ᠬᠤᠷᠢᠨᠭᠡᠷ ᠰᠢᠶᠠᠨ ᠤᠯᠤᠰ ᠤᠨ ᠲᠤᠭ ᠮᠠᠨᠳᠤᠭᠤᠯᠬᠤ ᠶᠤᠰᠤᠯᠠᠯ ᠶᠠᠪᠣᠭᠤᠯᠵᠣ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠪᠡ
ᠨᠡᠶᠢᠲᠡᠯᠡᠭᠰᠡᠨ ᠴᠠᠭ᠄
2019-10-09
     10 ᠳ᠋ᠤᠭᠠᠷ ᠰᠠᠷ᠎ᠠ ᠶᠢᠨ 1 ᠤ ᠡᠳᠦᠷ᠂ ᠬᠤᠷᠢᠨᠭᠡᠷ ᠰᠢᠶᠠᠨ ᠪᠡᠶ᠎ᠡ ᠶᠢᠨ ᠲᠠᠮᠢᠷ ᠤᠨ ᠲᠠᠯᠠᠪᠠᠢ ᠳᠤ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠪᠡ᠃ ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠡᠷᠬᠢᠯᠡᠭᠴᠢ ᠶᠤᠸᠠᠨ ᡁᠢ᠂ ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠪᠠᠶ ᠷᠦᠢ ᠶᠢᠨ ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠠᠴᠠ ᠤᠳᠤᠷᠢᠳᠴᠤ᠂ ᠡᠯ᠎ᠡ ᠰᠢᠶᠠᠩ ᠪᠠᠯᠭᠠᠰᠤ ᠪᠣᠯᠣᠨ ᠨᠡᠭᠡᠭᠡᠯᠲᠡ ᠶᠢᠨ ᠲᠣᠭᠤᠷᠢᠭ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠤ ᠲᠥᠯᠥᠭᠡᠯᠡᠭᠴᠢ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠪᠠ᠃      ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ ᠨᠠᠨ ᠨᠠᠨ ᠲᠤᠭ ᠮᠠᠨᠳᠤᠭᠤᠯᠬᠤ ᠶᠣᠰᠣᠯᠠᠯ ᠢ ᠡᠷᠬᠢᠯᠡᠵᠡᠢ᠃      ᠰᠦᠷ ᠵᠢᠪᠬᠤᠯᠠᠩᠲᠤ ᠤᠯᠤᠰ ᠤᠨ ᠳᠠᠭᠤᠣ ᠶᠢᠨ ᠠᠶ᠎ᠠ ᠶᠢ ᠳᠠᠭᠠᠯᠳᠤᠨ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠨᠠᠮᠢᠷᠠᠵᠤ᠂  ᠪᠦᠬᠦ ᠲᠠᠯᠠᠪᠠᠢ ᠶᠢᠨ ᠬᠦᠮᠦᠰ ᠲᠥᠪ ᠬᠢᠴᠢᠶᠡᠩᠭᠦᠶ ᠵᠣᠭᠰᠣᠨ᠂ ᠰᠢᠷᠲᠡᠬᠦ ᠶᠣᠰᠣ ᠬᠢᠵᠦ᠂ ᠬᠠᠮᠲᠤ ᠪᠠᠷ ᠤᠯᠤᠰ ᠤᠨ ᠳᠠᠭᠤᠤ ᠶᠢ ᠳᠠᠭᠤᠯᠠᠵᠤ᠂ ᠤᠯᠤᠰ ᠤᠨ ᠲᠤᠭ ᠲᠠᠭᠠᠨ ᠬᠦᠨᠳᠦᠳᠬᠡᠯ ᠳᠡᠪᠰᠢᠭᠦᠯᠵᠦ᠂ ᠡᠬᠡ ᠤᠯᠤᠰ ᠲᠠᠭᠠᠨ ᠵᠥᠩᠨᠡᠯ ᠳᠡᠪᠰᠢᠭᠦᠯᠪᠡ᠃      ᠴᠧᠨ ᠯᠢ ᠶᠢᠨ ᠰᠢᠶᠠᠨ ᠤ ᠳᠥᠷᠪᠡᠨ ᠶᠡᠭᠡ ᠪᠠᠭ ᠢ ᠲᠥᠯᠥᠭᠡᠯᠡᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠥᠬᠦᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠲᠡᠷᠡ᠂ ᠰᠢᠨ᠎ᠡ ᠪᠠᠶᠢᠳᠠᠯ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠰᠢᠨ᠎ᠡ ᠠᠶᠠᠨ ᠵᠠᠮ ᠤᠨ ᠡᠭᠦᠷᠭᠡ ᠬᠦᠨᠳᠦ ᠵᠠᠮ ᠬᠤᠯᠠ ᠪᠠᠶᠢᠨ᠎ᠠ᠂ ᠪᠦᠬᠦ ᠰᠢᠶᠠᠨ ᠤ ᠬᠢᠨ ᠵᠠᠪᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠭᠤᠰᠢᠯᠠᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠪᠠᠲᠤ ᠪᠠᠬᠢ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠮᠠᠨ ᠤ ᠰᠢᠶᠠᠨ ᠳᠤ ᠦᠨᠳᠦᠰᠦᠯᠡᠨ᠂ ᠴᠡᠴᠡᠭᠯᠡᠨ ᠵᠢᠮᠢᠰᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号