ᠮᠠᠨ ᠤ ᠰᠢᠶᠠᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠨᠢ ᠲᠣᠭᠲᠠᠭᠤᠨ ᠤ ᠳᠤᠮᠳᠠ ᠤᠷᠤᠭᠰᠢᠯᠠᠯᠲᠠ ᠲᠠᠢ᠂ ᠲᠣᠭᠲᠠᠭᠤᠨ ᠤ ᠵᠡᠷᠭᠡ ᠳᠤ ᠰᠠᠶᠢᠵᠢᠷᠠᠬᠤ ᠬᠠᠨᠳᠤᠰᠢ ᠲᠠᠢ
ᠨᠡᠶᠢᠲᠡᠯᠡᠭᠰᠡᠨ ᠴᠠᠭ᠄
2018-08-23
     ᠡᠨᠡ ᠵᠢᠯ ᠠᠴᠠ ᠨᠠᠰᠢ᠂ ᠪᠦᠬᠦ ᠰᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠤᠨ ᠠᠯᠬᠤᠴᠠ ᠶᠢ ᠲᠦᠷᠭᠡᠳᠬᠡᠨ ᠠᠬᠢᠭᠤᠯᠵᠤ᠂ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠶᠠᠪᠤᠭᠳᠠᠪᠠ᠃      ᠨᠢᠭᠡ᠂ ᠠᠵᠤ ᠠᠬᠤᠶ ᠶᠢᠨ ᠠᠵᠢᠯᠯᠠᠭᠠᠨ ᠤ ᠭᠤᠣᠯ ᠣᠨᠴᠠᠯᠢᠭ      ︵ᠨᠢᠭᠡ︶ ᠠᠵᠣ ᠠᠬᠤᠢ ᠶᠢᠨ ᠠᠵᠢᠯᠯᠠᠭ᠎ᠠ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠪᠠᠶᠢᠵᠣ᠂ ᠭᠤᠣᠯ ᠵᠢᠭᠠᠯᠲᠠ ᠲᠤᠭ᠎ᠠ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠬᠤ ᠬᠠᠨᠳᠤᠰᠢ ᠲᠠᠢ᠃      ᠠᠩᠬ᠎ᠠ ᠠᠯᠬᠤᠮ ᠤᠨ ᠲᠣᠭᠠᠴᠠᠭ᠎ᠠ ᠬᠢᠭᠰᠡᠨ ᠪᠠ ᠬᠥᠬᠡᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠦᠨᠡᠯᠡᠨ ᠵᠢᠱᠢᠵᠦ ᠬᠢᠨᠠᠨ ᠲᠣᠭᠲᠠᠭᠠᠭᠰᠠᠨ ᠢᠶᠠᠷ ᠳᠠᠮᠵᠢᠵᠣ᠂ ᠳᠡᠭᠡᠳᠦ ᠬᠠᠭᠠᠰ ᠵᠢᠯ ᠬᠤᠷᠢᠨᠭᠡᠷ ᠰᠢᠶᠠᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 73.5 ᠳ᠋ᠦᠩᠰᠢᠭᠤᠷ ᠲᠥᠭᠦᠷᠢᠭ ᠪᠠᠶᠢᠵᠣ᠂ ᠶᠡᠷᠦᠩᠬᠡᠶ ᠬᠡᠮᠵᠢᠶ᠎ᠡ ᠠᠩᠬ᠎ᠠ ᠤᠳᠠᠭ᠎ᠠ ᠲᠣᠭᠲᠠᠬᠤ ᠰᠢᠶᠠᠨ ᠢ ᠳᠠᠪᠠᠵᠤ᠂ 8.62 ᠳ᠋ᠦᠩᠰᠢᠭᠤᠷ ᠲᠥᠭᠦᠷᠢᠭ ᠥᠨᠳᠥᠷ ᠪᠠᠶᠢᠵᠤ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ 6 ᠳ᠋ᠤᠭᠠᠷ ᠲᠤ ᠣᠷᠣᠪᠠ︔ ᠠᠳᠠᠯᠢᠳᠬᠠᠵᠤ ᠪᠣᠯᠬᠤ ᠦᠨ᠎ᠡ ᠪᠠᠷ ᠪᠣᠳᠣᠪᠠᠯ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠨ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ 4 ᠳ᠋ᠦ᠋ᠭᠡᠷ ᠪᠠᠶᠢᠷᠢᠨ ᠳᠤ ᠣᠷᠣᠪᠠ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 6.45 ᠳ᠋ᠦᠩᠰᠢᠭᠤᠷ ᠲᠥᠭᠦᠷᠢᠭ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ  3 ᠳ᠋ᠤᠭᠠᠷ ᠲᠤ ᠵᠢᠭᠰᠠᠭᠠᠭᠳᠠᠵᠤ ᠪᠤᠢ︔ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠵᠦ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ 3 ᠳ᠋ᠤᠭᠠᠷ ᠲᠤ ᠵᠢᠭᠰᠠᠭᠠᠭᠳᠠᠵᠤ ᠪᠤᠢ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ36.66 ᠳ᠋ᠦᠩᠰᠢᠭᠤᠷ ᠲᠥᠭᠦᠷᠢᠭ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ 3 ᠳ᠋ᠤᠭᠠᠷ ᠲᠤ ᠵᠢᠭᠰᠠᠭᠠᠭᠳᠠᠵᠤ ᠪᠤᠢ︔ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠦ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ 5 ᠳ᠋ᠤᠭᠠᠷ ᠲᠤ ᠵᠢᠭᠰᠠᠭᠠᠭᠳᠠᠪᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 30.39 ᠳ᠋ᠦᠩᠰᠢᠭᠤᠷ ᠲᠥᠭᠦᠷᠢᠭ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ 6 ᠳ᠋ᠤᠭᠠᠷ ᠲᠤ ᠵᠢᠭᠰᠠᠭᠠᠭᠳᠠᠵᠤ᠂ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠵᠦ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ 2 ᠳ᠋ᠤᠭᠠᠷ ᠲᠤ ᠵᠢᠭᠰᠠᠭᠠᠭᠳᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠵᠦ᠂ ᠪᠥᠬᠦ ᠬᠤᠲᠠ ᠶᠢᠨ 5 ᠳ᠋ᠤᠭᠠᠷ ᠲᠤ ᠵᠢᠭᠰᠠᠭᠠᠭᠳᠠᠵᠤ ᠪᠤᠢ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 104.7 % ᠪᠠᠷ ᠨᠡᠮᠡᠭᠳᠡᠵᠦ᠂ ᠪᠦᠬᠦ ᠬᠤᠲᠠ ᠶᠢᠨ 1 ᠳ᠋ᠦ᠋ᠭᠡᠷ ᠪᠠᠶᠢᠷᠢᠨ ᠳᠤ ᠤᠷᠤᠭᠰᠠᠨ ᠪᠠᠶᠢᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠶ ᠲᠤᠭ᠎ᠠ 16.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠦ᠂ ᠪᠥᠬᠦ ᠬᠤᠲᠠ ᠶᠢᠨ 4 ᠳ᠋ᠦ᠋ᠭᠡᠷ ᠪᠠᠶᠢᠷᠢᠨ ᠳᠤ ᠣᠷᠣᠪᠠ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 8.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ10.5% ᠪᠠᠭᠤᠷᠠᠵᠣ᠂ ᠪᠥᠬᠦ ᠬᠤᠲᠠ ᠶᠢᠨ 5 ᠳ᠋ᠤᠭᠠᠷ ᠲᠤ ᠵᠢᠭᠰᠠᠭᠠᠭᠳᠠᠵᠤ ᠪᠤᠢ︔ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ16564 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠦ᠂ ᠪᠦᠬᠦ ᠬᠤᠲᠠ ᠶᠢᠨ 1 ᠳ᠋ᠦ᠋ᠭᠡᠷ ᠪᠠᠶᠢᠷᠢᠨ ᠳᠤ ᠤᠷᠤᠭᠰᠠᠨ ᠪᠠᠶᠢᠨ᠎ᠠ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 7039 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠵᠦ᠂ ᠪᠥᠬᠦ ᠬᠤᠲᠠ ᠶᠢᠨ 6 ᠳ᠋ᠤᠭᠠᠷ ᠲᠤ ᠵᠢᠭᠰᠠᠭᠠᠭᠳᠠᠪᠠ᠃      6 ᠳ᠋ᠤᠭᠠᠷ ᠰᠠᠷ᠎ᠠ ᠶᠢᠨ ᠰᠡᠭᠦᠯᠴᠢ ᠳᠤ᠂ ᠪᠦᠬᠦ ᠰᠢᠶᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ155.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ20.68% ᠪᠠᠷ ᠨᠡᠮᠡᠭᠳᠡᠪᠡ᠃ ᠡᠭᠦᠨ ᠳᠤ᠂ ᠰᠠᠭᠤᠭᠠᠯᠢ ᠠᠷᠠᠳ ᠤᠨ ᠬᠠᠳᠠᠭᠠᠯᠠᠮᠵᠢ55.98 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ13.71% ᠪᠠᠷ ᠨᠡᠮᠡᠭᠳᠡᠵᠡᠢ᠃ 6 ᠳ᠋ᠤᠭᠠᠷ ᠰᠠᠷ᠎ᠠ ᠶᠢᠨ ᠰᠡᠭᠦᠯᠴᠢ ᠳᠤ᠂ ᠪᠦᠬᠦ ᠰᠢᠶᠠᠨ ᠤ ᠮᠥᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠵᠢᠭᠡᠯᠡᠯᠭᠡ ᠶᠢᠨ ᠦᠯᠡᠳᠡᠪᠦᠷᠢ75.02 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ21.91%  ᠪᠠᠷ ᠨᠡᠮᠡᠭᠳᠡᠵᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ ᠨᠢ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢᠨ 2.1 ᠳᠠᠬᠢᠨ ᠪᠣᠯᠤᠨ᠎ᠠ᠃      1— 6 ᠳ᠋ᠤᠭᠠᠷ ᠰᠠᠷ᠎ᠠ ᠳᠤ᠂ ᠪᠦᠬᠦ ᠰᠢᠶᠠᠨ ᠤ ᠪᠦᠬᠦ ᠨᠡᠶᠢᠭᠡᠮ ᠤᠨ ᠴᠠᠬᠢᠯᠭᠠᠨ ᠤ ᠬᠡᠷᠡᠭᠯᠡᠭᠡ 2.24 ᠳ᠋ᠦᠩᠰᠢᠭᠤᠷ ᠺᠢᠯᠣᠸᠠᠲ ᠴᠠᠭ᠂ ᠠᠳᠠᠯᠢ ᠬᠤᠭᠤᠴᠠᠭᠠᠨ ᠤ ᠬᠢ ᠠᠴᠠ 25 % ᠪᠠᠷ ᠳᠡᠭᠡᠭᠰᠢᠯᠡᠵᠡᠶ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠴᠠᠬᠢᠯᠭᠠᠨ ᠬᠡᠷᠡᠭᠯᠡᠬᠦ ᠬᠡᠮᠵᠢᠶ᠎ᠡ0.29 ᠳ᠋ᠦᠩᠰᠢᠭᠤᠷ ᠺᠢᠯᠣᠸᠠᠲ ᠴᠠᠭ᠂ ᠠᠳᠠᠯᠢ ᠬᠤᠭᠤᠴᠠᠭᠠᠨ ᠤ ᠬᠢ ᠠᠴᠠ12.01% ᠪᠠᠷ ᠨᠡᠮᠡᠭᠳᠡᠵᠡᠢ︔ ᠬᠤᠶᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠬᠦ ᠬᠡᠮᠵᠢᠶ᠎ᠡ1.41 ᠳ᠋ᠦᠩᠰᠢᠭᠤᠷ ᠺᠢᠯᠣᠸᠠᠲ ᠴᠠᠭ᠂ ᠠᠳᠠᠯᠢ ᠬᠤᠭᠤᠴᠠᠭᠠᠨ ᠤ ᠬᠢ ᠠᠴᠠ8.83% ᠪᠠᠷ ᠨᠡᠮᠡᠭᠳᠡᠵᠡᠢ︔ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠬᠡᠮᠵᠢᠶ᠎ᠡ0.53 ᠳ᠋ᠦᠩᠰᠢᠭᠤᠷ ᠺᠢᠯᠣᠸᠠᠲ ᠴᠠᠭ᠂ ᠠᠳᠠᠯᠢ ᠬᠤᠭᠤᠴᠠᠭᠠᠨ ᠤ ᠬᠢ ᠠᠴᠠ8.25% ᠨᠡᠮᠡᠭᠳᠡᠵᠡᠢ᠃ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠪᠣᠯᠤᠨ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠳᠡᠭᠡᠷ᠎ᠡ ᠬᠠᠭᠠᠰ ᠵᠢᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 1.87 ᠳ᠋ᠦᠩᠰᠢᠭᠤᠷ ᠺᠢᠯᠣᠸᠠᠲ ᠴᠠᠭ ᠢ ᠪᠠᠭᠲᠠᠭᠠᠬᠤ ᠦᠭᠡᠢ᠂ ᠠᠳᠠᠯᠢ ᠬᠤᠭᠤᠴᠠᠭᠠᠨ ᠠᠴᠠ 25.2% ᠪᠠᠷ ᠨᠡᠮᠡᠭᠳᠡᠵᠡᠶ᠃      ︵ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶ ᠶᠢᠨ ᠪᠠᠶᠢᠳᠠᠯ ᠵᠦᠭᠡᠷ ᠰᠠᠶᠢᠨ᠂ ᠭᠤᠷᠪᠠᠨ ᠠᠵᠤ ᠦᠢᠯᠡᠰ ᠤᠨ ᠠᠭᠤᠰᠣᠯᠴᠠᠯ ᠯᠠᠪᠳᠠᠭᠤᠨ ᠠᠬᠢᠵᠣ ᠪᠣᠢ᠃      ᠳᠡᠭᠡᠳᠦ ᠬᠠᠭᠠᠰ ᠵᠢᠯ᠂ ᠬᠤᠷᠢᠨᠭᠡᠷ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠢ ᠦᠢᠯᠡᠳᠪᠦᠷᠢᠯᠡᠯ ᠤᠨ ᠦᠷᠳᠡᠭ124835.23 ᠲᠥᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ3.17% ᠪᠠᠷ ᠨᠡᠮᠡᠭᠳᠡᠵᠡᠢ᠃ ᠡᠭᠦᠨ ᠳᠤ᠂ ᠲᠠᠷᠢᠶᠠᠯᠠᠩ ᠤᠨ ᠦᠢᠯᠡᠰ 878.23 ᠲᠥᠮᠡᠨ ᠲᠥᠭᠦᠷᠢᠭ᠂ ᠤᠢ ᠰᠢᠭᠤᠶ ᠶᠢᠨ ᠦᠢᠯᠡᠰ 2678.77 ᠲᠥᠮᠡᠨ ᠲᠥᠭᠦᠷᠢᠭ᠂ ᠮᠠᠯ ᠠᠵᠤ ᠠᠬᠤᠶ117622.45 ᠲᠥᠮᠡᠨ ᠲᠥᠭᠦᠷᠢᠭ᠂ ᠵᠢᠭᠠᠰᠤᠨ ᠠᠵᠤ ᠠᠬᠤᠶ720.76 ᠲᠥᠮᠡᠨ ᠲᠥᠭᠦᠷᠢᠭ᠂ ᠦᠢᠯᠡᠴᠢᠯᠡᠭᠡᠨ ᠤ ᠦᠢᠯᠡᠰ2935.25 ᠲᠥᠮᠡᠨ ᠲᠥᠭᠦᠷᠢᠭ ᠪᠣᠯᠤᠨ᠎ᠠ᠃      ᠳᠡᠭᠡᠳᠦ ᠬᠠᠭᠠᠰ ᠵᠢᠯ᠂ ᠬᠤᠷᠢᠨᠭᠡᠷ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠨᠡᠮᠡᠭᠳᠡᠯ ᠥᠷᠲᠡᠭ66269.17 ᠲᠥᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ2.67% ᠪᠠᠷ ᠨᠡᠮᠡᠭᠳᠡᠪᠡ᠃ ᠡᠭᠦᠨ ᠳᠤ᠂ ᠲᠠᠷᠢᠶᠠᠯᠠᠩ ᠶᠢᠨ ᠦᠢᠯᠡᠰ578.84 ᠲᠥᠮᠡᠨ ᠲᠥᠭᠦᠷᠢᠭ᠂ ᠤᠢ ᠰᠢᠭᠤᠶ ᠶᠢᠨ ᠦᠢᠯᠡᠰ1870.05 ᠲᠥᠮᠡᠨ ᠲᠥᠭᠦᠷᠢᠭ᠂ ᠮᠠᠯ ᠠᠵᠤ ᠠᠬᠤᠶ61598.88 ᠲᠥᠮᠡᠨ ᠲᠥᠭᠦᠷᠢᠭ᠂ ᠵᠢᠭᠠᠰᠤᠨ ᠠᠵᠤ ᠠᠬᠤᠶ477.58 ᠲᠥᠮᠡᠨ ᠲᠥᠭᠦᠷᠢᠭ᠂ ᠦᠢᠯᠡᠴᠢᠯᠡᠭᠡᠨ ᠤ ᠦᠢᠯᠡᠰ1743.82 ᠲᠥᠮᠡᠨ ᠲᠥᠭᠦᠷᠢᠭ ᠪᠣᠯᠤᠨ᠎ᠠ᠃ ᠪᠠᠶᠢᠭᠤᠯᠣᠭᠳᠠᠭᠰᠠᠨ ᠡᠯ᠎ᠡ ᠲᠦᠷᠦᠯ ᠤᠨ ᠰᠡᠯᠡᠭᠦᠴᠡᠯ  ᠲᠠᠷᠢᠶᠠᠯᠠᠩ ᠤᠨ ᠴᠢᠭ᠋10 ᠭᠠᠵᠠᠷ ᠪᠣᠯᠣᠨ ᠲᠣᠰᠬᠠᠶᠢᠵᠢᠭᠰᠠᠨ ᠬᠤᠷᠰᠢᠶᠠᠵᠢᠯ 350 ᠪᠠᠶᠢᠵᠤ᠂ ᠬᠤᠳᠠ ᠶᠢᠨ ᠳᠡᠰ ᠠᠴᠠ ᠳᠡᠭᠡᠭᠰᠢᠬᠢ ︽ᠰᠡᠯᠡᠭᠦᠴᠡᠯ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ︾ 10 ᠭᠠᠷᠤᠶ ᠶᠢ ᠪᠦᠬᠦ ᠬᠦᠴᠦ ᠪᠠᠷ ᠢᠶᠠᠨ ᠪᠠᠶᠢᠭᠤᠯᠣᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠬ ᠤᠨ ᠲᠣᠰᠬᠤᠨ 12 ᠪᠣᠶ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠨᠢ ᠬᠥᠳᠡᠭᠡ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠬᠤ ᠰᠢᠨ᠎ᠡ ᠬᠥᠳᠡᠯᠭᠡᠭᠦᠷ ᠪᠣᠯᠵᠤ᠂ ᠪᠦᠬᠦ ᠰᠢᠶᠠᠨ ᠳᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ107 ᠪᠠᠶᠢᠭᠤᠯᠵᠤ᠂ ᠬᠥᠳᠡᠭᠡ ᠠᠵᠤ ᠠᠬᠤᠶ ᠳᠤ ᠬᠤᠯᠪᠣᠭᠳᠠᠬᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 20 ᠵᠢᠴᠢ ᠰᠦᠯᠵᠢᠶᠡᠨ ᠬᠤᠳᠠᠯᠳᠤᠭ᠎ᠠ ︵ᠸᠢᠴᠠᠲ ᠬᠤᠳᠠᠯᠳᠤᠭ᠎ᠠ︶ 5000 ᠭᠠᠷᠣᠢ ᠪᠠᠶᠢᠵᠣ᠂ 200 ᠭᠠᠷᠤᠶ ᠵᠦᠢᠯ ᠤᠨ ᠦᠢᠯᠡᠳᠬᠦᠨ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃      ︵ᠭᠤᠷᠪᠠ︶ ᠠᠵᠤ ᠦᠢᠯᠡᠳᠪᠦᠷᠢ ᠶᠢᠨ ᠠᠵᠢᠯᠯᠠᠭᠠᠨ ᠲᠣᠭᠲᠠᠭᠤᠨ ᠤ ᠳᠠᠭᠠᠤ ᠳᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠦᠷ᠎ᠡ ᠠᠰᠢᠭ ᠦᠷᠭᠦᠯᠵᠢᠯᠡᠨ ᠰᠠᠶᠢᠵᠢᠷᠠᠪᠠ᠃      ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠦᠷᠳᠡᠭ ᠠᠭᠠᠵᠢᠮ ᠢᠶᠠᠷ ᠨᠡᠮᠡᠭᠳᠡᠵᠦ᠂ ᠪᠦᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠦᠷᠳᠡᠭ ᠨᠢ ᠵᠢᠯ ᠤᠨ ᠡᠬᠢᠨ ᠤ22.04 ᠳ᠋ᠦᠩᠰᠢᠭᠤᠷ ᠲᠥᠭᠦᠷᠢᠭ ᠠᠴᠠ ᠳᠡᠭᠡᠳᠦ ᠬᠠᠭᠠᠰ ᠵᠢᠯ ᠳᠤ 66.66 ᠳ᠋ᠦᠩᠰᠢᠭᠤᠷ ᠲᠥᠭᠦᠷᠢᠭ ᠬᠦᠷᠲᠡᠯ᠎ᠡ ᠨᠡᠮᠡᠭᠳᠡᠵᠡᠢ︔ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ 247.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠵᠡᠶ︔ ᠭᠠᠶᠢᠯᠢ ᠶᠢᠨ ᠮᠦᠩᠭᠦᠨ ᠤ ᠶᠡᠷᠦᠩᠬᠡᠶ ᠲᠤᠭ᠎ᠠ 6.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠵᠡᠶ︔ ᠠᠯᠳᠠᠪᠤᠷᠢ ᠲᠠᠢ ᠠᠵᠤ ᠠᠬᠤᠶᠢᠯᠠᠯ ᠤᠨ ᠠᠯᠳᠠᠭᠳᠠᠯ ᠤᠨ ᠶᠡᠷᠦᠩᠬᠡᠶ ᠬᠡᠮᠵᠢᠶ᠎ᠡ 1.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.0% ᠪᠠᠷ ᠪᠠᠭᠤᠷᠠᠭᠰᠠᠨ ᠪᠠᠶᠢᠨ᠎ᠠ ︔ ᠵᠠᠭᠤᠨ ᠲᠥᠭᠦᠷᠢᠭ ᠪᠦᠷᠢ ᠶᠢᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠳᠠᠬᠢ ᠥᠪᠡᠷ ᠤᠨ ᠦᠷᠲᠡᠭ ᠨᠢ73.47ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ3.94% ᠪᠠᠭᠤᠷᠠᠭᠰᠠᠨ ᠪᠠᠶᠢᠨ᠎ᠠ᠃      ︵ᠲᠦᠷᠪᠡ︶ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ ᠢ ᠪᠠᠲᠣᠯᠠᠵᠣ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠣᠢ᠃      ᠳᠡᠭᠡᠳᠦ ᠬᠠᠭᠠᠰ ᠵᠢᠯ᠂ ᠪᠦᠬᠦ ᠰᠢᠶᠠᠨ ᠤ ᠬᠥᠮᠦᠷᠭᠡᠨ ᠳᠤ ᠣᠷᠣᠭᠤᠯᠤᠭᠰᠠᠨ ᠲᠦᠷᠥᠯ ᠵᠦᠢᠯ ᠨᠡᠶᠢᠲᠡ 47 ︵ᠦᠷᠭᠦᠯᠵᠢᠯᠡᠨ ᠪᠠᠶᠢᠭᠤᠯᠬᠤ ᠲᠦᠷᠥᠯ ᠵᠦᠢᠯ 28 ᠪᠣᠢ︶᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 23ᠰᠢᠨ᠎ᠡ ᠪᠠᠷ ᠨᠡᠮᠡᠭᠳᠡᠵᠦ᠂ 95.8 % ᠪᠠᠷ ᠨᠡᠮᠡᠭᠳᠡᠪᠡ᠃ ᠰᠡᠷᠭᠦᠭᠡᠬᠦ ᠲᠦᠷᠦᠯ ᠵᠦᠢᠯ 38᠂ ᠨᠡᠶᠢᠲᠡ 23.10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 104.7% ᠪᠠᠷ ᠨᠡᠮᠡᠭᠳᠡᠭᠰᠡᠨ ᠪᠠᠶᠢᠨ᠎ᠠ᠃ ᠡᠭᠦᠨ ᠳᠤ᠄      100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 3 ᠪᠠᠶᠢᠵᠤ᠂ ᠨᠢᠳᠤᠨᠤᠨ ᠤ ᠬᠢ ᠲᠠᠢ ᠠᠳᠠᠯᠢᠳᠬᠠᠪᠠᠯ1ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 50% ᠪᠠᠷ ᠨᠡᠮᠡᠭᠳᠡᠪᠡ᠃ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ401 ᠳ᠋ᠦᠩᠰᠢᠭᠤᠷ ᠲᠥᠭᠦᠷᠢᠭ ᠪᠠᠶᠢᠵᠣ᠂ ᠨᠢᠳᠤᠨᠤᠨ ᠲᠠᠢ ᠠᠳᠠᠯᠢᠳᠬᠠᠪᠠᠯ 130 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ48.52% ᠪᠠᠷ ᠨᠡᠮᠡᠭᠳᠡᠵᠦ᠂ ᠨᠡᠶᠢᠲᠡ417.37 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠨᠢᠳᠤᠨᠤᠨ ᠤ ᠬᠢ ᠲᠠᠢ ᠠᠳᠠᠯᠢᠳᠬᠠᠪᠠᠯ6.83 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ19.57% ᠪᠠᠷ ᠨᠡᠮᠡᠭᠳᠡᠵᠡᠢ᠃      10 — 99 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 6 ᠪᠠᠶᠢᠵᠤ᠂ ᠨᠢᠳᠤᠨᠤᠨ ᠤ ᠬᠢ ᠲᠠᠢ ᠬᠠᠷᠢᠴᠠᠭᠤᠯᠪᠠᠯ 3 ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ100% ᠪᠠᠷ ᠨᠡᠮᠡᠭᠳᠡᠭᠰᠡᠨ ᠪᠠᠶᠢᠨ᠎ᠠ᠃ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ141.42 ᠳ᠋ᠦᠩᠰᠢᠭᠤᠷ ᠲᠥᠭᠦᠷᠢᠭ ᠪᠠᠶᠢᠵᠣ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 44.61 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 46.08% ᠪᠠᠷ ᠨᠡᠮᠡᠭᠳᠡᠵᠡᠢ᠃ ᠨᠡᠶᠢᠲᠡ 50.43 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 14.55 ᠳ᠋ᠦᠩᠰᠢᠭᠤᠷ ᠲᠥᠭᠦᠷᠢᠭ ᠪᠠᠭᠠᠰᠴᠣ᠂ ᠠᠳᠠᠯᠢ ᠬᠤᠭᠤᠴᠠᠭᠠᠨ ᠤ ᠬᠢ ᠠᠴᠠ 22.39% ᠪᠠᠭᠤᠷᠠᠭᠰᠠᠨ ᠪᠠᠶᠢᠨ᠎ᠠ᠃      1 — 9 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠯᠲᠠ 27 ᠪᠠᠶᠢᠵᠤ᠂ ᠨᠢᠳᠤᠨᠤᠨ ᠲᠠᠢ ᠠᠳᠠᠯᠢᠳᠬᠠᠪᠠᠯ 10 ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ58.82% ᠢᠶᠠᠷ ᠨᠡᠮᠡᠭᠳᠡᠵᠡᠢ᠃ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ96.39 ᠳ᠋ᠦᠩᠰᠢᠭᠤᠷ ᠲᠥᠭᠦᠷᠢᠭ ᠪᠠᠶᠢᠵᠣ᠂ ᠨᠢᠳᠤᠨᠤᠨ ᠲᠠᠢ ᠠᠳᠠᠯᠢᠳᠬᠠᠪᠠᠯ31.91 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ49.49%  ᠪᠠᠷ ᠨᠡᠮᠡᠭᠳᠡᠵᠡᠢ᠃ ᠨᠡᠶᠢᠲᠡ40.42 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠨᠢᠳᠤᠨᠤᠨ ᠤ ᠬᠢ ᠲᠠᠢ ᠠᠳᠠᠯᠢᠳᠬᠠᠪᠠᠯ13.69 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ118.49% ᠪᠠᠷ ᠨᠡᠮᠡᠭᠳᠡᠵᠡᠢ᠃      500 —9999 ᠲᠥᠮᠡᠨ ᠲᠥᠭᠦᠷᠢᠭ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ 11 ᠪᠠᠶᠢᠵᠤ᠂ ᠨᠢᠳᠤᠨᠤᠨ ᠤ ᠬᠢ ᠲᠠᠢ ᠠᠳᠠᠯᠢᠳᠬᠠᠪᠠᠯ 9 ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠠᠴᠠ 5.5 ᠳᠠᠬᠢᠨ ᠪᠠᠶᠢᠵᠣ᠂ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ3.75 ᠳ᠋ᠦᠩᠰᠢᠭᠤᠷ ᠲᠥᠭᠦᠷᠢᠭ ᠪᠠᠶᠢᠵᠣ᠂ ᠨᠢᠳᠤᠨᠤᠨ ᠲᠠᠢ ᠠᠳᠠᠯᠢᠳᠬᠠᠪᠠᠯ 2.43 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ183.47% ᠪᠠᠷ ᠨᠡᠮᠡᠭᠳᠡᠵᠡᠢ᠃ ᠨᠡᠶᠢᠲᠡ1.57 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠨᠢᠳᠤᠨᠤᠨ ᠤ ᠬᠢ ᠲᠠᠢ ᠠᠳᠠᠯᠢᠳᠬᠠᠪᠠᠯ0.85ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ118.49% ᠪᠠᠷ ᠨᠡᠮᠡᠭᠳᠡᠵᠡᠢ᠃      ︵ᠲᠠᠪᠤ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠬᠥᠳᠡᠯᠭᠡᠬᠦ ᠬᠦᠴᠦᠨ ᠦᠳᠲᠡᠷ ᠲᠦᠷᠭᠡᠨ ᠬᠦᠭᠵᠢᠪᠡ᠃      ᠪᠦᠲᠦᠮᠵᠢ ᠦᠭᠡᠢ ᠬᠠᠩᠭᠠᠯᠭ᠎ᠠ ᠶᠢ ᠠᠷᠢᠯᠭᠠᠬᠤ ᠶᠢ ᠪᠠᠷᠢᠮᠲᠠᠯᠠᠵᠤ᠂ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠲᠠᠢ ᠠᠭᠤᠷᠬᠠᠶ 28᠂ ᠠᠭᠤᠷᠬᠠᠶ ᠬᠠᠶᠢᠬᠤ ᠦᠨᠡᠮᠯᠡᠯ ᠲᠠᠢ ᠠᠭᠤᠷᠬᠠᠶ 17 ᠪᠣᠯᠣᠨ ᠡᠵᠡᠨ ᠥᠭᠡᠢ ᠠᠭᠤᠷᠬᠠᠶ55 ᠶᠢ ᠬᠠᠭᠠᠵᠣ᠂ ᠨᠠᠩᠭᠢ ᠰᠢᠷᠣᠶ ᠲᠣᠭᠤᠰᠬ᠎ᠠ ᠶᠢᠨ ᠤᠭᠤᠷᠬᠠᠢ 12 ᠰᠠᠭᠤᠷᠢ᠂ ᠬᠠᠶᠢᠷ ᠴᠢᠯᠠᠭᠤᠨ ᠤ ᠲᠠᠯᠠᠪᠣᠷ 20᠂ ᠤᠷᠢᠳᠴᠢᠯᠠᠨ ᠬᠤᠯᠢᠬᠤ ᠪᠧᠲ᠋ᠣ ᠵᠢᠭᠤᠷᠠᠯᠲᠠ ᠶᠢᠨ ᠥᠷᠲᠡᠭᠡ ᠪᠣᠯᠣᠨ ᠯᠢᠴᠢᠩ ᠬᠤᠯᠢᠬᠤ ᠦᠷᠲᠡᠭᠡ ᠶᠢ ᠪᠦᠬᠦᠨ ᠢ ᠪᠢᠲᠡᠭᠦᠮᠵᠢᠯᠡᠨ ᠬᠠᠭᠠᠪᠠ︔ ᠪᠦᠬᠦ ᠰᠢᠶᠠᠨ ᠤ ᠲᠠᠸᠠᠷ ᠤᠨ ᠣᠷᠣᠨ ᠰᠠᠭᠤᠴᠠ ᠶᠢᠨ ᠬᠠᠳᠠᠭᠠᠯᠠᠭᠳᠠᠴᠠ ᠶᠢᠨ ᠲᠠᠯᠠᠪᠠᠢ ᠠᠳᠠᠯᠢ ᠬᠤᠭᠤᠴᠠᠭᠠᠨ ᠤ ᠬᠢ ᠠᠴᠠ 9.4% ᠪᠠᠷ ᠪᠠᠭᠤᠷᠠᠪᠠ᠃ ︽ᠤᠷᠢᠳᠴᠢᠯᠠᠨ ᠬᠤᠯᠢᠬᠤ ᠪᠧᠲ᠋ᠣ ᠵᠢᠭᠤᠷᠠᠯᠲᠠ ᠶᠢᠨ ᠥᠷᠲᠡᠭᠡ᠂ ᠯᠢᠴᠢᠩ ᠬᠤᠯᠢᠬᠤ ᠦᠷᠲᠡᠭᠡ ᠶᠢ ᠴᠡᠭᠴᠡᠯᠡᠨ ᠵᠢᠷᠤᠮᠵᠢᠭᠤᠯᠬᠤ ᠲᠤᠬᠠᠶ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠲᠥᠰᠦᠯ︾ ᠢ ᠨᠡᠶᠢᠲᠡᠯᠡᠪᠡ᠃ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠠᠬᠢᠴᠠ ᠶᠢ ᠲᠦᠷᠭᠡᠳᠬᠡᠪᠡ᠃ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 1.1 ᠵᠠᠭᠤᠨ ᠤ ᠴᠡᠭ ᠲᠦᠷᠭᠡᠳᠪᠡ᠃ ᠪᠦᠬᠦ ᠰᠢᠶᠠᠨ ᠤ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠠᠳᠠᠯᠢ ᠬᠤᠭᠤᠴᠠᠭᠠᠨ ᠤ ᠬᠢ ᠠᠴᠠ 24% ᠪᠠᠷ ᠨᠡᠮᠡᠭᠳᠡᠵᠦ᠂ ᠡᠭᠦᠨ ᠳᠤ᠂ ᠠᠵᠤ ᠠᠬᠤᠶᠢᠯᠠᠯ ᠤᠨ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠭᠰᠡᠨ ᠪᠠᠶᠢᠨ᠎ᠠ᠃ ᠡᠯᠧᠺᠲᠷᠣᠨ ᠰᠤᠷᠠᠭ ᠴᠢᠮᠡᠭᠡ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠭᠡᠷ ᠤᠨ ᠲᠡᠵᠢᠭᠡᠪᠦᠷᠢ ᠶᠢᠨ ᠪᠠᠭᠠᠰᠤ ᠰᠢᠭᠡᠰᠦ ᠵᠡᠷᠭᠡ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠠᠰᠢᠭᠯᠠᠬᠤ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠲᠣᠭᠲᠠᠭᠤᠨ ᠢᠶᠠᠷ ᠨᠡᠮᠡᠭᠳᠡᠵᠦ᠂ ᠲᠤᠰ ᠲᠤᠰ ᠠᠳᠠᠯᠢ ᠬᠤᠭᠤᠴᠠᠭᠠᠨ ᠤ ᠬᠢ ᠠᠴᠠ 23.7% ᠪᠠᠷ᠂16.2% ᠢᠶᠠᠷ᠂12.6% ᠪᠠᠷ᠂ 12.5% ᠪᠠᠷ ᠨᠡᠮᠡᠭᠳᠡᠭᠰᠡᠨ ᠪᠠᠶᠢᠨ᠎ᠠ᠃ ᠠᠷᠠᠳ ᠤᠨ ᠠᠮᠢᠳᠤᠷᠠᠯ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 59.2% ᠪᠠᠶᠢᠵᠤ᠂ ᠠᠮᠢ ᠠᠬᠤᠶ ᠶᠢᠨ ᠣᠷᠴᠢᠨ ᠲᠣᠭᠤᠷᠢᠨ ᠤ ᠪᠡᠯᠡ ᠣᠷᠣᠭᠤᠯᠣᠯᠲᠠ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃      ᠬᠤᠶᠠᠷ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠭᠤᠯᠭ᠎ᠠ      ︵ᠨᠢᠭᠡ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠬᠦᠴᠦ ᠲᠠᠯᠪᠢᠨ ᠰᠠᠶᠢᠲᠤᠷ ᠠᠳᠬᠤᠵᠤ᠂ ᠳᠠᠶᠢᠴᠢᠯᠠᠬᠤ ᠦᠢᠯᠡᠳᠦᠯ ᠢ ᠲᠠᠰᠤᠷᠠᠯᠲᠠ ᠦᠭᠡᠢ ᠶᠡᠬᠡᠰᠬᠡᠨ᠎ᠡ᠃      ᠨᠢᠭᠡ ᠳᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠶᠢᠷᠢ ᠰᠠᠭᠤᠷᠢ ᠶᠢ ᠳᠣᠪᠣᠶᠢᠯᠭᠠᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠶᠠᠪᠤᠳᠠᠯ ᠢ ᠠᠵᠤ ᠠᠬᠤᠶ ᠶᠢᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠣ᠂ ︽ᠨᠢᠭᠡ ᠠᠷᠭ᠎ᠠ ᠪᠠᠷᠢᠯ ᠢᠶᠠᠷ ᠤᠯᠠᠨ ᠦᠷ᠎ᠡ ᠪᠦᠲᠦᠮᠵᠢ ᠭᠠᠷᠭᠠᠬᠤ︾ ᠶᠢᠨ ᠵᠠᠩᠭᠢᠯᠠᠭ᠎ᠠ ᠶᠢᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠪᠣᠯᠭᠠᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ ᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯ ᠲᠠᠯᠠᠪᠤᠷ ᠪᠣᠯᠭᠠᠵᠤ᠂ ᠠᠵᠤ ᠠᠬᠤᠶᠢᠯᠠᠯ ᠤᠨ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠬᠤᠶᠠᠷ ᠲᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠵᠠᠮ ᠢ ᠥᠷᠭᠡᠳᠬᠡᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠷᠢᠶ᠎ᠡ ᠪᠣᠯᠣᠨ ᠣᠷᠣᠨ ᠵᠠᠢ ᠶᠢᠨ ᠬᠡᠪᠴᠢᠶ᠎ᠡ ᠶᠢ ᠭᠤᠣᠯᠳᠠᠯᠭ᠎ᠠ ᠲᠠᠢ ᠥᠷᠭᠡᠳᠬᠡᠨ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠤᠳᠠᠯᠳᠤᠭᠠᠴᠢᠨ ᠤᠷᠢᠬᠤ ᠶᠢ ᠲᠦᠷᠭᠡᠳᠬᠡᠵᠦ᠂ ᠣᠷᠣᠨ ᠤ ᠳᠣᠲᠣᠨ᠎ᠠ ᠭᠠᠳᠠᠨᠠᠬᠢ ᠪᠡᠯᠡ ᠣᠷᠣᠭᠤᠯᠤᠭᠴᠢ ᠶᠢ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ᠂ ᠵᠢᠭᠤᠯᠴᠢᠯᠠᠯ᠂ ᠰᠣᠶᠣᠯ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠬᠦᠷᠢᠶᠡᠨ ᠳᠤ ᠢᠳᠡᠪᠬᠢᠲᠡᠶ ᠪᠠᠷ ᠲᠠᠲᠠᠨ ᠣᠷᠣᠭᠤᠯᠤᠨ᠎ᠠ︔  ᠰᠠᠭᠤᠷᠢ ᠪᠡᠯᠡᠳᠬᠡᠮᠵᠢ ᠶᠢᠨ ᠬᠤᠳᠠᠯᠳᠤᠭᠠᠴᠢᠨ ᠤᠷᠢᠬᠤ ᠶᠢ ᠲᠤᠪᠤᠶᠢᠯᠭᠠᠨ᠂ ᠵᠠᠮ ᠬᠠᠷᠢᠯᠴᠠᠭ᠎ᠠ ᠵᠠᠰᠠᠮᠠᠯ ᠵᠠᠮ᠂ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠪᠠᠶᠢᠭᠤᠯᠤᠯᠲᠠ ᠶᠢᠨ ᠲᠣᠭᠤᠷᠢᠨ ᠳᠤ ᠪᠠᠶᠢᠯᠳᠤᠬᠤ ᠪᠤᠳᠤᠯᠭ᠎ᠠ ᠶᠢᠨ ᠪᠡᠯᠡ ᠣᠷᠣᠭᠤᠯᠤᠭᠴᠢ ᠶᠢ ᠲᠠᠲᠠᠨ ᠣᠷᠣᠭᠤᠯᠵᠣ᠂ ᠵᠠᠮ ᠬᠠᠷᠢᠯᠴᠠᠭ᠎ᠠ ᠮᠡᠲᠦ ᠶᠢᠨ ᠬᠠᠲᠠᠭᠤ ᠪᠡᠯᠡᠳᠭᠡᠮᠵᠢ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠂ ᠬᠤᠷᠢᠨᠭᠡᠷ ᠤᠨ ᠰᠢᠶᠠᠨ ᠤ ᠬᠤᠲᠠ ᠪᠠᠯᠭᠠᠰᠤᠨ ᠤ ᠳᠦᠷᠢ ᠲᠥᠷᠬᠦ ᠶᠢ ᠰᠠᠶᠢᠵᠢᠷᠠᠭᠤᠯᠣᠨ᠎ᠠ︔ ᠲᠥᠷᠥᠯᠬᠢ ᠰᠡᠳᠬᠢᠬᠦᠶ ᠶᠢᠨ ᠠᠷᠭ᠎ᠠ ᠶᠢ ᠳᠠᠪᠠᠵᠣ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠠᠵᠤ ᠦᠢᠯᠡᠰ ᠤᠨ ᠪᠦᠲᠦᠴᠡ ᠶᠢ  ᠵᠣᠬᠢᠴᠠᠭᠤᠯᠬᠤ ᠲᠠᠢ ᠤᠶᠠᠯᠳᠤᠭᠤᠯᠵᠤ᠂ ᠲᠧᠭᠨᠢᠭ ᠮᠡᠷᠭᠡᠵᠢᠯ᠂ ᠪᠡᠯᠡ ᠮᠦᠩᠭᠦ᠂ ᠲᠠᠸᠠᠷ ᠤᠨ ᠲᠡᠮᠳᠡᠭ ᠢ ᠣᠷᠣᠭᠤᠯᠬᠤ ᠪᠠᠷ ᠳᠠᠮᠵᠢᠵᠣ᠂ ᠰᠢᠨ᠎ᠡ ᠬᠡᠯᠪᠡᠷᠢ ᠶᠢᠨ ᠠᠵᠤ ᠦᠢᠯᠡᠰ ᠢ ᠬᠦᠭᠵᠢᠭᠦᠯᠦᠨ᠂ ᠰᠢᠯᠢᠳᠡᠭ ᠰᠠᠶᠢᠨ ᠬᠡᠪᠴᠢᠶᠡᠵᠢᠭᠰᠡᠨ ᠠᠵᠤ ᠠᠬᠤᠶᠢᠯᠠᠯ ᠢ ᠦᠨᠡᠨᠬᠦ ᠪᠤᠢ ᠪᠣᠯᠭᠠᠨ᠎ᠠ᠃      ︵ᠬᠤᠶᠠᠷ︶ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠪᠡᠯᠡ ᠣᠷᠣᠭᠤᠯᠤᠯᠲᠠ ᠪᠠᠷ ᠳᠠᠶᠢᠴᠢᠯᠠᠬᠤ ᠦᠢᠯᠡᠳᠦᠯ ᠢ ᠴᠢᠩᠭᠠᠳᠬᠠᠨ᠎ᠠ᠃      ᠪᠡᠯᠡ ᠣᠷᠣᠭᠤᠯᠤᠯᠲᠠ ᠪᠣᠯ ᠮᠠᠨ ᠤ ᠰᠢᠶᠠᠨ ᠤ ᠠᠵᠤ ᠠᠬᠤᠢ ᠶᠢᠨ ᠨᠡᠮᠡᠭᠳᠡᠯ ᠤᠨ ᠭᠤᠣᠯ ᠬᠥᠳᠡᠯᠭᠡᠬᠦ ᠬᠦᠴᠦᠨ᠂ ︽ᠲᠥᠷᠥᠯ ᠵᠦᠢᠯ ᠢ ᠴᠢᠩᠭ᠎ᠠ ᠠᠳᠬᠤᠬᠤ ᠪᠣᠯ ᠳᠠᠷᠣᠢ ᠬᠥᠭᠵᠢᠯᠲᠡ ᠶᠢ ᠠᠬᠢᠭᠤᠯᠬᠤ ᠶᠠᠪᠣᠳᠠᠯ ᠪᠣᠯᠣᠨ᠎ᠠ ︾ ᠭᠡᠬᠦ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠪᠣᠭᠤᠳᠠᠯᠯᠠᠬᠤ ᠲᠥᠷᠥᠯ ᠵᠦᠢᠯ ᠤᠨ ᠬᠤᠳᠠᠯᠳᠣᠭᠠᠴᠢᠨ ᠤᠷᠢᠬᠤ ᠶᠢ ᠠᠳᠬᠤᠬᠤ᠂ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠠᠳᠬᠤᠬᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠬᠢᠴᠠ ᠶᠢ ᠠᠳᠬᠤᠬᠤ᠂ ᠪᠠᠷᠢᠵᠤ ᠳᠠᠭᠤᠰᠬᠠᠭᠰᠠᠨ ᠲᠦᠷᠥᠯ ᠵᠦᠢᠯ ᠤᠨ ᠠᠰᠢᠭᠯᠠᠯᠲᠠ ᠳᠤ ᠣᠷᠣᠭᠤᠯᠬᠤ ᠶᠢ ᠠᠳᠬᠤᠬᠤ︾ ᠵᠠᠷᠴᠢᠮ ᠶᠣᠰᠣᠭᠠᠷ᠂ ︽ᠲᠥᠷᠥᠯ ᠵᠦᠢᠯ ᠢᠶᠠᠷ ᠳᠠᠶᠢᠴᠢᠯᠠᠬᠤ︾ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠣᠨ᠎ᠠ᠃ ᠴᠢᠬᠤᠯᠠ ᠶᠡᠭᠡ ᠲᠥᠷᠥᠯ ᠵᠦᠢᠯ ᠤᠨ ᠲᠦᠯᠦᠪᠯᠡᠭᠡ ᠪᠡᠯᠡᠳᠬᠡᠯ ᠢ ᠴᠢᠩᠭᠠᠳᠬᠠᠨ᠎ᠠ᠃ ᠣᠳᠣᠬᠠᠨ ᠤ ᠠᠰᠢᠭᠲᠠᠶ ᠴᠠᠭ ᠲᠣᠬᠢᠶᠠᠯ ᠢ ᠴᠢᠩᠭ᠎ᠠ ᠠᠳᠬᠤᠵᠤ᠂ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠪᠠᠲᠣᠳᠠᠢ ᠠᠳᠬᠤᠨ᠂ ᠲᠥᠷᠥᠯ ᠵᠦᠢᠯ  ᠤᠨ ᠪᠥᠲᠥᠭᠡᠨ ᠪᠠᠶᠢᠭᠤᠯᠤᠯᠲᠠ ᠶᠢᠨ ᠰᠠᠨᠠᠭᠠᠴᠢᠯᠠᠭᠠᠲᠤ ᠪᠤᠰᠤ ᠪᠠᠶᠢᠳᠠᠯ ᠢ ᠬᠤᠪᠢᠷᠠᠭᠤᠯᠵᠤ᠂ ᠶᠡᠭᠡ ᠪᠦᠳᠦᠭᠡᠨ ᠪᠠᠶᠢᠭᠤᠯᠤᠯᠲᠠ ᠶᠡᠭᠡ ᠬᠥᠭᠵᠢᠯᠲᠡ ᠶᠢᠨ ᠰᠠᠭᠤᠷᠢ ᠲᠦᠷᠥᠯ ᠵᠦᠢᠯ ᠤᠨ ᠵᠠᠭᠪᠣᠷ ᠢ ᠢᠳᠡᠪᠬᠢᠲᠡᠶ ᠪᠠᠶᠢᠭᠤᠯᠵᠣ᠂ ᠴᠢᠬᠤᠯᠠ ᠶᠡᠭᠡ ᠲᠦᠷᠦᠯ ᠵᠦᠢᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃      ︵ᠭᠤᠷᠪᠠ︶ ᠠᠵᠤ ᠦᠢᠯᠡᠰ ᠤᠨ ᠲᠤᠬᠢᠷᠠᠭᠤᠯᠤᠯᠳᠠ ᠶᠢ ᠬᠦᠴᠦ ᠲᠠᠯᠪᠢᠨ ᠰᠠᠶᠢᠲᠤᠷ ᠠᠳᠬᠤᠵᠤ᠂ ᠬᠥᠭᠵᠢᠯᠲᠡ ᠶᠢᠨ ᠨᠥᠭᠡᠴᠡ ᠬᠦᠴᠦᠨ ᠢ ᠪᠦᠲᠦᠮᠵᠢᠲᠡᠢ ᠴᠢᠩᠭᠠᠷᠠᠭᠤᠯᠣᠨ᠎ᠠ᠃      ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠨᠡᠮᠡᠯᠲᠡ ᠠᠵᠤ ᠦᠢᠯᠡᠰ ᠤᠨ ᠬᠥᠭᠵᠢᠯᠲᠡ ᠤᠳᠠᠭᠠᠰᠢᠷᠠᠵᠤ᠂ ᠨᠢᠭᠡᠳᠦᠭᠡᠷ ᠠᠵᠤ ᠦᠢᠯᠡᠰ ᠳᠤᠮᠳᠠ ᠪᠡᠯᠡᠳᠬᠡᠮᠵᠢᠳᠦ ᠲᠠᠷᠢᠶᠠᠯᠠᠩ ᠨᠡᠯᠢᠶᠡᠳ ᠬᠤᠵᠢᠭᠤ ᠡᠬᠢᠯᠡᠵᠦ᠂ ᠤᠯᠠᠮᠵᠢᠯᠠᠯᠲᠤ ᠲᠠᠷᠢᠮᠠᠯ ᠤᠨ ᠦᠢᠯᠡᠰ ᠤᠨ ᠡᠵᠡᠯᠡᠬᠦ ᠬᠠᠷᠢᠴᠠᠯ ᠨᠢ ᠨᠡᠯᠢᠶᠡᠳ ᠥᠨᠳᠥᠷ ᠪᠠᠶᠢᠳᠠᠭ᠃ ᠭᠤᠷᠪᠠᠳᠤᠭᠠᠷ ᠠᠵᠤ ᠦᠢᠯᠡᠰ ᠤᠨ ᠳᠤᠮᠳᠠ ᠪᠥᠭᠡᠮ ᠢᠶᠠᠷ ᠪᠣᠷᠣᠯᠠᠭᠤᠯᠬᠤ ᠵᠢᠵᠢᠭᠯᠡᠨ ᠬᠤᠳᠠᠯᠳᠤᠬᠤ ᠦᠢᠯᠡᠰ᠂ ᠬᠤᠨᠤᠭ ᠢᠳᠡᠭᠡᠨ ᠤᠮᠳᠠᠭᠠᠨ ᠤ ᠦᠢᠯᠡᠰ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠡᠵᠡᠯᠡᠬᠦ ᠬᠠᠷᠢᠴᠠᠯ ᠨᠢ ᠨᠡᠯᠢᠶᠡᠳ ᠶᠡᠭᠡ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠡᠵᠡᠯᠡᠬᠦ ᠬᠤᠪᠢ ᠶᠢᠨ ᠵᠢᠩ ᠬᠡᠲᠦᠷᠬᠡᠶ ᠪᠠᠭ᠎ᠠ ᠪᠠᠶᠢᠨ᠎ᠠ᠃      ︵ᠲᠦᠷᠪᠡ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠦᠴᠦ ᠲᠠᠯᠪᠢᠨ ᠰᠠᠶᠢᠲᠤᠷ ᠠᠳᠬᠤᠵᠤ᠂  ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠢᠳᠡᠪᠬᠢᠲᠡᠶ ᠰᠢᠯᠢᠳᠡᠭᠵᠢᠭᠦᠯᠦᠨ᠎ᠡ᠃      ᠲᠥᠪ᠂ ᠣᠷᠣᠨ᠂ ᠬᠤᠳᠠ ᠶᠢᠨ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠲᠣᠬᠠᠢ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠪᠠᠷ ᠭᠦᠨᠵᠡᠭᠡᠶᠢᠷᠡᠭᠦᠯᠦᠨ ᠥᠷᠭᠡᠵᠢᠭᠦᠯᠵᠦ᠂ ᠬᠠᠮᠤᠭ ᠤᠨ ᠶᠡᠭᠡ ᠬᠡᠮᠵᠢᠶᠡᠨ ᠳᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠲᠠᠯᠪᠢᠬᠤ᠂ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ  ᠬᠥᠭᠵᠢᠭᠡᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠣᠯᠠᠨ ᠲᠦᠮᠡᠨ ᠤ ᠠᠵᠢᠯ ᠬᠡᠷᠡᠭ ᠰᠢᠢᠳᠪᠦᠷᠢᠯᠡᠬᠦ ᠥᠭᠡᠷᠡᠴᠢᠯᠡᠯᠲᠡ ᠶᠢᠨ ᠬᠠᠷᠠᠯᠲᠠ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠶᠢ ᠤᠯᠠᠮ ᠳᠥᠭᠦᠮᠴᠢᠯᠡᠬᠦ᠂ ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠬᠤ᠂ ᠦᠢᠯᠡᠴᠢᠯᠡᠭᠡ ᠶᠢ ᠤᠯᠠᠮ ᠰᠢᠯᠢᠳᠡᠭᠵᠢᠭᠦᠯᠬᠦ ᠶᠢ ᠦᠨᠡᠨᠬᠦ ᠰᠠᠶᠢᠲᠣᠷ ᠬᠢᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠪᠣᠯᠤᠨ ᠠᠮᠢᠵᠢᠷᠠᠯ ᠤᠨ ᠬᠦᠴᠦᠨ ᠨᠡᠮᠡᠷᠢᠯᠡᠬᠦ ᠪᠠᠷ ᠴᠢᠷᠮᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号