ᠵᠣᠴᠢᠨ᠄ ᠬᠦᠬᠡᠬᠤᠲᠠ ᠶᠢᠨ ᠬᠤᠷᠢᠨᠭᠡᠷ ᠰᠢᠶᠠᠨ ᠤ ᠰᠢᠶᠠᠨ ᠤ ᠳᠡᠳ᠋ ᠳᠠᠷᠤᠭ᠎ᠠ ᠲᠣᠶᠠᠭ᠎ᠠ | | | | | | ﹇ᠬᠠᠮᠢᠶᠠᠷᠣᠭᠴᠢ﹈ ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠲᠠ ᠶᠢᠨ ᠵᠠᠰᠠᠭ ᠤᠨ ᠣᠷᠳᠣᠨ ᠤ | ᠰᠦᠯᠵᠢᠶ᠎ᠡ ᠪᠣᠯᠤᠨ ᠬᠦᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ | ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠤ ᠠᠨᠳᠠ ᠨᠠᠷ ᠰᠦᠯᠵᠢᠶᠡᠨ | ᠳᠡᠭᠡᠷ᠎ᠡ ᠦᠭᠡ ᠦᠯᠡᠳᠡᠭᠡᠵᠦ ᠡᠷᠬᠢᠮ ᠵᠣᠴᠢᠨ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠤ ᠠᠨᠳᠠ | ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ﹇ᠬᠦᠲᠦᠯᠦᠭᠴᠢ﹈ ᠲᠤᠶᠠᠭ᠎ᠠ ᠳᠠᠷᠤᠭ᠎ᠠ ᠰᠠᠶᠢᠨ ᠪᠠᠶᠢᠨ᠎ᠠ ᠤᠤ᠂ ᠲᠠ ᠪᠢᠳᠡᠨ ᠤ ᠥᠨᠥᠳᠥᠷ ᠤᠨ ᠰᠦᠯᠵᠢᠶᠡᠨ | ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠣᠭᠰᠠᠨ ᠳᠤ ᠮᠠᠰᠢ ᠪᠠᠶᠠᠷᠯᠠᠵᠤ ᠪᠠᠶᠢᠨ᠎ᠠ᠃ ᠥᠨᠥᠳᠥᠷ ᠪᠢᠳᠡ | ᠣᠯᠠᠨ ᠳᠤ ᠪᠠᠨ ᠮᠠᠨ ᠤ ᠬᠤᠲᠠ ᠶᠢᠨ ᠬᠤᠷᠢᠨᠭᠡᠷ ᠰᠢᠶᠠᠨ ᠨᠢ ᠬᠡᠷᠬᠢᠨ ᠨᠠᠷᠠᠲᠤ ᠲᠡᠮᠳᠡᠭᠲᠦ ᠶᠢᠨ ᠰᠣᠶᠣᠯ ᠵᠢᠭᠤᠯᠴᠢᠯᠠᠯ | ᠪᠠᠶᠠᠷ ᠨᠠᠶᠢᠷ ᠤᠨ ᠠᠵᠢᠯᠯᠠᠭ᠎ᠠ ᠶᠢ ᠪᠣᠶᠢᠵᠢᠭᠤᠯᠣᠨ ᠬᠦᠭᠵᠢᠭᠦᠯᠬᠦ ᠪᠠᠷ ᠳᠠᠮᠵᠢᠭᠤᠯᠤᠨ᠂ ᠬᠤᠷᠢᠨᠭᠡᠷ ᠤᠨ ᠬᠠᠮ | ᠵᠢᠭᠤᠯᠴᠢᠯᠠᠯ ᠤᠨ ᠬᠥᠭᠵᠢᠯᠲᠡ ᠶᠢ ᠲᠦᠯᠬᠢᠨ ᠠᠬᠢᠭᠤᠯᠣᠭᠰᠠᠨ ᠲᠤᠬᠠᠢ ᠲᠠᠨᠢᠯᠴᠠᠭᠤᠯᠬᠤ ᠪᠣᠯᠣᠨ᠎ᠠ᠃ ᠶᠠᠭᠤᠨ ᠤ | ᠡᠮᠦᠨ᠎ᠡ ᠬᠤᠷᠢᠨᠭᠡᠷ ᠰᠢᠶᠠᠨ ᠤ ᠦᠨᠳᠦᠰᠦᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ﹇ᠵᠣᠴᠢᠨ﹈ ᠬᠤᠷᠢᠨᠭᠡᠷ ᠰᠢᠶᠠᠨ ᠥᠪᠡᠷᠲᠡᠭᠡᠨ ᠵᠠᠰᠠᠬᠤ ᠣᠷᠣᠨ ᠤ ᠳᠤᠮᠳᠠ ᠡᠮᠦᠨᠡᠲᠦ ᠬᠡᠰᠡᠭ ᠲᠤ | ᠪᠠᠶᠢᠷᠢᠯᠠᠵᠤ᠂ ᠥᠨᠢ ᠤᠳᠠᠭᠠᠨ ᠲᠡᠦᠬᠡ ᠲᠠᠢ᠂ ᠨᠣᠲᠤᠭ ᠤᠰᠣ ᠨᠢ ᠠᠷᠢᠭᠤᠨ ᠲᠠᠭᠱᠢᠨ᠂ ᠮᠠᠰᠢ ᠣᠯᠠᠨ ᠰᠢᠯᠢᠳᠡᠭ | ᠬᠦᠮᠦᠰ ᠴᠣᠯᠭᠤᠷᠠᠨ ᠭᠠᠷᠣᠭᠰᠠᠨ ᠭᠠᠵᠠᠷ ᠶᠤᠮ᠃ ᠣᠶᠢᠷ᠎ᠠ ᠶᠢᠨ ᠵᠢᠯ ᠠᠴᠠ᠂ ᠬᠤᠷᠢᠨᠭᠡᠷ ᠰᠢᠶᠠᠨ ᠰᠢᠨ᠎ᠡ ᠪᠠᠷ | ᠮᠠᠨᠳᠤᠭᠰᠠᠨ ᠠᠵᠤ ᠦᠢᠯᠡᠳᠪᠦᠷᠢᠵᠢᠭᠦᠯᠦᠯᠲᠡ᠂ ᠬᠤᠳᠠ ᠪᠠᠯᠭᠠᠰᠤᠵᠢᠯᠳᠠ᠂ ᠮᠡᠳᠡᠭᠡ ᠵᠠᠩᠭᠢᠴᠢᠯᠠᠯᠲᠠ᠂ ᠲᠠᠷᠢᠶᠠᠯᠠᠩ | ᠮᠠᠯ ᠠᠵᠤ ᠠᠬᠤᠢ ᠶᠢᠨ ᠣᠳᠣᠬᠢᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢ ᠬᠠᠮᠵᠢᠯᠴᠠᠭᠤᠯᠣᠨ ᠬᠦᠭᠵᠢᠭᠦᠯᠬᠦ ᠶᠢ | ᠶᠡᠬᠡᠪᠡᠷ ᠠᠬᠢᠭᠤᠯᠵᠤ᠂ ᠪᠣᠬᠢᠷᠲᠤᠯ ᠦᠭᠡᠢ ᠢᠳᠡᠭᠡᠨ᠂ ᠡᠭᠦᠯᠡᠨ ᠪᠣᠳᠣᠯᠲᠠ ᠶᠢᠨ ᠲᠣᠮᠣ ᠳ᠋ᠠᠶᠢᠲ᠋ᠠ᠂ ᠴᠠᠬᠢᠯᠭᠠᠨ | ᠬᠦᠴᠦ᠂ ᠠᠮᠢ ᠠᠬᠤᠢ᠂ ᠵᠢᠭᠤᠯᠴᠢᠯᠠᠯ᠂ ᠪᠠᠷᠠᠭ᠎ᠠ ᠶᠢᠨ ᠭᠦᠢᠯᠭᠡᠭᠡ ᠵᠡᠷᠭᠡ ᠣᠨᠴᠠᠯᠢᠭᠲᠤ ᠠᠵᠤ ᠦᠢᠯᠡᠰ ᠢ | ᠪᠤᠶᠢᠵᠢᠭᠤᠯᠤᠨ ᠪᠦᠷᠢᠯᠳᠦᠭᠦᠯᠵᠦ᠂ ᠪᠦᠬᠦ ᠣᠷᠣᠨ ᠤ ᠰᠢᠶᠠᠨ ᠤ ᠬᠡᠪᠴᠢᠶᠡᠨ ᠤ ᠠᠵᠤ ᠠᠬᠤᠢ ᠪᠣᠯᠤᠨ ᠲᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠶᠢ ᠴᠣᠭᠴᠠᠯᠠᠨ ᠪᠠᠶᠢᠭᠤᠯᠬᠤ ᠳᠤ ᠯᠠᠪᠳᠠᠭᠤᠨ | ᠪᠠᠲᠤᠲᠠᠢ ᠠᠯᠬᠤᠮ ᠢ ᠠᠯᠬᠤᠭᠰᠠᠨ ᠪᠠᠶᠢᠨ᠎ᠠ᠃ ᠠᠵᠤ ᠠᠬᠤᠢ ᠬᠦᠭᠵᠢᠵᠦ ᠨᠡᠶᠢᠭᠡᠮ ᠪᠦᠬᠦ ᠲᠠᠯ᠎ᠠ ᠪᠠᠷ ᠳᠠᠪᠰᠢᠵᠣ | ᠪᠠᠶᠢᠬᠤ ᠴᠠᠭ ᠦᠶ᠎ᠡ ᠳᠤ᠂ ᠮᠠᠨ ᠤ ᠰᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ︽ᠬᠠᠮ | ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠦᠬᠦ | ᠬᠦᠴᠦᠨ ᠢᠶᠠᠷ ᠬᠡᠷᠡᠭᠵᠢᠭᠦᠯᠵᠦ ᠵᠢᠭᠤᠯᠴᠢᠯᠠᠯ ᠤᠨ ᠦᠢᠯᠡᠰ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠲᠤᠯᠭᠠᠭᠤᠷᠢᠯᠠᠬᠤ ᠠᠵᠤ ᠦᠢᠯᠡᠰ ᠪᠣᠯᠣᠨ ᠠᠷᠠᠳ ᠣᠯᠠᠨ ᠤ ᠨᠠᠩ ᠬᠠᠨᠤᠮᠵᠢᠲᠠᠢ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠬᠦ︾ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠰᠢᠨ᠎ᠡ ᠶᠢ ᠡᠭᠦᠳᠬᠦ᠂ ᠵᠣᠬᠢᠴᠠᠩᠭᠤᠢ᠂ | ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠢ | ᠦᠢᠯᠡᠳᠦᠯᠭᠡᠵᠢᠭᠦᠯᠵᠦ᠂ ᠵᠢᠭᠤᠯᠴᠢᠯᠠᠯ ᠤᠨ ᠦᠢᠯᠡᠰ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠵᠢᠭᠤᠯᠴᠢᠯᠠᠯ ᠤᠨ ᠰᠠᠭᠤᠷᠢ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠬᠥᠭᠵᠢᠯᠲᠡ ᠶᠢᠨ ᠵᠠᠭᠪᠣᠷ ᠤᠨ ᠰᠢᠨ᠎ᠡ ᠶᠢ ᠡᠭᠦᠳᠴᠦ᠂ ︽ | ᠲᠣᠭᠤᠷᠢᠨ ᠵᠣᠭᠠᠴᠠᠬᠤ ᠦᠵᠡᠮᠵᠢᠲᠦ ᠣᠷᠣᠨ ᠴᠡᠴᠡᠭ ᠤᠨ ᠳᠠᠯᠠᠢ ᠬᠤᠷᠢᠨᠭᠡᠷ︾ ᠭᠡᠬᠦ ᠣᠶᠢᠯᠠᠭᠠᠯᠲᠠ ᠶᠣᠰᠣᠭᠠᠷ᠂ | ︽ᠬᠠᠮ ᠵᠢᠭᠤᠯᠴᠢᠯᠠᠯ︾ ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠤᠯᠠᠷᠢᠯ | ᠬᠤᠪᠢᠶᠠᠨ ᠴᠡᠴᠡᠭ ᠬᠤᠸᠠᠷ ᠤᠨ ᠪᠠᠶᠠᠷ ᠨᠠᠶᠢᠷ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠥᠪᠥᠷ | ᠮᠣᠩᠭᠤᠯ ᠤᠨ ᠲᠥᠪ ᠬᠤᠲᠠ ᠬᠥᠬᠡᠬᠤᠲᠠ ᠶᠢᠨ ᠲᠡᠭᠦᠷᠭᠡ ᠶᠢᠨ ᠵᠢᠭᠤᠯᠴᠢᠯᠠᠯ ᠤᠨ ᠭᠠᠵᠠᠷ ᠪᠣᠯᠭᠠᠨ ᠢᠳᠡᠪᠬᠢᠲᠡᠶ | ᠴᠣᠭᠴᠠᠯᠠᠨ ᠪᠠᠶᠢᠭᠤᠯᠵᠣ ᠪᠣᠢ᠃ 2018 ᠣᠨ ᠳᠤ ᠪᠦᠬᠦ ᠰᠢᠶᠠᠨ ᠤ ᠵᠤᠭᠠᠴᠠᠭᠰᠠᠳ ᠢ 208 ᠲᠦᠮᠡᠨ ᠬᠥᠮᠥᠨ | ᠤᠳᠠᠭ᠎ᠠ ᠬᠦᠯᠢᠶᠡᠨ ᠠᠪᠴᠠᠢ᠃ | ﹇ᠬᠦᠲᠦᠯᠦᠭᠴᠢ﹈ ᠬᠤᠷᠢᠨᠭᠡᠷ ᠤᠨ ᠠᠷᠪᠠᠳᠤᠭᠠᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ | ᠵᠢᠭᠤᠯᠴᠢᠯᠠᠯ ᠤᠨ ᠨᠠᠶᠢᠷ ᠢ ᠤᠳᠠᠯ ᠦᠭᠡᠢ ᠡᠷᠬᠢᠯᠡᠬᠦ ᠭᠡᠵᠦ ᠪᠠᠶᠢᠨ᠎ᠠ᠂ ᠲᠠ ᠲᠤᠰ ᠬᠤᠭᠤᠴᠠᠭᠠᠨ ᠤ ᠠᠵᠢᠯᠯᠠᠭ᠎ᠠ ᠶᠢᠨ | ᠦᠨᠳᠦᠰᠦᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ﹇ᠵᠣᠴᠢᠨ﹈ ᠥᠪᠥᠷ ᠮᠣᠩᠭᠤᠯ ᠤᠨ ᠬᠤᠷᠢᠨᠭᠡᠷ ᠤᠨ ᠠᠷᠪᠠᠳᠤᠭᠠᠷ ᠬᠤᠭᠤᠴᠠᠭᠠᠨ ᠤ ᠴᠠᠨ᠎ᠠ ᠴᠡᠴᠡᠭ ᠤᠨ | ᠰᠣᠶᠣᠯ ᠵᠢᠭᠤᠯᠴᠢᠯᠠᠯ ᠤᠨ ᠨᠠᠶᠢᠷ 6 ᠳ᠋ᠤᠭᠠᠷ ᠰᠠᠷ᠎ᠠ ᠶᠢᠨ 1 ᠤ ᠡᠳᠦᠷ ᠬᠤᠷᠢᠨᠭᠡᠷ ᠰᠢᠶᠠᠨ ᠤ ᠨᠠᠨ ᠱᠠᠨ | ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠬᠢᠯᠡᠬᠦ ᠪᠣᠯᠣᠨ᠎ᠠ᠃ ︽ᠵᠠᠰᠠᠭ ᠤᠨ ᠣᠷᠳᠣᠨ ᠬᠥᠲᠥᠯᠥᠨ | ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ | ᠰᠢᠨ᠎ᠡ ᠶᠢ ᠡᠭᠦᠳᠦᠨ ᠳᠡᠭᠡᠭᠰᠢᠯᠡᠭᠦᠯᠬᠦ᠂ ᠵᠣᠬᠢᠴᠠᠩᠭᠤᠶ ᠪᠠᠷ ᠬᠥᠭᠵᠢᠭᠦᠯᠬᠦ︾ ᠪᠠᠶᠠᠷ ᠨᠠᠶᠢᠷ ᠡᠷᠬᠢᠯᠡᠨ ᠶᠠᠪᠣᠭᠳᠠᠭᠤᠯᠬᠤ | ᠰᠡᠳᠬᠢᠴᠡ ᠶᠣᠰᠣᠭᠠᠷ᠂ ᠲᠤᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠨᠢ ︽ | ᠲᠣᠭᠤᠷᠢᠨ ᠵᠣᠭᠠᠴᠠᠬᠤ ᠦᠵᠡᠮᠵᠢᠲᠦ ᠣᠷᠣᠨ ᠴᠡᠴᠡᠭ ᠤᠨ ᠳᠠᠯᠠᠢ ᠬᠤᠷᠢᠨᠭᠡᠷ︾ ᠪᠠᠷ ᠭᠤᠤᠯ ᠰᠡᠳᠦᠪ ᠪᠣᠯᠭᠠᠵᠤ᠂ | ᠠᠵᠢᠯᠯᠠᠭ᠎ᠠ ᠶᠢᠨ ᠲᠥᠰᠥᠪᠯᠡᠯ ᠤᠨ ᠲᠠᠯ᠎ᠠ ᠪᠠᠷ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠦᠨᠳᠦᠰᠦ ᠪᠣᠯᠭᠠᠵᠤ᠂ | ᠴᠡᠴᠡᠭ ᠰᠣᠨᠢᠷᠬᠠᠬᠤ ᠠᠵᠢᠯᠯᠠᠭ᠎ᠠ ᠪᠠᠷ ᠭᠤᠤᠯ ᠰᠢᠵᠢᠮ ᠪᠣᠯᠭᠠᠨ᠂ ᠠᠵᠢᠯᠯᠠᠭ᠎ᠠ ᠶᠢᠨ ᠠᠭᠤᠯᠭ᠎ᠠ ᠳᠤ ᠰᠣᠶᠣᠯ ᠤᠨ | ᠰᠣᠯᠢᠯᠴᠠᠭ᠎ᠠ᠂ ᠴᠡᠴᠡᠭ ᠰᠣᠨᠢᠷᠬᠠᠨ ᠵᠣᠭᠠᠴᠠᠬᠤ᠂ ᠰᠡᠯᠡᠭᠦᠴᠡᠯ ᠵᠢᠭᠤᠯᠴᠢᠯᠠᠯ ᠵᠡᠷᠭᠡ ᠣᠯᠠᠨ ᠬᠦᠷᠢᠶ᠎ᠡ ᠶᠢ ᠬᠠᠮᠤᠷᠴᠠᠶ᠃ | ᠲᠤᠰ ᠬᠤᠭᠤᠴᠠᠭᠠᠨ ᠤ ᠴᠠᠨ᠎ᠠ ᠴᠡᠴᠡᠭ ᠤᠨ ᠨᠠᠶᠢᠷ ᠨᠢ ︽ᠲᠣᠭᠤᠷᠢᠨ ᠵᠣᠭᠠᠴᠠᠬᠤ ᠦᠵᠡᠮᠵᠢᠲᠦ ᠣᠷᠣᠨ | ᠴᠡᠴᠡᠭ ᠤᠨ ᠳᠠᠯᠠᠢ ᠬᠤᠷᠢᠨᠭᠡᠷ︾ ᠪᠠᠷ ᠭᠤᠤᠯ ᠰᠡᠳᠦᠪ ᠪᠣᠯᠭᠠᠵᠤ᠂ ᠡᠬᠢ ᠪᠠᠶᠠᠯᠢᠭ ᠢ ᠪᠥᠬᠦ ᠬᠦᠴᠦᠨ ᠢᠶᠠᠷ | ᠨᠢᠭᠡᠳᠬᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠪᠦᠲᠦᠭᠡᠯᠴᠢ ᠤᠷᠠᠯᠢᠭ ᠢᠶᠠᠨ ᠳᠣᠪᠤᠶᠢᠯᠭᠠᠵᠤ᠂ 13 ᠵᠦᠢᠯ ᠤᠨ | ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠶᠢ ᠲᠦᠯᠦᠪᠯᠡᠵᠦ᠂ ᠥᠪᠡᠷᠮᠢᠴᠡ ᠣᠨᠴᠠᠯᠢᠭ ᠪᠦᠬᠦᠢ ᠴᠡᠴᠡᠭ ᠤᠨ | ᠳᠠᠯᠠᠢ ᠶᠢᠨ ᠦᠩᠭᠡ ᠦᠵᠡᠮᠵᠢ ᠬᠢᠭᠡᠳ ᠰᠢᠨ᠎ᠡ ᠱᠧᠩ ᠯᠧ ᠶᠢᠨ ᠴᠠᠭ ᠦᠶ᠎ᠡ ᠶᠢᠨ ᠰᠣᠶᠣᠯ ᠤᠨ ᠠᠭᠤᠯᠭ᠎ᠠ ᠲᠠᠢ | ᠤᠶᠠᠯᠳᠤᠭᠤᠯᠵᠤ᠂ ᠵᠤᠭᠠᠴᠠᠭᠰᠠᠳ ᠲᠤ ᠨᠢᠭᠡᠨ ᠥᠪᠡᠷᠮᠢᠴᠡ ᠣᠨᠴᠠᠯᠢᠭ ᠪᠦᠬᠦᠢ ᠮᠡᠳᠡᠷᠡᠬᠦᠢ ᠶᠢᠨ ᠦᠪᠡᠳᠡᠭᠰᠢ ᠶᠡᠭᠡ | ᠳᠠᠶᠢᠯᠠᠯᠭ᠎ᠠ ᠶᠢ ᠳᠡᠯᠭᠡᠨ ᠦᠵᠡᠭᠦᠯᠬᠦ ᠪᠣᠯᠣᠨ᠎ᠠ᠃ | ﹇ᠬᠦᠲᠦᠯᠦᠭᠴᠢ﹈ ᠡᠨᠡ ᠵᠢᠯ ᠤᠨ ᠬᠤᠷᠢᠨᠭᠡᠷ ᠤᠨ ᠴᠠᠨ᠎ᠠ ᠴᠡᠴᠡᠭ ᠤᠨ ᠨᠠᠶᠢᠷ ᠨᠢ ᠥᠩᠭᠡᠷᠡᠭᠰᠡᠨ | ᠬᠤᠭᠤᠴᠠᠭᠠᠨ ᠤ ᠬᠢ ᠠᠴᠠ ᠶᠠᠮᠠᠷ ᠰᠢᠨ᠎ᠡ ᠣᠨᠴᠠᠯᠢᠭ ᠲᠠᠢ ᠪᠤᠢ︖ | ﹇ᠵᠣᠴᠢᠨ﹈ ᠡᠨᠡ ᠵᠢᠯ ᠪᠣᠯ ᠬᠤᠷᠢᠨᠭᠡᠷ ᠤᠨ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠢ | ᠡᠬᠢᠯᠡᠵᠦ ᠡᠷᠬᠢᠯᠡᠭᠰᠡᠨ ᠠᠷᠪᠠᠳᠤᠭᠠᠷ ᠵᠢᠯ ᠪᠣᠯᠤᠨ᠎ᠠ᠂ ᠵᠣᠬᠢᠶᠠᠨ ᠪᠠᠶᠢᠭᠤᠯᠬᠤ ᠵᠥᠪᠯᠡᠯ ᠤᠯᠠᠨ ᠵᠦᠢᠯ ᠤᠨ | ᠦᠨᠳᠦᠰᠦᠨ ᠱᠠᠲᠤᠨ ᠳᠤ ᠣᠶᠢᠷᠠᠲᠣᠭᠰᠠᠨ᠂ ᠠᠭᠤᠯᠭ᠎ᠠ ᠨᠢ ᠨᠠᠷᠢᠯᠢᠭ᠂ ᠬᠢᠷᠢ ᠲᠦᠪᠰᠢᠨ ᠥᠨᠳᠥᠷ ᠰᠣᠶᠣᠯ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠡᠬᠢᠯᠡᠯᠲᠡ ᠶᠢᠨ ᠶᠣᠰᠣᠯᠠᠯ ᠤᠨ ︽ᠵᠧᠩ ᠳ᠋ᠠ ᠰᠡᠳᠬᠢᠯᠭᠡ︾ ᠲᠣᠭᠯᠠᠯᠲᠠ᠂ | ᠪᠦᠬᠦ ᠤᠯᠤᠰ ᠤᠨ ᠶᠢᠨ ᠣᠯᠣᠰ ᠤᠨ ᠵᠦᠴᠦᠭᠡ ᠶᠢᠨ ᠨᠠᠷᠠᠲᠤ ᠬᠦᠮᠦᠰ ᠤᠨ ᠲᠣᠭᠯᠠᠯᠲᠠ᠂ ᠵᠧᠩ ᠳ᠋ᠠ ᠤᠯᠠᠨ | ᠤᠯᠤᠰ ᠤᠨ ᠠᠮᠲᠠᠲᠤ ᠢᠳᠡᠭᠡᠨ ᠤ ᠦᠵᠡᠰᠬᠦᠯᠡᠩ᠂ ︽ᠲᠡᠭᠷᠢᠯᠢᠭ ᠬᠥᠪᠡᠭᠦᠨ︾ ᠮᠣᠷᠢᠨ ᠮᠡᠷᠭᠡᠵᠢᠯ ᠤᠨ ᠲᠣᠭᠯᠠᠯᠲᠠ | ᠵᠡᠷᠭᠡ ᠠᠵᠢᠯᠯᠠᠭ᠎ᠠ ᠶᠠᠪᠣᠭᠳᠠᠬᠤ ᠪᠣᠯᠣᠨ᠎ᠠ᠃ ᠠᠷᠪᠠᠳᠤᠭᠠᠷ ᠬᠤᠭᠤᠴᠠᠭᠠᠨ ᠤ ᠬᠤᠷᠢᠨᠭᠡᠷ ᠤᠨ ᠴᠠᠨ᠎ᠠ ᠴᠡᠴᠡᠭ ᠤᠨ | ᠰᠣᠶᠣᠯ ᠵᠢᠭᠤᠯᠴᠢᠯᠠᠯ ᠤᠨ ᠨᠠᠶᠢᠷ ᠢ ᠬᠦᠮᠦᠰ ᠤᠨ ᠪᠠᠭ᠋ᠠᠷᠬᠠᠯ ᠢ ᠣᠯᠣᠭᠰᠠᠨ᠂ ᠬᠤᠷᠢᠨᠭᠡᠷ ᠢ ᠤᠬᠠᠭᠤᠯᠤᠭᠰᠠᠨ᠂ | ᠦᠵᠡᠮᠵᠢ ᠶᠢᠨ ᠣᠷᠣᠨ ᠤ ᠬᠥᠭᠵᠢᠯᠲᠡ ᠶᠢ ᠲᠦᠯᠬᠢᠨ ᠠᠬᠢᠭᠤᠯᠣᠭᠰᠠᠨ᠂ ᠤᠯᠠᠨ ᠲᠦᠮᠡᠨ ᠤ ᠰᠡᠳᠬᠢᠯ ᠳᠤ | ᠬᠠᠨᠤᠮᠵᠢᠲᠠᠢ ᠨᠡᠷᠡᠲᠦ ᠲᠡᠮᠳᠡᠭᠲᠦ ᠶᠢᠨ ᠠᠵᠢᠯᠯᠠᠭ᠎ᠠ ᠪᠣᠯᠭᠠᠬᠤ ᠪᠠᠷ ᠴᠢᠷᠮᠠᠶᠢᠨ᠎ᠠ᠃ | ﹇ᠬᠦᠲᠦᠯᠦᠭᠴᠢ﹈ ᠬᠤᠷᠢᠨᠭᠡᠷ ᠰᠢᠶᠠᠨ ᠴᠠᠨ᠎ᠠ ᠴᠡᠴᠡᠭ ᠤᠨ ᠨᠠᠶᠢᠷ ᠢ ᠡᠷᠬᠢᠯᠡᠨ ᠶᠠᠪᠣᠭᠳᠠᠭᠤᠯᠣᠭᠠᠳ ᠨᠢᠭᠡᠨᠲᠡ | ᠠᠷᠪᠠᠨ ᠬᠤᠭᠤᠴᠠᠭ᠎ᠠ ᠪᠣᠯᠣᠯ᠎ᠠ᠂ ᠴᠠᠨ᠎ᠠ ᠴᠡᠴᠡᠭ ᠤᠨ ᠨᠠᠶᠢᠷ ᠢ ᠡᠷᠬᠢᠯᠡᠨ ᠶᠠᠪᠣᠭᠳᠠᠭᠤᠯᠣᠭᠰᠠᠨ ᠨᠢ ᠮᠠᠨ ᠤ | ᠲᠣᠬᠠᠢ ᠶᠢᠨ ᠣᠷᠣᠨ ᠤ ᠬᠠᠮ ᠵᠢᠭᠤᠯᠴᠢᠯᠠᠯ ᠢ ᠲᠦᠯᠬᠢᠨ ᠠᠬᠢᠭᠤᠯᠬᠤ᠂ ᠣᠷᠣᠨ ᠨᠣᠲᠤᠭ ᠤᠨ ᠠᠵᠣ ᠠᠬᠤᠢ᠂ | ᠰᠣᠶᠣᠯ ᠤᠨ ᠬᠦᠭᠵᠢᠯᠲᠡ ᠵᠡᠷᠭᠡ ᠶᠢ ᠠᠬᠢᠭᠤᠯᠬᠤ ᠳᠤ ᠶᠠᠮᠠᠷᠪᠠ ᠦᠢᠯᠡᠳᠦᠯ ᠢᠶᠠᠨ ᠪᠠᠳᠠᠷᠠᠭᠤᠯᠣᠭᠰᠠᠨ ᠪᠣᠢ︖ | ﹇ᠵᠣᠴᠢᠨ﹈ ᠪᠠᠶᠠᠷ ᠨᠠᠶᠢᠷ ᠤᠨ ᠠᠵᠢᠯᠯᠠᠭ᠎ᠠ ᠪᠣᠯ ᠡᠬᠢ ᠪᠠᠶᠠᠯᠢᠭ ᠢ ᠭᠦᠨᠵᠡᠭᠡᠢ ᠠᠭᠤᠳᠠᠯᠠᠬᠤ ᠲᠦᠯᠬᠢᠭᠴᠢ | ᠬᠦᠴᠦᠨ ᠮᠦᠨ᠂ ᠠᠵᠣ ᠠᠬᠤᠢ ᠶᠢᠨ ᠬᠦᠭᠵᠢᠯᠲᠡ ᠶᠢ ᠳᠠᠶᠢᠴᠢᠯᠠᠬᠤ ᠴᠢᠬᠤᠯᠠ ᠬᠦᠳᠡᠯᠭᠡᠭᠴᠢ ᠬᠦᠴᠦᠨ᠂ ᠮᠦᠨ | ᠴᠦ ᠣᠷᠣᠨ ᠪᠦᠰᠡ ᠶᠢᠨ ᠵᠢᠭᠤᠯᠴᠢᠯᠠᠯ ᠤᠨ ᠵᠣᠭᠠᠴᠠᠭᠰᠠᠳ ᠢ ᠲᠠᠲᠠᠬᠤ ᠷᠢᠳᠢ ᠰᠢᠳᠢ ᠪᠣᠯᠬᠤ ᠶᠤᠮ᠃ ᠣᠶᠢᠷ᠎ᠠ ᠶᠢᠨ | ᠵᠢᠯ ᠠᠴᠠ ᠨᠠᠰᠢ᠂ ᠮᠠᠨ ᠤ ᠰᠢᠶᠠᠨ ᠬᠠᠮ ᠵᠢᠭᠤᠯᠴᠢᠯᠠᠯ᠂ ᠳᠦᠷᠪᠡᠨ ᠤᠯᠠᠷᠢᠯ ᠤᠨ ᠵᠢᠭᠤᠯᠴᠢᠯᠠᠯ ᠤᠨ | ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠵᠦ᠂ ᠵᠢᠭᠤᠯᠴᠢᠯᠠᠯ ᠪᠠᠶᠠᠷ ᠨᠠᠶᠢᠷ ᠢᠶᠠᠷ ᠳᠠᠮᠵᠢᠭᠤᠯᠣᠨ | ᠵᠢᠭᠤᠯᠴᠢᠯᠠᠯ ᠤᠨ ᠪᠦᠲᠦᠭᠡᠭᠳᠡᠭᠦᠨ ᠪᠣᠯᠣᠨ ᠵᠠᠮ ᠱᠤᠭᠤᠮ ᠤᠨ ᠪᠦᠬᠦ ᠲᠠᠯ᠎ᠠ ᠪᠠᠷ ᠰᠢᠯᠢᠳᠡᠭᠵᠢᠬᠦ ᠶᠢ ᠲᠠᠰᠣᠷᠠᠯᠲᠠ | ᠦᠭᠡᠢ ᠠᠬᠢᠭᠤᠯᠣᠭᠰᠠᠨ ᠪᠠᠶᠢᠨ᠎ᠠ᠃ ᠮᠠᠨ ᠤ ᠰᠢᠶᠠᠨ ᠨᠢ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ | ᠵᠡᠷᠭᠡ ᠠᠵᠢᠯᠯᠠᠭ᠎ᠠ ᠶᠢ ᠡᠷᠬᠢᠯᠡᠨ ᠶᠠᠪᠣᠭᠳᠠᠭᠤᠯᠬᠤ ᠪᠠᠷ ᠳᠠᠮᠵᠢᠵᠣ᠂ ᠪᠠᠶᠠᠷ ᠨᠠᠶᠢᠷ ᠤᠨ ᠠᠵᠢᠯᠯᠠᠭ᠎ᠠ ᠶᠢᠨ ᠲᠣᠲᠣᠭᠠᠳᠣ | ᠠᠭᠤᠯᠣᠭᠳᠠᠬᠤᠨ ᠢ ᠲᠠᠰᠣᠷᠠᠯᠲᠠ ᠦᠭᠡᠢ ᠪᠠᠶᠠᠯᠢᠭᠵᠢᠭᠤᠯᠵᠣ᠂ ᠭᠠᠵᠠᠷ ᠣᠷᠣᠨ ᠤ ᠬᠦᠮᠦᠰ ᠲᠤ ᠮᠡᠳᠡᠷᠡᠭᠳᠡᠵᠦ | ᠪᠠᠶᠢᠭ᠎ᠠ ᠬᠡᠮᠵᠢᠶ᠎ᠡ ᠶᠡᠬᠡᠪᠡᠷ ᠳᠡᠭᠡᠭᠰᠢᠯᠡᠭᠰᠡᠨ ᠪᠠᠶᠢᠨ᠎ᠠ᠃ | ᠨᠢᠭᠡ ᠳᠤ᠂ ᠬᠤᠲᠠ ᠪᠠᠯᠭᠠᠰᠣ ᠶᠢᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠴᠠᠨ᠎ᠠ | ᠴᠡᠴᠡᠭ ᠤᠨ ᠠᠵᠣ ᠦᠢᠯᠡᠰ ᠤᠨ ᠬᠦᠭᠵᠢᠯᠲᠡ ᠪᠠᠷ ᠠᠵᠠ ᠲᠣᠬᠢᠶᠠᠯ ᠪᠣᠯᠭᠠᠵᠣ᠂ ᠵᠢᠭᠤᠯᠴᠢᠯᠠᠯ ᠤᠨ ᠰᠠᠭᠤᠷᠢ | ᠪᠡᠯᠡᠳᠬᠡᠮᠵᠢ ᠲᠠᠰᠣᠷᠠᠯᠲᠠ ᠦᠭᠡᠢ ᠪᠦᠷᠢᠨᠰᠢᠵᠦ᠂ ᠬᠤᠲᠠ ᠶᠢᠨ ᠦᠢᠯᠡᠴᠢᠯᠡᠭᠡᠨ ᠤ ᠴᠢᠳᠠᠮᠵᠢ ᠤᠯᠠᠮ ᠨᠢᠭᠡ ᠠᠯᠬᠤᠮ | ᠨᠡᠮᠡᠭᠳᠡᠨ᠂ ᠬᠤᠲᠠ ᠶᠢᠨ ᠪᠦᠬᠦᠯᠢ ᠴᠣᠭᠴᠠᠲᠣ ᠪᠦᠲᠦᠭᠡᠨ ᠪᠠᠶᠢᠭᠤᠯᠣᠯᠲᠠ ᠶᠢᠨ ᠬᠢᠷᠢ ᠲᠥᠪᠰᠢᠨ ᠶᠡᠬᠡᠪᠡᠷ | ᠳᠡᠭᠡᠭᠰᠢᠯᠡᠭᠰᠡᠨ ᠪᠠᠶᠢᠨ᠎ᠠ᠃ | ᠬᠤᠶᠠᠷ ᠲᠤ᠂ ᠬᠤᠷᠢᠨᠭᠡᠷ ᠤᠨ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠢ ᠰᠠᠶᠢᠲᠣᠷ | ᠶᠠᠪᠣᠭᠳᠠᠭᠤᠯᠬᠤ ᠪᠠᠷ ᠬᠦᠴᠦᠯᠡᠴᠡ ᠶᠢᠨ ᠴᠡᠭ ᠪᠣᠯᠭᠠᠵᠣ᠂ ᠵᠢᠭᠤᠯᠴᠢᠯᠠᠯ ᠤᠨ ᠠᠵᠣ ᠦᠢᠯᠡᠰ ᠤᠨ ᠬᠦᠭᠵᠢᠯᠲᠡ ᠶᠢ | ᠭᠦᠨᠵᠡᠭᠡᠶᠢᠷᠡᠭᠦᠯᠵᠦ᠂ ᠠᠵᠣ ᠦᠢᠯᠡᠰ ᠤᠨ ᠬᠡᠯᠬᠢᠶᠡᠵᠢᠯ ᠢ ᠣᠷᠲᠣᠳᠬᠠᠵᠣ᠂ ᠵᠢᠭᠤᠯᠴᠢᠯᠠᠯ ᠰᠣᠶᠣᠯ ᠤᠨ ᠡᠬᠢ | ᠪᠠᠶᠠᠯᠢᠭ ᠢ ᠪᠠᠶᠠᠯᠢᠭᠵᠢᠭᠤᠯᠵᠣ᠂ ᠭᠤᠷᠪᠠᠳᠣᠭᠠᠷ ᠠᠵᠣ ᠦᠢᠯᠡᠰ ᠤᠨ ᠬᠦᠭᠵᠢᠯᠲᠡ ᠶᠢ ᠨᠡᠩ ᠰᠠᠶᠢᠨ ᠳᠠᠶᠢᠴᠢᠯᠠᠵᠣ᠂ | ᠨᠡᠶᠢᠭᠡᠮ ᠤᠨ ᠦᠷ᠎ᠡ ᠪᠦᠲᠦᠮᠵᠢ ᠪᠣᠯᠣᠨ ᠠᠵᠣ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ | ᠪᠡᠶᠡᠯᠡᠭᠦᠯᠦᠭᠰᠡᠨ ᠪᠠᠶᠢᠨ᠎ᠠ᠃ | ᠭᠤᠷᠪᠠ ᠳᠤ᠂ ᠴᠠᠨ᠎ᠠ ᠴᠡᠴᠡᠭ ᠤᠨ ᠵᠢᠭᠤᠯᠴᠢᠯᠠᠯ ᠤᠨ ᠨᠠᠶᠢᠷ ᠢ ᠡᠷᠬᠢᠯᠡᠨ ᠶᠠᠪᠣᠭᠳᠠᠭᠤᠯᠣᠭᠰᠠᠨ ᠨᠢ | ᠬᠤᠲᠠ ᠶᠢᠨ ᠪᠣᠯᠪᠠᠰᠣᠨ ᠤ ᠳᠡᠭᠡᠭᠰᠢᠯᠡᠯᠲᠡ ᠶᠢ ᠬᠦᠴᠦᠲᠡᠢ ᠠᠬᠢᠭᠤᠯᠵᠣ᠂ ᠠᠷᠠᠳ ᠤᠯᠠᠨ ᠤ ᠪᠣᠯᠪᠠᠰᠣᠨ ᠤ | ᠤᠬᠠᠮᠰᠠᠷ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠠᠶᠢᠨ᠎ᠠ᠃ | ᠬᠠᠮ ᠵᠢᠭᠤᠯᠴᠢᠯᠠᠯ ᠤᠨ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠵᠦ᠂ ᠬᠤᠷᠢᠨᠭᠡᠷ ᠰᠢᠶᠠᠨ ᠥᠪᠡᠷᠮᠢᠴᠡ | ᠣᠨᠴᠠᠯᠢᠭ ᠪᠦᠬᠦᠢ ᠡᠬᠢ ᠪᠠᠶᠠᠯᠢᠭ ᠤᠨ ᠳᠠᠪᠠᠭᠤᠯᠢᠭ ᠪᠠᠶᠢᠬᠤ ᠮᠦᠷᠲᠡᠭᠡᠨ ᠪᠠᠶᠢᠯᠳᠣᠬᠤ ᠪᠣᠳᠣᠯᠭ᠎ᠠ ᠶᠢᠨ ᠠᠵᠠ | ᠲᠣᠬᠢᠶᠠᠯ ᠪᠠᠶᠢᠭ᠎ᠠ ᠶᠢᠨ ᠬᠠᠮᠲᠣ ᠵᠠᠬ᠎ᠠ ᠳᠡᠯᠭᠡᠭᠦᠷ ᠤᠨ ᠰᠢᠯᠭᠠᠯᠲᠠ ᠶᠢ ᠬᠦᠯᠢᠶᠡᠵᠦ ᠪᠠᠶᠢᠭ᠎ᠠ ᠶᠤᠮ᠃ ᠮᠠᠨ ᠤ ᠰᠢᠶᠠᠨ | ᠨᠢ ᠣᠳᠣᠬᠠᠨ ᠳᠤ ᠬᠠᠮ ᠵᠢᠭᠤᠯᠴᠢᠯᠠᠯ ᠤᠨ ᠬᠦᠭᠵᠢᠯᠲᠡ ᠶᠢᠨ ᠠᠩᠬᠠᠨ ᠤ ᠱᠠᠲᠣᠨ ᠳᠤ ᠪᠠᠶᠢᠭᠰᠠᠭᠠᠷ᠂ | ᠳᠠᠷᠠᠭᠠᠴᠢ ᠶᠢᠨ ᠠᠯᠬᠤᠮ ᠳᠤ ᠪᠢᠳᠡ ᠬᠤᠸᠠᠷ ᠴᠡᠴᠡᠭ ᠤᠨ ᠲᠦᠷᠥᠯ ᠤᠨ ᠪᠠᠶᠠᠷ ᠨᠠᠶᠢᠷ ᠤᠨ ᠠᠵᠢᠯᠯᠠᠭ᠎ᠠ ᠶᠢᠨ | ᠳᠠᠭᠠᠯᠲᠠ ᠪᠦᠲᠦᠭᠡᠭᠳᠡᠭᠦᠨ ᠤ ᠬᠡᠯᠬᠢᠶᠡᠵᠢᠯ ᠵᠢᠴᠢ ᠰᠣᠶᠣᠯ ᠤᠨ ᠨᠡᠷᠡᠲᠦ ᠲᠡᠮᠳᠡᠭᠲᠦ ᠶᠢ ᠨᠡᠩ ᠨᠠᠷᠢᠯᠢᠭᠵᠢᠭᠤᠯᠣᠨ᠂ | ᠨᠡᠩ ᠶᠡᠭᠡ ᠠᠵᠣ ᠦᠢᠯᠡᠰ ᠤᠨ ᠠᠵᠣ ᠠᠬᠤᠢ ᠶᠢᠨ ᠬᠦᠭᠵᠢᠯᠲᠡ ᠶᠢᠨ ᠳᠠᠯᠳᠠ ᠬᠦᠴᠦᠨ ᠲᠠᠢ ᠪᠦᠷᠢᠨ ᠲᠡᠭᠦᠯᠳᠡᠷ | ᠬᠡᠯᠬᠢᠶᠡᠵᠢᠯ ᠪᠣᠯᠭᠠᠨ ᠴᠣᠭᠴᠠᠯᠠᠵᠣ᠂ ︽ᠬᠤᠸᠠᠷ ᠴᠡᠴᠡᠭ ᠰᠣᠨᠢᠷᠬᠠᠬᠤ︾ ᠡᠶᠢᠮᠦᠷᠬᠦ ᠢᠳᠡᠪᠬᠢᠲᠡᠢ ᠮᠦᠷᠲᠡᠭᠡᠨ | ᠪᠦᠲᠦᠮᠵᠢᠲᠡᠢ ᠵᠠᠭᠤᠴᠢ ᠬᠤᠯᠪᠣᠭᠠᠰᠣ ᠪᠠᠷ ᠳᠠᠮᠵᠢᠵᠣ᠂ ᠨᠢᠭᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠣ | ᠦᠢᠯᠡᠰ ᠤᠨ ᠬᠦᠭᠵᠢᠯᠲᠡ ᠶᠢᠨ ᠯᠣᠲᠣ ᠶᠡᠭᠡ ᠳᠠᠯᠳᠠ ᠬᠦᠴᠦᠨ ᠢ ᠳᠠᠶᠢᠴᠢᠯᠠᠬᠤ ᠪᠣᠯᠣᠨ᠎ᠠ᠃ ᠰᠣᠶᠣᠯ | ᠵᠢᠭᠤᠯᠴᠢᠯᠠᠯ ᠤᠨ ᠦᠢᠯᠡᠰ ᠢ ᠨᠢᠭᠡᠨ ᠰᠢᠨ᠎ᠡ ᠬᠡᠪ ᠪᠠᠶᠢᠳᠠᠯ ᠳᠤ ᠵᠣᠬᠢᠴᠠᠭᠰᠠᠨ᠂ ᠰᠢᠨ᠎ᠡ ᠬᠦᠳᠡᠯᠭᠡᠬᠦ ᠬᠦᠴᠦᠨ ᠢ | ᠪᠣᠶᠢᠵᠢᠭᠤᠯᠣᠨ ᠬᠦᠭᠵᠢᠭᠦᠯᠬᠦ ᠪᠠᠶᠢᠯᠳᠣᠬᠤ ᠪᠣᠳᠣᠯᠭ᠎ᠠ ᠶᠢᠨ ᠠᠷᠭ᠎ᠠ ᠠᠪᠴᠠᠯ ᠪᠣᠯᠭᠠᠨ ᠠᠳᠬᠤᠵᠣ᠂ ᠥᠷᠨᠢᠭᠦᠨ | ᠪᠠᠳᠠᠷᠠᠩᠭᠤᠢ ᠪᠠᠶᠠᠷ ᠨᠠᠶᠢᠷ ᠤᠨ ᠠᠵᠢᠯᠯᠠᠭ᠎ᠠ ᠶᠢ ᠵᠠᠬ᠎ᠠ ᠳᠡᠯᠭᠡᠭᠦᠷ ᠲᠡᠰᠢ ᠬᠠᠨᠳᠣᠭᠤᠯᠵᠣ᠂ ᠵᠢᠭᠤᠯᠴᠢᠯᠠᠯ ᠤᠨ ᠢᠵᠢ | ᠪᠦᠷᠢᠳᠦᠭᠦᠯᠦᠭᠰᠡᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢᠨ ᠠᠵᠢᠯ ᠂ ᠤᠬᠠᠭᠤᠯᠭ᠎ᠠ ᠪᠣᠯᠣᠨ | ᠲᠦᠰᠥᠪᠯᠡᠨ ᠲᠦᠯᠥᠪᠯᠡᠬᠦ ᠠᠵᠢᠯ ᠢ ᠰᠠᠶᠢᠲᠣᠷ ᠬᠢᠵᠦ᠂ ᠲᠡᠭᠦᠨ ᠢ ᠪᠡᠯᠡ ᠣᠷᠣᠭᠤᠯᠣᠯᠲᠠ ᠶᠢᠨ ᠭᠤᠣᠯᠳᠠᠯᠭ᠎ᠠ᠂ | ᠬᠡᠷᠡᠭᠯᠡᠭᠡᠨ ᠤ ᠬᠠᠯᠠᠮᠰᠢᠯ᠂ ᠴᠢᠯᠦᠭᠡᠲᠡᠢ ᠨᠡᠭᠡᠭᠡᠯᠲᠡ ᠶᠢᠨ ᠭᠢᠯᠠᠰ ᠴᠡᠭ ᠪᠣᠯᠭᠠᠨ ᠪᠠᠶᠢᠭᠤᠯᠣᠨ ᠴᠣᠭᠴᠠᠯᠠᠵᠣ᠂ ᠠᠵᠣ | ᠠᠬᠤᠢ ᠶᠢᠨ ᠯᠠᠪᠳᠠᠭᠤᠨ ᠲᠣᠭᠲᠠᠭᠤᠨ ᠢᠶᠠᠷ ᠣᠷᠣᠭᠰᠢᠯᠠᠬᠤ ᠳᠤ ᠬᠦᠴᠦᠨ ᠨᠡᠮᠡᠷᠢᠯᠡᠨ᠎ᠡ᠃ | ﹇ᠬᠦᠲᠦᠯᠦᠭᠴᠢ﹈ ᠠᠷᠪᠠᠳᠣᠭᠠᠷ ᠬᠤᠭᠤᠴᠠᠭᠠᠨ ᠤ ᠴᠠᠨ᠎ᠠ ᠴᠡᠴᠡᠭ ᠤᠨ ᠨᠠᠶᠢᠷ ᠬᠡᠳᠦᠨ ᠡᠳᠦᠷ ᠠᠴᠠ ᠡᠬᠢᠯᠡᠬᠦ | ᠪᠣᠯᠣᠯ᠎ᠠ᠂ ᠮᠠᠰᠢ ᠤᠯᠠᠨ ᠵᠣᠭᠠᠴᠠᠭᠰᠠᠳ ᠬᠤᠷᠢᠨᠭᠡᠷ ᠲᠤ ᠬᠦᠷᠴᠦ ᠬᠤᠸᠠᠷ ᠴᠡᠴᠡᠭ ᠰᠣᠨᠢᠷᠬᠠᠬᠤ ᠪᠠᠶᠢᠬ᠎ᠠ᠂ ᠲᠠ | ᠬᠤᠷᠢᠨᠭᠡᠷ ᠰᠢᠶᠠᠨ ᠤ ᠰᠣᠶᠣᠯ ᠵᠢᠭᠤᠯᠴᠢᠯᠠᠯ ᠤᠨ ᠦᠵᠡᠮᠵᠢᠲᠦ ᠭᠠᠵᠠᠷ ᠪᠠᠰᠠ ᠶᠠᠮᠠᠷ ᠶᠠᠮᠠᠷ ᠪᠠᠶᠢᠬᠤ᠂ ᠶᠠᠮᠠᠷ ᠶᠠᠮᠠᠷ | ᠣᠨᠴᠠᠯᠢᠭᠲᠣ ᠢᠳᠡᠭᠡᠨ ᠪᠠᠶᠢᠬᠤ ᠶᠢ ᠲᠠᠨᠢᠯᠴᠠᠭᠤᠯᠣᠭᠠᠳ ᠥᠭᠭᠦᠨ᠎ᠡ ᠦᠦ︖ | ﹇ᠵᠣᠴᠢᠨ﹈ ᠲᠣᠰ ᠬᠤᠭᠤᠴᠠᠭ᠎ᠠ ᠶᠢᠨ ᠴᠠᠨ᠎ᠠ ᠴᠡᠴᠡᠭ ᠤᠨ ᠨᠠᠶᠢᠷ ᠤᠨ ᠬᠤᠭᠤᠴᠠᠭᠠᠨ ᠳᠤ᠂ ᠮᠠᠨ ᠤ | ᠰᠢᠶᠠᠨ ᠤ ᠵᠢᠭᠤᠯᠴᠢᠯᠠᠯ ᠤᠨ ᠵᠠᠮ ᠱᠣᠭᠤᠮ ᠴᠦ ᠤᠯᠠᠨ ᠶᠠᠩᠵᠤ ᠶᠢᠨ ᠪᠣᠯᠣᠭᠰᠠᠨ ᠪᠠᠶᠢᠨ᠎ᠠ᠂ ᠲᠡᠥᠬᠡ ᠰᠣᠶᠣᠯ ᠤᠨ | ᠵᠢᠭᠤᠯᠴᠢᠯᠠᠯ᠂ ᠠᠭᠤᠯᠠ ᠣᠰᠣᠨ ᠤ ᠠᠮᠢ ᠠᠬᠤᠢ ᠶᠢᠨ ᠵᠢᠭᠤᠯᠴᠢᠯᠠᠯ᠂ ᠬᠦᠳᠡᠭᠡ ᠠᠵᠣ ᠠᠬᠤᠢ ᠶᠢᠨ ᠰᠡᠯᠡᠭᠦᠴᠡᠯ | ᠵᠢᠭᠤᠯᠴᠢᠯᠠᠯ᠂ ᠪᠡᠶ᠎ᠡ ᠶᠢᠨ ᠲᠠᠮᠢᠷ ᠪᠡᠶ᠎ᠡ ᠪᠣᠯᠪᠠᠰᠣᠷᠠᠭᠤᠯᠬᠤ ᠵᠢᠭᠤᠯᠴᠢᠯᠠᠯ᠂ ᠠᠵᠣ ᠦᠢᠯᠡᠳᠪᠦᠷᠢ ᠶᠢᠨ ᠰᠠᠭᠤᠷᠢᠨ | ᠭᠠᠵᠠᠷ ᠤᠨ ᠵᠢᠭᠤᠯᠴᠢᠯᠠᠯ ᠵᠡᠷᠭᠡ ᠵᠠᠮ ᠱᠣᠭᠤᠮ ᠪᠣᠢ᠃ ᠵᠣᠭᠠᠴᠠᠭᠰᠠᠳ ᠴᠠᠨ᠎ᠠ ᠴᠡᠴᠡᠭ ᠰᠣᠨᠢᠷᠬᠠᠬᠤ ᠶᠢᠨ ᠳᠠᠭᠠᠣ | ᠮᠧᠩ ᠨᠢᠦ ᠠᠵᠣ ᠦᠢᠯᠡᠳᠪᠦᠷᠢ ᠶᠢᠨ ᠬᠦᠷᠢᠶᠡᠯᠡᠩ ︵AAAA︶᠂ ᠣᠣ ᠸᠧᠢ ᠮᠧᠩ ᠶᠣᠸᠠᠨ ᠠᠳᠣᠭᠤᠨ | ᠰᠣᠶᠣᠯ ᠤᠨ ᠠᠵᠣ ᠦᠢᠯᠡᠰ ᠤᠨ ᠬᠦᠷᠢᠶᠡᠯᠡᠩ ︵AAAA︶᠂ ᠮᠧᠩ ᠼᠣᠣ· ᠡᠪᠡᠰᠦ ᠴᠡᠴᠡᠭ ᠤᠨ ᠬᠦᠷᠢᠶᠠᠯᠡᠩ | ︵AAA︶᠂ ᠱᠧᠩ ᠯᠧ ᠮᠦᠽᠧᠢ ︵AAA︶᠂ ᠮᠧᠩ ᠱᠤ᠋ ᠠᠮᠢ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ︵AAA︶᠂ ᠬᠦᠳᠡᠭᠡ ᠲᠣᠰᠬᠤᠨ ᠤ ᠵᠢᠭᠤᠯᠴᠢᠯᠠᠯ ᠤᠨ ᠦᠵᠡᠮᠵᠢ ᠶᠢᠨ ᠭᠠᠵᠠᠷ ᠲᠠᠢ ᠭᠧ ᠳ᠋ᠧᠦ | ᠲᠠᠷᠢᠶᠠᠯᠨᠬᠤ ᠲᠣᠰᠬᠤᠨ ︵ᠬᠤᠲᠠ ᠶᠢᠨ ᠳᠡᠰ ᠤᠨ ᠬᠦᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠲᠣᠰᠬᠤᠨ︶ ᠵᠡᠷᠭᠡ ᠦᠵᠡᠮᠵᠢ ᠶᠢᠨ ᠭᠠᠵᠠᠷ ᠢ ᠰᠣᠩᠭᠤᠨ ᠲᠣᠭᠤᠷᠢᠵᠣ ᠪᠣᠯᠣᠨ᠎ᠠ᠃ ᠣᠨᠴᠠᠯᠢᠭᠲᠣ ᠰᠣᠶᠣᠯ ᠤᠨ | ᠲᠠᠸᠠᠷ ᠭᠤᠣᠯᠳᠠᠭᠤ᠄ ᠬᠤᠷᠢᠨᠭᠡᠷ ᠤᠨ ᠬᠠᠶᠢᠴᠢᠯᠠᠮᠠᠯ᠂ ᠰᠢᠪᠠᠷ ᠱᠤᠭᠤᠮᠠᠯ ᠵᠢᠴᠢ ᠮᠧᠩ ᠨᠢᠦ᠂ ᠮᠧᠩ ᠶᠠᠩ ᠵᠡᠷᠭᠡ | ᠨᠡᠷᠡᠲᠦ ᠢᠳᠡᠭᠡᠨ᠂ ᠣᠨᠴᠠᠯᠢᠭᠲᠣ ᠢᠳᠡᠭᠡᠨ ᠨᠢ ᠬᠤᠷᠢᠨᠭᠡᠷ ᠤᠨ ᠬᠤᠨᠢᠨ ᠮᠢᠬ᠎ᠠ᠂ ᠲᠣᠰᠤᠨ ᠳᠤ ᠪᠣᠴᠠᠯᠭᠠᠭᠰᠠᠨ | ᠪᠣᠭᠤᠷᠰᠤᠭ᠂ ᠶᠣᠣᠮᠠᠢ ᠶᠢᠨ ᠭᠤᠯᠢᠷ ᠵᠡᠷᠭᠡ ᠪᠣᠢ᠃ | ﹇ᠬᠦᠲᠦᠯᠦᠭᠴᠢ﹈ ᠰᠦᠯᠵᠢᠶᠡᠨ ᠠᠨᠳᠠ ᠶᠢᠨ ᠠᠰᠠᠭᠤᠯᠲᠠ᠄ ᠬᠦᠬᠡᠬᠤᠲᠠ ᠠᠴᠠ ᠬᠤᠷᠢᠨᠭᠡᠷ ᠲᠤ ᠴᠡᠴᠡᠭ | ᠰᠣᠨᠢᠷᠬᠠᠬᠤ ᠪᠠᠷ ᠣᠴᠢᠪᠠᠯ ᠶᠠᠮᠠᠷ ᠵᠠᠮ ᠢᠶᠠᠷ ᠶᠠᠪᠣᠬᠤ ᠪᠣᠢ︖ | ﹇ᠵᠣᠴᠢᠨ﹈ ᠬᠦᠬᠡᠬᠤᠲᠠ ᠠᠴᠠ ᠬᠤᠷᠢᠨᠭᠡᠷ ᠲᠤ ᠢᠷᠡᠬᠦ ᠳᠤ ᠲᠡᠷᠭᠡ ᠵᠢᠯᠣᠭᠤᠳᠬᠤ ᠪᠣᠶᠣ ᠨᠡᠶᠢᠲᠡ ᠶᠢᠨ | ᠮᠠᠰᠢᠨ ᠳᠤ ᠰᠠᠭᠤᠵᠣ ᠪᠣᠯᠣᠨ᠎ᠠ᠄ ᠥᠪᠡᠷ ᠢᠶᠠᠨ ᠲᠡᠷᠭᠡ ᠵᠢᠯᠣᠭᠤᠳᠴᠤ ᠢᠷᠡᠪᠡᠯ 209 ᠣᠯᠣᠰ ᠤᠨ ᠳᠡᠰ ᠤᠨ ᠵᠠᠮ᠂ | ᠶᠢᠨ ᠱᠧᠩ ᠵᠠᠮ᠂ ᠬᠦᠬᠡᠬᠤᠲᠠ ᠠᠴᠠ ᠱᠦᠸᠧᠵᠸᠦ ᠬᠦᠷᠬᠦ ᠲᠦᠷᠭᠡᠨ ᠤ ᠵᠠᠮ ᠢ ᠰᠣᠩᠭᠤᠵᠣ ᠪᠣᠯᠣᠨ᠎ᠠ᠂ ᠪᠠᠷᠤᠭ | 50 ᠺᠢᠯᠣᠮᠧᠲᠷ᠂ 1 ᠴᠠᠭ ᠭᠠᠷᠣᠢ ᠵᠠᠷᠣᠴᠠᠭᠤᠯᠣᠨ᠎ᠠ᠃ ᠨᠡᠶᠢᠲᠡ ᠶᠢᠨ ᠮᠠᠰᠢᠨ ᠳᠤ ᠰᠠᠭᠤᠪᠠᠯ 209 ᠳ᠋ᠦ᠋ᠭᠡᠷ ᠵᠠᠮ᠂ | 119 ᠳ᠋ᠦ᠋ᠭᠡᠷ ᠵᠠᠮ᠂101 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠣ ᠱᠧᠩ ᠯᠧ ᠠᠵᠣ ᠠᠬᠤᠢ ᠶᠢᠨ | ᠬᠦᠷᠢᠶᠠᠯᠡᠩ ᠲᠣᠭᠤᠷᠢᠭ ᠤᠨ ᠬᠠᠮᠢᠶᠠᠷᠣᠯᠲᠠ ᠶᠢᠨ ᠵᠥᠪᠯᠡᠯ ᠤᠨ ᠦᠷᠲᠡᠭᠡᠨ ᠳᠤ ᠪᠠᠭᠤᠵᠣ᠂ ᠳᠠᠬᠢᠨ ᠬᠤᠷᠢᠨᠭᠡᠷ1 | ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠣ ᠨᠠᠨ ᠱᠠᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ | ᠬᠦᠷᠴᠦ ᠪᠣᠯᠣᠨ᠎ᠠ᠃ | ﹇ᠬᠦᠲᠦᠯᠦᠭᠴᠢ﹈ ᠰᠦᠯᠵᠢᠶᠡᠨ ᠠᠨᠳᠠ ᠶᠢᠨ ᠠᠰᠠᠭᠤᠯᠲᠠ᠄ ᠦᠵᠡᠮᠵᠢ ᠶᠢᠨ ᠣᠷᠣᠨ ᠤ ᠡᠭᠦᠳᠡᠨ ᠪᠢᠯᠧᠲ | ᠬᠡᠳᠦᠢ ᠵᠣᠭᠤᠰ ᠪᠣᠢ᠂ ᠬᠠᠷᠠᠭᠠᠯᠵᠠᠯ ᠲᠠᠢ ᠦᠦ︖ | ﹇ᠵᠣᠴᠢᠨ﹈ ᠨᠠᠨ ᠱᠠᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠦᠮᠦᠨ | ᠪᠦᠷᠢ 30 ᠲᠦᠭᠦᠷᠢᠭ︔ ᠬᠤᠷᠢᠨᠭᠡᠷ ᠰᠢᠶᠠᠨ ᠤ ᠲᠣᠰ ᠭᠠᠵᠠᠷ ᠤᠨ ᠰᠠᠭᠤᠭᠠᠯᠢ ᠠᠷᠠᠳ ᠥᠪᠡᠷ ᠤᠨ ᠪᠡᠶ᠎ᠡ ᠶᠢᠨ | ᠦᠨᠡᠮᠯᠡᠯ ᠢᠶᠠᠷ ᠢᠶᠠᠨ ᠰᠦᠢᠳᠬᠡᠯ ᠬᠤᠷᠢᠶᠡᠬᠤ ᠦᠭᠡᠢ ᠪᠠᠷ ᠴᠡᠴᠡᠷᠯᠢᠭ ᠲᠤ ᠣᠷᠣᠵᠣ ᠪᠣᠯᠣᠨ᠎ᠠ︔ ᠪᠡᠶ᠎ᠡ ᠶᠢᠨ | ᠦᠨᠳᠦᠷ ᠨᠢ1.2 ᠮᠧᠲᠷ ᠠᠴᠠ ᠳᠣᠷᠣᠭᠰᠢ ᠬᠡᠥᠬᠡᠳ ᠰᠦᠢᠳᠬᠡᠯ ᠬᠤᠷᠢᠶᠡᠬᠤ ᠦᠭᠡᠢ ᠪᠠᠷ ᠴᠡᠴᠡᠷᠯᠢᠭ ᠲᠤ ᠣᠷᠣᠵᠣ | ᠪᠣᠯᠣᠨ᠎ᠠ︔ 60 ᠨᠠᠰᠣᠨ ᠠᠴᠠ ᠳᠡᠭᠡᠭᠰᠢᠬᠢ ᠨᠠᠰᠣᠲᠠᠶᠢᠴᠣᠳ᠂ ᠵᠡᠮᠳᠡᠭᠴᠦᠳ᠂ ᠵᠢᠩᠬᠢᠨᠢ ᠠᠯᠪᠠᠨ ᠴᠡᠷᠢᠭ᠂ | ᠰᠣᠷᠪᠣᠯᠵᠢᠯᠠᠭᠴᠢ᠂ ᠵᠢᠭᠤᠯᠴᠢᠯᠠᠯ ᠤᠨ ᠵᠠᠮᠴᠢᠯᠠᠭᠴᠢ ᠬᠦᠴᠦᠨ ᠪᠦᠬᠦᠢ ᠦᠨᠡᠮᠯᠡᠯ ᠢᠶᠠᠷ ᠢᠶᠠᠨ ᠰᠦᠢᠳᠬᠡᠯ ᠬᠤᠷᠢᠶᠠᠬᠤ | ᠦᠭᠡᠢ ᠪᠠᠷ ᠴᠡᠴᠡᠷᠯᠢᠭ ᠲᠤ ᠣᠷᠣᠵᠣ ᠪᠣᠯᠣᠨ᠎ᠠ︔ ᠰᠤᠷᠤᠭᠴᠢᠳ ᠰᠤᠷᠤᠭᠴᠢ ᠶᠢᠨ ᠦᠨᠡᠮᠯᠡᠯ ᠢᠶᠠᠷ ᠢᠶᠠᠨ ᠬᠠᠭᠠᠰ | ᠦᠨ᠎ᠡ ᠶᠢᠨ ᠪᠢᠯᠧᠲ ᠬᠤᠳᠠᠯᠳᠣᠨ ᠠᠪᠣᠨ᠎ᠠ᠃ | ﹇ᠬᠦᠲᠦᠯᠦᠭᠴᠢ﹈ ᠡᠨᠡᠬᠦ ᠣᠳᠠᠭᠠᠨ ᠤ ᠰᠣᠷᠪᠣᠯᠵᠢᠯᠠᠭ᠎ᠠ ᠪᠠᠷ ᠳᠠᠮᠵᠢᠵᠣ᠂ ᠤᠯᠠᠨ ᠢᠶᠠᠷ ᠢᠶᠠᠨ ᠥᠪᠥᠷ | ᠮᠣᠩᠭᠤᠯ ᠤᠨ ᠬᠤᠷᠢᠨᠭᠡᠷ ᠤᠨ ᠠᠷᠪᠠᠳᠣᠭᠠᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ | ᠨᠠᠶᠢᠷ ᠤᠨ ᠠᠵᠢᠯᠯᠠᠭ᠎ᠠ ᠳᠤ ᠨᠡᠩ ᠪᠦᠬᠦ ᠲᠠᠯ᠎ᠠ ᠶᠢᠨ ᠣᠶᠢᠯᠠᠭᠠᠯᠲᠠ ᠲᠠᠢ ᠪᠣᠯᠵᠤ᠂ ᠬᠤᠷᠢᠨᠭᠡᠷ ᠤᠨ ᠵᠢᠭᠤᠯᠴᠢᠯᠠᠯ ᠳᠤ | ᠨᠡᠩ ᠭᠦᠨᠵᠡᠭᠡᠢ ᠲᠥᠷᠥᠭᠳᠡᠯ ᠲᠠᠢ ᠪᠣᠯᠣᠭᠰᠠᠨ ᠪᠠᠶᠢᠨ᠎ᠠ᠃ ᠲᠤᠶᠠᠭ᠎ᠠ ᠳᠠᠷᠤᠭ᠎ᠠ ᠳᠤ ᠪᠠᠶᠠᠷᠯᠠᠯ᠎ᠠ᠃ | ﹇ᠵᠣᠴᠢᠨ﹈ ᠬᠤᠷᠢᠨᠭᠡᠷ ᠪᠣᠯ ᠲᠡᠥᠬᠡ ᠰᠣᠳᠣᠷ ᠢᠶᠠᠨ ᠳᠠᠭᠤᠷᠢᠰᠬᠠᠭᠰᠠᠨ᠂ ᠰᠣᠳᠣᠨ ᠬᠦᠮᠦᠰ ᠴᠣᠯᠭᠤᠷᠠᠨ | ᠭᠠᠷᠣᠭᠰᠠᠨ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ ᠨᠣᠲᠤᠭ ᠶᠤᠮ᠃ ᠲᠠ ᠤᠯᠠᠨ ᠲᠠᠢ ᠪᠠᠨ ᠬᠤᠷᠢᠨᠭᠡᠷ ᠲᠤ | ᠤᠴᠠᠷᠠᠨ ᠵᠣᠯᠭᠠᠬᠤ ᠶᠢ ᠬᠦᠰᠡᠨ ᠪᠠᠷᠠᠯᠠᠵᠤ ᠪᠠᠶᠢᠨ᠎ᠠ᠂ ᠪᠠᠶᠠᠷᠯᠠᠯ᠎ᠠ︕ | ﹇ᠬᠠᠮᠢᠶᠠᠷᠣᠭᠴᠢ﹈ ᠲᠤᠶᠠᠭ᠎ᠠ ᠳᠠᠷᠤᠭ᠎ᠠ ᠳᠤ ᠪᠠᠨ ᠪᠠᠶᠠᠷᠯᠠᠯ᠎ᠠ᠂ ᠮᠦᠨ ᠴᠦ ᠠᠩᠬᠠᠷᠣᠯ ᠲᠠᠯᠪᠢᠨ | ᠣᠷᠣᠯᠴᠠᠭᠰᠠᠨ ᠰᠦᠯᠵᠢᠶᠡᠨ ᠠᠨᠳᠠ ᠨᠠᠷ ᠲᠤ ᠪᠠᠨ ᠪᠠᠶᠠᠷᠯᠠᠯ᠎ᠠ᠂ ᠡᠨᠡ ᠤᠳᠠᠭᠠᠨ ᠤ ᠰᠣᠷᠪᠣᠯᠵᠢᠯᠠᠭ᠎ᠠ ᠠᠳᠡ | ᠬᠦᠷᠦᠭᠡᠳ ᠦᠨᠳᠦᠷᠯᠡᠯ᠎ᠡ᠂ ᠲᠠᠨᠠᠷ ᠤᠨ ᠢᠶᠠᠨ ᠰᠠᠶᠢᠨ ᠰᠠᠶᠢᠬᠠᠨ ᠢ ᠬᠦᠰᠡᠶ᠎ᠡ︕ |