ᠬᠤᠷᠢᠨᠭᠡᠷ ᠰᠢᠶᠠᠨ 2019 ᠣᠨ ᠤ ᠬᠥᠳᠡᠭᠡ ᠲᠣᠰᠬᠤᠨ ᠤ ᠨᠣᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠲᠣᠬᠢᠷᠡᠭᠤᠯᠣᠯᠲᠠ ᠪᠠᠶᠢᠷᠢᠯᠠᠭᠤᠯᠣᠯᠲᠠ ᠶᠢᠨ ᠬᠤᠷᠠᠯ ᠵᠢᠴᠢ ︽ᠳᠥᠷᠪᠡᠨ ᠰᠠᠶᠢᠨ ᠬᠦᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠣᠯᠲᠠ ᠪᠣᠯᠣᠨ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2019-06-17
     6 ᠳ᠋ᠤᠭᠠᠷ ᠰᠠᠷ᠎ᠠ ᠶᠢᠨ14 ᠤ ᠡᠳᠦᠷ᠂ ᠰᠢᠶᠠᠨ ᠤ ᠳᠡᠳ᠋ ᠳᠠᠷᠤᠭ᠎ᠠ ᠴᠢ ᠪᠠᠢ ᠰᠢᠶᠣᠣ ᠨᠠᠮ ᠵᠠᠰᠠᠭ ᠤᠨ ᠠᠯᠪᠠᠨ ᠠᠰᠠᠷ ᠤᠨ401 ᠬᠤᠷᠠᠯ ᠤᠨ ᠭᠡᠷ ᠲᠤ 2019 ᠣᠨ ᠤ ᠬᠥᠳᠡᠭᠡ ᠲᠣᠰᠬᠤᠨ ᠤ ᠨᠣᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠲᠣᠬᠢᠷᠡᠭᠤᠯᠣᠯᠲᠠ ᠪᠠᠶᠢᠷᠢᠯᠠᠭᠤᠯᠣᠯᠲᠠ ᠶᠢᠨ ᠬᠤᠷᠠᠯ ᠵᠢᠴᠢ ︽ᠳᠥᠷᠪᠡᠨ ᠰᠠᠶᠢᠨ ᠬᠦᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠣᠯᠲᠠ ᠪᠣᠯᠣᠨ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠪᠠ᠃ ᠡᠯ᠎ᠡ ᠰᠢᠶᠠᠩ ᠪᠠᠯᠭᠠᠰᠣ᠂ ᠨᠡᠭᠡᠭᠡᠯᠲᠡ ᠶᠢᠨ ᠲᠣᠭᠤᠷᠢᠭ ᠵᠢᠴᠢ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ︽ᠬᠤᠷᠢᠨᠭᠡᠷ ᠰᠢᠶᠠᠨ ᠤ ︿ᠳᠥᠷᠪᠡᠨ ᠰᠠᠶᠢᠨ ᠬᠦᠳᠡᠭᠡ ᠲᠣᠰᠬᠤᠨ ᠤ ᠵᠠᠮ﹀ ᠤᠨ ᠪᠦᠲᠦᠭᠡᠨ ᠪᠠᠶᠢᠭᠤᠯᠣᠯᠲᠠ ᠶᠢ ᠭᠦᠨᠵᠡᠭᠡᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠥᠯ︾ ︽ᠬᠤᠷᠢᠨᠭᠡᠷ ᠰᠢᠶᠠᠨ ᠤ ᠬᠦᠬᠡᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠶᠢᠨ ᠠᠷᠭ᠎ᠠ ᠶᠢ ᠨᠠᠶᠢᠳᠠᠪᠣᠷᠢᠵᠢᠭᠤᠯᠬᠤ ᠬᠡᠷᠡᠭᠵᠢᠬᠦᠯᠬᠦ ᠨᠠᠷᠢᠨ ᠳᠥᠷᠢᠮ︾ ᠳᠤ ᠲᠠᠶᠢᠯᠤᠮᠵᠢ ᠬᠢᠪᠡ︔ ᠰᠢᠶᠠᠨ ᠤ ᠣᠷᠣᠨ ᠰᠠᠭᠤᠴᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ︽ᠬᠤᠷᠢᠨᠭᠡᠷ ᠰᠢᠶᠠᠨ ᠤ 2019 ᠣᠨ ᠤ ᠬᠦᠳᠡᠭᠡ ᠲᠣᠰᠬᠤᠨ ᠤ ᠨᠤᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠲᠥᠰᠥᠯ︾ ᠳᠤ ᠲᠠᠶᠢᠯᠤᠮᠵᠢ ᠬᠢᠪᠡ︔ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠡᠯ᠎ᠡ ᠰᠢᠶᠠᠩ ᠪᠠᠯᠭᠠᠰᠣ  ᠯᠤᠭ᠎ᠠ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠶᠢ ᠰᠢᠯᠵᠢᠭᠦᠯᠬᠦ ᠬᠡᠯᠡᠯᠴᠡᠭᠡᠷ ᠲᠤ ᠭᠠᠷ ᠤᠨ ᠦᠰᠦᠭ ᠵᠢᠷᠣᠪᠠ᠃      ᠴᠢ ᠪᠠᠢ ᠰᠢᠶᠣᠣ ᠵᠢᠭᠠᠵᠣ ᠭᠠᠷᠭᠠᠭᠰᠠᠨ ᠨᠢ᠂ ᠬᠦᠳᠡᠭᠡ ᠲᠣᠰᠬᠤᠨ ᠤ ᠨᠣᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠨᠢ ᠨᠢᠭᠡᠨ ᠠᠷᠠᠳ ᠲᠤ ᠠᠰᠢᠭᠲᠠᠢ ᠴᠢᠬᠤᠯᠠ ᠢᠨᠵᠧᠨᠧᠷᠢᠩ ᠮᠥᠨ᠂ ᠨᠡᠩ ᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠶᠢᠨ ᠴᠢᠬᠤᠯᠠ ᠠᠷᠭ᠎ᠠ ᠠᠪᠴᠠᠯ ᠤᠨ ᠨᠢᠭᠡ ᠮᠥᠨ᠂ ᠡᠶᠢᠮᠦ ᠠᠴᠠ ᠵᠠᠪᠠᠯ ᠣᠯᠣᠰ ᠲᠦᠷᠥ ᠶᠢᠨ ᠡᠭᠦᠷᠭᠡ ᠪᠣᠯᠭᠠᠨ ᠠᠳᠬᠤᠬᠤ ᠬᠡᠷᠡᠭᠲᠡᠢ᠃ ᠨᠣᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠨᠢ ᠴᠠᠭ ᠪᠠᠴᠢᠮ᠂ ᠡᠭᠦᠷᠭᠡ ᠬᠦᠨᠳᠦ᠂ ᠵᠠᠪᠠᠯ ᠴᠠᠭ ᠢ ᠠᠮᠵᠢᠨ ᠳᠣᠣᠷ᠎ᠠ ᠨᠢ ᠬᠡᠷᠡᠭᠵᠢᠭᠦᠯᠵᠦ᠂ ᠰᠠᠭᠤᠬᠤ ᠭᠡᠷ ᠤᠨ ᠴᠢᠨᠠᠷ ᠴᠢᠨᠰᠠᠭ᠎ᠠ ᠠᠶᠣᠯ ᠦᠭᠡᠢ ᠶᠢ ᠪᠠᠲᠣᠯᠠᠬᠤ ᠬᠡᠷᠡᠭᠲᠡᠢ᠃ ᠬᠦᠳᠡᠭᠡ ᠲᠣᠰᠬᠤᠨ ᠤ ᠨᠣᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠣᠳᠣᠷᠢᠳᠬᠤ ᠳᠤᠭᠤᠶᠢᠯᠠᠩ ᠪᠠᠶᠢᠭᠤᠯᠵᠣ᠂ ᠬᠤᠯᠪᠣᠭᠳᠠᠯ ᠪᠦᠬᠦᠢ ᠳᠠᠷᠠᠭᠠᠯᠠᠯ ᠶᠣᠰᠣᠭᠠᠷ ᠡᠯ᠎ᠡ ᠲᠦᠷᠥᠯ ᠤᠨ ᠠᠵᠢᠯ ᠢ ᠳᠠᠭᠤᠰᠬᠠᠵᠣ᠂ 2019 ᠣᠨ ᠤ ᠬᠦᠳᠡᠭᠡ ᠲᠣᠰᠬᠤᠨ ᠤ ᠨᠤᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠬᠦ ᠶᠢ ᠪᠠᠲᠣᠯᠠᠬᠤ ᠬᠡᠷᠡᠭᠲᠡᠢ ᠭᠡᠵᠡᠢ᠃      ᠴᠢ ᠪᠠᠢ ᠰᠢᠶᠣᠣ ᠱᠠᠭᠠᠷᠳᠠᠭᠰᠠᠨ ᠨᠢ᠂ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ ᠰᠢᠯᠵᠢᠭᠦᠯᠦᠭᠰᠡᠨ ᠤ ᠳᠠᠷᠠᠭ᠎ᠠ᠂ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠣ᠂ ᠡᠯ᠎ᠡ ᠰᠢᠶᠠᠩ ᠪᠠᠯᠭᠠᠰᠣ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠣᠯᠲᠠ ᠶᠢᠨ ᠪᠡᠯᠡ ᠮᠦᠩᠭᠦ ᠶᠢᠨ ᠬᠡᠷᠡᠭᠯᠡᠯᠲᠡ ᠪᠣᠯᠣᠨ ᠬᠠᠮᠢᠶᠠᠷᠣᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ ᠬᠦᠳᠡᠭᠡ ᠲᠣᠰᠬᠤᠨ ᠤ ᠵᠠᠰᠠᠮᠠᠯ ᠵᠠᠮ ᠤᠨ ᠲᠣᠯᠭᠠᠭᠤᠷᠢᠯᠠᠬᠤ ᠴᠢᠳᠠᠪᠣᠷᠢ ᠪᠣᠯᠣᠨ ᠦᠢᠯᠡᠴᠢᠯᠡᠭᠡᠨ ᠤ ᠴᠢᠳᠠᠪᠣᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠣᠷ ᠲᠣᠭᠲᠠᠭᠤᠨ᠂ ᠡᠶ᠎ᠡ ᠵᠣᠬᠢᠴᠠᠯᠲᠣ ᠰᠠᠭᠠᠳ ᠦᠭᠡᠢ ᠨᠡᠪᠲᠡᠷᠡᠬᠦ ᠵᠠᠮ ᠲᠡᠭᠡᠭᠡᠪᠦᠷᠢ ᠶᠢᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ᠃ ᠲᠣᠬᠠᠢ ᠶᠢᠨ ᠭᠠᠵᠠᠷ ᠤᠨ ᠪᠣᠳᠠᠲᠠᠢ ᠲᠠᠢ ᠤᠶᠠᠯᠳᠣᠭᠤᠯᠵᠣ᠂ ᠬᠠᠮᠢᠶᠠᠷᠣᠨ ᠠᠷᠠᠴᠢᠯᠠᠬᠤ ᠠᠷᠭ᠎ᠠ ᠪᠠᠨ ᠰᠢᠨ᠎ᠡ ᠶᠢ ᠡᠭᠦᠳᠴᠦ᠂ ᠬᠡᠷᠡᠭᠵᠢᠭᠦᠯᠵᠦ ᠪᠣᠯᠬᠤ ᠪᠦᠬᠦᠢ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠶᠢᠨ ᠠᠷᠭ᠎ᠠ ᠶᠢ ᠦᠨᠡᠨᠬᠦ ᠪᠣᠢ ᠪᠣᠯᠭᠠᠨ᠂ ︽ᠳᠥᠷᠪᠡᠨ ᠰᠠᠶᠢᠨ ᠬᠦᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠣᠯᠲᠠ ᠪᠣᠯᠣᠨ ᠬᠦᠳᠡᠭᠡ ᠲᠣᠰᠬᠤᠨ ᠤ ᠵᠠᠰᠠᠮᠠᠯ ᠵᠠᠮ ᠤᠨ ᠡᠯ᠎ᠡ ᠲᠦᠷᠥᠯ ᠤᠨ ᠠᠵᠢᠯ ᠢ ᠪᠦᠬᠦ ᠬᠦᠴᠦᠨ ᠢᠶᠠᠷ ᠰᠠᠶᠢᠲᠣᠷ ᠬᠢᠬᠦ ᠬᠡᠷᠡᠭᠲᠡᠢ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号