| ᠰᠤᠷᠪᠤᠯᠵᠢᠯᠠᠭᠰᠠᠨ ᠴᠠᠭ᠄ | 2018 ᠣᠨ ᠤ 4 ᠳ᠋ᠦ᠋ᠭᠡᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠡᠳ᠋ | ᠡᠷᠬᠢᠯᠡᠭᠴᠢ ᠵᠠᠩ ᠵᠠᠨ ᠵᠢᠶᠦ᠋ᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠳᠡᠰ ᠳᠡᠪᠰᠢᠵᠦ ᠥᠷᠭᠡᠳᠬᠡᠯ ᠬᠢᠬᠦ ᠶᠢ ᠦᠨᠡᠯᠡᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ ᠥᠨᠥᠳᠥᠷ ᠪᠢᠳᠡ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠵᠠᠩ ᠵᠠᠨ ᠵᠢᠶᠦ᠋ᠨ | ᠳᠡᠳ᠋ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ | ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠮᠠᠨ ᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠳᠡᠰ ᠳᠡᠪᠰᠢᠵᠦ ᠥᠷᠭᠡᠳᠬᠡᠯ ᠬᠢᠬᠦ ᠶᠢ ᠦᠨᠡᠯᠡᠬᠦ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ | ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ | ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠣᠷᠣᠯᠴᠠᠬᠤ ᠶᠢ ᠴᠢᠨᠢ | ᠪᠠᠶᠠᠷᠯᠠᠨ ᠤᠭᠲᠤᠵᠤ ᠪᠠᠶᠢᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠲᠠᠢ ᠵᠣᠬᠢᠴᠠᠯᠳᠤᠨ᠂ ᠰᠢᠨ᠎ᠡ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢᠨ᠎ᠡ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠠᠵᠢᠯᠯᠠᠭᠠᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠢ ᠠᠬᠢᠭᠤᠯᠬᠤ ᠬᠡᠷᠡᠭᠲᠡᠢ᠃ | 2017 ᠣᠨ ᠤ 12 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠳᠡᠰ ᠳᠡᠪᠰᠢᠵᠦ ᠥᠷᠭᠡᠳᠬᠡᠯ ᠬᠢᠬᠦ ᠶᠢ ᠦᠨᠡᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ | ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ | ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠵᠠᠩ ᠵᠠᠨ ᠵᠢᠶᠦ᠋ᠨ ᠳᠡᠳ᠋ ᠡᠷᠬᠢᠯᠡᠭᠴᠢ ᠶᠢ ᠤᠷᠢᠵᠤ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠵᠦ | ᠥᠷᠭᠡᠳᠬᠡᠯ ᠬᠢᠬᠦ ᠶᠢ ᠦᠨᠡᠯᠡᠬᠦ ᠠᠷᠭ᠎ᠠ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠦᠯᠵᠢᠶ᠎ᠡ ᠪᠠᠷ | ᠰᠠᠨᠠᠯ ᠰᠣᠯᠢᠯᠴᠠᠭᠤᠯᠬᠤ ᠪᠣᠯᠣᠯ᠎ᠠ᠃ ᠵᠠᠩ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ | ᠵᠠᠩ ᠵᠠᠨ ᠵᠢᠶᠦ᠋ᠨ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ | ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠡᠮᠦᠨ᠎ᠡ ᠠᠴᠠ ᠮᠠᠨ ᠤ | ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠬᠢᠭᠡᠳ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠬᠠᠷᠠᠭᠠᠯᠵᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ | ᠰᠦᠯᠵᠢᠶᠡᠨ ᠤ ᠠᠨᠳᠠ ᠳᠤ ᠪᠠᠨ ᠴᠢᠩ ᠰᠡᠳᠬᠢᠯ ᠠᠴᠠ ᠪᠠᠨ ᠪᠠᠶᠠᠷᠯᠠᠨ ᠲᠠᠯᠠᠷᠬᠠᠵᠤ ᠪᠠᠶᠢᠨ᠎ᠠ᠃ | ᠬᠥᠲᠥᠯᠥᠭᠴᠢ᠄ | ᠣᠶᠢᠷ᠎ᠠ ᠶᠢᠨ ᠵᠢᠯ ᠤᠳ ᠲᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠪᠣᠯ | ᠮᠠᠨ ᠤ ᠣᠷᠣᠨ ᠤ ᠥᠭᠡᠷᠡᠴᠢᠯᠡᠯᠲᠡ ᠨᠡᠭᠡᠭᠡᠯᠲᠡ ᠬᠢᠭᠰᠡᠨ ᠠᠮᠵᠢᠯᠲᠠ ᠲᠠᠢ ᠦᠢᠯᠡᠳᠦᠯᠭᠡ ᠪᠠᠶᠢᠵᠤ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠴᠤ ᠮᠠᠨ ᠤ ᠣᠷᠣᠨ ᠤ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠭᠦᠯᠦᠯᠲᠡ᠂ ᠬᠤᠲᠠ ᠪᠠᠯᠭᠠᠰᠤᠵᠢᠯᠲᠠ ᠶᠢ ᠲᠦᠷᠭᠡᠨ ᠬᠥᠭᠵᠢᠭᠦᠯᠬᠦ ᠪᠠ ᠭᠠᠳᠠᠭᠰᠢ ᠨᠡᠭᠡᠭᠡᠯᠲᠡ | ᠬᠢᠬᠦ ᠶᠢ ᠠᠬᠢᠭᠤᠯᠬᠤ ᠴᠢᠬᠤᠯᠠ ᠲᠠᠪᠴᠠᠩ ᠪᠣᠯᠪᠠ᠃ ᠪᠠᠰᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠠᠬᠢᠭᠤᠯᠵᠤ᠂ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠠᠵᠤ | ᠠᠬᠤᠢ ᠶᠢᠨ ᠥᠰᠦᠯᠲᠡ ᠶᠢᠨ ᠰᠢᠨ᠎ᠡ ᠬᠥᠳᠡᠯᠭᠡᠭᠴᠢ ᠴᠢᠳᠠᠪᠤᠷᠢ ᠶᠢ ᠪᠦᠷᠢᠯᠳᠦᠭᠦᠯᠬᠦ ᠳᠤ ᠴᠢᠬᠤᠯᠠ ᠦᠢᠯᠡᠳᠦᠯ | ᠦᠵᠡᠭᠦᠯᠵᠡᠢ᠃ ᠮᠠᠨ ᠤ ᠣᠷᠣᠨ ︽ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠳᠡᠰ ᠳᠡᠪᠰᠢᠵᠦ ᠥᠷᠭᠡᠳᠬᠡᠯ ᠬᠢᠬᠦ ᠠᠷᠭ᠎ᠠ︾ ᠶᠢ ᠶᠠᠮᠠᠷ ᠠᠬᠤᠢ ᠪᠠᠶᠢᠳᠠᠯ ᠳᠣᠣᠷ᠎ᠠ ᠨᠡᠶᠢᠲᠡᠯᠡᠭᠰᠡᠨ ᠶᠢ | ᠵᠠᠩ ᠡᠷᠬᠢᠯᠡᠭᠴᠢ ᠲᠠ ᠶᠠᠷᠢᠭᠠᠳ ᠥᠭᠭᠦᠨ᠎ᠡ ᠦᠦ︖ | ᠵᠠᠩ ᠵᠠᠨ ᠵᠢᠶᠦ᠋ᠨ᠄ | ᠮᠠᠨ ᠤ ᠣᠷᠣᠨ ᠤ 60% ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠪᠠ | 70% ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠠᠶᠢᠯᠢ ᠶᠢᠨ ᠣᠷᠣᠯᠭ᠎ᠠ ᠨᠢ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠠᠴᠠ ᠢᠷᠡᠵᠦ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠠᠬᠢ | ᠬᠤᠪᠢ ᠨᠡᠮᠡᠷᠢ ᠨᠢ ᠮᠠᠰᠢ ᠶᠡᠭᠡ ᠪᠠᠶᠢᠳᠠᠭ᠂ ᠡᠭᠦᠨ ᠤ ᠬᠠᠮᠲᠤ᠂ ᠮᠠᠨ ᠤ ᠣᠷᠣᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠳᠠᠯᠳᠠ ᠬᠦᠴᠦᠨ ᠪᠠ ᠳᠠᠪᠠᠭᠤᠯᠢᠭ ᠢ ᠭᠦᠢᠴᠡᠳ ᠪᠠᠳᠠᠷᠠᠭᠤᠯᠵᠤ | ᠴᠢᠳᠠᠭ᠎ᠠ ᠦᠭᠡᠢ ᠭᠡᠳᠡᠭ ᠢ ᠴᠤ ᠣᠯᠵᠤ ᠬᠠᠷᠠᠬᠤ ᠬᠡᠷᠡᠭᠲᠡᠢ᠃ ᠬᠥᠭᠵᠢᠯᠲᠡ ᠶᠢᠨ ᠶᠠᠰᠤ ᠴᠢᠨᠠᠷ ᠢ ᠤᠯᠠᠮ | ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ︽ᠤᠯᠤᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠣᠷᠣᠨ ᠢ ᠰᠢᠯᠭᠠᠨ ᠬᠢᠨᠠᠬᠤ ᠳᠦᠷᠢᠮ ᠢ ᠲᠡᠭᠦᠯᠳᠡᠷᠵᠢᠭᠦᠯᠦᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ | ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ | ᠰᠠᠨᠠᠯ︾ ︵ᠲᠥᠷᠥ ᠠᠯᠪᠠᠨ ᠲᠠᠷᠬᠠᠭᠠᠭᠰᠠᠨ ︹2016︺ 14 ᠳ᠋ᠦ᠋ᠭᠡᠷ ᠲᠣᠭᠠᠲᠤ︶᠂ ︽ᠨᠡᠭᠡᠭᠡᠯᠲᠡ ᠶᠢᠨ | ᠣᠷᠣᠨ ᠤ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ︾ ︵ᠲᠥᠷᠥ ᠠᠯᠪᠠᠨ ᠲᠠᠷᠬᠠᠭᠠᠭᠰᠠᠨ | ︹2017︺ 7 ᠳ᠋ᠤᠭᠠᠷ ᠲᠣᠭᠠᠲᠤ︶᠂ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠢᠯᠣᠭᠤᠳᠬᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹2015︺ 126 ᠳ᠋ᠤᠭᠠᠷ ᠲᠣᠭᠠᠲᠤ︶ | ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠭᠤᠷᠪᠠᠳᠤᠭᠠᠷ ᠲᠠᠪᠤᠨ ᠵᠢᠯ﹀ ᠤᠨ | ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠲᠥᠯᠥᠪᠵᠢᠭᠦᠯᠭᠡ︾ ᠪᠠᠷ ᠦᠨᠳᠦᠰᠦᠯᠡᠯ ᠪᠣᠯᠭᠠᠵᠤ᠂ ᠪᠦᠬᠦ ᠣᠷᠣᠨ ᠤ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠬᠥᠭᠵᠢᠯᠲᠡ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠲᠤᠰ ︽ᠠᠷᠭ᠎ᠠ︾ ᠶᠢ ᠲᠣᠭᠲᠠᠭᠠᠭᠰᠠᠨ ᠪᠠᠶᠢᠨ᠎ᠠ᠃ | ᠬᠥᠲᠥᠯᠥᠭᠴᠢ᠄ | ᠲᠡᠭᠡᠪᠡᠯ᠂ ︽ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠪᠣᠯᠭᠠᠨ ᠳᠡᠰ ᠳᠡᠪᠰᠢᠭᠦᠯᠬᠦ ᠳᠤ ᠶᠠᠮᠠᠷ ᠶᠠᠮᠠᠷ ᠨᠥᠬᠦᠴᠡᠯ ᠪᠦᠷᠢᠯᠳᠦᠭᠦᠯᠬᠦ ᠪᠠᠷ ᠱᠠᠭᠠᠷᠳᠠᠵᠤ | ᠪᠠᠶᠢᠬᠤ ᠪᠣᠢ︖ | ᠵᠠᠩ ᠵᠠᠨ ᠵᠢᠶᠦ᠋ᠨ᠄ | ︽ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠪᠣᠯᠭᠠᠨ ᠳᠡᠰ ᠳᠡᠪᠰᠢᠭᠦᠯᠬᠦ ᠳᠤ ᠪᠦᠷᠢᠯᠳᠦᠭᠦᠯᠪᠡᠰᠦ ᠵᠣᠬᠢᠬᠤ ᠳᠣᠣᠷᠠᠬᠢ ᠨᠠᠢᠮᠠᠨ ᠵᠦᠢᠯ ᠤᠨ ᠨᠥᠬᠦᠴᠡᠯ ᠢ | ᠲᠣᠭᠲᠠᠭᠠᠪᠠ᠃ 1. ᠳᠡᠰ ᠳᠡᠪᠰᠢᠬᠦ ᠪᠠᠷ ᠭᠤᠶᠤᠴᠢᠯᠠᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ | ᠡᠷᠬᠡᠪᠰᠢ ᠨᠢᠭᠡᠨᠲᠡ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ︵ᠮᠠᠨᠵᠤᠤᠷ ᠬᠤᠲᠠ᠂ | ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠᠭᠲᠠᠨ᠎ᠠ᠂ ᠳᠣᠷᠣᠭᠰᠢ ᠠᠳᠠᠯᠢ︶ ᠠᠴᠠ ᠵᠥᠪᠰᠢᠶᠡᠷᠡᠨ | ᠪᠠᠶᠢᠭᠤᠯᠤᠭᠰᠠᠨ ᠬᠦᠷᠢᠶᠡᠯᠡᠩ ᠲᠣᠭᠤᠷᠢᠭ ᠪᠠᠶᠢᠬᠤ ᠬᠡᠷᠡᠭᠲᠡᠢ᠃ 2. ᠬᠦᠷᠢᠶᠡᠯᠡᠩ ᠲᠣᠭᠤᠷᠢᠭ ᠤᠨ ᠠᠵᠤ | ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠨᠢ 150 ᠳ᠋ᠦᠩᠰᠢᠭᠤᠷ ᠲᠥᠭᠦᠷᠢᠭ ᠠᠴᠠ ᠳᠡᠭᠡᠭᠰᠢ᠂ | ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ ᠨᠢ 7.5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠬᠡᠷᠡᠭᠲᠡᠢ | ᠃ ᠲᠤᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠬᠤᠶᠠᠷ ᠵᠢᠯ ᠪᠦᠷᠢ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ | ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠪᠠ | ᠳᠡᠭᠡᠭᠰᠢ ᠲᠤᠰᠢᠶᠠᠬᠤ ᠭᠠᠶᠢᠯᠢ ᠶᠢᠨ ᠮᠥᠩᠭᠦ ᠶᠢᠨ ᠪᠠᠷᠢᠮᠵᠢᠶ᠎ᠠ ᠨᠢ ᠲᠣᠬᠢᠷᠠᠭᠤᠯᠤᠯᠲᠠ ᠬᠢᠬᠦ ᠠᠴᠠ ᠡᠮᠦᠨᠡᠬᠢ | ᠪᠠᠷᠢᠮᠵᠢᠶ᠎ᠠ ᠠᠴᠠ 10% ᠠᠴᠠ ᠳᠡᠭᠡᠭᠰᠢᠬᠢ ᠥᠰᠦᠯᠲᠡ ᠶᠢᠨ ᠬᠡᠮᠵᠢᠶ᠎ᠡ ᠶᠢ ᠪᠠᠲᠤᠯᠠᠬᠤ ᠬᠡᠷᠡᠭᠲᠡᠢ︔ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠨᠢ ᠬᠦᠷᠢᠶᠡᠯᠡᠩ ᠲᠣᠭᠤᠷᠢᠭ ᠤᠨ | ᠶᠡᠷᠦᠩᠬᠡᠢ ᠦᠢᠯᠡᠳᠬᠦᠨ ᠤ ᠥᠷᠲᠡᠭ ᠤᠨ 70% ᠠᠴᠠ ᠳᠡᠭᠡᠭᠰᠢᠬᠢ ᠶᠢ ᠡᠵᠡᠯᠡᠭᠰᠡᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠪᠠ ᠳᠡᠭᠡᠭᠰᠢ | ᠲᠤᠰᠢᠶᠠᠭᠰᠠᠨ ᠭᠠᠶᠢᠯᠢ ᠶᠢᠨ ᠮᠥᠩᠭᠦ ᠨᠢ ᠲᠤᠬᠠᠢ ᠶᠢᠨ ᠵᠢᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠳᠡᠰ ᠳᠡᠪᠰᠢᠭᠦᠯᠬᠦ ᠪᠠᠷᠢᠮᠵᠢᠶ᠎ᠠ ᠶᠢᠨ 50% ᠠᠴᠠ ᠳᠡᠭᠡᠭᠰᠢ ᠳᠤ | ᠬᠦᠷᠬᠦ ᠬᠡᠷᠡᠭᠲᠡᠢ᠂ ᠲᠡᠭᠦᠨ ᠤ ᠳᠣᠲᠣᠷ᠎ᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢᠶᠠᠷ ᠭᠤᠣᠯ | ᠤᠳᠤᠷᠢᠳᠬᠤ ᠠᠵᠤ ᠦᠢᠯᠡᠰ ᠪᠣᠯᠭᠠᠭᠰᠠᠨ ᠬᠦᠷᠢᠶᠡᠯᠡᠩ ᠲᠣᠭᠤᠷᠢᠭ ᠨᠢ᠂ ᠨᠢᠭᠡᠨᠲᠡ ︽ᠠᠵᠤ ᠠᠬᠤᠶᠢᠯᠠᠯ + | ᠲᠠᠷᠢᠶᠠᠴᠢᠨ ᠡᠷᠦᠬᠡ + ᠡᠯᠧᠺᠳ᠋ᠷᠣᠨ ᠬᠤᠳᠠᠯᠳᠤᠭᠠᠨ ᠤ ᠶᠠᠪᠤᠳᠠᠯ︾ ᠵᠡᠷᠭᠡ ᠪᠦᠷᠢᠨ ᠲᠥᠬᠦᠷ ᠠᠵᠤ ᠦᠢᠯᠡᠰ ᠤᠨ | ᠬᠡᠯᠬᠢᠶ᠎ᠡ ᠶᠢ ᠪᠦᠷᠢᠯᠳᠦᠭᠦᠯᠵᠦ᠂ ᠲᠠᠷᠢᠶᠠᠴᠢᠨ ᠮᠠᠯᠴᠢᠨ ᠲᠦᠮᠡᠨ ᠤ ᠶᠠᠳᠠᠭᠤ ᠠᠴᠠ ᠠᠩᠭᠢᠵᠢᠷᠠᠵᠤ ᠴᠢᠨᠡᠭᠡᠯᠢᠭᠵᠢᠬᠦ ᠳᠤ | ᠳᠠᠶᠢᠴᠢᠯᠠᠨ ᠳᠠᠭᠠᠭᠤᠯᠬᠤ ᠦᠢᠯᠡᠳᠦᠯ ᠨᠢ ᠢᠯᠡᠷᠬᠡᠢ ᠪᠣᠯ᠂ ᠬᠦᠷᠢᠶᠡᠯᠡᠩ ᠤᠨ ᠶᠡᠷᠦᠩᠬᠡᠢ ᠦᠢᠯᠡᠳᠬᠦᠨ ᠤ ᠥᠷᠲᠡᠭ | ᠪᠠ ᠭᠠᠶᠢᠯᠢ ᠲᠠᠲᠠᠪᠤᠷᠢ ᠶᠢᠨ ᠪᠠᠷᠢᠮᠵᠢᠶ᠎ᠠ ᠶᠢ ᠨᠢ ᠵᠣᠬᠢᠰᠲᠠᠢ ᠪᠠᠭᠤᠷᠠᠭᠤᠯᠵᠤ ᠪᠣᠯᠣᠨ᠎ᠠ᠃ 3. ᠭᠠᠵᠠᠷ ᠰᠢᠷᠣᠢ ᠶᠢ | ᠠᠰᠢᠭᠯᠠᠭᠰᠠᠨ ᠣᠳᠣᠬᠢ ᠪᠠᠶᠢᠳᠠᠯ ᠨᠢ ᠢᠯᠡ ᠲᠣᠳᠣ᠂ ᠡᠷᠬᠡ ᠶᠢᠨ ᠬᠠᠷᠢᠶ᠎ᠠ ᠨᠢ ᠲᠣᠳᠣᠷᠬᠠᠢ᠂ ᠳᠥᠷᠪᠡᠨ ᠲᠠᠯ᠎ᠠ ᠶᠢᠨ | ᠬᠡᠪᠴᠢᠶ᠎ᠡ ᠶᠢᠨ ᠵᠠᠭᠠᠭ ᠬᠢᠵᠠᠭᠠᠷ ᠨᠢ ᠲᠣᠳᠣ᠂ ᠵᠠᠭᠠᠭ ᠱᠤᠭᠤᠮ ᠤᠨ ᠴᠡᠭ ᠪᠠᠶᠢᠷᠢᠰᠢᠯ ᠨᠢ ᠣᠨᠣᠪᠴᠢᠲᠠᠢ᠂ | ᠲᠤᠬᠠᠢ ᠶᠢᠨ ᠭᠠᠵᠠᠷ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠬᠡᠢ | ᠲᠥᠯᠥᠪᠵᠢᠭᠦᠯᠭᠡ ᠲᠠᠢ ᠨᠡᠶᠢᠴᠡᠭᠰᠡᠨ ᠪᠠᠶᠢᠬᠤ ᠬᠡᠷᠡᠭᠲᠡᠢ᠃ ᠭᠠᠵᠠᠷ ᠰᠢᠷᠣᠢ ᠶᠢᠨ ᠬᠠᠤᠯᠢ ᠲᠣᠭᠲᠠᠭᠠᠯ ᠠᠴᠠ | ᠵᠥᠷᠢᠴᠡᠨ ᠭᠠᠵᠠᠷ ᠰᠢᠷᠣᠢ ᠬᠠᠩᠭᠠᠵᠤ ᠭᠠᠵᠠᠷ ᠰᠢᠷᠣᠢ ᠬᠡᠷᠡᠭᠯᠡᠭᠰᠡᠨ ᠠᠰᠠᠭᠤᠳᠠᠯ ᠦᠭᠡᠢ ᠪᠤᠶᠤ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠨᠢᠭᠡᠨᠲᠡ ᠬᠠᠤᠯᠢ ᠶᠣᠰᠣᠭᠠᠷ ᠰᠢᠢᠳᠪᠦᠷᠢᠯᠡᠵᠦ᠂ ᠭᠠᠵᠠᠷ ᠰᠢᠷᠣᠢ | ᠬᠠᠩᠭᠠᠭᠰᠠᠨ ᠨᠣᠷᠮ᠎ᠠ ᠵᠢᠴᠢ ᠰᠤᠯᠠ ᠬᠠᠶᠠᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠭᠰᠡᠨ ᠨᠢ | ᠲᠣᠭᠲᠠᠭᠠᠭᠰᠠᠨ ᠳᠡᠰ ᠳᠠᠷᠠᠭᠠᠯᠠᠯ ᠪᠠ ᠱᠠᠭᠠᠷᠳᠠᠯᠭ᠎ᠠ ᠳᠤ ᠨᠡᠶᠢᠴᠡᠨ᠎ᠡ᠃ ᠭᠠᠵᠠᠷ ᠰᠢᠷᠣᠢ ᠶᠢᠨ ᠡᠷᠴᠢᠮᠵᠢᠭᠦᠯᠦᠭᠰᠡᠨ | ᠠᠰᠢᠭᠯᠠᠯᠲᠠ ᠦᠨᠡᠯᠡᠯᠲᠡ ᠶᠢ ᠱᠠᠭᠠᠷᠳᠠᠯᠭ᠎ᠠ ᠶᠣᠰᠣᠭᠠᠷ ᠥᠷᠨᠢᠭᠦᠯᠵᠦ᠂ ᠦᠷ᠎ᠡ ᠪᠦᠲᠦᠭᠡᠯ ᠢ ᠨᠡᠯᠢᠶᠡᠳ ᠰᠠᠶᠢᠲᠤᠷ | ᠬᠡᠷᠡᠭᠯᠡᠭᠰᠡᠨ ᠪᠠᠶᠢᠬᠤ ᠬᠡᠷᠡᠭᠲᠡᠢ᠃ 4. ᠠᠵᠤ ᠦᠢᠯᠡᠰ ᠤᠨ ᠪᠠᠶᠢᠷᠢ ᠲᠣᠭᠲᠠᠭᠠᠯᠲᠠ ᠨᠢ ᠲᠣᠳᠣᠷᠬᠠᠢ᠂ ᠠᠵᠤ | ᠦᠢᠯᠡᠳᠪᠦᠷᠢ ᠶᠢᠨ ᠲᠥᠪᠯᠡᠷᠡᠭᠰᠡᠨ ᠬᠡᠮᠵᠢᠶ᠎ᠡ ᠨᠢ ᠨᠡᠯᠢᠶᠡᠳ ᠥᠨᠳᠥᠷ᠂ ᠤᠯᠤᠰ ᠤᠨ ᠠᠵᠤ ᠦᠢᠯᠡᠰ ᠤᠨ | ᠵᠥᠪᠰᠢᠶᠡᠷᠡᠨ ᠣᠷᠣᠭᠤᠯᠬᠤ ᠪᠠ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ᠂ | ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠨ᠎ᠡ᠃ ᠲᠥᠪ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠢᠨᠠᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠶᠢᠨ ᠬᠠᠮᠲᠤ | ᠪᠠᠷᠢᠮᠵᠢᠶ᠎ᠠ ᠳᠤ ᠬᠦᠷᠦᠭᠦᠯᠬᠦ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ 5. ᠶᠡᠷᠦᠩᠬᠡᠢ ᠲᠥᠯᠥᠪᠵᠢᠭᠦᠯᠦᠭᠡ᠂ | ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠵᠢᠭᠦᠯᠭᠡ ᠶᠢᠨ ᠣᠷᠴᠢᠨ ᠲᠣᠭᠤᠷᠢᠨ ᠳᠤ | ᠦᠵᠡᠭᠦᠯᠬᠦ ᠨᠥᠯᠥᠭᠡ ᠶᠢ ᠦᠨᠡᠯᠡᠬᠦ ᠠᠵᠢᠯ ᠨᠢ ᠠᠶᠢᠮᠠᠭ ᠬᠤᠲᠠ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠪᠤᠶᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠨ᠎ᠠ᠃ 6. | ᠰᠠᠭᠤᠷᠢ ᠪᠡᠯᠡᠳᠬᠡᠮᠵᠢ ᠶᠢᠨ ᠲᠥᠬᠦᠷᠵᠢᠯᠲᠠ ᠨᠢ ᠨᠡᠯᠢᠶᠡᠳ ᠰᠠᠶᠢᠨ᠂ ᠦᠨᠳᠦᠰᠦᠨ ᠳᠤ ᠪᠠᠨ ︽ᠳᠣᠯᠤᠭ᠎ᠠ ᠶᠢ | ᠨᠡᠪᠲᠡᠷᠡᠭᠦᠯᠵᠦ ᠲᠠᠯᠠᠪᠤᠷ ᠭᠠᠵᠠᠷ ᠢ ᠲᠡᠭᠰᠢᠯᠡᠬᠦ︾ ᠪᠠᠷᠢᠮᠵᠢᠶ᠎ᠠ ᠳᠤ ᠬᠦᠷᠦᠭᠦᠯᠵᠦ᠂ ᠰᠠᠭᠤᠷᠢ ᠪᠡᠯᠡᠳᠬᠡᠮᠵᠢ ᠶᠢᠨ | ᠪᠠᠶᠢᠭᠤᠯᠤᠯᠲᠠ ᠶᠢᠨ ᠣᠷᠣᠭᠤᠯᠤᠯᠲᠠ ᠭᠠᠷᠭᠠᠯᠲᠠ ᠶᠢᠨ ᠰᠠᠶᠢᠨ ᠡᠷᠭᠢᠯᠲᠡ ᠶᠢ ᠦᠨᠳᠦᠰᠦᠨ ᠳᠤ ᠪᠠᠨ | ᠪᠦᠷᠢᠯᠳᠦᠭᠦᠯᠦᠨ᠎ᠡ᠃ 7. ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠨᠢ ᠪᠦᠷᠢᠨ ᠪᠠᠶᠢᠵᠤ᠂ ᠬᠦᠷᠢᠶᠡᠯᠡᠩ | ᠲᠣᠭᠤᠷᠢᠭ ᠤᠨ ᠪᠠᠶᠢᠭᠤᠯᠤᠯᠲᠠ ᠬᠥᠭᠵᠢᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠢᠯᠯᠠᠭᠠᠨ ᠤ | ᠬᠠᠮᠢᠶᠠᠷᠤᠯᠲᠠ᠂ ᠶᠡᠷᠦᠩᠬᠡᠶᠢᠯᠡᠭᠰᠡᠨ ᠦᠢᠯᠡᠴᠢᠯᠡᠭᠡ ᠶᠢᠨ ᠱᠠᠭᠠᠷᠳᠠᠯᠭ᠎ᠠ ᠶᠢ ᠦᠨᠡᠨ ᠬᠦ ᠪᠠᠲᠤᠯᠠᠵᠤ ᠴᠢᠳᠠᠨ᠎ᠠ᠃ 8. | ᠣᠶᠢᠷ᠎ᠠ ᠶᠢᠨ ᠭᠤᠷᠪᠠᠨ ᠵᠢᠯ ᠳᠤ ᠣᠨᠴᠠ ᠶᠡᠭᠡ ᠣᠷᠴᠢᠨ ᠲᠣᠭᠤᠷᠢᠨ ᠤ ᠪᠣᠬᠢᠷᠲᠤᠯ ᠤᠨ ᠬᠡᠷᠡᠭ ᠪᠠ ᠠᠶᠤᠯ ᠦᠭᠡᠢ | ᠦᠢᠯᠡᠳᠪᠦᠷᠢᠯᠡᠯ ᠤᠨ ᠠᠳᠡᠯ ᠡᠭᠦᠰᠦᠭᠰᠡᠨ ᠦᠭᠡᠢ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ | ᠳᠡᠰ ᠳᠡᠪᠰᠢᠭᠦᠯᠬᠦ ᠳᠤ ᠦᠢᠯᠡᠳᠬᠦᠨ ᠤ ᠥᠷᠲᠡᠭ ᠪᠠ ᠭᠠᠶᠢᠯᠢ ᠶᠢᠨ ᠮᠥᠩᠭᠦ ᠶᠢᠨ ᠬᠡᠪᠴᠢᠶ᠎ᠡ ᠶᠢᠨ ᠱᠠᠭᠠᠷᠳᠠᠯᠭ᠎ᠠ ᠶᠢ | ᠬᠡᠷᠬᠢᠨ ᠲᠣᠭᠲᠠᠭᠠᠭᠰᠠᠨ ᠲᠤᠬᠠᠢ ᠪᠢᠳᠡᠨ ᠳᠤ ᠶᠠᠷᠢᠭᠠᠳ ᠥᠭᠭᠦᠨ᠎ᠡ ᠦᠦ︖ | ᠵᠠᠩ ᠵᠠᠨ ᠵᠢᠶᠦ᠋ᠨ᠄ | 2016 ᠣᠨ ᠳᠤ᠂ ᠪᠦᠬᠦ ᠣᠷᠣᠨ ᠤ 113 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠳᠤᠮᠳᠠᠴᠢ ᠦᠢᠯᠡᠳᠬᠦᠨ ᠤ ᠥᠷᠲᠡᠭ ᠨᠢ 150.11 ᠳ᠋ᠦᠩᠰᠢᠭᠤᠷ ᠲᠥᠭᠦᠷᠢᠭ᠂ ᠳᠤᠮᠳᠠᠴᠢ ᠭᠠᠶᠢᠯᠢ ᠶᠢᠨ | ᠣᠷᠣᠯᠭ᠎ᠠ ᠨᠢ 6.23 ᠳ᠋ᠦᠩᠰᠢᠭᠤᠷ ᠲᠥᠭᠦᠷᠢᠭ ᠲᠤ ᠬᠦᠷᠴᠡᠢ᠃ ᠲᠡᠭᠦᠨ ᠤ ᠳᠣᠲᠣᠷ᠎ᠠ᠂ ᠤᠯᠤᠰ ᠤᠨ ᠳᠡᠰ ᠤᠨ 9 | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠤᠮᠳᠠᠴᠢ ᠦᠢᠯᠡᠳᠬᠦᠨ ᠤ ᠥᠷᠲᠡᠭ ᠨᠢ 301.6 | ᠳ᠋ᠦᠩᠰᠢᠭᠤᠷ ᠲᠥᠭᠦᠷᠢᠭ᠂ ᠳᠤᠮᠳᠠᠴᠢ ᠭᠠᠶᠢᠯᠢ ᠶᠢᠨ ᠣᠷᠣᠯᠭ᠎ᠠ ᠨᠢ 12.66 ᠳ᠋ᠦᠩᠰᠢᠭᠤᠷ ᠲᠥᠭᠦᠷᠢᠭ ᠲᠤ ᠬᠦᠷᠪᠡ | ︔ ᠥᠪᠡᠷᠲᠡᠭᠡᠨ ᠵᠠᠰᠠᠬᠤ ᠣᠷᠣᠨ ᠤ ᠳᠡᠰ ᠤᠨ 55 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠳᠤᠮᠳᠠᠴᠢ ᠦᠢᠯᠡᠳᠬᠦᠨ ᠤ ᠥᠷᠲᠡᠭ ᠨᠢ 201.66 ᠳ᠋ᠦᠩᠰᠢᠭᠤᠷ ᠲᠥᠭᠦᠷᠢᠭ᠂ ᠳᠤᠮᠳᠠᠴᠢ ᠭᠠᠶᠢᠯᠢ ᠶᠢᠨ | ᠣᠷᠣᠯᠭ᠎ᠠ ᠨᠢ 8.52 ᠳ᠋ᠦᠩᠰᠢᠭᠤᠷ ᠲᠥᠭᠦᠷᠢᠭ ᠲᠤ ᠬᠦᠷᠴᠡᠢ᠃ 2016 ᠣᠨ ᠳᠤ ᠪᠦᠬᠦ᠋ᠢᠯᠡ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠭᠤᠨ ᠳ᠋ᠦᠩᠰᠢᠭᠤᠷ ᠲᠥᠭᠦᠷᠢᠭ ᠤᠨ ᠦᠢᠯᠡᠳᠬᠦᠨ ᠤ | ᠥᠷᠲᠡᠭ ᠤᠨ ᠭᠠᠶᠢᠯᠢ ᠶᠢᠨ ᠣᠷᠣᠯᠭ᠎ᠠ ᠶᠢᠨ ᠬᠤᠪᠢ ᠨᠡᠮᠡᠷᠢ ᠨᠢ 4.12 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠵᠠᠭᠤᠨ | ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠤᠨ ᠭᠠᠶᠢᠯᠢ ᠶᠢᠨ ᠣᠷᠣᠯᠭ᠎ᠠ ᠶᠢᠨ ᠬᠤᠪᠢ ᠨᠡᠮᠡᠷᠢ ᠨᠢ | ᠪᠠᠷᠤᠭ 4.5 ᠳ᠋ᠦᠩᠰᠢᠭᠤᠷ ᠲᠥᠭᠦᠷᠢᠭ ᠲᠤ ᠬᠦᠷᠴᠡᠢ᠃ ᠳᠡᠭᠡᠷᠡᠬᠢ ᠭᠦᠢᠴᠡᠳᠬᠡᠯ ᠲᠤᠭ᠎ᠠ ᠪᠠᠷ ᠯᠠᠪᠯᠠᠯᠲᠠ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠳᠡᠰ | ᠳᠡᠪᠰᠢᠭᠦᠯᠬᠦ ᠪᠠᠷ ᠭᠤᠶᠤᠴᠢᠯᠠᠨ ᠮᠡᠳᠡᠭᠦᠯᠬᠦ ᠬᠡᠪᠴᠢᠶ᠎ᠡ ᠶᠢᠨ ᠱᠠᠭᠠᠷᠳᠠᠯᠭ᠎ᠠ ᠶᠢ ᠠᠵᠤ ᠦᠢᠯᠡᠳᠪᠦᠷᠢ ᠶᠢᠨ ᠶᠡᠷᠦᠩᠬᠡᠢ | ᠦᠢᠯᠡᠳᠬᠦᠨ ᠤ ᠥᠷᠲᠡᠭ ᠢ 150 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠳᠡᠭᠡᠭᠰᠢ ᠲᠤᠰᠢᠶᠠᠬᠤ ᠭᠠᠶᠢᠯᠢ ᠶᠢᠨ | ᠮᠥᠩᠭᠦ ᠶᠢ 7.5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ ᠪᠠᠷ ᠲᠣᠭᠲᠠᠭᠠᠭᠰᠠᠨ ᠨᠢ ᠨᠡᠯᠢᠶᠡᠳ | ᠬᠡᠷᠡᠭᠵᠢᠭᠦᠯᠦᠭᠦᠰᠢᠲᠡᠢ ᠪᠠᠶᠢᠵᠤ᠂ ᠬᠦᠷᠢᠶᠡᠯᠡᠩ ᠲᠣᠭᠤᠷᠢᠭ ᠢ ︽ᠳᠡᠭᠡᠭᠰᠢ ᠦᠰᠦᠷᠴᠦ ᠲᠤᠭᠤᠷ ᠠᠪᠬᠤ︾ ᠪᠣᠯᠭᠠᠵᠤ | ᠴᠢᠳᠠᠨ᠎ᠠ᠃ ᠡᠭᠦᠨ ᠤ ᠬᠠᠮᠲᠤ᠂ ᠬᠤᠶᠠᠷ ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠦᠢᠯᠡᠳᠬᠦᠨ ᠤ | ᠥᠷᠲᠡᠭ ᠪᠠ ᠭᠠᠶᠢᠯᠢ ᠶᠢᠨ ᠮᠥᠩᠭᠦ ᠶᠢᠨ 10% ᠠᠴᠠ ᠳᠡᠭᠡᠭᠰᠢᠬᠢ ᠥᠰᠦᠯᠲᠡ ᠶᠢᠨ ᠬᠤᠷᠳᠤᠴᠠ ᠶᠢ ᠪᠠᠲᠤᠯᠠᠬᠤ ᠨᠢ | ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠬᠦ ᠣᠷᠣᠨ ᠤ ᠠᠵᠤ ᠦᠢᠯᠡᠳᠪᠦᠷᠢ ᠶᠢᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠲᠤᠯᠭᠠᠭᠤᠷᠢᠯᠠᠬᠤ ᠳᠣᠲᠣᠭᠠᠳᠤ ᠱᠠᠭᠠᠷᠳᠠᠯᠭ᠎ᠠ ᠶᠢ ᠢᠯᠡᠷᠡᠭᠦᠯᠪᠡ᠃ ᠡᠭᠦᠨ ᠠᠴᠠ ᠭᠠᠳᠠᠨ᠎ᠠ | ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠬᠥᠭᠵᠢᠭᠦᠯᠬᠦ ᠶᠢ | ᠳᠡᠮᠵᠢᠬᠦ ᠪᠠ ᠲᠠᠷᠢᠶᠠᠯᠠᠩ ᠮᠠᠯ ᠠᠵᠤ ᠠᠬᠤᠢ ᠶᠢᠨ ᠬᠤᠰᠢᠭᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠠᠶᠢᠭᠤᠯᠤᠯᠲᠠ ᠶᠢ ᠳᠡᠮᠵᠢᠬᠦ ᠠᠴᠠ ᠭᠠᠷᠳᠠᠵᠤ᠂ ︽ᠠᠷᠭ᠎ᠠ︾ ᠨᠢ ︽ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠨᠢ ᠬᠦᠷᠢᠶᠡᠯᠡᠩ ᠲᠣᠭᠤᠷᠢᠭ ᠤᠨ ᠶᠡᠷᠦᠩᠬᠡᠢ | ᠦᠢᠯᠡᠳᠬᠦᠨ ᠤ ᠥᠷᠲᠡᠭ ᠤᠨ 70% ᠠᠴᠠ ᠳᠡᠭᠡᠭᠰᠢᠬᠢ ᠶᠢ ᠡᠵᠡᠯᠡᠬᠦ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠪᠠ ᠳᠡᠭᠡᠭᠰᠢ ᠲᠤᠰᠢᠶᠠᠭᠰᠠᠨ | ᠭᠠᠶᠢᠯᠢ ᠶᠢᠨ ᠮᠥᠩᠭᠦ ᠶᠢ ᠲᠤᠬᠠᠢ ᠶᠢᠨ ᠵᠢᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠳᠡᠰ ᠳᠡᠪᠰᠢᠭᠦᠯᠬᠦ ᠪᠠᠷᠢᠮᠵᠢᠶ᠎ᠠ ᠶᠢᠨ 50% ᠠᠴᠠ | ᠳᠡᠭᠡᠭᠰᠢᠬᠢ ᠶᠢ ᠡᠵᠡᠯᠡᠭᠦᠯᠦᠨ᠎ᠡ︾ ᠭᠡᠵᠦ ᠲᠣᠭᠲᠠᠭᠠᠵᠠᠢ᠃ ᠳᠡᠰ ᠳᠡᠪᠰᠢᠭᠦᠯᠬᠦ ᠪᠠᠷᠢᠮᠵᠢᠶ᠎ᠠ ᠶᠢ ᠵᠣᠬᠢᠰᠲᠠᠢ ᠪᠠᠷ | ᠪᠠᠭᠤᠷᠠᠭᠤᠯᠵᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠭᠤᠣᠯᠯᠠᠨ ᠤᠳᠤᠷᠢᠳᠬᠤ | ᠬᠡᠯᠪᠡᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠳᠡᠮᠵᠢᠬᠦ ᠨᠢ ᠪᠣᠳᠠᠲᠤ ᠪᠠᠶᠢᠳᠠᠯ ᠲᠠᠢ ᠨᠡᠶᠢᠴᠡᠵᠦ | ᠪᠠᠶᠢᠨ᠎ᠠ᠃ | ᠬᠥᠲᠥᠯᠥᠭᠴᠢ᠄ | ᠲᠤᠰ ︽ᠠᠷᠭ᠎ᠠ︾ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠪᠣᠯᠭᠠᠨ ᠳᠡᠰ ᠳᠡᠪᠰᠢᠭᠦᠯᠬᠦ ᠶᠢᠨ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ | ᠳᠡᠰ ᠳᠠᠷᠠᠭᠠᠯᠠᠯ ᠢ ᠬᠡᠷᠬᠢᠨ ᠲᠣᠭᠲᠠᠭᠠᠭᠰᠠᠨ ᠪᠣᠢ︖ | ᠵᠠᠩ ᠵᠠᠨ ᠵᠢᠶᠦ᠋ᠨ᠄ | 1. ᠬᠦᠷᠢᠶᠡᠯᠡᠩ ᠲᠣᠭᠤᠷᠢᠭ ᠤᠨ ᠪᠠᠶᠢᠭ᠎ᠠ ᠠᠶᠢᠮᠠᠭ ᠤᠨ ᠵᠠᠰᠠᠭ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠰ | ᠳᠡᠪᠰᠢᠭᠦᠯᠬᠦ ᠭᠤᠶᠤᠴᠢᠯᠠᠯ ᠭᠠᠷᠭᠠᠨ᠎ᠠ᠃ 2. ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ | ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠰᠠᠨᠠᠯ ᠳᠤᠷᠠᠳᠴᠤ᠂ | ᠲᠤᠬᠠᠢ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠯᠲᠠ ᠬᠢᠬᠦ ᠶᠢᠨ ᠬᠠᠮᠲᠤ᠂ ᠭᠤᠷᠪᠠᠳᠠᠬᠢ ᠡᠲᠡᠭᠡᠳ ᠤᠨ | ᠪᠠᠶᠢᠭᠤᠯᠤᠮᠵᠢ ᠳᠤ ᠨᠠᠶᠢᠳᠠᠵᠤ ᠬᠦᠷᠢᠶᠡᠯᠡᠩ ᠲᠣᠭᠤᠷᠢᠭ ᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ | ᠪᠣᠳᠠᠲᠤ ᠴᠢᠨᠠᠷ ᠢ ᠦᠨᠡᠯᠡᠨ ᠨᠤᠲᠠᠯᠠᠭᠤᠯᠤᠭᠰᠠᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ | ᠳᠡᠰ ᠳᠡᠪᠰᠢᠭᠦᠯᠬᠦ ᠶᠢ ᠵᠥᠪᠰᠢᠶᠡᠷᠡᠬᠦ ᠡᠰᠡᠬᠦ ᠲᠤᠬᠠᠢ ᠰᠠᠨᠠᠭᠤᠯᠭ᠎ᠠ ᠳᠤᠷᠠᠳᠬᠤ ᠶᠢᠨ ᠬᠠᠮᠲᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠴᠣᠬᠤᠯᠠᠪᠤᠷᠢᠯᠠᠭᠤᠯᠤᠭᠰᠠᠨ ᠤ ᠳᠠᠷᠠᠭ᠎ᠠ ᠲᠥᠷᠥ ᠶᠢᠨ | ᠶᠠᠪᠤᠳᠠᠯ ᠤᠨ ᠬᠤᠷᠢᠶᠠᠨ ᠳᠤ ᠮᠡᠳᠡᠭᠦᠯᠦᠨ ᠪᠦᠷᠢᠳᠬᠡᠨ ᠳᠠᠩᠰᠠᠯᠠᠭᠤᠯᠤᠨ᠎ᠠ᠃ | ᠬᠥᠲᠥᠯᠥᠭᠴᠢ᠄ | ᠬᠠᠷᠭᠤᠭᠤᠯᠤᠨ ᠵᠥᠪᠰᠢᠶᠡᠷᠡᠭᠰᠡᠨ ᠲᠠᠯᠠᠪᠠᠢ ᠪᠠ ᠬᠡᠷᠡᠭᠯᠡᠯᠲᠡ ᠶᠣᠰᠣᠭᠠᠷ ᠨᠢᠭᠡᠨᠲᠡ ᠦᠨᠳᠦᠰᠦᠨ ᠳᠤ ᠪᠠᠨ | ᠪᠠᠶᠢᠭᠤᠯᠤᠭᠳᠠᠭᠰᠠᠨ ᠣᠳᠣ ᠶᠢᠨ ᠪᠠᠶᠢᠭ᠎ᠠ ᠬᠦᠷᠢᠶᠡᠯᠡᠩ ᠲᠣᠭᠤᠷᠢᠭ ᠨᠢ᠂ ᠭᠠᠵᠠᠷ ᠰᠢᠷᠣᠢ ᠶᠢ ᠬᠠᠤᠯᠢ ᠶᠣᠰᠣᠭᠠᠷ᠂ | ᠵᠣᠬᠢᠰᠲᠠᠢ᠂ ᠡᠷᠴᠢᠮᠲᠡᠢ ᠬᠡᠷᠡᠭᠯᠡᠬᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ᠂ ᠰᠠᠶ᠋ᠢ ᠥᠷᠭᠡᠳᠬᠡᠯ ᠬᠢᠬᠦ ᠪᠠᠷ | ᠭᠤᠶᠤᠴᠢᠯᠠᠵᠤ ᠪᠣᠯᠣᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠥᠷᠭᠡᠳᠬᠡᠯ ᠬᠢᠬᠦ ᠪᠠᠷ | ᠭᠤᠶᠤᠴᠢᠯᠠᠬᠤ ᠳᠤ ᠶᠠᠮᠠᠷ ᠶᠠᠮᠠᠷ ᠨᠥᠬᠦᠴᠡᠯ ᠪᠠ ᠵᠠᠷᠴᠢᠮ ᠳᠤ ᠨᠡᠶᠢᠴᠡᠪᠡᠯ ᠵᠣᠬᠢᠬᠤ ᠲᠤᠬᠠᠢ ᠵᠠᠩ ᠡᠷᠬᠢᠯᠡᠭᠴᠢ | ᠶᠠᠷᠢᠭᠠᠳ ᠥᠭᠭᠦᠨ᠎ᠡ ᠦᠦ︖ | ᠵᠠᠩ ᠵᠠᠨ ᠵᠢᠶᠦ᠋ᠨ᠄ | ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠥᠷᠭᠡᠳᠬᠡᠯ ᠬᠢᠬᠦ ᠪᠠᠷ ᠭᠤᠶᠤᠴᠢᠯᠠᠬᠤ ᠳᠤ ᠳᠣᠣᠷᠠᠬᠢ ᠨᠥᠬᠦᠴᠡᠯ ᠢ ᠪᠦᠷᠢᠯᠳᠦᠭᠦᠯᠬᠦ ᠶᠢᠨ ᠬᠠᠮᠲᠤ ᠳᠣᠣᠷᠠᠬᠢ | ᠵᠠᠷᠴᠢᠮ ᠢ ᠵᠢᠷᠤᠮᠯᠠᠬᠤ ᠬᠡᠷᠡᠭᠲᠡᠢ᠄ 1. ᠬᠦᠷᠢᠶᠡᠯᠡᠩ ᠲᠣᠭᠤᠷᠢᠭ ᠤᠨ ᠥᠷᠭᠡᠳᠬᠡᠯ ᠬᠢᠬᠦ ᠪᠠᠷ ᠭᠤᠶᠤᠴᠢᠯᠠᠬᠤ ᠠᠴᠠ | ᠡᠮᠦᠨ᠎ᠡ ᠬᠤᠶᠢᠨᠠᠬᠢ ᠬᠡᠪᠴᠢᠶᠡᠨ ᠳᠣᠲᠣᠷᠠᠬᠢ ᠭᠠᠵᠠᠷ ᠰᠢᠷᠣᠢ ᠠᠰᠢᠭᠯᠠᠭᠰᠠᠨ ᠣᠳᠣᠬᠢ ᠪᠠᠶᠢᠳᠠᠯ ᠨᠢ ᠢᠯᠡ ᠲᠣᠳᠣ᠂ | ᠡᠷᠬᠡ ᠶᠢᠨ ᠬᠠᠷᠢᠶ᠎ᠠ ᠨᠢ ᠲᠣᠳᠣᠷᠬᠠᠢ᠂ ᠭᠠᠵᠠᠷ ᠰᠢᠷᠣᠢ ᠶᠢᠨ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠢ | ᠬᠠᠩᠭᠠᠵᠤ ᠭᠠᠵᠠᠷ ᠰᠢᠷᠣᠢ ᠬᠡᠷᠡᠭᠯᠡᠭᠰᠡᠨ ᠠᠰᠠᠭᠤᠳᠠᠯ ᠦᠭᠡᠢ ᠪᠤᠶᠤ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠢ ᠨᠢᠭᠡᠨᠲᠡ ᠬᠠᠤᠯᠢ ᠶᠣᠰᠣᠭᠠᠷ ᠰᠢᠢᠳᠪᠦᠷᠢᠯᠡᠵᠦ᠂ ᠭᠠᠵᠠᠷ ᠰᠢᠷᠣᠢ ᠬᠠᠩᠭᠠᠭᠰᠠᠨ ᠨᠣᠷᠮ᠎ᠠ ᠵᠢᠴᠢ ᠰᠤᠯᠠ | ᠬᠠᠶᠠᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠭᠰᠡᠨ ᠨᠢ ᠲᠣᠭᠲᠠᠭᠠᠭᠰᠠᠨ ᠳᠡᠰ ᠳᠠᠷᠠᠭᠠᠯᠠᠯ ᠪᠠ | ᠱᠠᠭᠠᠷᠳᠠᠯᠭ᠎ᠠ ᠳᠤ ᠨᠡᠶᠢᠴᠡᠨ᠎ᠡ᠃ ᠭᠠᠵᠠᠷ ᠰᠢᠷᠣᠢ ᠶᠢᠨ ᠡᠷᠴᠢᠮᠵᠢᠭᠦᠯᠦᠭᠰᠡᠨ ᠠᠰᠢᠭᠯᠠᠯᠲᠠ ᠦᠨᠡᠯᠡᠯᠲᠡ ᠶᠢ | ᠱᠠᠭᠠᠷᠳᠠᠯᠭ᠎ᠠ ᠶᠣᠰᠣᠭᠠᠷ ᠥᠷᠨᠢᠭᠦᠯᠵᠦ᠂ ᠦᠷ᠎ᠡ ᠪᠦᠲᠦᠭᠡᠯ ᠢ ᠨᠡᠯᠢᠶᠡᠳ ᠰᠠᠶᠢᠲᠤᠷ ᠬᠡᠷᠡᠭᠯᠡᠭᠰᠡᠨ ᠪᠠᠶᠢᠬᠤ ᠬᠡᠷᠡᠭᠲᠡᠢ᠃ | 2. ᠬᠦᠷᠢᠶᠡᠯᠡᠩ ᠲᠣᠭᠤᠷᠢᠭ ᠤᠨ ᠤᠤᠯ ᠤᠨ ᠲᠥᠯᠥᠪᠵᠢᠭᠦᠯᠦᠭᠰᠡᠨ ᠣᠷᠣᠨ ᠪᠦᠰᠡ ᠶᠢᠨ ᠳᠣᠲᠣᠷᠠᠬᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠡᠯᠢᠶᠡᠳ ᠭᠦᠢᠴᠡᠳ ᠠᠰᠢᠭᠯᠠᠵᠤ᠂ ᠲᠥᠯᠥᠪᠵᠢᠭᠦᠯᠦᠨ ᠪᠦᠲᠦᠭᠡᠨ | ᠪᠠᠶᠢᠭᠤᠯᠬᠤ ᠳᠤ ᠬᠡᠷᠡᠭᠯᠡᠬᠦ ᠭᠠᠵᠠᠷ ᠤᠨ ᠣᠷᠣᠨ ᠵᠠᠢ ᠨᠢ ᠢᠷᠡᠭᠡᠳᠦᠢ ᠶᠢᠨ 3 ᠵᠢᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ | ᠪᠣᠯᠣᠭᠰᠠᠨ᠃ ᠥᠷᠭᠡᠳᠬᠡᠯ ᠬᠢᠬᠦ ᠪᠠᠷ ᠲᠥᠯᠥᠪᠯᠡᠭᠰᠡᠨ ᠣᠷᠣᠨ ᠪᠦᠰᠡ ᠨᠢ ᠵᠠᠷᠴᠢᠮ ᠳᠡᠭᠡᠷ᠎ᠡ ᠪᠠᠨ ᠤᠤᠯ ᠤᠨ | ᠲᠥᠯᠥᠪᠵᠢᠭᠦᠯᠦᠭᠰᠡᠨ ᠣᠷᠣᠨ ᠪᠦᠰᠡ ᠲᠠᠢ ᠲᠥᠪᠯᠡᠷᠡᠨ ᠵᠠᠯᠭᠠᠯᠳᠤᠬᠤ ᠬᠡᠷᠡᠭᠲᠡᠢ᠂ ᠲᠥᠪᠯᠡᠷᠡᠨ ᠵᠠᠯᠭᠠᠯᠳᠤᠵᠤ ᠳᠡᠶᠢᠯᠬᠦ | ᠦᠭᠡᠢ ᠣᠷᠣᠨ ᠬᠡᠰᠡᠭ ᠤᠨ ᠲᠤᠭ᠎ᠠ ᠨᠢ ᠵᠠᠷᠴᠢᠮ ᠳᠡᠭᠡᠷ᠎ᠡ ᠪᠠᠨ 3 ᠬᠡᠰᠡᠭ ᠢ ᠳᠠᠪᠠᠵᠤ ᠪᠣᠯᠬᠤ ᠦᠭᠡᠢ᠃ 3. | ᠥᠷᠭᠡᠳᠬᠡᠯ ᠬᠢᠬᠦ ᠣᠷᠣᠨ ᠪᠦᠰᠡ ᠶᠢ ᠭᠤᠣᠯᠳᠠᠭᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠣᠷᠴᠢᠨ | ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ᠂ ᠡᠨᠧᠷᠭᠢ ᠠᠷᠪᠢᠯᠠᠬᠤ᠂ ᠶᠠᠰᠤ ᠴᠢᠨᠠᠷ ᠤᠨ ᠪᠠᠷᠢᠮᠵᠢᠶ᠎ᠠ ᠳᠤ | ᠨᠡᠶᠢᠴᠡᠭᠰᠡᠨ ᠰᠢᠨ᠎ᠡ ᠲᠥᠷᠥᠯ ᠵᠦᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ᠂ ᠴᠢᠳᠠᠮᠵᠢ ᠶᠢ ᠨᠢ ᠥᠷᠭᠡᠳᠬᠡᠬᠦ | ᠪᠤᠶᠤ ᠬᠦᠷᠢᠶᠡᠯᠡᠩ ᠲᠣᠭᠤᠷᠢᠭ ᠢ ᠨᠡᠶᠢᠯᠡᠭᠦᠯᠦᠨ ᠨᠢᠭᠡᠳᠬᠡᠬᠦ ᠶᠢ ᠠᠬᠢᠭᠤᠯᠬᠤ ᠳᠤ ᠬᠡᠷᠡᠭᠯᠡᠨ᠎ᠡ᠃ 4. ᠬᠦᠷᠢᠶᠡᠯᠡᠩ | ᠲᠣᠭᠤᠷᠢᠭ ᠤᠨ ᠥᠷᠭᠡᠳᠬᠡᠯ ᠬᠢᠬᠦ ᠰᠠᠭᠤᠷᠢ ᠲᠤᠭ᠎ᠠ ᠨᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠢᠨᠠᠨ ᠬᠠᠷᠭᠤᠭᠤᠯᠤᠭᠰᠠᠨ ᠵᠠᠷᠯᠠᠯ ᠤᠨ ᠲᠠᠯᠠᠪᠠᠢ ᠪᠠ ︽ᠳᠥᠷᠪᠡᠨ ᠲᠠᠯ᠎ᠠ︾ | ᠶᠢᠨ ᠬᠡᠪᠴᠢᠶ᠎ᠡ ᠪᠠᠷ ᠪᠠᠷᠢᠮᠵᠢᠶ᠎ᠠ ᠪᠣᠯᠭᠠᠨ᠎ᠠ᠃ ᠥᠷᠭᠡᠳᠬᠡᠯ ᠬᠢᠬᠦ ᠪᠠᠷ ᠭᠤᠶᠤᠴᠢᠯᠠᠨ ᠮᠡᠳᠡᠭᠦᠯᠬᠦ ᠬᠡᠪᠴᠢᠶ᠎ᠡ ᠨᠢ | ᠲᠤᠬᠠᠢ ᠶᠢᠨ ᠭᠠᠵᠠᠷ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠢ ᠠᠰᠢᠭᠯᠠᠬᠤ ᠶᠡᠷᠦᠩᠬᠡᠢ | ᠲᠥᠯᠥᠪᠵᠢᠭᠦᠯᠭᠡ ᠲᠠᠢ ᠨᠡᠶᠢᠴᠡᠵᠦ᠂ ᠳᠥᠷᠪᠡᠨ ᠲᠠᠯ᠎ᠠ ᠶᠢᠨ ᠬᠡᠪᠴᠢᠶ᠎ᠡ ᠶᠢᠨ ᠵᠠᠭᠠᠭ ᠬᠢᠵᠠᠭᠠᠷ ᠨᠢ ᠲᠣᠳᠣᠷᠬᠠᠢ᠂ | ᠵᠠᠭᠠᠭ ᠱᠤᠭᠤᠮ ᠤᠨ ᠴᠡᠭ ᠪᠠᠶᠢᠷᠢᠰᠢᠯ ᠨᠢ ᠣᠨᠣᠪᠴᠢᠲᠠᠢ᠂ ᠲᠠᠯᠠᠪᠠᠢ ᠨᠢ ᠬᠠᠩᠭᠠᠭᠰᠠᠨ ᠪᠠᠶᠢᠷᠢᠰᠢᠯ ᠢᠶᠠᠷ ᠬᠡᠮᠵᠢᠨ | ᠪᠣᠳᠣᠭᠰᠠᠨ ᠲᠠᠯᠠᠪᠠᠢ ᠲᠠᠢ ᠨᠢᠭᠡᠳᠦᠯᠲᠡᠢ ᠪᠠᠶᠢᠬᠤ ᠬᠡᠷᠡᠭᠲᠡᠢ᠃ 5. ᠰᠢᠨ᠎ᠡ ᠪᠠᠷ ᠥᠷᠭᠡᠳᠬᠡᠯ ᠬᠢᠭᠰᠡᠨ ᠣᠷᠣᠨ | ᠪᠦᠰᠡ ᠨᠢ ᠲᠤᠬᠠᠢ ᠶᠢᠨ ᠭᠠᠵᠠᠷ ᠤᠨ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠲᠠᠢ | ᠲᠣᠬᠢᠷᠠᠯᠴᠠᠵᠤ᠂ ᠥᠷᠭᠡᠳᠬᠡᠯ ᠬᠢᠬᠦ ᠪᠠᠷ ᠭᠤᠶᠤᠴᠢᠯᠠᠨ ᠮᠡᠳᠡᠭᠦᠯᠬᠦ ᠶᠡᠷᠦᠩᠬᠡᠢ ᠲᠥᠯᠥᠪᠵᠢᠭᠦᠯᠭᠡ ᠪᠠ ᠠᠵᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠳᠠᠬᠢᠵᠤ ᠰᠢᠨ᠎ᠡ ᠪᠠᠷ ᠨᠠᠶᠢᠷᠠᠭᠤᠯᠤᠨ ᠲᠣᠭᠲᠠᠭᠠᠬᠤ ᠶᠢᠨ | ᠬᠠᠮᠲᠤ ᠲᠥᠯᠥᠪᠵᠢᠭᠦᠯᠭᠡ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠳᠤ ᠤᠷᠢᠳᠴᠢᠯᠠᠭᠰᠠᠨ | ᠦᠨᠡᠯᠡᠯᠲᠡ ᠬᠢᠬᠦ ᠬᠡᠷᠡᠭᠲᠡᠢ᠃ | ᠬᠥᠲᠥᠯᠥᠭᠴᠢ᠄ | ︽ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠵᠦ | ᠥᠷᠭᠡᠳᠬᠡᠯ ᠬᠢᠬᠦ ᠠᠷᠭ᠎ᠠ︾ ᠨᠢ ᠬᠦᠷᠢᠶᠡᠯᠡᠩ ᠲᠣᠭᠤᠷᠢᠭ ᠲᠤ ᠬᠡᠷᠬᠢᠨ ᠦᠨᠡᠯᠡᠯᠲᠡ ᠬᠢᠬᠦ ᠪᠣᠢ︖ ᠦᠨᠡᠯᠡᠯᠲᠡ | ᠬᠢᠭᠰᠡᠨ ᠦᠷ᠎ᠡ ᠳ᠋ᠦᠩ ᠢ ᠬᠡᠷᠬᠢᠨ ᠬᠡᠷᠡᠭᠯᠡᠬᠦ ᠪᠣᠢ︖ | ᠵᠠᠩ ᠵᠠᠨ ᠵᠢᠶᠦ᠋ᠨ᠄ | ︽ᠠᠷᠭ᠎ᠠ︾ ᠳᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ | ᠬᠥᠭᠵᠢᠯᠲᠡ ᠶᠢᠨ ᠬᠢᠷᠢ ᠲᠦᠪᠰᠢᠨ ᠢ ᠦᠨᠡᠯᠡᠵᠦ ᠰᠢᠯᠭᠠᠨ ᠬᠢᠨᠠᠬᠤ ᠭᠦᠢᠴᠡᠳᠬᠡᠯ ᠲᠣᠭᠠᠨ ᠤ ᠰᠢᠰᠲ᠋ᠧᠮᠴᠢ ᠶᠢ | ᠲᠣᠬᠢᠷᠠᠭᠤᠯᠵᠤ᠂ ᠲᠥᠷᠥᠯ ᠬᠤᠪᠢᠶᠠᠨ ᠵᠢᠯᠣᠭᠤᠳᠬᠤ ᠪᠠ ᠬᠥᠳᠡᠯᠦᠩᠭᠦᠢ ᠪᠠᠷ ᠬᠠᠮᠢᠶᠠᠷᠬᠤ ᠶᠢ ᠴᠢᠩᠭᠠᠳᠬᠠᠵᠤ᠂ | ᠲᠡᠷᠢᠭᠦᠨ ᠤ ᠬᠢ ᠲᠡᠮᠡᠴᠡᠨ ᠣᠷᠣᠨ ᠳᠠᠪᠰᠢᠬᠤ ᠶᠢ ᠵᠣᠷᠢᠭᠵᠢᠭᠤᠯᠪᠠ᠃ ᠠᠶᠢᠮᠠᠭ ᠬᠤᠲᠠ ᠶᠢᠨ ᠬᠢᠨ ᠵᠢᠯ ᠪᠦᠷᠢ ᠶᠢᠨ | 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠭᠠᠨ ᠬᠢᠨᠠᠬᠤ ᠭᠦᠢᠴᠡᠳᠬᠡᠯ ᠲᠣᠭᠠᠨ ᠤ ᠰᠢᠰᠲ᠋ᠧᠮᠴᠢ ᠲᠠᠢ | ᠬᠠᠷᠢᠴᠠᠭᠤᠯᠤᠨ ᠳᠡᠭᠡᠷ᠎ᠡ ᠨᠢᠭᠡ ᠵᠢᠯ ᠤᠨ ᠲᠤᠰ ᠭᠠᠵᠠᠷ ᠣᠷᠣᠨ ᠤ ᠪᠠᠨ ᠥᠪᠡᠷᠲᠡᠭᠡᠨ ᠵᠠᠰᠠᠬᠤ ᠣᠷᠣᠨ ᠤ ᠳᠡᠰ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠥᠪᠡᠰᠦᠪᠡᠨ ᠪᠠᠶᠢᠴᠠᠭᠠᠵᠤ ᠥᠪᠡᠰᠦᠪᠡᠨ | ᠦᠨᠡᠯᠡᠭᠰᠡᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ᠂ ᠶᠡᠷᠦᠩᠬᠡᠢ ᠦᠨᠡᠯᠡᠨ | ᠲᠣᠭᠲᠠᠭᠠᠯᠲᠠ ᠬᠢᠨᠠᠨ ᠬᠠᠷᠭᠤᠭᠤᠯᠤᠯᠲᠠ ᠬᠢᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ ᠭᠡᠵᠦ ᠱᠠᠭᠠᠷᠳᠠᠵᠠᠢ᠃ | ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠣᠷᠣᠭᠰᠢᠬᠢ ᠬᠦᠷᠢᠶᠡᠯᠡᠩ ᠲᠣᠭᠤᠷᠢᠭ ᠢ ᠲᠡᠭᠦᠨ ᠤ ᠪᠠᠶᠢᠭ᠎ᠠ ᠠᠶᠢᠮᠠᠭ | ᠬᠤᠰᠢᠭᠤ ᠠᠴᠠ ᠰᠢᠯᠭᠠᠨ ᠬᠢᠨᠠᠵᠤ ᠦᠨᠡᠯᠡᠨ ᠲᠣᠭᠲᠠᠭᠠᠨ᠎ᠠ᠃ ᠶᠡᠷᠦᠩᠬᠡᠶᠢᠯᠡᠭᠰᠡᠨ ᠦᠨᠡᠯᠡᠯᠲᠡ ᠨᠢ ᠡᠮᠦᠨᠡᠭᠦᠷ | ᠵᠢᠭᠰᠠᠭᠠᠭᠳᠠᠭᠰᠠᠨ 20 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠰᠠᠭᠤᠷᠢ ᠪᠡᠯᠡᠳᠬᠡᠮᠵᠢ ᠪᠦᠲᠦᠭᠡᠨ | ᠪᠠᠶᠢᠭᠤᠯᠬᠤ᠂ ᠪᠡᠯᠡ ᠮᠥᠩᠭᠦ ︵ᠰᠠᠭᠤᠷᠢ ᠮᠥᠩᠭᠦ︶ ᠲᠣᠬᠢᠷᠠᠭᠤᠯᠬᠤ᠂ ᠳᠡᠰ ᠳᠡᠪᠰᠢᠭᠦᠯᠬᠦ᠂ ᠥᠷᠭᠡᠳᠬᠡᠯ ᠬᠢᠬᠦ ᠪᠤᠶᠤ | ᠲᠣᠬᠢᠷᠠᠭᠤᠯᠤᠯᠲᠠ ᠬᠢᠬᠦ᠂ ᠭᠠᠵᠠᠷ ᠰᠢᠷᠣᠢ ᠬᠠᠩᠭᠠᠬᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠭᠰᠡᠨ | ᠥᠭᠡᠷᠡᠴᠢᠯᠡᠯᠲᠡ ᠬᠢᠬᠦ ᠵᠡᠷᠭᠡ ᠲᠠᠯ᠎ᠠ ᠪᠠᠷ ᠤᠷᠢᠳ ᠢᠶᠠᠷ ᠳᠡᠮᠵᠢᠯᠭᠡ ᠦᠵᠡᠭᠦᠯᠵᠦ᠂ ᠠᠰᠠᠭᠤᠳᠠᠯ ᠣᠷᠣᠰᠢᠵᠤ ᠪᠠᠶᠢᠬᠤ | ᠮᠥᠷᠲᠡᠭᠡᠨ ᠬᠤᠭᠤᠴᠠᠭ᠎ᠠ ᠬᠢᠵᠠᠭᠠᠷᠯᠠᠵᠤ ᠪᠠᠶᠢᠭᠠᠳ ᠴᠡᠭᠴᠡᠯᠡᠨ ᠰᠠᠶᠢᠵᠢᠷᠠᠭᠤᠯᠤᠭᠠᠳ ᠪᠠᠷᠢᠮᠵᠢᠶ᠎ᠠ ᠳᠤ ᠥᠯᠥ | ᠬᠥᠷᠥᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ᠂ ᠳᠡᠰ ᠪᠠᠭᠤᠷᠠᠭᠤᠯᠬᠤ ᠪᠤᠶᠤ ᠬᠦᠴᠦᠨ ᠦᠭᠡᠢ | ᠪᠣᠯᠭᠠᠨ᠎ᠠ᠃ | ᠬᠥᠲᠥᠯᠥᠭᠴᠢ᠄ | 2018 ᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯ ᠳᠤ ᠶᠠᠮᠠᠷ ᠶᠠᠮᠠᠷ ᠪᠣᠳᠠᠲᠠᠢ | ᠲᠣᠬᠢᠷᠠᠭᠤᠯᠤᠯᠲᠠ ᠪᠠᠶᠢᠬᠤ ᠶᠢ ᠵᠠᠩ ᠡᠷᠬᠢᠯᠡᠭᠴᠢ ᠶᠠᠷᠢᠭᠠᠳ ᠥᠭᠭᠦᠨ᠎ᠡ ᠦᠦ︖ | ᠵᠠᠩ ᠵᠠᠨ ᠵᠢᠶᠦ᠋ᠨ᠄ | 2018 ᠣᠨ ᠳᠤ ᠪᠢᠳᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯ ᠳᠤ ᠬᠤᠶᠠᠷ | ᠲᠠᠯ᠎ᠠ ᠶᠢᠨ ᠭᠤᠣᠯᠳᠠᠯᠭ᠎ᠠ ᠲᠠᠢ ᠲᠣᠬᠢᠷᠠᠭᠤᠯᠤᠯᠲᠠ ᠬᠢᠨ᠎ᠡ᠂ ᠨᠢᠭᠡ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠵᠢᠴᠢ ᠪᠦᠬᠦ ᠣᠷᠣᠨ ᠤ | ᠠᠵᠤ ᠠᠬᠤᠢ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠶᠠᠭ ᠰᠠᠶᠢᠬᠠᠨ ᠴᠠᠭ ᠢ ᠠᠮᠵᠢᠨ | ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠲᠣᠭᠲᠠᠭᠠᠵᠤ᠂ ᠬᠠᠮᠢᠶ᠎ᠠ ᠪᠦᠬᠦᠢ ᠳᠡᠮᠵᠢᠬᠦ | ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠪᠠᠶᠢᠨ᠎ᠠ︔ ᠨᠥᠭᠦᠭᠡ ᠲᠠᠯ᠎ᠠ ᠪᠠᠷ ︽ᠠᠷᠭ᠎ᠠ︾ ᠶᠢᠨ ᠱᠠᠭᠠᠷᠳᠠᠯᠭ᠎ᠠ | ᠶᠣᠰᠣᠭᠠᠷ᠂ 2017 ᠣᠨ ᠤ ᠬᠦᠷᠢᠶᠡᠯᠡᠩ ᠲᠣᠭᠤᠷᠢᠭ ᠤᠨ ᠬᠥᠭᠵᠢᠯᠲᠡ ᠳᠤ ᠰᠢᠯᠭᠠᠨ ᠬᠢᠨᠠᠯᠲᠠ ᠪᠠ ᠦᠨᠡᠯᠡᠯᠲᠡ | ᠬᠢᠨ᠎ᠡ᠃ ᠡᠭᠦᠨ ᠠᠴᠠ ᠭᠠᠳᠠᠨ᠎ᠠ᠂ ᠪᠢᠳᠡ ︽ᠠᠷᠭ᠎ᠠ︾ ᠶᠢ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠬᠦᠴᠦ ᠪᠠᠨ ᠲᠥᠪᠯᠡᠷᠡᠭᠦᠯᠦᠨ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ | ᠬᠥᠲᠥᠯᠥᠭᠴᠢ᠄ | ᠵᠠᠩ ᠡᠷᠬᠢᠯᠡᠭᠴᠢ ᠶᠢᠨ ᠬᠦᠯᠢᠴᠡᠩᠭᠦᠢ ᠪᠠᠷ ᠲᠠᠶᠢᠯᠤᠮᠵᠢ ᠬᠢᠭᠰᠡᠨ ᠳᠤ ᠮᠠᠰᠢ ᠪᠠᠶᠠᠷᠯᠠᠯ᠎ᠠ᠂ ᠴᠠᠭ ᠤᠨ | ᠬᠠᠷᠠᠭ᠎ᠠ ᠠᠴᠠ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ | ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |