ᠬᠤᠷᠢᠨᠭᠡᠷ ᠰᠢᠶᠠᠨ 22 ᠳ᠋ᠤᠭᠠᠷ ᠤᠳᠠᠭᠠᠨ ᠤ ︽ᠪᠦᠬᠦ ᠤᠯᠤᠰ ᠤᠨ ᠦᠨᠳᠦᠷ ᠴᠢᠰᠣᠨ ᠳᠠᠷᠣᠯᠲᠠ ᠶᠢᠨ ᠡᠳᠦᠷ︾ ᠤᠨ ᠡᠷᠡᠭᠦᠯ ᠮᠡᠨᠳᠦ ᠶᠢᠨ ᠰᠣᠷᠭᠠᠨ ᠬᠦᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2019-10-16
     2019 ᠣᠨ ᠤ 10 ᠳ᠋ᠤᠭᠠᠷ ᠰᠠᠷ᠎ᠠ ᠶᠢᠨ 8 ᠤ ᠡᠳᠦᠷ ᠪᠣᠯ 22 ᠳ᠋ᠤᠭᠠᠷ ᠤᠳᠠᠭᠠᠨ ᠤ ︽ᠪᠦᠬᠦ ᠤᠯᠤᠰ ᠤᠨ ᠦᠨᠳᠦᠷ ᠴᠢᠰᠣᠨ ᠳᠠᠷᠣᠯᠲᠠ ᠶᠢᠨ ᠡᠳᠦᠷ︾᠂ ︽ᠡᠷᠡᠭᠦᠯ ᠮᠡᠨᠳᠦ ᠳᠤᠮᠳᠠᠳᠤ ᠶᠢᠨ ᠠᠵᠢᠯᠯᠠᠭ᠎ᠠ ︵2019 —2030 ᠣᠨ︶︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠣᠷᠢᠵᠢᠭᠤᠯᠣᠨ᠂ ᠵᠢᠷᠦᠬᠡ ᠲᠠᠷᠢᠬᠢ ᠴᠢᠰᠣᠨ ᠰᠣᠳᠠᠯ ᠤᠨ ᠡᠮᠬᠡᠭ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠬᠦ ᠶᠢ ᠠᠬᠢᠭᠤᠯᠬᠤ ᠶᠢᠨ ᠲᠤᠰᠠᠳᠠ᠂10 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠨ ᠱᠧᠩ ᠯᠧ ᠠᠭᠤᠳᠠᠮ ᠲᠠᠯᠠᠪᠠᠢ ᠳᠤ ︽18 ᠨᠠᠰᠣᠨ ᠠᠴᠠ ᠳᠡᠭᠡᠭᠰᠢᠬᠢ ᠴᠢᠰᠣᠨ ᠳᠠᠷᠣᠯᠲᠠ ᠶᠢᠨ ᠲᠣᠬᠠᠢ ᠮᠡᠳᠡᠬᠦ ᠨᠢ︾ ᠭᠡᠬᠦ ᠭᠤᠣᠯ ᠰᠡᠳᠦᠪ ᠢᠶᠠᠷ ︽ᠪᠦᠬᠦ ᠤᠯᠤᠰ ᠤᠨ ᠦᠨᠳᠦᠷ ᠴᠢᠰᠣᠨ ᠳᠠᠷᠣᠯᠲᠠ ᠶᠢᠨ ᠡᠳᠦᠷ︾ ᠤᠨ ᠡᠷᠡᠭᠦᠯ ᠮᠡᠨᠳᠦ ᠶᠢᠨ ᠰᠣᠷᠭᠠᠨ ᠬᠦᠮᠦᠵᠢᠯ ᠤᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠣᠨ ᠥᠷᠨᠢᠭᠦᠯᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号