ᠬᠤᠷᠢᠨᠭᠡᠷ ᠰᠢᠶᠠᠨ ᠤ 2018 ᠣᠨ ᠤ1 —5 ᠳ᠋ᠤᠭᠠᠷ ᠰᠠᠷ᠎ᠠ ᠶᠢᠨ ᠠᠵᠣ ᠠᠬᠤᠢ ᠶᠢᠨ ᠠᠵᠢᠯᠯᠠᠭᠠᠨ ᠤ ᠪᠠᠶᠢᠳᠠᠯ ᠤᠨ ᠳᠥᠭᠦᠮ ᠵᠠᠳᠠᠯᠣᠯᠲᠠ
ᠨᠡᠶᠢᠲᠡᠯᠡᠭᠰᠡᠨ ᠴᠠᠭ᠄
2018-06-27
     1 —5 ᠳ᠋ᠤᠭᠠᠷ ᠰᠠᠷ᠎ᠠ᠂ ᠪᠦᠬᠦ ᠰᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠲᠠᠭᠤᠨ  ᠤ ᠳᠣᠮᠳᠠ ᠤᠷᠤᠭᠰᠢᠯᠠᠬᠤ ᠠᠵᠢᠯ ᠤᠨ ᠶᠡᠷᠦᠩᠬᠡᠶ ᠦᠨᠳᠦᠰᠦᠨ ᠰᠠᠨᠠᠭ᠎ᠠ ᠶᠢ ᠴᠢᠩᠭ᠎ᠠ ᠠᠳᠬᠤᠵᠣ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠣ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠪᠠᠷ ᠰᠢᠵᠢᠮ ᠪᠣᠯᠭᠠᠨ᠂ ᠲᠤᠮᠤ ᠳ᠋ᠠᠶᠢᠲ᠋ᠠ᠂ ᠶᠡᠭᠡ ᠠᠮᠢ ᠠᠬᠤᠶ ᠶᠢᠨ ᠠᠵᠤ ᠦᠢᠯᠡᠰ ᠢᠶᠠᠷ ᠵᠢᠯᠣᠭᠤᠳᠤᠮᠵᠢ ᠪᠣᠯᠭᠠᠵᠤ᠂ ᠬᠠᠨᠳᠤᠯᠭ᠎ᠠ ᠲᠠᠢ ᠬᠦᠴᠦᠯᠡᠵᠦ᠂ ᠨᠠᠷᠢᠯᠢᠭ ᠣᠨᠣᠴᠢᠲᠠᠶ ᠪᠠᠷ ᠠᠷᠭ᠎ᠠ ᠪᠣᠳᠣᠯᠭ᠎ᠠ ᠬᠡᠷᠡᠭᠯᠡᠨ᠂ ᠠᠵᠤ ᠠᠬᠤᠶ ᠶᠢᠨ ᠠᠵᠢᠯᠯᠠᠭᠠᠨ ᠤ ᠦᠷᠭᠦᠯᠵᠢᠯᠡᠯ ᠨᠢᠳᠤᠨᠤᠨ ᠠᠴᠠ ᠨᠠᠰᠢ ᠶᠡᠷᠦᠩᠬᠡᠶ ᠳᠤ ᠪᠠᠨ ᠲᠣᠭᠲᠠᠭᠤᠨ ᠪᠠᠶᠢᠵᠤ᠂ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠨ ᠳᠡᠭᠡᠭᠰᠢᠯᠡᠬᠦ ᠪᠠᠶᠢᠳᠠᠯ ᠲᠠᠢ᠃      ᠨᠢᠭᠡ᠂ ᠠᠵᠣ ᠠᠬᠤᠢ ᠶᠢᠨ ᠠᠵᠢᠯᠯᠠᠭ᠎ᠠ ᠶᠡᠷᠦᠩᠬᠡᠢ ᠳᠤ ᠪᠠᠨ ᠲᠣᠭᠲᠠᠭᠤᠨ ᠪᠠᠶᠢᠳᠠᠯ ᠲᠠᠢ      ︵ᠨᠢᠭᠡ︶ ᠠᠵᠣ ᠦᠢᠯᠡᠳᠪᠦᠷᠢ ᠶᠢᠨ ᠠᠵᠣ ᠠᠬᠤᠢ ᠲᠣᠭᠲᠠᠭᠤᠨ ᠢᠶᠠᠷ ᠨᠡᠮᠡᠭᠳᠡᠪᠡ      5 ᠳ᠋ᠤᠭᠠᠷ ᠰᠠᠷ᠎ᠠ ᠳᠤ᠂  ᠪᠦᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠲᠡᠭ  ᠠᠳᠠᠯᠢ ᠬᠤᠭᠤᠴᠠᠭᠠᠨ ᠤ ᠬᠢ ᠠᠴᠠ9.4% ᠳᠣᠷᠣᠭᠰᠢᠯᠠᠵᠣ᠂ ᠨᠡᠮᠡᠭᠳᠡᠯ ᠤᠨ ᠬᠤᠷᠳᠣᠴᠠ ᠳᠡᠭᠡᠷ᠎ᠡ ᠰᠠᠷ᠎ᠠ ᠶᠢᠨ ᠬᠢ ᠠᠴᠠ24.7 ᠵᠠᠭᠤᠨ ᠤ ᠬᠤᠪᠢ ᠶᠢᠨ ᠴᠡᠭ ᠪᠣᠴᠠᠨ ᠳᠣᠷᠣᠭᠰᠢᠯᠠᠵᠣ᠂ ᠨᠢᠳᠣᠨᠣᠨ ᠵᠢᠯ ᠤᠨ ᠠᠳᠠᠯᠢ ᠬᠤᠭᠤᠴᠠᠭᠠᠨ ᠤ ᠬᠢ ᠠᠴᠠ19.2 ᠵᠠᠭᠤᠨ ᠤ ᠬᠤᠪᠢ ᠶᠢᠨ ᠴᠡᠭ ᠪᠣᠴᠠᠨ ᠳᠣᠷᠣᠭᠰᠢᠯᠠᠪᠠ︔1 —5 ᠳ᠋ᠤᠭᠠᠷ ᠰᠠᠷ᠎ᠠ ᠳᠤ᠂ ᠪᠦᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ8.9% ᠨᠡᠮᠡᠭᠳᠡᠵᠦ᠂ ᠪᠦᠬᠦ ᠣᠯᠣᠰ᠂ ᠪᠦᠬᠦ ᠣᠷᠣᠨ᠂ ᠪᠦᠬᠦ ᠬᠤᠲᠠ ᠶᠢᠨ  ᠬᠢ ᠠᠴᠠ2.0᠂3.4 ᠪᠣᠯᠣᠨ3.5 ᠵᠠᠭᠤᠨ ᠤ ᠬᠤᠪᠢ ᠶᠢᠨ ᠴᠡᠭ ᠦᠨᠳᠦᠷ ᠪᠣᠢ᠃ ᠨᠡᠮᠡᠭᠳᠡᠯ ᠤᠨ ᠬᠤᠷᠳᠣᠴᠠ ᠳᠡᠭᠡᠷ᠎ᠡ ᠰᠠᠷ᠎ᠠ ᠶᠢᠨ ᠬᠢ ᠠᠴᠠ2.3 ᠵᠠᠭᠤᠨ ᠤ ᠬᠤᠪᠢ ᠶᠢᠨ ᠴᠡᠭ ᠪᠣᠴᠠᠨ ᠳᠣᠷᠣᠭᠰᠢᠯᠠᠵᠣ᠂ ᠨᠢᠳᠣᠨᠣᠨ ᠵᠢᠯ ᠤᠨ ᠠᠳᠠᠯᠢ ᠬᠤᠭᠤᠴᠠᠭᠠᠨ ᠤ ᠬᠢ ᠠᠴᠠ0.2 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃       ︵ᠬᠤᠶᠠᠷ︶ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠪᠠᠭᠤᠷᠠᠬᠤ ᠬᠠᠨᠳᠤᠰᠢ ᠲᠠᠢ      1 —5ᠳ᠋ᠤᠭᠠᠷ ᠰᠠᠷ᠎ᠠ ᠳᠤ᠂ ᠪᠦᠬᠦ ᠰᠢᠶᠠᠨ ᠤ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ8.57 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ47.2% ᠢᠶᠠᠷ ᠪᠠᠭᠤᠷᠠᠵᠠᠢ᠃ ᠨᠡᠮᠡᠭᠳᠡᠯ ᠤᠨ ᠬᠤᠷᠳᠣᠴᠠ ᠪᠦᠬᠦ ᠣᠯᠣᠰ᠂ ᠪᠦᠬᠦ ᠣᠷᠣᠨ᠂ ᠪᠦᠬᠦ ᠬᠤᠲᠠ ᠶᠢᠨ ᠬᠢ ᠠᠴᠠ53.3᠂86.8 ᠪᠣᠯᠣᠨ81.7 ᠵᠠᠭᠤᠨ ᠤ ᠬᠤᠪᠢ ᠶᠢᠨ ᠴᠡᠭ ᠳᠣᠣᠷ᠎ᠠ  ᠪᠣᠢ᠃1 —2 ᠳ᠋ᠤᠭᠠᠷ ᠰᠠᠷ᠎ᠠ ᠶᠢᠨ ᠨᠡᠮᠡᠭᠳᠡᠯ ᠤᠨ ᠬᠤᠷᠳᠣᠴᠠ ᠰᠦᠬᠡᠷᠭᠦ22.5% ᠪᠠᠶᠢᠵᠣ᠂1 —3 ᠳ᠋ᠤᠭᠠᠷ ᠰᠠᠷ᠎ᠠ ᠳᠤ12.9%᠂1 —4 ᠳ᠋ᠦ᠋ᠭᠡᠷ ᠰᠠᠷ᠎ᠠ ᠳᠤ ᠰᠦᠬᠡᠷᠭᠦ8.3%᠂5 ᠳ᠋ᠤᠭᠠᠷ ᠰᠠᠷ᠎ᠠ ᠳᠤ ᠨᠡᠶᠢᠯᠡᠭᠡᠳ ᠰᠦᠬᠡᠷᠭᠦ47.2% ᠪᠠᠶᠢᠵᠣ᠂ ᠨᠡᠮᠡᠭᠳᠡᠯ ᠤᠨ ᠬᠤᠷᠳᠣᠴᠠ ᠪᠠᠭᠤᠷᠠᠬᠤ ᠬᠠᠨᠳᠣᠰᠢ ᠲᠠᠢ᠃       ︵ᠭᠤᠷᠪᠠ︶  ᠬᠡᠷᠡᠭᠯᠡᠭᠡᠨ ᠤ ᠵᠠᠬ᠎ᠠ ᠳᠡᠯᠭᠡᠭᠦᠷ ᠯᠠᠪᠳᠠᠭᠤᠨ ᠢᠶᠠᠷ ᠬᠦᠭᠵᠢᠵᠦ ᠪᠣᠢ      1 —5ᠳ᠋ᠤᠭᠠᠷ ᠰᠠᠷ᠎ᠠ ᠳᠤ᠂ ᠪᠦᠬᠦ ᠰᠢᠶᠠᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠣᠭᠰᠠᠨ ᠪᠦᠬᠦ ᠲᠤᠭ᠎ᠠ13.34 ᠳ᠋ᠦᠩᠰᠢᠭᠤᠷ ᠲᠦᠭᠦᠷᠢᠭ ᠪᠠᠶᠢᠵᠣ᠂ ᠠᠳᠠᠯᠢ ᠬᠤᠭᠤᠴᠠᠭᠠᠨ ᠤ ᠬᠢ ᠠᠴᠠ6.2% ᠪᠠᠷ ᠨᠡᠮᠡᠭᠳᠡᠵᠦ᠂ ᠨᠡᠮᠡᠭᠳᠡᠯ ᠤᠨ ᠬᠤᠷᠳᠣᠴᠠ ᠨᠢᠳᠣᠨᠣᠨ ᠵᠢᠯ ᠤᠨ ᠠᠳᠠᠯᠢ ᠬᠤᠭᠤᠴᠠᠭ᠎ᠠ ᠠᠴᠠ2.3 ᠵᠠᠭᠤᠨ ᠤ ᠬᠤᠪᠢ ᠶᠢᠨ ᠴᠡᠭ ᠳᠣᠷᠣᠭᠰᠢᠯᠠᠪᠠ᠃ ᠡᠭᠦᠨ ᠳᠤ᠂ ᠪᠦᠭᠡᠮ ᠢᠶᠠᠷ ᠪᠣᠷᠣᠯᠠᠭᠤᠯᠬᠤ ᠦᠢᠯᠡᠰ᠂ ᠵᠢᠵᠢᠭᠯᠡᠨ ᠪᠣᠷᠣᠯᠠᠭᠤᠯᠬᠤ ᠦᠢᠯᠡᠰ᠂ ᠬᠤᠨᠣᠭᠯᠠᠬᠤ ᠦᠢᠯᠡᠰ᠂ ᠢᠳᠡᠭᠡᠨ ᠣᠮᠳᠠᠭᠠᠨ ᠤ ᠦᠢᠯᠡᠰ ᠤᠨ ᠪᠣᠷᠣᠯᠠᠭᠤᠯᠭ᠎ᠠ ᠶᠢᠨ ᠬᠡᠮᠵᠢᠶ᠎ᠡ ᠲᠣᠰ ᠪᠦᠷᠢ7.32 ᠳ᠋ᠦᠩᠰᠢᠭᠤᠷ ᠲᠦᠭᠦᠷᠢᠭ᠂11.32 ᠳ᠋ᠦᠩᠰᠢᠭᠤᠷ ᠲᠦᠭᠦᠷᠢᠭ᠂0.2 ᠳ᠋ᠦᠩᠰᠢᠭᠤᠷ ᠲᠦᠭᠦᠷᠢᠭ᠂1.62 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠲᠣᠰ ᠪᠦᠷᠢ12.9%᠂6.3%᠂4.6%᠂8.2% ᠪᠠᠷ ᠨᠡᠮᠡᠭᠳᠡᠪᠡ᠃       ︵ᠳᠥᠷᠪᠡ︶ ᠡᠳ᠋ ᠤᠨ ᠵᠠᠰᠠᠭ ᠤᠨ ᠣᠷᠣᠯᠭ᠎ᠠ ︽ᠨᠢᠭᠡ ᠪᠠᠭᠤᠷᠠᠵᠣ ᠨᠢᠭᠡ ᠨᠡᠮᠡᠭᠳᠡᠪᠡ︾      1 —5ᠳ᠋ᠤᠭᠠᠷ ᠰᠠᠷ᠎ᠠ ᠳᠤ᠂ ᠪᠦᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ5.44 ᠳ᠋ᠦᠩᠰᠢᠭᠤᠷ ᠲᠦᠭᠦᠷᠢᠭ ᠪᠠᠶᠢᠵᠣ᠂ ᠠᠳᠠᠯᠢ ᠬᠤᠭᠤᠴᠠᠭᠠᠨ ᠤ ᠬᠢ ᠠᠴᠠ7.8% ᠳᠣᠷᠣᠭᠰᠢᠯᠠᠪᠠ᠃ ᠡᠭᠦᠨ  ᠳᠤ᠂ ᠭᠠᠶᠢᠯᠢ ᠶᠢᠨ ᠣᠷᠣᠯᠭ᠎ᠠ5.11 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ9.0% ᠳᠣᠷᠣᠭᠰᠢᠯᠠᠪᠠ᠃1 —5ᠳ᠋ᠤᠭᠠᠷ ᠰᠠᠷ᠎ᠠ ᠳᠤ᠂ ᠪᠦᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠣᠯᠭ᠎ᠠ5.44 ᠳ᠋ᠦᠩᠰᠢᠭᠤᠷ ᠲᠦᠭᠦᠷᠢᠭ ᠪᠠᠶᠢᠵᠣ᠂ ᠠᠳᠠᠯᠢ ᠬᠤᠭᠤᠴᠠᠭᠠᠨ ᠤ ᠬᠢ ᠠᠴᠠ23.1% ᠨᠡᠮᠡᠭᠳᠡᠪᠡ᠃ ᠡᠭᠦᠨ ᠳᠤ᠂ ᠰᠣᠷᠭᠠᠨ ᠬᠦᠮᠦᠵᠢᠯ᠂ ᠨᠡᠶᠢᠲᠡ ᠶᠢᠨ ᠠᠮᠣᠷ ᠲᠦᠪᠰᠢᠨ᠂ ᠨᠡᠶᠢᠭᠡᠮ ᠤᠨ ᠪᠠᠲᠣᠯᠠᠭ᠎ᠠ ᠪᠣᠯᠣᠨ ᠠᠵᠢᠯ ᠣᠯᠭᠤᠬᠤ ᠵᠡᠷᠭᠡ ᠨᠠᠢᠮᠠᠨ ᠵᠦᠢᠯ ᠤᠨ ᠵᠠᠷᠣᠯᠭ᠎ᠠ3.42 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ1.5% ᠳᠣᠷᠣᠭᠰᠢᠯᠠᠵᠣ᠂ ᠪᠦᠬᠦ ᠵᠠᠷᠣᠯᠭ᠎ᠠ ᠶᠢᠨ53.7% ᠶᠢ ᠡᠵᠡᠯᠡᠨ᠎ᠡ᠃       ︵ᠲᠠᠪᠤ︶ ᠮᠦᠩᠭᠦᠨ ᠭᠦᠢᠯᠭᠡᠭᠡᠨ ᠤ ᠠᠵᠢᠯᠯᠠᠭ᠎ᠠ ᠲᠣᠭᠲᠠᠪᠣᠷᠢᠲᠠᠢ      5ᠳ᠋ᠤᠭᠠᠷ ᠰᠠᠷ᠎ᠠ ᠶᠢᠨ ᠡᠴᠦᠰ᠂ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ154.30 ᠳ᠋ᠦᠩᠰᠢᠭᠤᠷ ᠪᠠᠶᠢᠵᠤ᠂33.4% ᠨᠡᠮᠡᠭᠳᠡᠪᠡ᠃ ᠡᠭᠦᠨ ᠳᠤ᠂ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠵᠣᠭᠤᠰ52.86 ᠳ᠋ᠦᠩᠰᠢᠭᠤᠷ ᠲᠦᠭᠦᠷᠢᠭ ᠪᠠᠶᠢᠵᠣ᠂13.73% ᠨᠡᠮᠡᠭᠳᠡᠪᠡ︔ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ74.63 ᠳ᠋ᠦᠩᠰᠢᠭᠤᠷ ᠪᠠᠶᠢᠵᠤ᠂23.9% ᠨᠡᠮᠡᠭᠳᠡᠪᠡ᠃      ᠬᠤᠶᠠᠷ᠂ ᠠᠵᠣ ᠠᠬᠤᠢ ᠶᠢᠨ ᠥᠰᠥᠯᠲᠡ ᠶᠢᠨ ᠳᠣᠮᠳᠠ ᠣᠷᠣᠰᠢᠵᠣ ᠪᠠᠶᠢᠭ᠎ᠠ ᠬᠦᠴᠢᠷᠳᠡᠯ      ︵ᠨᠢᠭᠡ︶ ᠠᠵᠣ ᠦᠢᠯᠡᠳᠪᠦᠷᠢ ᠶᠢᠨ ᠳᠣᠷᠣᠭᠰᠢᠯᠠᠵᠣ ᠪᠠᠶᠢᠭ᠎ᠠ ᠡᠯᠧᠮᠧᠨ᠋ᠲ ᠨᠡᠮᠡᠭᠳᠡᠪᠡ      ᠤᠯᠠᠮᠵᠢᠯᠠᠯᠲᠤ ᠠᠵᠢᠯ ᠲᠦᠷᠥᠯ ᠤᠨ ᠦᠢᠯᠡᠳᠪᠦᠷᠢᠯᠡᠯ ᠢᠯᠡᠷᠬᠡᠢ ᠪᠠᠭᠠᠰᠪᠠ᠃ ᠠᠵᠣ ᠦᠢᠯᠡᠳᠪᠦᠷᠢ ᠶᠢᠨ ᠬᠡᠯᠪᠡᠷᠢ ᠪᠠᠨ ᠥᠭᠡᠷᠡᠴᠢᠯᠡᠨ ᠳᠡᠰ ᠳᠡᠪᠰᠢᠬᠦ ᠠᠯᠬᠤᠴᠠ ᠲᠦᠷᠭᠡᠳᠬᠦ ᠶᠢ ᠳᠠᠭᠠᠯᠳᠣᠨ᠂ ᠪᠣᠬᠢᠷᠳᠣᠯ ᠪᠣᠳᠠᠰ ᠤᠨ ᠰᠡᠷᠭᠡᠶᠢᠯᠡᠯᠲᠡ ᠶᠢᠨ ᠠᠵᠢᠯ ᠣᠯᠠᠮᠵᠢᠯᠠᠯᠲᠣ ᠠᠵᠢᠯ ᠲᠦᠷᠥᠯ ᠤᠨ ᠦᠢᠯᠡᠳᠪᠦᠷᠢᠯᠡᠯ ᠳᠤ ᠰᠢᠨ᠎ᠡ ᠱᠠᠭᠠᠷᠳᠠᠯᠭ᠎ᠠ ᠳᠣᠷᠠᠳᠣᠭᠰᠠᠨ ᠪᠠᠶᠢᠨ᠎ᠠ᠃ ᠴᠢᠯᠠᠭᠤᠨ ᠠᠭᠤᠷᠬᠠᠢ ᠵᠢᠴᠢ ᠴᠢᠯᠠᠭᠤᠨ ᠮᠠᠲ᠋ᠧᠷᠢᠶᠠᠯ ᠢ ᠡᠳ᠋ᠰᠢᠭᠦᠯᠬᠦ ᠠᠵᠣ ᠦᠢᠯᠡᠳᠪᠦᠷᠢ᠂ ᠢᠳᠡᠭᠡᠨ ᠣᠮᠳᠠᠭᠠᠨ ᠤ ᠦᠢᠯᠡᠰ᠂ ᠴᠠᠭᠠᠰᠣᠨ ᠤ ᠦᠢᠯᠡᠳᠬᠦᠨ ᠪᠣᠯᠣᠨ ᠪᠣᠭᠤᠳᠠᠯᠯᠠᠬᠤ ᠦᠢᠯᠡᠰ ᠵᠡᠷᠭᠡ ᠠᠵᠢᠯ ᠲᠦᠷᠥᠯ ᠲᠣᠰ ᠰᠠᠷ᠎ᠠ ᠠᠴᠠ ᠦᠢᠯᠡᠳᠪᠦᠷᠢᠯᠡᠯ ᠤᠨ ᠬᠡᠮᠵᠢᠶ᠎ᠡ ᠶᠢᠨ ᠪᠠᠭᠤᠷᠠᠭᠰᠠᠨ ᠪᠠᠶᠢᠳᠠᠯ ᠢᠯᠡᠷᠬᠡᠢ᠂ ᠲᠣᠰ ᠰᠠᠷ᠎ᠠ ᠶᠢᠨ ᠶᠡᠷᠦᠩᠬᠡᠢ ᠦᠢᠯᠡᠳᠪᠦᠷᠢᠯᠡᠯ ᠤᠨ ᠦᠷᠲᠡᠭ ᠮᠦᠨ ᠯᠠ7.5% ᠪᠠᠭᠤᠷᠠᠭᠰᠠᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠶᠡᠷᠦᠩᠬᠡᠢ ᠦᠷᠲᠡᠭ ᠳᠤ ᠡᠵᠡᠯᠡᠬᠦ ᠬᠤᠪᠢ ᠶᠢᠨ ᠵᠢᠩ85.7% ᠪᠠᠶᠢᠵᠣ᠂ ᠡᠵᠡᠯᠡᠬᠦ ᠬᠠᠷᠢᠴᠠᠯ ᠨᠢ ᠠᠳᠠᠯᠢ ᠬᠤᠭᠤᠴᠠᠭᠠᠨ ᠤ ᠬᠢ ᠠᠴᠠ1.2 ᠵᠠᠭᠤᠨ ᠤ ᠬᠤᠪᠢ ᠶᠢᠨ ᠴᠡᠭ ᠪᠠᠭᠤᠷᠠᠵᠣ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠬᠤᠷᠳᠣᠴᠠ1.5 ᠵᠠᠭᠤᠨ ᠤ ᠬᠤᠪᠢ ᠶᠢᠨ ᠴᠡᠭ ᠪᠠᠭᠤᠷᠠᠲᠠᠯ᠎ᠠ ᠨᠦᠯᠦᠭᠡᠯᠡᠪᠡ᠃       ︵ᠬᠤᠶᠠᠷ︶ ᠪᠡᠯᠡ ᠣᠷᠣᠭᠤᠯᠣᠯᠲᠠ ᠶᠢᠨ ᠨᠡᠮᠡᠭᠳᠡᠯ ᠤᠨ ᠬᠦᠴᠦᠨ ᠬᠦᠷᠦᠯᠴᠡᠬᠦ ᠦᠭᠡᠢ      ᠬᠦᠮᠦᠷᠭᠡᠨ ᠳᠤ ᠪᠠᠶᠢᠭ᠎ᠠ ᠲᠦᠷᠥᠯ ᠵᠦᠢᠯ ᠤᠨ ᠲᠤᠭ᠎ᠠ ᠶᠡᠭᠡ ᠬᠡᠮᠵᠢᠶ᠎ᠡ ᠪᠠᠷ ᠪᠠᠭᠠᠰᠪᠠ᠃1 —5 ᠳ᠋ᠤᠭᠠᠷ ᠰᠠᠷ᠎ᠠ ᠳᠤ᠂ ᠪᠦᠬᠦ ᠰᠢᠶᠠᠨ ᠤ ᠬᠦᠮᠦᠷᠭᠡᠨ ᠳᠠᠬᠢ ᠲᠦᠷᠥᠯ ᠵᠦᠢᠯ ︵ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢ ᠨᠡᠭᠡᠭᠡᠨ ᠠᠰᠢᠭᠯᠠᠬᠤ ᠬᠤᠳᠠᠯᠳᠣᠭᠠᠴᠢᠨ ᠢ ᠪᠠᠭᠲᠠᠭᠠᠨ᠎ᠠ︶35 ᠪᠠᠶᠢᠵᠣ᠂ ᠠᠳᠠᠯᠢ ᠬᠤᠭᠤᠴᠠᠭᠠᠨ ᠤ  ᠬᠢ ᠠᠴᠠ90 ᠪᠠᠭᠠᠰᠪᠠ᠃ ᠡᠭᠦᠨ ᠳᠤ᠂500 —5000 ᠲᠦᠮᠡᠨ ᠲᠦᠭᠦᠷᠢᠭ ᠤᠨ ᠲᠦᠷᠥᠯ ᠵᠦᠢᠯ8 ᠪᠠᠶᠢᠵᠣ᠂ ᠠᠳᠠᠯᠢ ᠬᠤᠭᠤᠴᠠᠭᠠᠨ ᠤ ᠬᠢ ᠠᠴᠠ94 ᠪᠠᠭᠠᠰᠴᠣ᠂ ᠪᠡᠶᠡᠯᠡᠭᠦᠯᠦᠭᠰᠡᠨ ᠪᠡᠯᠡ ᠣᠷᠣᠭᠤᠯᠣᠯᠲᠠ ᠪᠦᠬᠦ ᠪᠡᠯᠡ ᠣᠷᠣᠭᠤᠯᠣᠯᠲᠠ ᠶᠢᠨ8.6% ᠶᠢ ᠡᠵᠡᠯᠡᠨ᠂ ᠨᠢᠳᠣᠨᠣᠨ ᠵᠢᠯ ᠤᠨ ᠠᠳᠠᠯᠢ ᠬᠤᠭᠤᠴᠠᠭᠠᠨ ᠤ ᠬᠢ ᠠᠴᠠ37.9 ᠵᠠᠭᠤᠨ ᠤ ᠬᠤᠪᠢ ᠶᠢᠨ ᠴᠡᠭ ᠳᠣᠷᠣᠭᠰᠢᠯᠠᠪᠠ᠃ ᠲᠦᠷᠥᠯ ᠵᠦᠢᠯ ᠤᠨ ᠲᠣᠯᠭᠠᠭᠤᠷᠢᠯᠠᠬᠤ ᠬᠦᠴᠦᠨ ᠢᠯᠡᠳᠲᠡ ᠬᠦᠷᠦᠯᠴᠡᠬᠦ ᠦᠭᠡᠢ᠂ ᠪᠦᠬᠦ ᠰᠢᠶᠠᠨ ᠤ ᠪᠡᠯᠡ ᠣᠷᠣᠭᠤᠯᠣᠯᠲᠠ ᠳᠤ ᠦᠵᠡᠭᠦᠯᠬᠦ ᠨᠦᠯᠦᠭᠡ ᠨᠡᠯᠢᠶᠡᠳ ᠶᠡᠭᠡ ᠪᠠᠶᠢᠨ᠎ᠠ᠃      ᠪᠡᠯᠡᠨ ᠪᠣᠯᠣᠭᠰᠠᠨ ᠪᠡᠯᠡ ᠣᠷᠣᠭᠤᠯᠣᠯᠲᠠ ᠶᠢᠨ ᠨᠡᠮᠡᠭᠳᠡᠯ ᠤᠨ ᠬᠤᠷᠳᠣᠴᠠ ᠪᠡᠯᠡ ᠣᠷᠣᠭᠤᠯᠣᠯᠲᠠ ᠶᠢᠨ ᠨᠡᠮᠡᠭᠳᠡᠯ ᠤᠨ ᠬᠤᠷᠳᠣᠴᠠ ᠠᠴᠠ ᠳᠣᠣᠷ᠎ᠠ᠂ ᠪᠦᠬᠦ ᠰᠢᠶᠠᠨ ᠤ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠪᠡᠯᠡᠨ ᠪᠣᠯᠣᠭᠰᠠᠨ ᠪᠡᠯᠡ ᠣᠷᠣᠭᠤᠯᠣᠯᠲᠠ7.8% ᠪᠠᠭᠤᠷᠠᠵᠣ᠂ ᠪᠡᠯᠡ ᠮᠦᠩᠭᠦᠨ ᠤ ᠪᠡᠯᠡᠨ ᠪᠣᠯᠵᠤ ᠠᠯᠭᠤᠷᠯᠠᠬᠤ ᠨᠢ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠠᠬᠢᠴᠠ ᠶᠢ ᠨᠦᠯᠦᠭᠡᠯᠡᠬᠦ ᠪᠠᠷ ᠪᠠᠷᠠᠬᠤ ᠦᠭᠡᠢ ᠪᠦᠬᠦ ᠰᠢᠶᠠᠨ ᠤ ᠪᠡᠯᠡ ᠣᠷᠣᠭᠤᠯᠣᠯᠲᠠ ᠶᠢᠨ ᠬᠦᠭᠵᠢᠯᠲᠡ ᠶᠢᠨ ᠬᠦᠴᠦᠨ ᠤ ᠪᠦᠷᠢᠯᠳᠦᠬᠦ ᠳᠤ ᠬᠢᠵᠠᠭᠠᠷᠯᠠᠯᠲᠠ ᠪᠣᠯᠵᠤ ᠪᠣᠢ᠃       ︵ᠭᠤᠷᠪᠠ︶ ᠪᠦᠭᠡᠮ ᠢᠶᠠᠷ ᠪᠣᠷᠣᠯᠠᠭᠤᠯᠬᠤ ᠵᠢᠵᠢᠭᠯᠡᠨ ᠪᠣᠷᠣᠯᠠᠭᠤᠯᠬᠤ ᠬᠤᠨᠣᠭᠯᠠᠬᠤ ᠢᠳᠡᠭᠡᠨ ᠤ ᠦᠢᠯᠡᠰ ᠪᠠᠭᠤᠷᠠᠪᠠ      ᠶᠡᠭᠡ ᠬᠡᠮᠵᠢᠶᠡᠨ ᠤ ᠬᠡᠷᠡᠭᠯᠡᠭᠡᠨ ᠤ ᠪᠦᠲᠦᠭᠡᠭᠳᠡᠭᠦᠨ ᠦᠨ᠎ᠡ ᠪᠣᠯᠣᠨ ᠲᠦᠷᠥ ᠶᠢᠨ ᠪᠣᠳᠣᠯᠭ᠎ᠠ ᠶᠢᠨ ᠨᠦᠯᠦᠭᠡᠯᠡᠯ ᠢ ᠬᠦᠷᠲᠡᠭᠰᠡᠨ ᠬᠡᠯᠪᠡᠯᠵᠡᠯ ᠢᠯᠡᠷᠬᠡᠢ᠃ ᠦᠢᠯᠡᠳᠪᠦᠷᠢᠯᠡᠯ᠂ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠲᠡᠭ ᠤᠨ ᠨᠡᠮᠡᠭᠳᠡᠯ᠂ ᠲᠦᠭᠦᠬᠡᠢ ᠡᠳ᠋ ᠤᠨ ᠦᠨ᠎ᠡ ᠶᠢᠨ ᠥᠰᠥᠯᠲᠡ ᠵᠢᠴᠢ ᠵᠠᠬ᠎ᠠ ᠳᠡᠯᠭᠡᠭᠦᠷ ᠤᠨ ᠬᠡᠷᠡᠭᠴᠡᠭᠡ ᠵᠡᠷᠭᠡ ᠬᠦᠴᠦᠨ ᠵᠦᠢᠯ ᠤᠨ ᠨᠦᠯᠦᠭᠡᠯᠡᠯ ᠢ ᠬᠦᠷᠲᠡᠭᠰᠡᠨ ᠠᠴᠠ ᠪᠣᠷᠳᠣᠭᠠᠨ ᠤ ᠲᠦᠷᠦᠯ ᠤᠨ ᠪᠠᠭᠤᠷᠠᠯᠲᠠ ᠶᠡᠭᠡ ᠪᠠᠶᠢᠵᠣ᠂ ᠪᠣᠯᠣᠳ ᠮᠠᠲ᠋ᠧᠷᠢᠶᠠᠯ ᠤᠨ ᠲᠦᠷᠥᠯ ᠤᠨ ᠪᠣᠷᠣᠯᠠᠭᠤᠯᠣᠯᠲᠠ ᠳᠣᠣᠷ᠎ᠠ᠂ ᠪᠦᠭᠡᠮ ᠢᠶᠠᠷ ᠪᠣᠷᠣᠯᠠᠭᠤᠯᠬᠤ ᠵᠢᠵᠢᠭᠯᠡᠨ ᠪᠣᠷᠣᠯᠠᠭᠤᠯᠬᠤ ᠬᠤᠨᠣᠭᠯᠠᠬᠤ ᠢᠳᠡᠭᠡᠨ ᠤ ᠦᠢᠯᠡᠰ ᠤᠨ ᠨᠡᠮᠡᠭᠳᠡᠯ ᠤᠨ ᠬᠤᠷᠳᠣᠴᠠ ᠶᠢ ᠳᠣᠷᠣᠭᠰᠢᠯᠠᠭᠤᠯᠪᠠ ᠃5 ᠳ᠋ᠤᠭᠠᠷ ᠰᠠᠷ᠎ᠠ ᠳᠤ᠂ ᠪᠦᠬᠦ ᠰᠢᠶᠠᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠦᠭᠡᠮ ᠢᠶᠠᠷ ᠪᠣᠷᠣᠯᠠᠭᠤᠯᠬᠤ ᠦᠢᠯᠡᠰ0.11 ᠳ᠋ᠦᠩᠰᠢᠭᠤᠷ ᠲᠦᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ4.9% ᠪᠠᠭᠤᠷᠠᠪᠠ᠃      ᠭᠤᠷᠪᠠ᠂ ᠰᠠᠨᠠᠯ ᠰᠠᠨᠠᠭᠤᠯᠭ᠎ᠠ      ᠣᠳᠣᠬᠠᠨ ᠳᠤ ᠤᠯᠤᠰ ᠤᠨ ᠪᠡᠯᠡ ᠣᠷᠣᠭᠤᠯᠤᠯᠲᠠ ᠪᠠᠴᠢᠮ ᠪᠠᠶᠢᠭ᠎ᠠ ᠶᠡᠭᠡ ᠠᠬᠤᠶ ᠪᠠᠶᠢᠳᠠᠯ ᠤᠨ ᠳᠣᠣᠷ᠎ᠠ᠂ ᠬᠤᠳᠠᠯᠳᠣᠭᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ ᠨᠢ ᠪᠡᠯᠡ ᠣᠷᠣᠭᠤᠯᠤᠯᠲᠠ ᠶᠢ ᠨᠠᠮᠳᠠᠭᠤᠯᠬᠤ ᠴᠢᠬᠤᠯᠠ ᠭᠠᠷᠳᠠᠴᠠ ᠮᠦᠨ᠃ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠨᠢ ᠬᠤᠳᠠᠯᠳᠤᠭᠠᠴᠢᠨ ᠤᠷᠢᠬᠤ ᠪᠠᠷ ᠪᠠᠷᠠᠬᠤ ᠦᠭᠡᠢ᠂ ᠨᠡᠩ ᠴᠤ ᠪᠡᠯᠡ ᠣᠷᠣᠭᠤᠯᠬᠤ ᠬᠡᠷᠡᠭᠲᠡᠶ᠃ ᠰᠢᠨ᠎ᠡ ᠨᠢᠰᠬᠡᠯ ᠤᠨ ᠪᠠᠭᠤᠳᠠᠯ᠂ ᠰᠢᠨ᠎ᠡ ᠲᠣᠭᠤᠷᠢᠭ ᠵᠡᠷᠭᠡ ᠭᠤᠣᠯᠳᠠᠯᠭ᠎ᠠ ᠲᠠᠢ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠲᠣᠬᠢᠶᠠᠯ ᠢ ᠠᠳᠬᠤᠵᠣ ᠬᠤᠳᠠᠯᠳᠣᠭᠠᠴᠢᠨ ᠢ ᠣᠷᠢᠨ᠂ ᠢᠯᠠᠩᠭᠤᠶ᠎ᠠ ᠪᠣᠳᠠᠲᠤ ᠴᠣᠭᠴᠠᠲᠣ ᠠᠵᠤ ᠠᠬᠤᠶ ᠶᠢ ᠴᠢᠬᠤᠯᠠᠴᠢᠯᠠᠵᠣ ᠣᠨᠴᠠᠭᠠᠶᠢᠯᠠᠨ ᠠᠵᠤ ᠦᠢᠯᠡᠳᠪᠦᠷᠢ ᠶᠢᠨ ᠲᠥᠷᠥᠯ ᠵᠦᠢᠯ ᠳᠤ ᠪᠡᠯᠡ ᠣᠷᠣᠭᠤᠯᠬᠤ ᠪᠣᠯᠣᠨ᠎ᠠ᠃ ᠡᠯ᠎ᠡ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠪᠡᠯᠡ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠲᠦᠷᠤᠯ ᠵᠦᠢᠯ ᠤᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠬᠡᠷᠡᠭᠲᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号