ᠴᠧᠨ ᠯᠢ ᠶᠢᠨ ᠠᠵᠤ ᠠᠬᠤᠶᠢᠯᠠᠯ ᠳᠤ ᠣᠷᠣᠰᠢᠵᠣ ᠪᠠᠶᠢᠭ᠎ᠠ ᠬᠦᠴᠢᠷᠳᠡᠯ ᠢ ᠰᠢᠢᠳᠪᠦᠷᠢᠯᠡᠬᠦ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-01-08
     1 ᠳ᠋ᠦ᠋ᠭᠡᠷ ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠨᠠᠮ ᠵᠠᠰᠠᠭ ᠤᠨ ᠲᠣᠮᠣ ᠠᠰᠠᠷ ᠤᠨ 401 ᠬᠤᠷᠠᠯ ᠤᠨ ᠭᠡᠷ ᠲᠤ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠢ  ᠰᠢᠢᠳᠪᠦᠷᠢᠯᠡᠬᠦ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠳᠡᠳ᠋ ᠳᠠᠷᠤᠭ᠎ᠠ ᠾᠧ ᠹᠧᠩ᠂ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠢᠨ᠎ᠡ ᠳᠡᠯᠭᠡᠭᠦᠷ ᠪᠠᠯᠭᠠᠰᠤ᠂ ᠶᠡᠭᠡ ᠤᠯᠠᠭᠠᠨᠬᠤᠲᠠ ᠰᠢᠶᠠᠩ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠂ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠶᠡᠭᠡ ᠤᠯᠠᠭᠠᠨᠬᠤᠲᠠ ᠰᠢᠶᠠᠩ ᠵᠡᠷᠭᠡ ᠬᠠᠮᠢᠶ᠎ᠠ ᠪᠦᠬᠦᠢ ᠨᠢᠭᠡᠴᠡ ᠪᠣᠯᠤᠨ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠤ 2019 ᠣᠨ ᠤ ᠵᠢᠯ ᠤᠨ ᠡᠴᠦᠰ ᠤᠨ ᠬᠤᠷᠢᠨᠭᠡᠷ ᠤᠨ ᠴᠠᠬᠢᠯᠭᠠᠨ ᠦᠢᠯᠡᠳᠪᠦᠷᠢ᠂ ᠥᠪᠥᠷ ᠮᠣᠩᠭᠤᠯ ᠤᠨ ᡁᠢ ᠲᠢᠶᠠᠨ ᠷᠠᠨ ᠢᠳᠡᠭᠡᠨ ᠤ ᠬᠤᠪᠢᠴᠠᠭᠠᠲᠣ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠪᠠᠶᠢᠴᠠᠭᠠᠨ ᠰᠣᠳᠣᠯᠣᠯᠲᠠ ᠬᠢᠭᠰᠡᠨ ᠤ ᠳᠠᠷᠠᠭ᠎ᠠ ᠠᠵᠤ ᠠᠬᠤᠶᠢᠯᠠᠯ ᠠᠴᠠ ᠢᠯᠡᠷᠡᠭᠦᠯᠦᠭᠰᠡᠨ ᠠᠰᠠᠭᠤᠳᠠᠯ᠂ ᠬᠦᠴᠢᠷᠳᠡᠯ ᠵᠢᠴᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠰᠢᠢᠳᠪᠦᠷᠢᠯᠡᠭᠰᠡᠨ ᠬᠠᠮᠤᠭ ᠤᠨ ᠰᠢᠨ᠎ᠡ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠭᠤᠭᠤᠯᠣᠭᠰᠠᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠴᠧᠨ ᠯᠢ ᠶᠢᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠤᠷᠠᠯ ᠤᠨ ᠵᠣᠷᠢᠯᠭ᠎ᠠ ᠨᠢ ᠠᠵᠤ ᠠᠬᠤᠶᠢᠯᠠᠯ  ᠳᠤ ᠲᠤᠯᠭᠠᠷᠠᠭᠰᠠᠨ ᠠᠰᠠᠭᠤᠳᠠᠯ᠂ ᠬᠦᠴᠢᠷᠳᠡᠯ ᠢ ᠲᠥᠪᠯᠡᠷᠡᠭᠦᠯᠦᠨ ᠰᠢᠢᠳᠪᠦᠷᠢᠯᠡᠵᠦ᠂ ᠠᠵᠤ ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠬᠦ ᠳᠤ ᠪᠤᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠯᠤᠭ᠎ᠠ ᠶᠢᠨ ᠵᠣᠯᠭᠠᠯᠴᠠᠭ᠎ᠠ ᠪᠣᠯᠣᠨ ᠨᠡᠪᠲᠡᠷᠡᠯᠴᠡᠭᠡ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠳᠤ ᠨᠢᠭᠡᠨ ᠠᠭᠤᠵᠢᠭᠤ᠂ ᠳᠥᠭᠦᠮ᠂ ᠬᠦᠭᠵᠢᠯᠲᠡ ᠳᠤ ᠨᠢ ᠠᠰᠢᠭᠲᠠᠢ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ︔ ᠵᠣᠯᠭᠠᠯᠴᠠᠭ᠎ᠠ ᠶᠢ ᠰᠠᠶᠢᠲᠤᠷ ᠬᠢᠵᠦ᠂ ᠬᠦᠴᠦ ᠪᠠᠨ ᠨᠠᠶᠢᠳᠠᠪᠤᠷᠢᠵᠢᠭᠤᠯᠬᠤ ᠳᠡᠭᠡᠷ᠎ᠡ ᠲᠠᠯᠪᠢᠵᠤ᠂ ᠭᠤᠤᠯᠳᠠᠯᠭ᠎ᠠ ᠲᠠᠢ ᠲᠥᠷᠥᠯ ᠵᠦᠢᠯ ᠢ ᠮᠦᠷᠳᠡᠨ ᠳᠠᠭᠠᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ︔ ᠦᠵᠡᠯ ᠰᠠᠨᠠᠭ᠎ᠠ ᠪᠠᠨ ᠴᠢᠯᠥᠭᠡᠯᠡᠵᠦ᠂ ᠲᠥᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠮᠥᠩᠭᠦᠨ ᠭᠦᠢᠯᠭᠡᠭᠡ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠬᠠᠪᠰᠤᠷᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠭᠤᠤᠯᠯᠠᠭᠴᠢ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠦᠨᠳᠦᠷ ᠴᠢᠨᠰᠠᠭᠠᠲᠣ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号