ᠬᠠᠶᠢᠷ᠎ᠠ ᠬᠠᠯᠠᠮᠵᠢ ᠦᠨᠡᠨ ᠰᠡᠳᠬᠢᠯᠭᠡ ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ᠃ 1 ᠳ᠋ᠦ᠋ᠭᠡᠷ | ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠢᠦᠶ ᠮᠢᠩ ᠤᠯᠠᠮᠵᠢᠯᠠᠯᠲᠤ ᠰᠣᠶᠣᠯ ᠤᠨ ᠬᠢᠵᠠᠭᠠᠷᠲᠤ | ᠺᠤᠮᠫᠠᠨᠢ ᠶᠢᠨ ᠰᠢ ᠲᠠᠭᠤᠤᠷᠢᠯᠢᠬ ᠤᠨ ᠬᠡᠯᠲᠡᠰ ᠥᠪᠥᠷ ᠮᠣᠩᠭᠤᠯ ᠤᠨ ᠶᠢᠨ ᠱᠢ ᠮᠧᠩ ᠷᠦᠩ ᠬᠡᠷ ᠭᠠᠵᠠᠷ | ᠬᠦᠷᠦᠩᠭᠡ ᠶᠢᠨ ᠨᠡᠭᠡᠭᠡᠯᠲᠡ ᠶᠢᠨ ᠺᠣᠮᠫᠠᠨᠢ ᠲᠠᠢ ᠬᠠᠮᠲᠤᠷᠠᠨ ᠰᠢᠨ᠎ᠡ ᠳᠡᠯᠭᠡᠭᠦᠷ ᠪᠠᠯᠭᠠᠰᠤᠨ ᠤ ᠵᠣᠯ ᠵᠢᠷᠭᠠᠯᠠᠩᠲᠤ | ᠬᠦᠷᠢᠶᠡᠯᠡᠩ ᠳᠤ ᠬᠦᠷᠴᠦ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠲᠣᠬᠤᠨᠢᠭᠤᠯᠭ᠎ᠠ ᠶᠢᠨ ᠲᠣᠭᠯᠠᠯᠲᠠ | ᠭᠠᠷᠭᠠᠪᠠ᠃ ᠰᠢᠨ᠎ᠡ ᠳᠡᠯᠭᠡᠭᠦᠷ ᠪᠠᠯᠭᠠᠰᠤ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠵᠡᠷᠭᠡ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠳ ᠠᠵᠢᠯᠯᠠᠭ᠎ᠠ ᠳᠤ ᠣᠷᠣᠯᠴᠠᠵᠠᠶ᠃ | ᠠᠵᠢᠯᠯᠠᠭ᠎ᠠ ᠶᠢᠨ ᠠᠬᠤᠶ ᠲᠠᠯᠠᠪᠠᠶ ᠳᠤ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠨᠢ ᠨᠠᠰᠤᠲᠠᠶᠢᠴᠤᠳ ᠲᠤ | ᠠᠮᠤ ᠪᠤᠳᠠᠭ᠎ᠠ᠂ ᠭᠤᠯᠢᠷ᠂ ᠲᠣᠰᠣ᠂ ᠰᠦᠨ ᠴᠠᠶ ᠶᠢᠨ ᠲᠠᠯᠬ᠎ᠠ ᠵᠡᠷᠭᠡ ᠬᠠᠶᠢᠷ᠎ᠠ ᠬᠠᠯᠠᠮᠵᠢ ᠶᠢᠨ ᠠᠮᠢᠳᠤᠷᠠᠯ ᠤᠨ | ᠬᠡᠷᠡᠭᠰᠡᠯ ᠬᠦᠷᠭᠡᠵᠦ ᠥᠭᠭᠦᠭᠰᠡᠨ ᠪᠥᠭᠡᠳ ᠨᠠᠰᠤᠲᠠᠶᠢᠴᠤᠳ ᠲᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ | ᠦᠨᠡᠨ ᠰᠡᠳᠬᠢᠯ ᠤᠨ ᠢᠨᠢᠶᠡᠮᠰᠦᠭᠯᠡᠯ ᠪᠠ ᠬᠠᠮᠤᠭ ᠤᠨ ᠴᠢᠩ ᠦᠨᠡᠨᠴᠢ ᠮᠡᠨᠳᠦᠴᠢᠯᠡᠯ ᠢᠶᠠᠨ ᠨᠢᠭᠦᠯᠡᠰᠦᠩᠭᠦᠶ ᠶᠢᠨ ᠵᠣᠯ | ᠵᠢᠷᠭᠠᠯᠠᠩᠲᠣ ᠬᠦᠷᠢᠶᠡᠯᠡᠩ ᠳᠤ ᠠᠪᠴᠢᠷᠠᠵᠣ᠂ ᠨᠠᠰᠤᠲᠠᠶᠢᠴᠤᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠲᠣᠰ | ᠤᠳᠠᠭ᠎ᠠ ᠵᠣᠯ ᠵᠢᠷᠭᠠᠯᠠᠩᠲᠣ ᠬᠦᠷᠢᠶᠡᠯᠡᠩ ᠤᠨ 75 ᠡᠷᠦᠬᠡ ᠨᠠᠰᠤᠲᠠᠨ ᠪᠠ ᠰᠢᠨ᠎ᠡ ᠳᠡᠯᠭᠡᠭᠦᠷ ᠪᠠᠯᠭᠠᠰᠤᠨ ᠤ 5 | ᠣᠨᠴᠠ ᠬᠦᠴᠢᠷᠳᠡᠯᠲᠡᠶ ᠡᠷᠦᠬᠡ ᠶᠢ ᠲᠣᠬᠤᠨᠢᠭᠤᠯᠪᠠ᠃ | ᠪᠢᠳᠡ ᠨᠠᠰᠤᠲᠠᠨ ᠢᠶᠠᠨ ᠬᠦᠨᠳᠦᠯᠡᠵᠦ᠂ ᠨᠠᠰᠤᠲᠠᠨ ᠢᠶᠠᠨ ᠬᠠᠶᠢᠷᠠᠯᠠᠵᠤ᠂ ᠨᠠᠰᠤᠲᠠᠨ ᠢᠶᠠᠨ ᠠᠴᠢᠯᠠᠵᠤ᠂ ᠲᠣᠰ | ᠤᠳᠠᠭᠠᠨ ᠤ ᠲᠣᠬᠤᠨᠢᠭᠤᠯᠬᠤ ᠲᠣᠭᠯᠠᠯᠲᠠ ᠨᠢ ᠨᠠᠰᠤᠲᠠᠶᠢᠴᠤᠳ ᠬᠠᠶᠢᠷ᠎ᠠ ᠬᠠᠯᠠᠮᠵᠢ ᠶᠢ ᠬᠦᠷᠭᠡᠵᠦ᠂ ᠨᠠᠩ ᠴᠤ | ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ | ᠨᠠᠰᠤᠲᠠᠶᠢᠴᠤᠳ ᠲᠤ ᠶᠡᠭᠡ ᠬᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠪᠡ᠃ |