| | | | | ᠰᠤᠷᠪᠤᠯᠵᠢᠯᠠᠭᠰᠠᠨ ᠴᠠᠭ᠄ | 2018 ᠣᠨ ᠤ 11 ᠳ᠋ᠦ᠋ᠭᠡᠷ ᠰᠠᠷ᠎ᠠ ᠶᠢᠨ 06 ᠤ ᠡᠳᠦᠷ ᠤᠨ 10 ᠴᠠᠭ | ᠰᠤᠷᠪᠤᠯᠵᠢᠯᠠᠭ᠎ᠠ ᠬᠦᠯᠢᠶᠡᠭᠴᠢ᠄ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠳᠡᠳ᠋ ᠳᠠᠷᠤᠭ᠎ᠠ ᠯᠢ ᡁᠢ | ᠮᠢᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠶᠢᠨ ᠵᠢᠯ ᠤᠳ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ | ᠪᠠ ᠰᠠᠶᠢᠵᠢᠷᠠᠭᠤᠯᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠠᠴᠠ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠪᠠ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠠᠲᠤᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠢᠯᠡᠳᠲᠡ | ᠦᠷ᠎ᠡ ᠪᠦᠲᠦᠮᠵᠢ ᠣᠯᠵᠠᠢ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠳᠡᠳ᠋ ᠳᠠᠷᠤᠭ᠎ᠠ ᠯᠢ ᡁᠢ ᠮᠢᠨ ᠢ ᠤᠷᠢᠵᠤ᠂ ᠮᠠᠨ ᠤ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ | ᠬᠠᠮᠢᠶ᠎ᠠ ᠪᠦᠬᠦᠢ ᠪᠠᠶᠢᠳᠠᠯ ᠳᠤ ᠲᠤᠬᠠᠢ ᠶᠢᠨ ᠲᠠᠯᠠᠪᠤᠷ ᠤᠨ ᠲᠠᠶᠢᠯᠤᠮᠵᠢ ᠬᠢᠯᠭᠡᠬᠦ ᠪᠠᠷ ᠪᠣᠯᠣᠯ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠤ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ | ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠣᠶᠢᠷ᠎ᠠ ᠶᠢᠨ ᠵᠢᠯ ᠤᠳ ᠠᠴᠠ ᠨᠠᠭᠠᠰᠢ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠤᠬᠠᠢ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠳᠥᠭᠦᠮ ᠪᠦᠳᠦᠭᠦᠯᠢᠭ | ᠣᠷᠣᠨ ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠪᠠ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠪᠠᠲᠤᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠵᠠᠢ᠃ | ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ | ᠳᠠᠷᠤᠭ᠎ᠠ ᠯᠢ ᡁᠢ ᠮᠢᠨ ᠢ ᠤᠷᠢᠵᠤ᠂ ᠮᠠᠨ ᠤ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ | ᠬᠠᠮᠢᠶ᠎ᠠ ᠪᠦᠬᠦᠢ ᠪᠠᠶᠢᠳᠠᠯ ᠳᠤ ᠲᠤᠬᠠᠢ ᠶᠢᠨ ᠲᠠᠯᠠᠪᠤᠷ ᠤᠨ ᠲᠠᠶᠢᠯᠤᠮᠵᠢ ᠬᠢᠯᠭᠡᠬᠦ ᠪᠠᠷ ᠪᠣᠯᠣᠯ᠎ᠠ᠃ ᠯᠢᠦ ᠲᠢᠩᠬᠢᠮ ᠤᠨ | ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠯᠢ ᡁᠢ ᠮᠢᠨ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ | ᠬᠥᠲᠥᠯᠥᠭᠴᠢ᠄ | ᠯᠢ ᠲᠢᠩᠬᠢᠮ ᠤᠨ ᠳᠠᠷᠤᠭ᠎ᠠ ᠡᠩ ᠲᠡᠷᠢᠭᠦᠨ ᠳᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠮᠠᠨ ᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠬᠤ ᠠᠵᠢᠯ ᠤᠨ ᠶᠠᠮᠠᠷ ᠶᠠᠮᠠᠷ | ᠦᠷ᠎ᠡ ᠪᠦᠲᠦᠮᠵᠢ ᠣᠯᠣᠭᠰᠠᠨ ᠢ ᠳᠥᠭᠦᠮ ᠢᠶᠠᠷ ᠲᠠᠨᠢᠯᠴᠠᠭᠤᠯᠤᠭᠠᠳ ᠥᠭᠭᠦᠨ᠎ᠡ ᠦᠦ︖ | ᠯᠢ ᡁᠢ ᠮᠢᠨ᠄ | ᠮᠠᠨ ᠤ ᠣᠷᠣᠨ ᠪᠣᠯ ᠪᠦᠬᠦ ᠤᠯᠤᠰ ᠤᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ | ᠲᠥᠷᠥᠯ ᠵᠦᠢᠯ ᠢᠶᠠᠷ ᠨᠡᠯᠢᠶᠡᠳ ᠪᠦᠷᠢᠨ ᠮᠤᠵᠢ ᠶᠢᠨ ᠨᠢᠭᠡ ᠪᠠᠶᠢᠵᠤ᠂ ᠬᠤᠲᠠ᠂ ᠣᠶᠢᠲᠤ ᠣᠷᠣᠨ᠂ ᠲᠠᠷᠢᠶᠠᠯᠠᠩ ᠤᠨ | ᠣᠷᠣᠨ᠂ ᠠᠭᠤᠷᠬᠠᠢ ᠶᠢᠨ ᠣᠷᠣᠨ ᠵᠡᠷᠭᠡ ᠡᠯ᠎ᠡ ᠲᠥᠷᠥᠯ ᠵᠦᠢᠯ ᠤᠨ ᠳᠥᠭᠦᠮ ᠪᠦᠳᠦᠭᠦᠯᠢᠭ ᠣᠷᠣᠨ ᠰᠠᠭᠤᠴᠠᠳᠤ | ᠲᠣᠭᠤᠷᠢᠭ ᠪᠠᠶᠢᠵᠤ᠂ ᠲᠠᠷᠬᠠᠯᠲᠠ ᠶᠢᠨ ᠬᠡᠪᠴᠢᠶ᠎ᠡ ᠨᠢ ᠥᠷᠭᠡᠨ᠂ ᠵᠠᠰᠠᠨ ᠪᠠᠶᠢᠭᠤᠯᠬᠤ ᠡᠭᠦᠷᠭᠡ ᠨᠢ ᠬᠦᠨᠳᠦ ᠪᠠᠶᠢᠳᠠᠭ | ᠃ ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠣᠨ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠥᠭᠦᠮ ᠪᠦᠳᠦᠭᠦᠯᠢᠭ ᠣᠷᠣᠨ | ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠪᠠᠷ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠠ | ᠬᠥᠭᠵᠢᠯᠲᠡ ᠶᠢᠨ ᠢᠨᠵᠧᠨᠧᠷᠢᠩ ᠪᠣᠯᠭᠠᠵᠤ᠂ ᠨᠡᠩ ᠴᠢᠬᠤᠯᠠ ᠪᠠᠶᠢᠷᠢᠨ ᠳᠤ ᠲᠠᠯᠪᠢᠨ᠂ ᠳᠡᠭᠡᠳᠦ ᠬᠡᠮᠵᠢᠶ᠎ᠡ ᠪᠠᠷ | ᠠᠩᠬᠠᠷᠤᠨ ᠬᠠᠯᠠᠮᠵᠢᠯᠠᠭᠰᠠᠨ ᠪᠠ ᠶᠡᠭᠡ ᠬᠦᠴᠦᠨ ᠤ ᠳᠡᠮᠵᠢᠯᠭᠡ ᠥᠭᠭᠦᠭᠰᠡᠨ ᠠᠴᠠ᠂ ᠥᠪᠡᠷᠲᠡᠭᠡᠨ ᠵᠠᠰᠠᠬᠤ ᠣᠷᠣᠨ ᠤ | ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠠᠵᠢᠯ ᠨᠢ ᠢᠯᠡᠳᠲᠡ ᠦᠷ᠎ᠡ | ᠪᠦᠲᠦᠮᠵᠢ ᠣᠯᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠳᠤ ᠡᠯ᠎ᠡ | ᠲᠥᠷᠥᠯ ᠤᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠨᠡᠶᠢᠲᠡ 125.6 ᠲᠦᠮᠡ ᠵᠠᠰᠠᠨ | ᠪᠠᠶᠢᠭᠤᠯᠵᠤ᠂ ᠪᠠᠷᠤᠭ 349 ᠲᠦᠮᠡᠨ ᠰᠠᠭᠤᠭᠠᠯᠢ ᠠᠷᠠᠳ ᠢ ︽ᠳᠥᠭᠦᠮ ᠪᠦᠳᠦᠭᠦᠯᠢᠭ ᠣᠷᠣᠨ ᠰᠠᠭᠤᠴᠠ ᠠᠴᠠ | ᠭᠠᠷᠭᠠᠨ ᠠᠰᠠᠷ ᠲᠤ ᠣᠷᠣᠭᠤᠯᠵᠤ︾᠂ ᠠᠷᠠᠳ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠠ ᠣᠷᠣᠰᠢᠨ | ᠰᠠᠭᠤᠬᠤ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠠᠷᠠᠳ ᠲᠦᠮᠡᠨ ᠤ ᠵᠣᠯ ᠵᠢᠷᠭᠠᠯᠲᠤ ᠰᠡᠳᠬᠢᠯᠭᠡ ᠪᠠ | ᠬᠦᠷᠲᠡᠭᠡᠮᠵᠢᠲᠦ ᠲᠥᠷᠥᠭᠳᠡᠯ ᠢ ᠢᠯᠡᠳᠲᠡ ᠴᠢᠩᠭᠠᠷᠠᠭᠤᠯᠵᠤ᠂ ᠶᠡᠭᠡ ᠬᠡᠮᠵᠢᠶᠡᠨ ᠤ ᠳᠥᠭᠦᠮ ᠪᠦᠳᠦᠭᠦᠯᠢᠭ ᠣᠷᠣᠨ | ᠰᠠᠭᠤᠴᠠᠳᠤ ᠲᠣᠭᠤᠷᠢᠭ ᠢ ᠡᠪᠳᠡᠨ ᠨᠤᠷᠠᠭᠠᠬᠤ ᠶᠢ ᠳᠠᠭᠠᠯᠳᠤᠨ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠥᠩᠭᠡ ᠲᠥᠷᠬᠦ ᠴᠤ ᠴᠣ ᠰᠢᠨ᠎ᠡ ᠪᠠᠷ ᠰᠣᠯᠢᠭᠳᠠᠪᠠ᠃ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ | ᠺᠧ ᠴᠢᠶᠠᠩ ᠤᠨ ᠠᠩᠬᠠᠷᠤᠨ ᠬᠠᠯᠠᠮᠵᠢᠯᠠᠵᠤ ᠪᠠᠶᠢᠭᠰᠠᠨ ᠷᠠᠰᠢᠶᠠᠨ ᠤ ᠳᠥᠭᠦᠮ ᠪᠦᠳᠦᠭᠦᠯᠢᠭ ᠣᠷᠣᠨ ᠰᠠᠭᠤᠴᠠᠳᠤ | ᠲᠣᠭᠤᠷᠢᠭ᠂ ᠪᠧᠢ ᠯᠢᠶᠠᠩ ᠤᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ᠂ ᠲᠢᠶᠧ ᠨᠠᠨ ᠤ ᠳᠥᠭᠦᠮ | ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠵᠡᠢ᠃ | ᠬᠥᠲᠥᠯᠥᠭᠴᠢ᠄ | 2018 ᠣᠨ ᠳᠤ ᠮᠠᠨ ᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ | ᠪᠠᠶᠢᠭᠤᠯᠬᠤ ᠡᠭᠦᠷᠭᠡ ᠨᠢ ᠬᠡᠳᠦᠢ ᠪᠠᠶᠢᠬᠤ ᠪᠣᠢ︖ ᠣᠳᠣᠬᠠᠨ ᠤ ᠠᠬᠢᠴᠠ ᠶᠢᠨ ᠪᠠᠶᠢᠳᠠᠯ ᠨᠢ ᠶᠠᠮᠠᠷ ᠪᠣᠢ︖ | ᠯᠢ ᡁᠢ ᠮᠢᠨ᠄ | 2018 ᠣᠨ ᠳᠤ ᠤᠯᠤᠰ ᠠᠴᠠ ᠮᠠᠨ ᠤ ᠣᠷᠣᠨ ᠳᠤ ᠳᠠᠭᠠᠭᠠᠯᠭᠠᠭᠰᠠᠨ ᠳᠥᠭᠦᠮ ᠪᠦᠳᠦᠭᠦᠯᠢᠭ ᠣᠷᠣᠨ | ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠡᠭᠦᠷᠭᠡ ᠪᠣᠯ᠄ 14.1 ᠲᠦᠮᠡᠨ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠠᠵᠢᠯ ᠢ ᠰᠢᠨ᠎ᠡ ᠪᠠᠷ ᠡᠬᠢᠯᠡᠭᠦᠯᠵᠦ᠂ 6.6 ᠲᠦᠮᠡ ᠶᠢ ᠨᠢ | ᠦᠨᠳᠦᠰᠦᠨ ᠳᠤ ᠪᠠᠨ ᠪᠠᠶᠢᠭᠤᠯᠤᠨ ᠳᠠᠭᠤᠰᠬᠠᠨ᠎ᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠲᠥᠪ ᠤᠨ ᠨᠥᠬᠦᠪᠦᠷᠢ ᠶᠢᠨ ᠪᠡᠯᠡ | ᠮᠥᠩᠭᠦ ᠶᠢ ᠴᠢᠷᠮᠠᠶᠢᠨ ᠣᠯᠬᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠥᠬᠦᠪᠦᠷᠢ ᠶᠢᠨ ᠪᠡᠯᠡ | ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠬᠦ᠂ ᠡᠯ᠎ᠡ ᠭᠠᠵᠠᠷ ᠤᠨ ᠬᠢᠨ ᠤ ᠪᠠᠩᠬᠢ ᠶᠢᠨ ᠵᠢᠭᠡᠯᠡᠯᠭᠡ ᠶᠢᠨ | ᠮᠥᠩᠭᠦ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠳᠡᠮᠵᠢᠬᠦ᠂ ᠲᠤᠷᠰᠢᠯᠲᠠ ᠶᠢᠨ ᠴᠡᠭ ᠲᠤ ᠳᠥᠭᠦᠮ ᠪᠦᠳᠦᠭᠦᠯᠢᠭ | ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠲᠤᠰᠬᠠᠢ ᠵᠦᠢᠯ ᠤᠨ ᠥᠭᠴᠡᠭᠡᠨ ᠤ ᠲᠡᠮᠳᠡᠭᠲᠦ ᠲᠠᠷᠬᠠᠭᠠᠬᠤ | ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠ ᠶᠢ | ᠥᠭᠡᠷᠡᠴᠢᠯᠡᠨ ᠪᠠᠶᠢᠭᠤᠯᠬᠤ ᠪᠡᠯᠡ ᠮᠥᠩᠭᠦ ᠶᠢ ᠬᠢᠵᠠᠭᠠᠷᠯᠠᠵᠤ ᠪᠠᠶᠢᠭ᠎ᠠ ᠪᠣᠭᠤᠮᠢ ᠠᠰᠠᠭᠤᠳᠠᠯ ᠢ ᠰᠢᠢᠳᠪᠦᠷᠢᠯᠡᠪᠡ᠃ | ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠠᠵᠢᠯ ᠢ ᠵᠣᠯᠭᠠᠯᠳᠤᠭᠤᠯᠬᠤ ᠬᠤᠷᠠᠯ ᠢ | ᠬᠤᠷᠠᠯᠳᠤᠭᠤᠯᠤᠨ᠂ ᠲᠤᠬᠠᠢ ᠶᠢᠨ ᠭᠠᠵᠠᠷ ᠲᠤ ᠨᠢ ᠰᠢᠮᠳᠠᠭᠤᠯᠵᠤ ᠪᠠᠶᠢᠴᠠᠭᠠᠨ ᠰᠤᠳᠤᠯᠤᠯᠲᠠ ᠬᠢᠬᠦ ᠶᠢ ᠥᠷᠨᠢᠭᠦᠯᠵᠦ᠂ | ᠲᠣᠬᠢᠷᠠᠭᠤᠯᠤᠯᠲᠠ ᠬᠢᠬᠦ᠂ ᠮᠡᠳᠡᠭᠡᠯᠡᠨ ᠨᠡᠪᠲᠡᠷᠡᠭᠦᠯᠬᠦ ᠪᠠ ᠰᠢᠮᠳᠠᠭᠤᠯᠤᠨ ᠪᠠᠶᠢᠴᠠᠭᠠᠬᠤ ᠵᠡᠷᠭᠡ ᠶᠢ ᠴᠢᠩᠭᠠᠳᠬᠠᠬᠤ ᠪᠠᠷ | ᠳᠠᠮᠵᠢᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠠᠵᠢᠯ ᠢ ᠪᠦᠬᠦ | ᠬᠦᠴᠦᠨ ᠢᠶᠠᠷ ᠠᠬᠢᠭᠤᠯᠪᠠ᠃ 2018 ᠣᠨ ᠤ 7 ᠳ᠋ᠤᠭᠠᠷ ᠰᠠᠷ ᠤᠨ ᠰᠡᠭᠦᠯᠴᠢ ᠪᠣᠯᠲᠠᠯ᠎ᠠ᠂ ᠪᠦᠬᠦ ᠣᠷᠣᠨ ᠳᠤ 8. | 6 ᠲᠦᠮᠡᠨ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠬᠤ ᠠᠵᠢᠯ ᠡᠬᠢᠯᠡᠵᠦ᠂ ᠠᠵᠢᠯ | ᠡᠬᠢᠯᠡᠭᠰᠡᠨ ᠨᠣᠷᠮ᠎ᠠ ᠨᠢ 60. 9% ᠳᠤ ᠬᠦᠷᠴᠡᠢ︔ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ | ᠪᠠᠶᠢᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠦᠭᠰᠡᠨ ᠨᠢ 7.9 ᠲᠦᠮᠡ ᠪᠠᠶᠢᠵᠤ᠂ ᠪᠡᠶᠡᠯᠡᠭᠦᠯᠦᠭᠰᠡᠨ ᠨᠣᠷᠮ᠎ᠠ ᠨᠢ | 120.7% ᠳᠤ ᠬᠦᠷᠴᠦ᠂ 296. 6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠡᠢ᠃ | ᠬᠥᠲᠥᠯᠥᠭᠴᠢ᠄ | ᠯᠢ ᠲᠢᠩᠬᠢᠮ ᠤᠨ ᠳᠠᠷᠤᠭ᠎ᠠ ᠶᠢᠨ ᠦᠵᠡᠬᠦ ᠪᠠᠷ᠂ ᠣᠳᠣᠬᠠᠨ ᠤ ᠮᠠᠨ ᠤ ᠣᠷᠣᠨ ᠤ ᠳᠥᠭᠦᠮ ᠪᠦᠳᠦᠭᠦᠯᠢᠭ | ᠣᠷᠣᠨ ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠠᠵᠢᠯ ᠤᠨ ᠭᠤᠣᠯᠳᠠᠯᠭ᠎ᠠ ᠨᠢ ᠶᠠᠭᠤ ᠪᠣᠢ︖ | ᠯᠢ ᡁᠢ ᠮᠢᠨ᠄ | 2017 ᠣᠨ ᠳᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ | 6 ᠶᠠᠮᠤᠨ ᠵᠥᠪᠯᠡᠯ ᠠᠴᠠ ᠬᠤᠯᠪᠣᠭᠠᠯᠠᠵᠤ ᠲᠠᠷᠬᠠᠭᠠᠭᠰᠠᠨ ︽ᠳᠥᠭᠦᠮ ᠪᠦᠳᠦᠭᠦᠯᠢᠭ ᠣᠷᠣᠨ ᠰᠠᠭᠤᠴᠠᠲᠤ | ᠲᠣᠭᠤᠷᠢᠭ ᠲᠤ ᠪᠠᠶᠢᠴᠠᠭᠠᠯᠲᠠ ᠬᠢᠵᠦ ᠣᠶᠢᠯᠠᠭᠠᠨ ᠲᠣᠳᠣᠯᠠᠬᠤ ᠪᠠ 2018 — 2020 ᠣᠨ ᠤ ᠵᠠᠰᠠᠨ | ᠪᠠᠶᠢᠭᠤᠯᠬᠤ ᠲᠥᠯᠥᠪᠯᠡᠭᠡ ᠶᠢ ᠰᠠᠶᠢᠲᠤᠷ ᠬᠢᠬᠦ ᠲᠤᠬᠠᠢ ᠮᠡᠳᠡᠭᠳᠡᠯ︾ ︵ᠪᠠᠶᠢᠭᠤᠯᠤᠯᠲᠠ ᠪᠠᠲᠤᠯᠠᠭ᠎ᠠ ᠵᠠᠬᠢᠳᠠᠯ ︹ | 2017︺ 149 ᠳ᠋ᠦ᠋ᠭᠡᠷ ᠲᠣᠭᠠᠲᠤ︶ ᠪᠠ ︽2018 ᠣᠨ ᠤ ᠳᠥᠭᠦᠮ ᠪᠦᠳᠦᠭᠦᠯᠢᠭ ᠣᠷᠣᠨ ᠰᠠᠭᠤᠴᠠᠲᠤ | ᠲᠣᠭᠤᠷᠢᠭ ᠢ ᠵᠠᠰᠠᠨ ᠪᠠᠶᠢᠭᠤᠯᠬᠤ ᠲᠥᠯᠥᠪᠯᠡᠭᠡ ᠶᠢᠨ ᠡᠭᠦᠷᠭᠡ ᠶᠢ ᠭᠤᠶᠤᠴᠢᠯᠠᠨ ᠮᠡᠳᠡᠭᠦᠯᠬᠦ ᠲᠤᠬᠠᠢ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠵᠡᠷᠭᠡ ᠶᠢᠨ ᠮᠡᠳᠡᠭᠳᠡᠯ | ︾ ︵ᠪᠠᠶᠢᠭᠤᠯᠤᠯᠲᠠ ᠠᠯᠪᠠᠨ ᠪᠠᠲᠤᠯᠠᠭ᠎ᠠ ᠵᠠᠬᠢᠳᠠᠯ ︹2017︺ 551 ᠳ᠋ᠦ᠋ᠭᠡᠷ ᠲᠣᠭᠠᠲᠤ︶ ᠵᠡᠷᠭᠡ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠳᠣᠬᠠᠨ ᠤ ᠮᠠᠨ ᠤ ᠣᠷᠣᠨ ᠤ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠠᠵᠢᠯ ᠨᠢ᠂ ᠴᠢᠳᠠᠯ ᠤᠨ ᠴᠢᠨᠡᠭᠡ ᠪᠠᠷ ᠢᠶᠠᠨ ᠬᠢᠬᠦ ᠬᠢᠭᠡᠳ | ᠴᠢᠳᠠᠯ ᠤᠨ ᠬᠢᠷᠢ ᠪᠠᠷ ᠢᠶᠠᠨ ᠬᠢᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠬᠤᠲᠠ ᠶᠢᠨ ᠠᠶᠤᠯᠲᠠᠢ ᠭᠡᠷ | ᠪᠠᠶᠢᠰᠢᠩ᠂ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ᠂ ᠬᠤᠲᠠ ᠶᠢᠨ ᠪᠠᠶᠢᠭᠤᠯᠤᠭᠰᠠᠨ | ᠲᠣᠭᠤᠷᠢᠭ ᠲᠠᠬᠢ ᠬᠤᠲᠠ ᠶᠢᠨ ᠳᠣᠲᠣᠷᠠᠬᠢ ᠲᠣᠰᠬᠤᠨ ᠢ ᠭᠤᠣᠯᠳᠠᠯᠭ᠎ᠠ ᠲᠠᠢ ᠪᠠᠷ ᠥᠭᠡᠷᠡᠴᠢᠯᠡᠨ ᠪᠠᠶᠢᠭᠤᠯᠤᠨ᠎ᠠ᠃ | ᠣᠶᠢᠷ᠎ᠠ ᠶᠢᠨ ᠬᠤᠭᠤᠴᠠᠭᠠᠨ ᠤ ᠤᠯᠤᠰ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ | ᠶᠣᠰᠣᠭᠠᠷ᠂ ᠡᠭᠦᠨ ᠠᠴᠠ ᠬᠤᠶᠢᠰᠢᠳᠠ ᠶᠢᠨ ᠮᠠᠨ ᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠᠲᠤ | ᠲᠣᠭᠤᠷᠢᠭ ᠢ ᠵᠠᠰᠠᠨ ᠪᠠᠶᠢᠭᠤᠯᠬᠤ ᠠᠵᠢᠯ ᠨᠢ᠂ ᠬᠠᠭᠤᠴᠢᠨ ᠬᠤᠲᠠ ᠶᠢᠨ ᠲᠣᠭᠤᠷᠢᠭ ᠲᠠᠬᠢ ᠪᠤᠵᠠᠷ ᠡᠮᠬᠢ ᠵᠠᠮᠪᠠᠷᠠᠭ᠎ᠠ | ᠦᠭᠡᠢ ᠪᠥᠭᠡᠳ ᠮᠠᠭᠤ ᠮᠠᠭᠤᠬᠠᠢ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠪᠠ ᠤᠯᠤᠰ ᠤᠨ | ᠥᠮᠴᠢᠯᠡᠯᠲᠦ ᠦᠢᠯᠡᠳᠪᠦᠷᠢ ᠠᠭᠤᠷᠬᠠᠢ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ | ᠭᠤᠣᠯᠳᠠᠯᠭ᠎ᠠ ᠲᠠᠢ ᠪᠠᠷ ᠵᠠᠰᠠᠨ ᠪᠠᠶᠢᠭᠤᠯᠤᠨ᠎ᠠ᠃ | ᠬᠥᠲᠥᠯᠥᠭᠴᠢ᠄ | ᠣᠶᠢᠷ᠎ᠠ ᠶᠢᠨ ᠨᠢᠭᠡ ᠬᠡᠰᠡᠭ ᠬᠤᠭᠤᠴᠠᠭᠠᠨ ᠳᠤ᠂ ᠣᠯᠠᠨ ᠢᠶᠠᠷ ᠢᠶᠠᠨ ᠳᠥᠭᠦᠮ ᠪᠦᠳᠦᠭᠦᠯᠢᠭ ᠣᠷᠣᠨ | ᠰᠠᠭᠤᠴᠠ ᠶᠢ ᠵᠠᠰᠠᠨ ᠪᠠᠶᠢᠭᠤᠯᠬᠤ ᠶᠢ ᠵᠣᠭᠤᠰᠵᠢᠭᠤᠯᠤᠨ ᠲᠥᠪᠬᠢᠨᠡᠭᠦᠯᠬᠦ ᠠᠵᠢᠯ ᠳᠤ ᠨᠡᠯᠢᠶᠡᠳ ᠬᠡᠮᠵᠢᠶ᠎ᠡ ᠪᠠᠷ | ᠠᠩᠬᠠᠷᠤᠯ ᠲᠠᠯᠪᠢᠵᠤ ᠪᠠᠶᠢᠨ᠎ᠠ᠂ ᠮᠠᠨ ᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ | ᠪᠠᠶᠢᠭᠤᠯᠬᠤ ᠶᠢ ᠵᠣᠭᠤᠰᠵᠢᠭᠤᠯᠤᠨ ᠲᠥᠪᠬᠢᠨᠡᠭᠦᠯᠬᠦ ᠳᠤ ᠶᠠᠮᠠᠷ ᠶᠠᠮᠠᠷ ᠪᠣᠳᠠᠲᠠᠢ ᠱᠠᠭᠠᠷᠳᠠᠯᠭ᠎ᠠ ᠪᠠᠶᠢᠬᠤ ᠶᠢ ᠲᠠ | ᠲᠠᠨᠢᠯᠴᠠᠭᠤᠯᠤᠭᠠᠳ ᠥᠭᠭᠦᠨ᠎ᠡ ᠦᠦ︖ | ᠯᠢ ᡁᠢ ᠮᠢᠨ᠄ | ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠳᠤ ᠭᠡᠷ ᠬᠥᠷᠥᠩᠭᠡ ᠭᠠᠵᠠᠷ | ᠰᠢᠷᠣᠢ ᠶᠢᠨ ᠵᠠᠬ᠎ᠠ ᠳᠡᠯᠭᠡᠭᠦᠷ ᠲᠠᠢ ᠬᠤᠯᠪᠣᠭᠠᠯᠠᠨ ᠬᠥᠳᠡᠯᠦᠯᠴᠡᠵᠦ ᠬᠥᠭᠵᠢᠭᠦᠯᠦᠨ᠂ ᠭᠡᠷ ᠪᠠᠶᠢᠰᠢᠩ ᠤᠨ ᠦᠨ᠎ᠡ | ᠬᠠᠩᠰᠢ ᠶᠢᠨ ᠥᠰᠦᠯᠲᠡ ᠶᠢᠨ ᠳᠠᠷᠤᠭᠠᠰᠤ ᠨᠡᠯᠢᠶᠡᠳ ᠶᠡᠭᠡ᠂ ᠬᠠᠩᠭᠠᠯᠭ᠎ᠠ ᠨᠢ ᠨᠡᠯᠢᠶᠡᠳ ᠪᠠᠴᠢᠮ ᠪᠠᠶᠢᠭ᠎ᠠ ᠣᠷᠣᠨ | ᠨᠤᠲᠤᠭ ᠤᠨ ᠬᠢᠨ ᠪᠣᠳᠠᠲᠤ ᠡᠳ᠋ ᠤᠨ ᠬᠠᠩᠭᠠᠯᠭ᠎ᠠ ᠪᠠᠨ ᠨᠡᠮᠡᠭᠳᠡᠭᠦᠯᠬᠦ ᠬᠡᠷᠡᠭᠲᠡᠢ᠃ ᠬᠠᠳᠠᠭᠠᠯᠠᠭᠳᠠᠴᠠ ᠶᠢ | ᠤᠰᠠᠳᠬᠠᠬᠤ ᠡᠭᠦᠷᠭᠡ ᠨᠢ ᠨᠡᠯᠢᠶᠡᠳ ᠬᠦᠨᠳᠦ ᠪᠠᠶᠢᠭ᠎ᠠ ᠣᠷᠣᠨ ᠨᠣᠲᠤᠭ ᠤᠨ ᠬᠢᠨ ᠳᠥᠭᠦᠮ ᠪᠦᠳᠦᠭᠦᠯᠢᠭ ᠣᠷᠣᠨ | ᠰᠠᠭᠤᠴᠠ ᠶᠢ ᠵᠠᠰᠠᠨ ᠪᠠᠶᠢᠭᠤᠯᠬᠤ ᠶᠢ ᠵᠣᠭᠤᠰᠵᠢᠭᠤᠯᠬᠤ ᠶᠢ ᠬᠡᠷᠡᠭᠵᠢᠭᠦᠯᠬᠦ ᠬᠡᠷᠡᠭᠲᠡᠢ᠂ ᠢᠩᠭᠢᠪᠡᠯ ᠰᠠᠶ᠋ᠢ ᠭᠡᠷ | ᠬᠥᠷᠥᠩᠭᠡ ᠭᠠᠵᠠᠷ ᠰᠢᠷᠣᠢ ᠶᠢᠨ ᠵᠠᠬ᠎ᠠ ᠳᠡᠯᠭᠡᠭᠦᠷ ᠪᠠ ᠣᠷᠣᠨ ᠰᠠᠭᠤᠴᠠ ᠶᠢᠨ ᠪᠠᠲᠤᠯᠠᠭ᠎ᠠ ᠶᠢᠨ ᠠᠰᠢᠭᠲᠠᠢ | ᠡᠷᠭᠢᠯᠲᠡ ᠶᠢ ᠪᠡᠶᠡᠯᠡᠭᠦᠯᠵᠦ ᠴᠢᠳᠠᠨ᠎ᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠡᠯ᠎ᠡ ᠠᠶᠢᠮᠠᠭ ᠬᠤᠲᠠ ᠶᠢᠨ ᠬᠢᠨ ᠤ ᠳᠥᠭᠦᠮ | ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠶᠢ ᠵᠣᠭᠤᠰᠵᠢᠭᠤᠯᠤᠨ ᠲᠥᠪᠬᠢᠨᠡᠭᠦᠯᠬᠦ ᠳᠤ ᠭᠠᠵᠠᠷ | ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂ ᠬᠤᠲᠠ ᠶᠢᠨ ᠪᠠᠶᠢᠳᠠᠯ ᠳᠤ ᠵᠣᠬᠢᠴᠠᠭᠤᠯᠤᠨ ᠠᠷᠭ᠎ᠠ ᠪᠣᠳᠣᠯᠭ᠎ᠠ ᠶᠢ | ᠬᠡᠷᠡᠭᠵᠢᠭᠦᠯᠵᠦ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠬᠤ ᠬᠢᠭᠡᠳ ᠭᠡᠷ ᠬᠥᠷᠥᠩᠭᠡ ᠭᠠᠵᠠᠷ | ᠰᠢᠷᠣᠢ ᠶᠢᠨ ᠬᠠᠳᠠᠭᠠᠯᠠᠭᠳᠠᠴᠠ ᠶᠢ ᠤᠰᠠᠳᠬᠠᠬᠤ ᠶᠢ ᠵᠣᠯᠭᠠᠯᠳᠤᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠵᠤ ᠲᠥᠪᠬᠢᠨᠡᠭᠦᠯᠬᠦ ᠠᠷᠭ᠎ᠠ | ᠬᠡᠯᠪᠡᠷᠢ ᠪᠠᠨ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠲᠠᠸᠠᠷ ᠤᠨ ᠣᠷᠣᠨ ᠰᠠᠭᠤᠴᠠ ᠶᠢ ᠰᠢᠩᠭᠡᠭᠡᠬᠦ | ᠦᠶᠡᠯᠡᠯ ᠤᠨ ᠬᠤᠭᠤᠴᠠᠭ᠎ᠠ ᠨᠢ 15 ᠰᠠᠷ᠎ᠠ ᠠᠴᠠ ᠳᠣᠷᠣᠭᠰᠢ ᠪᠠᠶᠢᠭ᠎ᠠ ᠭᠠᠵᠠᠷ ᠣᠷᠣᠨ ᠤ ᠬᠢᠨ ᠳᠥᠭᠦᠮ | ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠵᠤ ᠲᠥᠪᠬᠢᠨᠡᠭᠦᠯᠬᠦ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠲᠠᠸᠠᠷ ᠤᠨ ᠣᠷᠣᠨ ᠰᠠᠭᠤᠴᠠ ᠶᠢ ᠰᠢᠩᠭᠡᠭᠡᠬᠦ ᠦᠶᠡᠯᠡᠯ ᠤᠨ | ᠬᠤᠭᠤᠴᠠᠭ᠎ᠠ ᠨᠢ 15 ᠰᠠᠷ᠎ᠠ ᠠᠴᠠ ᠳᠡᠭᠡᠭᠰᠢ ᠪᠠᠶᠢᠭ᠎ᠠ ᠭᠠᠵᠠᠷ ᠣᠷᠣᠨ ᠤ ᠬᠢᠨ ᠳᠥᠭᠦᠮ ᠪᠦᠳᠦᠭᠦᠯᠢᠭ ᠣᠷᠣᠨ | ᠰᠠᠭᠤᠴᠠ ᠶᠢ ᠵᠠᠰᠠᠨ ᠪᠠᠶᠢᠭᠤᠯᠬᠤ ᠶᠢ ᠵᠣᠭᠤᠰᠵᠢᠭᠤᠯᠤᠨ ᠲᠥᠪᠬᠢᠨᠡᠭᠦᠯᠬᠦ ᠶᠢ ᠦᠷᠭᠦᠯᠵᠢᠯᠡᠨ ᠬᠡᠷᠡᠭᠵᠢᠭᠦᠯᠵᠦ ᠪᠣᠯᠣᠨ᠎ᠠ | ᠭᠡᠵᠦ ᠱᠠᠭᠠᠷᠳᠠᠵᠠᠢ᠃ | ᠬᠥᠲᠥᠯᠥᠭᠴᠢ᠄ | ᠳᠣᠣᠷ᠎ᠠ ᠪᠢᠳᠡ ᠳᠠᠬᠢᠨ ᠮᠠᠨ ᠤ ᠣᠷᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠶᠠᠷᠢᠶ᠎ᠠ .᠃ ᠣᠶᠢᠷ᠎ᠠ ᠶᠢᠨ ᠵᠢᠯ ᠤᠳ ᠠᠴᠠ ᠨᠠᠭᠠᠰᠢ ᠮᠠᠨ ᠤ ᠣᠷᠣᠨ ᠤ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠷᠡᠭᠵᠢᠭᠦᠯᠵᠦ ᠪᠠᠶᠢᠭ᠎ᠠ ᠪᠠᠶᠢᠳᠠᠯ ᠨᠢ ᠶᠠᠮᠠᠷ ᠪᠣᠢ︖ | ᠯᠢ ᡁᠢ ᠮᠢᠨ᠄ | ︽ᠬᠤᠲᠠ ᠶᠢᠨ ᠳᠣᠣᠷ᠎ᠠ ᠣᠷᠣᠯᠭ᠎ᠠ ᠲᠠᠢ ᠭᠡᠷ ᠪᠦᠯᠢ ᠶᠢᠨ ᠣᠷᠣᠨ ᠰᠠᠭᠤᠴᠠ ᠶᠢᠨ ᠬᠦᠴᠢᠷᠳᠡᠯ ᠢ | ᠰᠢᠢᠳᠪᠦᠷᠢᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ︹ | 2007︺ 24 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠠᠴᠠ ᠬᠤᠲᠠ ᠬᠥᠳᠡᠭᠡ ᠶᠢᠨ | ᠣᠷᠣᠨ ᠰᠠᠭᠤᠴᠠ ᠶᠢᠨ ᠪᠠᠲᠤᠯᠠᠭ᠎ᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠬᠤ ︵ᠬᠤᠷᠠᠮᠳᠤᠭᠤᠯᠬᠤ︶ ᠡᠷᠴᠢᠮ ᠢᠶᠠᠨ ᠴᠢᠩᠭᠠᠷᠠᠭᠤᠯᠵᠤ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠤᠪᠢᠶᠠᠷᠢᠯᠠᠯᠲᠠ ᠬᠠᠮᠢᠶᠠᠷᠤᠯᠲᠠ ᠶᠢ ᠴᠢᠩᠭᠠᠳᠬᠠᠵᠤ ᠪᠠᠶᠢᠨ᠎ᠠ᠃ | ᠮᠠᠨ ᠤ ᠣᠷᠣᠨ 2008 ᠣᠨ ᠤ ᠳᠥᠷᠪᠡᠳᠦᠭᠡᠷ ᠤᠯᠠᠷᠢᠯ ᠠᠴᠠ ᠡᠬᠢᠯᠡᠨ ᠬᠢᠮᠳᠠ ᠲᠦᠷᠢᠶᠡᠰᠦᠨ ᠣᠷᠣᠨ | ᠰᠠᠭᠤᠴᠠ ᠶᠢ ᠪᠦᠲᠦᠭᠡᠨ ᠪᠠᠶᠢᠭᠤᠯᠵᠤ᠂ ᠬᠥᠮᠥᠨ ᠪᠦᠷᠢ ᠳᠤ ᠲᠡᠭᠰᠢᠳᠬᠡᠭᠰᠡᠨ ᠣᠷᠣᠨ ᠰᠠᠭᠤᠴᠠ ᠶᠢᠨ ᠪᠠᠷᠢᠯᠭ᠎ᠠ ᠶᠢᠨ | ᠲᠠᠯᠠᠪᠠᠢ ᠨᠢ 15 ᠲᠡᠭᠰᠢ ᠳᠥᠷᠪᠡᠯᠵᠢᠨ ᠮᠧᠲᠷ ᠬᠦᠷᠬᠦ ᠦᠭᠡᠢ ᠬᠤᠲᠠ ᠪᠠᠯᠭᠠᠰᠤ ᠶᠢᠨ ᠳᠣᠣᠷ᠎ᠠ ᠪᠠᠲᠤᠯᠠᠭ᠎ᠠ ᠲᠠᠢ | ᠭᠡᠷ ᠪᠦᠯᠢ ᠪᠠ ᠬᠤᠲᠠ ᠪᠠᠯᠭᠠᠰᠤ ᠶᠢᠨ ᠬᠥᠮᠥᠨ ᠪᠦᠷᠢ ᠳᠤ ᠲᠡᠭᠰᠢᠳᠬᠡᠭᠰᠡᠨ ᠣᠷᠣᠨ ᠰᠠᠭᠤᠴᠠ ᠶᠢᠨ ᠪᠠᠷᠢᠯᠭ᠎ᠠ ᠶᠢᠨ | ᠲᠠᠯᠠᠪᠠᠢ ᠨᠢ 13 ᠲᠡᠭᠰᠢ ᠳᠥᠷᠪᠡᠯᠵᠢᠨ ᠮᠧᠲᠷ ᠬᠦᠷᠬᠦ ᠦᠭᠡᠢ ᠳᠣᠣᠷ᠎ᠠ ᠣᠷᠣᠯᠭ᠎ᠠ ᠲᠠᠢ ᠭᠡᠷ ᠪᠦᠯᠢ ︵ | ᠣᠷᠣᠯᠭ᠎ᠠ ᠶᠢᠨ ᠬᠢᠷᠢ ᠲᠦᠪᠰᠢᠨ ᠨᠢ ᠲᠤᠬᠠᠢ ᠶᠢᠨ ᠭᠠᠵᠠᠷ ᠤᠨ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠶᠢᠨ 2 ᠳᠠᠬᠢᠨ | ᠬᠦᠷᠬᠦ ᠦᠭᠡᠢ ᠭᠡᠷ ᠪᠦᠯᠢ︶ ᠪᠠᠷ ᠬᠠᠩᠭᠠᠬᠤ ᠡᠲᠡᠭᠡᠳ ᠪᠣᠯᠭᠠᠪᠠ᠃ 2010 ᠣᠨ ᠠᠴᠠ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢ ᠡᠬᠢᠯᠡᠨ ᠬᠡᠷᠡᠭᠵᠢᠭᠦᠯᠵᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠬᠤᠷᠠᠮᠳᠤᠭᠤᠯᠬᠤ ᠳᠤ ᠭᠤᠣᠯᠳᠠᠭᠤ ᠨᠢᠭᠡᠳᠦᠯᠲᠡᠢ ᠪᠠᠷ ᠲᠥᠪᠯᠡᠷᠡᠭᠦᠯᠦᠨ ᠪᠦᠲᠦᠭᠡᠨ ᠪᠠᠶᠢᠭᠤᠯᠬᠤ᠂ | ᠲᠠᠸᠠᠷ ᠤᠨ ᠣᠷᠣᠨ ᠰᠠᠭᠤᠴᠠ ᠶᠢᠨ ᠲᠣᠭᠤᠷᠢᠭ ᠲᠤ ᠵᠣᠬᠢᠬᠤ ᠬᠠᠷᠢᠴᠠᠯ ᠢᠶᠠᠷ ᠲᠣᠬᠢᠷᠠᠭᠤᠯᠤᠨ ᠪᠠᠶᠢᠭᠤᠯᠬᠤ᠂ ᠠᠵᠤ | ᠠᠬᠤᠶᠢᠯᠠᠯ ᠠᠴᠠ ᠠᠵᠢᠯᠲᠠᠳ ᠲᠤ ᠪᠠᠨ ᠣᠯᠠᠨ ᠨᠡᠶᠢᠲᠡ ᠶᠢᠨ ᠲᠦᠷᠢᠶᠡᠰᠦᠨ ᠪᠠᠶᠢᠷᠢ ᠪᠤᠶᠤ ᠭᠠᠭᠴᠠ ᠪᠡᠶᠡᠲᠡᠨ ᠤ | ᠪᠠᠶᠢᠷᠢ ᠪᠠᠶᠢᠭᠤᠯᠵᠤ ᠥᠭᠬᠦ ᠵᠡᠷᠭᠡ ᠠᠷᠭ᠎ᠠ ᠬᠡᠯᠪᠡᠷᠢ ᠪᠠᠷ ᠬᠤᠷᠠᠮᠳᠤᠭᠤᠯᠪᠠ᠃ 2014 ᠣᠨ ᠠᠴᠠ ᠡᠬᠢᠯᠡᠨ᠂ ︽ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠠ ᠬᠢᠮᠳᠠ ᠲᠦᠷᠢᠶᠡᠰᠦᠨ ᠣᠷᠣᠨ ᠰᠠᠭᠤᠴᠠ ᠶᠢ ᠨᠢᠭᠡᠳᠬᠡᠨ | ᠠᠵᠢᠯᠯᠠᠭᠤᠯᠬᠤ ᠲᠤᠬᠠᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠡᠳ᠋ ᠤᠨ | ᠵᠠᠰᠠᠭ ᠤᠨ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ | ᠪᠠᠶᠢᠭᠤᠯᠤᠯᠲᠠ ᠪᠠᠲᠤᠯᠠᠭ᠎ᠠ ﹇2013﹈ 178 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ︽ᠬᠤᠲᠠ ᠬᠥᠳᠡᠭᠡ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠲᠡᠭᠦᠯᠳᠡᠷᠵᠢᠭᠦᠯᠬᠦ ᠲᠤᠬᠠᠢ ᠰᠠᠨᠠᠯ︾ ︵ | ᠥᠪᠥᠷ ᠵᠠᠰᠠᠭ ᠲᠠᠷᠬᠠᠭᠠᠭᠰᠠᠨ ﹇2013﹈ 70 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠣᠰᠣᠭᠠᠷ᠂ ᠬᠢᠮᠳᠠ ᠲᠦᠷᠢᠶᠡᠰᠦᠨ ᠣᠷᠣᠨ ᠰᠠᠭᠤᠴᠠ ᠬᠢᠭᠡᠳ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠨᠢᠭᠡᠳᠬᠡᠨ ᠠᠵᠢᠯᠯᠠᠭᠤᠯᠬᠤ ᠪᠠ ᠬᠠᠮᠢᠶᠠᠷᠴᠤ᠂ ᠬᠢᠮᠳᠠ ᠲᠦᠷᠢᠶᠡᠰᠦᠨ ᠣᠷᠣᠨ ᠰᠠᠭᠤᠴᠠ ᠶᠢ | ᠨᠢᠭᠡᠳᠦᠯᠲᠡᠢ ᠪᠠᠷ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠳᠤ ᠨᠡᠶᠢᠯᠡᠭᠦᠯᠦᠨ ᠣᠷᠣᠭᠤᠯᠪᠠ᠃ | 2016 ᠣᠨ ᠠᠴᠠ ᠡᠬᠢᠯᠡᠨ ᠤᠯᠤᠰ ᠠᠴᠠ ᠳᠠᠬᠢᠵᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠡᠭᠦᠷᠭᠡ ᠪᠠᠭᠤᠯᠭᠠᠬᠤ ᠦᠭᠡᠢ ᠪᠣᠯᠵᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠳᠤ | ᠵᠣᠭᠤᠰᠣᠨᠵᠢᠭᠤᠯᠬᠤ ᠶᠢ ᠬᠡᠷᠡᠭᠵᠢᠭᠦᠯᠪᠡ᠃ ᠣᠳᠣᠬᠠᠨ ᠤ ᠮᠠᠨ ᠤ ᠣᠷᠣᠨ ᠤ ᠣᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢ ᠪᠠᠲᠤᠯᠠᠬᠤ ᠠᠷᠭ᠎ᠠ ᠬᠡᠯᠪᠡᠷᠢ ᠨᠢ᠄ ᠪᠣᠳᠠᠲᠤ ᠡᠳ᠋ ᠢᠶᠠᠷ ᠪᠠᠲᠤᠯᠠᠬᠤ ᠬᠢᠭᠡᠳ ᠲᠦᠷᠢᠶᠡᠰᠦᠨ | ᠨᠥᠬᠦᠪᠦᠷᠢ ᠣᠯᠭᠤᠬᠤ ᠶᠢ ᠬᠠᠷᠢᠯᠴᠠᠨ ᠤᠶᠠᠯᠳᠤᠭᠤᠯᠤᠨ᠎ᠠ᠃ 2008 — 2015 ᠣᠨ ᠳᠤ ᠮᠠᠨ ᠤ ᠣᠷᠣᠨ | ᠨᠡᠶᠢᠲᠡ 35.2 ᠲᠦᠮᠡᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ︵ᠬᠢᠮᠳᠠ ᠲᠦᠷᠢᠶᠡᠰᠦᠨ ᠣᠷᠣᠨ | ᠰᠠᠭᠤᠴᠠ ᠶᠢ ᠪᠠᠭᠲᠠᠭᠠᠨ᠎ᠠ︶ ᠶᠢ ᠪᠦᠲᠦᠭᠡᠨ ᠪᠠᠶᠢᠭᠤᠯᠪᠠ ︵ᠬᠤᠷᠠᠮᠳᠤᠭᠤᠯᠪᠠ︶᠃ 2018 ᠣᠨ ᠤ 7 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 31.5 ᠲᠦᠮᠡᠨ ᠡᠷᠦᠬᠡ ᠳᠤ ᠣᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠬᠤᠪᠢᠶᠠᠷᠢᠯᠠᠨ ᠲᠣᠬᠢᠷᠠᠭᠤᠯᠵᠤ᠂ 10.4 ᠲᠦᠮᠡᠨ ᠡᠷᠦᠬᠡ ᠳᠤ ᠲᠦᠷᠢᠶᠡᠰᠦᠨ ᠨᠥᠬᠦᠪᠦᠷᠢ | ᠣᠯᠭᠤᠨ᠂ 116 ᠲᠦᠮᠡ ᠭᠠᠷᠤᠢ ᠰᠠᠭᠤᠭᠠᠯᠢ ᠠᠷᠠᠳ ᠲᠤ ᠣᠷᠣᠨ ᠰᠠᠭᠤᠴᠠ ᠶᠢᠨ ᠬᠦᠴᠢᠷᠲᠡᠢ ᠠᠰᠠᠭᠤᠳᠠᠯ ᠢ ᠨᠢ | ᠰᠢᠢᠳᠪᠦᠷᠢᠯᠡᠵᠦ ᠥᠭᠴᠡᠢ᠃ 、 | ᠬᠥᠲᠥᠯᠥᠭᠴᠢ᠄ | ᠡᠨᠡ ᠵᠢᠯ ᠤᠨ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠣᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢᠨ ᠪᠠᠲᠤᠯᠠᠭ᠎ᠠ ᠶᠢᠨ ᠡᠭᠦᠷᠭᠡ ᠨᠢ ᠬᠡᠳᠦᠢ ᠪᠠᠶᠢᠬᠤ ᠪᠣᠢ︖ ᠠᠬᠢᠯᠲᠠ ᠶᠢᠨ ᠪᠠᠶᠢᠳᠠᠯ ᠨᠢ ᠶᠠᠮᠠᠷ | ᠪᠣᠢ︖ | ᠯᠢ ᡁᠢ ᠮᠢᠨ᠄ | 2017 ᠣᠨ ᠠᠴᠠ ᠡᠬᠢᠯᠡᠵᠦ᠂ ᠤᠯᠤᠰ ᠠᠴᠠ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠪᠢᠶᠠᠷᠢᠯᠠᠯᠲᠠ ᠶᠢᠨ ᠪᠠᠶᠢᠳᠠᠯ ᠢ ᠰᠢᠯᠭᠠᠨ ᠬᠢᠨᠠᠯᠲᠠ ᠳᠤ | ᠣᠷᠣᠭᠤᠯᠪᠠ᠃ 2018 ᠣᠨ ᠳᠤ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠭᠦᠷᠭᠡ ᠨᠢ᠄ ᠤᠯᠤᠰ ᠤᠨ ᠲᠥᠯᠥᠪᠯᠡᠭᠡ ᠳᠤ | ᠣᠷᠣᠭᠤᠯᠤᠭᠰᠠᠨ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ 2018 ᠣᠨ ᠤ ᠰᠡᠭᠦᠯᠴᠢ ᠠᠴᠠ ᠡᠮᠦᠨ᠎ᠡ 90% ᠶᠢ ᠨᠢ ᠬᠤᠪᠢᠶᠠᠷᠢᠯᠠᠬᠤ ᠶᠢ ᠪᠡᠶᠡᠯᠡᠭᠦᠯᠬᠦ ᠬᠡᠷᠡᠭᠲᠡᠢ | ᠃ ᠣᠶᠢᠷ᠎ᠠ ᠶᠢᠨ ᠵᠢᠯ ᠤᠳ ᠠᠴᠠ ᠨᠠᠭᠠᠰᠢ᠂ ᠮᠠᠨ ᠤ ᠣᠷᠣᠨ ᠠᠴᠠ ᠳᠦᠷᠢᠮ ᠤᠨ ᠪᠠᠲᠤᠯᠠᠭ᠎ᠠ ᠶᠢ | ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ︔ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠲᠥᠬᠦᠷ ᠪᠡᠯᠡᠳᠬᠡᠮᠵᠢ ᠶᠢ | ᠲᠡᠭᠦᠯᠳᠡᠷᠵᠢᠭᠦᠯᠬᠦ︔ ᠬᠢᠨᠠᠨ ᠬᠠᠷᠭᠤᠭᠤᠯᠬᠤ ᠲᠣᠭᠲᠠᠴᠠ ᠶᠢ ᠪᠦᠷᠢᠨᠰᠢᠭᠦᠯᠵᠦ᠂ ᠣᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢᠨ ᠬᠤᠪᠢᠶᠠᠷᠢᠯᠠᠯᠲᠠ ᠶᠢ ᠲᠦᠷᠭᠡᠳᠬᠡᠬᠦ︔ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠷᠠᠭᠤᠯᠵᠤ᠂ ᠵᠠᠯᠭᠠᠮᠵᠢ ᠬᠠᠮᠢᠶᠠᠷᠤᠯᠲᠠ ᠪᠠᠨ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ | ᠂ ᠬᠤᠲᠠ ᠪᠠᠯᠭᠠᠰᠤ ᠶᠢᠨ ᠣᠷᠣᠨ ᠰᠠᠭᠤᠴᠠ ᠨᠢ ᠬᠦᠴᠢᠷᠳᠡᠯ ᠲᠠᠢ ᠨᠡᠩ ᠣᠯᠠᠨ ᠭᠡᠷ ᠪᠦᠯᠢ ᠶᠢᠨ ᠣᠷᠣᠨ | ᠰᠠᠭᠤᠴᠠ ᠶᠢᠨ ᠨᠥᠬᠦᠴᠡᠯ ᠢ ᠨᠢ ᠰᠠᠶᠢᠵᠢᠷᠠᠭᠤᠯᠵᠤ ᠥᠭᠴᠡᠢ᠃ 2018 ᠣᠨ ᠤ 7 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ᠂ ᠪᠦᠬᠦ ᠣᠷᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠪᠢᠶᠠᠷᠢᠯᠠᠵᠤ ᠣᠷᠣᠵᠤ | ᠰᠠᠭᠤᠭᠰᠠᠨ ᠨᠣᠷᠮ᠎ᠠ ᠨᠢ ᠨᠢᠭᠡᠨᠲᠡ 90.8% ᠳᠤ ᠬᠦᠷᠴᠦ᠂ ᠣᠨ ᠤ ᠬᠠᠷᠠᠯᠲᠠ ᠶᠢᠨ ᠡᠭᠦᠷᠭᠡ ᠪᠠᠨ ᠤᠷᠢᠳᠴᠢᠯᠠᠵᠤ | ᠳᠠᠪᠠᠭᠤᠯᠤᠨ ᠪᠡᠶᠡᠯᠡᠭᠦᠯᠵᠡᠢ᠃ | ᠬᠥᠲᠥᠯᠥᠭᠴᠢ᠄ | ᠡᠨᠡ ᠦᠨᠡᠬᠡᠷ ᠨᠢᠭᠡᠨ ᠰᠠᠶᠢᠨ ᠴᠢᠮᠡᠭᠡ ᠪᠠᠶᠢᠨ᠎ᠠ᠃ ᠲᠡᠭᠡᠪᠡᠯ ᠮᠠᠨ ᠤ ᠣᠷᠣᠨ ᠤ ᠶᠠᠮᠠᠷ ᠶᠠᠮᠠᠷ ᠬᠥᠮᠥᠰ ᠢ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ ᠪᠣᠯᠬᠤ | ᠪᠣᠢ︖ | ᠯᠢ ᡁᠢ ᠮᠢᠨ᠄ | 2010 ᠣᠨ ᠤ 6 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ | ᠬᠤᠲᠠ ᠬᠥᠳᠡᠭᠡ ᠶᠢᠨ ᠬᠢᠮᠳᠠ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ | ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ | ᠲᠠᠷᠬᠠᠭᠠᠭᠰᠠᠨ︹2010︺40 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠬᠢᠮᠳᠠ ᠲᠦᠷᠢᠶᠡᠰᠦᠨ ᠣᠷᠣᠨ | ᠰᠠᠭᠤᠴᠠ ᠶᠢᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ᠂ ᠬᠥᠮᠥᠨ ᠪᠦᠷᠢ ᠳᠤ ᠲᠡᠭᠰᠢᠳᠬᠡᠭᠰᠡᠨ ᠣᠷᠣᠨ | ᠰᠠᠭᠤᠴᠠ ᠶᠢᠨ ᠪᠠᠷᠢᠯᠭ᠎ᠠ ᠶᠢᠨ ᠲᠠᠯᠠᠪᠠᠢ ᠨᠢ 15 ᠲᠡᠭᠰᠢ ᠳᠥᠷᠪᠡᠯᠵᠢᠨ ᠮᠧᠲᠷ ᠬᠦᠷᠬᠦ ᠦᠭᠡᠢ ᠬᠤᠲᠠ | ᠬᠥᠳᠡᠭᠡ ᠶᠢᠨ ᠳᠣᠣᠷ᠎ᠠ ᠪᠠᠲᠤᠯᠠᠭ᠎ᠠ ᠲᠠᠢ ᠣᠷᠣᠨ ᠰᠠᠭᠤᠴᠠ ᠨᠢ ᠬᠦᠴᠢᠷᠲᠡᠢ ᠭᠡᠷ ᠪᠦᠯᠢ ᠳᠤ ᠪᠠᠲᠤᠯᠠᠬᠤ | ᠴᠢᠬᠤᠯᠠᠲᠠᠢ ᠶᠢ ᠨᠢ ᠴᠢᠳᠠᠬᠤ ᠶᠢᠨ ᠬᠢᠷᠢ ᠪᠠᠷ ᠪᠠᠲᠤᠯᠠᠭᠰᠠᠨ ᠤᠷᠢᠳᠠᠯ ᠳᠣᠣᠷ᠎ᠠ᠂ ᠬᠥᠮᠥᠨ ᠪᠦᠷᠢ ᠳᠤ ᠲᠡᠭᠰᠢᠳᠬᠡᠭᠰᠡᠨ | ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ ᠨᠢ 13 ᠲᠡᠭᠰᠢ ᠳᠥᠷᠪᠡᠯᠵᠢᠨ ᠮᠧᠲᠷ ᠬᠦᠷᠬᠦ ᠦᠭᠡᠢ ᠬᠤᠲᠠ | ᠬᠥᠳᠡᠭᠡ ᠶᠢᠨ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠨᠢ ᠬᠦᠴᠢᠷᠲᠡᠢ ᠭᠡᠷ ᠪᠦᠯᠢ ᠶᠢ ᠠᠯᠬᠤᠮ ᠠᠯᠬᠤᠮ ᠢᠶᠠᠷ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ ᠭᠡᠵᠦ ᠳᠤᠷᠠᠳᠤᠨ ᠭᠠᠷᠭᠠᠪᠠ᠃ 2013 ᠣᠨ ᠤ 7 ᠳ᠋ᠤᠭᠠᠷ | ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ ᠲᠡᠭᠦᠯᠳᠡᠷᠵᠢᠭᠦᠯᠬᠦ ᠲᠤᠬᠠᠢ ᠰᠠᠨᠠᠯ︾ ︵ᠥᠪᠥᠷ ᠵᠠᠰᠠᠭ ᠲᠠᠷᠬᠠᠭᠠᠭᠰᠠᠨ︹2013 70 ᠳ᠋ᠤᠭᠠᠷ | ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠪᠠᠲᠤᠯᠠᠭ᠎ᠠ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠂ | ᠨᠢᠭᠡᠨᠲᠡ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠳᠣᠣᠷ᠎ᠠ ᠣᠷᠣᠯᠭ᠎ᠠ ᠲᠠᠢ ᠭᠡᠷ | ᠪᠦᠯᠢ ᠳᠤ ᠪᠠᠲᠤᠯᠠᠬᠤ ᠴᠢᠬᠤᠯᠠᠲᠠᠢ ᠶᠢ ᠨᠢ ᠴᠢᠳᠠᠬᠤ ᠶᠢᠨ ᠬᠢᠷᠢ ᠪᠠᠷ ᠪᠠᠲᠤᠯᠠᠭᠰᠠᠨ ᠤᠷᠢᠳᠠᠯ ᠳᠣᠣᠷ᠎ᠠ᠂ ᠮᠠᠨ ᠤ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠱᠠᠭᠠᠷᠳᠠᠭᠳᠠᠬᠤ ᠡᠯ᠎ᠡ ᠲᠥᠷᠥᠯ ᠤᠨ ᠲᠤᠰᠬᠠᠢ | ᠮᠡᠷᠭᠡᠵᠢᠯ ᠤᠨ ᠴᠢᠳᠠᠪᠤᠷᠢᠲᠠᠳ᠂ ᠰᠢᠨ᠎ᠡ ᠪᠠᠷ ᠠᠵᠢᠯ ᠤᠨ ᠪᠠᠶᠢᠷᠢ ᠳᠤ ᠭᠠᠷᠤᠭᠰᠠᠨ ᠬᠥᠮᠥᠰ ᠪᠠ ᠲᠣᠭᠲᠠᠪᠤᠷᠢᠲᠠᠢ | ᠠᠵᠢᠯ ᠣᠯᠣᠭᠰᠠᠨ ᠮᠥᠷᠲᠡᠭᠡᠨ ᠮᠠᠨ ᠤ ᠣᠷᠣᠨ ᠳᠤ ᠵᠠᠯᠭᠠᠭ᠎ᠠ ᠪᠠᠷ ᠨᠡᠶᠢᠭᠡᠮ ᠤᠨ ᠳᠠᠭᠠᠳᠬᠠᠯ ᠤᠨ ᠰᠦᠢᠳᠬᠡᠯ | ᠲᠤᠰᠢᠶᠠᠵᠤ ᠵᠣᠬᠢᠬᠤ ᠣᠨ ᠤ ᠬᠢᠵᠠᠭᠠᠷ ᠲᠤ ᠬᠦᠷᠦᠭᠰᠡᠨ ᠭᠠᠳᠠᠷ ᠣᠷᠣᠨ ᠠᠴᠠ ᠢᠷᠡᠭᠰᠡᠨ ᠬᠦᠴᠦᠨ ᠤ ᠬᠥᠮᠥᠰ ᠢ | ᠠᠯᠬᠤᠮ ᠠᠯᠬᠤᠮ ᠢᠶᠠᠷ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠵᠡᠷᠭᠡ ᠨᠢᠭᠡᠳᠦᠭᠡᠷ ᠹᠷᠣᠨᠲ ᠤᠨ ᠬᠠᠲᠠᠭᠤ ᠪᠡᠷᠬᠡᠲᠡᠢ ᠠᠵᠢᠯ ᠤᠨ ᠪᠠᠶᠢᠷᠢ ᠶᠢᠨ ᠬᠥᠮᠥᠰ᠂ ᠦᠨᠡᠨ | ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠥᠰ᠂ ᠤᠯᠤᠰ ᠤᠨ ᠲᠣᠭᠲᠠᠮᠠᠯ ᠬᠤᠭᠤᠴᠠᠭ᠎ᠠ ᠲᠠᠢ | ᠠᠰᠠᠷᠠᠮᠵᠢ ᠶᠢᠨ ᠨᠥᠬᠦᠪᠦᠷᠢ ᠶᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠠᠮᠢ ᠠᠬᠤᠢ ᠶᠢᠨ | ᠨᠡᠭᠦᠳᠡᠯᠴᠢᠨ ᠠᠷᠠᠳ ᠢ ᠨᠡᠭᠦᠯᠭᠡᠬᠦ ᠶᠠᠪᠤᠴᠠ ᠳᠤ ᠬᠤᠲᠠ ᠣᠷᠣᠵᠤ ᠠᠵᠢᠯ ᠣᠯᠣᠭᠰᠠᠨ ᠮᠠᠯᠴᠢᠳ ᠲᠠᠷᠢᠶᠠᠴᠢᠳ᠂ | ᠭᠤᠣᠨᠢ ᠨᠠᠰᠤᠵᠢᠭᠰᠠᠨ ᠡᠪᠡᠳᠴᠢᠲᠡᠢ ᠵᠡᠮᠳᠡᠭ ᠵᠡᠷᠭᠡ ᠬᠥᠮᠥᠰ ᠲᠤ ᠠᠳᠠᠯᠢᠬᠠᠨ ᠨᠥᠬᠦᠴᠡᠯ ᠳᠣᠣᠷ᠎ᠠ ᠤᠷᠢᠳ ᠢᠶᠠᠷ | ᠪᠠᠲᠤᠯᠠᠨ᠎ᠠ᠃ ︽ᠰᠢᠶᠠᠩ ᠢ ᠬᠦᠴᠦᠨ ᠦᠭᠡᠢ ᠪᠣᠯᠭᠠᠵᠤ ᠪᠠᠯᠭᠠᠰᠤ ᠳᠤ ᠨᠡᠶᠢᠯᠡᠭᠦᠯᠦᠭᠰᠡᠨ︾ ᠠᠴᠠ ᠪᠣᠯᠵᠤ ᠬᠡᠰᠡᠭ | ᠮᠠᠯᠴᠢᠨ ᠲᠠᠷᠢᠶᠠᠴᠢᠨ ᠦᠷ᠎ᠡ ᠬᠡᠦᠬᠡᠳ ᠲᠤ ᠪᠠᠨ ᠪᠠᠷ᠎ᠠ ᠪᠣᠯᠣᠨ ᠬᠤᠲᠠ ᠣᠷᠣᠵᠤ ᠳᠤᠮᠳᠠᠳᠤ ᠪᠠᠭ᠎ᠠ ᠰᠤᠷᠭᠠᠭᠤᠯᠢ ᠳᠤ | ᠪᠢᠴᠢᠭ ᠦᠵᠡᠬᠦ ᠴᠢᠬᠤᠯᠠᠲᠠᠢ ᠪᠣᠯᠣᠭᠰᠠᠨ ᠪᠣᠯ᠂ ᠬᠤᠰᠢᠭᠤ ᠰᠢᠶᠠᠨ ︵ᠬᠤᠲᠠ ᠲᠣᠭᠤᠷᠢᠭ︶ ᠠᠴᠠ ᠬᠡᠰᠡᠭ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠷᠠᠮᠳᠤᠭᠤᠯᠤᠨ ᠲᠡᠳᠡ ᠨᠠᠷ ᠤᠨ ᠰᠢᠯᠵᠢᠯᠲᠡ ᠶᠢᠨ ᠴᠢᠨᠠᠷᠲᠠᠢ | ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢ ᠰᠢᠢᠳᠪᠦᠷᠢᠯᠡᠵᠦ ᠪᠣᠯᠣᠨ᠎ᠠ᠃ 2016 ᠣᠨ ᠤ 9 ᠳ᠋ᠦ᠋ᠭᠡᠷ | ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠠᠴᠠ ︽ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠬᠤᠪᠢᠶᠠᠷᠢᠯᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ | ᠪᠠᠶᠢᠭᠤᠯᠤᠯᠲᠠ ᠪᠠᠲᠤᠯᠠᠭ᠎ᠠ︹2016︺337 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠯ᠎ᠡ ᠠᠶᠢᠮᠠᠭ | ᠬᠤᠲᠠ ᠶᠢᠨ ᠬᠢᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠡᠷᠦᠭᠡ ᠶᠢᠨ ᠬᠠᠷᠢᠶᠠᠯᠠᠯ ᠤᠨ ᠳᠦᠷᠢᠮ ᠤᠨ | ᠥᠭᠡᠷᠡᠴᠢᠯᠡᠯᠲᠡ ᠶᠢᠨ ᠠᠬᠢᠴᠠ ᠶᠢ ᠠᠬᠢᠭᠤᠯᠬᠤ ᠲᠠᠢ ᠤᠶᠠᠯᠳᠤᠭᠤᠯᠤᠨ᠂ ᠡᠷᠦᠬᠡ ᠶᠢᠨ ᠬᠠᠷᠢᠶᠠᠯᠠᠯ᠂ ᠣᠷᠣᠨ | ᠰᠠᠭᠤᠴᠠ ᠵᠡᠷᠭᠡ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ᠂ | ᠲᠠᠷᠢᠶᠠᠯᠠᠩ ᠤᠨ ᠰᠢᠯᠵᠢᠯᠲᠡ ᠶᠢᠨ ᠬᠥᠮᠥᠨ ᠠᠮᠠ᠂ ᠰᠢᠨ᠎ᠡ ᠪᠠᠷ ᠠᠵᠢᠯ ᠳᠤ ᠭᠠᠷᠴᠤ ᠣᠷᠣᠨ ᠰᠠᠭᠤᠴᠠ ᠦᠭᠡᠢ | ᠠᠵᠢᠯᠲᠠᠳ᠂ ᠬᠤᠲᠠ ᠬᠥᠳᠡᠭᠡ ᠳᠤ ᠲᠣᠭᠲᠠᠪᠤᠷᠢᠲᠠᠢ ᠠᠵᠢᠯ ᠣᠯᠣᠭᠰᠠᠨ ᠭᠠᠳᠠᠷ ᠣᠷᠣᠨ ᠠᠴᠠ ᠢᠷᠡᠭᠰᠡᠨ | ᠬᠦᠴᠦᠨ ᠤ ᠬᠥᠮᠥᠰ ᠪᠠ ᠳᠤᠮᠳᠠ ᠵᠡᠷᠭᠡ ᠠᠴᠠ ᠠᠷᠠᠢ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠨᠢ ᠬᠦᠴᠢᠷᠲᠡᠢ | ᠭᠡᠷ ᠪᠦᠯᠢ ᠶᠢᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠭᠤᠶᠤᠴᠢᠯᠠᠨ ᠮᠡᠳᠡᠭᠦᠯᠬᠦ | ᠪᠠᠷᠢᠮᠵᠢᠶ᠎ᠠ ᠶᠢ ᠳᠣᠷᠣᠭᠰᠢᠯᠠᠭᠤᠯᠤᠨ᠎ᠠ᠃ ᠰᠢᠨ᠎ᠡ ᠪᠠᠷ ᠠᠵᠢᠯ ᠣᠯᠣᠭᠰᠠᠨ ᠣᠶᠤᠲᠠᠳ ᠪᠠ ᠵᠠᠯᠠᠭᠤ ᠡᠮᠴᠢ᠂ ᠵᠠᠯᠠᠭᠤ | ᠪᠠᠭᠰᠢ ᠨᠠᠷ ᠵᠡᠷᠭᠡ ᠲᠤᠰᠬᠠᠢ ᠮᠡᠷᠭᠡᠵᠢᠯ ᠤᠨ ᠠᠵᠢᠯᠲᠠᠳ᠂ ᠬᠡᠷᠪᠡ ᠲᠤᠬᠠᠢ ᠶᠢᠨ ᠭᠠᠵᠠᠷ ᠤᠨ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠵᠥᠪᠰᠢᠶᠡᠷᠡᠨ ᠣᠷᠣᠭᠤᠯᠬᠤ | ᠨᠥᠬᠦᠴᠡᠯ ᠳᠤ ᠨᠡᠶᠢᠴᠡᠪᠡᠯ᠂ ᠪᠦᠬᠦᠨ ᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠢ ᠭᠡᠵᠦ ᠱᠠᠭᠠᠷᠳᠠᠪᠠ᠃ 2017 ᠣᠨ ᠤ 11 ᠳ᠋ᠦ᠋ᠭᠡᠷ | ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠠᠴᠠ ︽ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠬᠤᠪᠢᠶᠠᠷᠢᠯᠠᠯᠲᠠ ᠶᠢᠨ ᠠᠷᠭ᠎ᠠ ᠬᠡᠯᠪᠡᠷᠢ ᠶᠢ ᠲᠡᠭᠦᠯᠳᠡᠷᠵᠢᠭᠦᠯᠬᠦ ᠲᠤᠬᠠᠢ ᠣᠷᠣᠨ ᠰᠠᠭᠤᠴᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠤᠯᠤᠯᠲᠠ | ᠪᠠᠲᠤᠯᠠᠭ᠎ᠠ︹2017︺1172 ᠳ᠋ᠤᠭᠠᠷ ᠲᠣᠭᠠᠲᠤ︶ ᠢ ᠳᠠᠮᠵᠢᠭᠤᠯᠤᠨ ᠲᠠᠷᠬᠠᠭᠠᠵᠤ᠂ ᠡᠯ᠎ᠡ ᠭᠠᠵᠠᠷ ᠶᠢᠨ ᠬᠢᠨ | ᠨᠥᠬᠦᠴᠡᠯ ᠳᠤ ᠨᠡᠶᠢᠴᠡᠭᠰᠡᠨ ᠡᠯ᠎ᠡ ᠲᠥᠷᠥᠯ ᠤᠨ ᠶᠠᠳᠠᠭᠤ ᠬᠦᠴᠢᠷᠲᠡᠢ ᠭᠡᠷ ᠪᠦᠯᠢ ᠶᠢ ᠤᠷᠢᠳ ᠢᠶᠠᠷ ᠪᠠᠲᠤᠯᠠᠬᠤ | ᠬᠡᠪᠴᠢᠶᠡᠨ ᠳᠤ ᠣᠷᠣᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠨ᠂ ᠨᠡᠶᠢᠲᠡ ᠶᠢᠨ ᠮᠠᠰᠢᠨ | ᠲᠡᠷᠭᠡᠨ ᠤ ᠵᠢᠯᠣᠭᠤᠴᠢ ᠵᠡᠷᠭᠡ ᠣᠨᠴᠠᠭᠠᠢ ᠠᠵᠢᠯ ᠲᠥᠷᠥᠯ ᠤᠨ ᠣᠷᠣᠨ ᠰᠠᠭᠤᠴᠠ ᠨᠢ ᠬᠦᠴᠢᠷᠲᠡᠢ ᠠᠵᠢᠯᠲᠠᠳ ᠤᠨ | ᠣᠷᠣᠰᠢᠨ ᠰᠠᠭᠤᠬᠤ ᠨᠥᠬᠦᠴᠡᠯ ᠢ ᠦᠨᠡᠨ ᠬᠦ ᠰᠠᠶᠢᠵᠢᠷᠠᠭᠤᠯᠵᠤ᠂ ᠬᠤᠲᠠ ᠶᠢᠨ ᠳᠣᠣᠷ᠎ᠠ ᠪᠠᠲᠤᠯᠠᠭ᠎ᠠ ᠲᠠᠢ᠂ ᠳᠣᠣᠷ᠎ᠠ | ᠣᠷᠣᠯᠭ᠎ᠠ ᠲᠠᠢ ᠣᠷᠣᠨ ᠰᠠᠭᠤᠴᠠ ᠨᠢ ᠬᠦᠴᠢᠷᠲᠡᠢ ᠭᠡᠷ ᠪᠦᠯᠢ ᠶᠢᠨ ᠪᠠᠲᠤᠯᠠᠬᠤ ᠴᠢᠬᠤᠯᠠᠲᠠᠢ ᠶᠢ ᠨᠢ ᠴᠢᠳᠠᠬᠤ ᠶᠢᠨ | ᠬᠢᠷᠢ ᠪᠠᠷ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ ᠣᠳᠣᠬᠠᠨ ᠳᠤ᠂ ᠮᠠᠨ ᠤ ᠣᠷᠣᠨ ᠤ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶ᠎ᠡ ᠪᠣᠯ᠄ ᠬᠤᠲᠠ ᠶᠢᠨ ᠳᠣᠣᠷ᠎ᠠ ᠪᠠᠲᠤᠯᠠᠭ᠎ᠠ ᠲᠠᠢ᠂ | ᠳᠣᠣᠷ᠎ᠠ ᠣᠷᠣᠯᠭ᠎ᠠ ᠲᠠᠢ ᠣᠷᠣᠨ ᠰᠠᠭᠤᠴᠠ ᠨᠢ ᠬᠦᠴᠢᠷᠲᠡᠢ ᠭᠡᠷ ᠪᠦᠯᠢ ᠶᠢᠨ ᠪᠠᠲᠤᠯᠠᠬᠤ ᠴᠢᠬᠤᠯᠠᠲᠠᠢ ᠶᠢ ᠨᠢ | ᠴᠢᠳᠠᠬᠤ ᠶᠢᠨ ᠬᠢᠷᠢ ᠪᠠᠷ ᠪᠠᠲᠤᠯᠠᠭᠰᠠᠨ ᠰᠠᠭᠤᠷᠢᠨ ᠳᠡᠭᠡᠷ᠎ᠡ᠂ ᠰᠢᠨ᠎ᠡ ᠪᠠᠷ ᠠᠵᠢᠯ ᠳᠤ ᠭᠠᠷᠴᠤ ᠣᠷᠣᠨ ᠰᠠᠭᠤᠴᠠ | ᠦᠭᠡᠢ ᠠᠵᠢᠯᠲᠠᠳ᠂ ᠬᠤᠲᠠ ᠬᠥᠳᠡᠭᠡ ᠳᠤ ᠲᠣᠭᠲᠠᠪᠤᠷᠢᠲᠠᠢ ᠠᠵᠢᠯ ᠣᠯᠣᠭᠰᠠᠨ ᠭᠠᠳᠠᠷ ᠣᠷᠣᠨ ᠠᠴᠠ ᠢᠷᠡᠭᠰᠡᠨ | ᠬᠦᠴᠦᠨ ᠤ ᠬᠥᠮᠥᠰ᠂ ᠳᠤᠮᠳᠠ ᠵᠡᠷᠭᠡ ᠠᠴᠠ ᠠᠷᠠᠢ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠨᠢ ᠬᠦᠴᠢᠷᠲᠡᠢ | ᠭᠡᠷ ᠪᠦᠯᠢ᠂ ᠵᠠᠯᠠᠭᠤ ᠡᠮᠴᠢ᠂ ᠵᠠᠯᠠᠭᠤ ᠪᠠᠭᠰᠢ ᠵᠡᠷᠭᠡ ᠲᠤᠰᠬᠠᠢ ᠮᠡᠷᠭᠡᠵᠢᠯ ᠤᠨ ᠠᠵᠢᠯᠲᠠᠳ ᠪᠠ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠳ᠂ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠵᠡᠷᠭᠡ ᠣᠨᠴᠠᠭᠠᠢ | ᠠᠵᠢᠯ ᠲᠥᠷᠥᠯ ᠤᠨ ᠣᠷᠣᠨ ᠰᠠᠭᠤᠴᠠ ᠨᠢ ᠬᠦᠴᠢᠷᠲᠡᠢ ᠠᠵᠢᠯᠲᠠᠳ ᠢ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠤᠨ᠎ᠠ᠃ | ᠬᠥᠲᠥᠯᠥᠭᠴᠢ᠄ | ᠰᠠᠶᠢᠨ ᠪᠣᠯᠣᠯ᠎ᠠ᠂ ᠯᠢ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠳᠤ ᠪᠠᠶᠠᠷᠯᠠᠯ᠎ᠠ᠃ ᠴᠠᠭ ᠤᠨ ᠬᠠᠷᠠᠭ᠎ᠠ ᠠᠴᠠ | ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠯᠢ ᠲᠢᠩᠬᠢᠮ ᠤᠨ | ᠳᠠᠷᠤᠭ᠎ᠠ ᠶᠢᠨ ᠮᠠᠨ ᠤ ᠰᠤᠷᠪᠤᠯᠵᠢᠯᠠᠭ᠎ᠠ ᠶᠢᠨ ᠪᠤᠯᠤᠩ ᠳᠤ ᠢᠷᠡᠵᠦ ᠲᠠᠶᠢᠯᠤᠮᠵᠢ ᠬᠢᠭᠰᠡᠨ ᠳᠤ ᠳᠠᠬᠢᠨᠲᠠ ᠲᠠᠯᠠᠷᠬᠠᠵᠤ | ᠪᠠᠶᠢᠨ᠎ᠠ᠂ ᠮᠥᠨ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠳᠠᠷᠠᠭᠠᠴᠢ ᠶᠢᠨ | ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |