ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠩ ᠮᠢᠩ ᠵᠣ᠋ ᠬᠤᠷᠢᠨᠭᠡᠷ ᠰᠢᠶᠠᠨ ᠳᠤ ᠬᠦᠷᠴᠦ ᠠᠵᠢᠯ ᠪᠠᠶᠢᠴᠠᠭᠠᠨ ᠵᠢᠭᠠᠨ ᠵᠢᠯᠣᠭᠤᠳᠣᠯᠭ᠎ᠠ ᠬᠢᠪᠡ
ᠨᠡᠶᠢᠲᠡᠯᠡᠭᠰᠡᠨ ᠴᠠᠭ᠄
2019-10-22
     10 ᠳ᠋ᠤᠭᠠᠷ ᠰᠠᠷ᠎ᠠ ᠶᠢᠨ16 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠩ ᠮᠢᠩ ᠵᠣ᠋ ᠪᠠᠶᠢᠴᠠᠭᠠᠨ ᠰᠣᠳᠣᠯᠣᠯᠲᠠ ᠶᠢᠨ ᠳᠣᠭᠤᠶᠢᠯᠠᠩ ᠳᠠᠭᠠᠭᠤᠯᠵᠣ ᠬᠤᠷᠢᠨᠭᠡᠷ ᠰᠢᠶᠠᠨ ᠳᠤ ᠠᠵᠢᠯ ᠪᠠᠶᠢᠴᠠᠭᠠᠨ ᠵᠢᠭᠠᠨ ᠵᠢᠯᠣᠭᠤᠳᠣᠯᠭ᠎ᠠ ᠬᠢᠪᠡ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠹᠧᠩ ᠢᠦᠢ ᠵᠧᠨ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠷ᠎ᠠ ᠪᠣᠯᠣᠨ ᠪᠠᠶᠢᠴᠠᠭᠠᠨ ᠰᠣᠳᠣᠯᠣᠯᠲᠠ ᠬᠢᠪᠡ᠃      ᠪᠠᠶᠢᠴᠠᠭᠠᠨ ᠰᠣᠳᠣᠯᠣᠯᠲᠠ ᠶᠢᠨ ᠳᠣᠭᠤᠶᠢᠯᠠᠩ ᠤᠨ ᠬᠢᠨ ᠣᠷᠢᠳ ᠬᠤᠵᠢᠳ ᠮᠧᠩ ᠨᠢᠦ ᠵᠢᠷᠭᠤᠳᠣᠭᠠᠷ ᠬᠤᠭᠤᠴᠠᠭ᠎ᠠ᠂ ᠮᠧᠩ ᠼᠣᠣ ᠠᠮᠢ ᠠᠬᠤᠢ ᠶᠢᠨ ᠡᠪᠡᠰᠦ ᠴᠡᠴᠡᠭ ᠤᠨ ᠣᠷᠳᠣᠨ᠂ ᠰᠢᠶᠠᠨ ᠾᠦᠩ ᠰᠢᠨᠵᠢᠯᠡᠭᠡ ᠮᠡᠷᠭᠡᠵᠢᠯ ᠤᠨ ᠪᠣᠳᠠᠰ ᠤᠨ ᠬᠤᠯᠪᠣᠭᠠᠨ ᠤ ᠪᠡᠶᠡᠴᠢᠯᠡᠨ ᠣᠶᠢᠯᠠᠭᠠᠬᠤ ᠲᠥᠪ ᠲᠤ ᠬᠦᠷᠴᠦ ᠪᠠᠶᠢᠴᠠᠭᠠᠨ ᠰᠣᠳᠣᠯᠣᠯᠲᠠ ᠬᠢᠪᠡ᠃      ᠭᠦᠩ ᠮᠢᠩ ᠵᠣ᠋ ᠨᠢᠭᠡ ᠭᠠᠵᠠᠷ ᠲᠤ ᠬᠦᠷᠬᠦ ᠪᠣᠯᠭᠠᠨ ᠠᠵᠣ ᠠᠬᠤᠶᠢᠯᠠᠯ ᠤᠨ ᠡᠵᠡᠩᠨᠡᠯᠲᠡ ᠬᠠᠮᠢᠶᠠᠷᠣᠯᠲᠠ ᠶᠢᠨ ᠪᠠᠶᠢᠳᠠᠯ ᠵᠢᠴᠢ ᠣᠷᠣᠰᠢᠵᠣ ᠪᠠᠶᠢᠭ᠎ᠠ ᠬᠦᠴᠢᠷᠳᠡᠯ ᠢ ᠨᠠᠷᠢᠯᠢᠭ ᠠᠰᠠᠭᠤᠨ ᠯᠠᠪᠯᠠᠬᠤ ᠶᠢᠨ ᠬᠠᠮᠲᠣ ᠠᠵᠣ ᠠᠬᠤᠶᠢᠯᠠᠯ ᠤᠨ ᠬᠠᠷᠢᠭᠤᠴᠠᠯᠭᠠᠲᠠᠨ ᠲᠠᠢ ᠡᠵᠡᠩᠨᠡᠯᠲᠡ ᠶᠢᠨ ᠠᠷᠭ᠎ᠠ ᠪᠣᠳᠣᠯᠭ᠎ᠠ ᠵᠢᠴᠢ ᠢᠷᠡᠭᠡᠳᠦᠢ ᠶᠢᠨ ᠬᠦᠭᠵᠢᠯᠲᠡ ᠶᠢᠨ ᠬᠠᠨᠳᠣᠰᠢ ᠶᠢᠨ ᠬᠤᠪᠢ ᠳᠤ ᠲᠣᠳᠣᠨᠣᠰᠤᠭ ᠢᠶᠠᠷ ᠶᠠᠷᠢᠯᠴᠠᠨ ᠰᠠᠨᠠᠯ ᠢᠶᠠᠨ ᠰᠣᠯᠢᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号