| | | 1 ᠳ᠋ᠦ᠋ᠭᠡᠷ ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ | ᠳᠠᠷᠤᠭ᠎ᠠ ᠴᠧᠨ ᠯᠢ ᠶᠢᠨ ᠰᠢᠨ᠎ᠡ ᠳᠡᠯᠭᠡᠭᠦᠷ ᠪᠠᠯᠭᠠᠰᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠠᠷᠠᠯᠲᠠ ᠪᠠᠨ ᠪᠠᠲᠤ ᠴᠡᠭᠡᠵᠢᠯᠡᠵᠦ ᠰᠤᠯᠠᠷᠠᠭᠤᠯᠤᠯ | ᠦᠭᠡᠢ᠂ ᠬᠦᠴᠦᠨ ᠢᠶᠠᠨ ᠨᠢᠭᠲᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠴᠧᠨ ᠯᠢ ᠶᠢᠨ ᠨᠡᠷ ᠤᠷᠢᠳ ᠬᠤᠵᠢᠳ ᠰᠢᠨ᠎ᠡ ᠳᠡᠯᠭᠡᠭᠦᠷ ᠪᠠᠯᠭᠠᠰᠤᠨ ᠤ ᠵᠢᠶᠤᠤ ᠨᠢ ᠸᠠᠨ᠂ ᠾᠸᠢ ᠱᠢ ᠲᠤ᠂ | ᠰᠢᠨ᠎ᠡ ᠳᠡᠯᠭᠡᠭᠦᠷ᠂ ᠢᠦᠶ ᠯᠢᠨ ᠴᠧᠩ᠂ ᠼᠤᠤ ᠶᠣᠣ ᠽᠢ᠂ ᠰᠢ ᠭᠸᠦ ᠵᠢᠷᠭᠤᠭᠠᠨ ᠵᠠᠰᠠᠭ ᠵᠠᠬᠢᠷᠭᠠᠨ ᠤ | ᠲᠣᠰᠬᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ | ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠶᠠᠳᠠᠭᠤ ᠶᠢ ᠲᠡᠳᠬᠦᠬᠦ | ᠠᠵᠢᠯ ᠤᠨ ᠳᠠᠩᠰᠠ ᠡᠪᠬᠡᠮᠡᠯ ᠤᠨ ᠮᠠᠲ᠋ᠧᠷᠢᠶᠠᠯ᠂ ᠪᠦᠬᠦᠨ ᠳᠤ ᠲᠣᠬᠢᠷᠠᠬᠤ ᠺᠠᠷᠲ ᠲᠠᠷᠬᠠᠭᠠᠬᠤ ᠪᠤᠯᠤᠩ᠂ ᠭᠤᠷᠪᠠᠨ | ᠶᠠᠪᠤᠳᠠᠯ ᠢ ᠢᠯᠠ ᠪᠣᠯᠭᠠᠬᠤ ᠪᠤᠯᠤᠩ ᠵᠡᠷᠭᠡ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠰᠢᠶᠠᠩ ᠪᠠᠯᠭᠠᠰᠤᠨ ᠤ | ᠺᠠᠳ᠋ᠷ᠂ ᠲᠣᠰᠬᠤᠨ ᠳᠤ ᠰᠠᠭᠤᠭ᠎ᠠ ᠺᠠᠳ᠋ᠷ᠂ ᠲᠣᠰᠬᠤᠨ ᠤ ᠺᠠᠳ᠋ᠷ ᠲᠠᠢ ᠳᠣᠲᠣᠨᠣ ᠪᠠᠷ ᠰᠠᠨᠠᠯ ᠢᠶᠠᠨ ᠰᠣᠯᠢᠯᠴᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠰᠬᠤᠨ ᠳᠤ ᠰᠠᠭᠤᠭ᠎ᠠ ᠲᠣᠰᠬᠤᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠦ ᠶᠢᠨ ᠪᠣᠳᠣᠯᠭ᠎ᠠ ᠶᠢ ᠡᠵᠡᠮᠰᠢᠭᠰᠡᠨ ᠡᠰᠡᠬᠦ ᠶᠢ ᠰᠢᠨᠵᠢᠯᠡᠨ | ᠪᠠᠶᠢᠴᠠᠭᠠᠵᠤ᠂ ᠡᠯ᠎ᠡ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ | | | | | | ᠴᠧᠨ ᠯᠢ ᠶᠢᠨ ᠴᠢᠬᠤᠯᠠᠴᠢᠯᠠᠭᠰᠠᠨ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠰᠡᠭᠦᠯ ᠬᠤᠷᠢᠶᠠᠬᠤ ᠵᠢᠯ ᠮᠥᠨ᠂ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠦᠨᠡᠨᠬᠦ | ᠳᠡᠭᠡᠭᠰᠢᠯᠡᠭᠦᠯᠵᠦ᠂ ᠬᠠᠷᠠᠯᠲᠠ ᠪᠠᠨ ᠪᠠᠲᠤ ᠡᠵᠡᠮᠳᠡᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ | ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠣᠨ᠂ | ᠶᠠᠳᠠᠭᠤ ᠬᠦᠴᠢᠷᠳᠡᠯᠲᠡᠶ ᠪᠣᠯᠤᠭᠰᠠᠨ ᠠᠳᠠᠯᠢ ᠪᠤᠰᠤ ᠰᠢᠯᠲᠠᠭᠠᠨ ᠢ ᠦᠨᠳᠦᠰᠦᠯᠡᠨ᠂ ᠶᠠᠳᠠᠭᠤ ᠶᠢ ᠲᠡᠳᠬᠦᠬᠦ ᠴᠢᠭᠯᠡᠯ ᠢ | ᠪᠠᠷᠢᠮᠲᠠᠯᠠᠵᠤ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠤᠯᠠᠷᠠᠰᠢ ᠦᠭᠡᠢ ᠣᠪᠣᠷ ᠢᠶᠠᠷ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠨᠠᠷᠢᠯᠢᠭ ᠬᠢᠬᠦ ᠬᠡᠷᠡᠭᠲᠡᠶ᠃ | ᠬᠦᠴᠦᠨ ᠢᠶᠠᠨ ᠨᠢᠭᠲᠠᠷᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠡᠭᠡᠷ᠎ᠡ ᠬᠦᠴᠦ ᠲᠠᠯᠪᠢᠵᠤ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ᠨᠠᠩ ᠣᠯᠠᠨ ᠣᠯᠠᠨ ᠲᠦᠮᠡᠨ ᠢ | ᠦᠨᠡᠨᠬᠦ ᠳᠠᠶᠢᠴᠢᠯᠠᠵᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠬᠡᠷᠡᠭᠲᠡᠶ᠃ ᠣᠯᠠᠨ ᠲᠦᠮᠡᠨ ᠣᠶᠢᠯᠠᠭᠠᠬᠤ | ᠡᠰᠡᠬᠦ᠂ ᠬᠠᠨᠤᠮᠵᠢᠲᠠᠶ ᠪᠠᠶᠢᠬᠤ ᠡᠰᠡᠬᠦ ᠳᠡᠭᠡᠷ᠎ᠡ ᠬᠦᠴᠦ ᠲᠠᠯᠪᠢᠵᠤ᠂ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ | ᠪᠠ ᠠᠷᠭ᠎ᠠ ᠬᠡᠮᠵᠢᠶ᠎ᠡ ᠶᠢ ᠰᠡᠳᠬᠢᠯ ᠳᠡᠭᠡᠨ ᠬᠠᠳᠠᠩᠰᠢᠭᠤᠯᠵᠤ᠂ ᠡᠷᠦᠬᠡ ᠳᠤ ᠢᠯᠡᠭᠦᠬᠡᠨ ᠣᠷᠣᠵᠤ᠂ ᠣᠯᠠᠨ ᠲᠦᠮᠡᠨ ᠤ | ᠰᠣᠨᠣᠰᠴᠤ ᠣᠶᠢᠯᠠᠭᠠᠬᠤ ᠦᠭᠡ ᠬᠡᠯᠡ ᠪᠠ ᠣᠯᠠᠨ ᠲᠦᠮᠡᠨ ᠤ ᠣᠶᠢᠯᠠᠭᠠᠵᠤ ᠳᠡᠶᠢᠯᠬᠦ ᠠᠷᠭ᠎ᠠ ᠬᠡᠯᠪᠡᠷᠢ ᠪᠠᠷ | ᠲᠥᠷᠦ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠵᠣᠯ | ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ | ᠪᠦᠲᠦᠮᠵᠢ ᠣᠯᠠᠨ ᠲᠦᠮᠡᠨ ᠳᠤ ᠮᠡᠳᠡᠷᠡᠭᠳᠡᠬᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠲᠡᠤᠬᠡ ᠶᠢᠨ | ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠶ ᠭᠡᠪᠡ᠃ | | | | | | ᠴᠧᠨ ᠯᠢ ᠶᠢᠨ ᠶᠠᠳᠠᠭᠤ ᠬᠦᠴᠢᠷᠳᠡᠯᠲᠡᠶ ᠡᠷᠦᠬᠡ ᠱᠧ ᠸᠠᠨ ᠼᠠᠢ᠂ ᠭᠦᠸᠧ ᠬᠦᠶ ᠮᠢᠩ ᠪᠣᠯᠤᠨ ᠶᠠᠩ ᠵᠦᠩ | ᠨᠢᠦᠢ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠳᠣᠲᠣᠷᠭ᠎ᠠ ᠭᠤᠯᠢᠷ ᠲᠣᠰᠣ᠂ ᠬᠥᠪᠥᠩ ᠬᠥᠨᠵᠢᠯᠡ ᠵᠡᠷᠭᠡ ᠶᠢ | ᠬᠦᠷᠭᠡᠵᠡᠶ᠃ ᠨᠢᠭᠡ ᠡᠷᠦᠬᠡ ᠳᠤ ᠬᠦᠷᠬᠦ ᠪᠦᠷᠢ᠂ ᠴᠧᠨ ᠯᠢ ᠶᠢᠨ ᠴᠥᠮ ᠶᠠᠳᠠᠭᠤ ᠬᠦᠴᠢᠷᠳᠡᠯᠲᠡᠶ ᠡᠷᠦᠬᠡ ᠲᠠᠢ | ᠳᠣᠲᠣᠨᠣ ᠪᠠᠷ ᠭᠠᠷ ᠠᠳᠬᠤᠨ ᠶᠠᠷᠢᠯᠴᠠᠵᠤ᠂ ᠲᠡᠳᠡᠨ ᠳᠤ ᠪᠡᠶ᠎ᠡ ᠮᠠᠬᠠᠪᠣᠳ ᠢᠶᠠᠨ ᠰᠠᠶᠢᠲᠤᠷ ᠬᠠᠷᠠᠭᠠᠯᠵᠠᠵᠤ᠂ | ᠬᠦᠴᠢᠷᠳᠡᠯ ᠪᠠ ᠠᠰᠠᠭᠤᠳᠠᠯ ᠪᠠᠶᠢᠪᠠᠯ ᠴᠠᠭ ᠲᠤᠬᠠᠶ ᠳᠤᠨᠢ ᠲᠣᠰᠬᠤᠨ ᠤ ᠠᠷᠠᠳ ᠤᠨ ᠵᠥᠪᠯᠡᠯ᠂ ᠪᠠᠯᠭᠠᠰᠤᠨ ᠳᠤ | ᠲᠤᠰᠬᠠᠬᠤ ᠬᠡᠷᠡᠭᠲᠡᠶ ᠭᠡᠵᠦ ᠵᠠᠬᠢᠪᠠ᠃ ᠶᠠᠳᠠᠭᠤ ᠬᠦᠴᠢᠷᠳᠡᠯᠲᠡᠶ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠵᠡᠷᠭᠡ | ᠪᠠᠶᠢᠳᠠᠯ ᠪᠣᠯᠤᠨ ᠬᠠᠪᠰᠤᠷᠤᠨ ᠲᠡᠳᠬᠦᠬᠦ ᠳᠠᠩᠰᠠ ᠡᠪᠬᠡᠮᠡᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠲᠡᠷᠡ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠦᠷᠭᠦᠯᠵᠢ | ᠲᠡᠳᠡᠨ ᠢ ᠬᠠᠯᠠᠮᠵᠢᠯᠠᠵᠤ᠂ ᠲᠡᠳᠡᠨ ᠢ ᠬᠠᠪᠰᠤᠷᠤᠨ ᠪᠣᠳᠠᠲᠣ ᠬᠦᠴᠢᠷᠳᠡᠯ ᠢ ᠰᠢᠢᠳᠪᠦᠷᠢᠯᠡᠵᠦ ᠥᠭᠬᠦ ᠬᠡᠷᠡᠭᠲᠡᠶ ᠭᠡᠵᠦ | ᠵᠠᠬᠢᠪᠠ᠃ | ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢ ᠵᠧᠩ ᠾᠦᠩ | ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠵᠠᠰᠠᠭ ᠤᠨ ᠣᠷᠳᠣᠨ ᠤ ᠠᠯᠪᠠᠨ ᠭᠡᠷ᠂ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ᠂ ᠰᠢᠨ᠎ᠡ ᠳᠡᠯᠭᠡᠭᠦᠷ ᠪᠠᠯᠭᠠᠰᠤ ᠵᠡᠷᠭᠡ ᠨᠢᠭᠡᠴᠡ ᠶᠢᠨ ᠬᠠᠷᠢᠭᠤᠴᠠᠯᠭᠠᠲᠠᠳ ᠬᠠᠮᠲᠤ | ᠪᠠᠶᠢᠴᠠᠭᠠᠨ ᠰᠤᠳᠤᠯᠤᠯᠲᠠ ᠬᠢᠪᠡ᠃ | |