬᠢᠯᠭᠠᠨ ᠤ | ᠬᠡᠯᠪᠡᠷᠢ ᠪᠠᠨ ᠥᠭᠡᠷᠡᠴᠢᠯᠡᠨ ᠪᠠᠭᠲᠠᠭᠠᠮᠵᠢ ᠪᠠᠨ ᠶᠡᠬᠡᠳᠬᠡᠬᠦ ᠶᠢ ᠡᠮᠬᠢ ᠵᠢᠷᠣᠮ ᠲᠠᠢ ᠲᠦᠯᠬᠢᠨ ᠠᠬᠢᠭᠤᠯᠵᠣ᠂ ᠵᠢᠩ | ᠨᠧᠩ ᠢᠯᠴᠢ ᠴᠠᠬᠢᠯᠭᠠᠨ ᠤ ᠯᠠᠪᠳᠠᠭᠤᠨ ᠠᠵᠢᠯᠯᠠᠬᠤ ᠶᠢ ᠪᠠᠲᠣᠯᠠᠨ᠂ ᠬᠤᠷᠢᠨᠭᠡᠷ ᠤᠨ ᠴᠠᠬᠢᠯᠭᠠᠨ ᠦᠢᠯᠡᠳᠪᠦᠷᠢ ᠶᠢᠨ | ᠪᠦᠲᠦᠭᠡᠨ ᠪᠠᠶᠢᠭᠤᠯᠣᠯᠲᠠ ᠶᠢᠨ ᠠᠬᠢᠴᠠ ᠶᠢ ᠲᠦᠷᠭᠡᠳᠬᠡᠵᠦ᠂ ᠡᠨᠡ ᠵᠢᠯ ᠤᠨ ᠳᠣᠲᠣᠷ᠎ᠠ ᠠᠰᠢᠭᠯᠠᠯᠲᠠ ᠳᠤ ᠣᠷᠣᠵᠣ | ᠴᠠᠬᠢᠯᠭᠠᠨ ᠭᠠᠷᠭᠠᠬᠤ ᠪᠠᠷ ᠴᠢᠷᠮᠠᠶᠢᠨ᠎ᠠ᠃ ᠰᠠᠯᠬᠢᠨ ᠤ ᠬᠦᠴᠦ᠂ ᠭᠡᠷᠡᠯᠯᠢᠭ ᠴᠠᠬᠢᠯᠭᠠᠨ ᠢ ᠦᠷᠭᠦᠯᠵᠢᠯᠡᠨ ᠳᠡᠮᠵᠢᠵᠦ᠂ | ᠴᠠᠬᠢᠯᠭᠠᠨ ᠬᠦᠴᠦᠨ ᠤ ᠠᠵᠣ ᠦᠢᠯᠡᠰ ᠢ ᠲᠠᠰᠣᠷᠠᠯᠲᠠ ᠦᠭᠡᠢ ᠪᠣᠵᠠᠭᠠᠶᠢᠷᠠᠭᠤᠯᠬᠤ ᠶᠢ ᠲᠦᠯᠬᠢᠨ ᠠᠬᠢᠭᠤᠯᠣᠨ᠎ᠠ᠃ | ᠳᠡᠭᠡᠳᠦ ᠵᠡᠷᠭᠡ ᠶᠢᠨ ᠣᠶᠣᠨᠴᠢᠷ ᠦᠢᠯᠡᠳᠬᠦ ᠦᠢᠯᠡᠰ ᠢ ᠢᠳᠡᠪᠬᠢᠲᠡᠢ ᠪᠣᠶᠢᠵᠢᠭᠤᠯᠣᠨ ᠲᠠᠲᠠᠨ ᠣᠷᠣᠭᠤᠯᠵᠣ᠂ ᠴᠢᠳᠠᠯ | ᠶᠡᠬᠡᠲᠡᠢ ᠴᠠᠶᠢᠶ᠋ᠢᠣ ᠬᠦᠳᠡᠯᠭᠡᠭᠦᠷᠲᠦ ᠬᠤᠣᠰ ᠲᠦᠯᠡᠰᠢ ᠶᠢᠨ ᠰᠢᠰᠲ᠋ᠧᠮ᠂ ᠰᠢᠲᠠᠮᠠᠬᠠᠢ ᠬᠡᠢ ᠶᠢᠨ ᠣᠶᠣᠨᠴᠢᠷ | ᠡᠵᠡᠮᠰᠢᠯᠲᠦ ᠲᠦᠬᠦᠭᠡᠷᠦᠮᠵᠢ ᠶᠢᠨ ᠦᠢᠯᠡᠳᠪᠦᠷᠢᠯᠡᠯ ᠤᠨ ᠱᠤᠭᠤᠮ ᠵᠡᠷᠭᠡ ᠲᠦᠷᠦᠯ ᠵᠦᠢᠯ ᠤᠨ ᠭᠡᠷ᠎ᠡ ᠲᠣᠭᠲᠠᠵᠣ | ᠭᠠᠷ ᠤᠨ ᠦᠰᠦᠭ ᠵᠢᠷᠣᠬᠤ ᠶᠢ ᠠᠬᠢᠭᠤᠯᠵᠣ᠂ ᠪᠠᠰᠠ ᠨᠢᠭᠡᠨ ᠥᠪᠡᠷᠮᠢᠴᠡ ᠣᠨᠴᠠᠯᠢᠭ ᠪᠦᠬᠦᠢ ᠳᠠᠪᠠᠭᠤᠯᠢᠭ ᠠᠵᠣ | ᠦᠢᠯᠡᠰ ᠢ ᠴᠢᠷᠮᠠᠶᠢᠨ ᠴᠣᠭᠴᠠᠯᠠᠨ᠎ᠠ᠃ | ᠬᠤᠷᠢᠨᠭᠡᠷ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠪᠦᠬᠦ ᠬᠦᠴᠦᠨ ᠢᠶᠠᠷ ᠳᠡᠮᠵᠢᠵᠦ᠂ ᠣᠳᠣ | ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠦᠭᠵᠢᠭᠦᠯᠦᠨ᠎ᠡ᠃ ᠰᠢᠨ᠎ᠡ ᠲᠣᠭᠤᠷᠢᠭ ᠤᠨ ᠪᠦᠲᠦᠭᠡᠨ | ᠪᠠᠶᠢᠭᠤᠯᠣᠯᠲᠠ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠲᠠ ᠲᠠᠢ ᠨᠢᠭᠲᠠ ᠣᠶᠠᠯᠳᠣᠵᠣ᠂ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠡᠷᠡᠭᠵᠢᠭᠦᠯᠦᠯᠲᠡ ᠪᠠᠨ ᠴᠢᠩᠭᠠᠳᠬᠠᠵᠣ᠂ ᠰᠢᠨ᠎ᠡ ᠲᠣᠭᠤᠷᠢᠭ ᠤᠨ | ᠪᠦᠲᠦᠭᠡᠨ ᠪᠠᠶᠢᠭᠤᠯᠣᠯᠲᠠ ᠶᠢᠨ ᠡᠯ᠎ᠡ ᠵᠦᠢᠯ ᠤᠨ ᠠᠵᠢᠯ ᠢ ᠳᠡᠮᠵᠢᠬᠦ ᠪᠠᠨ ᠪᠦᠬᠦ ᠬᠦᠴᠦᠨ ᠢᠶᠠᠷ ᠰᠠᠶᠢᠲᠣᠷ ᠬᠢᠬᠦ | ᠬᠡᠷᠡᠭᠲᠡᠢ᠃ ᠰᠢᠨ᠎ᠡ ᠲᠣᠭᠤᠷᠢᠭ ᠤᠨ ᠭᠤᠣᠯᠯᠠᠬᠤ ᠲᠣᠭᠤᠷᠢᠭ ᠤᠨ ᠲᠦᠯᠦᠪᠵᠢᠭᠦᠯᠬᠡ ᠪᠦᠲᠦᠭᠡᠨ ᠪᠠᠶᠢᠭᠤᠯᠣᠯᠲᠠ ᠳᠤ | ᠢᠳᠡᠪᠬᠢᠲᠡᠢ ᠠᠭᠤᠰᠣᠯᠴᠠᠨ᠂ ᠱᠧᠩ ᠯᠧ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠪᠯᠡᠷᠡᠯ ᠤᠨ | ᠲᠣᠭᠤᠷᠢᠭ ᠢ ᠲᠦᠷᠭᠡᠳᠬᠡᠨ ᠬᠦᠭᠵᠢᠭᠦᠯᠦᠨ᠎ᠡ᠃ ᠱᠧᠩ ᠯᠧ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠲᠦᠪᠯᠡᠷᠡᠯ ᠤᠨ ᠲᠣᠭᠤᠷᠢᠭ ᠲᠤ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠪᠦᠬᠦᠢ ᠦᠢᠯᠡᠴᠢᠯᠡᠬᠦ ᠲᠥᠪ ᠪᠠᠶᠢᠭᠤᠯᠵᠣ | ᠂ ᠰᠢᠨ᠎ᠡ ᠲᠣᠭᠤᠷᠢᠭ ᠢ ᠳᠡᠮᠵᠢᠵᠦ᠂ ᠰᠢᠨ᠎ᠡ ᠲᠣᠭᠤᠷᠢᠭ ᠲᠤ ᠦᠢᠯᠡᠴᠢᠯᠡᠬᠦ ᠴᠢᠳᠠᠪᠣᠷᠢ ᠪᠣᠯᠣᠨ ᠬᠢᠷᠢ ᠲᠦᠪᠰᠢᠨ ᠢᠶᠠᠨ | ᠪᠣᠳᠠᠲᠠᠢ ᠪᠠᠷ ᠴᠢᠩᠭᠠᠳᠬᠠᠵᠣ᠂ ᠠᠵᠢᠯ ᠢ ᠪᠦᠲᠦᠮᠵᠢᠲᠡᠢ ᠵᠣᠯᠭᠠᠭᠤᠯᠬᠤ ᠶᠢ ᠪᠠᠲᠣᠯᠠᠵᠣ᠂ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠰᠢᠨ᠎ᠡ ᠲᠣᠭᠤᠷᠢᠭ ᠤᠨ ᠡᠬᠢᠯᠡᠯᠲᠡ ᠶᠢᠨ ᠲᠤᠭᠤᠷᠢᠭ ᠤᠨ ᠬᠡᠰᠡᠭ ᠤᠨ ︽ᠬᠤᠶᠠᠷ ᠮᠦᠷᠡᠨ ᠨᠢᠭᠡ | ᠬᠤᠩᠬᠢᠯ︾ ᠵᠡᠷᠭᠡ ᠠᠮᠢ ᠠᠬᠤᠢ ᠶᠢᠨ ᠢᠨᠵᠧᠨᠧᠷᠢᠩ᠂ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ | ᠪᠦᠲᠦᠭᠡᠨ ᠪᠠᠶᠢᠭᠤᠯᠣᠯᠲᠠ ᠶᠢᠨ ᠲᠦᠷᠥᠯ ᠵᠦᠢᠯ ᠤᠨ ᠭᠠᠵᠠᠷ ᠰᠢᠷᠣᠢ ᠭᠡᠷ ᠪᠠᠶᠢᠰᠢᠩ ᠢ ᠲᠠᠲᠠᠪᠣᠷᠢᠯᠠᠨ ᠠᠪᠬᠤ | ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠣ᠂ 10 ᠺᠢᠯᠣᠸᠠᠲ᠂ 110 ᠺᠢᠯᠣᠸᠠᠲ ᠤᠨ ᠴᠠᠬᠢᠯᠭᠠᠨ | ᠬᠦᠴᠦᠨ ᠤ ᠨᠦᠬᠡᠨ ᠵᠠᠮ ᠤᠨ ᠪᠦᠲᠦᠭᠡᠨ ᠪᠠᠶᠢᠭᠤᠯᠣᠯᠲᠠ ᠶᠢ ᠯᠠᠪᠳᠠᠭᠤᠨ ᠪᠠᠳᠣᠲᠠᠢ ᠠᠬᠢᠭᠤᠯᠣᠨ᠎ᠠ᠃ ᠮᠦᠩᠭᠦᠨ | ᠭᠦᠢᠯᠭᠡᠭᠡᠨ ᠤ ᠵᠢᠵᠢᠭ ᠪᠠᠯᠭᠠᠰᠣ᠂ ᠰᠣᠷᠭᠠᠨ ᠬᠦᠮᠦᠵᠢᠯ ᠤᠨ ᠵᠢᠵᠢᠭ ᠪᠠᠯᠭᠠᠰᠣ᠂ ᠲᠤᠭ᠎ᠠ ᠪᠦᠭᠡᠭᠡᠨᠡᠷᠡᠯ ᠤᠨ ᠵᠢᠵᠢᠭ | ᠪᠠᠯᠭᠠᠰᠣ᠂ ᠡᠷᠡᠭᠦᠯ ᠮᠡᠨᠳᠦ ᠶᠢᠨ ᠵᠢᠵᠢᠭ ᠪᠠᠯᠭᠠᠰᠣ ᠪᠣᠯᠣᠨ ᠨᠢᠰᠬᠡᠯ ᠤᠨ ᠪᠠᠭᠤᠳᠠᠯ ᠤᠨ ᠵᠢᠵᠢᠭ ᠪᠠᠯᠭᠠᠰᠣ ᠶᠢᠨ | ᠪᠦᠲᠦᠭᠡᠨ ᠪᠠᠶᠢᠭᠤᠯᠣᠯᠲᠠ ᠶᠢ ᠪᠦᠬᠦ ᠬᠦᠴᠦᠨ ᠢᠶᠠᠷ ᠳᠡᠮᠵᠢᠵᠦ᠂ ᠲᠦᠪᠯᠡᠷᠡᠯ ᠤᠨ ᠲᠣᠭᠤᠷᠢᠭ ᠢ ᠰᠢᠨ᠎ᠡ | ᠲᠣᠭᠤᠷᠢᠭ ᠤᠨ ᠭᠤᠣᠯᠯᠠᠬᠤ ᠲᠣᠭᠤᠷᠢᠭ᠂ ᠡᠬᠢᠯᠡᠯᠲᠡ ᠶᠢᠨ ᠲᠣᠭᠤᠷᠢᠭ ᠪᠣᠯᠭᠠᠨ ᠪᠠᠶᠢᠭᠤᠯᠣᠨ᠎ᠠ᠃ ᠰᠢᠨ᠎ᠡ | ᠲᠣᠭᠤᠷᠢᠭ ᠤᠨ ᠬᠤᠳᠠᠯᠳᠣᠭᠠᠴᠢᠨ ᠢ ᠣᠷᠢᠵᠣ ᠪᠡᠯᠡ ᠣᠷᠣᠭᠤᠯᠬᠤ ᠲᠦᠷᠥ ᠶᠢᠨ ᠪᠣᠳᠣᠯᠭ᠎ᠠ ᠶᠢ ᠰᠠᠶᠢᠲᠣᠷ ᠭᠦᠢᠴᠡᠳ | ᠬᠡᠷᠡᠭᠯᠡᠵᠦ᠂ ᠬᠤᠳᠠᠯᠳᠣᠭᠠᠴᠢᠨ ᠢ ᠣᠷᠢᠬᠤ ᠶᠢ ᠦᠷᠭᠦᠯᠵᠢᠯᠡᠨ ᠴᠢᠩᠭᠠᠳᠬᠠᠨ᠎ᠠ᠃ ᠬᠦᠳᠡᠭᠡ ᠲᠣᠰᠬᠤᠨ ᠤ ᠲᠤᠣ ᠪᠣᠥ | ᠂ ᠯᠧ ᠼᠦᠨ ᠲᠤᠣ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠧᠩ | ᠴᠧᠩ ᠨᠡᠭᠦᠷᠡᠰᠦ᠂ ᠬᠤᠸᠠ ᠮᠧᠩ ᠲᠦᠩ ᠵᠡᠷᠭᠡ ᠪᠠᠷᠠᠭᠠᠨ ᠤ ᠭᠦᠢᠯᠭᠡᠭᠡᠨ ᠤ ᠠᠵᠣ ᠠᠬᠤᠶᠢᠯᠠᠯ ᠢ ᠬᠦᠭᠵᠢᠭᠦᠯᠦᠨ | ᠪᠣᠵᠠᠭᠠᠶᠢᠷᠠᠭᠤᠯᠬᠤ ᠶᠢ ᠳᠡᠮᠵᠢᠵᠦ᠂ ᠡᠯᠧᠺᠲᠷᠣᠨ ᠬᠤᠳᠠᠯᠳᠤᠭ᠎ᠠ ᠪᠣᠯᠣᠨ ᠪᠣᠳᠠᠲᠣ ᠴᠣᠭᠴᠠᠲᠣ ᠭᠦᠢᠯᠭᠡᠭᠡ ᠬᠠᠷᠢᠯᠴᠠᠨ | ᠬᠤᠯᠪᠣᠯᠳᠣᠭᠰᠠᠨ ᠣᠳᠣ ᠦᠶ᠎ᠡ ᠶᠢᠨ ᠪᠠᠷᠠᠭᠠᠨ ᠤ ᠭᠦᠢᠯᠭᠡᠭᠡ ᠶᠢᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠣ᠂ | ᠡᠯᠧᠺᠲᠷᠣᠨ ᠬᠤᠳᠠᠯᠳᠤᠭ᠎ᠠ᠂ ᠪᠠᠷᠠᠭᠠᠨ ᠤ ᠭᠦᠢᠯᠭᠡᠭᠡ ᠶᠢᠨ ᠠᠵᠣ ᠦᠢᠯᠡᠰ ᠤᠨ ᠬᠠᠮᠵᠢᠯᠴᠠᠨ ᠬᠦᠭᠵᠢᠬᠦ ᠶᠢ | ᠠᠬᠢᠭᠤᠯᠣᠨ᠎ᠠ᠃ | ᠪᠦᠬᠦ ᠣᠷᠣᠨ ᠤ ᠬᠠᠮ ᠵᠢᠭᠤᠯᠴᠢᠯᠠᠯ᠂ ᠪᠦᠬᠦ ᠴᠠᠭ ᠣᠷᠣᠨ ᠤ ᠵᠢᠭᠤᠯᠴᠢᠯᠠᠯ᠂ ᠳᠥᠷᠪᠡᠨ ᠣᠯᠠᠷᠢᠯ ᠤᠨ | ᠵᠢᠭᠤᠯᠴᠢᠯᠠᠯ ᠪᠣᠯᠣᠨ ︽ᠵᠢᠭᠤᠯᠴᠢᠯᠠᠯ +︾ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠭᠦᠨᠵᠡᠭᠡᠶᠢᠷᠡᠨ | ᠬᠡᠷᠡᠭᠵᠢᠭᠦᠯᠵᠦ᠂ ᠵᠢᠭᠤᠯᠴᠢᠯᠠᠯ ᠤᠨ ᠠᠵᠣ ᠦᠢᠯᠡᠰ ᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ᠂ | ᠦᠵᠡᠰᠭᠦᠯᠡᠩᠲᠦ ᠬᠦᠳᠡᠭᠡ ᠲᠣᠰᠬᠤᠨ᠂ ᠣᠨᠴᠠᠯᠢᠭᠲᠣ ᠲᠠᠷᠢᠶᠠᠯᠠᠩ᠂ ᠰᠣᠶᠣᠯ ᠤᠨ ᠬᠤᠳᠠᠯᠳᠤᠭ᠎ᠠ ᠠᠷᠠᠯᠵᠢᠶ᠎ᠠ | ᠯᠤᠭ᠎ᠠ ᠶᠢᠨ ᠭᠦᠨᠵᠡᠭᠡᠢ ᠠᠭᠤᠰᠣᠯᠴᠠᠯ ᠢ ᠠᠬᠢᠭᠤᠯᠵᠣ᠂ ᠵᠢᠭᠤᠯᠴᠢᠯᠠᠯ ᠤᠨ ᠦᠢᠯᠡᠰ ᠤᠨ ᠲᠦᠷᠭᠡᠨ ᠬᠦᠭᠵᠢᠯᠲᠡ ᠶᠢ | ᠠᠬᠢᠭᠤᠯᠣᠨ᠎ᠠ᠃ ᠵᠢᠭᠤᠯᠴᠢᠯᠠᠯ ᠢ ᠨᠡᠭᠡᠭᠡᠨ ᠬᠦᠭᠵᠢᠭᠦᠯᠬᠦ ᠵᠠᠭᠪᠣᠷ ᠢ ᠰᠢᠨ᠎ᠡ ᠶᠢ ᠡᠭᠦᠳᠴᠦ᠂ ᠨᠡᠩ ᠤᠯᠠᠨ | ᠨᠡᠶᠢᠭᠡᠮ ᠤᠨ ᠬᠦᠷᠦᠩᠭᠡ ᠶᠢ ᠲᠠᠲᠠᠨ ᠣᠷᠣᠭᠤᠯᠵᠣ᠂ ᠵᠢᠭᠤᠯᠴᠢᠯᠠᠯ ᠢ ᠨᠡᠭᠡᠭᠡᠨ ᠬᠦᠭᠵᠢᠭᠦᠯᠬᠦ ᠪᠦᠲᠦᠭᠡᠨ | ᠪᠠᠶᠢᠭᠤᠯᠣᠯᠲᠠ ᠳᠤ ᠣᠷᠣᠯᠴᠠᠭᠤᠯᠵᠣ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠦᠷᠦᠩᠭᠡ ᠬᠠᠮᠵᠢᠯᠴᠠᠨ | ᠪᠦᠲᠦᠭᠡᠨ ᠪᠠᠶᠢᠭᠤᠯᠬᠤ ᠰᠢᠨ᠎ᠡ ᠵᠠᠭᠪᠣᠷ ᠢ ᠡᠷᠢᠯᠬᠢᠯᠡᠨ᠎ᠡ᠃ ᠣᠷᠢᠳᠠᠪᠠᠷ ᠲᠦᠯᠦᠪᠵᠢᠭᠦᠯᠬᠦ ᠶᠢ ᠪᠠᠷᠢᠮᠲᠠᠯᠠᠵᠣ᠂ | ᠲᠦᠯᠦᠪᠵᠢᠭᠦᠯᠭᠡ ᠶᠢᠨ ᠬᠦᠲᠦᠯᠦᠨ ᠵᠢᠯᠣᠭᠤᠳᠬᠤ ᠦᠢᠯᠡᠳᠦᠯ ᠢ ᠰᠠᠶᠢᠲᠣᠷ ᠪᠠᠳᠠᠷᠠᠭᠤᠯᠣᠨ᠂ ᠪᠦᠬᠦ ᠰᠢᠶᠠᠨ ᠤ | ᠵᠢᠭᠤᠯᠴᠢᠯᠠᠯ ᠤᠨ ᠶᠡᠷᠦᠩᠬᠡᠢ ᠲᠦᠯᠦᠪᠵᠢᠭᠦᠯᠭᠡ ᠪᠣᠯᠣᠨ ᠲᠦᠬᠦᠷᠵᠢᠭᠰᠡᠨ ᠲᠦᠯᠦᠪᠵᠢᠭᠦᠯᠭᠡ ᠶᠢ ᠲᠦᠷᠭᠡᠳᠬᠡᠨ | ᠲᠡᠭᠦᠯᠳᠡᠷᠵᠢᠭᠦᠯᠵᠦ᠂ ᠠᠯᠬᠤᠮ ᠳᠠᠷᠠᠭ᠎ᠠ ᠲᠠᠢ ᠬᠡᠷᠡᠭᠵᠢᠭᠦᠯᠵᠦ᠂ ᠵᠢᠯ ᠳᠠᠷᠠᠭᠠᠯᠠᠨ ᠪᠠᠶᠢᠭᠤᠯᠣᠨ᠎ᠠ᠃ ᠨᠠᠨ ᠱᠠᠨ | ᠴᠡᠴᠡᠷᠯᠢᠭ ᠤᠨ ᠳᠡᠰ ᠳᠡᠪᠰᠢᠬᠦ ᠶᠢ ᠲᠦᠰᠢᠭᠯᠡᠵᠦ᠂ ᠳ᠋ᠢᠩ ᠵᠢᠶᠠ ᠱᠠᠨ ᠠᠭᠤᠯᠠᠨ ᠤ ᠬᠡᠰᠡᠭ᠂ ᠴᠧᠩ ᠭᠤᠸᠠᠨ | ᠪᠠᠯᠭᠠᠰᠣᠨ ᠤ ᠭᠤᠣᠯ ᠬᠤᠲᠠ ᠶᠢᠨ ᠲᠣᠭᠤᠷᠢᠭ ᠵᠢᠴᠢ ᠬᠤᠶᠢᠨᠠᠬᠢ ᠠᠭᠤᠯᠠ ᠶᠢᠨ ᠬᠡᠰᠡᠭ᠂ ᠪᠣᠥ ᠪᠧᠢ ᠾᠧ ᠭᠤᠣᠯ | — ᠱᠢ ᠽᠦᠢ ᠽᠢ ᠣᠰᠣᠨ ᠴᠦᠬᠦᠷᠦᠮ ᠤᠨ ᠬᠡᠰᠡᠭ ᠢ ᠪᠦᠷᠬᠦᠭᠦᠯᠦᠨ ᠨᠡᠭᠡᠭᠡᠨ ᠬᠦᠭᠵᠢᠭᠦᠯᠵᠦ᠂ ᠵᠢᠭᠤᠯᠴᠢᠯᠠᠯ ᠤᠨ | ᠪᠡᠶᠡᠴᠢᠯᠡᠨ ᠣᠶᠢᠯᠠᠭᠠᠬᠤ ᠠᠭᠤᠯᠭ᠎ᠠ ᠶᠢ ᠪᠠᠶᠠᠯᠢᠭᠵᠢᠭᠤᠯᠣᠨ᠂ ᠵᠢᠭᠤᠯᠴᠢᠯᠠᠯ ᠤᠨ ᠵᠢᠵᠢᠭ ᠪᠠᠯᠭᠠᠰᠤ ᠶᠢᠨ ᠭᠤᠣᠯᠯᠠᠬᠤ | ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠭᠠᠷᠠᠭ ᠤᠨ ᠠᠮᠠᠷᠠᠯᠲᠠ ᠶᠢᠨ ᠰᠡᠯᠡᠭᠦᠴᠡᠨ ᠲᠣᠭᠤᠷᠢᠬᠤ ᠬᠡᠭᠡᠷᠡᠯᠡᠨ | ᠵᠣᠭᠠᠴᠠᠬᠤ ᠭᠠᠵᠠᠷ ᠪᠣᠯᠭᠠᠨ ᠪᠠᠶᠢᠭᠤᠯᠵᠣ᠂ ︽ᠵᠣᠭᠠᠴᠠᠯ ᠤᠨ ᠦᠵᠡᠮᠵᠢᠲᠦ ᠣᠷᠣᠨ᠂ ᠴᠡᠴᠡᠭ ᠤᠨ ᠳᠠᠯᠠᠢ ᠬᠤᠷᠢᠨᠭᠡᠷ | ︾ ᠲᠡᠮᠳᠡᠭᠲᠦ ᠶᠢ ᠴᠣᠭᠴᠠᠯᠠᠨ ᠪᠠᠶᠢᠭᠤᠯᠣᠨ᠎ᠠ᠃ ᠾᠦᠨᠾᠧ ᠭᠤᠣᠯ ᠤᠨ ᠪᠠᠶᠢᠭᠠᠯᠢᠯᠢᠭ ᠠᠮᠢ ᠠᠬᠤᠢ ᠶᠢᠨ | ᠵᠢᠭᠤᠯᠴᠢᠯᠠᠯ ᠤᠨ ᠭᠠᠵᠠᠷ ᠪᠣᠯᠣᠨ ᠮᠧᠩ ᠨᠢᠦ᠂ ᠮᠧᠩ ᠼᠣᠣ᠂ ᠱᠧᠩ ᠯᠧ ᠮᠦᠽᠧᠢ ᠵᠡᠷᠭᠡ ᠵᠢᠭᠤᠯᠴᠢᠯᠠᠯ ᠤᠨ | ᠦᠵᠡᠮᠵᠢ ᠶᠢᠨ ᠭᠠᠵᠠᠷ ᠢ ᠲᠦᠰᠢᠭᠯᠡᠨ᠂ ᠡᠮᠦᠨᠡᠲᠦ ᠤᠮᠠᠷᠠᠲᠤ ᠬᠤᠶᠠᠷ ᠵᠢᠭᠦᠷ ᠤᠨ ᠣᠨᠴᠠᠯᠢᠭᠲᠣ ᠵᠢᠭᠤᠯᠴᠢᠯᠠᠯ ᠤᠨ | ᠣᠷᠣᠨ ᠪᠦᠰᠡ ᠶᠢ ᠨᠡᠭᠡᠭᠡᠨ ᠬᠦᠭᠵᠢᠭᠦᠯᠵᠦ᠂ ᠪᠠᠶᠢᠭᠠᠯᠢ ᠶᠢᠨ ᠦᠵᠡᠮᠵᠢᠲᠦ ᠵᠢᠭᠤᠯᠴᠢᠯᠠᠯ ᠪᠣᠯᠣᠨ ᠣᠨᠴᠠᠯᠢᠭᠲᠣ ᠠᠵᠣ | ᠦᠢᠯᠡᠳᠪᠦᠷᠢ ᠶᠢᠨ ᠲᠠᠸᠠᠷ ᠤᠨ ᠲᠡᠮᠲᠡᠭᠲᠦ ᠶᠢ ᠪᠠᠶᠢᠭᠤᠯᠣᠨ᠎ᠠ᠃ ᠬᠦᠳᠡᠭᠡ ᠲᠣᠰᠬᠤᠨ ᠤ ᠵᠢᠭᠤᠯᠴᠢᠯᠠᠯ ᠢ ᠪᠦᠬᠦ | ᠬᠦᠴᠦᠨ ᠢᠶᠠᠷ ᠬᠦᠭᠵᠢᠭᠦᠯᠵᠦ᠂ ᠨᠢᠭᠡ ᠪᠦᠯᠦᠭ ᠥᠪᠡᠷᠮᠢᠴᠡ ᠣᠨᠴᠠᠯᠢᠭᠲᠣ ᠬᠦᠳᠡᠭᠡ ᠲᠣᠰᠬᠤᠨ ᠤ ᠵᠢᠭᠤᠯᠴᠢᠯᠠᠯ ᠤᠨ | ᠭᠠᠵᠠᠷ ᠢ ᠨᠡᠭᠡᠭᠡᠨ ᠬᠦᠭᠵᠢᠭᠦᠯᠵᠦ᠂ ᠠᠮᠢ ᠠᠬᠤᠢ ᠶᠢᠨ ᠵᠣᠭᠠᠴᠠᠯ᠂ ᠬᠦᠳᠡᠭᠡ ᠲᠣᠰᠬᠤᠨ ᠢ ᠪᠡᠶᠡᠴᠢᠯᠡᠨ ᠣᠶᠢᠯᠠᠭᠠᠬᠤ᠂ | ᠬᠤᠪᠢᠰᠬᠠᠯ ᠤᠨ ᠭᠠᠵᠠᠷ᠂ ᠲᠡᠥᠬᠡ ᠰᠣᠶᠣᠯ ᠵᠡᠷᠭᠡ ᠤᠯᠠᠨ ᠵᠠᠮ ᠱᠤᠭᠤᠮ ᠢ ᠨᠡᠪᠲᠡᠷᠡᠭᠦᠯᠵᠦ᠂ ᠬᠦᠳᠡᠭᠡ ᠲᠣᠰᠬᠤᠨ | ᠬᠢᠭᠡᠳ ᠣᠳᠣᠬᠢᠴᠢᠯᠠᠭᠰᠠᠨ ᠦᠢᠯᠡᠴᠢᠯᠡᠭᠡ ᠨᠢᠭᠡ ᠴᠣᠭᠴᠠᠵᠢᠭᠰᠠᠨ ᠥᠪᠡᠷᠮᠢᠴᠡ ᠣᠨᠴᠠᠯᠢᠭ ᠪᠦᠬᠦᠢ ᠬᠦᠳᠡᠭᠡ | ᠲᠣᠰᠬᠤᠨ ᠤ ᠪᠡᠶᠡᠴᠢᠯᠡᠨ ᠣᠶᠢᠯᠠᠭᠠᠬᠤ ᠲᠠᠸᠠᠷ ᠤᠨ ᠲᠡᠮᠲᠡᠭᠲᠦ ᠶᠢ ᠴᠣᠭᠴᠠᠯᠠᠨ ᠪᠠᠶᠢᠭᠤᠯᠣᠨ᠎ᠠ᠃ ᠡᠨᠡ ᠵᠢᠯ ᠤᠨ | ᠳᠣᠲᠣᠷ᠎ᠠ ᠲᠣᠷᠰᠢᠯᠲᠠ ᠶᠢᠨ ᠴᠢᠭ᠋ ᠤᠨ ᠲᠦᠷᠥᠯ ᠵᠦᠢᠯ ᠢ ᠲᠦᠯᠬᠢᠨ ᠣᠷᠣᠭᠰᠢᠯᠠᠭᠤᠯᠵᠣ᠂ ᠰᠢᠶᠠᠩ ᠪᠠᠯᠭᠠᠰᠣ ᠪᠦᠷᠢ | ᠠᠳᠠᠭ ᠲᠤ ᠪᠠᠨ ᠨᠢᠭᠡ ᠬᠦᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ | ᠬᠡᠷᠡᠭᠲᠡᠢ᠃ ᠮᠧᠩ ᠨᠢᠦ ᠠᠵᠣ ᠦᠢᠯᠡᠳᠪᠦᠷᠢ ᠶᠢᠨ ᠵᠢᠭᠤᠯᠴᠢᠯᠠᠯ ᠢ ᠣᠯᠣᠰ ᠤᠨ5A ᠳᠡᠰ ᠤᠨ ᠦᠵᠡᠮᠵᠢ ᠶᠢᠨ | ᠣᠷᠣᠨ᠂ ᠨᠠᠨ ᠱᠠᠨ ᠵᠢᠭᠤᠯᠴᠢᠯᠠᠯ ᠤᠨ ᠣᠷᠣᠨ᠂ ᠱᠧᠩ ᠯᠧ ᠮᠦᠽᠧᠢ᠂ ᠮᠧᠩ ᠼᠣᠣ ᠡᠪᠡᠰᠦ ᠴᠡᠴᠡᠭ ᠤᠨ | ᠬᠦᠷᠢᠶᠡᠯᠡᠩ ᠣᠯᠣᠰ ᠤᠨ4A ᠦᠵᠡᠮᠵᠢ ᠶᠢᠨ ᠣᠷᠣᠨ᠂ ᠮᠧᠩ ᠱᠤ᠋ ᠠᠮᠢ ᠠᠬᠤᠢ ᠶᠢᠨ ᠬᠦᠷᠢᠶᠡᠯᠡᠩ᠂ ᠤᠤ ᠸᠧᠢ | ᠠᠳᠣᠭᠤᠨ ᠰᠣᠶᠣᠯ ᠤᠨ ᠠᠵᠣ ᠦᠢᠯᠡᠰ ᠤᠨ ᠬᠦᠷᠢᠶᠡᠯᠡᠩ᠂ ᠽᠢ ᠠᠩ ᠮᠠᠯ ᠠᠵᠣ ᠠᠬᠤᠢ ᠶᠢᠨ ᠦᠢᠯᠡᠰ ᠤᠨ | ᠣᠯᠣᠰ ᠤᠨ3A ᠳᠡᠰ ᠤᠨ ᠦᠵᠡᠮᠵᠢ ᠶᠢᠨ ᠣᠷᠣᠨ ᠢ ᠳᠡᠭᠡᠭᠰᠢ ᠮᠡᠳᠡᠭᠦᠯᠬᠦ ᠶᠢ ᠳᠡᠮᠵᠢᠨ᠎ᠡ᠃ ︽ᠴᠠᠨ᠎ᠠ ᠴᠡᠴᠡᠭ ᠤᠨ | ᠨᠠᠶᠢᠷ︾ ᠵᠡᠷᠭᠡ ᠪᠠᠶᠠᠷ ᠨᠠᠶᠢᠷ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠡᠷᠬᠢᠯᠡᠨ᠂ ᠬᠤᠷᠢᠨᠭᠡᠷ ᠤᠨ ᠵᠢᠭᠤᠯᠴᠢᠯᠠᠯ ᠤᠨ | ᠲᠠᠸᠠᠷ ᠤᠨ ᠲᠡᠮᠲᠡᠭᠳᠦ ᠶᠢᠨ ᠨᠦᠯᠦᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠨ᠎ᠡ᠃ | ᠣᠳᠣ ᠦᠶ᠎ᠡ ᠶᠢᠨ ᠲᠠᠷᠢᠶᠠᠯᠠᠩ ᠤᠨ ᠠᠵᠣ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠣ᠂ ᠬᠦᠳᠡᠭᠡ | ᠲᠣᠰᠬᠤᠨ ᠤ ᠨᠢᠭᠡᠳᠦᠭᠡᠷ ᠬᠤᠶᠠᠳᠣᠭᠠᠷ ᠭᠤᠷᠪᠠᠳᠣᠭᠠᠷ ᠠᠵᠣ ᠦᠢᠯᠡᠰ ᠤᠨ ᠠᠭᠤᠰᠣᠯᠴᠠᠨ ᠬᠦᠭᠵᠢᠬᠦ ᠶᠢ | ᠠᠬᠢᠭᠤᠯᠣᠨ᠎ᠠ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ | ᠠᠵᠢᠯ ᠤᠨ ᠭᠤᠣᠯ ᠱᠤᠭᠤᠮ ᠲᠠᠢ ᠨᠢᠭᠲᠠ ᠤᠶᠠᠯᠳᠣᠵᠣ᠂ ᠬᠠᠩᠭᠠᠯᠭ᠎ᠠ ᠶᠢ ᠰᠢᠯᠢᠳᠡᠭᠵᠢᠭᠦᠯᠬᠦ᠂ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠠᠨ | ᠪᠣᠯᠭᠠᠨ᠂ ᠪᠣᠬᠢᠷᠳᠣᠯ ᠦᠭᠡᠢ ᠬᠦᠭᠵᠢᠯᠲᠡ ᠪᠠᠷ ᠵᠢᠯᠣᠭᠤᠳᠣᠮᠵᠢ ᠪᠣᠯᠭᠠᠵᠣ᠂ ᠪᠦᠲᠦᠴᠡ ᠶᠢᠨ ᠲᠣᠬᠢᠷᠠᠭᠤᠯᠣᠯᠲᠠ ᠪᠠᠷ | ᠭᠤᠣᠯᠳᠠᠯᠭ᠎ᠠ ᠪᠣᠯᠭᠠᠵᠣ᠂ ᠲᠠᠷᠢᠶᠠᠯᠠᠩ ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠭᠦᠯᠬᠦ ᠶᠢ | ᠲᠦᠷᠭᠡᠳᠬᠡᠨ ᠠᠬᠢᠭᠤᠯᠵᠣ᠂ ᠲᠠᠷᠢᠶᠠᠯᠠᠩ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ᠎ᠡ᠃ | ᠲᠠᠷᠢᠶᠠᠯᠠᠩ ᠦᠢᠯᠡᠳᠪᠦᠷᠢᠯᠡᠯ ᠤᠨ ᠪᠠᠶᠢᠷᠢᠰᠢᠭᠤᠯᠣᠯᠲᠠ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠣᠳᠣ ᠦᠶ᠎ᠡ ᠶᠢᠨ | ᠲᠠᠷᠢᠮᠠᠯ ᠤᠨ ᠦᠢᠯᠡᠰ ᠤᠨ ᠰᠢᠨ᠎ᠡ ᠶᠢ ᠡᠭᠦᠳᠬᠦ ᠶᠢ ᠲᠦᠷᠭᠡᠳᠬᠡᠨ᠎ᠡ᠃ ︽ᠠᠮᠤ ᠪᠣᠳᠠᠭᠠᠨ ᠤ ᠲᠠᠷᠢᠮᠠᠯ ᠢ ᠲᠣᠭᠲᠠᠭᠤᠨ | ᠪᠠᠶᠢᠯᠭᠠᠵᠣ᠂ ᠠᠵᠣ ᠠᠬᠤᠢ ᠶᠢᠨ ᠲᠠᠷᠢᠮᠠᠯ ᠢ ᠰᠢᠯᠢᠳᠡᠭᠵᠢᠭᠦᠯᠵᠦ᠂ ᠪᠣᠷᠳᠣᠭᠠᠨ ᠲᠠᠷᠢᠮᠠᠯ ᠢ ᠥᠷᠭᠡᠳᠬᠡᠬᠦ︾ | ᠱᠠᠭᠠᠷᠳᠠᠯᠭ᠎ᠠ ᠶᠣᠰᠣᠭᠠᠷ᠂ ︽ᠠᠮᠤ ᠪᠣᠳᠠᠭᠠᠨ ᠤ ᠲᠠᠷᠢᠮᠠᠯ ᠢ ᠪᠣᠷᠳᠣᠭᠠᠨ ᠲᠠᠷᠢᠮᠠᠯ ᠪᠣᠯᠭᠠᠨ ᠥᠭᠡᠷᠡᠴᠢᠯᠡᠬᠦ︾ | ᠲᠣᠷᠰᠢᠯᠲᠠ ᠶᠢᠨ ᠴᠢᠭ᠋ ᠤᠨ ᠲᠦᠷᠥᠯ ᠵᠦᠢᠯ ᠢ ᠬᠦᠴᠦᠯᠡᠨ ᠠᠬᠢᠭᠤᠯᠵᠣ᠂ ᠲᠦᠮᠦᠰᠦ᠂ ᠴᠢᠨᠠᠷ ᠰᠠᠶᠢᠨ ᠴᠠᠷᠭᠤᠰᠣ | ᠡᠪᠡᠰᠦ ︵ᠬᠤᠰᠢᠶᠠᠩᠭᠤᠷ ᠡᠪᠡᠰᠦ︶ ᠶᠢ ᠲᠠᠷᠢᠬᠤ ᠲᠠᠯᠠᠪᠠᠢ ᠶᠢ ᠠᠭᠠᠵᠢᠮ ᠢᠶᠠᠷ ᠥᠷᠭᠡᠳᠬᠡᠵᠦ᠂ ︽ᠨᠣᠭᠤᠭ᠎ᠠ ᠶᠢᠨ | ᠰᠠᠭᠰᠣᠨ︾ ᠤ ᠢᠨᠵᠧᠨᠧᠷᠢᠩ ᠤᠨ ᠥᠯᠡᠳᠡᠭᠡᠭᠰᠡᠨ ᠳᠣᠪᠣᠶᠢᠮ᠎ᠠ ᠠᠰᠠᠭᠤᠳᠠᠯ ᠢ ᠰᠠᠶᠢᠲᠣᠷ ᠰᠢᠢᠳᠪᠦᠷᠢᠯᠡᠬᠦ ᠬᠡᠷᠡᠭᠲᠡᠢ᠃ | ᠲᠠᠷᠢᠶᠠᠯᠠᠩ ᠤᠨ ᠰᠢᠨᠵᠢᠯᠡᠬᠦ ᠣᠬᠠᠭᠠᠨ ᠢ ᠲᠥᠭᠡᠮᠡᠯᠵᠢᠭᠦᠯᠬᠦ ᠲᠥᠪ ᠪᠣᠯᠣᠨ ᠰᠠᠶᠢᠨ ᠡᠭᠦᠯᠳᠡᠷ ᠢ ᠦᠷᠡᠵᠢᠭᠦᠯᠦᠨ | ᠪᠣᠶᠢᠵᠢᠭᠤᠯᠬᠤ ᠲᠥᠪ ᠢ ᠲᠦᠰᠢᠭᠯᠡᠵᠦ᠂ ᠣᠳᠣ ᠦᠶ᠎ᠡ ᠶᠢᠨ ᠦᠷ᠎ᠡ ᠶᠢᠨ ᠦᠢᠯᠡᠰ ᠤᠨ ᠺᠤᠮᠫᠠᠨᠢ ᠶᠢ ᠲᠠᠲᠠᠨ | ᠣᠷᠣᠭᠤᠯᠵᠣ᠂ ᠴᠢᠨᠠᠷ ᠰᠠᠶᠢᠨ ᠦᠨᠳᠦᠷ ᠭᠠᠷᠣᠯᠲᠠ ᠲᠠᠢ᠂ ᠤᠯᠠᠨ ᠵᠦᠢᠯ ᠢ ᠡᠰᠡᠷᠭᠦᠴᠡᠵᠦ ᠤᠯᠠᠩᠬᠢ ᠭᠠᠵᠠᠷ | ᠲᠣᠬᠢᠷᠠᠯᠴᠠᠳᠠᠭ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ᠂ ᠦᠷᠭᠡᠳᠬᠡᠨ ᠦᠷᠡᠵᠢᠭᠦᠯᠬᠦ ᠵᠢᠴᠢ ᠳᠡᠯᠭᠡᠷᠡᠭᠦᠯᠬᠦ ᠶᠢ | ᠲᠦᠷᠭᠡᠳᠬᠡᠵᠦ᠂ ᠲᠠᠷᠢᠶᠠᠯᠠᠩ ᠤᠨ ᠪᠦᠲᠦᠭᠡᠭᠳᠡᠭᠦᠨ ᠤ ᠲᠦᠷᠥᠯ ᠡᠭᠦᠯᠳᠡᠷ ᠤᠨ ᠰᠢᠨ᠎ᠡ ᠨᠢᠭᠡᠨ ᠡᠭᠡᠯᠵᠢ ᠤᠨ | ᠰᠢᠨᠡᠴᠢᠯᠡᠬᠦ ᠵᠢᠴᠢ ᠳᠡᠯᠭᠡᠷᠡᠭᠦᠯᠦᠨ ᠠᠰᠢᠭᠯᠠᠯᠲᠠ ᠳᠤ ᠣᠷᠣᠬᠤ ᠶᠢ ᠪᠦᠬᠦ ᠲᠠᠯ᠎ᠠ ᠪᠠᠷ ᠠᠬᠢᠭᠤᠯᠣᠨ᠎ᠠ᠃ ᠲᠠᠷᠢᠶᠠᠯᠠᠩ | ᠦᠢᠯᠡᠳᠪᠦᠷᠢᠯᠡᠯ ᠤᠨ ᠪᠦᠬᠦ ᠶᠠᠪᠣᠴᠠ ᠮᠠᠰᠢᠨᠴᠢᠯᠠᠬᠤ ᠶᠢ ᠪᠦᠬᠦ ᠲᠠᠯ᠎ᠠ ᠪᠠᠷ ᠠᠬᠢᠭᠤᠯᠣᠨ᠎ᠠ᠃ ᠲᠠᠷᠢᠶᠠᠯᠠᠩ ᠤᠨ ᠮᠠᠰᠢᠨ | ᠲᠣᠨᠣᠭᠯᠠᠯ ᠤᠨ ᠠᠵᠢᠯᠯᠠᠭᠠᠨ ᠤ ᠲᠥᠰᠥᠯ ᠢ ᠬᠡᠷᠡᠭᠵᠢᠭᠦᠯᠵᠦ᠂ ᠰᠢᠶᠠᠨ ᠤ ᠳᠣᠲᠣᠷᠠᠬᠢ ᠲᠠᠷᠢᠶᠠᠯᠠᠩ ᠤᠨ ᠮᠠᠰᠢᠨ ᠤ | ᠦᠢᠯᠡᠴᠢᠯᠡᠭᠡᠨ ᠤ ᠺᠤᠮᠫᠠᠨᠢ ᠶᠢ ᠨᠢᠭᠡᠳᠬᠡᠨ ᠳᠡᠭᠡᠭᠰᠢᠯᠡᠭᠦᠯᠵᠦ᠂ ᠲᠡᠷᠢᠭᠦᠨ ᠤ ᠲᠦᠬᠦᠭᠡᠷᠦᠮᠵᠢ ᠶᠢ ᠬᠤᠳᠠᠯᠳᠣᠨ ᠠᠪᠴᠣ | ᠂ ᠮᠠᠰᠢᠨ ᠢᠶᠠᠷ ᠬᠦᠷᠦᠰᠦ ᠶᠢ ᠭᠦᠨ ᠰᠣᠯᠠᠷᠠᠭᠤᠯᠬᠤ ᠠᠵᠢᠯ ᠢ ᠥᠷᠨᠢᠭᠦᠯᠵᠦ᠂ ᠨᠣᠭᠤᠭᠠᠨ ᠢᠶᠠᠷ ᠳᠠᠷᠣᠰᠢᠭᠤᠯᠬᠤ | ᠪᠣᠯᠣᠨ ᠦᠷ᠎ᠡ ᠮᠦᠬᠦᠯᠢᠭ ᠢ ᠬᠤᠷᠢᠶᠠᠬᠤ ᠵᠡᠷᠭᠡ ᠮᠠᠰᠢᠨᠴᠢᠯᠠᠬᠤ ᠶᠢ ᠥᠷᠨᠢᠭᠦᠯᠦᠨ᠎ᠡ᠃ ᠮᠠᠯ ᠠᠵᠣ ᠠᠬᠤᠢ ᠶᠢᠨ | ᠬᠦᠭᠵᠢᠯᠲᠡ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠯ ᠠᠵᠣ ᠠᠬᠤᠢ ᠶᠢᠨ ᠲᠡᠵᠢᠭᠡᠨ | ᠦᠷᠡᠵᠢᠭᠦᠯᠬᠦ ᠣᠷᠣᠨ ᠪᠦᠰᠡ ᠶᠢᠨ ᠪᠠᠶᠢᠷᠢᠰᠢᠭᠤᠯᠣᠯᠲᠠ ᠶᠢ ᠰᠢᠯᠢᠳᠡᠭᠵᠢᠭᠦᠯᠦᠨ᠎ᠡ᠃ ︽ᠦᠬᠡᠷ ᠢ ᠲᠣᠭᠲᠠᠭᠤᠨ | ᠪᠠᠶᠢᠯᠭᠠᠵᠣ᠂ ᠬᠤᠨᠢ ᠢᠮᠠᠭ᠎ᠠ ᠶᠢ ᠥᠷᠭᠡᠳᠬᠡᠵᠦ᠂ ᠭᠠᠭ᠋ᠠᠢ ᠵᠢᠭᠦᠷᠲᠡᠨ ᠢ ᠨᠡᠮᠡᠭᠳᠡᠭᠦᠯᠬᠦ︾ ᠪᠠᠷ ᠭᠤᠣᠯᠳᠠᠯᠭ᠎ᠠ ᠪᠣᠯᠭᠠᠵᠣ | ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠨ᠂ ᠦᠨᠢᠶ᠎ᠡ ᠲᠡᠵᠢᠭᠡᠨ ᠦᠷᠡᠵᠢᠭᠦᠯᠬᠦ | ᠶᠡᠭᠡ ᠰᠢᠶᠠᠨ ᠤ ᠲᠠᠷᠢᠵᠣ ᠲᠡᠵᠢᠭᠡᠬᠦ ᠣᠶᠠᠯᠳᠣᠭᠰᠠᠨ ᠲᠣᠷᠰᠢᠯᠲᠠ ᠶᠢᠨ ᠴᠢᠭ᠋ ᠤᠨ ᠲᠦᠷᠥᠯ ᠵᠦᠢᠯ ᠪᠣᠯᠣᠨ ᠵᠠᠭᠤᠨ | ᠲᠦᠮᠡᠨ ᠭᠠᠭ᠋ᠠᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠢ ᠭᠦᠨᠵᠡᠭᠡᠢ | ᠬᠡᠷᠡᠭᠵᠢᠭᠦᠯᠵᠦ᠂ ᠵᠧᠩ ᠭᠦ᠋᠂ ᠵᠧᠩ ᠶᠧ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠦᠬᠦᠨ ᠢᠶᠠᠷ ᠢᠶᠠᠨ | ᠪᠠᠶᠢᠭᠤᠯᠣᠭᠳᠠᠨ ᠠᠰᠢᠭᠯᠠᠯᠲᠠ ᠳᠤ ᠣᠷᠣᠬᠤ ᠶᠢ ᠪᠠᠲᠣᠯᠠᠵᠣ᠂ ᠡᠭᠦᠨ ᠤ ᠬᠠᠮᠲᠣ ᠨᠢᠭᠡ ᠪᠦᠯᠦᠭ ᠮᠢᠩᠭᠠᠨ | ᠲᠣᠯᠣᠭᠠᠢ ᠶᠢᠨ ᠬᠡᠪᠴᠢᠶᠡᠲᠡᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠣᠨ᠎ᠠ᠃ ᠢᠳᠡᠰᠢᠨ ᠬᠤᠨᠢᠨ ᠤ | ᠠᠵᠣ ᠦᠢᠯᠡᠰ ᠤᠨ ᠳᠡᠰ ᠳᠡᠪᠰᠢᠬᠦ ᠶᠢ ᠠᠬᠢᠭᠤᠯᠵᠣ᠂ ᠬᠤᠨᠢᠨ ᠤ ᠢᠷᠡᠯᠲᠡ ᠲᠣᠭᠲᠠᠪᠣᠷᠢᠲᠠᠢ ᠪᠦᠭᠡᠳ ᠡᠭᠦᠯᠳᠡᠷ | ᠰᠠᠶᠢᠨ ᠪᠠᠶᠢᠬᠤ ᠶᠢ ᠪᠠᠲᠣᠯᠠᠵᠣ᠂ ᠭᠠᠷᠭᠠᠯᠲᠠ ᠶᠢᠨ ᠬᠡᠮᠵᠢᠶ᠎ᠡ ᠶᠢ 60 ᠲᠦᠮᠡᠨ ᠲᠣᠯᠣᠭᠠᠢ ᠠᠴᠠ ᠳᠡᠭᠡᠭᠰᠢ ᠪᠠᠶᠢᠬᠤ ᠶᠢ | ᠪᠠᠲᠣᠯᠠᠨ᠎ᠠ᠃ ᠲᠠᠷᠢᠶᠠᠯᠠᠩ ᠤᠨ ᠭᠠᠳᠠᠭᠠᠳᠣ ᠲᠠᠢ ᠬᠠᠮᠵᠢᠯᠴᠠᠬᠤ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠡ | ᠪᠦᠯᠦᠭ ᠣᠷᠣᠨ ᠤ ᠲᠣᠲᠣᠭᠠᠳᠣ ᠭᠠᠳᠠᠭᠠᠳᠣ ᠶᠢᠨ ᠲᠠᠷᠢᠶᠠᠯᠠᠩ ᠤᠨ ᠲᠣᠯᠣᠭᠠᠶᠢᠯᠠᠭᠴᠢ ᠠᠵᠣ ᠠᠬᠤᠶᠢᠯᠠᠯ ᠪᠣᠯᠣᠨ | ᠰᠢᠨᠵᠢᠯᠡᠬᠦ ᠣᠬᠠᠭᠠᠨ ᠤ ᠰᠣᠳᠣᠯᠭᠠᠨ ᠤ ᠪᠠᠶᠢᠭᠤᠯᠣᠮᠵᠢ ᠶᠢ ᠲᠠᠲᠠᠨ ᠣᠷᠣᠭᠤᠯᠵᠣ᠂ ᠣᠳᠣ ᠶᠢᠨ ᠪᠠᠶᠢᠭ᠎ᠠ ᠲᠠᠷᠢᠶᠠᠯᠠᠩ | ᠮᠠᠯ ᠠᠵᠣ ᠠᠬᠤᠢ ᠶᠢᠨ ᠺᠤᠮᠫᠠᠨᠢ ᠯᠤᠭ᠎ᠠ ᠶᠢᠨ ᠬᠠᠮᠲᠣᠷᠠᠯᠴᠠᠭ᠎ᠠ ᠪᠠᠨ ᠴᠢᠩᠭᠠᠳᠬᠠᠵᠣ᠂ ᠬᠠᠮᠵᠢᠯᠴᠠᠨ ᠠᠵᠢᠯᠯᠠᠵᠣ᠂ | ᠣᠳᠣᠬᠢᠴᠢᠯᠠᠭᠰᠠᠨ ᠲᠠᠷᠢᠶᠠᠯᠠᠩ ᠤᠨ ᠬᠠᠮᠲᠣᠷᠠᠯᠴᠠᠭᠠᠨ ᠤ ᠵᠢᠱᠢᠶ᠎ᠡ ᠦᠵᠡᠭᠦᠯᠬᠦ ᠬᠦᠷᠢᠶᠡᠯᠡᠩ ᠢ ᠪᠠᠶᠢᠭᠤᠯᠵᠣ᠂ | ᠪᠡᠯᠡᠳᠬᠡᠮᠵᠢᠲᠦ ᠲᠠᠷᠢᠶᠠᠯᠠᠩ᠂ ᠦᠵᠡᠭᠦᠯᠦᠯᠭᠡ ᠶᠢᠨ ᠲᠠᠷᠢᠶᠠᠯᠠᠩ᠂ ᠪᠡᠶᠡᠴᠢᠯᠡᠨ ᠣᠶᠢᠯᠠᠭᠠᠬᠤ ᠲᠠᠷᠢᠶᠠᠯᠠᠩ᠂ | ᠡᠭᠦᠳᠦᠯᠲᠦ ᠲᠠᠷᠢᠶᠠᠯᠠᠩ ᠢ ᠬᠦᠭᠵᠢᠭᠦᠯᠦᠨ᠂ ᠰᠢᠶᠠᠩ ᠪᠠᠯᠭᠠᠰᠤ ᠪᠦᠷᠢ ᠠᠳᠠᠭ ᠲᠤ ᠪᠠᠨ ᠨᠢᠭᠡ ᠲᠠᠷᠢᠶᠠᠯᠠᠩ ᠠᠵᠣ | ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠠᠶᠢᠭᠤᠯᠬᠤ ᠬᠡᠷᠡᠭᠲᠡᠢ᠃ ᠬᠤᠷᠢᠨᠭᠡᠷ ᠤᠨ ᠪᠣᠬᠢᠷᠳᠣᠯ ᠦᠭᠡᠢ | ᠣᠷᠭᠠᠨᠢᠭ ᠲᠠᠸᠠᠷ ᠤᠨ ᠲᠡᠮᠲᠡᠭᠲᠦ ᠶᠢ ᠴᠣᠭᠴᠠᠯᠠᠬᠤ ᠪᠠᠷ ᠭᠤᠣᠯᠳᠠᠯᠭ᠎ᠠ ᠪᠠᠨ ᠪᠣᠯᠭᠠᠵᠣ᠂ ᠣᠶᠣᠨᠴᠢᠷ ᠲᠠᠷᠢᠶᠠᠯᠠᠩ ᠤᠨ | ᠢᠨᠵᠧᠨᠧᠷᠢᠩ ᠢ ᠬᠡᠷᠡᠭᠵᠢᠭᠦᠯᠬᠦ ᠶᠢ ᠡᠷᠢᠯᠬᠢᠯᠡᠵᠦ᠂ ᠭᠤᠣᠯᠳᠠᠯᠭ᠎ᠠ ᠲᠠᠢ ᠲᠠᠷᠢᠶᠠᠯᠠᠩ ᠤᠨ ᠪᠦᠲᠦᠭᠡᠭᠳᠡᠭᠦᠨ ᠤ ᠵᠠᠬ᠎ᠠ | ᠳᠡᠯᠭᠡᠭᠦᠷ ᠤᠨ ᠰᠣᠷᠠᠭ ᠵᠠᠩᠭᠢ ᠶᠢᠨ ᠲᠠᠪᠴᠠᠩ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ ᠠᠬᠢᠭᠤᠯᠵᠣ᠂ | ᠲᠠᠷᠢᠶᠠᠴᠢᠳ ᠤᠨ ᠭᠠᠷ ᠣᠲᠠᠰᠣ ᠶᠢ ᠬᠡᠷᠡᠭᠯᠡᠬᠦ ᠮᠡᠷᠭᠡᠵᠢᠯ ᠤᠨ ᠪᠣᠯᠪᠠᠰᠣᠷᠠᠯ ᠢ ᠠᠬᠢᠭᠤᠯᠣᠨ᠂ ᠰᠢᠨ᠎ᠡ ᠬᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠵᠢᠴᠢ ᠲᠠᠷᠢᠶᠠᠴᠢᠳ ᠬᠢᠭᠡᠳ ᠭᠠᠳᠠᠭᠠᠳᠣ ᠣᠷᠴᠢᠨ ᠲᠠᠢ | ᠰᠢᠭᠤᠳ ᠬᠠᠷᠢᠯᠴᠠᠨ ᠠᠭᠤᠰᠣᠯᠴᠠᠬᠤ ᠶᠢ ᠠᠬᠢᠭᠤᠯᠵᠣ᠂ ᠨᠢᠭᠡᠨ ᠲᠠᠷᠢᠶᠠᠯᠠᠩ ᠢ ᠣᠶᠢᠯᠠᠭᠠᠵᠣ᠂ ᠬᠦᠳᠡᠭᠡ ᠲᠣᠰᠬᠤᠨ | ᠳᠤ ᠬᠠᠶᠢᠷᠠᠲᠠᠢ᠂ ᠲᠠᠷᠢᠶᠠᠴᠢᠳ ᠲᠤ ᠬᠠᠶᠢᠷᠠᠲᠠᠢ ᠠᠵᠢᠯᠯᠠᠬᠤ ᠡᠩᠨᠡᠭᠡ ᠶᠢ ᠪᠣᠢ ᠪᠣᠯᠭᠠᠨ᠎ᠠ᠃ ᠬᠦᠳᠡᠭᠡ ᠲᠣᠰᠬᠤᠨ ᠤ | ᠬᠠᠮᠲᠣ ᠶᠢᠨ ᠠᠵᠣ ᠠᠬᠤᠢ ᠶᠢ ᠪᠣᠵᠠᠭᠠᠶᠢᠷᠠᠭᠤᠯᠵᠣ᠂ ᠡᠯ᠎ᠡ ᠵᠦᠢᠯ ᠤᠨ ᠲᠠᠷᠢᠶᠠᠯᠠᠩ ᠳᠤ ᠠᠰᠢᠭᠲᠠᠢ ᠨᠦᠬᠦᠪᠦᠷᠢ ᠶᠢᠨ | ᠲᠦᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠲᠠᠷᠢᠶᠠᠯᠠᠩ ᠬᠦᠴᠦᠷᠭᠡᠭ᠂ ᠲᠠᠷᠢᠶᠠᠴᠢᠨ ᠴᠢᠨᠡᠭᠡᠯᠢᠭ᠂ ᠬᠦᠳᠡᠭᠡ | ᠲᠣᠰᠬᠤᠨ ᠦᠵᠡᠰᠭᠦᠯᠡᠩ ᠰᠠᠶᠢᠬᠠᠨ ᠪᠠᠶᠢᠬᠤ ᠶᠢ ᠪᠡᠶᠡᠯᠡᠭᠦᠯᠦᠨ᠎ᠡ᠃ | ︵ᠬᠤᠶᠠᠷ︶ ᠣᠷᠣᠨ ᠪᠦᠰᠡ ᠵᠣᠬᠢᠴᠠᠩᠭᠤᠢ ᠬᠦᠭᠵᠢᠬᠦ ᠬᠦᠭᠵᠢᠯᠲᠡ ᠶᠢᠨ ᠲᠦᠷᠥ ᠶᠢᠨ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ᠂ ᠬᠤᠲᠠ ᠬᠦᠳᠡᠭᠡ ᠠᠭᠤᠰᠣᠯᠴᠠᠨ ᠬᠦᠭᠵᠢᠬᠦ ᠶᠢ ᠠᠬᠢᠭᠤᠯᠣᠨ᠎ᠠ᠃ | ᠬᠤᠲᠠ ᠬᠦᠳᠡᠭᠡ ᠶᠢ ᠨᠢᠭᠡᠳᠦᠯᠲᠡᠢ ᠲᠦᠯᠦᠪᠵᠢᠭᠦᠯᠬᠦ ᠶᠢ ᠪᠠᠷᠢᠮᠲᠠᠯᠠᠵᠣ᠂ ᠲᠦᠯᠦᠪᠵᠢᠭᠦᠯᠭᠡ ᠪᠠᠷ ᠬᠦᠲᠦᠯᠦᠨ | ᠵᠢᠯᠣᠭᠤᠳᠬᠤ ᠶᠢ ᠳᠣᠪᠣᠶᠢᠯᠭᠠᠵᠣ᠂ ᠰᠠᠭᠤᠷᠢ ᠪᠣᠯᠬᠤ ᠲᠦᠰᠢᠭ ᠲᠤᠯᠭᠠᠭᠤᠷᠢ ᠶᠢ ᠴᠢᠩᠭᠠᠳᠬᠠᠵᠣ᠂ ᠨᠠᠷᠢᠯᠢᠭ | ᠬᠠᠮᠢᠶᠠᠷᠣᠯᠲᠠ ᠶᠢ ᠴᠢᠩᠭᠠᠷᠠᠭᠤᠯᠣᠨ᠂ ᠬᠦᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ | ᠪᠠᠯᠭᠠᠰᠣᠵᠢᠯᠲᠠ ᠶᠢ ᠶᠡᠬᠡᠪᠡᠷ ᠲᠦᠯᠬᠢᠨ ᠠᠬᠢᠭᠤᠯᠵᠣ᠂ ᠠᠷᠠᠳ ᠤᠨ ᠠᠮᠢᠳᠣᠷᠠᠯ ᠢ ᠨᠡᠩ ᠳᠥᠭᠦᠮ᠂ ᠨᠡᠩ | ᠲᠠᠭᠠᠯᠠᠮᠵᠢᠲᠠᠢ᠂ ᠨᠡᠩ ᠰᠠᠶᠢᠨ ᠰᠠᠶᠢᠬᠠᠨ ᠪᠣᠯᠭᠠᠬᠤ ᠪᠠᠷ ᠴᠢᠷᠮᠠᠶᠢᠵᠣ᠂ ᠯᠣᠲᠣ ᠶᠡᠭᠡ ᠲᠠᠲᠠᠬᠤ ᠬᠦᠴᠦᠨ ᠲᠠᠢ | ᠬᠤᠷᠢᠨᠭᠡᠷ ᠢ ᠲᠦᠷᠭᠡᠳᠬᠡᠨ ᠪᠠᠶᠢᠭᠤᠯᠣᠨ᠎ᠠ᠃ | ᠴᠧᠩ ᠭᠤᠸᠠᠨ ᠪᠠᠯᠭᠠᠰᠣᠨ ᠤ ᠦᠢᠯᠡᠴᠢᠯᠡᠬᠦ ᠴᠢᠳᠠᠮᠵᠢ ᠶᠢ ᠴᠢᠩᠭᠠᠳᠬᠠᠵᠣ᠂ ᠵᠢᠭᠤᠯᠴᠢᠯᠠᠯ ᠤᠨ ᠣᠨᠴᠠᠯᠢᠭᠲᠣ | ᠵᠢᠵᠢᠭ ᠪᠠᠯᠭᠠᠰᠣ ᠶᠢ ᠪᠠᠶᠢᠭᠤᠯᠣᠨ᠎ᠠ᠃ ᠲᠦᠯᠦᠪᠵᠢᠭᠦᠯᠭᠡ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠣ᠂ ᠤᠯᠠᠨ | ᠳᠦᠷᠢᠮ ᠢ ᠨᠡᠶᠢᠯᠡᠭᠦᠯᠦᠨ ᠨᠢᠭᠡ ᠪᠣᠯᠭᠠᠵᠣ᠂ ︽ᠰᠣᠶᠣᠯ ᠵᠢᠭᠤᠯᠴᠢᠯᠠᠯ ᠣᠶᠠᠯᠳᠣᠵᠣ᠂ ᠠᠵᠣ ᠦᠢᠯᠡᠰ ᠬᠤᠲᠠ | ᠠᠭᠤᠰᠣᠯᠴᠠᠬᠤ︾ ᠰᠡᠳᠬᠢᠮᠵᠢ ᠶᠣᠰᠣᠭᠠᠷ᠂ ︽ᠬᠤᠷᠢᠨᠭᠡᠷ ᠰᠢᠶᠠᠨ ᠤ ᠬᠤᠲᠠ ᠶᠢᠨ ᠶᠡᠷᠦᠩᠬᠡᠢ ᠲᠦᠯᠦᠪᠵᠢᠭᠦᠯᠭᠡ | ︵2016 —2030︶︾᠂ ︽ᠴᠧᠩ ᠭᠤᠸᠠᠨ ᠪᠠᠯᠭᠠᠰᠣ ᠶᠢᠨ ᠵᠢᠭᠤᠯᠴᠢᠯᠠᠯ ᠤᠨ ᠶᠡᠷᠦᠩᠬᠡᠢ ᠲᠦᠯᠦᠪᠵᠢᠭᠦᠯᠭᠡ︾ | ᠵᠢᠴᠢ ᠲᠦᠬᠦᠷᠵᠢᠭᠰᠡᠨ ᠲᠦᠯᠦᠪᠵᠢᠭᠦᠯᠦᠨ ᠵᠠᠰᠠᠨ ᠨᠠᠶᠢᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ | ᠨᠣᠮᠢᠨ ᠤᠰᠤ ᠬᠦᠬᠡᠮᠳᠦᠭ ᠠᠭᠤᠯᠠ᠂ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭᠲᠠᠢ᠂ ᠨᠣᠷᠠᠭᠠᠨ | ᠨᠡᠭᠦᠯᠭᠡᠵᠦ ᠥᠭᠡᠷᠡᠴᠢᠯᠡᠨ ᠰᠠᠶᠢᠵᠢᠷᠠᠭᠤᠯᠬᠤ᠂ ᠮᠠᠨᠠᠨ ᠢ ᠵᠠᠰᠠᠬᠤ᠂ ᠬᠤᠲᠠ ᠪᠠᠯᠭᠠᠰᠣ ᠶᠢᠨ ᠨᠠᠷᠢᠯᠢᠭ ᠬᠠᠮᠢᠶᠠᠷᠣᠯᠲᠠ | ᠵᠡᠷᠭᠡ ︽ᠲᠠᠪᠣᠨ ᠶᠡᠭᠡ ᠢᠨᠵᠧᠨᠧᠷᠢᠩ︾ ᠢ ᠦᠷᠭᠦᠯᠵᠢᠯᠡᠨ ᠭᠦᠨᠵᠡᠭᠡᠶᠢᠷᠡᠨ ᠬᠡᠷᠡᠭᠵᠢᠭᠦᠯᠵᠦ᠂ ᠴᠧᠩ ᠭᠤᠸᠠᠨ | ᠪᠠᠯᠭᠠᠰᠤ ᠶᠢ ᠰᠣᠶᠣᠯ ᠵᠢᠭᠤᠯᠴᠢᠯᠠᠯ ᠤᠨ ᠪᠠᠯᠭᠠᠰᠤ᠂ ᠡᠷᠡᠭᠦᠯᠵᠢᠯ ᠰᠣᠪᠢᠯᠠᠯᠲᠠ ᠶᠢᠨ ᠪᠠᠯᠭᠠᠰᠤ᠂ ᠬᠦᠳᠡᠯᠭᠡᠭᠡᠨ ᠬᠢᠵᠦ | ᠰᠡᠯᠡᠭᠦᠴᠡᠨ ᠲᠣᠭᠤᠷᠢᠬᠤ ᠪᠠᠯᠭᠠᠰᠤ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ︽ᠵᠢᠵᠢᠭ ᠵᠠᠩᠭᠢᠯᠠᠭ᠎ᠠ ᠶᠢᠨ ᠬᠡᠰᠡᠭ | ᠪᠦᠬᠦᠢ ᠴᠡᠴᠡᠷᠯᠢᠭ︾ ᠬᠢᠭᠡᠳ ︽ᠶᠡᠭᠡ ᠬᠡᠮᠵᠢᠶᠡᠨ ᠤ ᠨᠣᠭᠤᠭᠠᠷᠠᠭᠤᠯᠣᠯᠲᠠ︾ ᠶᠢᠨ ᠪᠦᠲᠦᠭᠡᠨ ᠪᠠᠶᠢᠭᠤᠯᠣᠯᠲᠠ ᠶᠢ | ᠬᠠᠮᠲᠣ ᠳᠤᠨᠢ ᠴᠢᠬᠤᠯᠠᠴᠢᠯᠠᠬᠤ ᠶᠢ ᠪᠠᠷᠢᠮᠲᠠᠯᠠᠵᠣ᠂ ᠵᠠᠢ ᠦᠯᠡᠳᠡᠭᠡᠵᠦ ᠨᠣᠭᠤᠭᠠᠷᠠᠭᠤᠯᠣᠯᠲᠠ ᠶᠢ ᠨᠡᠮᠡᠭᠳᠡᠭᠦᠯᠬᠦ᠂ | ᠵᠠᠪᠰᠠᠷ ᠵᠠᠭᠠᠭ ᠢᠶᠠᠷ ᠨᠢ ᠨᠣᠭᠤᠭᠠᠷᠠᠭᠤᠯᠬᠤ᠂ ᠵᠦᠷᠢᠴᠡᠭᠰᠡᠨ ᠢ ᠨᠣᠷᠠᠭᠠᠵᠣ ᠨᠣᠭᠤᠭᠠᠷᠠᠭᠤᠯᠣᠯᠲᠠ ᠶᠢ ᠨᠡᠮᠡᠭᠳᠡᠭᠦᠯᠬᠦ᠂ | ᠨᠣᠭᠤᠭᠠᠷᠠᠭᠤᠯᠵᠣ ᠳᠡᠶᠢᠯᠬᠦ ᠪᠣᠯᠭᠠᠨ ᠢ ᠨᠣᠭᠤᠭᠠᠷᠠᠭᠤᠯᠬᠤ ᠶᠢ ᠳᠣᠪᠣᠶᠢᠯᠭᠠᠵᠣ᠂ ᠸᠧ ᠨᠢᠦ ᠱᠠᠨ ᠠᠮᠢ ᠠᠬᠤᠢ ᠶᠢᠨ | ᠨᠣᠭᠤᠭᠠᠷᠠᠭᠤᠯᠣᠯᠲᠠ ᠶᠢ ᠶᠡᠬᠡᠪᠡᠷ ᠲᠦᠯᠬᠢᠨ ᠠᠬᠢᠭᠤᠯᠵᠣ᠂ ᠱᠢ ᠽᠦᠢ ᠽᠢ ᠨᠠᠭᠤᠷ᠂ ᠪᠸᠢ ᠱᠠᠨ ᠴᠡᠴᠡᠷᠯᠢᠭ᠂ ᠰᠠᠨ | ᠳ᠋ᠤᠤ ᠭᠧᠦ ᠠᠮᠢ ᠠᠬᠤᠢ ᠶᠢᠨ ᠶᠡᠷᠦᠩᠬᠡᠢ ᠵᠠᠰᠠᠯᠲᠠ᠂ ᠪᠣᠥ ᠪᠸᠢ ᠾᠧ ᠭᠤᠣᠯ ᠤᠨ ᠰᠣᠶᠣᠯ ᠲᠠᠮᠢᠷ ᠤᠨ | ᠴᠡᠴᠡᠷᠯᠢᠭ ᠤᠨ ᠣᠮᠠᠷᠠᠰᠢ ᠬᠢᠭᠡᠳ ᠵᠡᠭᠦᠨᠰᠢ ᠥᠷᠭᠡᠳᠬᠡᠬᠦ ᠵᠡᠷᠭᠡ ᠢᠨᠵᠧᠨᠧᠷᠢᠩ ᠢ ᠡᠬᠢᠯᠡᠭᠦᠯᠵᠦ᠂ ᠠᠷᠪᠠᠨ ᠺᠢᠯᠣᠮᠧᠲᠷ | ᠬᠤᠲᠠ ᠲᠣᠭᠤᠷᠢᠭᠰᠠᠨ ᠠᠮᠢ ᠠᠬᠤᠢ ᠶᠢᠨ ᠦᠵᠡᠮᠵᠢ ᠶᠢᠨ ᠪᠦᠰᠡ ᠶᠢ ᠬᠦᠴᠦᠯᠡᠨ ᠪᠠᠶᠢᠭᠤᠯᠵᠣ᠂ ᠨᠣᠮᠢᠨ ᠤᠰᠤ | ᠬᠦᠬᠡᠮᠳᠦᠭ ᠠᠭᠤᠯᠠ ᠶᠢ ᠬᠠᠮᠠᠭᠠᠯᠠᠬᠤ ᠳᠠᠶᠢᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ᠃ ᠰᠢᠨ ᠮᠢᠨ | ᠵᠡᠭᠡᠯᠢ᠂ ᠰᠢᠨ ᠬᠤᠸᠠ ᠵᠡᠭᠡᠯᠢ᠂ ᠱᠧᠩ ᠯᠢ ᠵᠠᠮ᠂ ᠱᠧᠩ ᠯᠧ ᠵᠡᠭᠡᠯᠢ ᠶᠢᠨ ᠭᠠᠵᠠᠷ ᠳᠣᠣᠷᠠᠬᠢ ᠭᠤᠣᠯ ᠰᠠᠯᠪᠣᠷᠢ | ᠱᠤᠭᠤᠮ ᠤᠨ ᠬᠤᠭᠤᠯᠠᠢ ᠶᠢᠨ ᠲᠣᠣᠷ ᠢ ᠥᠭᠡᠷᠡᠴᠢᠯᠡᠨ ᠵᠠᠰᠠᠬᠤ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ | ᠠᠷᠠᠳ ᠤᠯᠠᠨ ᠤ ᠡᠩ ᠤᠨ ᠠᠮᠢᠳᠣᠷᠠᠯ ᠳᠠᠬᠢ ᠣᠰᠤ ᠴᠠᠬᠢᠯᠭᠠᠨ ᠳᠣᠯᠠᠭᠠᠯᠭ᠎ᠠ ᠬᠡᠢ ᠶᠢᠨ ᠬᠡᠷᠡᠭᠴᠡᠭᠡ ᠶᠢ ᠬᠠᠩᠭᠠᠨ᠎ᠠ᠃ | ᠵᠢᠭᠤᠯᠴᠢᠯᠠᠯ ᠤᠨ ᠵᠢᠵᠢᠭ ᠪᠠᠯᠭᠠᠰᠤ ᠶᠢᠨ ᠶᠡᠷᠦᠩᠬᠡᠢ ᠲᠦᠯᠦᠪᠵᠢᠭᠦᠯᠭᠡ ᠲᠠᠢ ᠣᠶᠠᠯᠳᠣᠭᠤᠯᠵᠣ᠂ ᠭᠤᠣᠯ ᠳᠡᠳ᠋ ᠵᠠᠮ | ᠪᠣᠯᠣᠨ ᠬᠤᠲᠠ ᠠᠴᠠ ᠭᠠᠷᠬᠤ ᠠᠮᠠ ᠶᠢᠨ ᠭᠠᠳᠠᠷ ᠳᠥᠷᠬᠦ ᠶᠢᠨ ᠵᠠᠰᠠᠨ ᠴᠡᠭᠴᠡᠯᠡᠯᠲᠡ ᠶᠢ ᠲᠣᠬᠠᠢ ᠶᠢᠨ ᠭᠠᠵᠠᠷ ᠤᠨ | ᠪᠠᠶᠢᠳᠠᠯ ᠳᠤᠨᠢ ᠲᠣᠬᠢᠷᠠᠭᠤᠯᠣᠨ ᠠᠬᠢᠭᠤᠯᠵᠣ᠂ ᠥᠪᠡᠷᠮᠢᠴᠡ ᠣᠨᠴᠠᠯᠢᠭ ᠪᠦᠬᠦᠢ ᠦᠵᠡᠮᠵᠢ ᠶᠢᠨ ᠵᠡᠭᠡᠯᠢ ᠶᠢ | ᠪᠠᠶᠢᠭᠤᠯᠣᠨ᠂ ᠬᠤᠲᠠ ᠪᠠᠯᠭᠠᠰᠣᠨ ᠤ ᠴᠢᠨᠠᠷ ᠳᠡᠰ ᠢᠶᠠᠨ ᠬᠦᠴᠦᠯᠡᠨ ᠳᠡᠭᠡᠭᠰᠢᠯᠡᠭᠦᠯᠦᠨ᠎ᠡ᠃ ᠬᠤᠲᠠᠨ ᠳᠣᠲᠣᠷᠠᠬᠢ | ᠭᠤᠣᠯ ᠵᠡᠭᠡᠯᠢ ᠭᠤᠳᠣᠮᠵᠢ᠂ ᠬᠤᠲᠠ ᠶᠢᠨ ᠶᠠᠪᠣᠳᠠᠯ ᠤᠨ ᠪᠡᠯᠡᠳᠬᠡᠮᠵᠢ ᠶᠢᠨ ᠪᠠᠶᠢᠷᠢᠰᠢᠭᠤᠯᠣᠯᠲᠠ ᠶᠢ ᠦᠷᠭᠦᠯᠵᠢᠯᠡᠨ | ᠰᠢᠯᠢᠳᠡᠭᠵᠢᠭᠦᠯᠵᠦ᠂ ︽ᠣᠭᠲᠠᠷᠭᠤᠢ ᠳᠠᠬᠢ ᠠᠭᠠᠯᠵᠢᠨ ᠲᠣᠣᠷ︾ ᠢ ᠴᠡᠭᠴᠡᠯᠡᠨ ᠵᠠᠰᠠᠨ᠎ᠠ᠃ ︽ᠲᠠᠪᠣᠨ ᠨᠢᠭᠡ | ᠪᠦᠯᠦᠭ︾ ᠠᠷᠭ᠎ᠠ ᠪᠠᠷᠢᠯ ᠲᠠᠢ ᠣᠶᠠᠯᠳᠣᠭᠤᠯᠵᠣ᠂ ︽ᠵᠣᠷᠯᠣᠩ ᠤᠨ ᠬᠤᠪᠢᠰᠣᠯᠲᠠ︾ ᠶᠢ ᠦᠷᠭᠦᠯᠵᠢᠯᠡᠨ ᠲᠦᠯᠬᠢᠨ | ᠣᠷᠣᠭᠰᠢᠯᠠᠭᠤᠯᠵᠣ᠂ ᠡᠨᠡ ᠵᠢᠯ ᠤᠨ ᠳᠣᠲᠣᠷ᠎ᠠ ᠴᠧᠩ ᠭᠤᠸᠠᠨ ᠪᠠᠯᠭᠠᠰᠤ ᠶᠢᠨ ᠭᠤᠣᠯ ᠬᠤᠲᠠ ᠶᠢᠨ | ᠲᠣᠭᠤᠷᠢᠭ ᠳᠠᠬᠢ ᠠᠯᠢᠪᠠ ᠬᠠᠭᠤᠷᠠᠢ ᠵᠣᠷᠯᠣᠩ ᠢ ᠠᠷᠢᠯᠭᠠᠨ ᠣᠰᠠᠳᠬᠠᠬᠤ ᠪᠠᠷ ᠴᠢᠷᠮᠠᠶᠢᠵᠣ᠂ ᠰᠢᠯᠵᠢᠮᠡᠯ | ᠨᠡᠶᠢᠲᠡ ᠶᠢᠨ ᠵᠣᠷᠯᠣᠩ᠂ ᠤᠯᠠᠨ ᠴᠢᠳᠠᠮᠵᠢᠲᠣ ᠣᠨᠴᠠᠯᠢᠭᠲᠣ ᠨᠡᠶᠢᠲᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠣᠨ᠎ᠠ | ᠃ ᠨᠢᠭᠡ ᠪᠦᠯᠦᠭ ᠬᠤᠭ ᠨᠣᠪᠰᠢ ᠶᠢᠨ ᠳᠠᠮᠵᠢᠭᠤᠯᠣᠨ ᠲᠡᠭᠡᠭᠡᠪᠦᠷᠢᠯᠡᠬᠦ ᠥᠷᠲᠡᠭᠡ᠂ ᠠᠷᠠᠳ ᠲᠤ ᠳᠥᠭᠦᠮ ᠦᠵᠡᠭᠦᠯᠬᠦ | ᠵᠠᠬ᠎ᠠ ᠳᠡᠯᠭᠡᠭᠦᠷ᠂ ᠵᠢᠵᠢᠭ ᠵᠡᠭᠡᠯᠢ ᠭᠤᠳᠣᠮᠵᠢ᠂ ᠲᠡᠷᠭᠡᠨ ᠵᠣᠭᠰᠣᠭᠠᠯ ᠵᠡᠷᠭᠡ ᠰᠠᠭᠤᠷᠢ ᠪᠡᠯᠡᠳᠬᠡᠮᠵᠢ ᠶᠢ | ᠲᠡᠭᠦᠯᠳᠡᠷᠵᠢᠭᠦᠯᠵᠦ᠂ ᠬᠤᠲᠠ ᠪᠠᠯᠭᠠᠰᠣᠨ ᠤ ᠦᠢᠯᠡᠳᠦᠯ ᠴᠢᠳᠠᠮᠵᠢ ᠶᠢᠨ ᠳᠤᠲᠠᠮᠠᠭ ᠵᠦᠢᠯᠡᠰ ᠢᠶᠠᠨ ᠠᠯᠬᠤᠮ | ᠠᠯᠬᠤᠮ ᠢᠶᠠᠷ ᠨᠦᠬᠦᠪᠦᠷᠢᠯᠡᠨ᠎ᠡ᠃ ᠨᠠᠨ ᠱᠠᠨ ᠲᠣᠷᠰᠢᠯᠲᠠ ᠶᠢᠨ ᠥᠷᠲᠡᠭᠡ᠂ ᠱᠧᠩ ᠯᠢ ᠵᠠᠮ ᠤᠨ ᠨᠢᠭᠡᠳᠦᠭᠡᠷ | ᠬᠤᠭᠤᠴᠠᠭᠠᠨ ᠤ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ | ᠶᠡᠬᠡᠪᠡᠷ ᠬᠡᠷᠡᠭᠵᠢᠭᠦᠯᠦᠨ᠂ ᠠᠷᠠᠳ ᠤᠯᠠᠨ ᠤ ᠣᠷᠣᠰᠢᠨ ᠰᠠᠭᠤᠬᠤ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠣᠨ᠎ᠠ᠃ | ᠱᠠᠨ ᠴᠧᠩ᠂ ᠢᠳᠡᠰᠢᠨ ᠨᠣᠭᠤᠭᠠᠨ ᠤ ᠭᠠᠵᠠᠷ ᠤᠨ ᠢᠯᠴᠢ ᠶᠢᠨ ᠢᠷᠡᠯᠲᠡ ᠶᠢᠨ ᠦᠢᠯᠡᠳᠪᠦᠷᠢ ᠶᠢᠨ ᠪᠧᠢ ᠱᠠᠨ | ᠢᠯᠴᠢ ᠶᠢᠨ ᠢᠷᠡᠯᠲᠡ ᠶᠢᠨ ᠦᠢᠯᠡᠳᠪᠦᠷᠢ ᠲᠡᠰᠢ ᠲᠦᠪᠯᠡᠷᠡᠭᠦᠯᠦᠨ ᠨᠡᠭᠦᠯᠭᠡᠵᠦ ᠪᠠᠶᠢᠭᠤᠯᠬᠤ ᠢᠨᠵᠧᠨᠧᠷᠢᠩ ᠢ | ᠡᠬᠢᠯᠡᠭᠦᠯᠦᠨ᠂ ᠡᠨᠧᠷᠭᠢ ᠠᠷᠪᠢᠯᠠᠬᠤ ᠵᠣᠤᠬ᠎ᠠ ᠶᠢᠨ ᠬᠡᠷᠡᠭᠰᠡᠯ ᠪᠣᠯᠣᠨ ︽ᠨᠡᠭᠦᠷᠡᠰᠦ ᠶᠢ ᠬᠡᠢ ᠪᠠᠷ ᠥᠭᠡᠷᠡᠴᠢᠯᠡᠬᠦ︾ ᠶᠢ | ᠢᠳᠡᠪᠬᠢᠲᠡᠢ ᠳᠡᠯᠭᠡᠷᠡᠭᠦᠯᠦᠨ᠂ ︽ᠬᠥᠬᠡ ᠨᠡᠭᠦᠷᠡᠰᠦ ᠪᠠᠷ ᠳᠣᠯᠠᠭᠠᠯᠭ᠎ᠠ ᠬᠠᠩᠭᠠᠬᠤ︾ ᠶᠢ ᠡᠷᠢᠯᠬᠢᠯᠡᠵᠦ᠂ ᠴᠧᠩ | ᠭᠤᠸᠠᠨ ᠪᠠᠯᠭᠠᠰᠤ ᠶᠢᠨ ᠡᠪᠥᠯ ᠢ ᠨᠡᠩ ᠴᠡᠯᠮᠡᠭ ᠲᠣᠩᠭᠠᠯᠠᠭ ᠪᠣᠯᠭᠠᠨ᠎ᠠ᠃ ︽ᠬᠤᠲᠠ ᠪᠠᠯᠭᠠᠰᠣ ᠶᠢᠨ | ᠬᠠᠮᠢᠶᠠᠷᠣᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠵᠢᠯ︾ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ | ᠬᠤᠲᠠ ᠪᠠᠯᠭᠠᠰᠣ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠭᠦᠨᠵᠡᠭᠡᠢ ᠥᠷᠨᠢᠭᠦᠯᠵᠦ᠂ ᠴᠧᠩ ᠭᠤᠸᠠᠨ ᠪᠠᠯᠭᠠᠰᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠦᠢᠯᠡᠴᠢᠯᠡᠭᠡ ᠬᠤᠳᠠᠯᠳᠣᠨ ᠠᠪᠬᠤ ᠶᠢ ᠬᠡᠷᠡᠭᠵᠢᠭᠦᠯᠦᠨ᠂ ᠲᠣᠭᠤᠭᠠᠨ ᠭᠡᠷ ᠤᠨ ᠬᠤᠭ ᠨᠣᠪᠰᠢ ᠶᠢ ᠴᠡᠪᠡᠷᠯᠡᠬᠦ | ᠥᠷᠲᠡᠭᠡ ᠶᠢ ᠪᠠᠶᠢᠭᠤᠯᠵᠣ᠂ ᠬᠤᠭ ᠨᠣᠪᠰᠢ ᠶᠢᠨ ᠲᠦᠷᠥᠯ ᠬᠤᠪᠢᠶᠠᠬᠤ ᠠᠵᠢᠯ ᠢ ᠦᠷᠨᠢᠭᠦᠯᠵᠦ᠂ ᠣᠷᠴᠢᠨ | ᠲᠣᠭᠤᠷᠢᠨ ᠤ ︽ᠪᠣᠵᠠᠷ ᠵᠠᠮᠪᠠᠷᠠᠭ᠎ᠠ ᠦᠭᠡᠢ ᠠᠨᠠᠢ︾᠂ ᠬᠤᠲᠠ ᠶᠢᠨ ︽ᠦᠬᠡᠷ ᠢᠯᠢᠳᠦ ︵ᠵᠢᠵᠢᠭ ᠵᠠᠷ︶︾ ᠵᠡᠷᠭᠡ | ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠬᠤᠲᠠ ᠪᠠᠯᠭᠠᠰᠤ ᠶᠢᠨ ᠬᠠᠮᠢᠶᠠᠷᠣᠯᠲᠠ ᠶᠢᠨ ᠶᠡᠷᠦᠩᠬᠡᠢ | ᠬᠠᠣᠯᠢ ᠬᠡᠷᠡᠭᠵᠢᠭᠦᠯᠬᠦ ᠪᠠᠶᠢᠭᠤᠯᠣᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ | ᠲᠣᠭᠠᠴᠢᠯᠠᠭᠰᠠᠨ ᠬᠤᠲᠠ ᠶᠢᠨ ᠬᠠᠮᠢᠶᠠᠷᠣᠯᠲᠠ︾ ᠶᠢ ᠶᠡᠬᠡᠪᠡᠷ ᠲᠦᠯᠬᠢᠨ ᠠᠬᠢᠭᠤᠯᠵᠣ᠂ ︽ᠵᠠᠮ ᠨᠡᠪᠲᠡᠷᠡᠯᠭᠡ ᠳᠤ | ᠬᠠᠷᠢᠭᠤᠴᠠᠬᠤ ᠳᠠᠷᠤᠭ᠎ᠠ ᠶᠢᠨ ᠳᠠᠷᠤᠭ᠎ᠠ︾ ᠶᠢᠨ ᠬᠠᠮᠢᠶᠠᠷᠣᠯᠲᠠ ᠶᠢ ᠴᠢᠩᠭᠠᠳᠬᠠᠵᠣ᠂ ᠤᠯᠠᠨ ᠳᠡᠰ ᠳᠠᠪᠬᠤᠷᠭ᠎ᠠ ᠶᠢᠨ | ᠬᠠᠮᠢᠶᠠᠷᠣᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠣ᠂ ᠬᠤᠲᠠ ᠪᠠᠯᠭᠠᠰᠣᠨ ᠤ ᠬᠠᠮᠢᠶᠠᠷᠣᠯᠲᠠ ᠶᠢᠨ | ᠡᠮᠵᠡᠭ ᠢ ᠦᠨᠳᠦᠰᠦᠨ ᠠᠴᠠ ᠨᠢ ᠵᠠᠰᠠᠬᠤ ᠬᠡᠷᠡᠭᠲᠡᠢ᠃ | ᠬᠦᠳᠡᠭᠡ ᠲᠣᠰᠬᠤᠨ ᠢ ᠬᠦᠴᠦᠷᠬᠡᠭᠵᠢᠭᠦᠯᠬᠦ ᠪᠠᠶᠢᠯᠳᠣᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠦᠳᠡᠭᠡ | ᠲᠣᠰᠬᠤᠨ ᠤ ᠦᠨᠳᠦᠰᠦᠨ ᠱᠠᠲᠣᠨ ᠤ ᠰᠠᠭᠤᠷᠢ ᠶᠢ ᠴᠢᠩᠭᠠᠳᠬᠠᠨ᠎ᠠ᠃ ᠠᠵᠣ ᠦᠢᠯᠡᠰ ᠤᠨ ᠬᠦᠭᠵᠢᠯᠲᠡ ᠪᠠᠷ | ᠭᠤᠣᠯᠳᠠᠯᠭ᠎ᠠ ᠪᠣᠯᠭᠠᠵᠣ᠂ ᠰᠢᠶᠠᠨ ᠤ ᠬᠡᠪᠴᠢᠶᠡᠨ ᠤ ᠳᠠᠪᠠᠭᠤᠯᠢᠭ ᠢᠶᠠᠨ ᠪᠠᠳᠠᠷᠠᠭᠤᠯᠣᠨ᠂ ᠲᠣᠬᠠᠢ ᠶᠢᠨ ᠭᠠᠵᠠᠷ ᠤᠨ | ᠪᠠᠶᠢᠳᠠᠯ ᠳᠤᠨᠢ ᠲᠣᠬᠢᠷᠠᠭᠤᠯᠵᠣ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠣᠯᠣᠭᠠᠶᠢᠯᠠᠭᠴᠢ ᠠᠵᠣ ᠠᠬᠤᠶᠢᠯᠠᠯ ᠬᠢᠭᠡᠳ | ᠲᠠᠷᠢᠶᠠᠴᠢᠳ ᠤᠨ ᠠᠰᠢᠭ ᠲᠣᠰᠠ ᠶᠢᠨ ᠬᠤᠯᠪᠣᠯᠳᠣᠭᠰᠠᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠩ | ᠤᠯᠠᠨ ᠴᠢᠳᠠᠪᠣᠷᠢᠲᠠᠢ ᠬᠦᠮᠦᠰ ᠢ ᠨᠣᠲᠤᠭ ᠲᠤ ᠪᠠᠨ ᠪᠣᠴᠠᠨ ᠠᠵᠢᠯ ᠦᠢᠯᠡᠰ ᠪᠣᠰᠬᠠᠬᠤ ᠶᠢ ᠬᠦᠬᠢᠭᠦᠯᠵᠦ᠂ | ᠲᠠᠷᠢᠶᠠᠴᠢᠳ ᠢ ᠳᠠᠶᠢᠴᠢᠯᠠᠨ ᠭᠡᠷ ᠣᠷᠣᠨ ᠢᠶᠠᠨ ᠴᠢᠨᠡᠭᠡᠯᠢᠭᠵᠢᠭᠦᠯᠵᠦ᠂ ᠬᠦᠳᠡᠭᠡ ᠲᠣᠰᠬᠤᠨ ᠤ ᠠᠵᠣ ᠦᠢᠯᠡᠰ ᠤᠨ | ᠪᠠᠳᠠᠷᠠᠨ ᠬᠦᠭᠵᠢᠬᠦ ᠶᠢ ᠴᠢᠷᠮᠠᠶᠢᠨ ᠠᠬᠢᠭᠤᠯᠵᠣ᠂ ᠲᠣᠰᠬᠤᠨ ᠤ ᠬᠠᠮᠲᠣ ᠶᠢᠨ ᠠᠵᠣ ᠠᠬᠤᠢ ᠶᠢ ᠵᠢᠯ ᠠᠴᠠ ᠵᠢᠯ | ᠨᠡᠮᠡᠭᠳᠡᠭᠦᠯᠦᠨ᠎ᠡ᠃ ᠬᠦᠳᠡᠭᠡ ᠲᠣᠰᠬᠤᠨ ᠤ ᠣᠷᠴᠢᠨ ᠲᠣᠭᠤᠷᠢᠨ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢ | ᠶᠡᠬᠡᠪᠡᠷ ᠥᠷᠨᠢᠭᠦᠯᠦᠨ᠂ ᠬᠦᠳᠡᠭᠡ ᠲᠣᠰᠬᠤᠨ ᠤ ᠵᠠᠰᠠᠨ ᠴᠡᠭᠴᠡᠯᠡᠬᠦ ᠰᠢᠰᠲ᠋ᠧᠮ ᠢ ᠪᠦᠷᠢᠨᠰᠢᠭᠦᠯᠵᠦ᠂ ᠲᠣᠰᠬᠤᠨ ᠤ | ᠭᠠᠳᠠᠷ ᠪᠠᠶᠢᠳᠠᠯ ᠳᠥᠷᠢ ᠳᠥᠷᠬᠦ᠂ ᠲᠣᠰᠬᠤᠨ ᠤ ᠲᠣᠭᠲᠠᠭᠠᠯ ᠵᠢᠷᠣᠮ᠂ ᠨᠤᠲᠤᠭ ᠤᠨ ᠵᠠᠩ ᠵᠠᠩᠰᠢᠯ᠂ ᠲᠣᠰᠬᠤᠨ ᠤ | ᠳᠡᠰ ᠤᠨ ᠵᠠᠰᠠᠯᠲᠠ ᠵᠡᠷᠭᠡ ᠲᠠᠯ᠎ᠠ ᠪᠠᠷ ᠵᠢᠱᠢᠶ᠎ᠡ ᠦᠵᠡᠭᠦᠯᠦᠨ ᠳᠠᠶᠢᠴᠢᠯᠠᠬᠤ ᠬᠦᠴᠦᠨ ᠢ ᠪᠣᠢ ᠪᠣᠯᠭᠠᠵᠣ᠂ ᠠᠵᠣ | ᠦᠢᠯᠡᠰ ᠥᠷᠨᠢᠩᠭᠦᠢ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠤᠲᠤᠭ ᠤᠨ ᠠᠷᠠᠨᠰᠢᠨ ᠪᠣᠯᠪᠠᠰᠣᠨ | ᠂ ᠵᠠᠰᠠᠯᠲᠠ ᠪᠦᠲᠦᠮᠵᠢᠲᠡᠢ᠂ ᠠᠮᠢᠳᠣᠷᠠᠯ ᠪᠠᠶᠠᠨ ᠴᠢᠨᠡᠭᠡᠯᠢᠭ ᠦᠵᠡᠰᠭᠦᠯᠡᠩᠲᠦ ᠬᠦᠳᠡᠭᠡ ᠲᠣᠰᠬᠤᠨ ᠢ ᠪᠦᠲᠦᠭᠡᠨ | ᠪᠠᠶᠢᠭᠤᠯᠣᠨ᠎ᠠ᠃ ᠲᠠᠷᠢᠶᠠᠨ ᠭᠠᠵᠠᠷ ᠤᠰᠤᠨ ᠠᠰᠢᠭᠯᠠᠯᠲᠠ ᠦᠨᠳᠦᠰᠦᠨ ᠪᠦᠲᠦᠭᠡᠨ ᠪᠠᠶᠢᠭᠤᠯᠣᠯᠲᠠ ᠶᠢᠨ ᠡᠷᠴᠢᠮ ᠢ | ᠤᠯᠠᠮ ᠨᠢᠭᠡ ᠠᠯᠬᠤᠮ ᠨᠡᠮᠡᠭᠳᠡᠭᠦᠯᠵᠦ᠂ ᠲᠠᠷᠢᠶᠠᠯᠠᠩ ᠤᠨ ᠶᠡᠷᠦᠩᠬᠡᠢ ᠨᠡᠭᠡᠭᠡᠨ ᠬᠦᠭᠵᠢᠭᠦᠯᠦᠯᠲᠡ᠂ ᠭᠠᠵᠠᠷ ᠲᠠᠷᠢᠶ᠎ᠠ ᠶᠢ | ᠲᠡᠭᠰᠢᠯᠡᠬᠦ᠂ ᠤᠰᠤ ᠠᠷᠪᠢᠯᠠᠵᠤ ᠦᠷ᠎ᠡ ᠪᠦᠲᠦᠮᠵᠢ ᠶᠢ ᠨᠡᠮᠡᠭᠳᠡᠭᠦᠯᠬᠦ᠂ ᠮᠢᠩᠭᠠᠨ ᠳ᠋ᠦᠩᠰᠢᠭᠤᠷ ᠵᠢᠩ ᠠᠮᠤ | ᠪᠣᠳᠠᠭᠠᠨ ᠤ ᠭᠠᠷᠣᠯᠲᠠ ᠶᠢ ᠨᠡᠮᠡᠭᠳᠡᠭᠦᠯᠭᠦ ᠵᠡᠷᠭᠡ ᠲᠦᠷᠦᠯ ᠵᠦᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠂ ᠾᠦᠨᠾᠧ | ᠭᠤᠣᠯ ᠤᠨ ᠭᠤᠣᠯ ᠤᠨ ᠭᠤᠯᠳᠣᠷᠢᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠴᠢᠷᠮᠠᠶᠢᠨ ᠡᠬᠢᠯᠡᠭᠦᠯᠵᠦ᠂ | ᠣᠯᠣᠰ ᠤᠨ ᠤᠰᠤ ᠬᠦᠷᠦᠰᠦ ᠶᠢᠨ ᠬᠡᠪ ᠢᠶᠠᠨ ᠪᠠᠲᠣᠯᠠᠬᠤ ᠲᠦᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ | ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠣᠷᠢ᠂ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠴᠢᠳᠠᠪᠣᠷᠢ ᠪᠣᠯᠣᠨ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠴᠢᠳᠠᠪᠣᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠬᠤᠲᠠ ᠬᠦᠳᠡᠭᠡ ᠶᠢᠨ ᠴᠠᠬᠢᠯᠭᠠᠨ ᠲᠣᠣᠷ ᠢ ᠥᠭᠡᠷᠡᠴᠢᠯᠡᠨ ᠵᠠᠰᠠᠬᠤ ᠢᠨᠵᠧᠨᠧᠷᠢᠩ ᠢ | ᠶᠡᠬᠡᠪᠡᠷ ᠬᠡᠷᠡᠭᠵᠢᠭᠦᠯᠦᠨ᠂ ᠴᠠᠬᠢᠯᠭᠠᠨ ᠬᠠᠩᠭᠠᠬᠤ ᠠᠮᠣᠷ ᠲᠥᠪᠰᠢᠨ ᠤ ᠴᠢᠨᠠᠷ ᠪᠣᠯᠣᠨ ᠲᠣᠭᠲᠠᠪᠣᠷᠢᠲᠣ ᠴᠢᠨᠠᠷ ᠢ | ᠪᠠᠲᠣᠯᠠᠨ᠎ᠠ᠃ ᠰᠢᠶᠠᠨ ᠤ ᠬᠡᠪᠴᠢᠶᠡᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠣᠯᠲᠠ ᠶᠢ ᠠᠬᠢᠭᠤᠯᠵᠣ᠂ S103 | ᠡᠷᠡᠭᠡᠨᠲᠡᠢ ᠠᠴᠠ ᠴᠣᠷᠵᠢ ᠪᠠᠶᠢᠰᠢᠩ ᠬᠦᠷᠬᠦ ᠨᠢᠰᠬᠡᠯ ᠤᠨ ᠪᠠᠭᠤᠳᠠᠯ ᠣᠷᠣᠬᠤ ᠵᠠᠮ ᠢ ᠵᠠᠰᠠᠨ᠂ ᠬᠤᠷᠢᠨᠭᠡᠷ— ᠶᠠᠩ | ᠴᠢᠶᠦ᠋ᠨ ᠭᠧᠦ— ᠬᠤᠭᠤᠯᠠᠢ ᠶᠢᠨ ᠭᠤᠤ ᠵᠢᠭᠤᠯᠴᠢᠯᠠᠯ ᠤᠨ ᠵᠠᠰᠠᠮᠠᠯ ᠵᠠᠮ ᠢ ᠡᠬᠢᠯᠡᠨ ᠪᠠᠶᠢᠭᠤᠯᠵᠣ᠂ ᠣᠯᠣᠰ ᠤᠨ | ᠳᠡᠰ ᠤᠨ ᠵᠠᠮ241 ᠱᠤᠭᠤᠮ ᠤᠨ ᠬᠤᠷᠢᠨᠭᠡᠷ ᠠᠴᠠ ᠱᠠ ᠬᠤ᠋ ᠺᠧᠦ ᠬᠦᠷᠬᠦ ᠬᠡᠰᠡᠭ ᠤᠨ ᠵᠠᠰᠠᠨ ᠥᠭᠡᠷᠡᠴᠢᠯᠡᠬᠦ | ᠢᠨᠵᠧᠨᠧᠷᠢᠩ ᠣᠯᠣᠰ ᠤᠨ ᠬᠡᠷᠡᠭᠵᠢᠭᠦᠯᠦᠯᠲᠡ ᠶᠢᠨ ᠲᠦᠷᠥᠯ ᠵᠦᠢᠯ ᠳᠤ ᠪᠠᠭᠲᠠᠨ ᠣᠷᠣᠬᠤ ᠶᠢ ᠲᠡᠮᠡᠴᠡᠨ ᠣᠯᠬᠤ ᠪᠠᠷ | ᠴᠢᠷᠮᠠᠶᠢᠵᠣ᠂ ᠬᠤᠲᠠ ᠬᠦᠳᠡᠭᠡ ᠶᠢᠨ ᠵᠠᠮ ᠲᠡᠭᠡᠭᠡᠪᠦᠷᠢ ᠶᠢᠨ ᠨᠢᠭᠡ ᠴᠣᠭᠴᠠᠵᠢᠬᠤ ᠠᠬᠢᠴᠠ ᠶᠢ ᠯᠠᠪᠳᠠᠭᠤᠨ ᠪᠠᠳᠣᠲᠠᠢ | ᠠᠬᠢᠭᠤᠯᠣᠨ᠎ᠠ᠃ | ︵ᠭᠤᠷᠪᠠ︶ ᠶᠠᠳᠠᠭᠤ ᠠᠴᠠ ᠠᠩᠭᠢᠵᠢᠷᠠᠭᠤᠯᠵᠣ ᠪᠣᠭᠤᠮᠲᠠ ᠰᠢᠪᠲᠣᠯᠬᠤ ᠳᠠᠶᠢᠨ ᠤ ᠢᠯᠠᠯᠲᠠ ᠶᠢ ᠣᠯᠬᠤ ᠪᠠᠷ | ᠣᠳᠣᠷᠢᠳᠣᠮᠵᠢ ᠪᠣᠯᠭᠠᠵᠣ᠂ ᠠᠷᠠᠳ ᠤᠯᠠᠨ ᠤ ᠵᠣᠯ ᠵᠢᠷᠭᠠᠯ ᠢ ᠦᠨᠡᠨᠬᠦ ᠨᠡᠮᠡᠭᠳᠡᠭᠦᠯᠦᠨ᠎ᠡ᠃ | ᠠᠷᠠᠳ ᠲᠦᠮᠡᠨ ᠤ ᠠᠰᠢᠭ ᠲᠣᠰᠠ ᠶᠢ ᠢᠮᠠᠭᠲᠠ ᠬᠠᠮᠤᠭ ᠤᠨ ᠲᠡᠷᠢᠭᠦᠨ ᠪᠠᠶᠢᠷᠢᠨ ᠳᠤ ᠲᠠᠯᠪᠢᠵᠣ᠂ | ᠥᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠭᠡᠯ ᠢ ᠨᠡᠩ ᠣᠯᠠᠨ ᠨᠡᠩ ᠡᠷᠬᠡ ᠲᠡᠭᠰᠢ ᠪᠠᠷ ᠪᠦᠬᠦ ᠠᠷᠠᠳ ᠲᠤ | ᠲᠣᠰᠠ ᠬᠦᠷᠭᠡᠨ᠂ ᠵᠣᠯ ᠵᠢᠷᠭᠠᠯᠲᠣ ᠬᠤᠷᠢᠨᠭᠡᠷ ᠢ ᠲᠦᠷᠭᠡᠳᠬᠡᠨ ᠪᠠᠶᠢᠭᠤᠯᠵᠣ᠂ ᠪᠦᠬᠦ ᠠᠷᠠᠳ ᠬᠠᠮᠲᠣ ᠪᠠᠷ | ᠴᠢᠨᠡᠭᠡᠯᠢᠭᠵᠢᠬᠦ ᠶᠢ ᠪᠡᠶᠡᠯᠡᠭᠦᠯᠬᠦ ᠲᠡᠰᠢ ᠲᠠᠰᠤᠷᠠᠯᠲᠠ ᠦᠭᠡᠢ ᠣᠷᠣᠭᠰᠢᠯᠠᠨ᠎ᠠ᠃ | ᠶᠠᠳᠠᠭᠤ ᠠᠴᠠ ᠠᠩᠭᠢᠵᠢᠷᠠᠭᠤᠯᠵᠣ ᠪᠣᠭᠤᠮᠲᠠ ᠰᠢᠪᠲᠣᠯᠬᠤ ᠳᠠᠶᠢᠨ ᠤ ᠢᠯᠠᠯᠲᠠ ᠶᠢ ᠡᠷᠡᠰ ᠲᠡᠮᠡᠴᠡᠨ ᠣᠯᠣᠨ᠎ᠠ᠃ | ᠶᠠᠳᠠᠭᠤ ᠠᠴᠠ ᠠᠩᠭᠢᠵᠢᠷᠠᠭᠤᠯᠵᠣ ᠪᠣᠭᠤᠯᠲᠠ ᠰᠢᠪᠲᠣᠯᠬᠤ ︽ᠨᠢᠭᠡ ᠬᠤᠶᠠᠷ ᠭᠤᠷᠪᠠ ᠲᠥᠷᠪᠡ ᠲᠠᠪᠤ ᠵᠢᠷᠭᠤᠭ᠎ᠠ | ᠳᠣᠯᠤᠭ᠎ᠠ︾ ᠶᠢᠨ ᠲᠣᠭᠤᠷᠢᠨ ᠳᠤ᠂ ᠣᠨᠢᠨ ᠳᠡᠭᠡᠷ᠎ᠡ ᠨᠢ ᠶᠠᠳᠠᠭᠤ ᠶᠢ ᠳᠡᠳᠬᠦᠵᠦ᠂ ᠶᠠᠳᠠᠭᠤ ᠠᠴᠠ ᠠᠩᠭᠢᠵᠢᠷᠠᠭᠤᠯᠬᠤ | ᠦᠨᠳᠦᠰᠦᠨ ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠶᠢᠷᠡᠨ ᠠᠬᠢᠭᠤᠯᠵᠣ᠂ ᠶᠠᠳᠠᠭᠤ ᠬᠦᠴᠢᠷᠳᠡᠯᠲᠡᠢ ᠶᠢ ᠢᠯᠭᠠᠨ | ᠲᠠᠨᠢᠵᠣ ᠳᠠᠩᠰᠠᠯᠠᠨ ᠺᠠᠷᠲᠯᠠᠬᠤ᠂ ᠲᠣᠰᠬᠤᠨ ᠳᠤ ᠰᠠᠭᠤᠭ᠎ᠠ ᠶᠠᠳᠠᠭᠤ ᠶᠢ ᠳᠡᠳᠬᠦᠬᠦ ᠬᠠᠷᠢᠭᠤᠴᠠᠯᠭ᠎ᠠ ᠶᠢ | ᠨᠠᠶᠢᠳᠠᠪᠣᠷᠢᠵᠢᠭᠤᠯᠬᠤ᠂ ᠲᠠᠪᠣᠨ ᠨᠢᠭᠡ ᠪᠦᠯᠦᠭ ᠤᠨ ᠲᠦᠷᠥᠯ ᠵᠦᠢᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ | ᠣᠬᠤᠷᠢᠨ ᠭᠠᠷᠬᠤ ᠶᠢ ᠳᠦᠷᠢᠮᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠶᠢ ᠲᠣᠭᠲᠠᠪᠣᠷᠢᠵᠢᠭᠤᠯᠬᠤ ᠶᠠᠪᠣᠴᠠ | ᠶᠣᠰᠣᠭᠠᠷ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠠᠵᠢᠯ ᠢ ᠠᠬᠢᠭᠤᠯᠣᠨ᠎ᠠ᠃ ᠲᠠᠷᠢᠶᠠᠯᠠᠩ ᠤᠨ | ᠬᠠᠮᠢᠶ᠎ᠠ ᠪᠦᠬᠦᠢ ᠪᠡᠯᠡ ᠮᠦᠩᠭᠦ ᠶᠢ ᠤᠯᠠᠮ ᠨᠢᠭᠡ ᠠᠯᠬᠤᠮ ᠨᠢᠭᠡᠳᠬᠡᠵᠦ᠂ ᠨᠢᠭᠡᠨ ᠰᠢᠷᠢᠰ ᠠᠵᠣ ᠦᠢᠯᠡᠰ ᠤᠨ | ᠶᠠᠳᠠᠭᠤ ᠶᠢ ᠳᠡᠳᠬᠦᠬᠦ ᠲᠦᠷᠥ ᠶᠢᠨ ᠪᠣᠳᠣᠯᠭ᠎ᠠ ᠶᠢ ᠰᠠᠶᠢᠲᠣᠷ ᠨᠠᠶᠢᠳᠠᠪᠣᠷᠢᠵᠢᠭᠤᠯᠵᠣ᠂ ᠪᠦᠬᠦ ᠲᠣᠰᠬᠤᠨ ᠢᠶᠠᠷ | ᠲᠦᠯᠬᠢᠨ ᠣᠷᠣᠭᠰᠢᠯᠠᠭᠤᠯᠬᠤ᠂ ᠣᠨᠳᠣᠣ ᠭᠠᠵᠠᠷ ᠲᠤ ᠨᠡᠭᠦᠯᠭᠡᠬᠦ ᠲᠦᠷᠥᠯ ᠵᠦᠢᠯ ᠢ ᠬᠡᠷᠡᠭᠵᠢᠭᠦᠯᠵᠦ᠂ | ᠳᠠᠷᠠᠭᠠᠴᠢ ᠶᠢᠨ ᠠᠯᠬᠤᠮ ᠤᠨ ᠠᠵᠣ ᠦᠢᠯᠡᠰ ᠢ ᠬᠦᠭᠵᠢᠭᠦᠯᠵᠦ᠂ ᠨᠠᠷᠢᠯᠢᠭ ᠣᠨᠣᠪᠴᠢᠲᠠᠢ ᠪᠠᠷ ᠲᠦᠷᠥ ᠶᠢᠨ | ᠪᠣᠳᠣᠯᠭ᠎ᠠ ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠪᠦᠬᠦ ᠨᠡᠶᠢᠭᠡᠮ ᠤᠨ ᠬᠦᠴᠦᠨ ᠢ ᠳᠠᠶᠢᠴᠢᠯᠠᠨ ᠨᠢᠭᠲᠠᠷᠠᠭᠤᠯᠵᠣ᠂ | ᠢᠳᠡᠪᠬᠢᠲᠡᠢ ᠣᠷᠣᠯᠴᠠᠭᠤᠯᠣᠨ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠶᠢᠨ ᠦᠢᠯᠡᠳᠦᠯ ᠢ ᠭᠦᠢᠴᠡᠳ | ᠪᠠᠳᠠᠷᠠᠭᠤᠯᠣᠨ᠂ ᠰᠣᠷᠭᠠᠭᠤᠯᠢ ᠠᠵᠣ ᠠᠬᠤᠶᠢᠯᠠᠯ ᠬᠠᠪᠰᠣᠷᠣᠨ ᠳᠡᠳᠬᠦᠬᠦ ᠠᠵᠢᠯᠯᠠᠭ᠎ᠠ ᠶᠢ ᠬᠡᠷᠡᠭᠵᠢᠭᠦᠯᠵᠦ᠂ | ᠶᠠᠳᠠᠭᠤ ᠶᠢ ᠳᠡᠳᠬᠦᠬᠦ ᠪᠠᠷ ᠪᠠᠷᠠᠬᠤ ᠦᠭᠡᠢ ᠵᠣᠷᠢᠭ ᠢ ᠨᠢ ᠬᠦᠪᠴᠢᠯᠡᠬᠦ ᠶᠢ ᠪᠡᠶᠡᠯᠡᠭᠦᠯᠦᠨ᠎ᠡ᠃ ᠡᠷᠡᠭᠦᠯ ᠮᠡᠨᠳᠦ᠂ | ᠰᠣᠷᠭᠠᠨ ᠬᠦᠮᠦᠵᠢᠯ᠂ ᠠᠮᠢ ᠠᠬᠤᠢ᠂ ᠡᠯᠧᠺᠲᠷᠣᠨ ᠬᠤᠳᠠᠯᠳᠤᠭ᠎ᠠ᠂ ᠬᠦᠳᠡᠭᠡ ᠲᠣᠰᠬᠤᠨ ᠤ ᠵᠢᠭᠤᠯᠴᠢᠯᠠᠯ ᠵᠡᠷᠭᠡ | ᠶᠠᠳᠠᠭᠤ ᠶᠢ ᠳᠡᠳᠬᠦᠬᠦ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠣ᠂ ᠲᠣᠰᠬᠠᠢ ᠵᠦᠢᠯ ᠢᠶᠠᠷ ᠶᠠᠳᠠᠭᠤ ᠶᠢ | ᠳᠡᠳᠬᠦᠬᠦ᠂ ᠠᠵᠢᠯ ᠲᠦᠷᠥᠯ ᠢᠶᠠᠷ ᠶᠠᠳᠠᠭᠤ ᠶᠢ ᠳᠡᠳᠬᠦᠬᠦ᠂ ᠨᠡᠶᠢᠭᠡᠮ ᠤᠨ ᠬᠦᠴᠦᠨ ᠢᠶᠠᠷ ᠶᠠᠳᠠᠭᠤ ᠶᠢ ᠳᠡᠳᠬᠦᠬᠦ | ᠵᠡᠷᠭᠡ ᠣᠯᠠᠨ ᠲᠠᠯ᠎ᠠ ᠶᠢᠨ ᠬᠦᠴᠦᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠣᠷᠭᠠᠨᠢᠭ ᠣᠶᠠᠯᠳᠣᠭᠤᠯᠬᠤ ᠪᠣᠯᠣᠨ | ᠬᠠᠷᠢᠯᠴᠠᠨ ᠲᠦᠰᠢᠭᠯᠡᠯᠴᠡᠬᠦ᠂ ︽ᠭᠤᠷᠪᠠ ᠶᠢ ᠨᠢᠭᠡ ᠴᠣᠭᠴᠠᠵᠢᠭᠤᠯᠬᠤ︾ ᠶᠠᠳᠠᠭᠤ ᠶᠢ ᠳᠡᠳᠬᠦᠬᠦ ᠪᠠᠶᠢᠷᠢᠰᠢᠯ ᠢ | ᠪᠦᠷᠢᠯᠳᠦᠭᠦᠯᠵᠦ᠂ ᠬᠦᠳᠡᠭᠡ ᠲᠣᠰᠬᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠦᠨᠡᠨ ᠶᠠᠳᠠᠭᠤ ᠠᠴᠠ | ᠠᠩᠭᠢᠵᠢᠷᠠᠵᠣ᠂ ᠶᠠᠳᠠᠭᠤ ᠠᠴᠠ ᠠᠩᠭᠢᠵᠢᠷᠠᠬᠤ ᠶᠢ ᠦᠨᠡᠨᠬᠦ ᠪᠡᠶᠡᠯᠡᠭᠦᠯᠬᠦ ᠶᠢ ᠪᠠᠲᠣᠯᠠᠨ᠎ᠠ᠃ | ᠰᠣᠷᠭᠠᠨ ᠬᠦᠮᠦᠵᠢᠯ ᠵᠢᠭᠠᠨ ᠰᠣᠷᠭᠠᠬᠤ ᠬᠢᠷᠢ ᠲᠥᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠶᠣᠰᠣ | ᠰᠣᠷᠲᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ | ᠣᠯᠣᠰ ᠤᠨ ᠬᠡᠪ ᠴᠢᠨᠠᠷ ᠤᠨ ᠰᠣᠷᠭᠠᠨ ᠬᠦᠮᠦᠵᠢᠯ ᠤᠨ ᠦᠨᠳᠦᠰᠦᠨ ᠲᠡᠩᠴᠡᠭᠦᠷᠢᠲᠡᠢ ᠰᠢᠶᠠᠨ ᠤ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ᠎ᠡ᠃ ᠰᠣᠷᠭᠠᠨ ᠬᠦᠮᠦᠵᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠣᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠣ᠂ ᠭᠤᠷᠪᠠᠳᠣᠭᠠᠷ ᠴᠡᠴᠡᠷᠯᠢᠭ᠂ ᠰᠢᠨ᠎ᠡ | ᠲᠣᠭᠤᠷᠢᠭ ᠤᠨ ᠨᠢᠭᠡᠳᠦᠭᠡᠷ ᠲᠣᠷᠰᠢᠯᠲᠠ ᠶᠢᠨ ᠪᠠᠭ᠎ᠠ ᠰᠣᠷᠭᠠᠭᠤᠯᠢ ᠵᠢᠴᠢ ᠦᠨᠳᠦᠰᠦᠲᠡᠨ ᠤ ᠳᠣᠮᠳᠠᠳᠣ | ᠰᠣᠷᠭᠠᠭᠤᠯᠢ ᠶᠢᠨ ᠵᠢᠭᠠᠨ ᠰᠣᠷᠭᠠᠬᠤ ᠠᠰᠠᠷ ᠢ ᠡᠬᠢᠯᠡᠨ ᠪᠠᠶᠢᠭᠤᠯᠬᠤ ᠪᠠᠷ ᠴᠢᠷᠮᠠᠶᠢᠵᠣ᠂ ᠬᠥᠯ ᠪᠦᠮᠪᠦᠭᠡ ᠶᠢᠨ | ᠰᠣᠷᠭᠠᠭᠤᠯᠢ᠂ ᠬᠦᠷᠢᠶᠡᠯᠡᠩ ᠲᠣᠭᠤᠷᠢᠭ ᠤᠨ ᠴᠡᠴᠡᠷᠯᠢᠭ ᠤᠨ ᠪᠠᠶᠢᠭᠤᠯᠣᠭᠳᠠᠨ ᠬᠡᠷᠡᠭᠯᠡᠯᠲᠡ ᠣᠷᠣᠬᠤ ᠶᠢ ᠪᠠᠲᠣᠯᠠᠨ᠎ᠠ᠃ | ᠰᠢᠨ᠎ᠡ ᠳᠡᠭᠡᠳᠦ ᠰᠣᠷᠭᠠᠭᠤᠯᠢ ᠳᠤ ᠰᠢᠯᠭᠠᠭᠤᠯᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠰᠣᠷᠭᠠᠨ | ᠬᠦᠮᠦᠵᠢᠯ ᠵᠢᠭᠠᠨ ᠰᠣᠷᠭᠠᠯᠲᠠ ᠶᠢᠨ ᠶᠠᠰᠣ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠪᠠᠲᠣᠲᠠᠢ | ᠠᠬᠢᠭᠤᠯᠣᠨ᠂ ᠦᠨᠳᠦᠰᠦᠲᠡᠨ ᠤ ᠰᠣᠷᠭᠠᠨ ᠬᠦᠮᠦᠵᠢᠯ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠢ ᠶᠡᠬᠡᠪᠡᠷ | ᠬᠦᠭᠵᠢᠭᠦᠯᠦᠨ᠎ᠡ᠃ ᠰᠣᠷᠭᠠᠭᠤᠯᠢ ᠶᠢᠨ ᠠᠮᠣᠷ ᠲᠦᠪᠰᠢᠨ ᠤ ᠬᠠᠮᠢᠶᠠᠷᠣᠯᠲᠠ ᠶᠢ ᠴᠢᠩᠭᠠᠳᠬᠠᠵᠣ᠂ ᠰᠣᠷᠭᠠᠭᠤᠯᠢ ᠶᠢᠨ | ᠬᠦᠷᠢᠶ᠎ᠡ ᠵᠢᠴᠢ ᠬᠠᠵᠠᠭᠤ ᠬᠠᠪᠢ ᠶᠢᠨ ᠣᠷᠴᠢᠨ ᠲᠣᠭᠤᠷᠢᠨ ᠤ ᠠᠮᠣᠷ ᠲᠣᠭᠲᠠᠭᠤᠨ ᠢ ᠪᠠᠲᠣᠯᠠᠨ᠎ᠠ᠃ | ᠠᠵᠢᠯ ᠣᠯᠭᠤᠵᠣ ᠠᠳᠠᠯ ᠪᠣᠰᠬᠠᠬᠤ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠦᠨ᠎ᠡ᠃ ᠨᠡᠩ | ᠢᠳᠡᠪᠬᠢᠲᠡᠢ ᠠᠵᠢᠯ ᠣᠯᠭᠤᠵᠣ ᠠᠳᠠᠯ ᠪᠣᠰᠬᠠᠬᠤ ᠲᠦᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ | ᠨᠠᠶᠢᠳᠠᠪᠣᠷᠢᠵᠢᠭᠤᠯᠵᠣ᠂ ᠠᠵᠢᠯ ᠮᠡᠷᠭᠡᠵᠢᠯ ᠤᠨ ᠴᠢᠳᠠᠪᠣᠷᠢ ᠶᠢᠨ ᠪᠣᠯᠪᠠᠰᠣᠷᠠᠯ ᠢ ᠶᠡᠭᠡ ᠬᠡᠪᠴᠢᠶ᠎ᠡ ᠪᠠᠷ ᠥᠷᠨᠢᠭᠦᠯᠦᠨ᠂ | ᠪᠦᠬᠦ ᠲᠠᠯ᠎ᠠ ᠶᠢᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠬᠠᠩᠭᠠᠵᠣ᠂ ᠳᠡᠭᠡᠳᠦ ᠰᠣᠷᠭᠠᠭᠤᠯᠢ ᠶᠢᠨ | ᠲᠡᠭᠦᠰᠦᠭᠰᠡᠨ ᠣᠶᠣᠲᠠᠳ ᠵᠡᠷᠭᠡ ᠵᠠᠯᠠᠭᠤᠴᠣᠳ ᠤᠨ ᠬᠠᠮᠲᠣ ᠨᠡᠶᠢᠲᠡ ᠪᠣᠯᠣᠨ ᠬᠦᠯᠦᠰᠦᠨ ᠠᠵᠢᠯᠴᠢᠨ ᠤ ᠣᠯᠠᠨ | ᠠᠷᠭ᠎ᠠ ᠵᠠᠮ ᠢᠶᠠᠷ ᠠᠵᠢᠯ ᠣᠯᠬᠤ ᠶᠢ ᠠᠬᠢᠭᠤᠯᠣᠨ᠎ᠠ᠃ ᠡᠨᠡ ᠵᠢᠯ ᠤᠨ ᠳᠣᠲᠣᠷ᠎ᠠ ᠬᠤᠲᠠ ᠪᠠᠯᠭᠠᠰᠣᠨ ᠤ ᠰᠢᠨ᠎ᠡ ᠪᠠᠷ | ᠨᠡᠮᠡᠭᠳᠡᠭᠰᠡᠨ ᠠᠵᠢᠯ ᠣᠯᠣᠭᠰᠠᠨ ᠬᠦᠮᠦᠨ ᠤ ᠲᠤᠭ᠎ᠠ ᠶᠢ 2500᠂ ᠬᠤᠲᠠ ᠪᠠᠯᠭᠠᠰᠣ ᠶᠢᠨ ᠠᠵᠢᠯ ᠠᠯᠳᠠᠵᠣ ᠳᠠᠬᠢᠨ | ᠠᠵᠢᠯ ᠣᠯᠣᠭᠰᠠᠨ ᠬᠦᠮᠦᠨ 280᠂ ᠬᠦᠳᠡᠭᠡ ᠲᠣᠰᠬᠤᠨ ᠤ ᠬᠦᠳᠡᠯᠮᠦᠷᠢ ᠬᠦᠴᠦ ᠠᠵᠢᠯ ᠣᠯᠭᠤᠬᠤ ᠲᠡᠰᠢ | ᠰᠢᠯᠵᠢᠬᠦ ᠶᠢ 4 ᠲᠦᠮᠡᠨ ᠬᠦᠮᠦᠨ ᠠᠴᠠ ᠳᠡᠭᠡᠭᠰᠢ ᠪᠣᠯᠭᠠᠬᠤ ᠶᠢ ᠲᠡᠮᠡᠴᠡᠨ ᠣᠯᠵᠣ᠂ ᠬᠤᠲᠠ ᠪᠠᠯᠭᠠᠰᠣ ᠶᠢᠨ | ᠳᠠᠩᠰᠠᠯᠠᠭᠰᠠᠨ ᠠᠵᠢᠯ ᠦᠭᠡᠶᠢᠳᠡᠭᠰᠡᠨ ᠨᠣᠷᠮ᠎ᠠ ᠶᠢ 3.8% ᠶᠢᠨ ᠳᠣᠲᠣᠷ᠎ᠠ ᠡᠵᠡᠮᠳᠡᠵᠦ᠂ ᠠᠵᠢᠯᠯᠠᠵᠣ ᠪᠠᠶᠢᠭ᠎ᠠ | ᠬᠦᠮᠦᠨ ᠦᠭᠡᠢ ᠭᠡᠷ ᠪᠦᠯᠢ ᠶᠢ ᠬᠦᠳᠡᠯᠦᠩᠭᠦᠢ ᠪᠠᠷ ᠠᠷᠢᠯᠭᠠᠨ᠎ᠠ᠃ ᠬᠦᠳᠡᠯᠮᠦᠷᠢ ᠶᠢᠨ ᠡᠷᠬᠡ ᠶᠢᠨ ᠬᠠᠮᠠᠭᠠᠯᠠᠯᠲᠠ ᠶᠢ | ᠪᠠᠲᠣᠯᠠᠬᠤ ᠶᠢ ᠰᠠᠶᠢᠲᠣᠷ ᠬᠢᠵᠦ᠂ ᠬᠦᠯᠦᠰᠦᠨ ᠠᠵᠢᠯᠴᠢᠨ ᠤ ᠬᠠᠣᠯᠢ ᠶᠣᠰᠣᠨ ᠤ ᠡᠷᠬᠡ ᠠᠰᠢᠭ ᠢ ᠦᠨᠡᠨᠬᠦ | ᠬᠠᠮᠠᠭᠠᠯᠠᠨ᠎ᠠ᠃ | ᠨᠡᠶᠢᠭᠡᠮ ᠤᠨ ᠪᠠᠲᠣᠯᠠᠭ᠎ᠠ ᠶᠢᠨ ᠰᠢᠰᠲ᠋ᠧᠮ ᠤᠨ ᠪᠦᠲᠦᠭᠡᠨ ᠪᠠᠶᠢᠭᠤᠯᠣᠯᠲᠠ ᠶᠢ ᠬᠦᠴᠦᠯᠡᠨ ᠴᠢᠩᠭᠠᠳᠬᠠᠨ᠎ᠠ᠃ | ᠪᠦᠬᠦ ᠠᠷᠠᠳ ᠢᠶᠠᠷ ᠳᠠᠭᠠᠳᠬᠠᠯ ᠳᠤ ᠣᠷᠣᠯᠴᠠᠬᠤ ᠲᠦᠯᠦᠪᠯᠡᠭᠡ ᠶᠢ ᠶᠡᠬᠡᠪᠡᠷ ᠲᠦᠯᠬᠢᠨ ᠠᠬᠢᠭᠤᠯᠵᠣ᠂ ᠨᠠᠶᠢᠭᠡᠮ ᠤᠨ | ᠳᠠᠭᠠᠳᠬᠠᠯ ᠤᠨ ᠬᠠᠮᠣᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠡᠶᠢᠭᠡᠮ ᠤᠨ ᠳᠠᠭᠠᠳᠬᠠᠯ ᠤᠨ ᠺᠠᠷᠲ ᠤᠨ | ᠶᠡᠷᠦᠩᠬᠡᠢ ᠬᠡᠷᠡᠭᠯᠡᠯᠲᠡ ᠶᠢ ᠰᠠᠶᠢᠲᠣᠷ ᠬᠢᠨ᠎ᠡ᠃ ᠨᠡᠶᠢᠭᠡᠮ ᠤᠨ ᠠᠪᠣᠷᠠᠨ ᠲᠣᠰᠠᠯᠠᠮᠵᠢ᠂ ᠨᠡᠶᠢᠭᠡᠮ ᠤᠨ ᠠᠰᠠᠷᠠᠮᠵᠢ᠂ | ᠨᠢᠭᠦᠯᠡᠰᠦᠩᠭᠦᠢ ᠶᠢᠨ ᠦᠢᠯᠡᠰ᠂ ᠲᠣᠬᠤᠨᠢᠭᠤᠯᠣᠨ ᠲᠦᠪᠬᠢᠨᠡᠭᠦᠯᠬᠦ ᠵᠡᠷᠭᠡ ᠳᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠬᠦᠳᠡᠭᠡ ᠲᠣᠰᠬᠤᠨ ᠳᠤ ᠬᠤᠴᠣᠷᠣᠭᠰᠠᠨ ᠬᠡᠥᠬᠡᠳ ᠪᠣᠯᠣᠨ ᠡᠮᠡᠭᠲᠡᠶᠢᠴᠦᠳ᠂ | ᠨᠠᠰᠣᠲᠠᠶᠢᠴᠣᠳ ᠢ ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠨᠡᠶᠢᠲᠡ ᠶᠢᠨ ᠲᠦᠷᠢᠶᠡᠰᠦᠨ | ᠭᠡᠷ ᠢ ᠡᠷᠬᠡ ᠲᠡᠭᠰᠢ ᠵᠣᠬᠢᠰᠲᠠᠢ ᠲᠣᠬᠢᠷᠠᠭᠤᠯᠵᠣ᠂ ᠨᠡᠩ ᠤᠯᠠᠨ ᠳᠣᠣᠷ᠎ᠠ ᠣᠷᠣᠯᠭ᠎ᠠ ᠲᠠᠢ ᠭᠡᠷ ᠪᠦᠯᠢ ᠳᠤ ᠰᠠᠭᠤᠬᠤ | ᠭᠡᠷ ᠡᠳ᠋ᠯᠡᠭᠦᠯᠦᠨ᠎ᠡ᠃ ᠵᠡᠮᠳᠡᠭᠴᠦᠳ ᠤᠨ ᠦᠢᠯᠡᠰ ᠢ ᠶᠡᠬᠡᠪᠡᠷ ᠬᠦᠭᠵᠢᠭᠦᠯᠵᠦ᠂ ᠡᠷᠡᠭᠦᠯᠵᠢᠯ ᠤᠨ ᠦᠢᠯᠡᠴᠢᠯᠡᠭᠡ ᠶᠢ | ᠴᠢᠩᠭᠠᠳᠬᠠᠵᠣ᠂ ᠣᠯᠣᠰ ᠤᠨ ᠳᠣᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠡᠷᠡᠭᠦᠯᠵᠢᠯ ᠤᠨ ᠲᠣᠰᠠᠯᠠᠬᠤ | ᠪᠠᠭᠠᠵᠢ ᠶᠢᠨ ᠠᠵᠣ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠣᠯᠲᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠣᠨ᠎ᠠ᠃ | ᠡᠷᠡᠭᠦᠯ ᠮᠡᠨᠳᠦ ᠬᠤᠷᠢᠨᠭᠡᠷ ᠢ ᠴᠣᠭᠴᠠᠯᠠᠨ ᠪᠠᠶᠢᠭᠤᠯᠣᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠣᠯ ᠤᠨ ᠥᠭᠡᠷᠡᠴᠢᠯᠡᠯᠲᠡ ᠶᠢ ᠥᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠡᠮᠴᠢᠯᠡᠭᠡᠨ ᠤ ᠡᠷᠡᠭᠦᠯ | ᠬᠠᠮᠠᠭᠠᠯᠠᠯ ᠤᠨ ᠳᠦᠷᠢᠮ ᠤᠨ ᠪᠠᠶᠢᠭᠤᠯᠣᠯ ᠤᠨ ᠪᠦᠲᠦᠭᠡᠨ ᠪᠠᠶᠢᠭᠤᠯᠣᠯᠲᠠ ᠶᠢ ᠲᠡᠭᠦᠯᠳᠡᠷᠵᠢᠭᠦᠯᠦᠨ᠎ᠡ᠃ ᠨᠡᠶᠢᠲᠡ ᠶᠢᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠴᠢᠳᠠᠪᠣᠷᠢ ᠶᠢ ᠳᠡᠭᠡᠭᠰᠢᠯᠡᠭᠦᠯᠵᠦ᠂ | ᠬᠦᠨᠳᠦ ᠶᠡᠭᠡ ᠡᠪᠡᠳᠴᠢᠨ ᠡᠮᠵᠡᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠪᠦᠬᠦ ᠲᠠᠯ᠎ᠠ ᠪᠠᠷ ᠬᠤᠶᠠᠷ | ᠬᠡᠥᠬᠡᠳ ᠠᠪᠴᠣ ᠪᠣᠯᠬᠤ ᠲᠦᠷᠥ ᠶᠢᠨ ᠪᠣᠳᠣᠯᠭ᠎ᠠ ᠶᠢ ᠯᠠᠪᠳᠠᠭᠤᠨ ᠡᠮᠬᠢ ᠵᠢᠷᠣᠮ ᠲᠠᠢ ᠬᠡᠷᠡᠭᠵᠢᠭᠦᠯᠵᠦ᠂ | ᠲᠦᠯᠦᠪᠯᠡᠭᠡᠲᠦ ᠦᠷᠡᠵᠢᠯ ᠤᠨ ᠠᠵᠢᠯ ᠤᠨ ᠬᠡᠯᠪᠡᠷᠢ ᠪᠠᠨ ᠬᠤᠪᠢᠷᠠᠭᠤᠯᠬᠤ ᠬᠦᠭᠵᠢᠯᠲᠡ ᠶᠢ ᠲᠦᠷᠭᠡᠳᠬᠡᠨ | ᠠᠬᠢᠭᠤᠯᠣᠨ᠎ᠠ᠃ ᠡᠮᠴᠢᠯᠡᠭᠡ ᠶᠢᠨ ᠡᠬᠢ ᠪᠠᠶᠠᠯᠢᠭ ᠬᠢᠭᠡᠳ ᠨᠠᠰᠣᠵᠢᠯ ᠤᠨ ᠠᠰᠠᠷᠠᠮᠵᠢ ᠶᠢᠨ ᠡᠬᠢ ᠪᠠᠶᠠᠯᠢᠭ ᠢ | ᠣᠶᠠᠯᠳᠣᠭᠤᠯᠬᠤ ᠶᠢ ᠲᠦᠯᠬᠢᠨ ᠠᠬᠢᠭᠤᠯᠵᠣ᠂ ᠬᠦᠮᠦᠨ ᠠᠮᠠ ᠶᠢᠨ ᠨᠠᠰᠣᠵᠢᠯᠲᠠ ᠶᠢ ᠢᠳᠡᠪᠬᠢᠲᠡᠢ ᠠᠷᠭᠠᠴᠠᠭᠠᠬᠤ | ᠬᠡᠷᠡᠭᠲᠡᠢ᠃ ᠡᠬᠡ ᠣᠷᠣᠨᠴᠢ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠷᠡᠭᠦᠯ ᠪᠣᠯᠪᠠᠰᠣᠨ | ᠠᠮᠢᠳᠣᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ᠃ ᠢᠳᠡᠭᠡᠨ ᠡᠮ ᠤᠨ ᠵᠦᠢᠯ ᠤᠨ ᠪᠦᠬᠦ ᠶᠠᠪᠣᠴᠠ ᠳᠠᠬᠢ | ᠬᠢᠨᠠᠯᠲᠠ ᠬᠠᠮᠢᠶᠠᠷᠣᠯᠲᠠ ᠶᠢ ᠲᠠᠰᠣᠷᠠᠯᠲᠠ ᠦᠭᠡᠢ ᠴᠢᠩᠭᠠᠳᠬᠠᠵᠣ᠂ ᠨᠠᠷᠢᠨ ᠨᠢᠭᠲᠠ ᠦᠨᠳᠦᠷ ᠪᠦᠲᠦᠮᠵᠢᠲᠡᠢ᠂ ᠪᠦᠬᠦ | ᠨᠡᠶᠢᠭᠡᠮ ᠬᠠᠮᠲᠣ ᠪᠠᠷ ᠵᠠᠰᠠᠬᠤ ᠢᠳᠡᠭᠡᠨ ᠡᠮ ᠤᠨ ᠵᠦᠢᠯ ᠤᠨ ᠠᠶᠣᠯᠭᠦᠢ ᠵᠠᠰᠠᠯᠲᠠ ᠶᠢᠨ ᠰᠢᠰᠲ᠋ᠧᠮ ᠢ ᠪᠦᠬᠦ | ᠲᠠᠯ᠎ᠠ ᠪᠠᠷ ᠪᠠᠶᠢᠭᠤᠯᠣᠨ᠎ᠠ᠃ ᠢᠳᠡᠭᠡᠨ ᠤ ᠠᠮᠣᠷ ᠲᠦᠪᠰᠢᠨ ᠤ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠵᠦ᠂ ︽ | ᠲᠣᠭᠤᠭᠠᠨ ᠭᠡᠷ ᠢ ᠢᠯᠡ ᠪᠣᠯᠭᠠᠬᠤ︾ ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠵᠣ᠂ ᠵᠢᠵᠢᠭ ᠰᠤᠯᠠ | ᠢᠳᠡᠭᠡᠨ ᠤ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠣ᠂ ᠠᠷᠠᠳ ᠣᠯᠠᠨ ᠤ ᠢᠳᠡᠭᠡᠨ ᠤ ᠠᠮᠣᠷ | ᠲᠦᠪᠰᠢᠨ ᠢ ᠦᠨᠡᠨᠬᠦ ᠪᠠᠲᠣᠯᠠᠬᠤ ᠬᠡᠷᠡᠭᠲᠡᠢ᠃ | ᠰᠣᠶᠣᠯ ᠲᠠᠮᠢᠷ ᠤᠨ ᠦᠢᠯᠡᠰ ᠢ ᠥᠷᠨᠢᠩᠭᠦᠢ ᠬᠦᠭᠵᠢᠭᠦᠯᠦᠨ᠎ᠡ᠃ ᠰᠣᠶᠣᠯ ᠢᠶᠠᠷ ᠠᠷᠠᠳ ᠲᠤ ᠲᠣᠰᠠᠯᠠᠬᠤ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠨᠡᠶᠢᠲᠡ ᠶᠢᠨ ᠰᠣᠶᠣᠯ ᠤᠨ ᠦᠢᠯᠡᠴᠢᠯᠡᠭᠡ ᠪᠣᠯᠣᠨ ᠰᠣᠷᠠᠭ | ᠵᠠᠩᠭᠢᠴᠢᠯᠠᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠵᠦ᠂ ᠣᠯᠠᠨ ᠲᠦᠮᠡᠨᠴᠢ ᠴᠢᠨᠠᠷᠲᠠᠢ | ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠵᠣ᠂ ᠰᠢᠶᠠᠨ ᠰᠢᠶᠠᠩ ᠲᠣᠰᠬᠤᠨ ᠤ ᠨᠡᠶᠢᠲᠡ ᠶᠢᠨ ᠰᠣᠶᠣᠯ ᠤᠨ | ᠦᠢᠯᠡᠴᠢᠯᠡᠭᠡ ᠶᠢᠨ ᠰᠢᠰᠲ᠋ᠧᠮ ᠤᠨ ᠨᠢᠭᠡ ᠴᠣᠭᠴᠠᠵᠢᠬᠤ ᠠᠬᠢᠴᠠ ᠶᠢ ᠲᠦᠷᠭᠡᠳᠬᠡᠨ᠂ ᠣᠯᠣᠰ ᠤᠨ ᠨᠡᠶᠢᠲᠡ ᠶᠢᠨ | ᠰᠣᠶᠣᠯ ᠤᠨ ᠦᠢᠯᠡᠴᠢᠯᠡᠭᠡ ᠶᠢᠨ ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠣᠨ᠎ᠠ᠃ | ᠰᠣᠶᠣᠯ ᠤᠨ ᠭᠠᠳᠠᠭᠠᠳᠣ ᠰᠣᠯᠢᠯᠴᠠᠭ᠎ᠠ ᠬᠠᠮᠲᠣᠷᠠᠯᠴᠠᠭ᠎ᠠ ᠶᠢ ᠴᠢᠩᠭᠠᠳᠬᠠᠵᠣ᠂ ᠰᠢᠶᠠᠨ ᠳᠤ ᠪᠠᠶᠢᠭ᠎ᠠ ᠳᠡᠭᠡᠳᠦ | ᠰᠣᠷᠭᠠᠭᠤᠯᠢ᠂ ᠰᠣᠶᠣᠯ ᠤᠨ ᠠᠵᠣ ᠠᠬᠤᠶᠢᠯᠠᠯ ᠵᠢᠴᠢ ᠣᠷᠣᠨ ᠤ ᠲᠣᠲᠣᠭᠠᠳᠣ ᠭᠠᠳᠠᠭᠠᠳᠣ ᠶᠢᠨ ᠰᠣᠶᠣᠯ ᠣᠷᠠᠯᠢᠭ | ᠺᠢᠨᠣ᠋ ᠲᠧᠯᠸᠢᠰ ᠤᠨ ᠵᠣᠬᠢᠶᠠᠨ ᠡᠭᠦᠳᠬᠦ ᠪᠦᠯᠬᠦᠮ ᠳᠤ ᠲᠦᠰᠢᠭᠯᠡᠵᠦ᠂ ᠺᠢᠨᠣ᠋ ᠲᠧᠯᠸᠢᠰ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠣᠯᠲᠠ ᠶᠢ ᠴᠢᠩᠭᠠᠷᠠᠭᠤᠯᠵᠣ᠂ ᠵᠣᠬᠢᠶᠠᠨ ᠪᠦᠲᠦᠭᠡᠬᠦ ᠠᠭᠤᠯᠭ᠎ᠠ ᠶᠢ ᠪᠠᠶᠠᠯᠢᠭᠵᠢᠭᠤᠯᠵᠣ᠂ ᠲᠦᠮᠡᠨ | ᠪᠣᠳᠠᠰ ᠳᠣᠲᠣᠭᠠᠳᠣ ᠰᠡᠳᠬᠢᠯᠭᠡ ᠶᠢ ᠪᠢᠴᠢᠭᠯᠡᠬᠦ ᠶᠢ ᠠᠩᠬᠠᠷᠴᠣ᠂ ᠨᠢᠭᠡᠨ ᠰᠢᠷᠢᠰ ᠲᠠᠶᠢᠰᠠᠨ ᠤ ᠵᠦᠴᠦᠭᠡ᠂ ᠺᠢᠨᠣ᠋ | ᠲᠧᠯᠸᠢᠰ ᠤᠨ ᠪᠦᠲᠦᠭᠡᠯ ᠢ ᠵᠣᠬᠢᠶᠠᠨ ᠪᠦᠲᠦᠭᠡᠵᠦ᠂ ᠬᠤᠷᠢᠨᠭᠡᠷ ᠢ ᠭᠠᠳᠠᠭᠰᠢ ᠣᠬᠠᠭᠤᠯᠣᠨ᠂ ᠬᠤᠷᠢᠨᠭᠡᠷ ᠤᠨ | ᠦᠯᠢᠭᠡᠷ ᠳᠣᠮᠤᠭ ᠢ ᠰᠠᠶᠢᠲᠣᠷ ᠦᠯᠢᠭᠡᠷᠯᠡᠨᠡ᠃ ᠰᠣᠶᠣᠯ ᠣᠷᠠᠯᠢᠭ ᠢ ᠵᠣᠬᠢᠶᠠᠨ ᠪᠦᠲᠦᠭᠡᠬᠦ ᠲᠣᠰᠬᠠᠢ ᠰᠠᠭᠤᠷᠢ | ᠮᠦᠩᠭᠦ ᠶᠢ ᠪᠠᠶᠢᠭᠤᠯᠵᠣ᠂ ᠲᠤ ᠴᠧᠩ ᠽᠢ ᠬᠠᠭᠤᠴᠢ ᠰᠣᠳᠣᠯᠣᠯ ᠤᠨ ᠪᠠᠭᠤᠷᠢ ᠶᠢᠨ ᠴᠡᠴᠡᠷᠯᠢᠭ᠂ ᠰᠢᠶᠠᠨ ᠤ | ᠳᠡᠰ ᠤᠨ ᠲᠡᠥᠬᠡ ᠶᠢᠨ ᠳᠣᠷᠠᠰᠬᠠᠯᠲᠣ ᠵᠦᠢᠯᠡᠰ ᠵᠡᠷᠭᠡ ᠭᠤᠣᠯᠳᠠᠯᠭ᠎ᠠ ᠲᠠᠢ ᠲᠦᠷᠥᠯ ᠵᠦᠢᠯ ᠢ ᠵᠠᠰᠠᠨ ᠰᠡᠷᠭᠦᠭᠡᠵᠦ | ᠬᠠᠮᠠᠭᠠᠯᠠᠨ ᠨᠡᠭᠡᠭᠡᠬᠦ ᠬᠦᠴᠦᠯᠡᠴᠡ ᠪᠠᠨ ᠨᠡᠮᠡᠭᠳᠡᠭᠦᠯᠦᠨ᠎ᠡ᠃ ᠬᠥᠯ ᠪᠥᠮᠪᠦᠭᠡ ᠶᠢᠨ ᠵᠢᠵᠢᠭ ᠪᠠᠯᠭᠠᠰᠣ ᠶᠢᠨ ᠪᠦᠲᠦᠭᠡᠨ | ᠪᠠᠶᠢᠭᠤᠯᠣᠯᠲᠠ ᠶᠢ ᠯᠠᠪᠳᠠᠭᠤᠨ ᠠᠬᠢᠭᠤᠯᠵᠣ᠂ ᠲᠤᠮᠤ ᠬᠡᠯᠪᠡᠷᠢ ᠶᠢᠨ ᠲᠠᠮᠢᠷ ᠤᠨ ᠣᠷᠣᠯᠳᠣᠭᠠᠨ ᠢ ᠡᠷᠬᠢᠯᠡᠨ | ᠶᠠᠪᠣᠭᠳᠠᠭᠤᠯᠵᠣ᠂ ᠪᠦᠬᠦ ᠠᠷᠠᠳ ᠢᠶᠠᠷ ᠪᠡᠶ᠎ᠡ ᠪᠠᠨ ᠪᠣᠯᠪᠠᠰᠣᠷᠠᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ | ᠪᠦᠬᠦ ᠠᠷᠠᠳ ᠤᠨ ᠪᠡᠶ᠎ᠡ ᠲᠠᠮᠢᠷ ᠪᠣᠯᠤᠨ ᠦᠷᠢᠰᠦᠯᠳᠦᠭᠡᠨᠲᠦ ᠪᠡᠶ᠎ᠡ ᠲᠠᠮᠢᠷ ᠤᠨ ᠪᠦᠬᠦ ᠲᠠᠯ᠎ᠠ ᠶᠢᠨ ᠬᠦᠭᠵᠢᠯᠲᠡ ᠶᠢ | ᠠᠬᠢᠭᠤᠯᠣᠨ᠎ᠠ᠃ | ᠨᠡᠶᠢᠭᠡᠮ ᠤᠨ ᠶᠡᠷᠦᠩᠬᠡᠢ ᠵᠠᠰᠠᠯᠲᠠ ᠶᠢᠨ ᠡᠷᠴᠢᠮ ᠢ ᠴᠢᠩᠭᠠᠷᠠᠭᠤᠯᠣᠨ᠎ᠠ᠃ ᠬᠠᠷᠢᠶᠠᠲᠣ ᠭᠠᠵᠠᠷ ᠤᠨ | ᠬᠠᠮᠢᠶᠠᠷᠣᠯᠲᠠ᠂ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠣᠯᠲᠠ ᠪᠣᠯᠣᠨ ᠠᠵᠣ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠣ᠂ ᠡᠯ᠎ᠡ ᠠᠵᠢᠯ ᠲᠦᠷᠦᠯ᠂ ᠡᠯ᠎ᠡ ᠬᠦᠷᠢᠶ᠎ᠡ ᠴᠠᠷ᠎ᠠ ᠶᠢᠨ ᠠᠮᠣᠷ | ᠲᠦᠪᠰᠢᠨ ᠤ ᠳᠠᠯᠳᠠ ᠠᠶᠣᠯ ᠢ ᠪᠠᠶᠢᠴᠠᠭᠠᠨ ᠵᠠᠰᠠᠯᠲᠠ ᠶᠢ ᠭᠦᠨᠵᠡᠭᠡᠶᠢᠷᠡᠭᠦᠯᠵᠦ᠂ ᠣᠨᠴᠠ ᠶᠡᠭᠡ ᠠᠶᠣᠯᠬᠦᠢ | ᠦᠢᠯᠡᠳᠪᠦᠷᠢᠯᠡᠯ ᠤᠨ ᠠᠳᠡᠯ ᠡᠭᠦᠰᠬᠦ ᠶᠢ ᠬᠤᠷᠢᠭᠯᠠᠵᠣ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ | ᠠᠮᠣᠷ ᠲᠦᠪᠰᠢᠨ ᠢ ᠦᠨᠡᠨᠬᠦ ᠪᠠᠲᠣᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠠᠪᠣᠷᠠᠨ ᠲᠣᠰᠠᠯᠠᠬᠤ ᠰᠢᠰᠲ᠋ᠧᠮ ᠤᠨ | ᠪᠦᠲᠦᠭᠡᠨ ᠪᠠᠶᠢᠭᠤᠯᠣᠯᠲᠠ ᠶᠢ ᠲᠦᠷᠭᠡᠳᠬᠡᠵᠦ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢᠨ ᠪᠣᠯᠪᠠᠰᠣᠷᠠᠯ ᠢ | ᠴᠢᠩᠭᠠᠳᠬᠠᠵᠣ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠬᠠᠳᠠᠭᠠᠯᠠᠯᠲᠠ ᠶᠢ ᠲᠡᠭᠦᠯᠳᠡᠷᠵᠢᠭᠦᠯᠵᠦ᠂ | ᠪᠠᠴᠢᠮ ᠪᠠᠶᠢᠳᠠᠯ ᠢ ᠠᠷᠭᠠᠴᠠᠭᠠᠬᠤ ᠪᠣᠳᠠᠲᠣ ᠴᠢᠳᠠᠪᠣᠷᠢ ᠪᠠᠨ ᠳᠡᠭᠡᠭᠰᠢᠯᠡᠭᠦᠯᠦᠨ᠎ᠡ᠃ ︽ᠳᠣᠯᠣᠳᠣᠭᠠᠷ ᠲᠠᠪᠣᠨ ᠵᠢᠯ ︾ | ᠤᠨ ᠬᠠᠣᠯᠢ ᠴᠠᠭᠠᠴᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠣ᠂ | ᠪᠦᠬᠦ ᠰᠢᠶᠠᠨ ᠤ ᠬᠠᠣᠯᠢ ᠶᠣᠰᠣᠭᠠᠷ ᠵᠠᠰᠠᠬᠤ ᠪᠠ ᠠᠷᠠᠳᠴᠢᠯᠠᠯ ᠢ ᠬᠡᠷᠡᠭᠵᠢᠭᠦᠯᠦᠨ ᠬᠠᠣᠯᠢ ᠪᠠᠷ ᠵᠠᠰᠠᠬᠤ ᠠᠬᠢᠴᠠ ᠶᠢ | ᠶᠡᠬᠡᠪᠡᠷ ᠲᠦᠯᠬᠢᠨ ᠠᠬᠢᠭᠤᠯᠣᠨ᠎ᠠ᠃ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠣᠳᠣᠷᠢᠳᠣᠯᠭ᠎ᠠ ᠶᠢᠨ ᠵᠠᠷᠭᠤ | ᠳᠠᠭᠠᠭᠠᠴᠢᠯᠠᠬᠤ ᠳᠦᠷᠢᠮ ᠪᠣᠯᠣᠨ ᠰᠢᠶᠠᠨ ᠤ ᠳᠡᠰ ᠤᠨ ᠣᠳᠣᠷᠢᠳᠣᠯᠭ᠎ᠠ ᠶᠢᠨ ᠵᠠᠬᠢᠳᠠᠯ ᠰᠣᠷᠪᠣᠯᠵᠢᠯᠠᠭ᠎ᠠ ᠶᠢᠨ | ᠡᠳᠦᠷ ᠤᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠣᠯᠠᠨ ᠲᠦᠮᠡᠨ ᠤ ᠶᠣᠰᠣᠨ ᠳᠤ ᠨᠡᠶᠢᠴᠡᠭᠰᠡᠨ | ᠭᠤᠶᠣᠴᠢᠯᠠᠯ ᠢ ᠠᠷᠭ᠎ᠠ ᠪᠦᠬᠦᠨ ᠢ ᠰᠦᠪᠡᠭᠴᠢᠯᠡᠨ ᠰᠢᠢᠳᠪᠦᠷᠢᠯᠡᠨ ᠥᠭᠴᠦ᠂ ︽ᠨᠢᠭᠡᠳᠦᠭᠡᠷ ᠰᠡᠷᠭᠡᠶᠢᠯᠡᠯᠲᠡ ᠶᠢᠨ | ᠱᠤᠭᠤᠮ︾ ᠢ ᠪᠠᠲᠣᠵᠢᠭᠤᠯᠣᠨ ᠬᠠᠮᠠᠭᠠᠯᠠᠵᠣ ᠲᠣᠭᠲᠠᠪᠣᠷᠢᠵᠢᠭᠤᠯᠣᠨᠠ᠃ ᠨᠡᠶᠢᠭᠡᠮ ᠤᠨ ᠠᠮᠣᠷ ᠲᠦᠪᠰᠢᠨ ᠤ | ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠦᠲᠦᠭᠡᠨ ᠪᠠᠶᠢᠭᠤᠯᠣᠯᠲᠠ ᠶᠢ ᠦᠨᠡᠨᠬᠦ ᠴᠢᠩᠭᠠᠳᠬᠠᠵᠣ᠂ ᠵᠠᠬᠢᠳᠠᠯ | ᠰᠣᠷᠪᠣᠯᠵᠢᠯᠠᠭ᠎ᠠ ᠶᠢᠨ ᠲᠦᠢᠪᠡᠭᠡᠯᠭᠡ ᠵᠢᠭᠤᠷᠠᠯᠳᠣᠭᠠᠨ ᠤ ᠠᠵᠢᠯᠯᠠᠭ᠎ᠠ ᠪᠣᠯᠣᠨ ᠱᠠᠯᠢᠭ ᠵᠠᠪᠬᠠᠢ ᠵᠣᠭᠤᠰ ᠮᠦᠷᠦᠶᠢᠴᠡᠬᠦ | ᠬᠤᠣᠷ ᠫᠠᠨᠽᠠᠯᠠᠬᠤ ᠬᠠᠷ᠎ᠠ ᠪᠦᠯᠦᠭ ᠮᠡᠬᠡᠯᠡᠨ ᠠᠪᠠᠴᠢᠬᠤ ᠵᠡᠷᠭᠡ ᠬᠠᠣᠯᠢ ᠠᠴᠠ ᠵᠦᠷᠢᠴᠡᠭᠰᠡᠨ ᠶᠠᠯᠠᠲᠣ ᠠᠵᠢᠯᠯᠠᠭ᠎ᠠ ᠳᠤ | ᠬᠠᠣᠯᠢ ᠶᠣᠰᠣᠭᠠᠷ ᠴᠣᠬᠢᠯᠲᠠ ᠥᠭᠴᠦ᠂ ᠠᠷᠠᠳ ᠲᠦᠮᠡᠨ ᠤ ᠰᠠᠶᠢᠨ ᠰᠠᠶᠢᠬᠠᠨ ᠣᠷᠣᠰᠢᠨ ᠠᠮᠢᠳᠣᠷᠠᠬᠤ ᠶᠢ | ᠪᠠᠲᠣᠯᠠᠨ᠎ᠠ᠃ | ︵ᠳᠥᠷᠪᠡ︶ ᠥᠷᠭᠦᠯᠵᠢᠯᠡᠭᠦᠶᠢᠴᠡ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ | ᠂ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ︽ᠨᠣᠮᠢᠨ ᠣᠰᠤ ᠬᠦᠬᠡᠮᠳᠦᠭ ᠠᠭᠤᠯᠠ ᠪᠣᠯ ᠳᠠᠷᠣᠢ ᠠᠯᠲᠠᠨ ᠠᠭᠤᠯᠠ ᠮᠦᠩᠭᠦᠨ ᠠᠭᠤᠯᠠ ᠮᠥᠨ︾ ᠭᠡᠬᠦ | ᠬᠦᠭᠵᠢᠯᠲᠡ ᠶᠢᠨ ᠣᠨᠣᠯᠵᠢᠬᠤᠨ ᠢ ᠪᠣᠢ ᠪᠣᠯᠭᠠᠨ ᠦᠢᠯᠡᠳᠦᠯᠭᠡᠵᠢᠭᠦᠯᠵᠦ᠂ ᠬᠠᠮᠠᠭᠠᠯᠠᠬᠤ ᠪᠠ ᠬᠦᠭᠵᠢᠭᠦᠯᠬᠦ ᠶᠢ | ᠵᠡᠷᠭᠡᠪᠡᠷ ᠡᠷᠬᠢᠮᠯᠡᠬᠦ ᠶᠢ ᠪᠠᠷᠢᠮᠲᠠᠯᠠᠵᠣ᠂ ᠠᠮᠢ ᠠᠬᠤᠢ ᠶᠢᠨ ᠵᠠᠰᠠᠯᠲᠠ ᠪᠣᠯᠣᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠠᠶᠢᠲᠣᠷ ᠠᠳᠬᠤᠵᠣ᠂ ᠬᠤᠷᠢᠨᠭᠡᠷ ᠤᠨ ᠬᠥᠬᠡ ᠲᠡᠭᠷᠢ ᠨᠣᠮᠢᠨ ᠣᠰᠤ ᠶᠢ ᠡᠷᠡᠰ ᠬᠠᠮᠠᠭᠠᠯᠠᠨ᠎ᠠ᠃ | ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠪᠡᠭᠡᠵᠢᠩ᠂ ᠲᠢᠶᠠᠨᠵᠢᠨ ᠤ ᠰᠠᠯᠬᠢ ᠡᠯᠡᠰᠦᠨ ᠤ | ᠡᠬᠢ ᠶᠢᠨ ᠵᠠᠰᠠᠯᠲᠠ᠂ ᠲᠢᠶᠠᠨ ᠪᠣᠥ ᠨᠡᠶᠢᠲᠡ ᠶᠢᠨ ᠠᠰᠠᠷᠠᠮᠵᠢ ᠶᠢᠨ ᠪᠦᠲᠦᠭᠡᠨ ᠪᠠᠶᠢᠭᠤᠯᠣᠯᠲᠠ᠂ ᠣᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠵᠢᠶᠠ ᠳ᠋ᠢᠩ ᠱᠠᠨ ᠠᠭᠤᠯᠠ᠂ ᠬᠦᠬᠡᠬᠤᠲᠠ ᠠᠴᠠ ᠱᠦᠸᠧᠵᠸᠦ ᠬᠦᠷᠬᠦ ᠦᠨᠳᠦᠷ ᠬᠤᠷᠳᠣᠴᠠᠲᠣ | ᠵᠠᠰᠠᠮᠠᠯ ᠵᠠᠮ ᠤᠨ ᠨᠣᠭᠤᠭᠠᠷᠠᠭᠤᠯᠣᠯᠲᠠ ᠶᠢ ᠦᠷᠭᠦᠯᠵᠢᠯᠡᠨ ᠥᠷᠨᠢᠭᠦᠯᠵᠦ᠂ ᠪᠠᠷᠠᠭᠤᠨ ᠠᠷᠪᠠᠨ ᠲᠦᠮᠡᠨ ᠮᠦ ᠠᠮᠢ | ᠠᠬᠤᠢ ᠠᠵᠣ ᠠᠬᠤᠢ ᠶᠢᠨ ᠰᠢᠭᠤᠶᠢᠲᠣ ᠣᠷᠣᠨ ᠢ ᠬᠦᠴᠦᠯᠡᠨ ᠴᠣᠭᠴᠠᠯᠠᠵᠣ᠂ ᠪᠦᠬᠦ ᠰᠢᠶᠠᠨ ᠤ ᠺᠠᠳ᠋ᠷ ᠠᠵᠢᠯᠲᠠᠨ ᠢ | ᠦᠷᠭᠦᠯᠵᠢᠯᠡᠨ ᠵᠣᠬᠢᠶᠠᠨ ᠪᠠᠶᠢᠭᠤᠯᠵᠣ᠂ ᠠᠯᠪᠠᠨ ᠵᠢᠷᠣᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠵᠦ᠂ ᠡᠨᠡ | ᠵᠢᠯ ᠤᠨ ᠳᠣᠲᠣᠷ᠎ᠠ ᠲᠠᠷᠢᠵᠣ ᠣᠷᠭᠤᠭᠤᠯᠣᠭᠰᠠᠨ ᠣᠢ ᠰᠢᠭᠤᠢ ᠶᠢᠨ ᠲᠠᠯᠠᠪᠠᠢ ᠶᠢ 5 ᠲᠦᠮᠡᠨ ᠮᠦ ᠠᠴᠠ ᠳᠡᠭᠡᠭᠰᠢ | ᠪᠡᠶᠡᠯᠡᠭᠦᠯᠦᠨ᠎ᠡ᠃ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠯᠬᠤᠮ ᠠᠯᠬᠤᠮ ᠢᠶᠠᠷ | ᠠᠬᠢᠭᠤᠯᠵᠣ᠂ ᠭᠠᠵᠠᠷ ᠳᠣᠣᠷᠠᠬᠢ ᠤᠰᠤᠨ ᠤ ᠡᠬᠢ ᠰᠣᠷᠪᠣᠯᠵᠢ ᠶᠢᠨ ᠨᠡᠭᠡᠭᠡᠨ ᠮᠠᠯᠲᠠᠯᠲᠠ ᠶᠢ ᠪᠦᠲᠦᠮᠵᠢᠲᠡᠢ | ᠡᠵᠡᠮᠳᠡᠨ᠎ᠡ᠃ ︽ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ︾ ᠶᠢᠨ ᠳᠦᠷᠢᠮ ᠢ ᠪᠦᠬᠦ ᠲᠠᠯ᠎ᠠ ᠪᠠᠷ | ᠲᠦᠯᠬᠢᠨ ᠠᠬᠢᠭᠤᠯᠵᠣ᠂ ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠤᠰᠤᠨ ᠤ ᠪᠣᠬᠢᠷᠳᠣᠯ ᠢ ᠰᠡᠷᠭᠡᠶᠢᠯᠡᠨ ᠵᠠᠰᠠᠵᠣ᠂ | ᠤᠰᠤᠨ ᠤ ᠣᠷᠴᠢᠨ ᠠᠬᠤᠢ ᠶᠢ ᠥᠭᠡᠷᠡᠴᠢᠯᠡᠨ ᠰᠠᠶᠢᠵᠢᠷᠠᠭᠤᠯᠵᠣ᠂ ᠤᠰᠤᠨ ᠤ ᠠᠮᠢ ᠠᠬᠤᠢ ᠶᠢ ᠰᠡᠷᠭᠦᠭᠡᠨ ᠵᠠᠰᠠᠨ᠎ᠠ | ᠃ ᠬᠦᠷᠦᠰᠦ ᠰᠢᠷᠣᠢ ᠶᠢᠨ ᠪᠣᠬᠢᠷᠳᠣᠯ ᠤᠨ ᠬᠠᠮᠢᠶᠠᠷᠣᠨ ᠡᠵᠡᠮᠳᠡᠯ ᠪᠣᠯᠣᠨ ᠰᠡᠷᠭᠦᠭᠡᠨ ᠵᠠᠰᠠᠯᠲᠠ ᠶᠢ ᠴᠢᠩᠭᠠᠳᠬᠠᠵᠣ᠂ | ᠲᠠᠷᠢᠶᠠᠯᠠᠩ ᠤᠨ ᠪᠣᠬᠢᠷᠳᠣᠯ ᠤᠨ ᠲᠠᠯᠠᠪᠠᠢ ᠥᠷᠭᠡᠳᠬᠦ ᠶᠢ ᠰᠡᠷᠭᠡᠶᠢᠯᠡᠨ ᠵᠠᠰᠠᠬᠤ ᠪᠠᠨ ᠴᠢᠩᠭᠠᠷᠠᠭᠤᠯᠣᠨ᠂ ᠮᠠᠯ | ᠵᠢᠭᠦᠷᠲᠡᠨ ᠢ ᠲᠡᠵᠢᠭᠡᠨ ᠦᠷᠡᠵᠢᠭᠦᠯᠬᠦ ᠪᠣᠬᠢᠷᠳᠣᠯ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠶᠢ ᠰᠠᠶᠢᠲᠣᠷ ᠬᠢᠬᠦ | ᠬᠡᠷᠡᠭᠲᠡᠢ᠃ ᠰᠢᠯᠣᠭᠤᠳᠬᠠᠯ ᠲᠦᠭᠵᠢᠷᠡᠯ ᠢ ᠠᠳᠠᠯᠢᠬᠠᠨ ᠢᠶᠠᠷ ᠴᠢᠬᠤᠯᠠᠴᠢᠯᠠᠬᠤ ᠶᠢ ᠪᠠᠷᠢᠮᠲᠠᠯᠠᠵᠣ᠂ ᠡᠰᠢ ᠰᠦᠷᠡᠯ ᠤᠨ | ᠶᠡᠷᠦᠩᠬᠡᠶᠢᠯᠡᠨ ᠠᠰᠢᠭᠯᠠᠯᠲᠠ ᠶᠢ ᠲᠦᠷᠭᠡᠳᠬᠡᠨ ᠠᠬᠢᠭᠤᠯᠵᠣ ᠬᠠᠣᠯᠢ ᠠᠴᠠ ᠵᠦᠷᠢᠴᠡᠭᠰᠡᠨ ᠰᠢᠲᠠᠭᠠᠯᠭ᠎ᠠ ᠶᠢᠨ | ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ | ᠠᠮᠢ ᠠᠬᠤᠢ ᠶᠢᠨ ᠵᠠᠰᠠᠯᠲᠠ ᠶᠢ ᠴᠢᠩᠭᠠᠳᠬᠠᠨ᠎ᠠ᠃ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠪᠠᠷ ᠭᠤᠣᠯ ᠪᠣᠯᠭᠠᠵᠣ᠂ ᠵᠠᠰᠠᠭ ᠤᠨ ᠣᠷᠳᠣᠨ ᠢᠶᠠᠷ ᠣᠳᠣᠷᠢᠳᠣᠮᠵᠢ ᠪᠣᠯᠭᠠᠵᠤ᠂ ᠠᠵᠣ | ᠠᠬᠤᠶᠢᠯᠠᠯ ᠢᠶᠠᠷ ᠭᠤᠣᠯ ᠴᠣᠭᠴᠠ ᠪᠣᠯᠭᠠᠵᠣ᠂ ᠨᠡᠶᠢᠭᠡᠮ ᠤᠨ ᠪᠠᠶᠢᠭᠤᠯᠣᠯᠲᠠ ᠪᠣᠯᠣᠨ ᠨᠡᠶᠢᠭᠡᠮ ᠨᠡᠶᠢᠲᠡ ᠪᠠᠷ | ᠣᠷᠣᠯᠴᠠᠭᠰᠠᠨ ᠣᠷᠴᠢᠨ ᠠᠬᠤᠢ ᠶᠢᠨ ᠵᠠᠰᠠᠯᠲᠠ ᠶᠢᠨ ᠰᠢᠰᠲ᠋ᠧᠮ ᠢ ᠢᠳᠡᠪᠬᠢᠲᠡᠢ ᠴᠣᠭᠴᠠᠯᠠᠨ ᠪᠠᠶᠢᠭᠤᠯᠵᠣ᠂ | ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠣᠷᠴᠢᠨ ᠠᠬᠤᠢ ᠶᠢᠨ | ᠬᠠᠮᠠᠭᠠᠯᠠᠯᠠᠲᠠ ᠪᠣᠯᠣᠨ ᠵᠠᠰᠠᠯᠲᠠ ᠶᠢ ᠠᠬᠢᠭᠤᠯᠣᠨ᠎ᠠ᠃ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠯᠣᠰ ᠤᠨ ᠦᠮᠴᠢᠯᠡᠯᠲᠦ ᠣᠢ ᠰᠢᠭᠤᠢ ᠶᠢᠨ | ᠲᠠᠯᠠᠪᠣᠷ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠭᠤᠷᠪᠠᠳᠣᠭᠠᠷ ᠡᠲᠡᠭᠡᠳ ᠤᠨ ᠪᠣᠬᠢᠷᠳᠣᠯ ᠤᠨ | ᠵᠠᠰᠠᠯᠲᠠ ᠶᠢ ᠢᠳᠡᠪᠬᠢᠲᠡᠢ ᠠᠬᠢᠭᠤᠯᠣᠨ᠂ ᠱᠧᠩ ᠯᠧ ᠣᠳᠣ ᠦᠶ᠎ᠡ ᠶᠢᠨ ᠦᠢᠯᠡᠴᠢᠯᠡᠭᠡ ᠶᠢᠨ ᠦᠢᠯᠡᠰ ᠤᠨ | ᠲᠥᠪᠯᠡᠷᠡᠯ ᠤᠨ ᠲᠣᠭᠤᠷᠢᠭ ᠤᠨ ᠤᠰᠤᠨ ᠤ ᠦᠢᠯᠡᠳᠪᠦᠷᠢ᠂ ᠠᠮᠢᠳᠣᠷᠠᠯ ᠤᠨ ᠬᠤᠭ ᠨᠣᠪᠰᠢ ᠶᠢ ᠴᠡᠪᠡᠷᠰᠢᠭᠦᠯᠬᠦ ᠵᠢᠴᠢ | ᠲᠦᠬᠦᠷᠵᠢᠭᠰᠡᠨ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢ ᠭᠤᠣᠯᠳᠠᠯᠭ᠎ᠠ ᠲᠠᠢ ᠠᠳᠬᠤᠵᠣ᠂ ᠴᠧᠩ ᠭᠤᠸᠠᠨ | ᠪᠠᠯᠭᠠᠰᠣ ᠶᠢᠨ ᠣᠣᠭᠤᠬᠤ ᠤᠰᠤᠨ ᠤ ᠰᠢᠨ᠎ᠡ ᠤᠰᠤᠨ ᠤ ᠡᠬᠢ ᠰᠣᠷᠪᠣᠯᠵᠢ ᠶᠢᠨ ᠪᠦᠲᠦᠭᠡᠨ ᠪᠠᠶᠢᠭᠤᠯᠣᠯᠲᠠ ᠶᠢ | ᠲᠦᠷᠭᠡᠳᠬᠡᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠠᠭᠤᠷᠬᠠᠢ ᠶᠢᠨ ᠠᠵᠣ ᠠᠬᠤᠶᠢᠯᠠᠯ ᠤᠨ | ᠣᠬᠤᠷᠢᠨ ᠭᠠᠷᠬᠤ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ | ᠬᠢᠭᠡᠳ ᠠᠭᠤᠷᠬᠠᠢ ᠶᠢᠨ ᠦᠢᠯᠡᠰ ᠤᠨ ᠡᠷᠬᠡ ᠳᠠᠪᠬᠤᠴᠠᠬᠤ ᠠᠰᠠᠭᠤᠳᠠᠯ ᠢ ᠰᠠᠶᠢᠲᠣᠷ ᠰᠢᠢᠳᠪᠦᠷᠢᠯᠡᠨ᠎ᠡ᠃ | ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠣ ᠠᠬᠤᠶᠢᠯᠠᠯ ᠤᠨ ᠳᠠᠯᠳᠠ ᠠᠶᠣᠯ ᠤᠨ | ᠪᠠᠶᠢᠴᠠᠭᠠᠯᠲᠠ ᠶᠢ ᠴᠢᠩᠭᠠᠳᠬᠠᠵᠣ᠂ ᠪᠣᠬᠢᠷᠳᠣᠯ ᠤᠨ ᠵᠠᠰᠠᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠷᠢᠨ | ᠬᠢᠨᠠᠮᠠᠭᠠᠢ ᠨᠠᠶᠢᠳᠠᠪᠣᠷᠢᠵᠢᠭᠤᠯᠵᠣ᠂ ᠭᠡᠨᠡᠳᠲᠡ ᠶᠢᠨ ᠣᠷᠴᠢᠨ ᠲᠣᠭᠤᠷᠢᠨ ᠤ ᠪᠣᠬᠢᠷᠳᠣᠯ ᠤᠨ ᠠᠳᠡᠯ ᠡᠭᠦᠰᠬᠦ ᠶᠢ ᠡᠷᠡᠰ | ᠰᠡᠷᠭᠡᠶᠢᠯᠡᠨ᠎ᠡ᠃ | ᠠᠮᠢ ᠠᠬᠤᠢ ᠶᠢᠨ ᠠᠵᠣ ᠦᠢᠯᠡᠰ ᠢ ᠬᠦᠭᠵᠢᠭᠦᠯᠦᠨ᠎ᠡ᠃ ᠪᠦᠬᠦ ᠠᠷᠠᠳ ᠬᠠᠮᠲᠣ ᠪᠠᠷ ᠵᠠᠰᠠᠬᠤ᠂ ᠡᠬᠢ | ᠰᠣᠷᠪᠣᠯᠵᠢ ᠠᠴᠠ ᠨᠢ ᠰᠡᠷᠭᠡᠶᠢᠯᠡᠨ ᠵᠠᠰᠠᠬᠤ᠂ ᠡᠬᠢ ᠪᠠᠶᠠᠯᠢᠭ ᠢ ᠠᠷᠪᠢᠯᠠᠬᠤ ᠪᠠᠷ ᠣᠳᠣᠷᠢᠳᠣᠮᠵᠢ ᠪᠣᠯᠭᠠᠬᠤ ᠶᠢ | ᠪᠠᠷᠢᠮᠲᠠᠯᠠᠵᠣ᠂ ᠣᠷᠴᠢᠨ ᠲᠣᠭᠤᠷᠢᠨ ᠢ ᠬᠠᠮᠠᠭᠠᠯᠠᠬᠤ ᠠᠯᠳᠠᠭᠳᠠᠯᠲᠠᠢ ᠵᠦᠢᠯᠡᠰ ᠤᠨ ᠲᠤᠳᠤᠷᠬᠠᠶᠢᠯᠠᠬᠤ ᠬᠠᠭᠤᠳᠠᠰᠤ ᠶᠢ | ᠴᠢᠩᠭ᠎ᠠ ᠬᠡᠷᠡᠭᠵᠢᠭᠦᠯᠵᠦ᠂ ᠦᠨᠳᠦᠷ ᠬᠤᠷᠣᠭᠳᠠᠯ ᠲᠠᠢ᠂ ᠪᠣᠬᠢᠷᠳᠣᠯ ᠶᠡᠬᠡᠲᠡᠢ ᠠᠵᠢᠯ ᠲᠦᠷᠦᠯ ᠤᠨ ᠬᠦᠭᠵᠢᠯᠲᠡ ᠶᠢ | ᠡᠷᠡᠰ ᠬᠢᠵᠠᠭᠠᠷᠯᠠᠨ᠎ᠠ᠃ ᠵᠠᠬ᠎ᠠ ᠳᠡᠯᠭᠡᠭᠦᠷ ᠢᠶᠠᠷ ᠣᠳᠣᠷᠢᠳᠣᠮᠵᠢ ᠪᠣᠯᠭᠠᠭᠰᠠᠨ ᠪᠣᠬᠢᠷᠳᠣᠯ ᠦᠭᠡᠢ ᠮᠡᠷᠭᠡᠵᠢᠯ ᠤᠨ | ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠣ᠂ ᠡᠨᠧᠷᠭᠢ ᠠᠷᠪᠢᠯᠠᠵᠣ ᠣᠷᠴᠢᠨ ᠲᠣᠭᠤᠷᠢᠨ ᠢ ᠬᠠᠮᠠᠭᠠᠯᠠᠬᠤ ᠠᠵᠣ | ᠦᠢᠯᠡᠰ᠂ ᠴᠡᠪᠡᠷᠰᠢᠭᠦᠯᠬᠦ ᠦᠢᠯᠡᠳᠪᠦᠷᠢᠯᠡᠯ ᠤᠨ ᠠᠵᠣ ᠦᠢᠯᠡᠰ᠂ ᠴᠡᠪᠡᠷᠰᠢᠭᠦᠯᠬᠦ ᠡᠨᠧᠷᠭᠢ ᠶᠢᠨ ᠰᠣᠷᠪᠣᠯᠵᠢ ᠶᠢᠨ | ᠠᠵᠣ ᠦᠢᠯᠡᠰ ᠢ ᠶᠡᠬᠡᠪᠡᠷ ᠬᠦᠭᠵᠢᠭᠦᠯᠦᠨ᠎ᠡ᠃ | ︵ᠲᠠᠪᠤ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠢ ᠠᠬᠢᠭᠤᠯᠵᠣ᠂ | ᠬᠦᠭᠵᠢᠯᠲᠡ ᠶᠢᠨ ᠳᠣᠲᠣᠭᠠᠳᠣ ᠬᠦᠳᠡᠯᠭᠡᠬᠦ ᠬᠦᠴᠦᠨ ᠢ ᠬᠦᠭᠵᠢᠭᠡᠨ᠎ᠡ᠃ | ᠵᠠᠬ᠎ᠠ ᠳᠡᠯᠭᠡᠭᠦᠷ ᠢᠶᠠᠷ ᠣᠳᠣᠷᠢᠳᠣᠮᠵᠢ ᠪᠣᠯᠭᠠᠬᠤ᠂ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ᠂ ᠠᠷᠠᠳ ᠤᠨ | ᠠᠮᠢᠳᠣᠷᠠᠯ ᠢᠶᠠᠷ ᠣᠳᠣᠷᠢᠳᠣᠮᠵᠢ ᠪᠣᠯᠭᠠᠬᠤ ᠶᠢ ᠪᠠᠷᠢᠮᠲᠠᠯᠠᠵᠣ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠪᠣᠯᠣᠨ | ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠶᠢ ᠲᠠᠰᠣᠷᠠᠯᠲᠠ ᠦᠭᠡᠢ ᠭᠦᠨᠵᠡᠭᠡᠶᠢᠷᠡᠭᠦᠯᠵᠦ᠂ ᠠᠵᠣ ᠠᠬᠤᠢ ᠶᠢᠨ | ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠦᠭᠵᠢᠭᠡᠵᠦ᠂ ᠬᠦᠭᠵᠢᠯᠲᠡ ᠶᠢ ᠨᠡᠩ ᠴᠢᠨᠠᠷ ᠴᠢᠨᠰᠠᠭ᠎ᠠ | ᠲᠠᠢ᠂ ᠠᠷᠠᠳ ᠲᠦᠮᠡᠨ ᠢ ᠨᠡᠩ ᠬᠦᠷᠲᠡᠭᠡᠮᠵᠢᠲᠦ ᠰᠡᠳᠬᠢᠯᠡᠭᠡ ᠲᠠᠢ ᠪᠣᠯᠭᠠᠵᠣ᠂ ᠠᠮᠢᠵᠢᠷᠠᠯ ᠤᠨ ᠬᠦᠴᠦᠨ ᠲᠠᠢ | ᠬᠤᠷᠢᠨᠭᠡᠷ ᠢ ᠲᠦᠷᠭᠡᠳᠬᠡᠨ ᠪᠠᠶᠢᠭᠤᠯᠣᠨ᠎ᠠ᠃ | ᠬᠦᠳᠡᠭᠡ ᠲᠣᠰᠬᠤᠨ ᠤ ᠭᠠᠵᠠᠷ ᠰᠢᠷᠣᠢ ᠶᠢ ᠲᠠᠲᠠᠪᠣᠷᠢᠯᠠᠬᠤ ᠳᠦᠷᠢᠮ᠂ ᠬᠠᠮᠲᠣ ᠶᠢᠨ ᠡᠵᠡᠩᠨᠡᠯᠲᠡ ᠶᠢᠨ ᠴᠢᠨᠠᠷ | ᠲᠠᠢ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠭᠠᠵᠠᠷ ᠢ ᠵᠠᠬ᠎ᠠ ᠳᠤ ᠣᠷᠣᠭᠤᠯᠬᠤ᠂ ᠰᠢᠨ᠎ᠡ ᠬᠡᠯᠪᠡᠷᠢ ᠶᠢᠨ ᠬᠤᠲᠠ | ᠪᠠᠯᠭᠠᠰᠣᠵᠢᠯᠲᠠ ᠵᠡᠷᠭᠡ ᠣᠯᠣᠰ ᠤᠨ ᠳᠡᠰ ᠤᠨ ᠥᠭᠡᠷᠡᠴᠢᠯᠡᠯᠲᠡ ᠶᠢᠨ ᠲᠣᠷᠰᠢᠯᠲᠠ ᠶᠢᠨ ᠴᠢᠭ᠋ ᠤᠨ ᠠᠵᠢᠯ ᠢ | ᠰᠠᠶᠢᠲᠣᠷ ᠠᠳᠬᠤᠵᠣ᠂ ᠳᠠᠪᠲᠠᠭᠳᠠᠵᠤ ᠪᠣᠯᠬᠤ᠂ ᠳᠡᠯᠭᠡᠷᠡᠭᠦᠯᠵᠦ ᠪᠣᠯᠬᠤ ᠲᠣᠷᠰᠢᠯᠭ᠎ᠠ ᠶᠢ ᠴᠢᠷᠮᠠᠶᠢᠨ | ᠪᠦᠷᠢᠯᠳᠦᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠦᠷᠭᠦᠯᠵᠢᠯᠡᠨ | ᠠᠬᠢᠭᠤᠯᠵᠣ᠂ ᠬᠤᠳᠠᠯᠳᠣᠭᠠᠨ ᠤ ᠶᠠᠪᠣᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠲᠠᠪᠤᠨ | ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠣ ᠠᠬᠤᠶᠢᠯᠠᠯ ᠤᠨ ᠬᠦᠭᠵᠢᠯᠲᠡ ᠶᠢ ᠶᠡᠬᠡᠪᠡᠷ | ᠳᠡᠮᠵᠢᠵᠦ᠂ ᠡᠯ᠎ᠡ ᠲᠦᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠬᠦᠭᠵᠢᠭᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡᠨ ᠤ ᠬᠠᠮᠢᠶᠠᠷᠣᠯᠲᠠ ᠶᠢ ᠴᠢᠩᠭᠠᠳᠬᠠᠵᠣ᠂ | ᠬᠠᠳᠠᠭᠠᠯᠠᠭᠳᠠᠴᠠ ᠶᠢᠨ ᠬᠡᠮᠵᠢᠶ᠎ᠡ ᠶᠢ ᠰᠠᠶᠢᠲᠣᠷ ᠰᠢᠢᠳᠪᠦᠷᠢᠯᠡᠵᠦ᠂ ᠨᠡᠮᠡᠭᠳᠡᠭᠰᠡᠨ ᠬᠡᠮᠵᠢᠶ᠎ᠡ ᠶᠢ ᠴᠢᠩᠭ᠎ᠠ ᠡᠵᠡᠮᠳᠡᠨ᠂ | ᠥᠷᠢ ᠥᠭᠴᠡᠭᠡᠨ ᠤ ᠭᠡᠨᠡᠳᠡᠯ ᠲᠦᠭᠰᠢᠭᠦᠷᠢ ᠶᠢ ᠦᠨᠡᠨᠬᠦ ᠰᠡᠷᠭᠡᠶᠢᠯᠡᠨ᠎ᠡ᠃ ᠮᠦᠩᠭᠦᠨ ᠭᠦᠢᠯᠭᠡᠭᠡᠨ ᠤ | ᠥᠭᠡᠷᠡᠴᠢᠯᠡᠯᠲᠡ ᠶᠢᠨ ᠡᠷᠴᠢᠮ ᠢ ᠴᠢᠩᠭᠠᠳᠬᠠᠵᠣ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠳᠣ ᠴᠣᠭᠴᠠᠲᠣ | ᠠᠵᠣ ᠠᠬᠤᠢ ᠶᠢᠨ ᠴᠢᠳᠠᠪᠣᠷᠢ ᠶᠢ ᠨᠡᠮᠡᠭᠳᠡᠭᠦᠯᠵᠦ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ | ᠬᠠᠮᠲᠣᠷᠠᠯᠴᠠᠭ᠎ᠠ ᠶᠢ ᠴᠢᠩᠭᠠᠳᠬᠠᠨ᠂ ᠰᠣᠷᠭᠠᠨ ᠬᠦᠮᠦᠵᠢᠯ᠂ ᠡᠮᠴᠢᠯᠡᠭᠡ᠂ ᠵᠢᠭᠤᠯᠴᠢᠯᠠᠯ᠂ ᠬᠤᠲᠠ ᠪᠠᠯᠭᠠᠰᠣᠨ ᠤ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠵᠡᠷᠭᠡ ᠲᠠᠯ᠎ᠠ ᠪᠠᠷ ᠰᠢᠨ᠎ᠡ ᠠᠬᠢᠯᠲᠠ ᠣᠯᠬᠤ ᠪᠠᠷ ᠴᠢᠷᠮᠠᠶᠢᠨ᠎ᠠ᠃ | ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠤ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠦᠨ | ᠂ ᠡᠨᠡ ᠵᠢᠯ ᠤᠨ ᠳᠣᠲᠣᠷ᠎ᠠ ᠣᠯᠣᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠣ ᠠᠬᠤᠶᠢᠯᠠᠯ1᠂ | ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠳᠣᠯᠭᠠᠨ ᠤ | ᠬᠦᠷᠢᠶᠡᠯᠡᠩ1 ᠶᠢ ᠳᠡᠭᠡᠭᠰᠢ ᠮᠡᠳᠡᠭᠦᠯᠦᠨ ᠮᠠᠭᠠᠳᠯᠠᠨ ᠨᠤᠲᠠᠯᠠᠭᠤᠯᠬᠤ ᠪᠠᠷ ᠴᠢᠷᠮᠠᠶᠢᠵᠣ᠂ ᠲᠣᠰᠬᠠᠢ ᠠᠰᠢᠭ ᠤᠨ | ᠡᠷᠬᠡ100 ᠠᠴᠠ ᠳᠡᠭᠡᠭᠰᠢ ᠮᠡᠳᠡᠭᠦᠯᠵᠦ᠂ ᠳᠣᠰᠬᠠᠢ ᠠᠰᠢᠭ ᠤᠨ ᠡᠷᠬᠡ70 ᠣᠷᠴᠢᠮ ᠣᠯᠭᠤᠭᠤᠯᠬᠤ ᠪᠠᠷ | ᠴᠢᠷᠮᠠᠶᠢᠨ᠎ᠠ᠃ | ᠡᠮᠡᠭᠲᠡᠶᠢᠴᠦᠳ᠂ ᠬᠡᠥᠬᠡᠳ ᠪᠠᠭᠠᠴᠣᠣᠯ᠂ ᠵᠠᠯᠠᠭᠤ ᠪᠠᠭᠠᠴᠣᠣᠯ᠂ ᠤᠯᠠᠭᠠᠨ ᠵᠠᠭᠠᠯᠮᠠᠢ᠂ ᠦᠨᠳᠦᠰᠦᠲᠡᠨ | ᠱᠠᠰᠢᠨ ᠰᠤᠷᠲᠠᠬᠤᠨ᠂ ᠨᠢᠭᠲᠠᠯᠠᠨ ᠪᠣᠳᠣᠬᠤ᠂ ᠲᠤᠭ᠎ᠠ ᠪᠦᠷᠢᠳᠬᠡᠯ᠂ ᠭᠠᠳᠠᠭᠠᠳᠣ ᠶᠠᠪᠣᠳᠠᠯ᠂ ᠭᠠᠵᠠᠷ ᠬᠦᠳᠡᠯᠦᠯᠲᠡ᠂ | ᠳᠠᠩᠰᠠ ᠡᠪᠬᠡᠮᠡᠯ᠂ ᠲᠡᠥᠬᠡ ᠣᠶᠢᠯᠠᠯᠭ᠎ᠠ ᠵᠡᠷᠭᠡ ᠠᠵᠢᠯ ᠢ ᠦᠷᠭᠦᠯᠵᠢᠯᠡᠨ ᠰᠠᠶᠢᠲᠣᠷ ᠠᠳᠬᠤᠨ᠎ᠠ᠃ | ︵ᠵᠢᠷᠭᠤᠭ᠎ᠠ︶ ︽ᠳᠥᠷᠪᠡᠨ ᠣᠬᠠᠮᠰᠠᠷ︾ ᠢ ᠪᠠᠲᠣ ᠪᠠᠬᠢ ᠪᠣᠢ ᠪᠣᠯᠭᠠᠵᠣ᠂ ᠵᠠᠰᠠᠭ ᠤᠨ ᠣᠷᠳᠣᠨ ᠤ ᠲᠣᠰ | ᠪᠡᠶ᠎ᠡ ᠶᠢᠨ ᠪᠦᠲᠦᠭᠡᠨ ᠪᠠᠶᠢᠭᠤᠯᠣᠯᠲᠠ ᠶᠢ ᠦᠨᠡᠨᠬᠦ ᠴᠢᠩᠭᠠᠳᠬᠠᠨ᠎ᠠ᠃ | ᠨᠠᠮ ᠤᠨ ᠣᠯᠣᠰ ᠲᠦᠷᠥ ᠶᠢᠨ ᠵᠠᠮ ᠱᠤᠭᠤᠮ ᠢ ᠡᠷᠡᠰ ᠬᠡᠷᠡᠭᠵᠢᠭᠦᠯᠵᠦ᠂ ᠣᠯᠣᠰ ᠲᠦᠷᠥ ᠶᠢᠨ ᠰᠠᠬᠢᠯᠭ᠎ᠠ | ᠪᠠᠲᠣ ᠪᠣᠯᠣᠨ ᠣᠯᠣᠰ ᠲᠦᠷᠥ ᠶᠢᠨ ᠶᠣᠰᠣ ᠳᠦᠷᠢᠮ ᠶᠢ ᠴᠢᠩᠭ᠎ᠠ ᠵᠢᠷᠣᠮᠯᠠᠨ᠂ ᠣᠯᠣᠰ ᠲᠦᠷᠥ ᠶᠢᠨ ᠣᠬᠠᠮᠰᠠᠷ᠂ | ᠶᠡᠭᠡ ᠲᠠᠯ᠎ᠠ ᠶᠢᠨ ᠣᠬᠠᠮᠰᠠᠷ᠂ ᠭᠤᠣᠯᠯᠠᠬᠤ ᠣᠬᠠᠮᠰᠠᠷ᠂ ᠨᠢᠭᠡᠳᠦᠯᠲᠡᠢ ᠪᠠᠶᠢᠬᠤ ᠣᠬᠠᠮᠰᠠᠷ ᠢ ᠤᠯᠠᠮ ᠨᠢᠭᠡ ᠠᠯᠬᠤᠮ | ᠨᠡᠮᠡᠭᠳᠡᠭᠦᠯᠵᠦ᠂ ᠣᠯᠣᠰ ᠲᠦᠷᠥ ᠶᠢᠨ ᠵᠣᠭᠰᠣᠴᠠ᠂ ᠣᠯᠣᠰ ᠲᠦᠷᠥ ᠶᠢᠨ ᠴᠢᠭᠯᠡᠯ᠂ ᠣᠯᠣᠰ ᠲᠦᠷᠥ ᠶᠢᠨ ᠵᠠᠮ ᠮᠦᠷ | ᠳᠡᠭᠡᠷ᠎ᠡ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠵᠣ᠂ ᠨᠠᠮ ᠤᠨ ᠲᠥᠪ ᠬᠤᠷᠢᠶ᠎ᠠ᠂ ᠲᠦᠷᠥ ᠶᠢᠨ ᠶᠠᠪᠣᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠰᠢᠢᠳᠪᠦᠷᠢ ᠪᠠᠶᠢᠷᠢᠯᠠᠭᠤᠯᠣᠯᠲᠠ ᠶᠢ ᠪᠣᠲᠠᠲᠠᠢ ᠳᠤ | ᠨᠠᠶᠢᠳᠠᠪᠣᠷᠢᠵᠢᠭᠤᠯᠵᠣ᠂ ᠬᠠᠣᠯᠢ ᠪᠠᠷ ᠵᠠᠰᠠᠬᠤ ᠬᠤᠷᠢᠨᠭᠡᠷ ᠢ ᠲᠦᠷᠭᠡᠳᠬᠡᠨ ᠪᠠᠶᠢᠭᠤᠯᠣᠨ᠎ᠠ᠃ | ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠣ᠂ ᠪᠣᠳᠠᠲᠠᠢ ᠪᠠᠷ ᠠᠵᠢᠯᠯᠠᠬᠤ ᠶᠢ ᠡᠷᠬᠢᠮᠯᠡᠨ᠎ᠡ᠃ ᠪᠢᠳᠡ | ᠴᠢᠷᠮᠠᠶᠢᠨ ᠲᠡᠮᠡᠴᠡᠬᠦ ᠬᠠᠷᠢᠭᠤᠴᠠᠯᠭ᠎ᠠ ᠡᠭᠦᠷᠭᠡᠯᠡᠯ ᠢ ᠡᠭᠦᠷᠭᠡᠯᠡᠨ ᠠᠪᠴᠣ᠂ ᠠᠵᠣ ᠠᠬᠤᠢ ᠨᠡᠶᠢᠭᠡᠮ ᠤᠨ | ᠬᠦᠭᠵᠢᠯᠲᠡ ᠶᠢᠨ ᠳᠣᠪᠣᠶᠢᠮ᠎ᠠ ᠠᠰᠠᠭᠤᠳᠠᠯ ᠪᠣᠯᠣᠨ ᠬᠢᠵᠠᠭᠠᠷᠯᠠᠯ ᠳᠤ ᠵᠥᠪ ᠢᠶᠠᠷ ᠬᠠᠨᠳᠣᠵᠣ᠂ ᠬᠦᠴᠢᠷ ᠤᠨ ᠡᠮᠦᠨ᠎ᠡ | ᠡᠪᠦᠳᠦᠭ ᠨᠣᠭᠤᠷᠠᠬᠤ ᠦᠭᠡᠢ᠂ ᠴᠡᠭᠡᠵᠢ ᠳᠦᠷᠢᠨ ᠤᠷᠤᠭᠰᠢ ᠲᠡᠮᠡᠥᠯᠡᠵᠦ᠂ ᠪᠦᠬᠦ ᠬᠦᠴᠦᠨ ᠢᠶᠠᠨ ᠰᠢᠪᠬᠠᠨ | ᠦᠴᠦᠬᠡᠨ ᠴᠦ ᠬᠠᠯᠠᠰᠢᠷᠠᠬᠤ ᠦᠭᠡᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠴᠢᠷᠮᠠᠶᠢᠨ ᠲᠡᠮᠡᠴᠡᠵᠦ ᠪᠠᠶᠢᠭ᠎ᠠ | ᠳᠣᠮᠳᠠ ᠨᠡᠩ ᠶᠡᠭᠡ ᠬᠦᠭᠵᠢᠯᠲᠡ ᠶᠢ ᠪᠡᠶᠡᠯᠡᠭᠦᠯᠦᠨ᠎ᠡ᠃ ᠴᠠᠭ ᠮᠦᠴᠡ ᠶᠢ ᠵᠠᠪᠳᠣᠭᠰᠠᠨ ᠡᠷᠴᠢ ᠵᠣᠷᠢᠭ᠂ ᠬᠠᠲᠠᠭᠤ | ᠪᠡᠷᠬᠡᠰᠢᠶᠡᠯ ᠢ ᠢᠯᠠᠨ ᠳᠠᠪᠠᠳᠠᠭ ᠡᠷᠡᠯᠬᠡᠭ ᠵᠣᠷᠢᠭ ᠪᠣᠯᠣᠨ ᠡᠴᠦᠰ ᠲᠤᠨᠢ ᠲᠣᠯᠲᠠᠯ᠎ᠠ ᠲᠡᠮᠡᠴᠡᠳᠡᠭ ᠵᠣᠷᠢᠭ ᠰᠥᠰᠦ ᠶᠢ | ᠢᠮᠠᠭᠲᠠ ᠪᠠᠷᠢᠮᠲᠠᠯᠠᠵᠣ᠂ ᠵᠠᠰᠠᠭ ᠤᠨ ᠣᠷᠳᠣᠨ ᠤ ᠬᠡᠷᠡᠭᠵᠢᠭᠦᠯᠬᠦ ᠴᠢᠳᠠᠪᠣᠷᠢ ᠶᠢ ᠴᠢᠩᠭᠠᠳᠬᠠᠵᠣ᠂ ᠵᠠᠰᠠᠭ ᠤᠨ | ᠶᠠᠪᠣᠳᠠᠯ ᠤᠨ ᠰᠢᠮᠳᠠᠭᠤᠯᠣᠨ ᠪᠠᠶᠢᠴᠠᠭᠠᠯᠲᠠ ᠶᠢ ᠴᠢᠩᠭᠠᠷᠠᠭᠤᠯᠵᠣ᠂ ᠰᠡᠳᠬᠢᠯ ᠢᠶᠠᠷ ᠲᠦᠪᠯᠡᠷᠡᠭᠦᠯᠦᠨ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢᠨ ᠨᠠᠶᠢᠳᠠᠪᠣᠷᠢᠵᠢᠭᠤᠯᠬᠤ ᠶᠢ ᠰᠠᠶᠢᠲᠣᠷ ᠠᠳᠬᠤᠨ᠎ᠠ᠃ | ᠠᠷᠠᠳ ᠲᠦᠮᠡᠨ ᠳᠤ ᠦᠢᠯᠡᠴᠢᠯᠡᠬᠦ ᠶᠢ ᠴᠢᠩᠭᠠᠳᠬᠠᠵᠣ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠨ᠎ᠡ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠣᠬᠠᠮᠰᠠᠷ᠂ ᠭᠠᠵᠠᠷ ᠰᠢᠷᠣᠢ ᠪᠠᠨ ᠰᠠᠬᠢᠨ | ᠬᠠᠮᠠᠭᠠᠯᠠᠬᠤ ᠠᠵᠢᠯ ᠤᠨ ᠪᠠᠶᠢᠷᠢ ᠶᠢᠨ ᠣᠬᠠᠮᠰᠠᠷ᠂ ᠡᠷᠬᠡ ᠲᠣᠰᠢᠶᠠᠯ ᠢ ᠬᠠᠣᠯᠢ ᠪᠠᠷ ᠲᠣᠭᠲᠠᠭᠠᠵᠣ ᠪᠠᠶᠢᠭ᠎ᠠ ᠶᠢ | ᠪᠢᠰᠢᠷᠡᠨ ᠬᠦᠨᠳᠦᠳᠬᠡᠬᠦ ᠣᠬᠠᠮᠰᠠᠷ ᠢ ᠲᠠᠰᠣᠷᠠᠯᠲᠠ ᠦᠭᠡᠢ ᠴᠢᠩᠭᠠᠳᠬᠠᠵᠣ᠂ ᠠᠷᠠᠳ ᠲᠤ ᠣᠴᠢᠷ ᠰᠢᠢᠳᠪᠦᠷᠢᠯᠡᠬᠦ | ᠲᠣᠭᠲᠠᠴᠠ ᠶᠢ ᠲᠠᠰᠣᠷᠠᠯᠲᠠ ᠦᠭᠡᠢ ᠲᠡᠭᠦᠯᠳᠡᠷᠵᠢᠭᠦᠯᠵᠦ᠂ ᠤᠯᠠᠨ ᠲᠦᠮᠡᠨ ᠤ ᠳᠣᠮᠳᠠ ᠭᠦᠨᠵᠡᠭᠡᠶᠢᠷᠡᠵᠦ ᠠᠷᠠᠳ ᠤᠨ | ᠪᠠᠶᠢᠳᠠᠯ ᠢ ᠣᠶᠢᠯᠠᠭᠠᠨ᠂ ᠠᠷᠠᠳ ᠤᠨ ᠵᠤᠪᠠᠭᠤᠷᠢ ᠶᠢ ᠰᠢᠢᠳᠪᠦᠷᠢᠯᠡᠵᠦ ᠥᠭᠭᠦᠨ᠎ᠡ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠵᠠᠭᠤᠨ ᠤ ᠵᠠᠭᠤ ᠪᠠᠷ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠥᠪ ᠲᠤ ᠰᠠᠭᠤᠷᠢᠰᠢᠭᠰᠠᠨ | ᠲᠣᠬᠢᠶᠠᠯ ᠢ ᠠᠳᠬᠤᠵᠣ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢᠨ ᠴᠢᠨᠠᠷ ᠬᠤᠷᠳᠣᠴᠠ ᠶᠢ ᠳᠡᠭᠡᠭᠰᠢᠯᠡᠭᠦᠯᠬᠦ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠷ ᠡᠬᠢᠯᠡᠯᠲᠡ ᠶᠢᠨ ᠴᠡᠭ ᠢᠶᠠᠷ ᠪᠠᠶᠢᠷᠢ ᠲᠣᠭᠲᠠᠭᠠᠨ᠂ ᠦᠨᠳᠦᠷ | ᠪᠠᠷᠢᠮᠵᠢᠶ᠎ᠠ ᠪᠠᠷ ᠬᠡᠷᠡᠭᠵᠢᠭᠦᠯᠵᠦ᠂ ᠵᠠᠰᠠᠭ ᠤᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ | ᠣᠶᠠᠯᠳᠣᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠲᠦᠷᠥ ᠶᠢᠨ ᠪᠣᠳᠣᠯᠭ᠎ᠠ ᠶᠢᠨ | ᠨᠠᠶᠢᠳᠠᠪᠣᠷᠢᠵᠢᠭᠤᠯᠣᠯᠲᠠ ᠳᠠᠬᠢ ︽ᠬᠠᠮᠤᠭ ᠲᠡᠷᠢᠭᠦᠨ ᠤ ᠪᠠ ᠬᠠᠮᠤᠭ ᠰᠡᠭᠦᠯᠴᠢ ᠶᠢᠨ ᠨᠢᠭᠡ ᠺᠢᠯᠣᠮᠧᠲᠷ︾ ᠢ ᠡᠷᠡᠰ | ᠨᠡᠪᠲᠡᠷᠡᠭᠦᠯᠦᠨ᠎ᠡ᠃ | ᠬᠠᠣᠯᠢ ᠪᠠᠷ ᠵᠠᠰᠠᠬᠤ ᠣᠬᠠᠮᠰᠠᠷ ᠢᠶᠠᠨ ᠴᠢᠩᠭᠠᠳᠬᠠᠵᠣ᠂ ᠬᠠᠣᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠨ᠎ᠠ | ᠃ ᠬᠠᠣᠯᠢ ᠶᠣᠰᠣᠭᠠᠷ ᠵᠠᠰᠠᠭ ᠪᠠᠷᠢᠬᠤ ᠶᠢ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠵᠠᠷᠴᠢᠮ ᠪᠣᠯᠭᠠᠬᠤ ᠶᠢ | ᠪᠠᠷᠢᠮᠲᠠᠯᠠᠵᠣ᠂ ᠬᠠᠣᠯᠢ ᠪᠠᠷ ᠲᠣᠭᠲᠠᠭᠠᠭᠰᠠᠨ ᠡᠷᠬᠡ ᠮᠡᠳᠡᠯ ᠪᠣᠯᠣᠨ ᠶᠠᠪᠣᠴᠠ ᠶᠣᠰᠣᠭᠠᠷ ᠡᠷᠬᠡ ᠶᠢ ᠴᠢᠩᠭ᠎ᠠ ᠪᠠᠨ | ᠬᠡᠷᠡᠭᠵᠢᠭᠦᠯᠵᠦ ᠬᠠᠷᠢᠭᠤᠴᠠᠯᠭ᠎ᠠ ᠪᠠᠨ ᠬᠦᠢᠴᠡᠳᠬᠡᠨ᠎ᠡ᠃ ︽ᠴᠢᠬᠤᠯᠠ ᠶᠡᠭᠡ ᠬᠡᠷᠡᠭ ᠶᠠᠪᠤᠳᠠᠯ ᠤᠨ ᠰᠢᠢᠳᠪᠦᠷᠢ᠂ | ᠴᠢᠬᠤᠯᠠ ᠺᠠᠳ᠋ᠷ ᠤᠨ ᠲᠤᠰᠢᠶᠠᠯ ᠡᠭᠦᠷᠭᠡᠯᠡᠯ᠂ ᠴᠢᠬᠤᠯᠠ ᠲᠥᠷᠥᠯ ᠵᠦᠢᠯ ᠤᠨ ᠲᠤᠬᠢᠷᠠᠭᠤᠯᠤᠯᠲᠠ᠂ ᠶᠡᠭᠡ | ᠬᠡᠮᠵᠢᠶᠡᠨ ᠤ ᠵᠠᠷᠤᠳᠠᠯ ᠤᠨ ᠬᠡᠷᠡᠭᠯᠡᠯᠲᠡ︾ ᠶᠢᠨ ᠰᠢᠢᠳᠪᠦᠷᠢᠲᠦ ᠪᠤᠳᠤᠯᠭ᠎ᠠ ᠳᠦᠷᠢᠮ ᠲᠣᠭᠲᠠᠭᠠᠯ᠂ ᠬᠠᠣᠯᠢ | ᠴᠠᠭᠠᠴᠠ ᠶᠢᠨ ᠵᠥᠪᠯᠡᠭᠴᠢ ᠶᠢᠨ ᠳᠦᠷᠢᠮ ᠢ ᠨᠡᠶᠢᠳᠡᠮ ᠪᠠᠶᠢᠭᠤᠯᠬᠤ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠬᠠᠣᠯᠢ ᠶᠣᠰᠣᠨ ᠤ᠂ ᠠᠷᠠᠳᠴᠢᠯᠠᠯ ᠲᠠᠢ᠂ ᠰᠢᠨᠵᠢᠯᠡᠬᠦ ᠤᠬᠠᠭᠠᠨᠴᠢ | ᠪᠠᠶᠢᠬᠤ ᠶᠢ ᠪᠠᠲᠣᠯᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠴᠠ ᠶᠢᠨ ᠬᠢᠨᠠᠯᠲᠠ᠂ | ᠣᠯᠣᠰ ᠲᠦᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠣᠬᠠᠮᠰᠠᠷ ᠠᠴᠠ ᠪᠠᠨ ᠬᠦᠯᠢᠶᠡᠨ ᠠᠪᠴᠣ᠂ | ᠨᠡᠶᠢᠭᠡᠮ ᠳᠠᠶᠠᠭᠠᠷ ᠤᠨ ᠬᠢᠨᠠᠯᠲᠠ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ ᠠᠪᠴᠣ᠂ ᠬᠢᠨᠠᠨ ᠪᠠᠶᠢᠴᠠᠭᠠᠯᠲᠠ᠂ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠵᠣ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠨ ᠶᠠᠷᠢᠯᠴᠠᠭᠰᠠᠨ ᠰᠠᠨᠠᠯ ᠪᠣᠯᠣᠨ ᠲᠦᠯᠦᠭᠡᠯᠡᠭᠴᠢᠳ ᠤᠨ ᠰᠠᠨᠠᠭᠤᠯᠭ᠎ᠠ᠂ | ᠣᠯᠣᠰ ᠲᠦᠷᠥ ᠶᠢᠨ ᠵᠥᠪᠯᠡᠯᠭᠡᠨ ᠤ ᠭᠡᠰᠢᠭᠦᠳ ᠤᠨ ᠳᠣᠷᠠᠳᠣᠯᠭ᠎ᠠ ᠶᠢ ᠬᠢᠨᠠᠮᠠᠭᠠᠢ ᠰᠢᠢᠳᠪᠦᠷᠢᠯᠡᠨ᠂ ᠲᠦᠯᠦᠭᠡᠯᠡᠭᠴᠢ | ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠬᠦᠴᠦᠨ ᠢᠶᠠᠷ ᠳᠡᠮᠵᠢᠨ᠎ᠡ᠃ | ᠶᠣᠰᠣ ᠳᠦᠷᠢᠮ ᠤᠨ ᠣᠬᠠᠮᠰᠠᠷ ᠢ ᠴᠢᠩᠭᠠᠳᠬᠠᠵᠣ᠂ ᠠᠷᠢᠭᠤᠨ ᠴᠢᠭᠡᠴᠢ ᠵᠠᠰᠠᠭ ᠤᠨ ᠣᠷᠳᠣᠨ ᠢ ᠪᠦᠲᠦᠭᠡᠨ | ᠪᠠᠶᠢᠭᠤᠯᠣᠨ᠎ᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ | ᠬᠥᠮᠦᠵᠢᠯ ᠤᠨ ᠠᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ᠵᠠᠰᠠᠭ ᠤᠨ | ᠣᠷᠳᠣᠨ ᠤ ᠰᠠᠯᠠᠭ᠎ᠠ ᠮᠦᠴᠢᠷ ᠤᠨ ︽ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠰᠠᠬᠢᠯᠭ᠎ᠠ ᠪᠠᠲᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠣ᠂ ᠰᠣᠷᠲᠠᠯ ᠢ ᠴᠡᠭᠴᠡᠯᠡᠵᠦ ᠰᠠᠬᠢᠯᠭ᠎ᠠ ᠪᠠᠲᠤ ᠶᠢ ᠴᠢᠩᠭ᠎ᠠ ᠰᠠᠬᠢᠵᠣ᠂ | ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶᠢᠷᠡᠨ | ᠲᠣᠣᠱᠯᠠᠭᠤᠯᠵᠣ᠂ ︽ᠳᠥᠷᠪᠡᠨ ᠰᠣᠷᠲᠠᠯ︾ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠣ᠂ ᠠᠯᠵᠠᠭᠤ | ᠬᠤᠶᠢᠷᠭᠤ ᠵᠠᠰᠠᠭ ᠤᠨ ᠦᠢᠯᠡ ᠠᠵᠢᠯᠯᠠᠭ᠎ᠠ ᠶᠢ ᠡᠷᠡᠰ ᠰᠢᠭᠤᠷᠬᠠᠢ ᠴᠢᠩᠭ᠎ᠠ ᠴᠡᠭᠴᠡᠯᠡᠨ᠂ ᠬᠠᠷᠢᠭᠤᠴᠠᠨ ᠠᠵᠢᠯᠯᠠᠬᠤ | ᠳᠣᠷ᠎ᠠ ᠦᠭᠡᠢ᠂ ᠦᠯᠦ ᠬᠠᠷᠢᠭᠤᠴᠠᠨ ᠠᠵᠢᠯᠯᠠᠬᠤ᠂ ᠲᠠᠪᠠ ᠪᠠᠷ ᠬᠠᠷᠢᠭᠤᠴᠠᠨ ᠠᠵᠢᠯᠯᠠᠬᠤ ᠶᠢ ᠡᠷᠡᠰ ᠵᠠᠯᠠᠷᠠᠭᠤᠯᠣᠨ᠎ᠠ᠃ | ᠪᠠᠴᠢᠭᠤ ᠠᠮᠢᠳᠣᠷᠠᠯ ᠥᠩᠭᠡᠷᠡᠭᠦᠯᠬᠦ ᠶᠢ ᠪᠠᠷᠢᠮᠲᠠᠯᠠᠵᠣ᠂ ᠪᠠᠶᠢᠭᠤᠯᠣᠮᠵᠢ᠂ ᠬᠦᠮᠦᠨ ᠤ ᠣᠷᠣᠨ ᠲᠤᠭ᠎ᠠ ᠶᠢ ᠴᠢᠩᠭ᠎ᠠ | ᠡᠵᠡᠮᠳᠡᠵᠦ᠂ ︽ᠭᠤᠷᠪᠠᠨ ᠠᠯᠪᠠᠨ ᠤ ᠵᠠᠷᠣᠳᠠᠯ︾ ᠢ ᠬᠠᠰᠣᠭᠳᠠᠭᠤᠯᠬᠤ ᠠᠴᠠ ᠪᠢᠰᠢ ᠨᠡᠮᠡᠭᠳᠡᠭᠦᠯᠬᠦ ᠦᠭᠡᠢ ᠪᠠᠶᠢᠵᠣ᠂ | ᠵᠠᠰᠠᠭ ᠵᠠᠬᠢᠷᠭᠠᠨ ᠤ ᠥᠪᠡᠷ ᠤᠨ ᠦᠷᠲᠡᠭ ᠢ ᠴᠢᠷᠮᠠᠶᠢᠨ ᠪᠠᠭᠤᠷᠠᠭᠤᠯᠵᠣ᠂ ᠬᠢᠵᠠᠭᠠᠷᠲᠠᠢ ᠪᠡᠯᠡ ᠮᠦᠩᠭᠦ ᠶᠢ ᠠᠵᠣ | ᠠᠬᠤᠢ ᠶᠢ ᠬᠦᠭᠵᠢᠭᠦᠯᠬᠦ ᠪᠠ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃ ᠳᠦᠷᠢᠮ ᠤᠨ | ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠳᠦᠷᠢᠮ ᠢᠶᠠᠷ ᠡᠷᠬᠡ ᠶᠢ ᠬᠠᠮᠢᠶᠠᠷᠴᠣ ᠬᠡᠷᠡᠭ ᠣᠴᠢᠷ ᠢ ᠬᠠᠮᠢᠶᠠᠷᠴᠣ | ᠬᠦᠮᠦᠨ ᠢ ᠬᠠᠮᠢᠶᠠᠷᠬᠤ ᠶᠢ ᠪᠠᠷᠢᠮᠲᠠᠯᠠᠨ᠂ ᠡᠷᠬᠡ ᠶᠢ ᠨᠠᠷᠠᠨ ᠭᠡᠷᠡᠯ ᠤᠨ ᠳᠣᠣᠷ᠎ᠠ ᠠᠵᠢᠯᠯᠠᠭᠤᠯᠬᠤ ᠶᠢ ᠪᠠᠷᠢᠮᠲᠠᠯᠠᠵᠣ᠂ | ᠬᠡᠪ ᠰᠣᠷᠲᠠᠯ ᠲᠥᠪ ᠴᠢᠭᠡᠴᠢ ᠣᠯᠣᠰ ᠲᠦᠷᠥ ᠶᠢᠨ ᠠᠮᠢ ᠠᠬᠤᠢ ᠶᠢ ᠪᠦᠲᠦᠭᠡᠨ ᠪᠠᠶᠢᠭᠤᠯᠵᠣ᠂ ᠺᠠᠳ᠋ᠷ ᠨᠢ ᠲᠥᠪ | ᠭᠤᠣᠯᠴᠢ᠂ ᠵᠠᠰᠠᠭ ᠤᠨ ᠣᠷᠳᠣᠨ ᠨᠢ ᠲᠥᠪ ᠴᠢᠭᠡᠴᠢ᠂ ᠣᠯᠣᠰ ᠲᠦᠷᠥ ᠨᠢ ᠢᠯᠡ ᠲᠣᠳᠣ ᠪᠠᠶᠢᠬᠤ ᠶᠢ | ᠪᠡᠶᠡᠯᠡᠭᠦᠯᠦᠨ᠎ᠡ᠃ | ᠰᠢᠨ᠎ᠡ ᠴᠠᠭ ᠦᠶ᠎ᠡ ᠳᠤ ᠠᠯᠬᠤᠨ ᠣᠷᠣᠵᠣ᠂ ᠰᠢᠨ᠎ᠡ ᠠᠶᠠᠨ ᠵᠠᠮ ᠡᠬᠢᠯᠡᠭᠰᠡᠨ ᠪᠠᠶᠢᠨ᠎ᠠ᠃ ᠲᠦᠯᠦᠭᠡᠯᠡᠭᠴᠢᠳ | ᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠢᠳᠡᠨ ᠳᠤ ᠠᠭᠤᠣ ᠶᠡᠭᠡ ᠬᠦᠰᠡᠯᠡᠩ ᠢ ᠵᠢᠷᠣᠭᠯᠠᠨ ᠥᠭᠴᠦ᠂ | ᠠᠭᠤᠣ ᠶᠡᠭᠡ ᠠᠵᠢᠯ ᠦᠢᠯᠡᠰ ᠤᠨ ᠰᠢᠨ᠎ᠡ ᠴᠠᠭ ᠦᠶ᠎ᠡ ᠶᠢ ᠨᠡᠭᠡᠭᠡᠨ ᠥᠭᠴᠦ᠂ ᠠᠭᠤᠣ ᠶᠡᠭᠡ ᠬᠦᠭᠵᠢᠯᠲᠡ ᠶᠢᠨ | ᠰᠢᠨ᠎ᠡ ᠠᠶᠠᠨ ᠵᠠᠮ ᠢ ᠭᠡᠷᠡᠯᠳᠦᠭᠦᠯᠵᠦ᠂ ᠪᠠᠶᠢᠯᠳᠣᠬᠤ ᠪᠣᠳᠣᠯᠭ᠎ᠠ ᠶᠢᠨ ᠡᠬᠢᠯᠡᠯᠲᠡ ᠨᠢ ᠳᠣᠰᠬᠠᠭᠰᠠᠨ ᠭᠠᠵᠠᠷ ᠳᠠᠭᠤ | ᠲᠠᠢ᠂ ᠦᠷᠢᠰᠦᠯᠳᠦᠭᠡᠨ ᠤ ᠳᠣᠮᠳᠠ ᠡᠷᠡᠯᠬᠡᠭᠯᠡᠨ ᠤᠷᠤᠭᠰᠢᠯᠠᠵᠣ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ | ᠰᠠᠨᠠᠭ᠎ᠠ ᠪᠠᠷ ᠵᠢᠯᠣᠭᠤᠳᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ | ᠣᠳᠣᠷᠢᠳᠣᠯᠭ᠎ᠠ ᠳᠣᠣᠷ᠎ᠠ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩᠭ᠎ᠠ ᠲᠦᠰᠢᠭᠯᠡᠨ᠂ | ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠡᠰ ᠵᠣᠷᠢᠭᠲᠠᠢ ᠪᠠᠷ | ᠴᠢᠷᠮᠠᠶᠢᠨ ᠣᠷᠣᠭᠰᠢᠯᠠᠵᠣ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠨ᠂ ︽ᠦᠵᠡᠰᠭᠦᠯᠡᠩᠲᠦ ᠰᠠᠶᠢᠬᠠᠨ ᠥᠪᠥᠷ | ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤᠪᠡᠷ ᠲᠡᠷᠭᠡᠯᠰᠢᠭᠦᠯᠬᠦ︾ | ᠪᠣᠲᠠᠲᠣ ᠦᠢᠯᠡᠳᠦᠯᠭᠡ ᠳᠤ ᠢᠳᠡᠪᠬᠢᠲᠡᠢ ᠣᠷᠣᠯᠴᠠᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ | ᠪᠦᠲᠦᠭᠡᠬᠦ ᠰᠢᠢᠳᠪᠦᠷᠢᠲᠦ ᠢᠯᠠᠯᠲᠠ ᠶᠢ ᠣᠯᠵᠣ᠂ ᠣᠳᠣᠬᠢᠴᠢᠯᠠᠭᠰᠠᠨ ᠬᠤᠷᠢᠨᠭᠡᠷ ᠤᠨ ᠰᠢᠨ᠎ᠡ ᠠᠶᠠᠨ ᠵᠠᠮ ᠢ ᠪᠦᠬᠦ | ᠲᠠᠯ᠎ᠠ ᠪᠠᠷ ᠨᠡᠭᠡᠭᠡᠬᠦ ᠤᠨ ᠲᠦᠯᠥᠭᠡ ᠴᠢᠷᠮᠠᠶᠢᠨ ᠲᠡᠮᠡᠴᠡᠵᠡᠭᠡᠶ᠎ᠡ︕ |