ᠴᠢ ᠪᠠᠶ ᠰᠢᠶᠣᠤ ᠪᠦᠬᠦ ᠰᠢᠶᠠᠨ ᠤ ᠳᠤᠯᠠᠭᠠᠯᠠᠭ᠎ᠠ ᠬᠠᠩᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-16
     10 ᠳ᠋ᠤᠭᠠᠷ ᠰᠠᠷ᠎ᠠ ᠶᠢᠨ 14 ᠤ ᠡᠳᠦᠷ᠂ ᠰᠢᠶᠠᠨ ᠤ ᠳᠡᠳ᠋ ᠳᠠᠷᠤᠭ᠎ᠠ ᠴᠢ ᠪᠠᠶ ᠰᠢᠶᠣᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠭᠤᠷᠪᠠᠳᠤᠭᠠᠷ ᠳᠠᠪᠬᠤᠷᠯᠢᠭ ᠲᠤ ᠳᠤᠯᠠᠭᠠᠯᠠᠭ᠎ᠠ ᠬᠠᠩᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ ᠃ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠳ᠋ᠠ ᠵᠦᠩ ᠢᠯᠴᠢ ᠶᠢᠨ ᠬᠦᠴᠦᠨ ᠤ ᠺᠣᠮᠫᠠᠨᠢ ᠵᠡᠷᠭᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠡᠩ ᠲᠡᠷᠢᠭᠦᠨ ᠳᠤ ︽ᠪᠦᠬᠦ ᠬᠤᠲᠠ ᠶᠢᠨ ᠡᠨᠡ ᠡᠪᠦᠯ ᠢᠷᠡᠬᠦ ᠬᠠᠪᠤᠷ ᠤᠨ ᠢᠯᠴᠢ ᠬᠠᠩᠭᠠᠬᠤ ᠠᠵᠢᠯ ᠢ ᠰᠠᠶᠢᠲᠤᠷ ᠬᠢᠬᠦ ᠲᠤᠬᠠᠶ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠳ᠋ᠠ ᠵᠦᠩ ᠢᠯᠴᠢ ᠶᠢᠨ ᠬᠦᠴᠦᠨ ᠤ ᠺᠣᠮᠫᠠᠨᠢ ᠶᠢᠨ ᠬᠠᠷᠢᠭᠤᠴᠠᠯᠭᠠᠲᠠᠨ ᠳᠤᠯᠠᠭᠠᠯᠠᠭ᠎ᠠ ᠶᠢᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ ︔ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠳᠤᠯᠠᠭᠠᠯᠠᠭ᠎ᠠ ᠬᠠᠩᠭᠠᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃      ᠴᠢ ᠪᠠᠶ ᠰᠢᠶᠣᠤ ᠱᠠᠭᠠᠷᠳᠠᠭᠰᠠᠨ ᠨᠢ᠂ ᠳᠤᠯᠠᠭᠠᠯᠠᠭ᠎ᠠ ᠬᠠᠩᠭᠠᠬᠤ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠤᠭᠤᠯᠠᠶ ᠱᠤᠭᠤᠮ ᠤᠨ ᠪᠠᠶᠢᠴᠠᠭᠠᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠲᠣᠭᠲᠠᠭᠠᠵᠤ᠂ ᠳᠤᠯᠠᠭᠠᠯᠠᠭ᠎ᠠ ᠬᠠᠩᠭᠠᠬᠤ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠬᠡᠷᠡᠭᠲᠡᠶ︔ ᠠᠶᠤᠯᠭᠦᠶ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠲᠤᠬᠠᠶ ᠳᠤᠨᠢ ᠪᠠᠶᠢᠴᠠᠭᠠᠨ ᠵᠠᠰᠠᠵᠤ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠨᠡᠭᠦᠷᠡᠰᠦ ᠬᠤᠳᠠᠯᠳᠤᠨ ᠠᠪᠬᠤ᠂ ᠦᠢᠯᠡᠳᠪᠦᠷᠢᠯᠡᠯ ᠬᠢᠬᠦ᠂ ᠢᠯᠴᠢ ᠬᠠᠩᠭᠠᠬᠤ ᠵᠡᠷᠭᠡ ᠡᠯ᠎ᠡ ᠭᠤᠭᠴᠤᠭ᠎ᠠ ᠶᠢ ᠴᠢᠩᠭ᠎ᠠ ᠠᠳᠬᠤᠵᠤ᠂ ᠠᠶᠢᠯ ᠡᠷᠦᠬᠡ ᠶᠢᠨ ᠤᠷᠤᠭᠰᠢᠲᠠᠶ ᠳᠤᠯᠠᠭᠠᠯᠠᠭ᠎ᠠ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ︔ ᠰᠢᠨ᠎ᠡ ᠮᠠᠶ᠋ᠢᠭ ᠤᠨ ᠳᠤᠯᠠᠭᠠᠯᠠᠭ᠎ᠠ ᠬᠠᠩᠭᠠᠬᠤ ᠪᠡᠯᠡᠳᠬᠡᠮᠵᠢ ᠶᠢᠨ ᠤᠷᠤᠭᠰᠢᠲᠠᠶ ᠪᠠᠶᠢᠭᠤᠯᠤᠭᠳᠠᠬᠤ ᠶᠢ ᠦᠨᠡᠨᠬᠦ ᠪᠠᠲᠤᠯᠠᠵᠤ᠂ ᠰᠢᠨ᠎ᠡ ᠬᠤᠭᠤᠯᠠᠶ ᠲᠣᠤᠷ ᠤᠨ ᠠᠮᠤᠷ ᠲᠦᠪᠰᠢᠨ ᠢᠶᠠᠷ ᠢᠯᠴᠢ ᠬᠦᠷᠭᠡᠬᠦ ᠠᠵᠢᠯ ᠢ ᠰᠠᠶᠢᠲᠤᠷ ᠬᠢᠵᠦ᠂ ᠪᠠᠷᠢᠯᠭ᠎ᠠ ᠪᠠᠷᠢᠬᠤ ᠵᠠᠮ ᠢ ᠲᠦᠷᠭᠡᠬᠡᠨ ᠰᠡᠷᠭᠦᠭᠡᠵᠦ᠂  ᠦᠢᠯᠡᠴᠢᠯᠡᠭᠡ ᠶᠢ ᠦᠡᠨᠡᠨᠬᠦ ᠰᠠᠶᠢᠲᠣᠷ ᠬᠢᠵᠦ᠂ ᠥᠷᠭᠡᠨ ᠣᠯᠠᠨ ᠠᠷᠠᠳ ᠲᠦᠮᠡᠨ ᠤ ᠬᠡᠪ ᠤᠨ ᠳᠤᠯᠠᠭᠠᠯᠠᠭ᠎ᠠ ᠪᠠ ᠬᠠᠯᠠᠭᠤᠨ ᠳᠤᠯᠠᠭᠠᠨ ᠡᠪᠦᠯ ᠢ ᠦᠩᠭᠡᠷᠡᠭᠡᠬᠦ ᠶᠢ ᠪᠠᠲᠤᠯᠠᠬᠤ ᠬᠡᠷᠡᠭᠲᠡᠶ᠃       ᠬᠤᠷᠠᠯ ᠤᠨ ᠳᠠᠷᠠᠭ᠎ᠠ᠂ ᠴᠢ ᠪᠠᠶ ᠰᠢᠶᠣᠤ ᠨᠠᠷ ᠤᠷᠢᠳ ᠬᠤᠵᠢᠳ ᠳ᠋ᠠ ᠵᠦᠩ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠪᠸᠢᠢᠱᠠᠨ ᠢᠯᠴᠢ ᠶᠢᠨ ᠢᠷᠡᠯᠲᠡ ᠶᠢᠨ ᠦᠢᠯᠡᠳᠪᠦᠷᠢ᠂ ᠴᠢᠶᠣᠤ ᠰᠢ ᠢᠯᠴᠢ ᠶᠢᠨ ᠢᠷᠡᠯᠲᠡ ᠶᠢᠨ ᠦᠢᠯᠡᠳᠪᠦᠷᠢ᠂ ᠢᠳᠡᠰᠢᠨ ᠨᠣᠭᠤᠭᠠᠨ ᠤ ᠭᠠᠵᠠᠷ ᠤᠨ ᠢᠯᠴᠢ ᠶᠢᠨ ᠢᠷᠡᠯᠲᠡ ᠶᠢᠨ ᠦᠢᠯᠡᠳᠪᠦᠷᠢ᠂ ᠱᠠᠨ ᠴᠧᠩ ᠢᠯᠴᠢ ᠶᠢᠨ ᠢᠷᠡᠯᠲᠡ ᠶᠢᠨ ᠦᠢᠯᠡᠳᠪᠦᠷᠢ ᠳᠤ ᠭᠦᠨᠵᠡᠭᠡᠶᠢᠷᠡᠨ ᠢᠯᠴᠢ ᠶᠢᠨ ᠬᠠᠩᠭᠠᠯᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠦᠵᠡᠵᠦ᠂ ᠭᠦᠸᠧᠯᠦ ᠶᠢᠨ ᠦᠢᠯᠡᠳᠪᠦᠷᠢ ᠶᠢᠨ ᠲᠠᠰᠤᠭ᠂ ᠭᠤᠤᠯ ᠡᠵᠡᠮᠳᠡᠯ ᠤᠨ ᠲᠠᠰᠤᠭ᠂ ᠨᠡᠭᠦᠷᠡᠰᠦ ᠬᠠᠳᠠᠭᠠᠯᠠᠬᠤ ᠭᠠᠵᠠᠷ ᠵᠡᠷᠭᠡ ᠭᠤᠤᠯᠳᠠᠯᠭ᠎ᠠ ᠲᠠᠢ ᠭᠠᠵᠠᠷ ᠢ ᠨᠠᠷᠢᠨ ᠪᠠᠶᠢᠴᠠᠭᠠᠵᠤ᠂ ᠨᠡᠭᠦᠷᠡᠰᠦ ᠨᠥᠭᠡᠴᠡᠯᠡᠬᠦ ᠪᠠᠶᠢᠳᠠᠯ᠂ ᠮᠠᠰᠢᠨ ᠴᠣᠭᠴᠠᠯᠠᠪᠤᠷᠢ ᠶᠢᠨ ᠠᠵᠢᠯᠯᠠᠭᠠᠨ᠂ ᠳᠠᠷᠣᠯᠲᠠ ᠶᠢᠨ ᠬᠡᠮᠵᠢᠭᠦᠷ ᠵᠡᠷᠭᠡ ᠪᠣᠳᠠᠲᠠᠶ ᠪᠠᠶᠢᠳᠠᠯ ᠢ ᠨᠠᠷᠢᠨ ᠣᠶᠢᠯᠠᠭᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号