| ᠵᠣᠴᠢᠨ᠄ ᠬᠥᠬᠡᠬᠤᠲᠠ ᠶᠢᠨ ᠠᠵᠤ ᠠᠬᠤᠢ ᠮᠡᠳᠡᠭᠡ ᠵᠠᠩᠭᠢᠴᠢᠯᠠᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠭᠥᠸᠧ | ᠶᠥᠩ ᠽᠠᠢ᠂ ᠠᠵᠤ ᠠᠬᠤᠢ ᠶᠢᠨ ᠡᠷᠭᠢᠯᠲᠡ ᠶᠢᠨ ᠰᠠᠯᠠᠭ᠎ᠠ ᠶᠢᠨ ᠰᠠᠯᠠᠭᠠᠨ ᠳᠠᠷᠤᠭ᠎ᠠ ᠵᠠᠩ ᠫᠧᠩ | | ︹ ᠬᠠᠮᠢᠶᠠᠷᠤᠭᠴᠢ ︺ ᠲᠤᠰ ᠤᠳᠠᠭᠠᠨ ᠤ ᠰᠤᠷᠪᠤᠯᠵᠢᠯᠠᠭ᠎ᠠ ᠶᠢ ᠬᠥᠬᠡᠬᠤᠲᠠ ᠶᠢᠨ ᠵᠠᠰᠠᠭ ᠤᠨ ᠣᠷᠳᠣᠨ ᠤ | ᠰᠥᠯᠵᠢᠶ᠎ᠡ ᠪᠠ ᠬᠥᠬᠡᠬᠤᠲᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ | ᠨᠡᠪᠲᠡᠷᠡᠭᠦᠯᠭᠡ ᠠᠴᠠ ᠬᠠᠮᠲᠤᠷᠠᠨ ᠡᠷᠬᠢᠯᠡᠪᠡ᠃ ᠰᠦᠯᠵᠢᠶᠡᠨ ᠤ ᠨᠥᠬᠦᠳ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠮᠠᠨ ᠤ ᠰᠡᠳᠦᠪ ᠲᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ︹ ᠬᠥᠲᠥᠯᠥᠭᠴᠢ ︺ ᠶᠡᠷᠥᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠬᠤᠷᠠᠯ ᠤᠨ | ᠮᠡᠳᠡᠭᠦᠯᠦᠯᠲᠡ ᠳᠡᠭᠡᠨ ᠮᠠᠨ ᠤ ᠤᠯᠤᠰ ᠤᠨ ᠠᠵᠤ ᠠᠬᠤᠢ ᠨᠢᠭᠡᠨᠲᠡ ᠦᠨᠳᠦᠷ ᠬᠤᠷᠳᠤᠴᠠᠲᠤ ᠥᠰᠥᠯᠲᠡ ᠶᠢᠨ | ᠱᠠᠲᠤ ᠠᠴᠠ ᠦᠨᠳᠦᠷ ᠴᠢᠨᠰᠠᠭᠠᠲᠤ ᠬᠥᠭᠵᠢᠯᠲᠡ ᠶᠢᠨ ᠱᠠᠲᠤᠨ ᠳᠤ ᠰᠢᠯᠵᠢᠨ ᠣᠷᠣᠪᠠ ᠭᠡᠵᠦ ᠲᠣᠳᠣᠷᠬᠠᠢ ᠵᠢᠭᠠᠨ | ᠭᠠᠷᠭᠠᠭᠰᠠᠨ ᠪᠢᠯᠡ᠃ ᠬᠥᠬᠡᠬᠤᠲᠠ ᠨᠢ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠲᠥᠪ | ᠪᠣᠯᠣᠭᠰᠠᠨ ᠤ ᠬᠤᠪᠢ ᠳᠤ ᠠᠵᠤ ᠦᠢᠯᠡᠳᠪᠦᠷᠢ ᠶᠢᠨ ᠠᠵᠣ ᠠᠬᠤᠢ ᠶᠢᠨ ᠦᠨᠳᠦᠷ ᠴᠢᠨᠰᠠᠭᠠᠲᠤ ᠬᠥᠭᠵᠢᠯᠲᠡ ᠶᠢ | ᠲᠦᠯᠬᠢᠨ ᠠᠬᠢᠭᠤᠯᠬᠤ ᠨᠢ ᠮᠠᠨ ᠤ ᠬᠤᠲᠠ ᠶᠢᠨ ᠢᠷᠡᠭᠡᠳᠦᠢ ᠶᠢᠨ ᠬᠡᠳᠦᠨ ᠵᠢᠯ ᠤᠨ ᠠᠵᠤ ᠠᠬᠤᠢ ᠶᠢᠨ | ᠬᠥᠭᠵᠢᠯᠲᠡ ᠶᠢᠨ ᠴᠢᠬᠤᠯᠠ ᠡᠭᠦᠷᠭᠡ ᠪᠣᠯᠬᠤ ᠶᠤᠮ᠃ | ︹ ᠬᠥᠲᠥᠯᠥᠭᠴᠢ ︺ ᠮᠠᠨ ᠤ ᠬᠤᠲᠠ ᠶᠢᠨ ᠣᠳᠣᠬᠢ ᠠᠵᠤ ᠦᠢᠯᠡᠳᠪᠦᠷᠢ ᠶᠢᠨ ᠠᠵᠣ ᠠᠬᠤᠢ ᠶᠢᠨ | ᠬᠥᠭᠵᠢᠯᠲᠡ ᠶᠢᠨ ᠪᠠᠶᠢᠳᠠᠯ ᠶᠠᠮᠠᠷ ᠵᠡᠷᠭᠡ ᠪᠤᠢ︖ | ︹ ᠵᠣᠴᠢᠨ ︺ ᠣᠷᠴᠢᠮ ᠤᠨ ᠵᠢᠯ ᠤᠳ ᠲᠤ᠂ ᠬᠥᠬᠡᠬᠤᠲᠠ ᠶᠢᠨ ᠠᠵᠤ ᠦᠢᠯᠡᠰ ᠤᠨ ᠬᠥᠭᠵᠢᠯᠲᠡ ᠨᠢ | ᠠᠵᠤ ᠠᠬᠤᠢ᠂ ᠨᠡᠶᠢᠬᠡᠮ ᠤᠨ ᠳᠠᠰᠤᠷᠠᠯᠲᠠ ᠦᠭᠡᠢ ᠬᠥᠭᠵᠢᠯᠲᠡ ᠶᠢ ᠳᠠᠭᠠᠯᠳᠤᠨ ᠴᠢᠨᠠᠷ ᠤᠨ ᠦᠰᠦᠷᠦᠯᠲᠡ ᠲᠠᠢ | ᠪᠣᠯᠪᠠ᠃ 2017 ᠣᠨ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠲᠣᠭᠲᠠᠭᠤᠨ ᠤ | ᠳᠣᠮᠳᠠ ᠤᠷᠤᠭᠰᠢᠯᠠᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠠᠷᠭ᠎ᠠ ᠪᠥᠬᠦᠨ ᠢ ᠰᠦᠪᠡᠭᠴᠢᠯᠡᠨ ᠨᠡᠮᠡᠭᠳᠡᠯ ᠢ | ᠲᠣᠭᠲᠠᠭᠤᠨ ᠪᠠᠶᠢᠯᠭᠠᠵᠤ᠂ ᠪᠥᠬᠦ ᠬᠦᠴᠦ ᠪᠠᠷ ᠢᠶᠠᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠭᠠᠳ ᠪᠥᠬᠦ | ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠲᠣᠭᠲᠠᠭᠤᠨ ᠢᠶᠠᠷ ᠤᠷᠤᠭᠰᠢᠯᠠᠨ | ᠳᠠᠪᠰᠢᠭᠤᠯᠵᠤ ᠲᠣᠭᠲᠠᠭᠤᠨ ᠢᠶᠠᠷ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠭᠰᠡᠨ ᠰᠠᠶᠢᠨ ᠰᠠᠶᠢᠬᠠᠨ ᠪᠠᠶᠢᠳᠠᠯ ᠢ ᠪᠤᠢ | ᠪᠣᠯᠭᠠᠵᠤ᠂ ᠠᠵᠤ ᠦᠢᠯᠡᠳᠪᠦᠷᠢ ᠶᠢᠨ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠢᠯᠡᠳᠳᠡ | ᠠᠮᠵᠢᠯᠲᠠ ᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠪᠥᠬᠦ ᠵᠢᠯ ᠤᠨ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ 1346.8 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠠᠴᠠ 10.2 % ᠢᠶᠠᠷ ᠨᠡᠮᠡᠭᠳᠡᠵᠦ᠂ ᠣᠷᠴᠢᠮ ᠤᠨ ᠭᠤᠷᠪᠠᠨ ᠵᠢᠯ ᠳᠤ ᠠᠳᠠᠯᠢ ᠬᠤᠭᠤᠴᠠᠭᠠᠨ ᠤ | ᠥᠰᠥᠯᠲᠡ ᠪᠠᠷ ᠬᠠᠮᠤᠭ ᠬᠤᠷᠳᠤᠨ ᠪᠠᠶᠢᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠥᠩᠬᠡᠢ ᠬᠡᠮᠵᠢᠶ᠎ᠡ ᠪᠠᠷ | ᠣᠷᠣᠨ ᠤ ᠡᠮᠥᠨ᠎ᠡ ᠭᠤᠷᠪᠠ ᠳᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠲᠡᠭ 6.1 % ᠢᠶᠠᠷ ᠨᠡᠮᠡᠭᠳᠡᠵᠦ᠂ ᠪᠥᠬᠦ ᠣᠷᠣᠨ ᠤ ᠳᠤᠮᠳᠠᠴᠢ ᠲᠦᠪᠰᠢᠨ ᠠᠴᠠ 3 ᠵᠠᠭᠤᠨ ᠤ ᠴᠡᠭ ᠳᠠᠪᠠᠵᠤ | ᠣᠷᠣᠨ ᠤ ᠲᠡᠷᠢᠭᠦᠨ ᠪᠠᠶᠢᠷᠢᠨ ᠳᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ 15 ᠨᠡᠮᠡᠭᠳᠡᠵᠦ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠠᠵᠤ ᠠᠬᠤᠢ ᠶᠢᠨ ᠦᠷ᠎ᠡ ᠠᠰᠢᠭ᠂ | ᠨᠡᠷᠡᠲᠦ ᠲᠡᠮᠲᠡᠭᠲᠦ ᠶᠢᠨ ᠦᠢᠯᠡᠳᠦᠯ ᠪᠠ ᠪᠣᠬᠢᠷᠳᠠᠯ ᠦᠭᠡᠢ ᠶᠢᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ | ᠪᠢᠳᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠰᠢᠭᠤᠯᠤᠯᠲᠠ ᠶᠣᠰᠣᠭᠠᠷ᠂ ︽ | ᠬᠥᠬᠡᠬᠤᠲᠠ ᠶᠢᠨ ᠠᠵᠤ ᠠᠬᠤᠢ ᠪᠣᠯᠣᠨ ᠮᠡᠳᠡᠭᠡ ᠵᠠᠩᠭᠢᠴᠢᠯᠠᠯᠲᠠ ᠶᠢᠨ ᠵᠥᠪᠯᠡᠯ ᠤᠨ ᠠᠵᠤ ᠦᠢᠯᠡᠳᠪᠦᠷᠢ ᠶᠢᠨ ᠠᠵᠣ | ᠠᠬᠤᠢ ᠶᠢᠨ ᠦᠨᠳᠦᠷ ᠴᠢᠨᠰᠠᠭᠠᠲᠤ ᠬᠥᠭᠵᠢᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠶᠢ ᠬᠡᠷᠡᠭᠵᠢᠭᠦᠯᠬᠦ | ᠲᠥᠰᠥᠯ︾ ᠢ ᠲᠣᠭᠲᠠᠭᠠᠵᠤ᠂ ᠠᠵᠤ ᠦᠢᠯᠡᠳᠪᠦᠷᠢ ᠪᠠᠷ ᠬᠤᠲᠠ ᠶᠢ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠪᠠᠷ ᠪᠣᠳᠠᠲᠤ ᠴᠣᠭᠴᠠᠲᠤ ᠠᠵᠤ ᠠᠬᠤᠢ ᠢ ᠬᠥᠭᠵᠢᠭᠦᠯᠬᠦ ᠶᠢ ᠲᠦᠯᠬᠢᠨ ᠬᠡᠷᠡᠭᠵᠢᠭᠦᠯᠬᠦ ᠪᠠᠷ ᠳᠠᠮᠵᠢᠵᠤ᠂ | ᠠᠵᠤ ᠦᠢᠯᠡᠰ ᠤᠨ ᠪᠦᠲᠦᠴᠡ ᠶᠢ ᠬᠤᠪᠢᠷᠠᠭᠤᠯᠵᠤ ᠲᠡᠰ ᠳᠡᠪᠰᠢᠭᠦᠯᠬᠦ ᠶᠢ ᠲᠦᠯᠬᠢᠨ ᠠᠬᠢᠭᠤᠯᠬᠤ ᠶᠢ ᠭᠤᠣᠯᠳᠠᠯᠭ᠎ᠠ | ᠪᠣᠯᠭᠠᠵᠤ᠂ ᠰᠢᠨ᠎ᠡ ᠠᠵᠤ ᠦᠢᠯᠡᠰ᠂ ᠰᠢᠨ᠎ᠡ ᠬᠥᠳᠡᠯᠭᠡᠬᠦ ᠬᠦᠴᠦ᠂ ᠰᠢᠨ᠎ᠡ ᠨᠡᠮᠡᠭᠳᠡᠯ ᠲᠦᠢᠯ ᠢ ᠶᠡᠬᠡᠪᠡᠷ | ᠪᠤᠶᠢᠵᠢᠭᠤᠯᠵᠤ᠂ ᠣᠷᠣᠨ ᠤ ᠲᠥᠪ ᠪᠦᠬᠦᠢ ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠳᠪᠦᠷᠢᠯᠡᠯ ᠤᠨ | ᠰᠢᠰᠲ᠋ᠧᠮᠵᠢ ᠶᠢ ᠪᠦᠷᠢᠯᠳᠦᠭᠦᠯᠦᠨ᠎ᠡ᠃ | ︹ ᠬᠥᠲᠥᠯᠥᠭᠴᠢ ︺ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠦᠨᠳᠦᠷ ᠴᠢᠨᠰᠠᠭᠠᠲᠤ | ᠬᠦᠭᠵᠢᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠲᠠᠯ᠎ᠠ ᠪᠠᠷ ᠮᠠᠨ ᠤ ᠠᠵᠢᠯ ᠤᠨ ᠭᠤᠣᠯ ᠰᠡᠳᠬᠢᠮᠵᠢ | ᠶᠠᠭᠤ ᠪᠣᠢ︖ | ︹ ᠵᠣᠴᠢᠨ ︺ ︽ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠴᠢᠯᠦᠭᠡᠲᠡᠢ᠂ | ᠬᠠᠮᠲᠤ ᠪᠠᠷ ᠡᠳ᠋ᠯᠡᠬᠦ︾ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢ ᠭᠤᠶᠢᠪᠢᠰᠢ ᠦᠭᠡᠢ ᠵᠢᠷᠤᠮᠯᠠᠨ᠂ | ᠬᠠᠩᠭᠠᠯᠭ᠎ᠠ ᠶᠢᠨ ᠰᠢᠰᠲ᠋ᠧᠮᠵᠢ ᠶᠢᠨ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠳᠣᠲᠣᠭᠠᠳᠤ | ᠬᠥᠳᠡᠯᠭᠡᠬᠦ ᠬᠦᠴᠦᠨ ᠢ ᠤᠷᠮᠠᠰᠢᠭᠤᠯᠬᠤ ᠪᠠ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ | ᠪᠠᠷᠢᠮᠲᠠᠯᠠᠵᠤ᠂ ᠦᠢᠯᠡᠳᠬᠦ ᠦᠢᠯᠡᠰ ᠤᠨ ᠬᠥᠭᠵᠢᠨ ᠮᠠᠨᠳᠤᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠨᠡᠮᠡᠭᠳᠡᠯ ᠤᠨ ᠬᠡᠮᠵᠢᠶ᠎ᠡ ᠶᠢᠨ ᠦᠰᠦᠷᠦᠯᠲᠡ ᠪᠠ ᠨᠥᠭᠡᠴᠡ ᠶᠢᠨ ᠬᠤᠪᠢᠰᠤᠯᠲᠠ ᠶᠢ ᠵᠡᠷᠭᠡ ᠳᠤ ᠨᠢ ᠬᠥᠭᠵᠢᠭᠦᠯᠬᠦ ᠶᠢ | ᠪᠠᠷᠢᠮᠲᠠᠯᠠᠵᠤ᠂ ᠰᠢᠨ᠎ᠡ ᠬᠠᠭᠤᠴᠢᠨ ᠬᠥᠳᠡᠯᠭᠡᠬᠦ ᠬᠦᠴᠦ ᠶᠢ ᠯᠠᠪᠳᠠᠭᠤᠨ ᠵᠠᠯᠭᠠᠭᠤᠯᠤᠨ᠎ᠠ᠃ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠪᠠ ᠪᠡᠯᠡ ᠣᠷᠤᠭᠤᠯᠤᠯᠲᠠ ᠪᠠᠷ ᠤᠷᠤᠭᠰᠢ ᠲᠠᠲᠠᠬᠤ ᠶᠢ ᠤᠶᠠᠯᠳᠤᠭᠤᠯᠤᠨ ᠠᠵᠤ | ᠦᠢᠯᠡᠳᠪᠦᠷᠢ ᠶᠢᠨ ᠠᠵᠤ ᠠᠬᠤᠢ ᠶᠢᠨ ᠲᠣᠭᠲᠠᠪᠤᠷᠢᠲᠤ ᠬᠥᠭᠵᠢᠯᠲᠡ ᠶᠢ ᠪᠡᠶᠡᠯᠡᠭᠦᠯᠦᠨ᠎ᠡ᠃ ᠠᠵᠤ ᠦᠢᠯᠡᠰ ᠤᠨ | ᠬᠥᠭᠵᠢᠯᠲᠡ ᠪᠣᠯᠣᠨ ᠠᠮᠤᠷ ᠲᠥᠪᠰᠢᠨ ᠪᠣᠬᠢᠷᠲᠤᠯ ᠦᠭᠡᠢ ᠶᠢ ᠬᠠᠮᠲᠤ ᠳᠤ ᠨᠢ ᠪᠠᠷᠢᠮᠲᠠᠯᠠᠵᠤ᠂ ᠠᠵᠤ ᠠᠬᠤᠢ ᠶᠢᠨ | ᠦᠷ᠎ᠡ ᠠᠰᠢᠭ ᠪᠠ ᠨᠡᠶᠢᠬᠡᠮ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠪᠤᠨ ᠵᠢᠯ ᠤᠨ ᠴᠢᠷᠮᠠᠶᠢᠯᠭ᠎ᠠ ᠪᠠᠷ | ᠳᠠᠮᠵᠢᠨ᠂ ᠠᠵᠤ ᠦᠢᠯᠡᠳᠪᠦᠷᠢᠯᠡᠯ ᠤᠨ ᠶᠡᠷᠥᠩᠬᠡᠢ ᠬᠡᠮᠵᠢᠶ᠎ᠡ ᠶᠢ ᠳᠠᠬᠢᠨ ᠢᠶᠠᠷ ᠥᠰᠭᠡᠬᠦ ᠪᠠᠷ ᠴᠢᠷᠮᠠᠶᠢᠵᠤ᠂ ᠠᠵᠤ | ᠦᠢᠯᠡᠰ ᠬᠦᠴᠦᠷᠬᠡᠭ᠂ ᠠᠵᠤ ᠠᠬᠤᠶᠢᠯᠠᠯ ᠬᠦᠴᠦᠷᠬᠡᠭ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ | ᠦᠷᠭᠦᠯᠵᠢᠯᠡᠨ ᠬᠥᠭᠵᠢᠬᠦ ᠴᠢᠳᠠᠪᠤᠷᠢ ᠪᠠᠷ ᠴᠢᠩᠭ᠎ᠠ ᠮᠦᠷᠲᠡᠭᠡᠨ ᠬᠦᠭᠵᠢᠯᠲᠡ ᠶᠢᠨ ᠣᠷᠴᠢᠨ ᠲᠣᠭᠤᠷᠢᠨ ᠰᠢᠯᠢᠳᠡᠭ᠂ | ᠠᠵᠣ ᠦᠢᠯᠡᠰ ᠤᠨ ᠪᠠᠶᠢᠷᠢᠰᠢᠭᠤᠯᠣᠯᠲᠠ ᠰᠢᠯᠢᠳᠡᠭ᠂ ᠪᠣᠬᠢᠷᠳᠣᠯ ᠦᠭᠡᠢ ᠬᠦᠭᠵᠢᠯᠲᠡ ᠶᠢᠨ ᠬᠢᠷᠢ ᠲᠦᠪᠰᠢᠨ | ᠦᠨᠳᠦᠷ᠂ ᠠᠶᠣᠯᠭᠦᠢ ᠦᠢᠯᠡᠳᠪᠦᠷᠢᠯᠡᠯ ᠤᠨ ᠬᠢᠷᠢ ᠲᠦᠪᠰᠢᠨ ᠦᠨᠳᠦᠷ ᠬᠦᠭᠵᠢᠯᠲᠡ ᠶᠢᠨ ᠪᠠᠶᠢᠳᠠᠯ ᠢ ᠪᠣᠢ | ᠪᠣᠯᠭᠠᠬᠤ ᠪᠠᠷ ᠪᠠᠶᠢᠨ᠎ᠠ᠃ | ︹ ᠬᠥᠲᠥᠯᠥᠭᠴᠢ ︺ ᠰᠠᠶ᠋ᠢ ᠶᠢᠨ ᠳᠣᠷᠠᠳᠣᠭᠰᠠᠨ ᠡᠨᠡᠬᠦ ᠬᠦᠭᠵᠢᠯᠲᠡ ᠶᠢᠨ ᠪᠠᠶᠢᠳᠠᠯ ᠢ ᠬᠡᠷᠬᠢᠨ ᠪᠣᠢ | ᠪᠣᠯᠭᠠᠬᠤ ᠲᠣᠬᠠᠢ ᠪᠣᠳᠠᠲᠠᠢ ᠠᠵᠢᠯ ᠤᠨ ᠰᠡᠳᠬᠢᠮᠵᠢ ᠪᠠᠨ ᠲᠠᠨᠢᠯᠴᠠᠭᠤᠯᠣᠭᠠᠳ ᠥᠭᠭᠦᠨ᠎ᠡ ᠦᠦ︖ | ︹ ᠵᠣᠴᠢᠨ ︺ ᠨᠢᠭᠡ ᠳᠤ᠂ ᠭᠤᠣᠯᠯᠠᠬᠤ ᠠᠵᠣ ᠦᠢᠯᠡᠰ ᠤᠨ ᠦᠷᠢᠰᠦᠯᠳᠦᠬᠦ ᠬᠦᠴᠦᠨ ᠢ | ᠴᠢᠩᠭᠠᠳᠬᠠᠨ᠎ᠠ᠃ ᠰᠦ ᠶᠢᠨ ᠦᠢᠯᠡᠰ᠂ ᠭᠡᠷᠡᠯ ᠢᠶᠠᠷ ᠴᠠᠬᠢᠯᠭᠠᠨ ᠭᠠᠷᠭᠠᠬᠤ᠂ ᠰᠢᠨ᠎ᠡ ᠬᠡᠯᠪᠡᠷᠢ ᠶᠢᠨ ᠬᠢᠮᠢ ᠶᠢᠨ | ᠦᠢᠯᠡᠳᠪᠦᠷᠢ᠂ ᠰᠢᠨ᠎ᠡ ᠡᠨᠧᠷᠭᠢ ᠶᠢᠨ ᠲᠡᠷᠭᠡ ᠵᠡᠷᠭᠡ ᠭᠤᠣᠯᠯᠠᠬᠤ ᠠᠵᠣ ᠦᠢᠯᠡᠰ ᠢ ᠪᠦᠯᠦᠭᠵᠢᠭᠰᠡᠨ ᠠᠵᠣ | ᠦᠢᠯᠡᠰᠵᠢᠭᠰᠡᠨ ᠬᠡᠯᠬᠢᠶᠡᠵᠢᠯ ᠪᠣᠯᠭᠠᠨ ᠬᠦᠭᠵᠢᠭᠦᠯᠵᠦ᠂ 2 — 3 ᠳᠡᠯᠡᠬᠡᠢ ᠶᠢᠨ ᠴᠢᠨᠠᠷᠲᠠᠢ ᠦᠢᠯᠡᠳᠬᠦ ᠠᠵᠣ | ᠦᠢᠯᠡᠰ ᠤᠨ ᠰᠠᠭᠤᠷᠢᠨ ᠭᠠᠵᠠᠷ ᠪᠠᠶᠢᠭᠤᠯᠵᠣ᠂ ᠭᠤᠣᠯᠯᠠᠬᠤ ᠠᠵᠣ ᠦᠢᠯᠡᠰ ᠤᠨ ᠴᠢᠨᠠᠷ ᠴᠢᠨᠰᠠᠭ᠎ᠠ ᠶᠢᠨ | ᠦᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠨᠦᠯᠦᠭᠡᠯᠡᠬᠦ ᠬᠦᠴᠦᠨ ᠢ ᠲᠠᠰᠣᠷᠠᠯᠲᠠ ᠦᠭᠡᠢ | ᠳᠡᠭᠡᠭᠰᠢᠯᠡᠭᠦᠯᠦᠨ᠎ᠡ᠃ ᠬᠤᠶᠠᠷ ᠲᠤ᠂ ᠶᠡᠭᠡ ᠳᠣᠮᠳᠠ ᠪᠠᠭ᠎ᠠ ᠠᠵᠣ ᠠᠬᠤᠶᠢᠯᠠᠯ ᠤᠨ ᠬᠤᠯᠪᠣᠭᠠᠯᠠᠨ ᠬᠦᠳᠡᠯᠦᠯᠴᠡᠬᠦ | ᠬᠦᠭᠵᠢᠯᠲᠡ ᠶᠢᠨ ᠠᠵᠣ ᠦᠢᠯᠡᠰᠵᠢᠭᠰᠡᠨ ᠬᠡᠯᠬᠢᠶᠡᠵᠢᠯ ᠤᠨ ᠰᠢᠰᠲ᠋ᠧᠮᠵᠢ ᠶᠢ ᠴᠢᠩᠭᠠᠳᠬᠠᠨ᠎ᠠ᠃ ᠡᠯ᠎ᠡ ᠠᠵᠢᠯ | ᠲᠦᠷᠦᠯ ᠤᠨ ᠳᠣᠲᠣᠷᠠᠬᠢ 20 ᠭᠠᠷᠣᠢ ᠲᠣᠯᠣᠭᠠᠶᠢᠯᠠᠭᠴᠢ ᠠᠵᠣ ᠠᠬᠤᠶᠢᠯᠠᠯ ᠢ ᠵᠠᠭᠤᠨ ᠳ᠋ᠦᠩᠰᠢᠭᠤᠷ ᠤᠨ ᠠᠵᠣ | ᠠᠬᠤᠶᠢᠯᠠᠯ ᠲᠡᠰᠢ ᠳᠡᠰ ᠳᠡᠪᠰᠢᠬᠦ ᠶᠢ ᠲᠦᠯᠬᠢᠨ ᠠᠬᠢᠭᠤᠯᠵᠣ᠂ ᠡᠳᠡᠭᠡᠷ ᠠᠵᠣ ᠠᠬᠤᠶᠢᠯᠠᠯ ᠳᠤ ᠵᠣᠬᠢᠴᠠᠯᠳᠣᠭᠰᠠᠨ | ᠳᠣᠮᠲᠠ ᠪᠠᠭ᠎ᠠ ᠠᠵᠣ ᠠᠬᠤᠶᠢᠯᠠᠯ ᠤᠨ ᠪᠦᠯᠦᠭ ᠴᠣᠭᠴᠠ ᠶᠢ ᠲᠦᠬᠦᠷᠵᠢᠭᠦᠯᠦᠨ᠂ ᠨᠢᠭᠡ ᠪᠦᠯᠦᠭ ᠲᠣᠰᠠᠬᠠᠶᠢᠵᠢᠵᠣ | ᠨᠠᠷᠢᠯᠢᠭᠵᠢᠭᠰᠠᠨ ᠥᠪᠡᠷᠮᠢᠴᠡ ᠣᠨᠴᠠᠯᠢᠭ ᠪᠦᠭᠦᠢ ᠰᠢᠨ᠎ᠡ ᠬᠡᠯᠪᠡᠷᠢ ᠶᠢᠨ ᠳᠣᠮᠳᠠ ᠪᠠᠭ᠎ᠠ ᠠᠵᠣ ᠠᠬᠤᠶᠢᠯᠠᠯ ᠢ | ᠳᠡᠮᠵᠢᠬᠦ ᠪᠠᠷ ᠳᠠᠮᠵᠢᠵᠣ᠂ ᠲᠣᠯᠣᠭᠠᠶᠢᠯᠠᠭᠴᠢ ᠠᠵᠣ ᠠᠬᠤᠶᠢᠯᠠᠯ ᠢᠶᠠᠷ ᠬᠦᠲᠦᠯᠦᠭᠦᠯᠦᠭᠰᠡᠨ᠂ ᠳᠣᠮᠳᠠ ᠪᠠᠭ᠎ᠠ ᠠᠵᠣ | ᠠᠬᠤᠶᠢᠯᠠᠯ ᠢᠶᠠᠷ ᠨᠦᠬᠦᠪᠦᠷᠢ ᠬᠦᠴᠦᠨ ᠪᠣᠯᠭᠠᠭᠰᠠᠨ ᠠᠵᠣ ᠦᠢᠯᠡᠰ ᠤᠨ ᠬᠡᠯᠬᠢᠶᠡᠲᠦ ᠬᠦᠭᠵᠢᠯᠲᠡ ᠶᠢ ᠪᠣᠢ ᠪᠣᠯᠭᠠᠵᠣ | ᠂ ᠠᠵᠣ ᠠᠬᠤᠶᠢᠯᠠᠯ ᠤᠨ ᠬᠦᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠠᠰᠣᠷᠠᠯᠲᠠ ᠦᠭᠡᠢ | ᠳᠡᠭᠡᠭᠰᠢᠯᠡᠭᠦᠯᠦᠨ᠎ᠡ᠃ ᠭᠤᠷᠪᠠ ᠳᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠣᠷᠢ ᠪᠠ ᠨᠡᠷᠡᠲᠦ | ᠲᠡᠮᠳᠡᠭᠳᠦ ᠶᠢᠨ ᠰᠢᠨ᠎ᠡ ᠶᠢ ᠡᠭᠦᠳᠬᠦ ᠴᠢᠳᠠᠪᠣᠷᠢ ᠶᠢ ᠴᠢᠩᠭᠠᠳᠬᠠᠨ᠎ᠠ᠃ ᠮᠡᠷᠭᠡᠵᠢᠯ ᠤᠨ ᠰᠢᠨ᠎ᠡ ᠶᠢ ᠡᠭᠦᠳᠦᠭᠰᠡᠨ | ᠵᠢᠱᠢᠶᠡᠴᠢ ᠠᠵᠣ ᠠᠬᠤᠶᠢᠯᠠᠯ᠂ ᠠᠵᠣ ᠠᠬᠤᠶᠢᠯᠠᠯ ᠤᠨ ᠮᠡᠷᠭᠡᠵᠢᠯ ᠤᠨ ᠲᠥᠪ᠂ ᠣᠶᠣᠨᠲᠣ ᠦᠢᠯᠡᠳᠪᠦᠷᠢ᠂ | ᠪᠣᠬᠢᠷᠳᠣᠯ ᠦᠭᠡᠢ ᠦᠢᠯᠡᠳᠪᠦᠷᠢ ᠵᠡᠷᠭᠡ ᠪᠠᠷ ᠠᠴᠢᠶᠠᠯᠠᠭᠴᠢ ᠪᠣᠯᠭᠠᠭᠰᠠᠨ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ ᠰᠢᠰᠲ᠋ᠧᠮᠵᠢ ᠪᠠᠶᠢᠭᠤᠯᠬᠤ ᠶᠢ ᠲᠦᠯᠬᠢᠨ ᠠᠬᠢᠭᠤᠯᠵᠣ᠂ ᠰᠢᠨ᠎ᠡ ᠶᠢ ᠡᠭᠦᠳᠬᠦ ᠴᠢᠳᠠᠪᠣᠷᠢᠲᠠᠨ᠂ | ᠣᠷᠣᠭᠤᠯᠣᠯᠲᠠ᠂ ᠦᠷ᠎ᠡ ᠪᠦᠲᠦᠭᠡᠯ ᠤᠨ ᠢᠯᠡᠳᠲᠡ ᠳᠡᠭᠡᠭᠰᠢᠯᠡᠯᠲᠡ ᠶᠢ ᠪᠠᠶᠡᠯᠡᠭᠦᠯᠦᠨ᠎ᠡ︔ ᠦᠢᠯᠡᠳᠬᠦᠨ ᠤ | ᠰᠢᠨ᠎ᠡ ᠶᠢ ᠡᠭᠦᠳᠬᠦ᠂ ᠨᠡᠷᠡᠲᠦ ᠲᠡᠮᠳᠡᠭᠲᠦ ᠶᠢᠨ ᠰᠢᠨ᠎ᠡ ᠶᠢ ᠡᠭᠦᠳᠬᠦ ᠪᠠ ᠬᠠᠮᠢᠶᠠᠷᠣᠯᠲᠠ ᠶᠢᠨ ᠰᠢᠨ᠎ᠡ ᠶᠢ ᠡᠭᠦᠳᠬᠦ ᠶᠢ | ᠲᠦᠯᠬᠢᠨ ᠠᠬᠢᠭᠤᠯᠵᠣ᠂ ᠥᠪᠡᠷ ᠤᠨ ᠭᠡᠰᠡᠨ ᠨᠡᠷᠡᠲᠦ ᠲᠡᠮᠳᠡᠭᠲᠦ᠂ ᠨᠡᠷᠡᠲᠦ ᠲᠠᠸᠠᠷ ᠤᠨ ᠲᠡᠮᠳᠡᠭ ᠢ ᠪᠣᠢ ᠪᠣᠯᠭᠠᠵᠣ᠂ | ᠮᠠᠨ ᠤ ᠬᠤᠲᠠ ᠶᠢᠨ ᠦᠢᠯᠡᠳᠬᠦ ᠦᠢᠯᠡᠰ ᠤᠨ ᠨᠡᠷᠡᠲᠦ ᠲᠡᠮᠳᠡᠭᠲᠦ ᠶᠢᠨ ᠦᠷᠲᠡᠭ ᠢ ᠶᠡᠭᠡ ᠬᠡᠮᠵᠢᠶ᠎ᠡ ᠪᠠᠷ | ᠳᠡᠭᠡᠭᠰᠢᠯᠡᠭᠦᠯᠬᠦ ᠶᠢ ᠪᠠᠶᠡᠯᠡᠭᠦᠯᠦᠨ᠎ᠡ᠃ ᠳᠥᠷᠪᠡ ᠳᠤ᠂ ᠠᠵᠣ ᠦᠢᠯᠡᠰ ᠤᠨ ᠦᠷᠭᠦᠯᠵᠢᠯᠡᠨ ᠬᠦᠭᠵᠢᠬᠦ ᠴᠢᠳᠠᠪᠣᠷᠢ ᠶᠢ | ᠴᠢᠩᠭᠠᠳᠬᠠᠨ᠎ᠠ᠃ ᠲᠦᠷᠦᠯ ᠵᠦᠢᠯ ᠤᠨ ᠬᠤᠳᠠᠯᠳᠣᠭᠠᠴᠢᠨ ᠢ ᠣᠷᠢᠬᠤ ᠪᠠ ᠪᠠᠶᠢᠭᠤᠯᠣᠯᠲᠠ ᠶᠢ ᠴᠢᠩᠭ᠎ᠠ ᠠᠳᠬᠤᠵᠣ᠂ | ᠰᠢᠨᠵᠢᠯᠡᠬᠦ ᠣᠬᠠᠭᠠᠨᠴᠢ ᠪᠠᠷ ᠬᠤᠳᠠᠯᠳᠣᠭᠠᠴᠢᠨ ᠢ ᠣᠷᠢᠬᠤ ᠣᠶᠢᠯᠠᠭᠠᠭᠳᠠᠬᠤᠨ ᠢ ᠴᠢᠩᠭᠠᠳᠬᠠᠵᠣ᠂ | ᠬᠤᠳᠠᠯᠳᠣᠭᠠᠴᠢᠨ ᠢ ᠣᠷᠢᠬᠤ ᠰᠡᠳᠬᠢᠮᠵᠢ ᠪᠠᠨ ᠲᠡᠭᠦᠯᠳᠡᠷᠵᠢᠭᠦᠯᠵᠦ᠂ ᠬᠤᠳᠠᠯᠳᠣᠭᠠᠴᠢᠨ ᠢ ᠣᠷᠢᠬᠤ ᠴᠢᠭᠯᠡᠯ ᠢᠶᠠᠨ | ᠵᠥᠪ ᠰᠣᠩᠭᠤᠨ᠂ ᠬᠤᠳᠠᠯᠳᠣᠭᠠᠴᠢᠨ ᠢ ᠣᠷᠢᠬᠤ ᠬᠡᠯᠪᠡᠷᠢ ᠪᠠᠨ ᠥᠭᠡᠷᠡᠴᠢᠯᠡᠵᠦ᠂ ᠬᠤᠳᠠᠯᠳᠣᠭᠠᠴᠢᠨ ᠢ ᠣᠷᠢᠬᠤ | ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠎ᠡ᠃ ᠲᠠᠪᠤ ᠳᠤ᠂ ᠠᠵᠣ ᠦᠢᠯᠡᠳᠪᠦᠷᠢ ᠶᠢᠨ ᠬᠦᠭᠵᠢᠯᠲᠡ ᠶᠢᠨ ᠣᠷᠴᠢᠨ | ᠲᠣᠭᠤᠷᠢᠨ ᠢ ᠰᠠᠶᠢᠵᠢᠷᠠᠭᠤᠯᠤᠨ᠎ᠠ᠃ ᠠᠵᠣ ᠦᠢᠯᠡᠳᠪᠦᠷᠢ ᠶᠢ ᠬᠦᠭᠵᠢᠭᠦᠯᠬᠦ ᠪᠠ ᠪᠣᠳᠠᠲᠣ ᠴᠣᠭᠴᠠᠲᠣ ᠠᠵᠣ | ᠠᠬᠤᠢ ᠶᠢ ᠰᠡᠷᠭᠦᠭᠡᠨ ᠮᠠᠨᠳᠣᠭᠤᠯᠬᠤ ᠣᠬᠠᠮᠰᠠᠷ ᠢ ᠠᠳᠬᠤᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ | ᠦᠢᠯᠡᠴᠢᠯᠡᠭᠡᠨ ᠤ ᠠᠵᠣ ᠠᠬᠤᠶᠢᠯᠠᠯ ᠤᠨ ᠬᠦᠭᠵᠢᠯᠲᠡ ᠪᠠ ᠦᠢᠯᠡᠴᠢᠯᠡᠭᠡᠨ ᠤ ᠲᠦᠷᠦᠯ ᠵᠦᠢᠯ ᠤᠨ ᠪᠦᠲᠦᠭᠡᠨ | ᠪᠠᠶᠢᠭᠤᠯᠣᠯᠲᠠ ᠶᠢᠨ ᠬᠢᠷᠢ ᠲᠦᠪᠰᠢᠨ ᠬᠢᠭᠡᠳ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠤᠣᠯᠯᠠᠬᠤ ᠠᠵᠣ ᠦᠢᠯᠡᠰ | ᠪᠠ ᠠᠵᠣ ᠠᠬᠤᠶᠢᠯᠠᠯ ᠤᠨ ᠬᠦᠭᠵᠢᠯᠲᠡ ᠶᠢᠨ ᠲᠦᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠠᠬᠢᠭᠤᠯᠣᠨ | ᠲᠡᠭᠦᠯᠳᠡᠷᠵᠢᠭᠦᠯᠵᠦ᠂ ᠣᠳᠣᠬᠢᠴᠢᠯᠠᠭᠰᠠᠨ ᠠᠵᠣ ᠦᠢᠯᠡᠳᠪᠦᠷᠢ ᠶᠢᠨ ᠰᠢᠰᠲ᠋ᠧᠮᠵᠢ ᠶᠢ ᠪᠠᠶᠢᠭᠤᠯᠬᠤ ᠳᠤ ᠠᠰᠢᠭᠲᠠᠢ | ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠨ᠎ᠠ᠃ ᠵᠢᠷᠭᠤᠭ᠎ᠠ ᠳᠤ᠂ ᠠᠵᠣ ᠦᠢᠯᠡᠳᠪᠦᠷᠢ ᠶᠢᠨ ᠠᠵᠣ | ᠦᠢᠯᠡᠰ ᠤᠨ ᠪᠠᠶᠢᠷᠢᠰᠢᠭᠤᠯᠣᠯᠲᠠ ᠶᠢ ᠰᠢᠯᠢᠳᠡᠭᠵᠢᠭᠦᠯᠦᠨ᠎ᠡ᠃ ᠣᠳᠣᠬᠢᠴᠢᠯᠠᠭᠰᠠᠨ ᠠᠵᠣ ᠦᠢᠯᠡᠳᠪᠦᠷᠢ ᠶᠢᠨ | ᠰᠢᠰᠲ᠋ᠧᠮᠵᠢ ᠶᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠪᠦᠬᠦ ᠬᠤᠲᠠ ᠶᠢᠨ ᠡᠯ᠎ᠡ ᠠᠵᠣ | ᠦᠢᠯᠡᠳᠪᠦᠷᠢ ᠶᠢᠨ ᠬᠦᠷᠢᠶᠡᠯᠡᠩ ᠤᠨ ᠠᠵᠣ ᠦᠢᠯᠡᠰ ᠤᠨ ᠪᠠᠶᠢᠷᠢ ᠲᠣᠭᠲᠠᠭᠠᠯᠲᠠ ᠳᠤ ᠰᠢᠯᠢᠳᠡᠭᠵᠢᠭᠦᠯᠬᠦ | ᠲᠣᠬᠢᠷᠠᠭᠤᠯᠣᠯᠲᠠ ᠬᠢᠵᠦ᠂ ᠨᠢᠭᠡ ᠪᠦᠯᠦᠭ ᠭᠤᠣᠯᠳᠠᠯᠭ᠎ᠠ ᠲᠠᠢ ᠠᠵᠣ ᠦᠢᠯᠡᠳᠪᠦᠷᠢ ᠶᠢᠨ ᠬᠦᠷᠢᠶᠡᠯᠡᠩ ᠢ ᠪᠠᠶᠢᠭᠤᠯᠣᠨ | ᠰᠢᠯᠢᠳᠡᠭᠵᠢᠭᠦᠯᠵᠦ᠂ ᠨᠢᠭᠡ ᠪᠦᠯᠦᠭ ᠥᠪᠡᠷᠮᠢᠴᠡ ᠣᠨᠴᠠᠯᠢᠭ ᠪᠦᠬᠦᠢ ᠠᠵᠣ ᠦᠢᠯᠡᠳᠪᠦᠷᠢ ᠶᠢᠨ ᠬᠦᠷᠢᠶᠡᠯᠡᠩ ᠢ | ᠬᠡᠯᠪᠡᠷᠢ ᠶᠢ ᠨᠢ ᠬᠤᠪᠢᠷᠠᠭᠤᠯᠣᠨ᠂ ᠨᠢᠭᠡ ᠪᠦᠯᠦᠭ ᠣᠷᠴᠢᠨ ᠲᠣᠭᠤᠷᠢᠨ ᠢ ᠬᠠᠮᠠᠭᠠᠯᠠᠬᠤ ᠪᠠ ᠠᠮᠣᠷ ᠲᠦᠪᠰᠢᠨ ᠤ | ᠱᠠᠭᠠᠷᠳᠠᠯᠭ᠎ᠠ ᠳᠤ ᠨᠡᠶᠢᠴᠡᠬᠦ ᠦᠭᠡᠢ ᠰᠢᠨ᠎ᠡ ᠬᠡᠯᠪᠡᠷᠢ ᠶᠢᠨ ᠬᠢᠮᠢ ᠶᠢᠨ ᠦᠢᠯᠡᠳᠪᠦᠷᠢ ᠶᠢ ᠨᠡᠭᠦᠯᠭᠡᠵᠦ᠂ ᠨᠢᠭᠡ ᠪᠦᠯᠦᠭ | ᠳᠠᠪᠠᠭᠤᠯᠢᠭ ᠣᠨᠴᠠᠯᠢᠭ ᠪᠦᠬᠦᠢ ᠠᠵᠣ ᠦᠢᠯᠡᠰ ᠤᠨ ︽ᠬᠥᠷᠢᠶᠡᠯᠡᠩ ᠤᠨ ᠳᠣᠲᠣᠷᠠᠬᠢ ᠬᠥᠷᠢᠶᠡᠯᠡᠩ︾ ᠢ | ᠪᠠᠶᠢᠭᠤᠯᠵᠣ᠂ ᠠᠵᠣ ᠦᠢᠯᠡᠰ ᠤᠨ ᠪᠦᠯᠦᠭᠵᠢᠯ ᠤᠨ ᠬᠦᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠥᠪ | ᠬᠤᠲᠠ ᠶᠢᠨ ᠠᠵᠣ ᠦᠢᠯᠡᠰ ᠤᠨ ᠬᠦᠭᠵᠢᠯᠲᠡ ᠶᠢᠨ ᠴᠢᠭᠯᠡᠯ ᠳᠤ ᠵᠣᠬᠢᠴᠠᠭᠰᠠᠨ ᠠᠵᠣ ᠦᠢᠯᠡᠰ ᠤᠨ | ᠪᠠᠶᠢᠷᠢᠰᠢᠭᠤᠯᠣᠯᠲᠠ ᠶᠢᠨ ᠰᠢᠨ᠎ᠡ ᠰᠢᠰᠲ᠋ᠧᠮᠵᠢ ᠶᠢ ᠪᠣᠢ ᠪᠣᠯᠭᠠᠨ᠎ᠠ᠃ ᠳᠣᠯᠤᠭ᠎ᠠ ᠳᠤ᠂ ᠠᠵᠣ ᠦᠢᠯᠡᠳᠪᠦᠷᠢ ᠶᠢᠨ | ᠪᠣᠬᠢᠷᠳᠣᠯ ᠦᠭᠡᠢ ᠬᠦᠭᠵᠢᠯᠲᠡ ᠶᠢᠨ ᠬᠢᠷᠢ ᠲᠦᠪᠰᠢᠨ ᠢ ᠰᠢᠯᠢᠳᠡᠭᠵᠢᠭᠦᠯᠦᠨ᠎ᠡ᠃ ᠦᠢᠯᠡᠳᠪᠦᠷᠢᠯᠡᠬᠦ ᠶᠠᠪᠣᠴᠠ ᠳᠠᠬᠢ | ᠴᠡᠪᠡᠷᠰᠢᠭᠦᠯᠦᠯᠲᠡ᠂ ᠡᠨᠧᠷᠭᠢ ᠶᠢᠨ ᠪᠦᠲᠦᠴᠡ ᠶᠢᠨ ᠪᠣᠬᠢᠷᠳᠣᠯ ᠦᠭᠡᠢ ᠪᠠᠶᠢᠬᠤ ᠪᠠ ᠡᠨᠧᠷᠭᠢ ᠶᠢᠨ ᠠᠰᠢᠭᠯᠠᠯᠲᠠ ᠶᠢᠨ | ᠦᠨᠳᠦᠷ ᠪᠦᠲᠦᠮᠵᠢᠲᠡᠢ ᠪᠠᠶᠢᠬᠤ ᠶᠢ ᠠᠬᠢᠭᠤᠯᠵᠣ᠂ ᠨᠢᠭᠡᠴᠢ ᠪᠦᠲᠦᠭᠡᠭᠳᠡᠭᠦᠨ ᠤ ᠡᠨᠧᠷᠭᠢ ᠶᠢᠨ ᠬᠤᠷᠣᠭᠳᠠᠯ | ᠪᠣᠳᠠᠰ ᠤᠨ ᠬᠤᠷᠣᠭᠳᠠᠯ ᠵᠢᠴᠢ ᠪᠣᠬᠢᠷᠳᠣᠯ ᠪᠣᠳᠠᠰ ᠤᠨ ᠭᠠᠳᠠᠭᠰᠢᠭᠤᠯᠣᠯᠲᠠ ᠶᠢ ᠦᠷᠭᠦᠯᠵᠢᠯᠡᠨ ᠪᠠᠭᠤᠷᠠᠭᠤᠯᠵᠣ᠂ | ᠪᠣᠬᠢᠷᠳᠣᠯ ᠦᠭᠡᠢ ᠦᠢᠯᠡᠳᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠣ᠂ ᠠᠵᠣ ᠦᠢᠯᠡᠳᠪᠦᠷᠢ ᠶᠢᠨ ᠬᠦᠭᠵᠢᠯᠲᠡ | ᠪᠠ ᠠᠮᠢ ᠠᠬᠤᠢ ᠶᠢᠨ ᠪᠣᠯᠪᠠᠰᠣᠨ ᠤ ᠬᠠᠷᠢᠯᠴᠠᠨ ᠠᠬᠢᠭᠤᠯᠵᠣ ᠡᠶ᠎ᠡ ᠨᠠᠶᠢᠷᠠᠮᠳᠠᠭᠤ ᠬᠦᠭᠵᠢᠬᠦ ᠶᠢ ᠪᠡᠶᠡᠯᠡᠭᠦᠯᠦᠨ᠎ᠡ᠃ | ︹ ᠬᠥᠲᠥᠯᠥᠭᠴᠢ ︺ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠦᠯᠦᠭᠡᠯᠡᠭᠴᠢᠳ ᠤᠨ | ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠳᠤ ᠪᠠᠨ ᠠᠵᠣ ᠠᠬᠤᠢ ᠶᠢᠨ ᠦᠨᠳᠦᠷ ᠴᠢᠨᠰᠠᠭᠠᠲᠣ ᠬᠦᠭᠵᠢᠯᠲᠡ ᠶᠢ | ᠲᠦᠯᠬᠢᠨ ᠠᠬᠢᠭᠤᠯᠵᠣ᠂ ᠭᠤᠣᠯᠳᠠᠯᠭ᠎ᠠ ᠪᠠᠨ ᠠᠵᠣ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠵᠣ ᠳᠡᠰ | ᠳᠡᠪᠰᠢᠭᠦᠯᠬᠦ ᠶᠢ ᠠᠬᠢᠭᠤᠯᠬᠤ ᠳᠤ ᠲᠠᠯᠪᠢᠬᠤ ᠬᠡᠷᠡᠭᠲᠡᠢ ᠭᠡᠰᠡᠨ ᠪᠠᠶᠢᠨ᠎ᠠ᠃ ᠲᠡᠭᠡᠪᠡᠯ᠂ ᠪᠢᠳᠡᠨ ᠳᠤ ᠠᠵᠣ | ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠵᠣ ᠳᠡᠰ ᠳᠡᠪᠰᠢᠭᠦᠯᠬᠦ ᠶᠢ ᠠᠬᠢᠭᠤᠯᠬᠤ ᠲᠠᠯ᠎ᠠ ᠪᠠᠷ ᠬᠡᠷᠬᠢᠨ | ᠬᠢᠬᠦ ᠲᠣᠬᠠᠢ ᠲᠠᠨᠢᠯᠴᠠᠭᠤᠯᠤᠭᠠᠳ ᠥᠭᠬᠦ ᠦᠦ︖ | ︹ ᠵᠣᠴᠢᠨ ︺ ᠮᠠᠨ ᠤ ᠣᠷᠣᠨ ᠤ ᠠᠵᠣ ᠦᠢᠯᠡᠳᠪᠦᠷᠢ ᠶᠢᠨ ᠠᠵᠣ ᠠᠬᠤᠢ ᠶᠢᠨ ᠬᠦᠭᠵᠢᠯᠲᠡ ᠶᠢᠨ | ᠣᠳᠣᠬᠢ ᠪᠠᠶᠢᠳᠠᠯ ᠳᠤ ᠬᠠᠨᠳᠣᠭᠤᠯᠵᠣ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠣᠷᠢ ᠭᠠᠷᠭᠠᠭᠰᠠᠨ | ᠪᠠᠶᠢᠨ᠎ᠠ᠃ ᠲᠣᠬᠠᠶᠢᠯᠠᠪᠠᠯ ᠳᠠᠪᠠᠭᠤᠯᠢᠭ ᠳᠤ ᠪᠠᠨ ᠰᠠᠭᠤᠷᠢᠯᠠᠨ ᠳᠠᠯᠳᠠ ᠬᠦᠴᠦᠨ ᠢᠶᠠᠨ ᠠᠭᠤᠳᠠᠯᠵᠣ᠂ ᠰᠠᠶᠢᠨᠲᠠᠢ | ᠲᠠᠯ᠎ᠠ ᠪᠠᠨ ᠪᠠᠳᠠᠷᠠᠭᠤᠯᠣᠨ ᠳᠤᠲᠠᠭᠳᠠᠯ ᠢᠶᠠᠨ ᠨᠦᠬᠦᠪᠦᠷᠢᠯᠡᠵᠦ᠂ ᠣᠯᠠᠮᠵᠢᠯᠠᠯᠲᠣ ᠠᠵᠣ ᠦᠢᠯᠡᠰ ᠣᠯᠠᠨ ᠰᠢᠨ᠎ᠡ ᠪᠠᠷ | ᠬᠥᠭᠵᠢᠭᠰᠡᠨ ᠠᠵᠣ ᠦᠢᠯᠡᠰ ᠴᠦᠬᠡᠨ᠂ ᠳᠣᠣᠷᠠᠳᠣ ᠳᠡᠰ ᠤᠨ ᠠᠵᠣ ᠦᠢᠯᠡᠰ ᠣᠯᠠᠨ᠂ ᠳᠡᠭᠡᠳᠦ ᠳᠡᠰ ᠤᠨ ᠠᠵᠣ | ᠦᠢᠯᠡᠰ ᠴᠦᠬᠡᠨ᠂ ᠡᠬᠢ ᠪᠠᠶᠠᠯᠢᠭ ᠤᠨ ᠬᠡᠯᠪᠡᠷᠢ ᠶᠢᠨ ᠠᠵᠣ ᠦᠢᠯᠡᠰ ᠣᠯᠠᠨ᠂ ᠦᠨᠳᠦᠷ ᠳᠠᠭᠠᠯᠲᠠ ᠦᠷᠲᠡᠭ | ᠪᠦᠬᠦᠢ ᠠᠵᠣ ᠦᠢᠯᠡᠰ ᠴᠦᠬᠡᠨ᠂ ᠬᠦᠳᠡᠯᠮᠦᠷᠢ ᠬᠦᠴᠦ ᠲᠥᠪᠯᠡᠷᠡᠭᠰᠡᠨ ᠬᠡᠯᠪᠡᠷᠢ ᠶᠢᠨ ᠠᠵᠣ ᠦᠢᠯᠡᠰ ᠣᠯᠠᠨ᠂ | ᠪᠡᠯᠡ ᠮᠦᠩᠭᠦ ᠰᠢᠨᠵᠢᠯᠡᠭᠡ ᠮᠡᠷᠭᠡᠵᠢᠯ ᠲᠥᠪᠯᠡᠷᠡᠭᠰᠡᠨ ᠠᠵᠣ ᠦᠢᠯᠡᠰ ᠴᠦᠬᠡᠨ ᠪᠠᠶᠢᠬᠤ ᠪᠠᠶᠢᠳᠠᠯ ᠢ ᠴᠢᠷᠮᠠᠶᠢᠨ | ᠬᠤᠪᠢᠷᠠᠭᠤᠯᠵᠣ᠂ ᠣᠯᠠᠨ ᠡᠰᠢᠵᠢᠨ ᠬᠦᠭᠵᠢᠵᠦ ᠣᠯᠠᠨ ᠲᠦᠢᠯ ᠢᠶᠠᠷ ᠲᠣᠯᠭᠠᠭᠤᠷᠢᠯᠠᠭᠤᠯᠣᠭᠰᠠᠨ ᠣᠳᠣ ᠦᠶ᠎ᠡ ᠶᠢᠨ | ᠠᠵᠣ ᠦᠢᠯᠡᠰ ᠤᠨ ᠰᠢᠨ᠎ᠡ ᠰᠢᠰᠲ᠋ᠧᠮᠵᠢ ᠶᠢ ᠪᠠᠶᠢᠭᠤᠯᠬᠤ ᠬᠡᠷᠡᠭᠲᠡᠢ ᠭᠡᠵᠡᠢ᠃ ᠣᠯᠠᠮᠵᠢᠯᠠᠯᠲᠣ ᠠᠵᠣ ᠦᠢᠯᠡᠰ ᠢ | ᠰᠢᠨ᠎ᠡ ᠮᠠᠶ᠋ᠢᠭ ᠤᠨ ᠠᠵᠣ ᠦᠢᠯᠡᠰ ᠪᠣᠯᠭᠠᠬᠤ ᠰᠡᠳᠬᠢᠮᠵᠢ ᠶᠣᠰᠣᠭᠠᠷ᠂ ᠠᠵᠣ ᠠᠬᠤᠶᠢᠯᠠᠯ ᠤᠨ ᠪᠡᠶ᠎ᠡ ᠪᠠᠨ | ᠳᠠᠭᠠᠭᠠᠭᠰᠠᠨ ᠰᠢᠨ᠎ᠡ ᠶᠢ ᠡᠭᠦᠳᠬᠦ ᠴᠢᠳᠠᠪᠣᠷᠢ ᠶᠢ ᠲᠠᠰᠣᠷᠠᠯᠲᠠ ᠦᠭᠡᠢ ᠴᠢᠩᠭᠠᠳᠬᠠᠵᠣ᠂ ᠠᠵᠣ ᠠᠬᠤᠶᠢᠯᠠᠯ ᠢ | ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠢᠯᠣᠭᠤᠳᠤᠨ ᠬᠦᠬᠢᠭᠦᠯᠵᠦ᠂ ᠴᠡᠪᠡᠷ ᠦᠢᠯᠡᠳᠪᠦᠷᠢᠯᠡᠯ ᠢ ᠶᠡᠭᠡ | ᠬᠦᠴᠦᠨ ᠢᠶᠠᠷ ᠬᠦᠭᠵᠢᠭᠦᠯᠵᠦ᠂ ᠪᠣᠬᠢᠷᠳᠣᠯ ᠦᠭᠡᠢ ᠢᠳᠡᠭᠡᠨ᠂ ᠴᠠᠬᠢᠯᠭᠠᠨ ᠬᠦᠴᠦᠨ ᠤ ᠡᠨᠧᠷᠭᠢ᠂ | ᠣᠳᠣᠬᠢᠴᠢᠯᠠᠭᠰᠠᠨ ᠬᠢᠮᠢ ᠶᠢᠨ ᠦᠢᠯᠡᠳᠪᠦᠷᠢ᠂ ᠥᠩᠭᠡᠲᠦ ᠲᠡᠮᠦᠷᠯᠢᠭ ᠵᠡᠷᠭᠡ ᠣᠯᠠᠮᠵᠢᠯᠠᠯᠲᠣ ᠳᠠᠪᠠᠭᠤᠯᠢᠭ ᠠᠵᠣ | ᠦᠢᠯᠡᠰ ᠤᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠠᠰᠣᠷᠠᠯᠲᠠ ᠦᠭᠡᠢ ᠳᠡᠭᠡᠭᠰᠢᠯᠡᠭᠦᠯᠵᠦ᠂ ᠣᠯᠠᠮᠵᠢᠯᠠᠯᠲᠣ ᠠᠵᠣ | ᠦᠢᠯᠡᠰ ᠤᠨ ︽ᠳᠥᠷᠪᠡᠨ ᠬᠡᠯᠪᠡᠷᠢ ᠬᠤᠪᠢᠷᠠᠭᠤᠯᠬᠤ︾ ᠶᠢ ᠲᠦᠯᠬᠢᠨ ᠠᠬᠢᠭᠤᠯᠵᠣ᠂ ᠦᠷᠢᠰᠦᠯᠳᠦᠭᠡᠨ ᠤ | ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠨ᠎ᠡ᠃ ᠣᠯᠠᠮᠵᠢᠯᠠᠯᠲᠣ ᠠᠵᠣ ᠦᠢᠯᠡᠰ ᠤᠨ | ᠬᠦᠭᠵᠢᠯᠲᠡ ᠶᠢ ᠳᠡᠮᠵᠢᠬᠦ ᠵᠢᠯᠣᠭᠤᠳᠬᠤ ᠰᠠᠨᠠᠯ ᠢ ᠰᠣᠳᠣᠯᠣᠨ ᠲᠣᠭᠲᠠᠭᠠᠵᠣ᠂ ᠠᠵᠣ ᠦᠢᠯᠡᠰ ᠤᠨ ᠬᠦᠭᠵᠢᠯᠲᠡ ᠶᠢᠨ | ᠰᠠᠭᠤᠷᠢ ᠪᠠ ᠰᠢᠨ᠎ᠡ ᠬᠠᠨᠳᠣᠰᠢ ᠶᠢ ᠦᠨᠳᠦᠰᠦᠯᠡᠵᠦ᠂ ᠣᠳᠣ ᠶᠢᠨ ᠪᠠᠶᠢᠭ᠎ᠠ ᠠᠰᠢᠭᠲᠠᠢ ᠲᠥᠷᠦ ᠶᠢᠨ ᠪᠣᠳᠣᠯᠭ᠎ᠠ ᠶᠢ | ᠨᠢᠭᠡᠳᠬᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂ | ᠴᠢᠳᠠᠪᠣᠷᠢᠲᠠᠨ ᠤ ᠬᠡᠷᠡᠭᠯᠡᠯᠲᠡ᠂ ᠬᠤᠳᠠᠯᠳᠣᠭᠠᠴᠢᠨ ᠢ ᠣᠷᠢᠵᠣ ᠪᠡᠯᠡ ᠣᠷᠣᠭᠤᠯᠬᠤ᠂ ᠲᠦᠷᠦᠯ ᠵᠦᠢᠯ ᠢ ᠲᠦᠯᠬᠢᠨ | ᠠᠬᠢᠭᠤᠯᠬᠤ ᠵᠡᠷᠭᠡ ᠲᠠᠯ᠎ᠠ ᠪᠠᠷ ᠡᠯ᠎ᠡ ᠠᠵᠣ ᠦᠢᠯᠡᠰ ᠲᠠᠬᠢ ᠲᠦᠷᠥ ᠶᠢᠨ ᠪᠣᠳᠣᠯᠭ᠎ᠠ ᠶᠢᠨ ᠬᠦᠴᠦᠯᠡᠴᠡ ᠶᠢᠨ ᠴᠡᠭ ᠢ | ᠲᠣᠳᠣᠷᠬᠠᠢ ᠪᠣᠯᠭᠠᠵᠣ᠂ ᠣᠯᠠᠮᠵᠢᠯᠠᠯᠲᠣ ᠠᠵᠣ ᠦᠢᠯᠡᠰ ᠤᠨ ᠬᠦᠭᠵᠢᠯᠲᠡ ᠶᠢ ᠪᠦᠬᠦ ᠲᠠᠯ᠎ᠠ ᠪᠠᠷ ᠳᠡᠮᠵᠢᠬᠦ ᠠᠵᠣ | ᠦᠢᠯᠡᠰ ᠤᠨ ᠲᠥᠷᠦ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠣᠨ᠎ᠠ᠃ ᠡᠭᠦᠨ ᠤ ᠬᠠᠮᠲᠣ᠂ ᠴᠠᠬᠢᠯᠭᠠᠨ | ᠬᠦᠴᠦᠨ ᠤ ᠥᠪᠡᠷ ᠤᠨ ᠦᠷᠲᠡᠭ ᠢ ᠪᠠᠭᠤᠷᠠᠭᠤᠯᠬᠤ᠂ ᠠᠵᠣ ᠠᠬᠤᠶᠢᠯᠠᠯ ᠤᠨ ᠮᠡᠷᠭᠡᠵᠢᠯ ᠤᠨ ᠲᠥᠪ ᠠᠴᠠ ᠱᠠᠩᠨᠠᠯ | ᠬᠦᠬᠢᠭᠦᠯᠦᠯ ᠢ ᠨᠣᠲᠠᠯᠠᠨ ᠲᠣᠭᠲᠠᠭᠠᠬᠤ ᠵᠡᠷᠭᠡ ᠪᠦᠲᠦᠮᠵᠢᠲᠡᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ ᠬᠡᠷᠡᠭᠵᠢᠭᠦᠯᠵᠦ᠂ ᠣᠯᠠᠮᠵᠢᠯᠠᠯᠲᠣ ᠠᠵᠣ ᠦᠢᠯᠡᠰ ᠤᠨ ᠴᠢᠨᠠᠷ ᠴᠢᠨᠰᠠᠭ᠎ᠠ ᠪᠠ ᠦᠷ᠎ᠡ ᠠᠰᠢᠭ ᠤᠨ | ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠣᠨ᠎ᠠ᠃ ᠨᠢᠭᠡ ᠳᠤ᠂ ᠰᠦ ᠶᠢᠨ ᠠᠵᠣ ᠦᠢᠯᠡᠰ ᠤᠨ ᠪᠦᠬᠦ | ᠪᠦᠮᠪᠦᠷᠴᠡᠭ ᠶᠢᠨ ᠬᠡᠯᠪᠡᠷᠢ ᠶᠢᠨ ᠬᠤᠪᠢᠷᠠᠭᠤᠯᠣᠯᠲᠠ ᠶᠢ ᠲᠦᠯᠬᠢᠨ ᠠᠬᠢᠭᠤᠯᠣᠨ᠎ᠠ᠃ ᠰᠦ ᠶᠢᠨ ᠦᠢᠯᠡᠳᠬᠦᠨ ᠢ | ᠪᠣᠯᠪᠠᠰᠣᠷᠠᠭᠤᠯᠬᠤ ᠠᠵᠣ ᠦᠢᠯᠡᠰ ᠤᠨ ᠭᠤᠭᠴᠤᠭ᠎ᠠ ᠳᠠᠬᠢ ᠨᠠᠷᠢᠯᠢᠭᠵᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ | ᠲᠣᠭᠲᠠᠭᠠᠵᠣ᠂ ᠣᠶᠣᠨᠲᠣ ᠦᠢᠯᠡᠳᠪᠦᠷᠢᠯᠡᠯ᠂ ᠠᠵᠣ ᠦᠢᠯᠡᠳᠪᠦᠷᠢᠵᠢᠯᠲᠡ ᠪᠠ ᠮᠡᠳᠡᠭᠡ ᠵᠠᠩᠭᠢᠴᠢᠯᠠᠯᠲᠠ ᠶᠢᠨ | ᠠᠭᠤᠰᠣᠯᠴᠠᠯ᠂ ᠪᠣᠬᠢᠷᠳᠣᠯ ᠦᠭᠡᠢ ᠦᠢᠯᠡᠳᠪᠦᠷᠢᠯᠡᠬᠦ᠂ ᠣᠯᠠᠨ ᠣᠯᠣᠰ ᠤᠨ ᠴᠢᠨᠠᠷ ᠲᠠᠢ ᠦᠢᠯᠡᠳᠪᠦᠷᠢᠯᠡᠯ ᠤᠨ | ᠴᠢᠳᠠᠪᠬᠢ ᠶᠢᠨ ᠪᠠᠶᠢᠷᠢᠰᠢᠭᠤᠯᠣᠯᠲᠠ ᠵᠡᠷᠭᠡ ᠲᠠᠯ᠎ᠠ ᠪᠠᠷ ᠲᠦᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ | ᠬᠦᠴᠦᠯᠡᠴᠡ ᠶᠢ ᠨᠡᠮᠡᠭᠳᠡᠭᠦᠯᠵᠦ᠂ ᠪᠠᠶᠢᠯᠳᠣᠬᠤ ᠪᠣᠳᠣᠯᠭ᠎ᠠ ᠶᠢᠨ ᠦᠨᠳᠦᠷᠴᠡ ᠠᠴᠠ ᠰᠦ ᠶᠢᠨ ᠠᠵᠣ ᠦᠢᠯᠡᠰ ᠤᠨ | ᠬᠦᠭᠵᠢᠯᠲᠡ ᠶᠢᠨ ᠰᠢᠨ᠎ᠡ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠰᠦ ᠶᠢᠨ ᠦᠢᠯᠡᠰ ᠤᠨ | ᠳᠡᠯᠡᠬᠡᠶᠢᠴᠢᠯᠡᠯᠲᠡ ᠶᠢᠨ ᠠᠬᠢᠴᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠨ ᠲᠦᠯᠬᠢᠨ ᠠᠬᠢᠭᠤᠯᠵᠣ᠂ ᠰᠦ ᠶᠢᠨ | ᠦᠢᠯᠡᠰ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠪᠠ ᠰᠦ ᠶᠢᠨ ᠦᠢᠯᠡᠰ ᠤᠨ ᠪᠠᠷᠢᠮᠵᠢᠶᠠᠲᠣ | ᠰᠢᠨ᠎ᠡ ᠶᠢ ᠡᠭᠦᠳᠬᠦ ᠲᠥᠪ ᠢ ᠪᠠᠶᠢᠭᠤᠯᠵᠣ᠂ ᠹᠦ᠋ ᠶᠥᠦ ᠰᠦ ᠶᠢᠨ ᠦᠢᠯᠡᠰ ᠪᠠ ᠱᠧᠩ ᠮᠦ ᠰᠦ ᠶᠢᠨ ᠦᠢᠯᠡᠰ ᠤᠨ | ᠬᠤᠯᠪᠣᠭᠠᠯᠠᠯ᠂ ᠱᠧᠩ ᠮᠦ ᠳᠣᠣᠷ᠎ᠠ ᠳᠣᠯᠠᠭᠠᠨ ᠤ ᠰᠦ ᠶᠢᠨ ᠦᠢᠯᠡᠰ ᠵᠡᠷᠭᠡ ᠳᠡᠭᠡᠳᠦ ᠳᠡᠰ ᠤᠨ ᠰᠦ ᠶᠢᠨ | ᠦᠢᠯᠡᠳᠬᠦᠨ ᠤ ᠲᠦᠷᠥᠯ ᠵᠦᠢᠯ ᠢ ᠬᠡᠷᠡᠭᠵᠢᠭᠦᠯᠦᠨ᠂ ᠢᠯᠢ᠂ ᠮᠧᠩ ᠨᠢᠦ ᠶᠢᠨ ᠣᠶᠣᠨᠲᠣ ᠦᠢᠯᠡᠳᠪᠦᠷᠢᠯᠡᠯ ᠤᠨ | ᠶᠡᠷᠦᠩᠬᠡᠢ ᠬᠡᠷᠡᠭᠯᠡᠭᠡᠨ ᠤ ᠴᠢᠳᠠᠪᠣᠷᠢ ᠶᠢᠨ ᠳᠡᠭᠡᠭᠰᠢᠯᠡᠯᠲᠡ ᠶᠢ ᠲᠦᠯᠬᠢᠨ ᠠᠬᠢᠭᠤᠯᠣᠨ᠎ᠠ᠃ ᠲᠣᠯᠣᠭᠠᠶᠢᠯᠠᠭᠴᠢ ᠠᠵᠣ | ᠦᠢᠯᠡᠰ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠣᠨ᠂ ᠣᠳᠣᠬᠢᠴᠢᠯᠠᠭᠰᠠᠨ ᠲᠠᠷᠢᠶᠠᠯᠠᠩ ᠮᠠᠯᠵᠢᠯ ᠤᠨ | ᠲᠠᠯᠠᠪᠠᠢ ᠶᠢᠨ ᠪᠦᠲᠦᠭᠡᠨ ᠪᠠᠶᠢᠭᠤᠯᠣᠯᠲᠠ ᠶᠢ ᠠᠬᠢᠭᠤᠯᠵᠣ᠂ ᠨᠠᠷᠢᠯᠢᠭᠵᠢᠭᠰᠠᠨ ᠲᠠᠷᠢᠶᠠᠯᠠᠩ ᠠᠵᠣ ᠠᠬᠤᠶᠢᠯᠠᠯ ᠤᠨ | ᠬᠤᠯᠪᠣᠭᠠᠯᠠᠭᠰᠠᠨ ᠲᠣᠭᠲᠠᠴᠠ ᠶᠢ ᠪᠣᠢ ᠪᠣᠯᠭᠠᠨ᠂ ᠪᠦᠬᠦ ᠪᠦᠮᠪᠦᠷᠴᠡᠭ ᠤᠨ ᠰᠦ ᠶᠢᠨ ᠦᠢᠯᠡᠰ ᠤᠨ ᠡᠬᠢ | ᠪᠠᠶᠠᠯᠢᠭ ᠤᠨ ᠨᠢᠭᠡᠲᠦᠯᠵᠢᠯ ᠢ ᠲᠦᠷᠭᠡᠳᠭᠡᠵᠦ᠂ ︽ᠳᠣᠮᠳᠠᠳᠣ ᠣᠯᠣᠰ ᠤᠨ ᠰᠦ ᠶᠢᠨ ᠬᠤᠲᠠ ᠶᠢᠨ ᠳᠡᠰ ᠳᠡᠪᠰᠢᠭᠰᠡᠨ | ᠬᠡᠪ︾ ᠢ ᠴᠣᠭᠴᠠᠯᠠᠨ ᠪᠠᠶᠢᠭᠤᠯᠬᠤ ᠪᠠᠷ ᠪᠠᠶᠢᠨ᠎ᠠ᠃ 3 ᠰᠠᠷ᠎ᠠ ᠶᠢᠨ 26 ᠤ ᠡᠳᠦᠷ᠂ ᠮᠠᠨ ᠤ ᠬᠤᠲᠠ ᠶᠢᠨ | ᠵᠠᠰᠠᠭ ᠤᠨ ᠣᠷᠳᠣᠨ ᠠᠴᠠ ᠣᠨᠴᠠᠭᠠᠶᠢᠯᠠᠨ ᠰᠦ ᠶᠢᠨ ᠦᠢᠯᠡᠰ ᠤᠨ ᠳᠡᠰ ᠳᠡᠪᠰᠢᠬᠦ ᠰᠣᠳᠣᠯᠣᠨ ᠶᠠᠷᠢᠯᠴᠠᠬᠤ | ᠬᠤᠷᠠᠯ ᠢ ᠵᠣᠬᠢᠶᠠᠨ ᠪᠠᠶᠢᠭᠤᠯᠣᠨ ᠬᠤᠷᠠᠯᠳᠣᠭᠤᠯᠵᠣ᠂ ᠲᠣᠰ ᠠᠵᠢᠯ ᠲᠦᠷᠥᠯ ᠤᠨ ᠳᠣᠲᠣᠷᠠᠬᠢ 7 ᠨᠡᠷ᠎ᠡ ᠬᠦᠨᠳᠦᠲᠦ | ᠲᠣᠰᠬᠠᠢ ᠮᠡᠷᠭᠡᠵᠢᠯᠲᠡᠨ ᠢ ᠣᠷᠢᠵᠣ᠂ ᠮᠠᠨ ᠤ ᠬᠤᠲᠠ ᠶᠢᠨ ᠰᠦ ᠶᠢᠨ ᠦᠢᠯᠡᠰ ᠤᠨ ᠳᠡᠰ ᠳᠡᠪᠰᠢᠯᠲᠡ ᠳᠤ ᠨᠠᠷᠢᠯᠢᠭ | ᠣᠨᠣᠪᠴᠢᠲᠠᠢ ᠰᠢᠨᠵᠢᠯᠡᠯᠲᠡ ᠬᠢᠯᠭᠡᠵᠦ᠂ ᠠᠷᠭ᠎ᠠ ᠪᠣᠳᠣᠯᠭ᠎ᠠ ᠳᠤᠷᠠᠳᠤᠭᠤᠯᠤᠨ᠂ ᠲᠣᠰᠬᠠᠢ ᠮᠡᠷᠭᠡᠵᠢᠯᠲᠡᠨ ᠠᠴᠠ | ᠰᠦ ᠶᠢᠨ ᠦᠢᠯᠡᠰ ᠤᠨ ᠳᠡᠰ ᠳᠡᠪᠰᠢᠬᠦ ᠲᠣᠬᠠᠢ ᠬᠠᠮᠤᠭ ᠤᠨ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ | ᠪᠦᠲᠦᠭᠡᠯᠴᠢ ᠴᠢᠨᠠᠷ ᠪᠦᠬᠦᠢ ᠰᠠᠨᠠᠯ ᠰᠠᠨᠠᠭᠤᠯᠭ᠎ᠠ ᠳᠡᠪᠰᠢᠭᠦᠯᠦᠭᠰᠡᠨ ᠪᠠᠶᠢᠨ᠎ᠠ᠃ ᠬᠤᠶᠠᠷ ᠲᠤ᠂ ᠬᠢᠮᠢ ᠶᠢᠨ | ᠦᠢᠯᠡᠳᠪᠦᠷᠢ ᠶᠢᠨ ᠠᠵᠣ ᠦᠢᠯᠡᠰ ᠤᠨ ᠰᠢᠨ᠎ᠡ ᠬᠡᠯᠪᠡᠷᠢ ᠲᠡᠰᠢ ᠬᠤᠪᠢᠷᠠᠬᠤ ᠶᠢ ᠲᠦᠯᠬᠢᠨ ᠠᠬᠢᠭᠤᠯᠣᠨ᠎ᠠ᠃ | ᠲᠣᠭᠲᠠᠬᠤ ᠴᠢᠩ ᠱᠦᠢ ᠾᠧ ᠤᠨ ᠠᠵᠣ ᠠᠬᠤᠢ ᠶᠢᠨ ᠨᠡᠭᠡᠭᠡᠯᠲᠡᠲᠦ ᠣᠷᠣᠨ ᠤ ᠰᠢᠨ᠎ᠡ ᠬᠡᠯᠪᠡᠷᠢ ᠶᠢᠨ ᠬᠢᠮᠢ ᠶᠢᠨ | ᠦᠢᠯᠡᠳᠪᠦᠷᠢ ᠶᠢᠨ ᠠᠵᠣ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠲᠣᠭᠤᠷᠢᠨ ᠳᠤ | ᠵᠢᠦ ᠲᠠᠢ ᠡᠨᠧᠷᠭᠢ ᠨᠡᠭᠦᠷᠡᠰᠦ ᠶᠢᠨ ᠦᠢᠯᠡᠳᠬᠦᠨ ᠤ ᠡᠲ᠋ᠢᠯ ᠠᠯᠺᠣᠣᠯ ᠤᠨ ᠲᠦᠷᠦᠯ ᠵᠦᠢᠯ ᠤᠨ ᠪᠦᠲᠦᠭᠡᠨ | ᠪᠠᠶᠢᠭᠤᠯᠣᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠣ᠂ ᠬᠡᠯᠬᠢᠶᠡᠵᠢᠯ ᠤᠨ ᠲᠦᠬᠦᠷᠵᠢᠭᠰᠡᠨ ᠲᠦᠷᠦᠯ ᠵᠦᠢᠯ ᠢ | ᠢᠳᠡᠪᠬᠢᠲᠡᠢ ᠲᠠᠲᠠᠨ ᠣᠷᠣᠭᠤᠯᠵᠣ᠂ ᠾᠧᠩ ᠳ᠋ᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠭᠡᠳᠬᠡᠭᠦᠷ᠂ | ᠯᠠᠨ ᠢᠥᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠬᠦᠷ ᠦᠭᠡᠶᠢᠳᠡᠭᠦᠯᠦᠭᠰᠡᠨ ᠰᠢᠪᠲᠣᠷ ᠤᠨ ᠣᠰᠣ ᠵᠡᠷᠭᠡ | ᠨᠠᠷᠢᠯᠢᠭᠵᠢᠭᠰᠠᠨ ᠬᠢᠮᠢ ᠶᠢᠨ ᠦᠢᠯᠡᠳᠪᠦᠷᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠬᠢᠮᠢ ᠶᠢᠨ | ᠦᠢᠯᠡᠳᠪᠦᠷᠢ ᠶᠢᠨ ᠠᠵᠣ ᠦᠢᠯᠡᠰ ᠤᠨ ᠪᠦᠯᠦᠭᠵᠢᠯᠡᠯ ᠢ ᠪᠠᠶᠢᠭᠤᠯᠣᠨ᠎ᠠ᠃ ᠭᠤᠷᠪᠠ ᠳᠤ᠂ ᠡᠨᠧᠷᠭᠢ ᠶᠢᠨ ᠠᠵᠣ | ᠦᠢᠯᠡᠰ ᠤᠨ ᠴᠡᠪᠡᠷᠰᠢᠭᠦᠯᠦᠯᠲᠡ ᠶᠢᠨ ᠬᠡᠯᠪᠡᠷᠢ ᠬᠤᠪᠢᠷᠠᠭᠤᠯᠣᠯᠲᠠ ᠶᠢ ᠲᠦᠯᠬᠢᠨ ᠠᠬᠢᠭᠤᠯᠣᠨ᠎ᠠ᠃ ᠳ᠋ᠠ ᠲᠠᠩ ᠣᠯᠠᠨ | ᠣᠯᠣᠰ ᠤᠨ ᠲᠣᠭᠲᠠᠬᠤ ᠳᠠᠬᠢ ᠴᠠᠬᠢᠯᠭᠠᠨ ᠭᠠᠷᠭᠠᠬᠤ ᠬᠢᠵᠠᠭᠠᠷᠲᠣ ᠬᠠᠷᠢᠭᠤᠴᠠᠯᠭᠠᠲᠣ ᠺᠣᠮᠫᠠᠨᠢ ᠶᠢᠨ ᠬᠡᠲᠦ ᠳᠣᠣᠷ᠎ᠠ | ᠭᠠᠳᠠᠭᠰᠢᠯᠠᠭᠤᠯᠣᠯᠲᠠ ᠶᠢᠨ ᠥᠭᠡᠷᠡᠴᠢᠯᠡᠯᠲᠡ ᠪᠠ ᠲᠣᠭᠤᠰᠣ ᠰᠢᠷᠣᠢ ᠶᠢ ᠬᠠᠳᠠᠭᠠᠯᠠᠬᠤ ᠲᠠᠯᠠᠪᠣᠷ ᠢ ᠪᠢᠲᠡᠭᠦᠮᠵᠢᠯᠡᠬᠦ | ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠸᠠᠨ ᠵᠢᠥᠢ ᠰᠢᠨ᠎ᠡ ᠡᠨᠧᠷᠭᠢ ᠶᠢᠨ ᠬᠤᠶᠠᠳᠣᠭᠠᠷ | ᠬᠤᠭᠤᠴᠠᠭ᠎ᠠ᠂ ᠱᠧᠩ ᠳ᠋ᠠ ᠰᠢᠨ᠎ᠡ ᠡᠨᠧᠷᠭᠢ ᠵᠡᠷᠭᠡ ᠰᠢᠨ᠎ᠡ ᠨᠠᠷᠠᠨ ᠤ ᠡᠨᠧᠷᠭᠢ ᠶᠢᠨ ᠴᠠᠬᠢᠯᠭᠠᠨ ᠭᠠᠷᠭᠠᠬᠤ ᠲᠦᠷᠦᠯ | ᠵᠦᠢᠯ ᠢ ᠬᠡᠷᠡᠭᠵᠢᠭᠦᠯᠵᠦ᠂ ᠰᠢᠶᠧ ᠰᠢᠨ ᠡᠨᠧᠷᠭᠢ ᠪᠠ ᠾᠥᠩ ᠲᠠᠢ ᠡᠨᠧᠷᠭᠢ ᠵᠡᠷᠭᠡ ᠰᠠᠯᠬᠢᠨ ᠤ ᠬᠦᠴᠦᠨ ᠢᠶᠠᠷ | ᠳᠣᠯᠠᠭᠠᠴᠠᠯᠭᠠ ᠬᠠᠩᠭᠠᠬᠤ᠂ ᠰᠠᠯᠬᠢᠨ ᠤ ᠬᠦᠴᠦᠨ ᠢᠶᠠᠷ ᠶᠠᠳᠠᠭᠤ ᠶᠢ ᠳᠡᠳᠬᠦᠬᠦ ᠲᠦᠷᠦᠯ ᠵᠦᠢᠯ ᠢ ᠢᠳᠡᠪᠬᠢᠲᠡᠢ ᠪᠣᠢ | ᠪᠣᠯᠭᠠᠬᠤ ᠪᠠᠷ ᠴᠢᠷᠮᠠᠶᠢᠨ᠎ᠠ᠃ ᠣᠯᠣᠰ ᠤᠨ ᠣᠨᠴᠠ ᠦᠨᠳᠦᠷ ᠳᠠᠷᠣᠯᠲᠠᠲᠣ ᠴᠠᠬᠢᠯᠭᠠᠨ ᠤ ᠲᠣᠣᠷ ᠤᠨ ᠪᠦᠲᠦᠭᠡᠨ | ᠪᠠᠶᠢᠭᠤᠯᠣᠯᠲᠠ ᠳᠤ ᠲᠦᠰᠢᠭᠯᠡᠵᠦ᠂ ᠴᠠᠬᠢᠯᠭᠠᠨ ᠬᠦᠴᠦᠨ ᠤ ᠭᠠᠳᠠᠭᠰᠢ ᠬᠦᠷᠭᠡᠬᠦ ᠴᠢᠳᠠᠪᠣᠷᠢ ᠶᠢ ᠢᠳᠡᠪᠬᠢᠲᠡᠢ | ᠥᠷᠭᠡᠳᠬᠡᠵᠦ᠂ ᠭᠠᠯ ᠢᠶᠠᠷ ᠴᠠᠬᠢᠯᠭᠠᠨ ᠭᠠᠷᠭᠠᠬᠤ ᠶᠢ ᠡᠮᠬᠢ ᠴᠡᠭᠴᠡᠲᠡᠢ ᠬᠦᠭᠵᠢᠭᠦᠯᠵᠦ᠂ ᠮᠡᠷᠭᠡᠵᠢᠯ ᠪᠣᠯᠪᠠᠰᠣᠷᠠᠩᠭᠤᠢ | ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠷ ᠴᠢᠩᠭ᠎ᠠ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ᠂ | ᠭᠡᠷᠡᠯ ᠢᠶᠠᠷ ᠴᠠᠬᠢᠯᠭᠠᠨ ᠭᠠᠷᠭᠠᠬᠤ ᠪᠠ ᠪᠢᠣᠮᠠᠰ ᠢᠶᠠᠷ ᠴᠠᠬᠢᠯᠭᠠᠨ ᠭᠠᠷᠭᠠᠬᠤ ᠵᠡᠷᠭᠡ ᠰᠢᠨ᠎ᠡ ᠡᠨᠧᠷᠭᠢ ᠶᠢ ᠲᠦᠷᠭᠡᠳᠬᠡᠨ | ᠬᠦᠭᠵᠢᠭᠦᠯᠵᠦ᠂ ᠴᠡᠪᠡᠷ ᠡᠨᠧᠷᠭᠢ ᠶᠢᠨ ᠭᠠᠷᠭᠠᠯᠲᠠ ᠶᠢᠨ ᠰᠠᠭᠤᠷᠢᠨ ᠭᠠᠵᠠᠷ ᠢ ᠲᠦᠷᠭᠡᠪᠴᠢᠯᠡᠨ ᠪᠠᠶᠢᠭᠤᠯᠣᠨ᠎ᠠ᠃ | ᠳᠥᠷᠪᠡ ᠳᠤ᠂ ᠥᠩᠭᠡᠲᠦ ᠲᠡᠮᠦᠷᠯᠢᠭ ᠤᠨ ᠠᠵᠣ ᠦᠢᠯᠡᠰ ᠤᠨ ᠨᠠᠷᠢᠯᠢᠭᠵᠢᠭᠤᠯᠣᠯᠲᠠ ᠶᠢᠨ ᠬᠡᠯᠪᠡᠷᠢ | ᠬᠤᠪᠢᠷᠠᠭᠤᠯᠣᠯᠲᠠ ᠶᠢ ᠲᠦᠯᠬᠢᠨ ᠠᠬᠢᠭᠤᠯᠣᠨ᠎ᠠ᠃ ᠭᠤᠸᠠᠩ ᠶᠢᠨ ᠭᠦᠩᠭᠡᠨᠴᠠᠭᠠᠨ ᠤ ᠦᠢᠯᠡᠰ ᠤᠨ 50 ᠲᠦᠮᠡᠨ | ᠲᠣᠨ ᠭᠦᠩᠭᠡᠨᠴᠠᠭᠠᠨ ᠬᠠᠪᠲᠠᠰᠤ ᠴᠢᠳᠬᠤᠨ ᠬᠡᠪᠰᠢᠭᠦᠯᠬᠦ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠦ᠂ | ᠦᠨᠳᠦᠷ ᠬᠤᠷᠳᠤᠴᠠᠲᠤ ᠲᠡᠮᠦᠷ ᠵᠠᠮ᠂ ᠵᠢᠮᠲᠦ ᠵᠠᠮ ᠨᠡᠪᠲᠡᠷᠡᠯᠭᠡ᠂ ᠰᠢᠨ᠎ᠡ ᠡᠨᠧᠷᠭᠢ ᠶᠢᠨ ᠮᠠᠰᠢᠨ ᠲᠡᠷᠭᠡ᠂ | ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠵᠣ᠂ ᠳᠡᠭᠡᠳᠦ | ᠲᠡᠰ ᠤᠨ ᠭᠦᠩᠭᠡᠨᠴᠠᠭᠠᠨ ᠮᠠᠲ᠋ᠧᠷᠢᠶᠠᠯ᠂ ᠡᠯᠧᠺᠳ᠋ᠷᠣᠨ ᠭᠦᠩᠭᠡᠨᠴᠠᠭᠠᠨ ᠤ ᠢᠯᠲᠠᠰᠣ ᠵᠡᠷᠭᠡ ᠭᠦᠩᠭᠡᠨᠴᠠᠭᠠᠨ ᠢ | ᠭᠦᠨᠵᠡᠭᠡᠶ ᠡᠳ᠋ᠰᠢᠭᠦᠯᠦᠭᠰᠡᠨ ᠦᠢᠯᠡᠳᠬᠦᠨ ᠢ ᠦᠷᠭᠦᠯᠵᠢᠯᠡᠨ ᠳᠡᠭᠡᠭᠰᠢᠯᠡᠭᠦᠯᠬᠦ ᠪᠠ ᠨᠡᠭᠡᠭᠡᠨ ᠭᠦᠭᠵᠢᠭᠦᠯᠵᠦ᠂ ᠥᠩᠭᠡᠲᠦ | ᠲᠡᠮᠦᠷᠯᠢᠭ ᠤᠨ ᠠᠵᠤ ᠦᠢᠯᠡᠰ ᠤᠨ ᠦᠨᠳᠦᠷ ᠨᠡᠮᠡᠭᠳᠡᠯ ᠦᠷᠳᠡᠭ᠂ ᠨᠠᠷᠢᠯᠢᠭᠵᠢᠭᠤᠯᠤᠯᠲᠠ ᠶᠢᠨ ᠬᠦᠭᠵᠢᠯᠲᠡ ᠶᠢ | ᠪᠡᠶᠡᠯᠡᠭᠦᠯᠦᠨ᠎ᠡ᠃ ᠴᠢᠩ ᠱᠦᠢ ᠾᠧ ᠶᠢᠨ ᠲᠤᠰ ᠭᠠᠵᠠᠷ ᠤᠨ ᠬᠢᠨ ᠡᠯᠪᠡᠭ ᠳᠡᠯᠪᠡᠭ ᠬᠠᠳᠠᠨ ᠴᠠᠭᠠᠨ | ᠴᠢᠯᠠᠭᠤᠯᠢᠭ ᠤᠨ ᠡᠬᠢ ᠪᠠᠶᠠᠯᠢᠭ ᠲᠤ ᠲᠦᠰᠢᠭᠯᠡᠨ᠂ ᠮᠠᠭᠨᠢ ᠬᠠᠶᠢᠯᠠᠭᠤᠯᠬᠤ᠂ ᠮᠠᠭᠨᠢ ᠶᠢᠨ ᠬᠠᠶᠢᠯᠤᠰᠢ ᠪᠠ ᠳ᠋ᠣᠭᠠᠷᠲᠣ | ᠪᠣᠯᠣᠳ ᠤᠨ ᠠᠵᠣ ᠦᠢᠯᠡᠰ ᠵᠡᠷᠭᠡ ᠶᠢ ᠪᠣᠢ ᠪᠣᠯᠭᠠᠵᠣ ᠬᠦᠭᠵᠢᠭᠦᠯᠦᠨ᠎ᠡ᠃ ᠮᠠᠭᠨᠢ ᠶᠢᠨ ᠬᠠᠶᠢᠯᠤᠰᠢ᠂ ᠮᠠᠭᠨᠢ ᠶᠢᠨ | ᠴᠢᠳᠬᠤᠮᠠᠯ ᠲᠣᠨᠤᠭ ᠪᠠ ᠳ᠋ᠣᠭᠠᠷᠲᠣ ᠪᠣᠯᠣᠳ ᠵᠡᠷᠭᠡ ᠮᠠᠭᠨᠢ ᠶᠢᠨ ᠠᠩᠬᠠᠨ ᠤ ᠦᠢᠯᠡᠳᠬᠦᠨ ᠢ ᠢᠳᠡᠪᠬᠢᠲᠡᠶ ᠪᠠᠷ | ᠨᠡᠭᠡᠭᠡᠨ ᠠᠰᠢᠭᠯᠠᠵᠤ᠂ ᠮᠠᠭᠨᠢ ᠶᠢᠨ ᠦᠢᠯᠡᠳᠬᠦᠨ ᠤ ᠠᠵᠤ ᠦᠢᠯᠡᠰ ᠤᠨ ᠪᠦᠯᠦᠭᠴᠢᠯᠡᠯ ᠢ ᠪᠠᠶᠢᠭᠤᠯᠤᠨ᠎ᠠ᠃ | ᠴᠦᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ 2018 ᠣᠨ ᠪᠣᠯᠬᠤ ᠳᠤ᠂ ᠰᠢᠨ᠎ᠡ ᠬᠡᠯᠪᠡᠷᠢ ᠶᠢᠨ ᠬᠢᠮᠢ ᠶᠢᠨ | ᠠᠵᠤ ᠦᠢᠯᠡᠳᠪᠦᠷᠢ ᠶᠢᠨ ᠪᠦᠯᠦᠭᠴᠢᠯᠡᠯ ᠤᠨ ᠦᠢᠯᠡᠳᠬᠦᠨ ᠤ ᠦᠷᠳᠡᠭ ᠢ 200 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠣᠯᠭᠠᠨ᠎ᠠ︔ 2020 ᠣᠨ ᠪᠣᠯᠬᠤ ᠳᠤ᠂ ᠴᠠᠬᠢᠯᠭᠠᠨ ᠬᠦᠴᠦᠨ ᠤ ᠡᠨᠧᠷᠭᠢ ᠶᠢᠨ ᠰᠤᠷᠪᠤᠯᠵᠢ ᠶᠢᠨ | ᠦᠢᠯᠡᠳᠬᠦᠨ ᠤ ᠥᠷᠲᠡᠭ ᠢ 400 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠥᠩᠭᠡᠲᠦ ᠲᠡᠮᠦᠷᠯᠢᠭ ᠤᠨ ᠠᠵᠤ | ᠦᠢᠯᠡᠰ ᠤᠨ ᠦᠢᠯᠡᠳᠬᠦᠨ ᠤ ᠦᠷᠳᠡᠭ ᠢ 100 ᠳ᠋ᠦᠩᠰᠢᠭᠤᠷ ᠲᠥᠭᠦᠷᠢᠭ ᠲᠤ ᠬᠦᠷᠭᠡᠵᠦ᠂ ᠦᠢᠯᠡᠳᠬᠦᠨ ᠤ | ᠬᠡᠯᠬᠢᠶᠡᠵᠢᠯ ᠢ ᠨᠡᠩ ᠨᠠᠷᠢᠯᠢᠭ᠂ ᠨᠡᠩ ᠳᠡᠭᠡᠳᠦ ᠳᠡᠰ ᠲᠡᠰᠢ ᠢᠯᠡᠳᠲᠡ ᠦᠷ᠎ᠡ ᠪᠦᠲᠦᠮᠵᠢ ᠲᠠᠢ ᠪᠣᠯᠭᠠᠨ᠎ᠠ︔ | 2022 ᠣᠨ ᠪᠣᠯᠬᠤ ᠳᠤ᠂ ᠳᠡᠯᠡᠬᠡᠢ ᠶᠢᠨ ᠲᠡᠰ ᠤᠨ ᠣᠯᠠᠨ ᠣᠯᠣᠰ ᠤᠨ ᠴᠢᠨᠠᠷᠲᠠᠢ ᠰᠦ ᠶᠢᠨ ᠦᠢᠯᠡᠰ ᠤᠨ | ᠪᠦᠯᠦᠭᠴᠢᠯᠡᠯ ᠪᠠ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠣᠨ᠂ ᠦᠢᠯᠡᠳᠬᠦᠨ ᠤ ᠦᠷᠲᠡᠭ ᠢ | 2000 ᠳ᠋ᠦᠩᠰᠢᠭᠤᠷ ᠲᠥᠭᠦᠷᠢᠭ ᠠᠴᠠ ᠳᠠᠪᠠᠭᠤᠯᠵᠣ᠂ ᠢᠯᠢ᠂ ᠮᠧᠩ ᠨᠢᠦ ᠶᠢ ᠳᠡᠯᠡᠬᠡᠶ ᠶᠢᠨ ᠰᠦ ᠶᠢᠨ | ᠦᠢᠯᠡᠰ ᠤᠨ ᠲᠠᠪᠤᠨ ᠬᠦᠴᠦᠷᠬᠡᠭ ᠲᠤ ᠣᠷᠣᠭᠤᠯᠣᠨ᠎ᠠ᠃ | ︹ ᠬᠦᠲᠦᠯᠦᠭᠴᠢ ︺ ᠲᠠ ᠣᠳᠣ ᠮᠠᠨ ᠤ ᠬᠤᠲᠠ ᠶᠢᠨ ᠪᠠᠶᠢᠯᠳᠣᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ᠬᠦᠭᠵᠢᠯᠲᠡ ᠶᠢᠨ ᠪᠠᠶᠢᠳᠠᠯ ᠪᠠ ᠳᠠᠷᠠᠭ᠎ᠠ ᠠᠯᠬᠤᠮ ᠤᠨ ᠠᠵᠢᠯ ᠤᠨ | ᠡᠭᠦᠷᠭᠡ ᠶᠢ ᠲᠠᠨᠢᠯᠴᠠᠭᠤᠯᠣᠭᠠᠳ ᠥᠭᠭᠦᠨ᠎ᠡ ᠦᠦ︖ | ︹ ᠵᠣᠴᠢᠨ ︺ 2017 ᠣᠨ ᠳᠤ ᠪᠦᠬᠦ ᠬᠤᠲᠠ ᠶᠢᠨ ᠪᠠᠶᠢᠯᠳᠣᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ᠦᠢᠯᠡᠳᠬᠦᠨ ᠤ ᠦᠷᠲᠡᠭ ᠠᠳᠠᠯᠢ ᠬᠤᠭᠤᠴᠠᠭᠠᠨ ᠤ ᠬᠢ ᠠᠴᠠ 9. | 8% ᠨᠡᠮᠡᠭᠳᠡᠵᠦ᠂ ᠪᠦᠬᠦ ᠬᠤᠲᠠ ᠶᠢᠨ ᠠᠵᠣ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠳᠠᠬᠢ ᠬᠤᠪᠢ ᠶᠢᠨ ᠵᠢᠩ | 28% ᠶᠢ ᠬᠡᠲᠦᠷᠴᠦ᠂ ᠥᠪᠡᠷᠲᠡᠭᠡᠨ ᠵᠠᠰᠠᠬᠤ ᠣᠷᠣᠨ ᠤ ᠳᠣᠮᠳᠠᠴᠢ ᠬᠢᠷᠢ ᠲᠦᠪᠰᠢᠨ ᠠᠴᠠ ᠵᠠᠭᠤᠨ ᠤ ᠠᠷᠪᠠ | ᠣᠷᠴᠢᠮ ᠦᠨᠳᠦᠷ ᠪᠠᠶᠢᠵᠣ᠂ ᠦᠢᠯᠡᠳᠬᠦᠨ ᠤ ᠦᠷᠲᠡᠭ ᠳᠠᠬᠢ ᠬᠠᠷᠢᠴᠠᠯ ᠪᠦᠬᠦ ᠣᠷᠣᠨ ᠳᠤ ᠨᠢᠭᠡᠳᠦᠭᠡᠷ ᠲᠤ | ᠪᠠᠶᠢᠷᠢᠯᠠᠵᠠᠢ᠃ ᠪᠦᠬᠦ ᠵᠢᠯ ᠳᠤ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠣ | ᠦᠢᠯᠡᠰ ᠤᠨ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ 36 ᠶᠢ | ᠬᠡᠷᠡᠭᠵᠢᠭᠦᠯᠵᠦ᠂ ᠪᠦᠬᠦ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠠᠵᠣ ᠦᠢᠯᠡᠳᠪᠦᠷᠢ ᠶᠢᠨ ᠲᠦᠷᠦᠯ ᠵᠦᠢᠯ ᠤᠨ | 62% ᠶᠢ ᠡᠵᠡᠯᠡᠨ᠎ᠡ︔ ᠲᠣᠭᠲᠠᠮᠠᠯ ᠬᠦᠷᠦᠩᠭᠡ ᠶᠢᠨ ᠣᠷᠣᠭᠤᠯᠣᠯᠲᠠ ᠶᠢ 133.1 ᠳ᠋ᠦᠩᠰᠢᠭᠤᠷ ᠲᠦᠭᠦᠷᠢᠭ | ᠪᠡᠶᠡᠯᠡᠭᠦᠯᠵᠦ᠂ ᠪᠦᠬᠦ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠤᠨ ᠣᠷᠣᠭᠤᠯᠣᠯᠲᠠ ᠶᠢᠨ 69. | 8% ᠶᠢ ᠡᠵᠡᠯᠡᠵᠦ᠂ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠣ ᠦᠢᠯᠡᠰ ᠤᠨ | ᠲᠦᠷᠦᠯ ᠵᠦᠢᠯ ᠤᠨ ᠪᠠᠶᠢᠭᠤᠯᠣᠯᠲᠠ ᠨᠢ ᠨᠢᠭᠡᠨᠲᠡ ᠠᠵᠣ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠵᠣ | ᠬᠦᠭᠵᠢᠭᠦᠯᠬᠦ ᠶᠢᠨ ᠲᠦᠯᠬᠢᠭᠴᠢ ᠬᠦᠴᠦᠨ ᠪᠣᠯᠣᠭᠰᠠᠨ ᠪᠠᠶᠢᠨ᠎ᠠ᠃ ᠪᠢᠳᠡ ᠳᠠᠷᠠᠭᠠᠴᠢ ᠶᠢᠨ ᠠᠵᠢᠯ ᠳᠣᠮᠳᠠ ᠪᠠᠨ | ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠢ ᠪᠠᠷᠢᠮᠲᠠᠯᠠᠨ᠂ ᠠᠮᠢᠳᠣ ᠪᠣᠳᠠᠰ ᠤᠨ ᠡᠮ ᠡᠮᠨᠡᠯᠭᠡ᠂ ᠭᠡᠷᠡᠯ ᠤᠨ | ᠴᠠᠬᠢᠯᠭᠠᠨ ᠤ ᠠᠵᠣ ᠦᠢᠯᠡᠰ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠨᠢᠭᠡᠨ ᠦᠶ᠎ᠡ ᠶᠢᠨ ᠡᠯᠧᠺᠳ᠋ᠷᠣᠨ | ᠮᠡᠳᠡᠭᠡ ᠵᠠᠩᠭᠢ ᠵᠡᠷᠭᠡ ᠮᠡᠷᠭᠡᠵᠢᠯ ᠦᠨᠳᠦᠷ᠂ ᠡᠬᠢ ᠪᠠᠶᠠᠯᠢᠭ ᠤᠨ ᠬᠤᠷᠣᠭᠳᠠᠯ ᠪᠠᠭ᠎ᠠ᠂ ᠬᠦᠭᠵᠢᠯᠲᠡ ᠶᠢᠨ ᠳᠠᠯᠳᠠ | ᠬᠦᠴᠦᠨ ᠶᠡᠭᠡ ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠢ ᠰᠢᠢᠳᠪᠦᠷᠢᠯᠡᠵᠦ᠂ | ᠭᠤᠣᠯᠯᠠᠬᠤ ᠦᠷᠢᠰᠦᠯᠳᠦᠭᠡᠨ ᠤ ᠬᠦᠴᠦᠨ ᠢ ᠳᠡᠭᠡᠭᠰᠢᠯᠡᠭᠦᠯᠦᠨ᠂ ᠠᠵᠣ ᠦᠢᠯᠡᠰ ᠤᠨ ᠬᠡᠪᠴᠢᠶ᠎ᠡ ᠶᠢ ᠦᠷᠭᠡᠳᠬᠡᠵᠦ᠂ | ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ︽ᠲᠠᠪᠣᠨ ᠳᠡᠰ ᠳᠡᠪᠰᠢᠯᠲᠡ︾ ᠶᠢ ᠲᠦᠯᠬᠢᠨ ᠠᠬᠢᠭᠤᠯᠵᠣ᠂ ᠨᠢᠭᠡ | ᠪᠦᠯᠦᠭ ᠠᠵᠣ ᠦᠢᠯᠡᠰ ᠤᠨ ᠬᠡᠯᠬᠢᠶ᠎ᠡ ᠪᠦᠷᠢᠨ ᠲᠡᠭᠦᠯᠳᠡᠷ᠂ ᠰᠢᠨ᠎ᠡ ᠶᠢ ᠡᠭᠦᠳᠬᠦ ᠴᠢᠳᠠᠪᠣᠷᠢ ᠴᠢᠩᠭ᠎ᠠ᠂ ᠥᠪᠡᠷᠮᠢᠴᠡ | ᠣᠨᠴᠠᠯᠢᠭ ᠪᠦᠬᠦᠢ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠣ ᠦᠢᠯᠡᠰ ᠤᠨ | ᠲᠦᠪᠯᠡᠷᠡᠭᠰᠡᠨ ᠲᠣᠭᠤᠷᠢᠭ ᠢ ᠪᠠᠶᠢᠭᠤᠯᠣᠨ᠂ ᠮᠠᠨ ᠤ ᠬᠤᠲᠠ ᠶᠢᠨ ᠠᠵᠣ ᠦᠢᠯᠡᠳᠪᠦᠷᠢ ᠶᠢᠨ ᠥᠰᠥᠯᠲᠡ ᠶᠢᠨ ᠰᠢᠨ᠎ᠡ | ᠬᠦᠳᠡᠯᠭᠡᠭᠦᠷ ᠢ ᠲᠦᠷᠭᠡᠳᠬᠡᠨ ᠪᠠᠶᠢᠭᠤᠯᠣᠨ᠎ᠠ᠃ ᠨᠢᠭᠡ ᠳᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠤᠨ ᠳᠡᠭᠡᠳᠦ ᠳᠡᠰ ᠲᠡᠰᠢ ᠳᠡᠰ ᠳᠡᠪᠰᠢᠬᠦ ᠶᠢ ᠲᠦᠯᠬᠢᠨ ᠠᠬᠢᠭᠤᠯᠣᠨ᠎ᠠ᠃ ᠤᠳᠤ ᠪᠠᠶᠢᠭ᠎ᠠ ᠠᠵᠤ | ᠦᠢᠯᠡᠰ ᠢᠶᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠵᠤ | ᠂ ᠰᠢᠨ᠎ᠡ ᠶᠢ ᠡᠭᠦᠳᠬᠦ ᠬᠥᠳᠡᠯᠭᠡᠭᠦᠷ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠵᠢᠯᠣᠭᠤᠳᠣᠯᠭ᠎ᠠ ᠪᠣᠯᠭᠠᠵᠣ᠂ | ᠰᠢᠨᠵᠢᠯᠡᠭᠡ ᠮᠡᠷᠭᠡᠵᠢᠯ ᠤᠨ ᠰᠤᠳᠤᠯᠤᠨ ᠨᠡᠭᠡᠭᠡᠯᠲᠡ ᠪᠠᠷ ᠲᠤᠯᠭᠠᠭᠤᠷᠢ ᠪᠣᠯᠭᠠᠨ᠂ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠲᠠᠰᠤᠷᠠᠯᠲᠠ ᠦᠭᠡᠢ ᠵᠣᠷᠢᠭᠵᠢᠭᠤᠯᠵᠤ᠂ ᠠᠵᠢᠯ ᠲᠦᠷᠦᠯ ᠤᠨ | ᠥᠷᠢᠰᠥᠯᠳᠦᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯ ᠤᠨ ᠥᠷᠲᠡᠭᠡ᠂ ᠫᠤᠰᠲ ᠳ᠋ᠣᠺᠲ᠋ᠣᠷ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ | ᠭᠠᠵᠠᠷ ᠪᠠᠶᠢᠭᠤᠯᠬᠤ ᠶᠢ ᠬᠦᠬᠢᠭᠦᠯᠵᠦ᠂ ᠬᠤᠲᠠ ᠶᠢᠨ ᠠᠵᠤ ᠠᠬᠤᠶᠢᠯᠠᠯ ᠪᠠ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠬᠤᠭᠤᠷᠣᠨᠳᠣ ᠪᠠᠨ ᠦᠢᠯᠡᠳᠪᠦᠷᠢᠯᠡᠬᠦ ᠵᠢᠭᠠᠬᠤ ᠰᠤᠳᠤᠯᠬᠤ ᠬᠤᠷᠰᠢᠯᠴᠠᠭ᠎ᠠ | ᠥᠷᠨᠢᠭᠦᠯᠬᠦ ᠪᠠᠷ ᠳᠡᠮᠵᠢᠵᠦ᠂ ᠲᠧᠭᠨᠢᠭ ᠮᠡᠷᠭᠡᠵᠢᠯ ᠢ ᠣᠷᠣᠭᠤᠯᠬᠤ ᠪᠠ ᠲᠦᠷᠦᠯ ᠵᠦᠢᠯ ᠤᠨ ᠣᠯᠠᠷᠢᠨ ᠬᠤᠪᠢᠷᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ︔ ᠠᠵᠤ ᠠᠬᠤᠶᠢᠯᠠᠯ ᠤᠨ ᠦᠢᠯᠡᠴᠢᠯᠡᠭᠡ ᠶᠢ ᠭᠠᠳᠠᠭᠰᠢ ᠲᠠᠭᠠᠭᠴᠢᠯᠠᠭᠤᠯᠬᠤ | ᠠᠵᠢᠯ ᠢ ᠢᠳᠡᠪᠬᠢᠲᠡᠶ ᠥᠷᠨᠢᠭᠦᠯᠬᠦ ᠶᠢ ᠬᠦᠬᠢᠭᠦᠯᠵᠦ᠂ ᠰᠤᠳᠤᠯᠤᠨ ᠨᠡᠭᠡᠭᠡᠬᠦ ᠠᠵᠢᠯ ᠤᠨ ᠵᠠᠬ᠎ᠠ ᠳᠡᠯᠭᠡᠭᠦᠷᠴᠢᠯᠡᠯᠲᠡ ᠶᠢ | ᠲᠦᠯᠬᠢᠨ ᠠᠬᠢᠭᠤᠯᠣᠨ᠎ᠠ︔ ᠰᠢᠨ᠎ᠡ ᠶᠢ ᠡᠭᠦᠳᠬᠦ ᠬᠡᠯᠪᠡᠷᠢ ᠶᠢᠨ ᠡᠮ ᠡᠮᠨᠡᠯᠭᠡ ᠶᠢᠨ ᠪᠠᠭᠠᠵᠢ ᠬᠡᠷᠡᠭᠰᠡᠯ ᠰᠤᠳᠤᠯᠤᠨ | ᠨᠡᠭᠡᠭᠡᠬᠦ ᠶᠢ ᠵᠣᠷᠢᠭᠵᠢᠭᠤᠯᠵᠤ᠂ ᠠᠵᠤ ᠦᠢᠯᠡᠰᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠠᠮᠢᠳᠤ ᠪᠣᠳᠠᠰ ᠤᠨ ᠡᠮ | ᠡᠮᠨᠡᠯᠭᠡ ᠶᠢᠨ ᠠᠵᠤ ᠠᠬᠤᠶᠢᠯᠠᠯ ᠤᠨ ᠲᠤᠰᠬᠠᠶ ᠠᠰᠢᠭ ᠡᠷᠡᠮᠡᠯᠵᠡᠯᠬᠦ ᠶᠢ ᠳᠡᠮᠵᠢᠵᠣ᠂ ᠮᠡᠳᠡᠯᠭᠡ ᠶᠢᠨ ᠥᠮᠴᠢᠯᠡᠬᠦ | ᠡᠷᠬᠡ ᠶᠢ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠦᠨ᠎ᠡ᠃ ᠶᠢᠨ ᠢᠦᠢ ᠣᠯᠠᠨ ᠤᠯᠤᠰ ᠤᠨ ᠠᠮᠢᠳᠤ ᠪᠣᠳᠠᠰ ᠤᠨ | ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠶᠢᠨ ᠳ᠋ᠠ ᠸᠧᠶ ᠳᠠᠭᠠᠯᠲᠠ ᠢᠰᠬᠡᠬᠦᠷ Q10 ᠤᠨ | ᠪᠦᠲᠦᠭᠡᠭᠳᠡᠬᠦᠨ ᠢ ᠥᠷᠭᠡᠳᠬᠡᠨ ᠪᠠᠶᠢᠭᠤᠯᠬᠤ᠂ ᠱᠧᠨ ᠶᠣᠸᠠᠨ ᠠᠮᠢᠳᠤ ᠪᠣᠳᠠᠰ ᠤᠨ ᠦᠢᠯᠡᠳᠪᠦᠷᠢᠯᠡᠯ ᠤᠨ ᠰᠠᠭᠤᠷᠢᠨ | ᠭᠠᠵᠠᠷ ᠵᠡᠷᠭᠡ ᠲᠦᠷᠦᠯ ᠵᠦᠢᠯ ᠢ ᠲᠦᠷᠭᠡᠪᠴᠢᠯᠡᠨ ᠪᠠᠶᠢᠭᠤᠯᠵᠤ᠂ ᠠᠮᠢᠳᠤ ᠪᠣᠳᠠᠰ ᠤᠨ ᠸᠠᠺᠼᠢᠨ ︵ᠬᠢᠵᠢᠭ ᠤᠨ | ᠲᠠᠷᠢᠯᠭ᠎ᠠ︶᠂ ᠠᠮᠢᠳᠤ ᠪᠣᠳᠠᠰ ᠤᠨ ᠡᠷᠡᠭᠦᠯᠵᠢᠯ ᠤᠨ ᠡᠳ᠋᠂ ᠬᠢᠲᠠᠳ ᠮᠣᠩᠭᠤᠯ ᠡᠮ᠂ ᠠᠮᠢᠳᠤ ᠪᠣᠳᠠᠰ ᠤᠨ | ᠭᠤᠶᠣᠯᠠᠯ ᠤᠨ ᠡᠳ᠋ ᠵᠡᠷᠭᠡ ᠥᠨᠳᠥᠷ ᠨᠡᠮᠡᠯᠲᠡ ᠥᠷᠲᠡᠭ ᠪᠦᠬᠦᠢ ᠦᠢᠯᠡᠳᠬᠦᠨ ᠤ ᠬᠠᠷᠢᠴᠠᠯ ᠢ ᠲᠠᠰᠤᠷᠠᠯᠲᠠ ᠦᠭᠡᠢ | ᠨᠡᠮᠡᠭᠳᠡᠭᠦᠯᠵᠦ᠂ ᠬᠤᠷᠢᠨᠭᠡᠷ ᠶᠡᠭᠡ ᠡᠷᠡᠭᠦᠯ ᠮᠠᠨᠳᠤ ᠶᠢᠨ ᠠᠵᠤ ᠦᠢᠯᠡᠰ ᠤᠨ ᠬᠦᠷᠢᠶᠡᠯᠡᠩ ᠪᠣᠯᠤᠨ ᠰᠠᠷᠠᠴᠢᠨ ᠠᠮᠢᠳᠤ | ᠪᠣᠳᠠᠰ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠢ ᠠᠩᠬ᠎ᠠ ᠠᠯᠬᠤᠮ ᠪᠠᠶᠢᠭᠤᠯᠤᠨ᠂ ᠡᠮ ᠦᠢᠯᠡᠳᠬᠦ ᠠᠵᠤ | ᠦᠢᠯᠡᠰ ᠤᠨ ᠰᠢᠷᠢᠰ ︵ᠢᠵᠢ︶ ᠦᠢᠯᠡᠳᠬᠦᠨ ᠤ ᠦᠢᠯᠡᠳᠪᠦᠷᠢᠯᠡᠯ ᠤᠨ ᠨᠢᠭᠡ ᠴᠤᠭᠴᠠᠵᠢᠭᠤᠯᠬᠤ ᠠᠵᠤ | ᠦᠢᠯᠡᠰ ᠤᠨ ᠪᠠᠶᠢᠷᠢᠯᠠᠭᠤᠯᠣᠯᠲᠠ ᠶᠢ ᠪᠡᠶᠡᠯᠡᠭᠦᠯᠵᠦ᠂ ᠳᠡᠯᠡᠬᠡᠶ ᠶᠢᠨ ᠲᠡᠷᠢᠭᠦᠨ ᠤ ᠠᠮᠢᠳᠠᠨ ᠤ ᠸᠢᠺᠼᠢᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ᠂ ᠪᠠᠷᠠᠭᠤᠨ ᠬᠡᠰᠡᠭ ᠤᠨ ᠭᠠᠵᠠᠷ ᠣᠷᠣᠨ ᠳᠤ ᠲᠡᠷᠢᠭᠦᠯᠡᠵᠦ ᠪᠠᠶᠢᠭ᠎ᠠ ᠭᠤᠣᠯ | ᠡᠰ ︵ᠰᠲ᠋ᠧᠮ ᠡᠰ︶ ᠤᠨ ᠠᠵᠤ ᠦᠢᠯᠡᠰ ᠤᠨ ᠰᠠᠭᠤᠷᠢᠨ ᠭᠠᠵᠠᠷ ᠪᠣᠯᠤᠨ ᠬᠢᠲᠠᠳ ᠮᠣᠩᠭᠤᠯ ᠡᠮ ᠢ | ᠦᠢᠯᠡᠳᠪᠦᠷᠢᠯᠡᠬᠦ ᠰᠠᠭᠤᠷᠢᠨ ᠭᠠᠵᠠᠷ ᠶᠢ ᠪᠦᠬᠦ ᠬᠦᠴᠦᠨ ᠢᠶᠠᠷ ᠪᠠᠶᠢᠭᠤᠯᠣᠨ᠎ᠠ᠃ ᠬᠤᠶᠠᠷ ᠲᠤ᠂ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠬᠡᠪᠴᠢᠶᠡᠵᠢᠯ ᠤᠨ ᠲᠡᠰ ᠳᠡᠪᠰᠢᠬᠦ ᠶᠢ ᠠᠬᠢᠭᠤᠯᠣᠨ᠎ᠠ᠃ ᠤᠯᠤᠰ ᠤᠨ ᠲᠠᠰ ᠤᠨ | ᠭᠡᠷᠡᠯ ᠸᠣᠯᠲ ᠮᠠᠲ᠋ᠧᠷᠢᠶᠠᠯ ︵ᠭᠡᠷᠡᠯ ᠴᠡᠨᠡᠭᠲᠦ︶ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠳᠪᠦᠷᠢᠵᠢᠭᠦᠯᠦᠯᠲᠡ ᠶᠢᠨ | ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠲᠣᠭᠤᠷᠢᠨ ᠳᠤ᠂ | ᠤᠯᠠᠨ ᠲᠠᠯᠠᠰᠲᠤ᠂ ᠲᠠᠩ ᠲᠠᠯᠠᠰᠲᠤ ᠪᠣᠯᠤᠨ ᠴᠠᠬᠢᠭᠤᠷᠲᠤ ᠢᠯᠳᠠᠰᠣ ᠵᠡᠷᠭᠡ ᠳᠡᠭᠡᠳᠦ ᠣᠷᠣᠰᠬᠠᠯ ᠤᠨ ᠠᠵᠣ | ᠦᠢᠯᠡᠰ ᠤᠨ ᠲᠧᠭᠨᠢᠭ ᠮᠡᠷᠭᠡᠵᠢᠯ ᠤᠨ ᠲᠣᠨᠣᠭᠯᠠᠯ ᠢ ᠥᠭᠡᠷᠡᠴᠢᠯᠡᠨ ᠳᠡᠭᠡᠭᠰᠢᠯᠡᠭᠦᠯᠵᠦ᠂ ᠤᠯᠤᠰ ᠤᠨ ᠲᠠᠰ ᠤᠨ | ᠲᠠᠯᠠᠰᠲᠤ ᠪᠡᠶᠡᠲᠦ ᠶᠢᠨ ᠤᠷᠭᠤᠯᠲᠠ ᠶᠢᠨ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠢ ᠡᠭᠦᠳᠦᠨ | ᠪᠠᠶᠢᠭᠤᠯᠣᠨ᠎ᠠ︔ ᠳᠡᠭᠡᠳᠦ᠂ ᠨᠠᠷᠢᠯᠢᠭ᠂ ᠣᠬᠢ ᠳᠤ ᠴᠢᠭᠯᠡᠭᠦᠯᠵᠦ᠂ ᠴᠡᠨᠡᠭ᠂ ᠲᠣᠨᠣᠭᠯᠠᠯ ᠵᠡᠷᠭᠡ ᠳᠤᠮᠳᠠ | ᠤᠷᠤᠰᠬᠠᠯ ᠤᠨ ᠠᠵᠤ ᠦᠢᠯᠡᠰ ᠢ ᠦᠷᠭᠦᠯᠵᠢᠯᠡᠨ ᠰᠠᠶᠢᠲᠣᠷ ᠬᠢᠵᠦ᠂ ᠭᠡᠷᠡᠯ ᠢᠶᠠᠷ ᠴᠠᠬᠢᠯᠭᠠᠨ ᠭᠠᠷᠭᠠᠬᠤ | ᠰᠢᠰᠲ᠋ᠧᠮᠵᠢ ᠶᠢ ᠣᠶᠣᠨᠵᠢᠭᠤᠯᠣᠨ ᠦᠢᠯᠡᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠦᠩ ᠬᠤᠸᠠᠨ ᠭᠡᠷᠡᠯ | ᠴᠡᠨᠡᠭ ᠤᠨ ᠳᠥᠷᠪᠡᠳᠦᠭᠡᠷ ᠬᠤᠭᠤᠴᠠᠭ᠎ᠠ᠂ ᠳᠥᠷᠪᠡᠳᠦᠭᠡᠷ ᠬᠤᠭᠤᠴᠠᠭᠠᠨ ᠤ ᠥᠷᠭᠡᠳᠬᠡᠬᠦ ᠲᠦᠷᠦᠯ ᠵᠦᠢᠯ ᠢ | ᠪᠠᠶᠢᠭᠤᠯᠣᠨ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠵᠦ᠂ ᠵᠦᠩ ᠬᠤᠸᠠᠨ ᠭᠡᠷᠡᠯ ᠴᠡᠨᠡᠭ ᠤᠨ ᠰᠢᠨ᠎ᠡ | ᠮᠠᠶ᠋ᠢᠭ ᠤᠨ ᠨᠡᠶᠢᠯᠡᠮᠡᠯ ᠮᠠᠲ᠋ᠧᠷᠢᠶᠠᠯ ᠢ ᠠᠵᠤ ᠦᠢᠯᠡᠰᠵᠢᠭᠦᠯᠬᠦ ᠪᠠ ᠲᠤᠮᠤ ᠳ᠋ᠢᠶᠠᠮᠧᠳ᠋ᠷ ᠤᠨ ᠬᠠᠭᠠᠰ | ᠳᠠᠮᠵᠢᠭᠤᠯᠤᠭᠴᠢ ᠶᠢᠨ ᠴᠠᠬᠢᠭᠤᠷ ᠤᠨ ᠲᠠᠩ ᠲᠠᠯᠠᠰᠲᠤ ᠶᠢ ᠠᠵᠤ ᠦᠢᠯᠡᠰᠵᠢᠭᠦᠯᠬᠦ ᠵᠡᠷᠭᠡ ᠲᠦᠷᠦᠯ ᠵᠦᠢᠯ ᠢ | ᠬᠡᠷᠡᠭᠵᠢᠭᠦᠯᠦᠨ᠂ ᠵᠦᠩ ᠬᠤᠸᠠᠨ ᠭᠡᠷᠡᠯ ᠴᠡᠨᠡᠭ ᠤᠨ ᠲᠠᠪᠤᠳᠤᠭᠠᠷ ᠬᠤᠭᠤᠴᠠᠭ᠎ᠠ᠂ ᠱᠧᠨ ᠵᠸᠦ ᠴᠠᠬᠢᠭᠤᠷ ᠤᠨ | ᠦᠢᠯᠡᠰ ᠤᠨ ᠲᠦᠮᠡᠨ ᠲᠣᠨ ᠤ ᠳᠡᠰ ᠤᠨ ᠤᠯᠠᠨ ᠲᠠᠯᠠᠰᠲᠤ ᠴᠠᠬᠢᠭᠤᠷ ᠵᠡᠷᠭᠡ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠲᠥᠯᠬᠢᠨ ᠠᠬᠢᠭᠤᠯᠵᠤ᠂ ᠪᠦᠷᠢᠨ ᠪᠦᠲᠦᠨ ᠭᠡᠷᠡᠯ ᠴᠡᠨᠡᠭ ᠤᠨ ᠮᠠᠲ᠋ᠧᠷᠢᠶᠠᠯ ᠢ | ᠦᠢᠯᠡᠳᠪᠦᠷᠢᠯᠡᠬᠦ ᠪᠠ ᠬᠡᠷᠡᠭᠯᠡᠬᠦ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠣᠨ᠎ᠠ᠃ ᠪᠠᠯ ᠴᠢᠯᠠᠭᠤ ᠶᠢᠨ ᠠᠯᠺᠧᠨ᠂ | ᠹᠦᠯᠤᠱ᠂ ᠨᠡᠭᠦᠷᠡᠰᠦᠲᠥ᠋ᠷᠥᠭᠴᠢ ᠰᠢᠷᠬᠡᠭ᠂ ᠨᠡᠭᠦᠷᠡᠰᠦᠲᠥ᠋ᠷᠥᠭᠴᠢᠲᠦ ᠴᠠᠬᠢᠭᠤᠷ ᠵᠡᠷᠭᠡ ᠰᠢᠨ᠎ᠡ ᠬᠡᠯᠪᠡᠷᠢ ᠶᠢᠨ | ᠨᠡᠭᠦᠷᠡᠰᠦᠲᠥ᠋ᠷᠥᠭᠴᠢ ᠮᠠᠲ᠋ᠧᠷᠢᠶᠠᠯ ᠢᠶᠠᠷ ᠭᠤᠣᠯᠳᠠᠯᠭ᠎ᠠ ᠪᠣᠯᠭᠠᠨ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠪᠠᠯ | ᠴᠢᠯᠠᠭᠤᠨ ᠪᠢᠯᠢᠭ ᠲᠦᠢᠯ ᠤᠨ ᠮᠠᠲ᠋ᠧᠷᠢᠶᠠᠯ᠂ ᠴᠢᠨ ᠳ᠋ᠠ ᠨᠡᠭᠦᠷᠡᠰᠦᠲᠥ᠋ᠷᠥᠭᠴᠢ ᠰᠢᠷᠬᠡᠭ᠂ ᠲᠠᠨ ᠭᠦ᠋ ᠰᠢᠨᠵᠢᠯᠡᠭᠡ | ᠮᠡᠷᠭᠡᠵᠢᠯ ᠤᠨ ᠹᠦᠯᠤᠱ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠳᠬᠡᠨ ᠪᠠᠶᠢᠭᠤᠯᠵᠤ ᠠᠰᠢᠭᠯᠠᠯᠲᠠ ᠳᠤ | ᠣᠷᠣᠬᠤ ᠶᠢ ᠲᠦᠯᠬᠢᠨ ᠠᠬᠢᠭᠤᠯᠵᠣ᠂ ᠪᠠᠯ ᠴᠢᠯᠠᠭᠤᠨ ᠠᠯᠺᠧᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ | ᠬᠡᠷᠡᠭᠯᠡᠭᠡᠨ ᠳᠤ ᠣᠷᠣᠭᠤᠯᠬᠤ ᠵᠡᠷᠭᠡ ᠪᠦᠬᠦ ᠠᠵᠤ ᠦᠢᠯᠡᠰ ᠤᠨ ᠬᠡᠯᠬᠢᠶᠡᠵᠢᠯ ᠤᠨ ᠲᠦᠷᠦᠯ ᠵᠦᠢᠯ ᠢ ᠢᠳᠡᠪᠬᠢᠲᠡᠶ | ᠲᠠᠲᠠᠨ ᠣᠷᠣᠭᠤᠯᠵᠣ᠂ ᠤᠯᠠᠨ ᠡᠰᠢᠵᠢᠭᠰᠡᠨ ᠠᠵᠣ ᠦᠢᠯᠡᠰ ᠤᠨ ᠬᠦᠭᠵᠢᠯᠲᠡ ᠶᠢᠨ ᠪᠠᠶᠢᠷᠢᠯᠠᠭᠤᠯᠣᠯᠲᠠ ᠶᠢ ᠪᠤᠢ | ᠪᠣᠯᠭᠠᠨ᠎ᠠ᠃ ᠭᠤᠷᠪᠠ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠳᠠᠬᠢ ᠪᠦᠬᠦ ᠠᠵᠤ | ᠦᠢᠯᠡᠰ ᠤᠨ ᠬᠡᠯᠬᠢᠶᠡᠵᠢᠯ ᠤᠨ ᠲᠡᠰ ᠳᠡᠪᠰᠢᠬᠦ ᠶᠢ ᠲᠦᠯᠬᠢᠨ ᠠᠬᠢᠭᠤᠯᠣᠨ᠎ᠠ᠃ ᠬᠤᠯᠪᠣᠭᠳᠠᠯ ᠪᠦᠬᠦᠢ ᠬᠦᠷᠢᠶᠡᠨ ᠤ | ᠢᠵᠢ ᠪᠦᠷᠢᠳᠦᠭᠦᠯᠬᠦ ᠲᠦᠷᠦ ᠶᠢᠨ ᠪᠤᠳᠤᠯᠭ᠎ᠠ ᠶᠢ ᠲᠣᠭᠲᠠᠭᠠᠵᠤ ᠬᠡᠷᠡᠭᠵᠢᠭᠦᠯᠬᠦ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠸᠧ ᠲᠧ ᠮᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠡᠨᠡᠭ ᠦᠢᠯᠡᠳᠬᠦ ᠵᠢᠴᠢ ᠪᠦᠬᠦᠯᠢ | ᠲᠡᠷᠭᠡ ᠤᠭᠰᠠᠷᠠᠬᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠣ | ᠂ ᠰᠢᠨ᠎ᠡ ᠲᠦᠷᠦᠯ ᠵᠦᠢᠯ ᠢ ᠢᠳᠡᠪᠬᠢᠲᠡᠶ ᠣᠷᠣᠭᠤᠯᠣᠨ᠂ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ | ᠲᠡᠷᠭᠡ ᠶᠢᠨ ᠬᠤᠯᠪᠣᠭᠳᠠᠯᠳᠤ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠵᠠᠬ᠎ᠠ ᠳᠡᠯᠭᠡᠭᠦᠷ ᠳᠡᠭᠡᠷ᠎ᠡ | ᠳᠡᠯᠭᠡᠷᠡᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠢ ᠰᠠᠭᠤᠷᠢᠰᠢᠭᠤᠯᠬᠤ ᠵᠡᠷᠭᠡ | ᠲᠠᠯ᠎ᠠ ᠪᠠᠷ ᠴᠣᠯ ᠴᠠᠬᠢᠯᠭᠠᠨ ᠬᠥᠳᠡᠯᠭᠡᠭᠦᠷᠲᠦ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ ᠶᠢᠨ ᠪᠦᠬᠦᠯᠢ | ᠲᠡᠷᠭᠡ ᠦᠢᠯᠡᠳᠬᠦ ᠪᠠᠷ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠪᠣᠯᠭᠠᠭᠰᠠᠨ ᠤᠶᠤᠨᠲᠤ ᠲᠡᠭᠦᠰᠬᠡᠯ | ᠲᠦᠬᠦᠭᠡᠷᠦᠮᠵᠢ ᠶᠢ ᠦᠢᠯᠡᠳᠬᠦ ᠪᠠ ᠮᠠᠰᠢᠨ ᠲᠡᠷᠭᠡᠨ ᠤ ᠴᠠᠬᠢᠯᠭᠠᠨ ᠭᠠᠷᠭᠠᠬᠤ ᠰᠢᠰᠲ᠋ᠧᠮᠵᠢ᠂ ᠬᠥᠳᠡᠯᠭᠡᠬᠦ ᠪᠠ | ᠡᠵᠡᠮᠰᠢᠬᠦ᠂ ᠴᠠᠬᠢᠯᠭᠠᠨ ᠮᠠᠰᠢᠨ ᠪᠠ ᠡᠵᠡᠮᠰᠢᠯ ᠤᠨ ᠰᠢᠰᠲ᠋ᠧᠮᠵᠢ᠂ ᠬᠥᠳᠡᠯᠭᠡᠭᠴᠢ ᠬᠦᠴᠦᠨ ᠤ ᠶᠡᠷᠦᠩᠬᠡᠶ ᠪᠦᠲᠦᠴᠡ᠂ | ᠪᠥᠬᠦ ᠲᠡᠷᠭᠡᠨ ᠤ ᠡᠵᠡᠮᠰᠢᠬᠦ ᠰᠢᠰᠲ᠋ᠧᠮᠵᠢ ᠵᠡᠷᠭᠡ ᠭᠤᠣᠯ ᠲᠤᠨᠤᠭ ᠰᠡᠯᠪᠢᠭᠡᠰᠦ ᠭᠤᠣᠯᠯᠠᠭᠴᠢ ᠮᠡᠷᠭᠡᠵᠢᠯ ᠤᠨ ᠰᠢᠨ᠎ᠡ ᠶᠢ | ᠡᠭᠦᠳᠬᠦ ᠬᠦᠷᠢᠶ᠎ᠡ ᠴᠠᠷ᠎ᠠ ᠶᠢ ᠭᠤᠣᠯᠳᠠᠯᠭ᠎ᠠ ᠲᠠᠢ ᠳᠡᠮᠵᠢᠵᠦ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠡᠷᠭᠢᠯᠳᠦᠨ | ᠡᠵᠡᠩᠨᠡᠬᠦ ᠵᠠᠭᠪᠤᠷ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠰᠠᠭᠤᠷᠢ ᠢᠵᠢ ᠪᠦᠷᠢᠳᠦᠭᠦᠯᠬᠦ ᠪᠠᠲᠣᠯᠠᠭ᠎ᠠ ᠶᠢᠨ | ᠬᠠᠩᠭᠠᠯᠭ᠎ᠠ ᠶᠢ ᠥᠷᠭᠦᠯᠵᠢᠯᠡᠨ ᠨᠡᠮᠡᠭᠳᠡᠭᠦᠯᠦᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ | ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ 7 ᠲᠦᠷᠦᠯ ᠵᠦᠢᠯ ᠢ ᠪᠦᠬᠦ ᠲᠠᠯ᠎ᠠ ᠪᠠᠷ ᠠᠰᠢᠭᠯᠠᠯᠲᠠ ᠳᠤ | ᠣᠷᠣᠭᠤᠯᠵᠤ ᠦᠷ᠎ᠡ ᠪᠦᠲᠦᠮᠵᠢ ᠲᠠᠢ ᠪᠠᠶᠢᠬᠤ ᠶᠢ ᠪᠡᠶᠡᠯᠡᠭᠦᠯᠵᠦ᠂ ᠺᠠᠢ ᠸᠧ ᠰᠢᠨ᠎ᠡ ᠡᠨᠧᠷᠭᠢ ᠶᠢᠨ ᠮᠠᠰᠢᠨ | ᠲᠡᠷᠭᠡ ᠶᠢᠨ ᠪᠦᠬᠦᠯᠢ ᠲᠡᠷᠭᠡᠨ ᠤ ᠣᠭᠰᠠᠷᠠᠨ ᠦᠢᠯᠡᠳᠪᠦᠷᠢᠯᠡᠬᠦ ᠶᠢ ᠲᠠᠲᠠᠨ ᠣᠷᠣᠭᠤᠯᠵᠣ᠂ ᠬᠤᠸᠠ ᠶᠢᠥ | ᠺᠣᠪᠠᠯᠲ ᠶᠢᠨ ᠦᠢᠯᠡᠰ ᠤᠨ ᠭᠤᠷᠪᠠᠨ ᠡᠰᠢᠲᠦ ᠠᠷᠭ᠎ᠠ ᠲᠦᠢᠯ ᠤᠨ ᠮᠠᠲ᠋ᠧᠷᠢᠶᠠᠯ᠂ ᠬᠤᠸᠠ ᠴᠣᠸᠠᠩ ᠤᠨ ᠰᠢᠨ᠎ᠡ | ᠮᠠᠲ᠋ᠧᠷᠢᠶᠠᠯ ᠵᠡᠰ ᠤᠨ ᠢᠯᠲᠠᠰᠣ᠂ ᠢ ᠸᠧᠢ ᠯᠢᠲ᠋ᠢ ᠴᠠᠬᠢᠯᠭᠠᠨ ᠴᠡᠨᠡᠭ ᠵᠡᠷᠭᠡ ᠲᠦᠷᠦᠯ ᠵᠦᠢᠯ ᠢ ᠲᠠᠲᠠᠨ ᠣᠷᠣᠭᠤᠯᠵᠣ | ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠶᠢ ᠨᠡᠮᠡᠭᠳᠡᠭᠦᠯᠵᠦ᠂ ᠥᠷᠢᠰᠥᠯᠳᠦᠭᠡᠨ ᠤ ᠳᠠᠪᠠᠭᠤᠯᠢᠭ | ᠢᠯᠡᠷᠬᠡᠶ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠬᠦ ᠪᠠ ᠬᠡᠷᠡᠭᠯᠡᠭᠡᠨ ᠤ ᠠᠵᠤ ᠦᠢᠯᠡᠰ ᠤᠨ ᠬᠡᠯᠬᠢᠶᠡᠵᠢᠯ ᠢ | ᠪᠠᠶᠢᠭᠤᠯᠵᠤ᠂ ᠪᠠᠷᠠᠭᠤᠨ ᠬᠤᠶᠢᠲᠤ ᠣᠷᠣᠨ ᠤ ᠴᠢᠬᠤᠯᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ | ᠦᠢᠯᠡᠰ ᠤᠨ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ ᠳᠥᠷᠪᠡ ᠳᠤ᠂ ᠡᠯᠧᠺᠳ᠋ᠷᠣᠨ ᠮᠡᠳᠡᠭᠡ ᠵᠠᠩᠭᠢ ᠶᠢᠨ | ᠠᠵᠤ ᠦᠢᠯᠡᠰ ᠤᠨ ᠬᠠᠮᠵᠢᠯᠴᠠᠭᠠᠨ ᠤ ᠲᠡᠰ ᠳᠡᠪᠰᠢᠬᠦ ᠶᠢ ᠠᠬᠢᠭᠤᠯᠤᠨ᠎ᠠ᠃ ︽ᠳᠤᠮᠳᠠᠳᠤ ᠤᠯᠤᠰ ᠤᠨ ᠶᠦᠨ ᠬᠥ᠋︾ | ᠶᠢᠨ ᠪᠦᠲᠦᠭᠡᠨ ᠪᠠᠶᠢᠭᠤᠯᠤᠯᠲᠠ ᠶᠢᠨ ᠲᠣᠬᠢᠶᠠᠯ ᠪᠠ ᠤᠳᠤ ᠪᠠᠶᠢᠭ᠎ᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ | ᠰᠠᠷᠠᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠳᠤ ᠡᠯᠧᠺᠳ᠋ᠷᠣᠨ ᠮᠡᠳᠡᠭᠡ ᠵᠠᠩᠭᠢ ᠶᠢᠨ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠵᠣ᠂ ᠴᠣᠸᠠᠩ ᠸᠧᠢ ᠪᠦᠯᠦᠭᠯᠡᠯ ᠢ ᠨᠡᠭᠦᠯᠭᠡᠬᠦ ᠲᠦᠷᠦᠯ ᠵᠦᠢᠯ ᠤᠨ ᠬᠡᠷᠡᠭᠵᠢᠭᠦᠯᠦᠯᠲᠡ ᠶᠢ | ᠲᠦᠯᠬᠢᠨ ᠠᠬᠢᠭᠤᠯᠵᠤ᠂ ᠰᠢᠩᠭᠡᠨ ᠲᠠᠯᠠᠰᠲᠤ ᠮᠣᠨᠢᠲ᠋ᠣᠷ ᠤᠨ ᠰᠡᠯᠪᠢᠭ ᠲᠣᠨᠤᠭ᠂ ᠦᠢᠯᠡᠴᠢᠯᠡᠭᠡᠨ ᠤ ᠮᠠᠰᠢᠨ | ᠦᠢᠯᠡᠳᠬᠦ ᠵᠡᠷᠭᠡ ᠮᠡᠳᠡᠭᠡ ᠵᠠᠩᠭᠢ ᠪᠣᠢ ᠪᠣᠯᠭᠠᠬᠤ᠂ ᠢᠵᠢ ᠪᠦᠷᠢᠳᠦᠭᠦᠯᠬᠦ ᠠᠵᠤ ᠦᠢᠯᠡᠰ ᠢ ᠬᠠᠮᠲᠣ ᠲᠤᠨᠢ | ᠣᠷᠣᠭᠤᠯᠵᠣ᠂ ᠠᠵᠤ ᠦᠢᠯᠡᠰ ᠤᠨ ᠬᠡᠯᠬᠢᠶᠡᠨ ᠤ ᠬᠠᠮᠵᠢᠯᠴᠠᠨ ᠬᠥᠭᠵᠢᠭᠦᠯᠬᠦ᠂ ᠴᠣᠭᠯᠠᠷᠠᠨ ᠬᠦᠭᠵᠢᠭᠦᠯᠬᠦ ᠶᠢ | ᠲᠦᠷᠭᠡᠳᠬᠡᠨ ᠠᠬᠢᠭᠤᠯᠣᠨ᠎ᠠ︔ ᠬᠡᠷᠡᠭᠯᠡᠭᠡᠨ ᠤ ᠡᠯᠧᠺᠳ᠋ᠷᠣᠨ᠂ ᠦᠢᠯᠡᠴᠢᠯᠡᠭᠡᠨ ᠤ ᠮᠠᠰᠢᠨ ᠦᠢᠯᠡᠳᠬᠦ᠂ ᠤᠶᠤᠯᠢᠭ | ᠭᠡᠷ ᠤᠨ ᠴᠠᠬᠢᠯᠭᠠᠨ ᠬᠡᠷᠡᠭᠰᠡᠯ᠂ ᠰᠢᠨ᠎ᠡ ᠮᠠᠶ᠋ᠢᠭ ᠤᠨ ᠮᠣᠨᠢᠲ᠋ᠣᠷ ᠵᠡᠷᠭᠡ ᠠᠵᠤ ᠠᠬᠤᠶᠢᠯᠠᠯ ᠪᠠ ᠲᠥᠷᠥᠯ ᠵᠦᠢᠯ ᠢ | ᠢᠳᠡᠪᠬᠢᠲᠡᠢ ᠲᠠᠲᠠᠨ ᠣᠷᠣᠭᠤᠯᠵᠣ᠂ ᠡᠯᠧᠺᠳ᠋ᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢᠨ | ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ | ᠶᠡᠷᠦᠩᠬᠡᠶ ᠬᠡᠯᠲᠡᠰ᠂ ᠰᠤᠳᠤᠯᠤᠨ ᠨᠡᠭᠡᠭᠡᠬᠦ ᠲᠥᠪ᠂ ᠡᠵᠡᠩᠨᠡᠨ ᠪᠣᠷᠣᠯᠠᠭᠤᠯᠬᠤ ᠲᠥᠪ᠂ ᠦᠢᠯᠡᠴᠢᠯᠡᠭᠡᠨ ᠤ ᠲᠥᠪ ᠢ | ᠮᠠᠨ ᠤ ᠬᠤᠲᠠ ᠳᠤ ᠰᠢᠯᠵᠢᠭᠦᠯᠦᠨ ᠠᠪᠴᠢᠷᠠᠬᠤ ᠶᠢ ᠵᠣᠷᠢᠭᠵᠢᠭᠤᠯᠣᠨ᠂ ᠪᠠᠷᠠᠭᠤᠨ ᠬᠤᠶᠢᠲᠤ ᠣᠷᠣᠨ ᠢ ᠪᠦᠷᠬᠦᠭᠰᠡᠨ | ᠡᠯᠧᠺᠳ᠋ᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠣᠨ᠎ᠠ᠃ ᠲᠠᠪᠤ ᠳᠤ᠂ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠤᠷᠴᠢᠯᠵᠢᠭᠤᠯᠬᠤ ᠤᠨ ᠲᠡᠰ ᠳᠡᠪᠰᠢᠬᠦ ᠶᠢ | ᠠᠬᠢᠭᠤᠯᠤᠨ᠎ᠠ᠃ ᠠᠵᠤ ᠦᠢᠯᠡᠳᠪᠦᠷᠢ ᠶᠢᠨ ᠣᠷᠴᠢᠯ ᠠᠵᠤ ᠠᠬᠤᠶ ᠶᠢ ᠲᠦᠷᠭᠡᠳᠬᠡᠨ ᠬᠥᠭᠵᠢᠭᠦᠯᠬᠦ ᠲᠤᠬᠠᠶ | ᠬᠡᠷᠡᠭᠵᠢᠭᠦᠯᠬᠦ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠦᠩ ᠵᠢᠶᠠᠨ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ᠂ ᠿ ᠱᠧᠩ | ᠬᠢᠮᠢ ᠶᠢᠨ ᠠᠵᠤ ᠦᠢᠯᠡᠳᠪᠦᠷᠢ ᠶᠢᠨ ᠶᠡᠭᠡ ᠨᠡᠭᠦᠷᠡᠰᠦᠨ ᠴᠢᠯᠠᠭᠤ ᠮᠤᠯᠤᠺᠥ᠋ᠢᠯ ᠰᠢᠭᠰᠢᠭᠦᠷ ᠵᠡᠷᠭᠡ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠦᠨ᠂ ᠪᠥᠬᠦ ᠬᠤᠲᠠ ᠶᠢᠨ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 68 % ᠠᠴᠠ ᠳᠡᠭᠡᠭᠰᠢ | ᠪᠣᠯᠭᠠᠬᠤ ᠪᠠᠷ ᠬᠦᠴᠦᠯᠡᠨ ᠴᠢᠷᠮᠠᠶᠢᠨ᠎ᠠ᠃ | ︹ ᠬᠦᠲᠦᠯᠦᠭᠴᠢ ︺ ᠠᠵᠣ ᠦᠢᠯᠡᠳᠪᠦᠷᠢ ᠶᠢᠨ ᠠᠵᠣ ᠠᠬᠤᠢ ᠶᠢᠨ ᠦᠨᠳᠦᠷ ᠴᠢᠨᠰᠠᠭᠠᠲᠣ | ᠬᠦᠭᠵᠢᠯᠲᠡ ᠶᠢᠨ ᠲᠠᠯ᠎ᠠ ᠪᠠᠷ ᠮᠠᠨ ᠤ ᠬᠤᠲᠠ ᠪᠠᠰᠠ ᠶᠠᠮᠠᠷ ᠭᠤᠣᠯᠳᠠᠯᠭ᠎ᠠ ᠲᠠᠢ ᠡᠭᠦᠷᠭᠡ ᠪᠠᠶᠢᠬᠤ ᠪᠣᠢ︖ | ︹ ᠵᠣᠴᠢᠨ ︺ ᠠᠵᠤ ᠦᠢᠯᠡᠳᠪᠦᠷᠢ ᠶᠢᠨ ᠠᠵᠤ ᠠᠬᠤᠶ ᠶᠢᠨ ᠦᠨᠳᠦᠷ ᠴᠢᠨᠰᠠᠭᠠᠲᠣ ᠬᠥᠭᠵᠢᠯᠲᠡ ᠶᠢ | ᠠᠬᠢᠭᠤᠯᠬᠤ ᠲᠠᠯ᠎ᠠ ᠪᠠᠷ᠂ ᠮᠠᠨ ᠤ ᠵᠥᠪᠯᠡᠯ ᠨᠡᠶᠢᠲᠡ 8 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠭᠲᠠᠭᠠᠵᠤ᠂ | ︽ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠤᠯᠠᠮ ᠨᠢᠭᠡ ᠠᠯᠬᠤᠮ ᠲᠦᠷᠭᠡᠳᠬᠡᠨ᠂ ᠤᠯᠠᠮᠵᠢᠯᠠᠯᠲᠤ ᠠᠵᠤ | ᠦᠢᠯᠡᠰ ᠤᠨ ᠳᠤᠮᠳᠠ ᠳᠡᠭᠡᠳᠦ ᠳᠡᠰ ᠲᠡᠰᠢ ᠳᠡᠪᠰᠢᠨ ᠣᠷᠣᠬᠤ ᠶᠢ ᠠᠬᠢᠭᠤᠯᠬᠤ ᠬᠡᠷᠡᠭᠲᠡᠶ︾ ᠪᠠ ︽ᠰᠢᠨ᠎ᠡ | ᠬᠥᠳᠡᠯᠭᠡᠭᠦᠷ ᠢ ᠤᠯᠠᠮ ᠨᠢᠭᠡ ᠠᠯᠬᠤᠮ ᠪᠤᠶᠢᠵᠢᠭᠤᠯᠤᠨ ᠬᠥᠭᠵᠢᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠢᠨ᠎ᠡ ᠨᠡᠮᠡᠭᠳᠡᠯ ᠤᠨ ᠬᠦᠷᠢᠶ᠎ᠡ ᠲᠡᠰᠢ ᠬᠦᠭᠵᠢᠭᠦᠯᠬᠦ ᠶᠢ ᠲᠦᠯᠬᠢᠨ | ᠠᠬᠢᠭᠤᠯᠬᠤ ᠬᠡᠷᠡᠭᠲᠡᠶ︾ ᠭᠡᠬᠦ ᠬᠤᠶᠠᠷ ᠠᠭᠤᠯᠭ᠎ᠠ ᠶᠢ ᠭᠠᠷᠭᠠᠪᠠᠯ ᠪᠠᠰᠠ ᠵᠢᠷᠭᠤᠭᠠᠨ ᠲᠠᠯ᠎ᠠ ᠪᠠᠶᠢᠨ᠎ᠠ᠃ ᠡᠭᠦᠨ ᠳᠤ ︽ | ᠠᠵᠤ ᠦᠢᠯᠡᠳᠪᠦᠷᠢ ᠶᠢᠨ ᠪᠠᠶᠢᠷᠢᠰᠢᠭᠤᠯᠣᠯᠲᠠ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ | ᠠᠵᠤ ᠦᠢᠯᠡᠰ ᠤᠨ ᠪᠦᠯᠦᠭᠴᠢᠯᠡᠬᠦ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ︾᠂ ︽ᠠᠵᠤ | ᠠᠬᠤᠶᠢᠯᠠᠯ ᠳᠤ ᠠᠰᠢᠭ ᠬᠦᠷᠲᠡᠭᠡᠬᠦ ᠪᠠ ᠠᠵᠤ ᠠᠬᠤᠶᠢᠯᠠᠯ ᠢ ᠬᠠᠪᠰᠣᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠵᠠᠭᠤᠨ ᠳ᠋ᠦᠩᠰᠢᠭᠤᠷ ᠤᠨ ᠲᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠪᠠ ᠵᠠᠭᠤᠨ | ᠬᠦᠴᠦᠷᠬᠡᠭ ᠳᠤᠮᠳᠠ ᠪᠠᠭ᠎ᠠ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠬᠤ ᠬᠡᠷᠡᠭᠲᠡᠶ︾᠂ ︽ᠠᠷᠠᠯᠵᠢᠶᠠᠴᠢᠨ | ᠤᠷᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠦᠢᠯᠡᠳᠬᠦ ᠦᠢᠯᠡᠰ ᠤᠨ ᠦᠷᠭᠦᠯᠵᠢᠯᠡᠨ ᠬᠦᠭᠵᠢᠬᠦ | ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ︾᠂ ︽ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠨᠡᠷᠡᠳᠦ | ᠲᠡᠮᠳᠡᠭᠲᠦ ᠶᠢᠨ ᠰᠢᠨ᠎ᠡ ᠶᠢ ᠡᠭᠦᠳᠬᠦ ᠶᠢ ᠣᠯᠠᠮ ᠨᠢᠭᠡ ᠠᠯᠬᠤᠮ ᠴᠢᠩᠭᠠᠳᠬᠠᠵᠤ᠂ ᠤᠶᠤᠨᠲᠤ ᠬᠡᠯᠪᠡᠷᠢ ᠶᠢᠨ᠂ | ᠰᠢᠨ᠎ᠡ ᠶᠢ ᠡᠭᠦᠳᠬᠦ ᠬᠡᠯᠪᠡᠷᠢ ᠶᠢᠨ᠂ ᠳᠡᠭᠡᠳᠦ ᠲᠡᠰ ᠤᠨ ᠬᠡᠯᠪᠡᠷᠢ ᠶᠢᠨ ᠠᠵᠤ ᠦᠢᠯᠡᠳᠪᠦᠷᠢ ᠶᠢ ᠬᠦᠭᠵᠢᠭᠦᠯᠬᠦ | ᠬᠡᠷᠡᠭᠲᠡᠶ︾᠂ ︽ᠪᠣᠬᠢᠷᠲᠤᠯ ᠥᠬᠡᠶ ᠪᠠᠷ ᠬᠥᠭᠵᠢᠭᠦᠯᠬᠦ ᠣᠨᠣᠯᠵᠢᠬᠤᠨ ᠢ ᠪᠠᠷᠢᠮᠲᠠᠯᠠᠨ᠂ ᠡᠬᠢ ᠪᠠᠶᠠᠯᠢᠭ ᠢ ᠠᠷᠪᠢᠯᠠᠬᠤ | ᠬᠡᠯᠪᠡᠷᠢ᠂ ᠣᠷᠴᠢᠨ ᠠᠬᠤᠶ ᠨᠥᠬᠦᠷᠰᠡᠭ ᠬᠡᠯᠪᠡᠷᠢ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢ ᠦᠷᠭᠦᠯᠵᠢᠯᠡᠨ | ᠲᠦᠯᠬᠢᠨ ᠠᠬᠢᠭᠤᠯᠬᠤ ᠬᠡᠷᠡᠭᠲᠡᠶ︾᠂ ︽ᠠᠶᠣᠯᠭᠦᠢ ᠦᠢᠯᠡᠳᠪᠦᠷᠢᠯᠡᠯ ᠤᠨ ᠵᠠᠷᠴᠢᠮ ᠢ ᠪᠠᠷᠢᠮᠲᠠᠯᠠᠵᠤ᠂ | ᠭᠤᠣᠯᠳᠠᠯᠭ᠎ᠠ ᠲᠠᠢ ᠠᠵᠢᠯ ᠲᠥᠷᠥᠯ ᠤᠨ ᠠᠶᠣᠯᠭᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ︾ ᠵᠡᠷᠭᠡ ᠪᠠᠭᠲᠠᠨ᠎ᠠ᠃ ᠡᠨᠡ ᠨᠠᠢᠮᠠᠨ | ᠵᠦᠢᠯ ᠤᠨ ᠭᠤᠣᠯᠳᠠᠯᠭ᠎ᠠ ᠲᠠᠢ ᠡᠭᠦᠷᠭᠡ ᠪᠠᠷ ᠳᠠᠮᠵᠢᠵᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠳᠤ ᠳᠣᠷᠠᠳᠣᠭᠰᠠᠨ ︽ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ︾ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠣᠷᠣᠨ ᠤ ᠲᠥᠪ ᠤᠨ ᠣᠨᠴᠠᠯᠢᠭ ᠪᠦᠬᠦᠢ | ᠣᠳᠣᠬᠢᠴᠢᠯᠠᠭᠰᠠᠨ ᠠᠵᠤ ᠦᠢᠯᠡᠳᠪᠦᠷᠢ ᠶᠢᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠣᠨ᠎ᠠ | ᠃ | ︹ ᠬᠠᠮᠢᠷᠠᠷᠣᠭᠴᠢ ︺ ᠬᠦᠬᠡᠬᠤᠲᠠ ᠶᠢᠨ ᠠᠵᠣ ᠠᠬᠤᠢ ᠮᠡᠳᠡᠭᠡ ᠵᠠᠩᠭᠢᠴᠢᠯᠠᠯᠲᠠ ᠶᠢᠨ ᠵᠦᠪᠯᠡᠯ ᠤᠨ ᠳᠡᠳ᠋ | ᠡᠷᠬᠢᠯᠡᠭᠴᠢ ᠭᠦᠸᠧ ᠶᠥᠩ ᠽᠠᠢ ᠨᠦᠬᠦᠷ ᠪᠠ ᠠᠵᠣ ᠠᠬᠤᠢ ᠶᠢᠨ ᠡᠷᠭᠢᠯᠲᠡ ᠶᠢᠨ ᠰᠠᠯᠠᠭ᠎ᠠ ᠶᠢᠨ ᠰᠠᠯᠠᠭᠠᠨ ᠳᠠᠷᠤᠭ᠎ᠠ | ᠵᠠᠩ ᠫᠧᠩ ᠨᠦᠬᠦᠷ ᠲᠤ ᠲᠠᠯᠠᠷᠬᠠᠵᠣ ᠪᠠᠶᠢᠨ᠎ᠠ᠃ ᠰᠦᠯᠵᠢᠶᠡᠨ ᠠᠨᠳᠠ ᠨᠠᠷ ᠤᠨ ᠠᠩᠬᠠᠷᠣᠯ ᠲᠠᠯᠪᠢᠵᠤ | ᠣᠷᠣᠯᠴᠠᠭᠰᠠᠨ ᠳᠤ ᠮᠠᠰᠢ ᠪᠠᠶᠠᠷᠯᠠᠵᠣ ᠪᠠᠶᠢᠨ᠎ᠠ᠂ ᠲᠣᠰ ᠬᠤᠭᠤᠴᠠᠭᠠᠨ ᠤ ᠰᠣᠷᠪᠣᠯᠵᠢᠯᠠᠭ᠎ᠠ ᠠᠳᠡ ᠬᠦᠷᠦᠭᠡᠳ | ᠦᠨᠳᠦᠷᠯᠡᠯ᠎ᠡ᠂ ᠲᠠ ᠣᠯᠠᠨ ᠳᠤ ᠪᠠᠨ ᠳᠠᠬᠢᠨᠲᠠ ᠲᠠᠯᠠᠷᠬᠠᠯ ᠳᠡᠪᠰᠢᠭᠦᠯᠦᠶ᠎ᠡ᠃ |