ᠬᠤᠷᠢᠨᠭᠡᠷ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠭᠠᠭᠠᠴᠢᠯᠠᠨ ᠲᠡᠳᠬᠦᠬᠦ ᠺᠠᠳ᠋ᠷ ᠤᠨ ᠪᠣᠯᠪᠠᠰᠣᠷᠠᠭᠤᠯᠣᠯ ᠤᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2019-09-03
     ᠳᠠᠭᠠᠭᠠᠴᠢᠯᠠᠨ ᠲᠡᠳᠬᠦᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠮᠠᠨ ᠤ ᠰᠢᠶᠠᠨ ᠤ ᠳᠠᠭᠠᠭᠠᠴᠢᠯᠠᠨ ᠲᠡᠳᠬᠦᠬᠦ ᠺᠠᠳ᠋ᠷ ᠤᠨ ᠬᠠᠪᠰᠤᠷᠤᠨ ᠲᠡᠳᠬᠦᠬᠦ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠰᠠᠭᠤᠷᠢ ᠶᠢ ᠴᠢᠨᠠᠭᠰᠢᠳᠠ ᠪᠠᠬᠢᠵᠢᠭᠦᠯᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 27 ᠤ ᠡᠳᠦᠷ᠂ ᠬᠤᠷᠢᠨᠭᠡᠷ ᠰᠢᠶᠠᠨ ᠭᠤᠷᠪᠠᠳᠤᠭᠠᠷ ᠳᠤᠮᠳᠠᠳᠣ ᠰᠤᠷᠭᠠᠭᠤᠯᠢ ᠶᠢᠨ ᠶᠣᠰᠣᠯᠠᠯ ᠤᠨ ᠲᠠᠩᠬᠢᠮ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠭᠠᠭᠠᠴᠢᠯᠠᠨ ᠲᠡᠳᠬᠦᠬᠦ ᠺᠠᠳ᠋ᠷ ᠤᠨ ᠪᠣᠯᠪᠠᠰᠣᠷᠠᠭᠤᠯᠣᠯ ᠤᠨ ᠬᠤᠷᠠᠯ ᠬᠢᠵᠦ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢ ᠵᠧᠩ ᠾᠦᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃      ᠯᠢ ᠵᠧᠩ ᠾᠦᠩ ᠱᠠᠭᠠᠷᠳᠠᠭᠰᠠᠨ ᠨᠢ᠂ ᠨᠢᠭᠡ ᠳᠤ᠂ ᠰᠠᠭᠤᠷᠢ ᠮᠡᠳᠡᠯᠭᠡ ᠶᠢ ᠡᠵᠡᠮᠰᠢᠵᠦ᠂ ᠰᠠᠭᠤᠷᠢ ᠪᠣᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠠᠪᠰᠤᠷᠤᠨ ᠲᠡᠳᠬᠦᠬᠦ ᠺᠠᠳ᠋ᠷᠴᠤᠳ ᠰᠡᠳᠬᠢᠯ ᠲᠠᠯᠪᠢᠨ ᠰᠤᠷᠤᠯᠴᠠᠵᠤ᠂ ᠰᠠᠭᠤᠷᠢ ᠮᠡᠳᠡᠯᠭᠡ ᠶᠢ ᠡᠵᠡᠮᠰᠢᠵᠦ᠂ ᠣᠯᠠᠨ ᠲᠦᠮᠡᠨ ᠳᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ ᠥᠭᠬᠦ ᠬᠡᠷᠡᠭᠲᠡᠶ᠃ ᠬᠤᠶᠠᠷ ᠲᠤ᠂ ᠪᠦᠬᠦ ᠬᠦᠴᠦᠨ ᠢᠶᠠᠷ ᠢᠶᠠᠨ ᠪᠠᠶᠢᠯᠳᠤᠵᠤ᠂ ᠬᠤᠸᠠᠷ ᠬᠠᠳᠬᠤᠬᠤ ᠡᠷᠳᠡᠮ ᠴᠢᠳᠠᠯ ᠢᠶᠠᠨ ᠭᠦᠢᠴᠡᠳ ᠭᠠᠷᠭᠠᠬᠤ ᠬᠡᠷᠡᠭᠲᠡᠶ᠃ ᠶᠠᠳᠠᠭᠤᠷᠠᠭᠰᠠᠨ ᠰᠢᠯᠲᠠᠭᠠᠨ ᠳᠤ ᠴᠢᠭᠯᠡᠭᠦᠯᠦᠨ᠂ ᠬᠡᠯᠪᠡᠷᠢ ᠶᠢᠨ ᠲᠡᠳᠦᠶ ᠬᠢᠬᠦ ᠶᠢ ᠴᠡᠭᠡᠷᠯᠡᠵᠦ᠂ ᠬᠡᠶᠢᠰᠪᠦᠷᠢ ᠠᠵᠢᠯ ᠬᠢᠬᠦ ᠶᠢ ᠴᠦ ᠴᠡᠭᠡᠷᠯᠡᠵᠦ᠂ ᠲᠥᠷᠥᠯ ᠬᠤᠪᠢᠶᠠᠨ ᠲᠥᠷᠦ ᠶᠢᠨ ᠪᠣᠳᠣᠯᠭ᠎ᠠ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠪᠠᠷᠢᠮᠵᠢᠶ᠎ᠠ ᠪᠠ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠳᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ︽ᠪᠦᠬᠦᠨ ᠢ ᠴᠡᠪᠡᠷᠯᠡᠵᠦ ᠪᠠᠷᠢᠮᠵᠢᠶ᠎ᠠ ᠳᠤ ᠬᠦᠷᠭᠡᠬᠦ︾ ᠠᠷᠪᠠᠨ ᠡᠭᠦᠷᠭᠡ ᠶᠢ ᠪᠡᠶᠡᠯᠡᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠶ᠃ ᠭᠤᠷᠪᠠ ᠳᠤ᠂ ᠪᠣᠳᠠᠲᠠᠶ ᠠᠵᠢᠯᠯᠠᠬᠤ ᠪᠠᠷ ᠭᠤᠤᠯᠳᠠᠯᠭ᠎ᠠ ᠪᠣᠯᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠯ ᠤᠨ ᠵᠠᠮ ᠳᠤ ᠣᠷᠣᠭᠤᠯᠣᠬᠤ ᠬᠡᠷᠡᠭᠲᠡᠢ᠃ ᠨᠢᠭᠡᠳᠦᠭᠡᠷ ᠹᠷᠣᠨᠲ ᠤᠨ ᠳᠠᠭᠠᠭᠠᠴᠢᠯᠠᠨ ᠲᠡᠳᠬᠦᠬᠦ ᠺᠠᠳ᠋ᠷ ᠪᠣᠯᠤᠭᠰᠠᠨ ᠤ ᠬᠤᠪᠢ ᠳᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠣᠷᠢᠭᠲᠠᠶ ᠪᠠᠷ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠷᠢᠭᠦᠨ ᠤ ᠦᠯᠢᠭᠡᠷ ᠳᠠᠭᠤᠷᠢᠶᠠᠯ ᠠᠴᠠ ᠢᠳᠡᠪᠬᠢᠲᠡᠢ ᠰᠤᠷᠤᠯᠴᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠭᠠᠭᠤᠯᠤᠨ ᠡᠷᠲᠡᠬᠡᠨ ᠶᠠᠳᠠᠭᠤ ᠠᠴᠠ ᠠᠩᠭᠢᠵᠢᠷᠠᠭᠤᠯᠣᠨ ᠴᠢᠨᠡᠭᠡᠯᠢᠭᠵᠢᠬᠦ ᠬᠡᠷᠡᠭᠲᠡᠶ ᠭᠡᠪᠡ᠃      ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠶᠠᠳᠠᠭᠤ ᠶᠢ ᠲᠡᠳᠬᠦᠬᠦ ᠠᠯᠪᠠᠨ ᠭᠡᠷ︶᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠠᠵᠢᠯᠲᠠᠨ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠶᠢᠨ ᠦᠨᠳᠦᠰᠦᠨ ᠲᠥᠷᠥ ᠶᠢᠨ ᠪᠣᠳᠣᠯᠭ᠎ᠠ᠂ ᠬᠠᠪᠰᠤᠷᠤᠨ ᠲᠡᠳᠬᠦᠬᠦ ᠺᠠᠳ᠋ᠷᠴᠤᠳ ᠤᠨ ᠦᠨᠳᠦᠰᠦᠨ ᠲᠤᠰᠢᠶᠠᠯ ᠬᠠᠷᠢᠭᠤᠴᠠᠯᠭ᠎ᠠ ᠪᠠ ᠡᠭᠦᠷᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠣᠮᠣ ᠳ᠋ᠠᠶᠢᠲ᠋ᠠ ᠶᠢᠨ ᠲᠠᠪᠴᠠᠩ ᠤᠨ ᠭᠠᠷ ᠤᠲᠠᠰᠤᠨ ᠤ APP ᠬᠡᠷᠡᠭᠯᠡᠬᠦ ᠠᠷᠭ᠎ᠠ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠢᠴᠢ ᠶᠠᠳᠠᠭᠤ ᠬᠦᠴᠢᠷᠳᠡᠯᠲᠡᠶ ᠡᠷᠦᠬᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠳᠠᠩᠰᠠ ᠲᠠᠶᠢᠯᠬᠤ ᠭᠠᠷ ᠭᠦᠢᠴᠡᠳᠬᠡᠯ ᠵᠡᠷᠭᠡ ᠠᠭᠤᠯᠭ᠎ᠠ ᠶᠢᠨ ᠲᠠᠯ᠎ᠠ ᠪᠠᠷ ᠲᠠᠶᠢᠯᠣᠮᠵᠢ ᠬᠢᠵᠦ᠂ ᠬᠠᠪᠰᠤᠷᠤᠨ ᠲᠡᠳᠬᠦᠬᠦ ᠺᠠᠳ᠋ᠷᠴᠤᠳ ᠲᠤ ᠲᠠᠷᠠᠭᠠᠴᠢ ᠶᠢᠨ ᠠᠵᠢᠯ ᠤᠨ ᠲᠣᠬᠠᠢ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠶᠢ ᠣᠯᠭᠤᠵᠣ᠂ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ ᠠᠯᠬᠤᠮ ᠥᠷᠨᠢᠭᠦᠯᠬᠦ ᠳᠤ ᠠᠰᠢᠭᠲᠠᠢ ᠪᠣᠯᠭᠠᠵᠠᠢ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠨᠡᠶᠢᠲᠡ ᠳᠥᠷᠪᠡᠨ ᠬᠤᠭᠤᠴᠠᠭ᠎ᠠ ᠬᠤᠪᠢᠶᠠᠵᠤ᠂ ᠬᠤᠭᠤᠴᠠᠭ᠎ᠠ ᠪᠦᠷᠢ ᠪᠠᠷᠤᠭ 500 ᠭᠠᠷᠤᠶ ᠺᠠᠳ᠋ᠷ ᠣᠷᠣᠯᠴᠠᠵᠤ᠂ ᠳᠠᠭᠠᠭᠠᠴᠢᠯᠠᠨ ᠲᠡᠳᠬᠦᠬᠦ ᠺᠠᠳ᠋ᠷ ᠨᠡᠶᠢᠲᠡ 2000 ᠭᠠᠷᠤᠶ ᠬᠦᠮᠦᠨ ᠪᠣᠯᠪᠠᠰᠣᠷᠠᠭᠤᠯᠣᠯ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号