1 ᠳ᠋ᠦ᠋ᠭᠡᠷ ᠰᠠᠷ᠎ᠠ ᠶᠢᠨ 7 ᠤ ᠡᠳᠦᠷ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠵᠦᠢᠯ ᠤᠳ ᠢ ᠬᠡᠷᠡᠭᠵᠢᠭᠦᠯᠬᠦ ᠲᠣᠳᠣᠷᠬᠠᠢ ᠬᠠᠭᠤᠳᠠᠰᠤ ᠶᠢ ᠲᠠᠭᠯᠠᠨ | ᠮᠡᠳᠡᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠲᠤᠬᠠᠶᠢᠯᠠᠭᠰᠠᠨ ᠠᠵᠢᠯ ᠤᠨ | ᠭᠤᠤᠯᠯᠠᠭᠴᠢ ᠬᠥᠮᠦᠰ ᠬᠤᠷᠠᠯ ᠳᠤ ᠣᠷᠣᠯᠴᠠᠪᠠ᠃ | ᠬᠤᠷᠠᠯ ᠠᠴᠠ ︽ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠵᠦᠢᠯ ᠤᠳ ᠤᠨ ᠬᠡᠷᠡᠭᠵᠢᠭᠦᠯᠦᠯᠲᠡ ᠶᠢᠨ ᠨᠠᠷᠢᠨ ᠬᠠᠭᠤᠳᠠᠰᠤ ᠶᠢ ᠲᠠᠭᠯᠠᠨ ᠮᠡᠳᠡᠭᠦᠯᠬᠦ ᠠᠵᠢᠯ ᠤᠨ ᠪᠠᠶᠢᠳᠠᠯ ᠤᠨ | ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯ ᠤᠳ ᠤᠨ ᠨᠠᠷᠢᠨ ᠬᠠᠭᠤᠳᠠᠰᠤ ᠶᠢ ᠲᠠᠭᠯᠠᠨ ᠮᠡᠳᠡᠭᠦᠯᠬᠦ ᠠᠵᠢᠯ ᠳᠤ ᠲᠣᠬᠢᠷᠠᠭᠤᠯᠤᠯᠲᠠ ᠬᠢᠪᠠ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ | ᠴᠢᠩᠭᠠᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠤᠳ ᠤᠨ ᠨᠠᠷᠢᠨ ᠬᠠᠭᠤᠳᠠᠰᠤ ᠶᠢ ᠲᠠᠭᠯᠠᠨ | ᠮᠡᠳᠡᠭᠦᠯᠬᠦ ᠠᠵᠢᠯ ᠤᠨ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ | ᠬᠡᠷᠡᠭᠲᠡᠶ︔ ᠬᠤᠶᠠᠷ ᠲᠤ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠨᠠᠷᠢᠯᠢᠭᠵᠢᠭᠤᠯᠬᠤ᠂ ᠪᠣᠳᠠᠲᠠᠶᠢᠵᠢᠭᠤᠯᠬᠤ | ᠳᠡᠭᠡᠷ᠎ᠡ ᠬᠦᠴᠦ ᠲᠠᠯᠪᠢᠵᠤ᠂ ᠨᠢᠭᠡᠨᠲᠡ ᠡᠭᠦᠷᠭᠡᠯᠡᠨ ᠠᠪᠴᠣ ᠨᠡᠶᠢᠲᠡᠯᠡᠭᠰᠡᠨ ᠵᠦᠢᠯ ᠤᠳ ᠢ ᠵᠦᠢᠯ ᠳᠠᠷᠠᠭᠠᠯᠠᠨ | ᠡᠮᠬᠢᠯᠡᠵᠦ᠂ ᠭᠦᠢᠴᠡᠳᠬᠡᠬᠦ ᠴᠤᠪᠤᠷᠠᠯ ᠢ ᠬᠠᠤᠯᠢ ᠶᠣᠰᠣᠭᠠᠷ ᠰᠢᠯᠢᠳᠡᠭᠵᠢᠭᠦᠯᠦᠨ᠂ ᠠᠵᠢᠯ ᠶᠠᠪᠤᠳᠠᠯ ᠭᠦᠢᠴᠡᠳᠬᠡᠬᠦ | ᠳᠠᠷᠠᠭᠠᠯᠠᠯ ᠢ ᠳᠥᠭᠦᠮᠴᠢᠯᠡᠵᠦ᠂ ᠠᠮᠠᠯᠠᠯᠲᠠ ᠶᠢᠨ ᠴᠠᠭ ᠤᠨ ᠬᠢᠵᠠᠭᠠᠷ ᠢ ᠪᠣᠭᠤᠨᠢᠰᠬᠠᠵᠤ᠂ ᠰᠦᠯᠵᠢᠶ᠎ᠡ ᠪᠠᠷ | ᠰᠢᠢᠳᠪᠦᠷᠢᠯᠡᠬᠦ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ ᠨᠡᠪᠲᠡᠷᠡᠯᠴᠡᠭᠡ ᠪᠠᠨ ᠴᠢᠩᠭᠠᠳᠬᠠᠵᠤ᠂ | ᠠᠵᠢᠯ ᠤᠨ ᠬᠠᠮᠲᠣᠷᠠᠯ ᠬᠦᠴᠦᠨ ᠢ ᠪᠦᠷᠢᠯᠳᠦᠭᠦᠯᠵᠦ᠂ ᠳᠠᠷᠤᠶ ᠭᠦᠢᠴᠡᠳᠬᠡᠬᠦ ᠵᠦᠢᠯ ᠤᠨ ᠡᠵᠡᠯᠡᠬᠦ ᠬᠠᠷᠢᠴᠠᠯ᠂ | ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠬᠤ ᠶᠢ ᠦᠨᠡᠨᠬᠦ ᠪᠠᠲᠤᠯᠠᠵᠤ᠂ ᠬᠠᠮᠤᠭ ᠣᠯᠠᠨ ᠳᠠᠭᠠᠨ ᠨᠢᠭᠡ ᠤᠳᠠᠭ᠎ᠠ | ᠭᠦᠶᠦᠬᠦ ᠵᠦᠢᠯ ᠤᠳ ᠤᠨ ᠡᠵᠡᠯᠡᠬᠦ ᠬᠠᠷᠢᠴᠠᠯ ᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠳᠤ ᠬᠦᠷᠦᠭᠦᠯᠵᠦ᠂ | ᠰᠦᠯᠵᠢᠶ᠎ᠡ ᠪᠠᠷ ᠭᠦᠢᠴᠡᠳᠬᠡᠬᠦ ᠵᠦᠢᠯ ᠤᠳ ᠢ ᠠᠳᠠᠭ ᠲᠠᠭᠠᠨ 70% ᠳᠤ ᠬᠦᠷᠦᠭᠦᠯᠬᠦ ᠬᠡᠷᠡᠭᠲᠡᠶ ᠭᠡᠪᠡ᠃ | ᠬᠤᠷᠠᠯ ᠤᠨ ᠳᠠᠷᠠᠭ᠎ᠠ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ | ᠪᠦᠬᠦᠢ ᠠᠵᠢᠯᠲᠠᠨ ᠬᠡᠷᠡᠭ ᠶᠠᠪᠤᠳᠠᠯ ᠢ ᠲᠠᠭᠯᠠᠨ ᠮᠡᠳᠡᠭᠦᠯᠬᠦ ᠠᠵᠢᠯ ᠢ ᠬᠡᠷᠬᠢᠨ ᠳᠥᠯᠭᠢᠨ ᠠᠬᠢᠭᠤᠯᠬᠤ᠂ ᠪᠦᠲᠦᠮᠵᠢᠲᠡᠶ | ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠨᠠᠷᠢᠨ ᠲᠠᠶᠢᠯᠪᠤᠷᠢᠯᠠᠪᠠ᠃ |