ᠬᠤᠷᠢᠨᠭᠡᠷ ᠰᠢᠶᠠᠨ ᠥᠨᠳᠥᠷ ᠪᠠᠷᠢᠮᠵᠢᠶ᠎ᠠ᠂ ᠨᠠᠷᠢᠨ ᠲᠦᠯᠦᠪᠯᠡᠭᠡ᠂ ᠴᠢᠩᠭ᠎ᠠ ᠵᠣᠬᠢᠶᠠᠨ ᠪᠠᠶᠢᠭᠤᠯᠣᠯᠲᠠ | ᠣᠳᠣᠷᠢᠳᠣᠯᠭ᠎ᠠ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠢ ᠰᠤᠷᠤᠯᠴᠠᠯᠭ᠎ᠠ ᠬᠥᠮᠦᠵᠢᠯ᠂ ᠪᠠᠶᠢᠴᠠᠭᠠᠨ | ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠡᠯ᠎ᠡ | ᠲᠠᠯ᠎ᠠ ᠶᠢᠨ ᠪᠦᠬᠦ ᠶᠠᠪᠤᠴᠠ ᠳᠤ ᠲᠣᠭᠤᠰᠢᠯᠠᠭᠤᠯᠵᠣ᠂ ᠪᠦᠬᠦ ᠰᠢᠶᠠᠨ ᠤ ᠭᠤᠤᠯ ᠰᠡᠳᠦᠪᠲᠦ ᠬᠥᠮᠦᠵᠢᠯ ᠤᠨ ᠡᠯ᠎ᠡ | ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠪᠡ᠃ | ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ ᠶᠠᠪᠤᠬᠤ | 10 ᠳ᠋ᠤᠭᠠᠷ ᠰᠠᠷ᠎ᠠ ᠶᠢᠨ 11 ᠤ ᠡᠳᠦᠷ᠂ ᠮᠠᠨ ᠤ ᠰᠢᠶᠠᠨ ᠨᠠᠮ ᠤᠨ ᠪᠠᠶᠢᠭᠤᠯᠤᠯᠲᠠ ᠶᠢᠨ ᠰᠢᠭᠤᠳ | ᠨᠡᠪᠲᠡᠷᠡᠬᠦ ᠲᠡᠷᠭᠡ ᠶᠢᠨ ᠸᠢᠳᠢᠣ᠋ ᠬᠤᠷᠠᠯ ᠤᠨ ᠠᠷᠭ᠎ᠠ ᠬᠡᠯᠪᠡᠷᠢ ᠪᠠᠷ ᠨᠢᠭᠡ ᠤᠳᠠᠭᠠᠨ ᠤ ᠰᠢᠨ᠎ᠡ ᠶᠢ ᠡᠭᠦᠳᠬᠦ ᠨᠠᠮ ᠤᠨ | ᠬᠢᠴᠢᠶᠡᠯ ᠥᠷᠨᠢᠭᠦᠯᠵᠦ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ | ᠲᠦᠷᠦᠭᠦᠯᠡᠨ ᠪᠦᠬᠦ ᠰᠢᠶᠠᠨ ᠤ ᠺᠠᠳ᠋ᠷ ᠨᠠᠷ ᠲᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠵᠤ᠂ ᠤᠯᠠᠨ ᠢ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠬᠤ ᠶᠢ ᠬᠦᠲᠦᠯᠦᠨ ᠳᠠᠭᠠᠭᠤᠯᠣᠭᠰᠠᠨ ᠪᠠᠶᠢᠨ᠎ᠠ᠃ ᠡᠨᠡᠬᠦ ᠮᠢᠩᠭ᠎ᠠ | ᠭᠠᠷᠤᠶ ᠺᠠᠳ᠋ᠷ ᠢ ᠬᠠᠮᠤᠷᠤᠭᠰᠠᠨ ᠣᠶᠤᠨ ᠰᠠᠨᠠᠭᠠᠨ ᠤ ᠤᠬᠢᠶᠠᠯ ᠪᠣᠯ ᠬᠤᠷᠢᠨᠭᠡᠷ ᠰᠢᠶᠠᠨ ᠤ ᠲᠥᠪᠯᠡᠷᠡᠭᠦᠯᠦᠨ | ᠰᠣᠷᠣᠯᠴᠠᠭᠰᠠᠨ᠂ ᠦᠷᠡᠭᠳᠡᠭᠰᠡᠨ ᠪᠠᠭᠠᠲᠤᠷᠴᠤᠳ ᠤᠨ ᠳᠣᠷᠠᠰᠬᠠᠯ ᠤᠨ ᠬᠦᠰᠢᠶ᠎ᠡ ᠳᠤ ᠬᠤᠪᠢᠰᠬᠠᠯᠲᠤ ᠤᠯᠠᠮᠵᠢᠯᠠᠯ ᠤᠨ | ᠬᠥᠮᠦᠵᠢᠯ ᠥᠷᠨᠢᠭᠦᠯᠦᠭᠰᠡᠨ᠂ ᠦᠨᠳᠦᠰᠦᠨ ᠱᠠᠲᠤᠨ ᠳᠤ ᠬᠦᠷᠴᠦ ᠬᠠᠷᠢᠯᠴᠠᠬᠤ ᠴᠡᠭ ᠲᠤ ᠭᠤᠤᠯ ᠰᠡᠳᠦᠪᠲᠦ | ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂ ᠬᠤᠷᠢᠨᠭᠡᠷ ᠰᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠰᠠ ᠨᠢᠭᠡ | ᠤᠳᠠᠭ᠎ᠠ ᠶᠢᠨ ᠥᠷᠨᠢᠯᠲᠡ ᠪᠣᠯᠤᠨ᠎ᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠨᠢᠭᠡᠳᠦᠭᠡᠷ ᠴᠠᠭ ᠲᠤ ᠤᠯᠠᠮᠵᠢᠯᠠᠨ ᠰᠤᠷᠤᠯᠴᠠᠵᠤ | ᠂ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠣᠨᠣᠪᠴᠢᠲᠠᠶ ᠡᠵᠡᠮᠰᠢᠨ᠂ ︽ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠤᠤᠯ ᠰᠡᠳᠦᠪᠲᠦ | ᠬᠥᠮᠦᠵᠢᠯ ᠤᠨ ᠠᠵᠢᠯ ᠤᠨ ᠲᠣᠬᠢᠷᠠᠭᠤᠯᠤᠯᠲᠠ︾ ᠶᠢ ᠲᠣᠭᠲᠠᠭᠠᠵᠤ᠂ ᠲᠡᠭᠦᠨ ᠢᠶᠠᠷ ᠭᠤᠤᠯ ᠰᠡᠳᠦᠪᠲᠦ ᠬᠥᠮᠦᠵᠢᠯ ᠤᠨ | ᠪᠦᠬᠦ ᠠᠵᠢᠯ ᠢ ᠶᠡᠷᠦᠩᠬᠡᠶᠢᠯᠡᠨ ᠵᠢᠯᠣᠭᠤᠳᠤᠭᠤᠯᠪᠠ᠃ ᠰᠢᠶᠠᠨ ᠤ ᠭᠠᠵᠠᠷ ᠤᠨ ᠳᠡᠰ ᠤᠨ ᠤᠳᠤᠷᠢᠳᠬᠤ ᠺᠠᠳ᠋ᠷ ᠪᠣᠯᠤᠨ | ᠨᠠᠮ ᠤᠨ ᠭᠡᠰᠢᠭᠦᠨ ᠺᠠᠳ᠋ᠷ ᠲᠦᠷᠦᠭᠦᠯᠡᠨ ᠦᠨᠳᠦᠷ ᠴᠢᠨᠠᠷᠲᠠᠢ ᠰᠤᠷᠤᠯᠴᠠᠵᠤ᠂ ᠭᠠᠷᠠᠭ ᠪᠦᠷᠢ ᠭᠠᠵᠠᠷ ᠤᠨ ᠳᠡᠰ ᠤᠨ | ᠤᠳᠤᠷᠢᠳᠬᠤ ᠺᠠᠳ᠋ᠷ ᠤᠨ ︽ᠭᠠᠷᠠᠭ ᠤᠨ ᠠᠵᠢᠯ ᠤᠨ ᠲᠣᠬᠢᠷᠠᠭᠤᠯᠤᠯᠲᠠ ᠶᠢᠨ ᠬᠦᠰᠦᠨᠦᠭᠲᠦ︾ ᠶᠢ ᠲᠣᠭᠲᠠᠭᠠᠵᠤ᠂ | 27 ᠨᠡᠷᠡᠰ ᠰᠢᠶᠠᠨ ᠤ ᠭᠠᠵᠠᠷ ᠤᠨ ᠳᠡᠰ ᠤᠳᠤᠷᠢᠳᠬᠤ ᠺᠠᠳ᠋ᠷ ᠵᠢᠴᠢ ᠲᠡᠭᠦᠨ ᠠᠴᠠ ᠳᠡᠭᠡᠭᠰᠢᠬᠢ ᠤᠳᠤᠷᠢᠳᠬᠤ ᠺᠠᠳ᠋ᠷ | ᠲᠦᠷᠦᠭᠦᠯᠡᠨ ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠪᠠ᠃ | ᠡᠯ᠎ᠡ ᠱᠠᠲᠤᠨ ᠤ ᠤᠳᠤᠷᠢᠳᠬᠤ ᠺᠠᠳ᠋ᠷ ᠰᠡᠳᠬᠢᠯ ᠢᠶᠠᠨ ᠲᠣᠭᠲᠠᠭᠤᠨ ᠪᠠᠶᠢᠯᠭᠠᠵᠤ᠂ ᠪᠡᠶ᠎ᠡ ᠪᠠᠷ ᠢᠶᠠᠨ | ᠲᠦᠷᠦᠭᠦᠯᠡᠨ ᠤᠭ ᠵᠣᠬᠢᠶᠠᠯ ᠢ ᠤᠩᠰᠢᠵᠤ ᠤᠭ ᠶᠣᠰᠣ ᠶᠢ ᠣᠶᠢᠯᠠᠭᠠᠬᠤ ᠶᠢᠨ ᠬᠠᠮᠲᠤ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠠᠢ ᠤᠶᠠᠯᠳᠤᠭᠤᠯᠤᠨ ᠰᠠᠨᠠᠯ ᠰᠣᠯᠢᠯᠴᠠᠬᠤ ᠪᠠ | ᠰᠣᠳᠣᠯᠣᠨ ᠶᠠᠷᠢᠯᠴᠠᠯᠭ᠎ᠠ ᠥᠷᠨᠢᠭᠦᠯᠵᠦ᠂ ᠲᠠᠨᠢᠯᠲᠠ ᠣᠶᠢᠯᠠᠭᠠᠯᠲᠠ᠂ ᠵᠥᠷᠢᠶ᠎ᠡ ᠳᠤᠲᠠᠭᠤᠳᠠᠯ᠂ ᠰᠡᠳᠬᠢᠮᠵᠢ ᠪᠠᠨ | ᠥᠭᠡᠷᠡᠴᠢᠯᠡᠬᠦ ᠲᠣᠬᠠᠢ ᠶᠠᠷᠢᠯᠴᠠᠨ᠂ ᠰᠢᠨ᠎ᠡ ᠴᠠᠭ ᠦᠶ᠎ᠡ ᠶᠢᠨ ᠬᠤᠷᠢᠨᠭᠡᠷ ᠰᠢᠶᠠᠨ ᠤ ᠡᠭᠦᠷᠭᠡ ᠬᠠᠷᠢᠭᠤᠴᠠᠯᠭ᠎ᠠ ᠪᠠᠨ | ᠰᠠᠶᠢᠲᠤᠷ ᠭᠦᠢᠴᠡᠳᠬᠡᠬᠦ ᠳᠤ ᠨᠠᠩ ᠴᠢᠩᠭ᠎ᠠ ᠡᠭᠦᠷᠭᠡ ᠬᠠᠷᠢᠭᠤᠴᠠᠯᠭ᠎ᠠ ᠲᠠᠢ ᠪᠣᠯᠵᠠᠶ᠃ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ | ᠰᠡᠳᠦᠪᠲᠦ ᠰᠣᠳᠣᠯᠣᠨ ᠶᠠᠷᠢᠯᠴᠠᠬᠤ ᠬᠤᠷᠠᠯ ᠳᠡᠭᠡᠷ᠎ᠡ᠂ ᠪᠦᠬᠦ ᠰᠢᠶᠠᠨ ᠤ 106 ᠨᠡᠷᠡᠰ ᠵᠢᠩᠬᠢᠨᠢ ᠰᠠᠯᠠᠭᠠᠨ ᠤ | ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠤᠳᠤᠷᠢᠳᠬᠤ ᠺᠠᠳ᠋ᠷ ᠲᠥᠪᠯᠡᠷᠡᠭᠦᠯᠦᠨ ᠰᠤᠷᠤᠯᠴᠠᠵᠤ᠂ ᠰᠠᠯᠬᠤ | ᠬᠠᠮᠲᠣᠷᠠᠬᠤ ᠶᠢ ᠤᠶᠠᠯᠳᠣᠭᠤᠯᠤᠨ᠂ ᠨᠢᠭᠡ ᠴᠣᠭᠴᠠᠵᠢᠭᠤᠯᠤᠨ ᠠᠬᠢᠭᠤᠯᠪᠠ᠃ | ᠣᠳᠣᠬᠠᠨ ᠪᠣᠯᠲᠠᠯ᠎ᠠ᠂ ᠪᠦᠬᠦ ᠰᠢᠶᠠᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠨᠡᠶᠢᠲᠡ 83 ᠤᠳᠠᠭ᠎ᠠ | ᠥᠷᠨᠢᠭᠦᠯᠵᠦ᠂ ᠲᠥᠪᠯᠡᠷᠡᠭᠦᠯᠦᠨ ᠰᠤᠷᠤᠯᠴᠠᠬᠤ ᠶᠢ 288 ᠭᠠᠷᠤᠶ ᠤᠳᠠᠭ᠎ᠠ ᠥᠷᠨᠢᠭᠦᠯᠵᠦ᠂ 7329 ᠬᠥᠮᠦᠨ | ᠰᠣᠳᠤᠯᠤᠨ ᠶᠠᠷᠢᠯᠴᠠᠯᠭ᠎ᠠ ᠳᠤ ᠣᠷᠣᠯᠴᠠᠪᠠ︔ ᠨᠣᠮ ᠤᠩᠰᠢᠬᠤ ᠠᠩᠭᠢ ᠶᠢ 55 ᠠᠩᠭᠢ ᠡᠷᠬᠢᠯᠡᠵᠦ᠂ 811 | ᠬᠥᠮᠦᠨ ᠤᠳᠠᠭ᠎ᠠ ᠣᠷᠣᠯᠴᠠᠪᠠ︔ ᠡᠯ᠎ᠡ ᠲᠥᠷᠥᠯ ᠤᠨ ᠬᠠᠪᠰᠤᠷᠤᠨ ᠵᠢᠯᠣᠭᠤᠳᠬᠤ ᠲᠠᠶᠢᠯᠤᠮᠵᠢ 13 ᠤᠳᠠᠭ᠎ᠠ | ᠥᠷᠨᠢᠭᠦᠯᠵᠦ᠂ ᠬᠦᠯᠢᠶᠡᠨ ᠠᠪᠤᠭᠴᠢᠳ 815 ᠬᠥᠮᠦᠨ ᠪᠣᠯᠪᠠ︔ ᠰᠠᠯᠠᠭᠠᠨ ᠤ ᠲᠠᠰ ᠠᠴᠠ ᠳᠡᠭᠡᠭᠰᠢᠬᠢ | ᠤᠳᠤᠷᠢᠳᠬᠤ ᠺᠠᠳ᠋ᠷ ᠪᠣᠯᠤᠨ ᠨᠠᠮ ᠤᠨ ᠡᠭᠦᠷ ᠤᠨ ᠱᠦᠵᠢ ᠶᠢᠨ ᠨᠠᠮ ᠤᠨ ᠬᠢᠴᠢᠶᠡᠯ ᠢ ᠨᠡᠶᠢᠲᠡ 130 ᠭᠠᠷᠤᠶ | ᠤᠳᠠᠭ᠎ᠠ ᠥᠷᠨᠢᠭᠦᠯᠵᠦ᠂ 2728 ᠬᠥᠮᠦᠨ ᠬᠦᠯᠢᠶᠡᠨ ᠠᠪᠤᠪᠠ︔ ᠨᠡᠶᠢᠲᠡᠯᠢᠭ ᠰᠤᠷᠭᠠᠨ ᠬᠥᠮᠦᠵᠢᠯ ᠢ 29 ᠤᠳᠠᠭ᠎ᠠ | ᠥᠷᠨᠢᠭᠦᠯᠵᠦ᠂ 698 ᠬᠥᠮᠦᠨ ᠣᠷᠣᠯᠴᠠᠪᠠ᠃ 9 ᠳ᠋ᠦ᠋ᠭᠡᠷ ᠰᠠᠷ᠎ᠠ ᠠᠴᠠ ᠨᠠᠰᠢ᠂ ᠨᠡᠶᠢᠲᠡ 980 ᠭᠠᠷᠤᠶ ᠺᠠᠳ᠋ᠷ | ᠬᠤᠪᠢᠰᠬᠠᠯ ᠤᠨ ᠬᠥᠮᠦᠵᠢᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠬᠦᠯᠢᠶᠡᠪᠡ᠃ | ᠭᠤᠤᠯ ᠲᠥᠪ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ | ᠬᠤᠷᠢᠨᠭᠡᠷ ᠰᠢᠶᠠᠨ ᠤᠭ ᠰᠠᠨᠠᠭᠠᠨ ᠤ ᠬᠥᠮᠦᠵᠢᠯ ᠤᠨ ︽ᠬᠢᠴᠢᠶᠡᠯ ᠤᠨ ᠬᠦᠰᠦᠨᠦᠭᠲᠦ︾ ᠳᠡᠭᠡᠷ᠎ᠡ ︽ᠬᠠᠲᠠᠭᠤ | ᠶᠠᠰᠣ︾ ᠶᠢ ᠳᠦᠭᠦᠷᠭᠡᠵᠦ᠂ ᠠᠯᠢ ᠣᠯᠠᠨ ᠭᠤᠤᠯ ᠰᠡᠳᠦᠪᠲᠦ ᠪᠠᠶᠢᠴᠠᠭᠠᠨ ᠰᠤᠳᠤᠯᠤᠯᠲᠠ ᠶᠢ ᠡᠳᠦᠷ ᠲᠣᠲᠤᠮ ᠤᠨ | ᠵᠥᠪᠯᠡᠬᠦ ᠵᠦᠢᠯ ᠳᠡᠭᠡᠨ ᠣᠷᠣᠭᠤᠯᠵᠤ᠂ ︽ᠥᠭᠡᠷᠡᠴᠢᠯᠡᠨ ᠰᠠᠶᠢᠵᠢᠷᠠᠭᠤᠯᠬᠤ︾ ᠭᠡᠬᠦ ᠦᠭᠡ ᠶᠢ ᠰᠤᠷᠤᠯᠴᠠᠯᠭ᠎ᠠ ᠶᠢᠨ | ᠪᠦᠬᠦ ᠶᠠᠪᠤᠴᠠ ᠳᠤ ᠲᠤᠭᠤᠰᠢᠯᠠᠭᠤᠯᠪᠠ᠃ ᠭᠤᠤᠯ ᠰᠡᠳᠦᠪᠲᠦ ᠬᠥᠮᠦᠵᠢᠯ ᠤᠨ ᠦᠢᠯᠡᠳᠦᠯᠭᠡᠲᠦ ᠴᠢᠨᠠᠷ ᠢ | ᠳᠣᠪᠤᠶᠢᠯᠭᠠᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠵᠡᠷᠭᠡ ᠳᠤᠨᠢ ᠶᠠᠪᠣᠭᠳᠠᠭᠤᠯᠬᠤ ᠶᠢ ᠪᠠᠷᠢᠮᠲᠠᠯᠠᠵᠤ᠂ | ᠪᠠᠶᠢᠴᠠᠭᠠᠨ ᠰᠣᠳᠣᠯᠣᠯᠲᠠ ᠶᠢᠨ ᠳᠣᠮᠲᠠ ᠢᠯᠡᠷᠡᠭᠦᠯᠦᠭᠰᠡᠨ ᠠᠰᠠᠭᠤᠳᠠᠯ᠂ ᠣᠯᠠᠨ ᠲᠦᠮᠡᠨ ᠤ ᠲᠤᠰᠬᠠᠯ ᠴᠢᠩᠭ᠎ᠠ | ᠪᠠᠶᠢᠭ᠎ᠠ ᠠᠰᠠᠭᠤᠳᠠᠯ᠂ ᠡᠳᠦᠷ ᠲᠣᠲᠤᠮ ᠤᠨ ᠠᠵᠢᠯ ᠪᠣᠯᠤᠨ ᠰᠤᠷᠤᠯᠴᠠᠯᠭ᠎ᠠ ᠶᠠᠷᠢᠯᠴᠠᠯᠭ᠎ᠠ ᠶᠢᠨ ᠳᠤᠮᠳᠠ | ᠢᠯᠡᠷᠡᠭᠦᠯᠦᠭᠰᠡᠨ ᠠᠰᠠᠭᠤᠳᠠᠯ᠂ ᠨᠠᠮ ᠤᠨ ᠳᠦᠷᠢᠮ ᠤᠨ ᠶᠣᠰᠣᠭᠠᠷ ᠡᠷᠢᠵᠦ ᠭᠠᠷᠭᠠᠭᠰᠠᠨ ᠠᠰᠠᠭᠤᠳᠠᠯ᠂ ᠪᠠᠶᠢᠴᠠᠭᠠᠨ | ᠦᠵᠡᠵᠦ ᠭᠦᠨᠵᠡᠭᠡᠢ ᠵᠠᠳᠠᠯᠣᠯᠲᠠ ᠠᠴᠠ ᠡᠷᠢᠵᠦ ᠭᠠᠷᠭᠠᠭᠰᠠᠨ ᠠᠰᠠᠭᠤᠳᠠᠯ ᠵᠡᠷᠭᠡ ᠶᠢ ᠮᠡᠳᠡᠮᠡᠭᠴᠡ ᠳᠠᠷᠤᠶ ᠬᠠᠯᠠᠨ | ᠰᠠᠶᠢᠵᠢᠷᠠᠭᠤᠯᠵᠤ᠂ ᠬᠠᠯᠠᠨ ᠰᠠᠶᠢᠵᠢᠷᠠᠭᠤᠯᠬᠤ ᠶᠣᠰᠣᠲᠠᠶ ᠶᠢ ᠨᠢ ᠪᠦᠬᠦᠨ ᠢ ᠬᠠᠯᠠᠨ ᠰᠠᠶᠢᠵᠢᠷᠠᠭᠤᠯᠬᠤ ᠬᠡᠷᠡᠭᠲᠡᠢ᠃ | ᠨᠢᠭᠡ ᠪᠦᠯᠦᠭ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ | ᠬᠦᠴᠢᠷ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ︽ᠠᠷᠠᠳ ᠲᠦᠮᠡᠨ ᠳᠤ ᠦᠢᠯᠡᠴᠢᠯᠡᠵᠦ ᠬᠦᠴᠢᠷ | ᠠᠰᠠᠭᠤᠳᠠᠯ ᠢ ᠰᠢᠢᠳᠪᠦᠷᠢᠯᠡᠬᠦ︾ ᠠᠵᠢᠯ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠵᠤ᠂ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠳᠡᠭᠡᠭᠰᠢᠯᠡᠪᠡ᠃ | ᠰᠢᠶᠠᠨ ᠤ ᠭᠠᠵᠠᠷ ᠤᠨ ᠳᠡᠰ ᠤᠨ ᠺᠠᠳ᠋ᠷ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ | ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠨᠢᠨ ᠳᠡᠭᠡᠷ᠎ᠡ ᠨᠢ | ᠶᠠᠳᠠᠭᠤ ᠶᠢ ᠲᠡᠳᠬᠦᠬᠦ᠂ ᠡᠮᠴᠢᠯᠡᠭᠡ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠢ ᠲᠡᠩᠴᠡᠭᠦᠷᠢᠲᠡᠶ ᠪᠣᠯᠭᠠᠬᠤ᠂ | ᠣᠷᠴᠢᠨ ᠲᠣᠭᠤᠷᠢᠨ ᠤ ᠬᠠᠮᠠᠭᠠᠯᠠᠯᠲᠠ ᠶᠢ ᠴᠡᠭᠴᠡᠯᠡᠨ ᠰᠠᠶᠢᠵᠢᠷᠠᠭᠤᠯᠬᠤ᠂ ᠠᠵᠤ ᠠᠬᠤᠶᠢᠯᠠᠯ ᠢ ᠬᠥᠭᠵᠢᠭᠦᠯᠬᠦ ᠵᠡᠷᠭᠡ | ᠪᠦᠬᠦ ᠰᠢᠶᠠᠨ ᠤ ᠥᠭᠡᠷᠡᠴᠢᠯᠡᠯᠲᠠ᠂ ᠬᠦᠭᠵᠢᠯᠲᠡ᠂ ᠲᠣᠭᠲᠠᠭᠤᠨ ᠡᠯ᠎ᠡ ᠲᠠᠯ᠎ᠠ ᠳᠤ ᠬᠤᠯᠪᠣᠭᠳᠠᠬᠤ ᠠᠵᠢᠯ ᠢᠶᠠᠷ | ᠭᠤᠤᠯᠳᠠᠯᠭ᠎ᠠ ᠪᠣᠯᠭᠠᠵᠤ᠂ ᠲᠦᠷᠦᠭᠦᠯᠡᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠬᠦᠷᠴᠦ ᠪᠠᠶᠢᠴᠠᠭᠠᠨ | ᠰᠤᠳᠤᠯᠤᠯᠲᠠ ᠬᠢᠵᠦ᠂ ᠡᠴᠦᠰ ᠲᠤᠨᠢ ᠲᠤᠯᠲᠠᠯ᠎ᠠ ᠬᠢᠵᠦ᠂ ᠪᠣᠳᠠᠲᠤ ᠪᠠᠶᠢᠳᠠᠯ ᠢ ᠰᠣᠨᠣᠰᠴᠤ᠂ ᠠᠷᠠᠳ ᠤᠨ | ᠰᠠᠨᠠᠭ᠎ᠠ ᠶᠢ ᠣᠶᠢᠯᠠᠭᠠᠨ᠂ ᠠᠷᠠᠳ ᠤᠨ ᠵᠣᠪᠠᠨᠢᠯ ᠢ ᠠᠷᠢᠯᠭᠠᠵᠤ᠂ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠶᠢ | ᠨᠠᠮ ᠤᠨ ᠣᠨᠣᠯ ᠤᠨ ᠰᠢᠨ᠎ᠡ ᠡᠭᠦᠳᠦᠯᠲᠡ ᠶᠢᠨ ᠣᠨᠣᠯ ᠢ ᠰᠡᠷᠡᠨ ᠮᠡᠳᠡᠬᠦ ᠶᠢ ᠭᠦᠨᠵᠡᠭᠡᠶᠢᠷᠡᠭᠦᠯᠬᠦ ᠶᠠᠪᠤᠴᠠ ᠪᠣᠯᠭᠠᠵᠤ᠂ | ᠠᠷᠠᠳ ᠣᠯᠠᠨ ᠯᠤᠭ᠎ᠠ ᠶᠢᠨ ᠮᠢᠬ᠎ᠠ ᠴᠢᠰᠤᠨ ᠤ ᠬᠠᠷᠢᠯᠴᠠᠭ᠎ᠠ ᠶᠢ ᠪᠠᠲᠤᠯᠠᠬᠤ ᠶᠠᠪᠤᠴᠠ ᠪᠣᠯᠭᠠᠵᠤ᠂ ᠠᠵᠢᠯ | ᠦᠢᠯᠡᠰ ᠤᠨ ᠬᠥᠭᠵᠢᠯᠲᠡ ᠶᠢ ᠠᠬᠢᠭᠤᠯᠬᠤ ᠶᠠᠪᠤᠴᠠ ᠪᠣᠯᠭᠠᠨ᠎ᠠ᠃ | ᠬᠤᠷᠢᠨᠭᠡᠷ ᠰᠢᠶᠠᠨ ᠤ ᠨᠠᠮ ᠤᠨ ᠬᠤᠷᠢᠶ᠎ᠠ 7 ᠵᠢᠯᠣᠭᠤᠳᠬᠤ ᠳᠣᠭᠤᠶᠢᠯᠠᠩ ᠲᠣᠮᠢᠯᠠᠵᠤ᠂ ᠪᠦᠬᠦ ᠰᠢᠶᠠᠨ ᠤ | ᠡᠯ᠎ᠡ ᠱᠠᠲᠤ ᠡᠯ᠎ᠡ ᠰᠠᠯᠠᠭ᠎ᠠ ᠮᠥᠴᠢᠷ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ | ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠢᠭᠡᠳ ᠨᠢᠭᠡ ᠪᠠᠷ ᠰᠢᠮᠳᠠᠭᠤᠯᠣᠨ ᠵᠢᠯᠣᠭᠤᠳᠪᠠ᠃ ᠰᠢᠶᠠᠨ ᠤ | ᠨᠠᠮ ᠤᠨ ᠬᠤᠷᠢᠶᠠᠨ ᠤ ᠭᠤᠤᠯ ᠰᠡᠳᠦᠪᠲᠦ ᠰᠤᠷᠭᠠᠨ ᠬᠥᠮᠦᠵᠢᠯ ᠤᠨ ᠤᠳᠤᠷᠢᠳᠬᠤ ᠳᠣᠭᠤᠶᠢᠯᠠᠩ ᠤᠨ ᠠᠯᠪᠠᠨ ᠭᠡᠷ | ᠠᠰᠠᠭᠤᠳᠠᠯ ᠢ ᠴᠤᠭᠯᠠᠭᠤᠯᠬᠤ᠂ ᠰᠤᠳᠤᠯᠬᠤ ᠪᠠ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠡᠯ᠎ᠡ | ᠨᠢᠭᠡᠴᠡ ᠶᠢᠨ ᠳᠤᠷᠠᠳᠤᠭᠰᠠᠨ ᠡᠯ᠎ᠡ ᠲᠥᠷᠥᠯ ᠤᠨ ᠪᠣᠳᠠᠲᠠᠶ ᠠᠰᠠᠭᠤᠳᠠᠯ ᠪᠠ ᠰᠠᠨᠠᠯ ᠰᠠᠨᠠᠭᠤᠯᠭ᠎ᠠ ᠶᠢ ᠴᠠᠭ | ᠲᠤᠬᠠᠶ ᠳᠤᠨᠢ ᠬᠤᠷᠢᠶᠠᠩᠭᠤᠶᠢᠯᠠᠨ ᠡᠮᠬᠢᠯᠡᠵᠦ᠂ ᠬᠠᠷᠢᠭᠤᠯᠲᠠ ᠥᠭᠬᠦ ᠰᠠᠨᠠᠯ ᠢ ᠰᠤᠳᠤᠯᠤᠨ ᠳᠤᠷᠠᠳᠴᠤ᠂ | ᠵᠢᠯᠣᠭᠤᠳᠬᠤ᠂ ᠰᠡᠵᠢᠭ ᠢ ᠲᠠᠶᠢᠯᠵᠤ ᠲᠥᠭᠡᠷᠢᠭᠳᠡᠯ ᠢ ᠠᠷᠢᠯᠭᠠᠬᠤ ᠪᠠᠨ ᠴᠢᠩᠭᠠᠳᠬᠠᠨ᠎ᠠ᠃ ᠡᠭᠦᠨ ᠤ ᠬᠠᠮᠲᠤ᠂ | ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠤᠷᠭᠠᠨ ᠬᠥᠮᠦᠵᠢᠯ ᠳᠤ ᠠᠷᠠᠳ ᠲᠦᠮᠡᠨ ᠳᠤ ᠦᠢᠯᠡᠴᠢᠯᠡᠬᠦ | ᠵᠣᠷᠢᠯᠲᠠ ᠪᠠᠨ ᠪᠠᠲᠤ ᠴᠡᠭᠡᠵᠢᠯᠡᠬᠦ ᠶᠢ ᠪᠠᠷᠢᠮᠲᠠᠯᠠᠬᠤ ᠬᠡᠷᠡᠭᠲᠡᠶ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠠᠷᠠᠳ ᠲᠦᠮᠡᠨ ᠳᠤ ᠦᠢᠯᠡᠴᠢᠯᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠪᠣᠳᠠᠲᠠᠶ | ᠠᠷᠭ᠎ᠠ ᠬᠡᠮᠵᠢᠶ᠎ᠡ ᠠᠪᠴᠤ᠂ ᠵᠠᠷᠢᠮ ᠠᠷᠠᠳ ᠣᠯᠠᠨ ᠤ ᠡᠪᠡᠳᠴᠢᠨ ᠦᠵᠡᠭᠦᠯᠵᠦ ᠡᠮᠨᠡᠭᠦᠯᠬᠦ᠂ ᠡᠪᠡᠳᠴᠢᠨ | ᠰᠡᠷᠭᠡᠶᠢᠯᠡᠵᠦ ᠡᠪᠡᠳᠴᠢᠨ ᠵᠠᠰᠠᠬᠤ ᠰᠡᠳᠬᠢᠯ ᠵᠣᠪᠠᠨᠢᠬᠤ ᠶᠠᠪᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ ᠭᠡᠵᠦ | ᠴᠢᠬᠤᠯᠠᠴᠢᠯᠠᠪᠠ︔ ᠠᠷᠠᠳ ᠤᠨ ᠶᠠᠪᠤᠳᠠᠯ ᠤᠨ ᠲᠣᠪᠴᠢᠶ᠎ᠠ ᠢᠯᠡᠷᠬᠡᠶᠢᠯᠡᠬᠦ ᠳᠡᠭᠡᠨ᠂ ᠠᠷᠠᠳ ᠤᠨ ᠶᠠᠪᠤᠳᠠᠯ ᠤᠨ ᠠᠵᠢᠯ | ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠥᠷᠭᠡᠨ ᠣᠯᠠᠨ | ᠠᠷᠠᠳ ᠤᠨ ᠶᠠᠪᠤᠳᠠᠯ ᠤᠨ ᠦᠢᠯᠡᠴᠢᠯᠡᠬᠦ ᠡᠲᠡᠭᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ ᠭᠡᠪᠡ︔ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠬᠡᠷᠡᠭᠯᠡᠭᠴᠢᠳ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠬᠦᠴᠦᠯᠡᠨ | ᠪᠤᠢ ᠪᠣᠯᠭᠠᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ ᠰᠢᠨ᠎ᠡ ᠠᠮᠵᠢᠯᠲᠠ ᠭᠠᠷᠭᠠᠬᠤ ᠬᠡᠷᠡᠭᠲᠡᠶ | ᠭᠡᠵᠦ ᠳᠤᠷᠠᠳᠤᠨ ᠭᠠᠷᠭᠠᠵᠠᠶ᠃ | ᠣᠯᠠᠨ ᠲᠦᠮᠡᠨ ᠤ ᠠᠩᠬᠠᠷᠴᠤ ᠪᠠᠶᠢᠭ᠎ᠠ ᠳᠡᠷᠭᠡᠳᠡᠬᠢ ᠢᠯᠵᠢᠷᠡᠯ᠂ ᠦᠨᠳᠦᠰᠦᠨ ᠱᠠᠲᠤᠨ ᠤ ᠨᠠᠮ ᠤᠨ | ᠪᠠᠶᠢᠭᠤᠯᠣᠯᠲᠠ᠂ ᠨᠡᠶᠢᠭᠡᠮ ᠤᠨ ᠡᠮᠬᠢ ᠳᠢᠭᠯᠢᠮ ᠵᠡᠷᠭᠡ ᠠᠰᠠᠭᠤᠳᠠᠯ ᠤᠨ ᠲᠣᠭᠤᠷᠢᠨ ᠳᠤ᠂ ᠬᠤᠷᠢᠨᠭᠡᠷ ᠰᠢᠶᠠᠨ ᠰᠤᠯᠠ | ᠵᠠᠳᠠᠭᠠᠶ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠰᠡᠳᠦᠪᠲᠦ ᠬᠥᠮᠦᠵᠢᠯ ᠶᠢ ᠥᠷᠨᠢᠭᠦᠯᠬᠦ ᠪᠠᠷ | ᠭᠤᠤᠯ ᠠᠭᠤᠯᠭ᠎ᠠ ᠪᠣᠯᠭᠠᠵᠤ᠂ ᠪᠦᠬᠦ ᠲᠠᠯ᠎ᠠ ᠪᠠᠷ ᠭᠦᠨᠵᠡᠭᠡᠶ ᠰᠤᠷᠪᠤᠯᠵᠢᠯᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠵᠣᠬᠢᠶᠠᠨ ᠪᠠᠶᠢᠭᠤᠯᠵᠣ᠂ ᠣᠳᠣ ᠶᠢᠨ ᠪᠠᠶᠢᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠢ | ︽ᠰᠢᠭᠰᠢᠭᠦᠷ ᠲᠤ ᠰᠢᠭᠰᠢᠵᠦ︾᠂ ᠰᠢᠶᠠᠨ᠂ ᠰᠢᠶᠠᠩ᠂ ᠲᠣᠰᠬᠤᠨ ᠴᠥᠮ ᠴᠡᠭᠴᠡᠯᠡᠨ ᠰᠠᠶᠢᠵᠢᠷᠠᠭᠤᠯᠬᠤ ᠲᠥᠰᠦᠯ | ᠲᠣᠭᠲᠠᠭᠠᠵᠤ᠂ ︽ᠨᠢᠭᠡ ᠲᠣᠰᠬᠤᠨ ᠳᠤ ᠨᠢᠭᠡ ᠠᠷᠭ᠎ᠠ ᠪᠣᠳᠣᠯᠭ᠎ᠠ︾ ᠶᠢᠨ ᠴᠡᠭᠴᠡᠯᠡᠨ ᠰᠠᠶᠢᠵᠢᠷᠠᠭᠤᠯᠬᠤ | ᠲᠣᠭᠲᠠᠴᠠ ᠶᠢ ᠨᠠᠶᠢᠳᠠᠪᠣᠷᠢᠵᠢᠭᠤᠯᠵᠣ᠂ ᠰᠤᠯᠠ ᠵᠠᠳᠠᠭᠠᠶ ᠲᠣᠰᠬᠤᠨ ᠤ ᠨᠠᠮ ᠤᠨ ᠡᠭᠦᠷ ᠢ ᠦᠨᠳᠦᠰᠦᠨ ᠠᠴᠠ ᠨᠢ | ᠴᠡᠭᠴᠡᠯᠡᠬᠦ ᠬᠡᠷᠡᠭᠲᠡᠢ᠃ | ᠣᠳᠣᠬᠠᠨ ᠪᠣᠯᠲᠠᠯ᠎ᠠ᠂ ᠮᠠᠨ ᠤ ᠰᠢᠶᠠᠨ ᠨᠡᠶᠢᠲᠡ 63 ᠤᠳᠠᠭ᠎ᠠ ᠪᠠᠶᠢᠴᠠᠭᠠᠨ ᠰᠤᠳᠤᠯᠤᠯᠲᠠ ᠥᠷᠨᠢᠭᠦᠯᠵᠦ᠂ | 121 ᠠᠰᠠᠭᠤᠳᠠᠯ ᠢ ᠢᠯᠡᠷᠡᠭᠦᠯᠵᠦ᠂ 54 ᠠᠰᠠᠭᠤᠳᠠᠯ ᠢ ᠲᠤᠬᠠᠶ ᠶᠢᠨ ᠲᠠᠯᠠᠪᠠᠢ ᠳᠤ ᠰᠢᠢᠳᠪᠦᠷᠢᠯᠡᠵᠦ᠂ ᠲᠦᠷ ᠴᠠᠭ | ᠰᠢᠢᠳᠪᠦᠷᠢᠯᠡᠬᠦ ᠳᠤ ᠬᠦᠴᠢᠷ ᠠᠰᠠᠭᠤᠳᠠᠯ ᠳᠤ ᠪᠣᠳᠠᠲᠠᠶ ᠠᠷᠭ᠎ᠠ ᠬᠡᠮᠵᠢᠶ᠎ᠡ ᠲᠣᠭᠲᠠᠭᠠᠵᠤ᠂ ᠦᠷᠭᠦᠯᠵᠢᠯᠡᠨ ᠠᠩᠬᠠᠷᠴᠤ | ᠪᠠᠶᠢᠨ᠎ᠠ᠃ ᠰᠤᠷᠪᠤᠯᠵᠢᠯᠠᠬᠤ ᠪᠠᠶᠢᠴᠠᠭᠠᠨ ᠰᠤᠳᠤᠯᠤᠯᠲᠠ ᠬᠢᠬᠦ᠂ ᠰᠡᠳᠬᠢᠯ ᠤᠨ ᠦᠭᠡ ᠪᠠᠨ ᠶᠠᠷᠢᠯᠴᠠᠬᠤ᠂ | ᠡᠭᠦᠳᠡ ᠪᠠᠨ ᠨᠡᠭᠡᠭᠡᠨ ᠢᠳᠬᠠᠯ ᠠᠪᠬᠤ ᠵᠡᠷᠭᠡ 10 ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ 280 ᠭᠠᠷᠤᠶ | ᠵᠤᠷᠪᠤᠰ ᠰᠠᠨᠠᠭᠤᠯᠭ᠎ᠠ ᠴᠤᠭᠯᠠᠭᠤᠯᠵᠤ᠂ ᠰᠢᠢᠳᠪᠦᠷᠢᠯᠡᠬᠦ ᠴᠢᠬᠤᠯᠠᠲᠠᠶ 115 ᠵᠤᠷᠪᠤᠰ ᠠᠰᠠᠭᠤᠳᠠᠯ ᠢ ᠤᠳᠤ ᠨᠢᠭᠡᠨᠲᠡ | 30 ᠭᠠᠷᠤᠶ ᠠᠰᠠᠭᠤᠳᠠᠯ ᠢ ᠰᠢᠢᠳᠪᠦᠷᠢᠯᠡᠵᠦ᠂ ᠤᠳᠤ ᠶᠠᠭ 65 ᠵᠦᠢᠯ ᠢ ᠰᠢᠢᠳᠪᠦᠷᠢᠯᠡᠵᠦ ᠪᠠᠶᠢᠨ᠎ᠠ᠃ | ᠪᠣᠳᠠᠲᠤ ᠪᠠᠶᠢᠳᠠᠯ ᠳᠤ ᠰᠠᠭᠤᠷᠢᠯᠠᠨ ᠲᠥᠪ ᠰᠤᠷᠲᠠᠯ ᠢ ᠰᠠᠬᠢᠵᠤ ᠰᠢᠨ᠎ᠡ ᠶᠢ ᠡᠭᠦᠳᠬᠦ ᠬᠡᠷᠡᠭᠲᠡᠶ | ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠪᠣᠳᠠᠲᠤ ᠪᠠᠶᠢᠳᠠᠯ ᠳᠤ ᠰᠠᠭᠤᠷᠢᠯᠠᠨ᠂ ᠭᠤᠤᠯ ᠰᠡᠳᠦᠪᠲᠦ ᠬᠥᠮᠦᠵᠢᠯ ᠢ | ᠪᠦᠲᠦᠭᠡᠯᠴᠢ ᠪᠠᠷ ᠥᠷᠨᠢᠭᠦᠯᠵᠦ᠂ ᠬᠠᠮᠤᠭ ᠤᠨ ᠰᠠᠶᠢᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃ | ᠲᠤᠭ᠎ᠠ ᠪᠦᠷᠢᠳᠬᠡᠯ ᠤᠨ ᠲᠣᠪᠴᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠨᠣᠮ ᠤᠩᠰᠢᠬᠤ ᠠᠩᠭᠢ ᠡᠷᠬᠢᠯᠡᠵᠦ᠂ ᠣᠯᠠᠨ ᠢ ᠰᠢᠯᠢᠳᠡᠭ ᠨᠠᠮ ᠤᠨ ᠭᠡᠰᠢᠭᠦᠨ ᠤ ᠲᠡᠷᠢᠭᠦᠨ ᠤ | ᠦᠢᠯᠡ ᠠᠵᠢᠯᠯᠠᠭ᠎ᠠ ᠶᠢ ᠰᠤᠷᠤᠯᠴᠠᠬᠤ ᠶᠢ ᠰᠠᠨᠠᠭᠠᠴᠢᠯᠠᠵᠤ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠪᠡ︔ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠡᠬᠡ ᠣᠷᠣᠨᠴᠢ ᠦᠵᠡᠯ ᠤᠨ ᠭᠤᠤᠯ | ᠰᠡᠳᠦᠪᠲᠦ ᠬᠥᠮᠦᠵᠢᠯ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠡᠷᠬᠢᠯᠡᠵᠦ᠂ ᠤᠳᠤ ᠦᠶ᠎ᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠤᠨ ᠡᠬᠡ ᠣᠷᠣᠨᠴᠢ ᠦᠵᠡᠯ ᠤᠨ ᠬᠠᠶᠢᠷ᠎ᠠ ᠰᠡᠳᠬᠢᠯᠭᠡ ᠶᠢ ᠤᠯᠠᠮ ᠨᠢᠭᠡ ᠠᠯᠬᠤᠮ | ᠪᠠᠲᠤᠳᠬᠠᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠢ ᠦᠨᠡᠨ ᠬᠦ ᠴᠢᠩᠭᠠᠳᠬᠠᠪᠠ︔ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠵᠦ᠂ ᠦᠨᠡᠨᠴᠢ ᠰᠢᠳᠤᠷᠭᠤ ᠪᠠᠷ ᠶᠡᠭᠡ ᠪᠠᠶᠠᠷ ᠢ ᠪᠠᠲᠤᠯᠠᠬᠤ︾ ᠰᠡᠳᠬᠢᠴᠡ ᠶᠢᠨ ᠬᠠᠪᠰᠤᠷᠤᠨ | ᠵᠢᠯᠣᠭᠤᠳᠬᠤ ᠠᠵᠢᠯᠯᠠᠭ᠎ᠠ ᠡᠷᠬᠢᠯᠡᠵᠦ᠂ ᠴᠠᠭᠳᠠᠭᠠᠨ ᠤ ᠶᠠᠪᠤᠳᠠᠯ ᠤᠨ ᠨᠡᠪᠲᠡᠷᠡᠯᠴᠡᠬᠦ ᠴᠢᠳᠠᠪᠤᠷᠢ ᠪᠠᠨ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠨᠢᠭᠲᠠᠷᠠᠯ ᠤᠨ ᠬᠦᠴᠦᠨ ᠢ ᠴᠢᠩᠭᠠᠳᠬᠠᠪᠠ︔ ᠰᠢᠶᠠᠨ ᠤ ᠤᠯᠠᠭᠠᠨᠮᠥ᠋ᠴᠢᠷ ᠴᠠᠷᠭᠢᠯ | ᠬᠤᠯᠪᠣᠭ᠎ᠠ᠂ ᠳᠠᠭᠤᠯᠠᠯᠲᠣ ᠵᠦᠴᠦᠭᠡ᠂ ᠣᠬᠤᠷ ᠵᠦᠴᠦᠭᠡ ᠶᠢ ᠥᠪᠡᠷ ᠢᠶᠠᠨ ᠨᠠᠶᠢᠷᠠᠭᠤᠯᠤᠨ ᠲᠣᠭᠯᠠᠵᠤ᠂ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠬᠡᠯᠪᠡᠷᠢ ᠪᠠᠷ ᠴᠠᠭ ᠤᠨ ᠪᠠᠶᠢᠳᠠᠯ ᠲᠥᠷᠦ ᠶᠢᠨ ᠪᠣᠳᠣᠯᠭ᠎ᠠ ᠶᠢᠨ | ᠬᠥᠮᠦᠵᠢᠯ ᠢ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠢ ᠬᠢᠪᠡ᠃ | ᠣᠳᠣᠬᠠᠨ ᠪᠣᠯᠲᠠᠯ᠎ᠠ᠂ ᠪᠠᠶ ᠡᠯ ᠶᠧ ᠶᠢᠨ ᠭᠤᠤᠯ ᠰᠡᠳᠦᠪᠲᠦ ᠬᠥᠮᠦᠵᠢᠯ ᠤᠨ ᠰᠠᠭᠤᠷᠢᠨ ᠭᠠᠵᠠᠷ ᠨᠢᠭᠡᠨᠲᠡ | ᠵᠠᠯᠭᠠᠭ᠎ᠠ ᠪᠠᠷ 1300 ᠭᠠᠷᠤᠶ ᠤᠳᠠᠭ᠎ᠠ ᠨᠠᠮ ᠤᠨ ᠭᠡᠰᠢᠭᠦᠨ ᠺᠠᠳ᠋ᠷ ᠢ ᠬᠦᠯᠢᠶᠡᠨ ᠠᠪᠴᠤ ᠵᠣᠴᠢᠯᠠᠪᠠ᠂ ᠠᠳᠡᠬᠢ | ᠡᠯᠡᠰᠦ ᠶᠢ ᠵᠠᠰᠠᠭᠰᠠᠨ ᠡᠳ᠋ ᠪᠣᠳᠠᠰ᠂ ᠲᠡᠤᠬᠡ ᠶᠢᠨ ᠭᠡᠷᠡᠯ ᠵᠢᠷᠤᠭ ᠤᠳ ᠨᠢ ᠴᠥᠮ ᠨᠠᠮ ᠤᠨ ᠭᠡᠰᠢᠭᠦᠨ ᠺᠠᠳ᠋ᠷ ᠤᠨ | ᠦᠨᠳᠦᠰᠦ ᠡᠭᠦᠰᠪᠦᠷᠢ ᠶᠢ ᠨᠢ ᠣᠯᠬᠤ ᠬᠠᠮᠤᠭ ᠰᠠᠶᠢᠨ ᠵᠢᠭᠠᠬᠤ ᠮᠠᠲ᠋ᠧᠷᠢᠶᠠᠯ ᠪᠣᠯᠵᠠᠶ᠂ ᠠᠳᠡᠬᠢ ᠤᠳᠠᠭ᠎ᠠ ᠪᠦᠷᠢ ᠶᠢᠨ | ᠳᠠᠪᠰᠢᠯᠲᠠ᠂ ᠤᠳᠠᠭ᠎ᠠ ᠪᠦᠷᠢ ᠶᠢᠨ ᠠᠮᠵᠢᠯᠲᠠ ᠪᠣᠯ ᠴᠥᠮ ᠪᠠᠶ ᠡᠯ ᠶᠧ ᠡᠯᠡᠰᠦᠨ ᠳᠠᠪᠠᠭ᠎ᠠ ᠶᠢᠨ ︽ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠂ ᠰᠢᠨᠵᠢᠯᠡᠬᠦ | ᠤᠬᠠᠭᠠᠨᠴᠢ ᠪᠠᠷ ᠪᠣᠳᠠᠲᠠᠶ ᠶᠢ ᠡᠷᠬᠢᠮᠯᠡᠬᠦ᠂ ᠪᠣᠬᠢᠷᠲᠤᠯ ᠦᠭᠡᠢ ᠪᠠᠷ ᠬᠦᠰᠡᠯ ᠵᠡᠭᠦᠳᠦ ᠪᠠᠨ ᠴᠣᠭᠴᠠᠯᠠᠬᠤ᠂ ᠤᠳᠠᠭᠠᠨ | ᠳᠠᠭᠠᠭᠠᠮᠠᠭᠠᠶ ᠴᠢᠷᠮᠠᠶᠢᠬᠤ︾ ᠡᠯᠡᠰᠦᠷᠬᠡᠭᠵᠢᠯ ᠢ ᠵᠠᠰᠠᠬᠤ ᠵᠣᠷᠢᠭ ᠰᠠᠨᠠᠭᠠᠨ ᠤ ᠤᠯᠠᠮᠵᠢᠯᠠᠯ ᠪᠣᠯᠤᠨ᠎ᠠ᠃ ᠲᠣᠭᠤᠷᠢᠨ | ᠦᠵᠡᠬᠦ ᠪᠠᠷ ᠢᠷᠡᠭᠰᠡᠨ ᠮᠠᠰᠢ ᠣᠯᠠᠨ ᠨᠠᠮ ᠤᠨ ᠭᠡᠰᠢᠭᠦᠨ ᠺᠠᠳ᠋ᠷᠴᠤᠳ ᠪᠠᠰᠠ ᠲᠣᠭᠤᠷᠢᠨ ᠦᠵᠡᠬᠦ ᠪᠠ | ᠰᠤᠷᠤᠯᠴᠠᠬᠤ ᠪᠠᠷ ᠳᠠᠮᠵᠢᠨ᠂ ᠤᠭ ᠰᠠᠨᠠᠭ᠎ᠠ ᠪᠠᠨ ᠦᠯᠦ ᠮᠠᠷᠲᠠᠬᠤ ᠦᠨᠳᠦᠰᠦ ᠶᠢ ᠡᠷᠢᠨ ᠣᠯᠵᠤ᠂ ᠨᠣᠭᠤᠭᠠᠨ | ᠥᠩᠭᠡ ᠪᠠᠷ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠦᠭ ᠰᠦᠨᠡᠰᠦ ᠶᠢ ᠬᠥᠭᠡᠭᠡᠴᠡᠯᠳᠦᠵᠦ᠂ ᠪᠠᠰᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠡᠬᠢ ᠡᠭᠦᠰᠦᠯ ᠢ ᠮᠥᠷᠳᠡᠵᠦ ᠣᠯᠵᠠᠶ ᠭᠡᠵᠦ ᠢᠯᠡᠳᠬᠡᠵᠡᠭᠡᠪᠡ᠃ | ᠬᠤᠷᠢᠨᠭᠡᠷ ᠰᠢᠶᠠᠨ ︽ᠤᠭ ᠰᠠᠨᠠᠭᠠᠨ ᠤ ᠬᠢᠴᠢᠶᠡᠯ ᠤᠨ ᠲᠠᠩᠬᠢᠮ︾ ᠢ ᠲᠡᠤᠬᠡ ᠶᠢᠨ ᠦᠵᠡᠭᠳᠡᠯ ᠳᠤ ᠨᠡᠭᠦᠯᠭᠡᠨ | ᠣᠷᠣᠭᠤᠯᠵᠠᠶ᠃ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠲᠤᠬᠠᠶ ᠶᠢᠨ ᠭᠠᠵᠠᠷ ᠤᠨ ᠡᠬᠢ ᠪᠠᠶᠠᠯᠢᠭ ᠢ | ᠰᠠᠶᠢᠲᠤᠷ ᠬᠡᠷᠡᠭᠯᠡᠨ᠂ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠬᠦ ᠬᠡᠷᠡᠭᠲᠡᠶ᠃ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠤᠷᠤᠯᠴᠠᠬᠤ ᠳᠤ ᠳᠠᠭᠤᠷᠢᠶᠠᠯ ᠲᠠᠢ᠂ ᠬᠢᠬᠦ ᠳᠤ ᠴᠢᠭᠯᠡᠯ ᠲᠠᠢ | ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠬᠤᠷᠢᠨᠭᠡᠷ ᠰᠢᠶᠠᠨ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ | ᠬᠥᠮᠦᠵᠢᠭᠦᠯᠬᠦ ᠶᠢ ᠴᠢᠬᠤᠯᠠᠴᠢᠯᠠᠵᠤ᠂ ᠪᠠᠶ ᠡᠯ ᠶᠧ ᠶᠢᠨ ᠡᠯᠡᠰᠦᠨ ᠳᠠᠪᠠᠭ᠎ᠠ ᠶᠢᠨ ᠡᠯᠡᠰᠦ ᠶᠢ ᠵᠠᠰᠠᠬᠤ ᠵᠣᠷᠢᠭ ᠰᠠᠨᠠᠭ᠎ᠠ | ᠂ ᠵᠠᠩ ᡁᠢ᠂ ᠹᠠᠨ ᠷᠧᠨ ᠢ ᠵᠡᠷᠭᠡ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠤ ᠦᠢᠯᠡ | ᠠᠵᠢᠯᠯᠠᠭ᠎ᠠ ᠶᠢ ᠭᠦᠨᠵᠡᠭᠡᠶ ᠠᠭᠤᠳᠠᠯᠤᠨ ᠤᠬᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠢ ᠬᠥᠮᠦᠵᠢᠭᠦᠯᠦᠨ | ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠦᠵᠡᠯ ᠰᠠᠨᠠᠭ᠎ᠠ ᠪᠠᠨ ᠴᠡᠪᠡᠷᠯᠡᠵᠦ᠂ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠤᠭ ᠰᠠᠨᠠᠭ᠎ᠠ ᠪᠠᠨ ᠪᠠᠲᠤ | ᠰᠠᠬᠢᠬᠤ ᠤᠯᠤᠰ ᠲᠥᠷᠦ ᠶᠢᠨ ᠵᠠᠩ ᠴᠢᠨᠠᠷ᠂ ᠠᠷᠠᠳ ᠲᠦᠮᠡᠨ ᠳᠤ ᠪᠤᠶᠠᠨ ᠦᠢᠯᠡᠳᠬᠦ᠂ ᠬᠤᠪᠢ ᠨᠡᠮᠡᠷᠢ ᠦᠵᠡᠭᠦᠯᠬᠦ | ᠴᠢᠩ ᠦᠨᠡᠨᠴᠢ ᠰᠡᠳᠬᠢᠯᠭᠡ ᠶᠢ ᠨᠢ ᠰᠤᠷᠤᠯᠴᠠᠭᠤᠯᠬᠤ ᠬᠡᠷᠡᠭᠲᠡᠶ᠃ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠢᠯ ᠬᠢᠵᠦ ᠦᠢᠯᠡᠰ ᠪᠣᠰᠬᠠᠨ᠂ ᠪᠣᠳᠠᠲᠤ ᠦᠷ᠎ᠡ | ᠪᠦᠲᠦᠮᠵᠢ ᠶᠢ ᠴᠢᠬᠤᠯᠠᠴᠢᠯᠠᠨ᠂ ᠪᠣᠳᠠᠲᠤ ᠠᠰᠠᠭᠤᠳᠠᠯ ᠢ ᠰᠢᠢᠳᠪᠦᠷᠢᠯᠡᠨ᠎ᠡ᠃ ᠭᠤᠤᠯ ᠰᠡᠳᠦᠪᠲᠦ ᠬᠥᠮᠦᠵᠢᠯ ᠤᠨ | ᠭᠦᠨᠵᠡᠭᠡᠶᠢᠷᠡᠨ ᠥᠷᠨᠢᠬᠦ ᠶᠢ ᠳᠠᠭᠠᠯᠳᠤᠨ᠂ ᠬᠤᠷᠢᠨᠭᠡᠷ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠯᠠᠪᠲᠠᠶ | ᠦᠵᠡᠯ ᠰᠠᠨᠠᠭᠠᠨ ᠤ ᠳᠠᠬᠢᠨ ᠳᠠᠪᠲᠠᠯᠲᠠ᠂ ᠤᠭ ᠰᠠᠨᠠᠭᠠᠨ ᠤ ᠳᠠᠬᠢᠨ ᠳᠠᠪᠠᠯᠲᠠ᠂ ᠡᠭᠦᠷᠭᠡ ᠬᠠᠷᠢᠭᠤᠴᠠᠯᠭ᠎ᠠ ᠶᠢᠨ | ᠳᠠᠬᠢᠨ ᠳᠡᠭᠡᠭᠰᠢᠯᠡᠯᠲᠡ᠂ ᠦᠨᠡᠨᠴᠢ ᠰᠢᠳᠤᠷᠭᠤ ᠶᠢᠨ ᠳᠠᠬᠢᠨ ᠪᠣᠯᠪᠠᠰᠣᠷᠠᠭᠤᠯᠣᠯᠲᠠ ᠶᠢᠨ ᠳᠤᠮᠳᠠ᠂ ᠰᠢᠨ᠎ᠡ ᠴᠠᠭ | ᠣᠶᠢᠶ᠎ᠠ ᠳᠤ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢᠶᠠᠨ ᠪᠠᠳᠠᠷᠠᠭᠤᠯᠬᠤ ᠪᠣᠯᠤᠨ᠎ᠠ᠃ |