1 ᠳ᠋ᠦ᠋ᠭᠡᠷ ᠰᠠᠷ᠎ᠠ ᠶᠢᠨ 2 ᠤᠨ ᠡᠳᠦᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠳᠡᠳ᠋ ᠡᠷᠬᠢᠯᠡᠭᠴᠢ ᠵᠠᠩ ᠢ ᠹᠠᠨ ᠠᠴᠠ ᠳᠤᠭᠤᠶᠢᠯᠠᠩ ᠳᠠᠭᠠᠭᠤᠯᠣᠭᠰᠠᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠰᠢᠯᠭᠠᠨ ᠬᠢᠨᠠᠬᠤ ᠳᠤᠭᠤᠶᠢᠯᠠᠩ ᠤᠨ ᠬᠢᠨ ᠮᠠᠨ ᠤ ᠰᠢᠶᠠᠨ ᠳᠤ ᠭᠦᠨᠵᠡᠭᠡᠶᠢᠷᠡᠵᠦ᠂ 2019 | ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠣᠬᠠᠢ ᠶᠡᠷᠦᠩᠬᠡᠶᠢᠯᠡᠭᠰᠡᠨ ᠰᠢᠯᠭᠠᠨ ᠬᠢᠨᠠᠯᠲᠠ ᠵᠢᠭᠠᠨ | ᠵᠢᠯᠣᠭᠤᠳᠣᠯᠭ᠎ᠠ ᠬᠢᠬᠦ ᠶᠢᠨ ᠬᠠᠮᠲᠣ ᠰᠢᠮᠳᠠᠭᠤᠯᠣᠨ ᠵᠢᠯᠣᠭᠤᠳᠣᠭᠰᠠᠨ ᠪᠠᠶᠢᠳᠠᠯ ᠢ ᠳᠣᠰᠬᠠᠭᠰᠠᠨ ᠬᠤᠷᠠᠯ | ᠬᠤᠷᠠᠯᠳᠣᠭᠤᠯᠣᠭᠰᠠᠨ ᠪᠠᠶᠢᠨ᠎ᠠ᠃ ᠰᠢᠶᠠᠨ ᠤ ᠳᠡᠳ᠋ ᠳᠠᠷᠤᠭ᠎ᠠ ᠲᠣᠶᠠᠭ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠲᠠᠰᠤᠭ ᠠᠯᠪᠠᠨ ᠭᠡᠷ ᠪᠣᠯᠣᠨ | ᠬᠤᠶᠠᠳᠤᠭᠠᠷ ᠳᠡᠰ ᠤᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠰᠢᠯᠭᠠᠨ ᠬᠢᠨᠠᠬᠤ ᠳᠤᠭᠤᠶᠢᠯᠠᠩ ᠨᠢ ᠮᠠᠲ᠋ᠧᠷᠢᠶᠠᠯ ᠢ ᠪᠠᠶᠢᠴᠠᠭᠠᠨ ᠦᠵᠡᠬᠦ᠂ ᠪᠣᠳᠠᠲᠠᠶ ᠭᠠᠵᠠᠷ ᠲᠤᠨᠢ ᠰᠢᠯᠭᠠᠨ | ᠠᠪᠬᠤ᠂ ᠡᠷᠦᠬᠡ ᠳᠤ ᠬᠦᠷᠴᠦ ᠪᠠᠶᠢᠴᠠᠭᠠᠬᠤ ᠬᠡᠯᠪᠡᠷᠢ ᠪᠠᠷ ᠳᠠᠮᠵᠢᠭᠤᠯᠤᠨ ᠮᠠᠨ ᠤ ᠰᠢᠶᠠᠨ ᠤ 2019 ᠣᠨ ᠤ | ᠠᠷᠠᠳ ᠤᠨ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ | ᠪᠠᠶᠢᠳᠠᠯ ᠳᠤ ᠪᠦᠬᠦ ᠲᠠᠯ᠎ᠠ ᠶᠢᠨ ᠦᠨᠡᠯᠡᠯᠲᠡ ᠬᠢᠬᠦ ᠶᠢᠨ ᠬᠠᠮᠲᠤ ᠰᠢᠯᠭᠠᠨ ᠬᠢᠨᠠᠬᠤ ᠶᠠᠪᠤᠴᠠ ᠳᠤ ᠣᠷᠣᠰᠢᠵᠤ ᠪᠠᠶᠢᠭ᠎ᠠ | ᠠᠰᠠᠭᠤᠳᠠᠯ ᠳᠤ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠥᠭᠪᠡ᠃ | ᠬᠢᠨᠠᠨ ᠰᠢᠯᠭᠠᠬᠤ ᠳᠤᠭᠤᠶᠢᠯᠠᠩ ᠠᠴᠠ ᠮᠠᠨ ᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠤ | ᠭᠦᠢᠴᠡᠳ ᠨᠤᠲᠠᠯᠠᠯᠲᠠ ᠥᠭᠬᠦ ᠶᠢᠨ ᠬᠠᠮᠲᠤ᠂ ᠬᠤᠷᠢᠨᠭᠡᠷ ᠰᠢᠶᠠᠨ ᠢ ᠦᠨᠳᠦᠰᠦᠨ ᠱᠠᠲᠤᠨ ᠤ ᠮᠡᠳᠡᠭᠡ | ᠵᠠᠩᠭᠢᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠷᠡᠭᠦᠯ ᠮᠡᠨᠳᠦ ᠶᠢ | ᠠᠬᠢᠭᠤᠯᠬᠤ ᠬᠢᠭᠡᠳ ᠰᠤᠷᠭᠠᠨ ᠬᠥᠮᠦᠵᠢᠯ ᠤᠨ ᠲᠠᠯ᠎ᠠ ᠪᠠᠷ ᠬᠢ ᠦᠨᠳᠦᠰᠦᠨ ᠱᠠᠲᠤᠨ ᠤ ᠡᠷᠡᠭᠦᠯ ᠮᠡᠨᠳᠦ ᠶᠢᠨ ᠵᠢᠭᠠᠨ | ᠵᠢᠯᠣᠭᠤᠳᠤᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ | ᠣᠯᠤᠭᠰᠠᠨ ᠠᠮᠵᠢᠯᠲᠠ᠂ ᠠᠵᠢᠯ ᠤᠨ ᠲᠤᠷᠰᠢᠯᠭ᠎ᠠ ᠪᠣᠯᠤᠨ ᠣᠷᠣᠰᠢᠵᠤ ᠪᠠᠶᠢᠭ᠎ᠠ ᠳᠤᠲᠠᠭᠤᠳᠠᠯ ᠢᠶᠠᠨ ᠨᠠᠷᠢᠨ ᠬᠢᠨᠠᠮᠠᠭᠠᠶ | ᠳ᠋ᠦᠩᠨᠡᠬᠦ ᠶᠢ ᠬᠦᠰᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ | ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠲᠤᠶᠠᠭ᠎ᠠ ᠴᠢᠩᠭᠠᠳᠬᠠᠭᠰᠠᠨ ᠨᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠪᠣᠯ ᠨᠢᠭᠡᠨ ᠴᠢᠬᠤᠯᠠ ᠠᠷᠠᠳ ᠤᠨ | ᠠᠮᠢᠳᠤᠷᠠᠯ ᠤᠨ ᠢᠨᠵᠧᠨᠧᠷᠢᠩ ᠮᠥᠨ᠂ ᠪᠠᠰᠠ ᠴᠤ ᠠᠷᠠᠳ ᠲᠦᠮᠡᠨ ᠲᠠᠢ ᠴᠠᠭ ᠢᠮᠠᠭᠲᠠ ᠬᠠᠮᠲᠤ ᠣᠷᠣᠰᠢᠵᠣ | ᠪᠠᠶᠢᠭ᠎ᠠ ᠨᠢᠭᠲᠠ ᠬᠤᠯᠪᠣᠭ᠎ᠠ ᠲᠠᠢ ᠠᠵᠢᠯ ᠦᠢᠯᠡᠰ ᠮᠥᠨ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠦᠴᠦᠨ ᠢᠶᠠᠷ ᠢᠶᠠᠨ ᠳᠠᠮᠵᠢᠵᠤ᠂ ᠡᠷᠡᠭᠦᠯ ᠮᠡᠨᠳᠦ ᠬᠤᠷᠢᠨᠭᠡᠷ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠶᠢᠨ ᠲᠥᠯᠥᠭᠡ ᠪᠠᠲᠤᠯᠠᠭ᠎ᠠ | ᠬᠠᠩᠭᠠᠬᠤ ᠬᠡᠷᠡᠭᠲᠡᠢ ᠭᠡᠪᠡ᠃ |