ᠰᠢᠶᠠᠨ ᠤ ᠵᠠᠰᠠᠭ ᠤᠨ ᠣᠷᠳᠣᠨ ︵2019 ᠣᠨ︶ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2019-05-08
     4 ᠳ᠋ᠦ᠋ᠭᠡᠷ ᠰᠠᠷ᠎ᠠ ᠶᠢᠨ 14 ᠤ ᠦᠳᠡ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2019 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠤᠷᠢᠨᠭᠡᠷ ᠰᠢᠶᠠᠨ ᠤ 2019 ᠣᠨ ᠤ ᠲᠣᠰᠬᠤᠨ ᠤ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠤ ᠬᠡᠷᠡᠭᠵᠢᠭᠦᠯᠬᠦ ᠲᠥᠰᠦᠯ︾᠂ ︽ᠬᠤᠷᠢᠨᠭᠡᠷ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠤ᠂ ︽ᠱᠧᠩ ᠯᠧ ᠪᠠᠯᠭᠠᠰᠤ ᠶᠢᠨ ᠶᠡᠷᠦᠩᠬᠡᠢ ᠲᠦᠯᠦᠪᠵᠢᠭᠦᠯᠭᠡ ︵2019 — 2035 ᠣᠨ︶︾ ᠶᠢᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃      ᠰᠢᠶᠠᠨ ᠤ ᠤᠳᠤᠷᠢᠳᠤᠯᠭ᠎ᠠ ᠵᠠᠩ ᠯᠢᠨ ᠯᠢᠨ᠂ ᠳᠠᠶᠢᠴᠢᠨ᠂ ᠯᠢ ᠵᠧᠩ ᠾᠦᠩ᠂ ᠴᠢ ᠪᠠᠢ ᠰᠢᠶᠣᠤ᠂ ᠾᠧ ᠹᠧᠩ᠂ ᠵᠠᠩ ᠵᠢᠶᠠᠨ ᠴᠢᠩ᠂ ᠲᠣᠶᠠᠭ᠎ᠠ ᠬᠤᠷᠠᠯ ᠳᠤ ᠣᠷᠣᠯᠴᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠦ ᠪᠢᠨ᠂ ᠠᠵᠤ ᠠᠬᠤᠢ ᠶᠢᠨ ᠨᠡᠭᠡᠭᠡᠯᠲᠡ ᠵᠢᠨ‌‍ᠲ᠋ᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ ᠵᠢᠴᠢ ᠡᠯ᠎ᠡ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠵᠢᠭᠠᠵᠣ ᠭᠠᠷᠭᠠᠭᠰᠠᠨ ᠨᠢ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠢᠨ ︽ᠬᠤᠷᠢᠨᠭᠡᠷ ᠰᠢᠶᠠᠨ ᠤ 2019 ᠣᠨ ᠤ ᠲᠣᠰᠬᠤᠨ ᠤ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠤ ᠬᠡᠷᠡᠭᠵᠢᠭᠦᠯᠬᠦ ᠲᠥᠰᠦᠯ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢᠨ ᠬᠠᠮᠲᠤ ᠲᠦᠷᠭᠡᠬᠡᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ᠂ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠲᠣᠪᠴᠢᠶ᠎ᠠ ᠨᠢ ᠲᠣᠰᠬᠤᠨ ᠤ ᠨᠣᠭᠤᠭᠠᠷᠠᠭᠤᠯᠤᠯᠲᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠴᠠᠭ ᠤᠨ ᠵᠠᠩᠭᠢᠯᠠᠭ᠎ᠠ ᠶᠢᠨ ᠴᠡᠭ ᠢ ᠠᠳᠬᠤᠵᠤ ᠠᠵᠢᠯ ᠤᠨ ᠠᠬᠢᠴᠠ ᠪᠠᠨ ᠲᠦᠷᠭᠡᠳᠬᠡᠵᠦ᠂ ᠵᠣᠬᠢᠶᠠᠨ ᠪᠠᠶᠢᠭᠤᠯᠵᠣ ᠬᠡᠷᠡᠭᠵᠢᠭᠦᠯᠬᠦ ᠳᠤ ᠨᠠᠩ ᠠᠮᠢᠳᠤᠯᠢᠭ ᠤᠯᠠᠨ ᠶᠠᠩᠵᠤ ᠶᠢᠨ ᠪᠠᠶᠢᠯᠭᠠᠵᠣ᠂ ᠴᠢᠬᠢ ᠮᠣᠳᠣᠨ ᠤ ᠦᠨ᠎ᠡ ᠬᠠᠩᠰᠢ ᠶᠢ ᠡᠵᠡᠮᠳᠡᠵᠦ᠂ ᠥᠪᠡᠷ ᠤᠨ ᠥᠷᠲᠡᠭ ᠢ ᠦᠨᠡᠨᠬᠦ ᠪᠠᠭᠤᠷᠠᠭᠤᠯᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ︽ᠬᠤᠷᠢᠨᠭᠡᠷ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠴᠢᠨᠠᠭᠰᠢᠳᠠ ᠨᠠᠷᠢᠯᠢᠭᠵᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠶᠢᠨ ᠬᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭᠠᠷᠠᠭᠤᠯᠤᠨ᠂ ᠲᠤᠰᠬᠠᠢ ᠬᠥᠮᠥᠨ ᠲᠣᠮᠢᠯᠠᠵᠤ ᠲᠤᠰ ᠭᠠᠵᠠᠷ ᠣᠷᠣᠨ ᠤ ᠪᠠᠨ ᠬᠤᠯᠪᠣᠭᠳᠠᠯ ᠪᠦᠬᠦᠢ ᠲᠥᠷᠥᠯ ᠵᠦᠢᠯ ᠢ ᠣᠷᠣᠭᠤᠯᠵᠤ ᠢᠷᠡᠬᠦ ᠪᠠ ᠬᠡᠷᠡᠭᠵᠢᠭᠦᠯᠬᠦ ᠶᠢ ᠬᠠᠷᠢᠭᠤᠴᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠩᠭᠠᠳᠬᠠᠭᠰᠠᠨ ᠨᠢ᠂ ᠤᠯᠠᠨ ᠲᠥᠯᠥᠪᠵᠢᠭᠦᠯᠭᠡ ᠶᠢ ᠨᠢᠭᠡᠳᠬᠡᠬᠦ ᠶᠢ ᠪᠠᠷᠢᠮᠲᠠᠯᠠᠵᠤ᠂ ᠱᠧᠩ ᠯᠧ ᠪᠠᠯᠭᠠᠰᠤ ᠶᠢᠨ ᠶᠡᠷᠦᠩᠬᠡᠢ ᠲᠥᠯᠥᠪᠵᠢᠭᠦᠯᠪᠡ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠪᠡ᠂ ᠱᠧᠩ ᠯᠧ ᠪᠠᠯᠭᠠᠰᠤ ᠶᠢᠨ ᠣᠨᠴᠠᠯᠢᠭᠲᠤ ᠵᠢᠵᠢᠭ ᠪᠠᠯᠭᠠᠰᠤ ᠶᠢᠨ ᠲᠥᠯᠥᠪᠵᠢᠭᠦᠯᠪᠡ ᠵᠡᠷᠭᠡ ᠶᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃      ᠬᠤᠷᠠᠯ ᠠᠴᠠ ᠪᠠᠰᠠ ︽ᠬᠤᠷᠢᠨᠭᠡᠷ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠰᠲ᠋ᠣᠺ ᠤᠨ ᠡᠷᠬᠡ ᠶᠢ ᠲᠣᠬᠢᠷᠠᠭᠤᠯᠬᠤ ᠪᠠ ᠬᠡᠮᠵᠢᠶᠡᠵᠢᠭᠦᠯᠦᠨ ᠬᠠᠮᠢᠶᠠᠷᠬᠤ ᠲᠤᠬᠠᠢ ᠵᠢᠯᠣᠭᠤᠳᠬᠤ ᠰᠠᠨᠠᠯ︾᠂ ︽ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠤᠷᠲᠠᠯ ᠤᠨ ᠪᠠᠶᠢᠭᠤᠯᠣᠯᠲᠠ ᠶᠢ ᠴᠢᠩᠭᠠᠳᠬᠠᠵᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠲᠥᠰᠦᠯ︾᠂ ︽ᠬᠤᠷᠢᠨᠭᠡᠷ ᠰᠢᠶᠠᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠵᠢᠷᠤᠮᠵᠢᠭᠤᠯᠤᠨ ᠬᠠᠮᠢᠶᠠᠷᠬᠤ ᠲᠤᠬᠠᠢ ᠬᠡᠷᠡᠭᠵᠢᠭᠦᠯᠬᠦ ᠰᠠᠨᠠᠯ ︵ᠲᠦᠷ ᠬᠡᠷᠡᠭᠵᠢᠭᠦᠯᠬᠦ︶︾ ᠢ ᠬᠢᠨᠠᠨ ᠵᠥᠪᠯᠡᠵᠦ᠂ ᠠᠭᠤᠷᠬᠠᠢ᠂ ᠰᠢᠶᠠᠨ ᠤ ᠡᠮᠨᠡᠯᠭᠡ ᠶᠢᠨ ᠬᠤᠷᠢᠶ᠎ᠠ ᠪᠣᠯᠣᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠮᠴᠢ ᠤᠷᠢᠵᠤ ᠡᠯᠰᠡᠬᠦ᠂ ᠰᠢᠯᠢᠳᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠢᠴᠢ ᠰᠢᠯᠢᠳᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠢ ᠬᠥᠬᠢᠭᠦᠯᠦᠨ ᠰᠠᠶᠢᠰᠢᠶᠠᠬᠤ ᠵᠡᠷᠭᠡ ᠶᠠᠪᠤᠳᠠᠯ ᠢ ᠰᠤᠳᠤᠯᠵᠠᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号