ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ | ᠵᠢᠩ ᠰᠢᠶᠠᠨ᠂ ᠲᠥᠰᠥᠪ ᠤᠨ ᠰᠠᠯᠠᠭᠠᠨ ᠤ ᠳᠡᠳ᠋ ᠳᠠᠷᠤᠭ᠎ᠠ ᠭᠡᠷᠡᠯ | 1. ᠬᠠᠮᠢᠶᠠᠷᠤᠭᠴᠢ | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ | ᠬᠦᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠤᠳᠬ᠎ᠠ ᠤᠷᠠᠯᠢᠭ ᠶᠢᠨ ᠷᠠᠳᠢᠣ᠋ ᠨᠡᠪᠲᠡᠷᠡᠭᠦᠯᠭᠡ ᠠᠴᠠ | ᠬᠠᠮᠲᠤᠷᠠᠭᠰᠠᠨ ᠲᠤᠰᠬᠠᠶ ᠰᠣᠷᠪᠤᠯᠵᠢᠯᠠᠭ᠎ᠠ ᠪᠣᠯᠤᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠡᠷᠬᠢᠮ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ | ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | 2 ᠬᠥᠲᠥᠯᠥᠭᠴᠢ | 2016 — 2020 ᠣᠨ ᠪᠣᠯᠲᠠᠯ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠬᠥᠭᠵᠢᠯᠲᠡ ᠶᠢᠨ | ᠠᠶᠠᠨ ᠳᠠᠭᠠᠨ ᠬᠢᠯᠠᠯᠵᠠᠮ᠎ᠠ ᠬᠠᠭᠤᠳᠠᠰᠤ ᠶᠢ ᠪᠢᠴᠢᠭᠯᠡᠵᠡᠢ᠄ ᠠᠵᠤ ᠠᠬᠤᠢ ᠶᠢᠨ ᠶᠡᠷᠦᠩᠬᠡᠢ ᠬᠡᠮᠵᠢᠶ᠎ᠡ 100 ᠲᠦᠮᠡᠨ | ᠳ᠋ᠦᠩᠰᠢᠭᠤᠷ ᠲᠥᠭᠦᠷᠢᠭ ᠲᠤ ᠣᠶᠢᠷᠠᠳᠴᠤ᠂ ᠬᠥᠮᠦᠨ ᠳᠤᠮᠳᠠᠴᠢ ᠶᠢᠨ GDP 1 ᠲᠦᠮᠡᠨ ᠳ᠋ᠣᠯᠯᠠᠷ ᠢ ᠳᠠᠪᠠᠵᠠᠢ᠃ | ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ | ᠶᠡᠷᠦᠩᠬᠡᠢ ᠬᠦᠴᠦᠨ ᠰᠢᠨ᠎ᠡ ᠶᠡᠭᠡ ᠳᠡᠭᠲᠡᠷ ᠲᠤ ᠭᠠᠷᠪᠠ︔ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠡᠰᠡᠷᠭᠦᠴᠡᠬᠦ ᠲᠡᠮᠡᠴᠡᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ | ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠯ ᠦᠭᠡᠢ ᠪᠦᠬᠦ | ᠲᠠᠯ᠎ᠠ ᠶᠢᠨ ᠢᠯᠠᠯᠲᠠ ᠣᠯᠵᠤ᠂ ᠳᠤᠮᠳᠠᠳᠤ ᠶᠢᠨ ᠦᠨᠳᠦᠰᠦᠲᠡᠨ ᠲᠤᠮᠤ ᠠᠯᠬᠤᠮ ᠢᠶᠠᠷ ᠴᠢᠨᠡᠭᠡᠯᠢᠭ ᠨᠡᠶᠢᠭᠡᠮ ᠲᠡᠰᠢ | ᠤᠷᠤᠭᠰᠢᠯᠠᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠤᠳᠠᠯ ᠦᠭᠡᠢ ᠲᠡᠭᠦᠰ ᠠᠮᠵᠢᠯᠲᠠ ᠲᠠᠢ | ᠪᠡᠶᠡᠯᠡᠭᠦᠯᠬᠦ ᠪᠣᠯᠤᠨ᠎ᠠ᠃ ᠡᠨᠡ ᠵᠢᠯ ᠤᠨ 10 ᠳ᠋ᠤᠭᠠᠷ ᠰᠠᠷ᠎ᠠ ᠶᠢᠨ 22 ᠤᠨ ᠡᠳᠦᠷ᠂ ᠶᠡᠷᠦᠩᠬᠡᠶ ᠱᠦᠵᠢ ᠰᠢ ᠶᠢᠨ | ᠫᠢᠩ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ | ᠬᠤᠷᠠᠯᠳᠤᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠡᠷᠡᠭᠵᠢᠬᠦᠯᠦᠯᠲᠡ ᠶᠢᠨ | ᠳ᠋ᠦᠩᠨᠡᠯᠲᠡ ᠦᠨᠡᠯᠡᠯᠲᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠠᠴᠠ ᠨᠠᠰᠢ᠂ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠴᠡᠷᠢᠭ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠳᠠᠯᠠᠨ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠠᠶ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠳᠠᠯᠠᠵᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ᠂ ᠬᠥᠭᠵᠢᠯᠲᠡ ᠲᠡᠩᠴᠡᠭᠦᠷᠢ ᠦᠭᠡᠶ ᠭᠦᠢᠴᠡᠳ ᠦᠭᠡᠶ ᠵᠥᠷᠢᠴᠡᠯ | ᠠᠰᠠᠭᠤᠳᠠᠯ ᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠵᠦ᠂ ᠭᠠᠳᠠᠭᠠᠳᠤ ᠶᠢᠨ ᠥᠷᠢᠰᠥᠯᠳᠦᠭᠡᠨ | ᠢᠯᠡᠳᠲᠡ ᠳᠡᠭᠡᠭᠰᠢᠯᠡᠭᠰᠡᠨ ᠪᠤᠳᠤᠯᠢᠶᠠᠨᠲᠠᠶ ᠪᠠᠶᠢᠳᠠᠯ ᠢ ᠯᠠᠪᠳᠠᠭᠤᠨ ᠢᠶᠠᠷ ᠠᠷᠭᠠᠴᠠᠭᠠᠪᠠ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠣᠴᠢᠲᠠᠶ ᠳᠠᠭᠠᠷᠢᠯᠲᠠ ᠶᠢ ᠡᠷᠡᠰ ᠡᠰᠡᠷᠭᠦᠴᠡᠵᠦ᠂ ᠲᠣᠭᠲᠠᠭᠰᠠᠨ | ᠬᠠᠷᠠᠯᠲᠠ ᠡᠭᠦᠷᠭᠡ ᠲᠡᠰᠢ ᠡᠷᠡᠰ ᠤᠷᠤᠭᠰᠢᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠦᠪᠵᠢᠬᠦᠯᠭᠡ ᠶᠢ ᠤᠷᠤᠭᠰᠢᠲᠠᠶ ᠬᠡᠷᠡᠭᠵᠢᠭᠦᠯᠵᠦ᠂ ᠭᠤᠣᠯ ᠬᠦᠢᠴᠡᠳᠭᠡᠯ ᠲᠤᠭ᠎ᠠ ᠶᠢ ᠶᠡᠷᠦᠩᠬᠡᠶ ᠳᠡᠭᠡᠨ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠤᠨ | 165 ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠵᠤ᠂ ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠳᠠᠯ ᠦᠭᠡᠢ | ᠢᠯᠠᠯᠲᠠ ᠲᠠᠢ ᠪᠠᠷ ᠪᠡᠶᠡᠯᠡᠬᠦᠯᠬᠦ ᠪᠣᠯᠤᠨ᠎ᠠ ᠭᠡᠰᠡᠨ ᠶᠤᠮ᠃ ᠲᠡᠭᠡᠪᠡᠯ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠲᠠ ᠶᠢᠨ ᠵᠠᠰᠠᠭ ᠣᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ ᠮᠠᠨ ᠤ ᠬᠤᠲᠠ ᠶᠢᠨ ᠡᠳ᠋ ᠤᠨ ᠵᠠᠰᠠᠭ ᠤᠨ ᠥᠭᠡᠷᠡᠴᠢᠯᠡᠯᠲᠡ ᠪᠠ ᠬᠥᠭᠵᠢᠯᠲᠡ ᠶᠠᠮᠠᠷ ᠶᠠᠮᠠᠷ | ᠦᠷ᠎ᠡ ᠪᠦᠲᠦᠮᠵᠢ ᠣᠯᠤᠭᠰᠠᠨ ᠪᠤᠢ︖ | 3. ᠬᠦᠳᠦᠯᠦᠭᠴᠢ | ᠡᠩ ᠲᠡᠷᠢᠭᠦᠨ ᠳᠤ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠮᠠᠨ ᠤ ᠬᠤᠲᠠ ᠶᠢᠨ ᠡᠳ᠋ ᠤᠨ ᠵᠠᠰᠠᠭ ᠤᠨ ᠥᠭᠡᠷᠡᠴᠢᠯᠡᠯᠲᠡ ᠪᠠ ᠬᠥᠭᠵᠢᠯᠲᠡ ᠳᠤ ᠣᠯᠤᠭᠰᠠᠨ ᠦᠷ᠎ᠡ ᠪᠦᠲᠦᠮᠵᠢ ᠶᠢ | ᠲᠠᠨᠢᠯᠴᠠᠭᠤᠯᠤᠭᠠᠳ ᠦᠭᠭᠦᠨ᠎ᠡ ᠤᠤ᠃ | 4. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠪᠠᠶᠢᠴᠠᠭᠠᠨ ᠰᠤᠳᠤᠯᠤᠭᠴᠢ ᠯᠢ ᠵᠢᠩ | ᠰᠢᠶᠠᠨ | | | | | ᠮᠠᠨ ᠤ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠲᠣᠭᠲᠠᠭᠤᠨ ᠤ ᠲᠤᠮᠳᠠ ᠤᠷᠤᠭᠰᠢᠯᠠᠨ ᠳᠠᠪᠰᠢᠬᠤ ᠠᠵᠢᠯ ᠤᠨ | ᠦᠨᠳᠦᠰᠦᠨ ᠬᠥᠭ ᠠᠶᠠᠰ ᠢ ᠪᠠᠷᠢᠮᠲᠠᠯᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ︽ᠭᠤᠷᠪᠠ ᠶᠢ ᠪᠠᠲᠤᠯᠠᠬᠤ︾ ᠰᠠᠭᠤᠷᠢ ᠶᠢ | ᠪᠠᠲᠤᠳᠬᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠵᠡᠷᠭᠡ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠪᠠ᠃ 2019 ᠣᠨ ᠳᠤ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ ᠳᠤ ᠥᠪᠡᠷᠲᠡᠭᠡᠨ ᠵᠠᠰᠠᠬᠤ | ᠣᠷᠣᠨ ᠤ ᠲᠠᠰ ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ ᠨᠡᠶᠢᠲᠡ︾ ᠪᠠᠷ ᠨᠡᠷ᠎ᠡ | ᠳᠤᠷᠠᠳᠤᠭᠳᠠᠪᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠢᠳᠡ ᠢᠳᠡᠪᠬᠢᠲᠡᠢ ᠠᠵᠢᠯᠯᠠᠵᠤ᠂ ᠲᠥᠪ | ᠬᠤᠲᠠ ᠶᠢᠨ ᠡᠳ᠋ ᠤᠨ ᠵᠠᠰᠠᠭ ᠤᠨ ᠠᠵᠢᠯᠯᠠᠭᠠᠨ ᠲᠣᠭᠲᠠᠭᠤᠨ ᠢᠶᠠᠷ ᠬᠥᠭᠵᠢᠪᠡ᠃ 2016 ᠣᠨ ᠠᠴᠠ ᠡᠨᠡ | ᠵᠢᠯ ᠤᠨ 10 ᠰᠠᠷ᠎ᠠ ᠶᠢᠨ ᠰᠡᠭᠦᠯᠴᠢ ᠪᠣᠯᠲᠠᠯᠠᠬᠢ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ᠄ | ᠨᠢᠭᠡᠳᠦᠭᠡᠷ ᠲᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ | 10 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ 1056 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠵᠢᠯ ᠪᠦᠷᠢ ᠶᠢᠨ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠴᠥᠮ 200 ᠳ᠋ᠦᠩᠰᠢᠭᠤᠷ ᠲᠥᠭᠦᠷᠢᠭ ᠢ ᠳᠠᠪᠠᠪᠠ᠃ ᠵᠢᠱᠢᠯᠲᠡ ᠪᠠᠷ ︽ᠠᠷᠪᠠᠨ | ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ ᠠᠳᠠᠭ ᠲᠠᠭᠠᠨ 111 ᠳ᠋ᠦᠩᠰᠢᠭᠤᠷ ᠲᠥᠭᠦᠷᠢᠭ | ᠨᠡᠮᠡᠭᠳᠡᠵᠦ᠂ 11.4% ᠪᠠᠷ ᠨᠡᠮᠡᠭᠳᠡᠵᠡᠢ᠃ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ 5 | ᠵᠢᠯ ᠤᠨ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ ᠪᠥᠬᠦ ᠣᠷᠣᠨ ᠤ ᠠᠷᠪᠠᠨ ᠬᠤᠶᠠᠷ ᠠᠶᠢᠮᠠᠭ ᠬᠤᠲᠠ ᠶᠢᠨ ᠳᠣᠲᠣᠷ᠎ᠠ | ᠬᠤᠶᠠᠳᠤᠭᠠᠷ ᠲᠤ ᠵᠢᠭᠰᠠᠭᠠᠭᠳᠠᠪᠠ᠃ 2019 ᠣᠨ ᠤ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ ᠪᠥᠬᠦ ᠤᠯᠤᠰ ᠤᠨ ᠮᠤᠵᠢ ᠤᠷᠤᠨ ᠤ ᠲᠥᠪ ᠬᠤᠲᠠ ᠶᠢᠨ | ᠳᠣᠲᠣᠷ᠎ᠠ 23 ᠳ᠋ᠤᠭᠠᠷ ᠲᠤ ᠵᠢᠭᠰᠠᠭᠠᠭᠳᠠᠵᠤ᠂ 5 ᠴᠥᠭᠡᠨ ᠲᠣᠭᠠᠲᠤ ᠦᠨᠳᠦᠰᠦᠲᠡᠨ ᠤ ᠮᠤᠵᠢ ᠤᠷᠤᠨ ᠤ ᠲᠥᠪ | ᠬᠤᠲᠠ ᠶᠢᠨ ᠳᠣᠲᠣᠷ᠎ᠠ 3 ᠳ᠋ᠤᠭᠠᠷ ᠲᠤ ᠵᠢᠭᠰᠠᠭᠠᠭᠳᠠᠵᠠᠶ᠃ ᠣᠷᠣᠨ ᠨᠤᠲᠤᠭ ᠤᠨ ᠡᠳ᠋ ᠤᠨ ᠵᠠᠰᠠᠭ ᠣᠨ | ᠣᠷᠣᠯᠭ᠎ᠠ ᠶᠢᠨ ᠬᠢᠷᠢ ᠬᠡᠮᠵᠢᠶ᠎ᠡ ᠦᠷᠭᠦᠯᠵᠢᠯᠡᠨ ᠲᠣᠭᠲᠠᠭᠤᠨ ᠪᠠᠶᠢᠬᠤ ᠨᠢ ᠪᠦᠬᠦ ᠬᠤᠲᠠ ᠶᠢᠨ ᠠᠵᠤ ᠠᠬᠤᠢ | ᠨᠡᠶᠢᠭᠡᠮ ᠤᠨ ᠦᠢᠯᠡᠰ ᠤᠨ ᠬᠥᠭᠵᠢᠯᠲᠡ ᠳᠤ ᠨᠠᠶᠢᠳᠠᠪᠤᠷᠢᠲᠠᠢ ᠡᠳ᠋ ᠤᠨ ᠬᠦᠴᠦᠨ ᠤ ᠪᠠᠲᠤᠯᠠᠭ᠎ᠠ ᠬᠠᠩᠭᠠᠪᠠ᠃ | ᠬᠤᠶᠠᠳᠤᠭᠠᠷ ᠲᠤ᠂ ᠡᠳ᠋ ᠤᠨ ᠵᠠᠰᠠᠭ ᠤᠨ ᠵᠠᠷᠤᠯᠭ᠎ᠠ ᠶᠢᠨ ᠬᠡᠪᠴᠢᠶ᠎ᠡ ᠲᠠᠰᠤᠷᠠᠯᠳᠠ ᠦᠭᠡᠢ ᠥᠷᠭᠡᠵᠢᠪᠡ᠃ | 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ | ᠶᠡᠷᠦᠩᠬᠡᠶ ᠵᠠᠷᠤᠯᠭ᠎ᠠ 1938 ᠳ᠋ᠦᠩᠰᠢᠭᠤᠷ ᠲᠥᠭᠦᠷᠢᠭ ᠲᠤ ᠬᠦᠷᠴᠡᠶ᠃ ᠲᠦᠷᠦᠭᠦᠤ ᠲᠠᠪᠤᠨ ᠵᠢᠯ ᠳᠤ ᠪᠦᠬᠦ | ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠶᠡᠷᠦᠩᠬᠡᠶ ᠵᠠᠷᠤᠯᠭ᠎ᠠ 1497 ᠳ᠋ᠦᠩᠰᠢᠭᠤᠷ | ᠲᠥᠭᠦᠷᠢᠭ ᠠᠴᠠ 524 ᠳ᠋ᠦᠩᠰᠢᠭᠤᠷ ᠲᠥᠭᠦᠷᠢᠭ ᠨᠡᠮᠡᠭᠳᠡᠵᠦ᠂ 35% ᠪᠠᠷ ᠨᠡᠮᠡᠭᠳᠡᠵᠡᠢ᠃ ᠡᠳ᠋ ᠤᠨ ᠵᠠᠰᠠᠭ ᠤᠨ | ᠵᠠᠷᠤᠯᠭ᠎ᠠ ᠶᠢᠨ ᠬᠡᠪᠴᠢᠶ᠎ᠡ ᠲᠠᠰᠤᠷᠠᠯᠲᠠ ᠦᠭᠡᠢ ᠦᠷᠭᠡᠵᠢᠭᠰᠡᠨ ᠨᠢ᠂ ᠪᠦᠬᠦ ᠬᠤᠲᠠ ᠶᠢᠨ ᠡᠯ᠎ᠡ ᠲᠥᠷᠥᠯ ᠤᠨ ᠠᠵᠤ | ᠠᠬᠤᠢ ᠨᠡᠶᠢᠭᠡᠮ ᠤᠨ ᠦᠢᠯᠡᠰ ᠤᠨ ᠲᠣᠭᠲᠠᠭᠤᠨ ᠲᠦᠷᠭᠡᠨ ᠬᠥᠭᠵᠢᠯᠲᠡ ᠶᠢ ᠪᠦᠲᠦᠮᠵᠢᠲᠡᠢ ᠪᠠᠲᠤᠯᠠᠵᠤ᠂ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠡᠳᠦᠷ ᠢᠷᠡᠬᠦᠶ᠎ᠡ ᠲᠡᠭᠦᠯᠳᠡᠷᠵᠢᠵᠦ ᠂ ᠤᠯᠠᠨ ᠲᠦᠮᠡᠨ ᠤ ᠵᠣᠯ | ᠵᠢᠷᠭᠠᠯ ᠤᠨ ᠲᠦᠷᠦᠭᠳᠡᠯ ᠲᠦᠢᠯ ᠤᠨ ᠶᠡᠬᠡᠪᠡᠷ ᠲᠡᠭᠡᠭᠰᠢᠯᠡᠪᠡ᠃ | ᠭᠤᠷᠪᠠᠳᠤᠭᠠᠷ ᠲᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢᠯᠡᠳᠲᠡ | ᠳᠡᠭᠡᠭᠰᠢᠯᠡᠪᠡ᠃ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠡᠳ᠋ ᠤᠨ ᠵᠠᠰᠠᠭ ᠤᠨ ᠭᠤᠤᠯᠳᠠᠯᠭ᠎ᠠ ᠲᠠᠢ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 1374 ᠳ᠋ᠦᠩᠰᠢᠭᠤᠷ ᠲᠥᠭᠦᠷᠢᠭ ᠬᠥᠷᠴᠦ᠂ ᠣᠯᠠᠨ | ᠨᠡᠶᠢᠲᠡ ᠶᠢᠨ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 70.9% ᠶᠢ ᠡᠵᠡᠯᠡᠵᠦ᠂ ᠪᠦᠬᠦ ᠬᠤᠲᠠ ᠶᠢᠨ | ᠠᠷᠠᠳ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠡᠳ᠋ᠯᠡᠭᠦᠯᠪᠡ᠃ 2016 | ᠣᠨ ᠠᠴᠠ ᠨᠠᠰᠢ᠂ ᠪᠦᠬᠦ ᠬᠤᠲᠠ ᠶᠢᠨ ᠲᠠᠷᠢᠶᠠᠯᠠᠩ ᠣᠢ ᠰᠢᠭᠤᠢ ᠤᠰᠤᠨ ᠠᠰᠢᠭᠯᠠᠯᠲᠠ ᠶᠢᠨ ᠬᠡᠷᠡᠭ ᠶᠠᠪᠤᠳᠠᠯ ᠤᠨ | ᠵᠠᠷᠤᠯᠭ᠎ᠠ 169 ᠳ᠋ᠦᠩᠰᠢᠭᠤᠷ ᠲᠥᠭᠦᠷᠢᠭ ᠬᠥᠷᠴᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠵᠠᠷᠤᠯᠭ᠎ᠠ ᠶᠢᠨ 12.29% ᠶᠢ ᠡᠵᠡᠯᠡᠵᠦ᠂ ᠰᠤᠷᠭᠠᠨ ᠬᠦᠮᠦᠵᠢᠯ ᠤᠨ ᠵᠠᠷᠤᠯᠭ᠎ᠠ 242 ᠳ᠋ᠦᠩᠰᠢᠭᠤᠷ ᠲᠥᠭᠦᠷᠢᠭ | ᠬᠥᠷᠴᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠶᠢᠨ17.61% ᠶᠢ ᠡᠵᠡᠯᠡᠪᠡ᠃ ᠨᠡᠶᠢᠭᠡᠮ ᠤᠨ | ᠪᠠᠲᠤᠯᠠᠭ᠎ᠠ ᠬᠢᠭᠡᠳ ᠠᠵᠢᠯ ᠣᠯᠭᠤᠯᠲᠠ ᠶᠢᠨ ᠵᠠᠷᠤᠯᠭ᠎ᠠ 212 ᠳ᠋ᠦᠩᠰᠢᠭᠤᠷ ᠲᠥᠭᠦᠷᠢᠭ ᠲᠤ ᠬᠦᠷᠴᠦ᠂ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠶᠢᠨ 15.42% ᠢ ᠡᠵᠡᠯᠡᠵᠦ᠂ ᠡᠮ ᠡᠮᠨᠡᠯᠭᠡ ᠡᠷᠡᠭᠦᠯ | ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠨᠥᠬᠦᠪᠥᠷᠢ ᠶᠢᠨ ᠵᠠᠷᠤᠯᠭ᠎ᠠ 126 ᠳ᠋ᠦᠩᠰᠢᠭᠤᠷ ᠲᠥᠭᠦᠷᠢᠭ ᠲᠤ | ᠬᠦᠷᠴᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠶᠢᠨ 9.17% ᠶᠢ ᠡᠵᠡᠯᠡᠵᠦ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠨᠥᠬᠦᠪᠥᠷᠢ ᠶᠢᠨ ᠵᠠᠷᠤᠯᠭ᠎ᠠ 61 ᠳ᠋ᠦᠩᠰᠢᠭᠤᠷ ᠲᠥᠭᠦᠷᠢᠭ ᠬᠥᠷᠴᠦ᠂ ᠠᠷᠠᠳ ᠤᠨ | ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠶᠢᠨ 4.44% ᠶᠢ ᠡᠵᠡᠯᠡᠪᠡ᠃ | ᠳᠥᠷᠪᠡᠳᠦᠭᠡᠷ ᠲᠤ᠂ ᠡᠳ᠋ ᠤᠨ ᠵᠠᠰᠠᠭ ᠤᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ | ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠵᠢᠭᠠᠵᠤ | ᠭᠠᠷᠭᠠᠭᠰᠠᠨ ᠨᠢ᠂ ᠡᠳ᠋ ᠤᠨ ᠵᠠᠰᠠᠭ ᠪᠣᠯ ᠤᠯᠤᠰ ᠢ ᠵᠠᠰᠠᠬᠤ ᠶᠢᠨ ᠰᠠᠭᠤᠷᠢ ᠪᠠ ᠴᠢᠬᠤᠯᠠ ᠲᠤᠯᠭᠠᠭᠤᠷᠢ ᠮᠥᠨ | ᠭᠡᠵᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠡᠳ᠋ ᠤᠨ ᠵᠠᠰᠠᠭ ᠤᠨ ᠠᠵᠢᠯ ᠳᠤ ᠰᠢᠨ᠎ᠡ ᠱᠠᠭᠠᠷᠳᠠᠯᠭ᠎ᠠ | ᠲᠤᠷᠠᠳᠴᠤ᠂ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠪᠠᠶᠢᠭᠤᠯᠬᠤ ᠪᠠ ᠡᠷᠬᠡ ᠬᠠᠷᠢᠭᠤᠴᠠᠯᠭ᠎ᠠ | ᠲᠣᠳᠣᠷᠬᠠᠶ᠂ ᠡᠳ᠋ ᠤᠨ ᠬᠦᠴᠦᠨ ᠵᠣᠬᠢᠴᠠᠩᠭᠤᠶ᠂ ᠣᠷᠣᠨ ᠪᠦᠰᠡ ᠳᠤ ᠲᠡᠩᠴᠡᠭᠦᠷᠢᠲᠡᠶ ᠲᠥᠪ ᠪᠣᠯᠤᠨ ᠣᠷᠣᠨ | ᠨᠤᠲᠤᠭ ᠤᠨ ᠡᠳ᠋ ᠤᠨ ᠵᠠᠰᠠᠭ ᠤᠨ ᠬᠠᠷᠢᠴᠠᠭ᠎ᠠ ᠶᠢ ᠲᠦᠷᠭᠡᠳᠬᠡᠨ ᠪᠠᠶᠢᠭᠤᠯᠵᠤ᠂ ᠪᠦᠬᠦ ᠲᠠᠯ᠎ᠠ ᠪᠠᠷ ᠵᠢᠷᠤᠮᠵᠢᠭᠰᠠᠨ | ᠢᠯᠡ ᠲᠣᠳᠣ᠂ ᠪᠠᠷᠢᠮᠵᠢᠶ ᠠ ᠨᠢ ᠰᠢᠨᠵᠢᠯᠡᠬᠦ ᠤᠬᠠᠭᠠᠨᠴᠢ᠂ ᠬᠢᠵᠠᠭᠠᠷᠯᠠᠯ ᠨᠢ ᠬᠦᠴᠦᠲᠡᠶ ᠲᠥᠰᠦᠪ ᠤᠨ ᠳᠦᠷᠢᠮ ᠢ | ᠪᠠᠶᠢᠭᠤᠯᠵᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠬᠦᠯᠬᠦ ᠬᠡᠷᠡᠭᠲᠡᠢ ᠭᠡᠪᠡ᠃ | ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠦᠨᠳᠦᠰᠦᠯᠡᠨ᠂ ᠪᠦᠬᠦ ᠬᠤᠲᠠ ᠶᠢᠨ ᠡᠯ᠎ᠡ ᠱᠠᠲᠤᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠠᠵᠤ ᠠᠬᠤᠢ ᠶᠢᠨ ᠰᠢᠨ᠎ᠡ ᠬᠡᠪ ᠪᠠᠶᠢᠳᠠᠯ ᠳᠤ | ᠵᠣᠬᠢᠴᠠᠵᠤ᠂ ᠵᠠᠷᠢᠮ ᠳᠦᠷᠢᠮ ᠤᠨ ᠰᠢᠨ᠎ᠡ ᠡᠭᠦᠳᠦᠯᠲᠡ ᠪᠠ ᠵᠠᠩᠭᠢᠯᠠᠭ᠎ᠠ ᠶᠢᠨ ᠴᠡᠭ ᠳᠡᠭᠡᠷ᠎ᠡ ᠵᠣᠬᠢᠬᠤ ᠠᠮᠵᠢᠯᠲᠠ | ᠣᠯᠪᠠ᠃ ᠨᠢᠭᠡ ᠳᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ | ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠤᠷᠮᠠᠵᠢᠭᠤᠯᠬᠤ ᠬᠢᠵᠠᠭᠠᠷᠯᠠᠬᠤ ᠲᠣᠭᠲᠠᠴᠠ ᠶᠢ | ᠠᠯᠬᠤᠮ ᠠᠯᠬᠤᠮ ᠢᠶᠠᠷ ᠲᠡᠭᠦᠯᠳᠡᠷᠵᠢᠬᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠪᠠ ᠬᠢᠨᠠᠨ ᠡᠵᠡᠮᠳᠡᠬᠦ | ᠬᠠᠮᠢᠶᠠᠷᠤᠯᠲᠠ ᠶᠢ ᠴᠢᠩᠭᠠᠳᠬᠠᠬᠤ᠂ ᠡᠳ᠋ ᠤᠨ ᠵᠠᠰᠠᠭ ᠤᠨ ᠭᠤᠤᠯᠳᠠᠯᠭ᠎ᠠ ᠲᠠᠢ ᠠᠮᠵᠢᠯᠲᠠ ᠪᠦᠲᠦᠮᠵᠢ ᠶᠢᠨ | ᠦᠨᠡᠯᠡᠯᠲᠡ ᠪᠠ ᠰᠠᠯᠠᠭ᠎ᠠ ᠮᠥᠴᠢᠷ ᠤᠨ ᠥᠨᠡᠯᠡᠯᠲᠡ ᠶᠢ ᠲᠦᠯᠬᠢᠨ ᠠᠬᠢᠭᠤᠯᠬᠤ᠂ ᠠᠮᠵᠢᠯᠲᠠ ᠪᠦᠲᠦᠮᠵᠢ ᠶᠢᠨ | ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠬᠤ᠂ ᠤᠴᠢᠷ ᠶᠠᠪᠤᠳᠠᠯ ᠤᠨ ᠡᠮᠦᠨᠡᠬᠢ ᠠᠮᠵᠢᠯᠲᠠ | ᠪᠦᠲᠦᠮᠵᠢ ᠶᠢᠨ ᠦᠨᠡᠯᠡᠨ ᠵᠢᠱᠢᠯᠲᠡ ᠶᠢ ᠰᠦᠪᠡᠭᠴᠢᠯᠡᠨ ᠪᠠᠶᠢᠭᠤᠯᠬᠤ ᠲᠠᠯ᠎ᠠ ᠠᠴᠠ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ | 2016 ᠣᠨ ᠠᠴᠠ 2019 ᠣᠨ ᠪᠣᠯᠲᠠᠯ᠎ᠠ ᠡᠳ᠋ ᠤᠨ ᠵᠠᠰᠠᠭ ᠤᠨ ᠵᠠᠷᠤᠯᠭ᠎ᠠ ᠶᠢᠨ ᠭᠤᠤᠯᠳᠠᠯᠭ᠎ᠠ ᠲᠠᠢ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ 72 ᠵᠦᠢᠯᠡᠰ ᠢ ᠪᠡᠶᠡᠯᠡᠭᠦᠯᠪᠡ᠃ ᠡᠭᠦᠨ ᠳᠤ 10 ᠰᠠᠯᠠᠭ᠎ᠠ | ᠮᠥᠴᠢᠷ ᠤᠨ ᠪᠦᠬᠦᠯᠢ ᠴᠣᠭᠴᠠ ᠶᠢᠨ ᠦᠨᠡᠯᠡᠯᠲᠡ ᠪᠠᠭᠲᠠᠵᠤ᠂ 73.47 ᠳ᠋ᠦᠩᠰᠢᠭᠤᠷ ᠲᠦᠭᠦᠷᠢᠭ ᠤᠨ ᠪᠠᠯᠠ | ᠮᠥᠩᠭᠦ ᠳᠤ ᠬᠤᠯᠪᠣᠭᠳᠠᠵᠠᠶ᠃ ᠬᠤᠶᠠᠷ ᠲᠤ᠂ ᠢᠯᠡ ᠲᠣᠳᠣ ︽ᠭᠤᠷᠪᠠᠨ ᠶᠠᠪᠤᠳᠠᠯ ᠢ ᠢᠯᠡ ᠪᠣᠯᠭᠠᠬᠤ︾ ᠠᠵᠢᠯ ᠢ | ᠢᠳᠡᠪᠬᠢᠲᠡᠢ ᠠᠬᠢᠭᠤᠯᠵᠤ᠂ ᠭᠠᠷᠴᠠᠭ ᠤᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠢᠯᠡ ᠪᠣᠯᠭᠠᠬᠤ | ᠠᠭᠤᠯᠭ᠎ᠠ ᠶᠢ ᠲᠣᠭᠲᠠᠭᠠᠵᠤ᠂ 16 ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠢ ᠪᠠᠶᠢᠭᠤᠯᠵᠤ᠂ ᠣᠯᠠᠨ | ᠲᠦᠮᠡᠨ ᠤ ᠬᠢᠨᠠᠯᠲᠠ ᠲᠠᠯᠪᠢᠬᠤ ᠤᠳᠠᠰᠤ᠂ ᠰᠠᠨᠠᠯ ᠤᠨ ᠬᠠᠶᠢᠷᠴᠠᠭ ᠪᠠ ᠦᠭᠡ ᠦᠯᠡᠳᠡᠭᠡᠬᠦ ᠰᠠᠮᠪᠠᠷ᠎ᠠ ᠶᠢ ᠪᠠᠶᠢᠭᠤᠯᠵᠤ | ᠂ ᠲᠥᠪ ᠬᠤᠲᠠ ᠶᠢᠨ ᠡᠳ᠋ ᠤᠨ ᠵᠠᠰᠠᠭ ᠤᠨ ᠨᠠᠮ ᠤᠨ ᠠᠵᠢᠯ᠂ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ ᠢ ᠢᠯᠡ | ᠪᠣᠯᠭᠠᠬᠤ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ | ᠃ ᠡᠨᠡ ᠵᠢᠯ ᠠᠴᠠ ᠨᠠᠰᠢ᠂ ᠡᠯ᠎ᠡ ᠲᠥᠷᠥᠯ ᠤᠨ ᠲᠠᠪᠴᠠᠩ ᠢᠶᠠᠷ ᠳᠠᠮᠵᠢᠭᠤᠯᠤᠨ 4400 ᠭᠠᠷᠤᠶ ᠵᠤᠷᠪᠤᠰ ᠮᠡᠳᠡᠭᠡ | ᠵᠠᠩᠭᠢ ᠨᠡᠶᠢᠲᠡᠯᠡᠪᠡ᠃ ᠡᠨᠡ ᠵᠢᠯ ᠤᠨ 9 ᠳ᠋ᠤᠭᠡᠷ ᠰᠠᠷ᠎ᠠ ᠳᠤ᠂ ᠮᠠᠨ ᠤ ᠲᠣᠪᠴᠢᠶ᠎ᠠ ᠪᠥᠬᠦ ᠬᠤᠲᠠ ᠶᠢᠨ ᠨᠠᠮ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠲᠤᠬᠠᠶ ᠶᠢᠨ ᠲᠠᠯᠠᠪᠤᠷ ᠲᠤ ᠲᠤᠭᠤᠷᠢᠨ ᠦᠵᠡᠬᠦ ᠴᠤᠭᠯᠠᠭᠠᠨ ᠤ | ᠦᠵᠡᠭᠦᠯᠦᠯᠭᠡ ᠶᠢᠨ ᠴᠡᠭ ᠢᠶᠠᠷ ᠰᠣᠩᠭᠤᠭᠳᠠᠪᠠ᠃ ᠭᠤᠷᠪᠠ ᠳᠤ ᠤᠯᠤᠰ ᠤᠨ ᠰᠠᠩ ᠤᠨ ᠬᠠᠮᠢᠶᠠᠷᠤᠯᠲᠠ ᠶᠢᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠤᠯᠤᠰ ᠤᠨ ᠰᠠᠩ ᠤᠨ ᠵᠠᠷᠤᠯᠭ᠎ᠠ ᠶᠢ | ᠡᠯᠤᠺᠲᠷᠤᠨᠴᠢᠯᠠᠬᠤ ᠶᠢ ᠪᠡᠶᠡᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠳᠤ ᠪᠦᠬᠦ ᠶᠠᠪᠤᠴᠠ ᠶᠢᠨ ᠬᠥᠳᠡᠯᠦᠩᠭᠦᠶ | ᠬᠢᠨᠠᠨ ᠡᠵᠡᠮᠰᠢᠯ ᠶᠠᠪᠤᠭᠤᠯᠪᠠ︔ ᠳᠥᠷᠪᠡ ᠳᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠬᠦᠨ ᠢ ᠲᠥᠰᠦᠪ ᠤᠨ | ᠬᠠᠮᠢᠶᠠᠷᠤᠯᠲᠠ ᠳᠤ ᠤᠷᠤᠭᠤᠯᠪᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠵᠢᠴᠢ ᠲᠦᠭᠰᠢᠭᠦᠷᠢ ᠶᠢ ᠣᠷᠢᠳᠴᠢᠯᠠᠨ ᠰᠡᠷᠡᠮᠵᠢᠯᠡᠭᠦᠯᠬᠦ ᠵᠢᠷᠤᠮᠵᠢᠭᠰᠠᠨ ᠪᠥᠭᠡᠳ ᠵᠦᠶ ᠵᠣᠬᠢᠰᠲᠠᠶ | ᠲᠣᠭᠲᠠᠴᠠ ᠶᠢ ᠪᠠᠶᠢᠭᠤᠯᠵᠤ᠂ ᠵᠠᠰᠠᠭ ᠤᠨ ᠣᠷᠳᠤᠨ ᠤ ᠥᠷᠢ ᠥᠭᠴᠡᠭᠡ ᠶᠢ ᠠᠷᠢᠯᠭᠠᠬᠤ ᠲᠤᠬᠠᠶ ᠰᠢᠨᠵᠢᠯᠡᠬᠦ | ᠤᠬᠠᠭᠠᠨᠴᠢ ᠪᠥᠭᠡᠳ ᠶᠠᠪᠤᠭᠳᠠᠭᠤᠰᠢᠲᠠᠶ ᠬᠡᠷᠡᠭᠵᠢᠭᠦᠯᠬᠦ ᠲᠥᠰᠦᠯ ᠢ ᠲᠣᠭᠲᠠᠭᠠᠪᠠ︔ ᠲᠠᠪᠤ ᠳᠤ ᠵᠠᠰᠠᠭ ᠤᠨ | ᠣᠷᠳᠣᠨ ᠤ ᠬᠤᠳᠠᠯᠳᠤᠨ ᠠᠪᠬᠤ ᠳᠦᠷᠢᠮ ᠲᠠᠰᠤᠷᠠᠯᠲᠠ ᠦᠭᠡᠢ ᠲᠡᠭᠦᠯᠳᠡᠷᠵᠢᠵᠦ᠂ ᠬᠠᠮᠢᠶᠠᠷᠤᠯᠲᠠ ᠶᠢᠨ ᠪᠠᠶᠢᠭᠤᠯᠤᠯ | ᠲᠣᠭᠲᠠᠴᠠ ᠲᠠᠰᠤᠷᠠᠯᠲᠠ ᠦᠭᠡᠢ ᠲᠡᠭᠦᠯᠳᠡᠷᠵᠢᠵᠦ᠂ ᠬᠤᠳᠠᠯᠳᠤᠨ ᠠᠪᠬᠤ ᠦᠷ᠎ᠡ ᠪᠦᠲᠦᠮᠵᠢ ᠲᠣᠭᠲᠠᠭᠤᠨ ᠢᠶᠠᠷ | ᠳᠡᠭᠡᠭᠰᠢᠯᠡᠵᠦ᠂ 2017 ᠣᠨ ᠠᠴᠠ ᠨᠠᠰᠢ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ | ᠠᠪᠬᠤ ᠳᠤ ᠠᠷᠪᠢᠯᠠᠭᠰᠠᠨ ᠪᠠᠯᠠ ᠮᠥᠩᠭᠦ 7.21 ᠳ᠋ᠦᠩᠰᠢᠭᠤᠷ ᠲᠥᠭᠦᠷᠢᠭ ᠪᠠᠶᠢᠵᠤ᠂ ᠪᠠᠯᠠ ᠮᠥᠩᠭᠦ ᠶᠢ | ᠠᠷᠪᠢᠯᠠᠭᠰᠠᠨ ᠨᠣᠷᠮ᠎ᠠ 3.35% ᠬᠦᠷᠴᠡᠢ᠃ ᠵᠢᠷᠭᠤᠭ᠎ᠠ ᠳᠤ ᠵᠠᠰᠠᠭ ᠤᠨ ᠣᠷᠳᠣᠨ ᠪᠣᠯᠤᠨ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠬᠥᠷᠥᠩᠭᠡ ᠶᠢ ᠲᠡᠳᠡᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ | 2016 ᠣᠨ ᠤ ᠰᠡᠭᠦᠯᠴᠢ ᠪᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠮᠳᠠᠭᠤᠯᠤᠨ ᠵᠢᠯᠣᠭᠤᠳᠬᠤ | ᠳᠤᠭᠤᠶᠢᠯᠠᠩ ᠠᠴᠠ ᠮᠠᠨ ᠤ ᠬᠤᠲᠠ ᠶᠢᠨ PPP ᠠᠵᠢᠯ ᠢ ᠲᠤᠰᠬᠠᠶ ᠬᠢᠨᠠᠨ ᠵᠢᠯᠣᠭᠤᠳᠴᠤ᠂ ᠡᠳ᠋ ᠤᠨ ᠵᠠᠰᠠᠭ ᠤᠨ | ᠶᠠᠮᠤᠨ PPP ᠲᠥᠪ ᠤᠨ ᠡᠷᠬᠢᠯᠡᠭᠴᠢ ᠵᠢᠶᠤᠤ ᠰᠢᠶᠣᠣ ᠫᠢᠩ ᠵᠢᠭᠠᠵᠤ ᠭᠠᠷᠭᠠᠭᠰᠠᠨ ᠨᠢ ᠂ ᠬᠥᠬᠡᠬᠤᠲᠠ ᠪᠣᠯ | ᠪᠦᠬᠦ ᠤᠯᠤᠰ ᠤᠨ PPP ᠠᠵᠢᠯ ᠤᠨ ᠲᠡᠷᠢᠭᠦᠨ ᠬᠤᠲᠠ ᠪᠣᠯᠤᠨ᠎ᠠ᠃ ᠡᠯ᠎ᠡ ᠵᠦᠢᠯ ᠤᠨ ᠠᠵᠢᠯ ᠢ ᠳᠡᠭᠡᠳᠦ | ᠬᠡᠮᠵᠢᠶ᠎ᠡ ᠪᠠᠷ ᠲᠦᠯᠬᠢᠨ ᠠᠬᠢᠭᠤᠯᠵᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ᠂ ᠵᠣᠬᠢᠶᠠᠨ ᠪᠠᠶᠢᠭᠤᠯᠤᠭᠰᠠᠨ ᠨᠢ | ᠲᠡᠮᠳᠡᠢ ᠭᠡᠵᠡᠢ᠃ ᠲᠤᠯᠤᠭ᠎ᠠ ᠳᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ | ᠠᠪᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡ | ᠬᠤᠳᠠᠯᠳᠤᠨ ᠠᠪᠬᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠪᠡ︔ ᠲᠤᠰᠬᠠᠶ ᠲᠦᠷᠦᠯ ᠤᠨ | ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢ | ᠬᠡᠷᠡᠭᠯᠡᠬᠦ ᠦᠷ᠎ᠡ ᠠᠰᠢᠭ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠪᠠ︔ ᠨᠠᠢᠮᠠ ᠳᠤ | ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠪᠦᠷᠢᠨ ᠲᠡᠭᠦᠯᠳᠡᠷ | ᠪᠠᠲᠤᠯᠠᠭ᠎ᠠ ᠶᠢᠨ ᠰᠢᠰᠲ᠋ᠧᠮᠵᠢ᠂ ᠥᠨᠳᠥᠷ ᠪᠦᠲᠦᠮᠵᠢᠲᠡᠶ ᠬᠡᠷᠡᠭᠵᠢᠭᠦᠯᠬᠦ ᠰᠢᠰᠲ᠋ᠧᠮᠵᠢ ᠪᠠ ᠨᠢᠭᠲᠠ ᠴᠢᠩᠭ᠎ᠠ ᠬᠢᠨᠠᠯᠲᠠ | ᠲᠠᠯᠪᠢᠬᠤ ᠰᠢᠰᠲ᠋ᠧᠮᠵᠢ ᠶᠢ ᠪᠠᠶᠢᠭᠤᠯᠵᠤ᠂ 5 ᠵᠢᠯ ᠳᠠᠷᠠᠭᠠᠯᠠᠨ ᠪᠦᠬᠦ ᠣᠷᠣᠨ ᠤ ᠬᠠᠤᠯᠢ ᠪᠠᠷ ᠵᠠᠰᠠᠬᠤ ᠡᠳ᠋ ᠤᠨ | ᠵᠠᠰᠠᠭ ᠤᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ ᠪᠠᠷ ᠦᠨᠡᠯᠡᠭᠳᠡᠪᠡ᠃ | ᠲᠠᠪᠤ ᠲᠤ᠂ ᠡᠳ᠋ ᠤᠨ ᠵᠠᠰᠠᠭ ᠤᠨ ᠦᠢᠯᠡᠴᠢᠯᠡᠭᠡ ᠦᠷᠭᠦᠯᠵᠢᠯᠡᠨ ᠰᠢᠯᠢᠳᠡᠭᠵᠢᠪᠡ᠃ ᠨᠢᠭᠡ ᠳᠤ ︽ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠡᠳ᠋ ᠤᠨ ᠵᠠᠰᠠᠭ ᠤᠨ ᠦᠢᠯᠡᠴᠢᠯᠡᠭᠡᠨ ᠤ ᠶᠠᠰᠤ ᠴᠢᠨᠠᠷ ᠪᠠ | ᠬᠢᠷᠢ ᠲᠦᠪᠰᠢᠨ ᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ ᠡᠳ᠋ ᠤᠨ ᠵᠠᠰᠠᠭ ᠤᠨ | ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ 7 ᠲᠠᠯ᠎ᠠ ᠶᠢᠨ 25 ᠵᠦᠢᠯ ᠤᠨ ᠠᠷᠭ᠎ᠠ ᠬᠡᠮᠵᠢᠶ᠎ᠡ ᠪᠠ ︽ᠵᠢᠷᠭᠤᠭᠠᠨ | ᠨᠢᠭᠡ︾᠂ ︽ᠵᠢᠷᠭᠤᠭᠠᠨ ᠰᠠᠶᠢᠨ︾᠂ ︽ᠳᠥᠷᠪᠡᠨ ᠵᠢᠷᠤᠮᠵᠢᠯ︾᠂ ︽ ᠵᠢᠷᠭᠤᠭᠠᠨ ᠥᠯᠥ︾ ᠪᠠᠷ ᠭᠤᠤᠯ | ᠠᠭᠤᠯᠭ᠎ᠠ ᠪᠣᠯᠭᠠᠭᠰᠠᠨ ︽6646︾ ᠦᠢᠯᠡᠴᠢᠯᠡᠭᠡᠨ ᠤ ᠵᠢᠷᠤᠮᠵᠢᠯ ᠢ ᠬᠢᠨᠠᠮᠠᠭᠠᠶ ᠨᠠᠶᠢᠳᠠᠪᠤᠷᠢᠵᠢᠭᠤᠯᠪᠠ᠃ | ᠬᠤᠶᠠᠷ ᠲᠤ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ | 2 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠲᠣᠳᠣᠷᠬᠠᠶ ᠲᠣᠭᠲᠠᠭᠠᠭᠰᠠᠨ ᠶᠢᠰᠦᠨ ᠶᠡᠭᠡ | ᠡᠭᠦᠷᠭᠡ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠬᠤᠲᠠ ᠶᠢᠨ ᠨᠠᠮ ᠤᠨ | ᠬᠤᠷᠢᠶᠠᠨ ᠤ ︽ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠣᠷᠴᠢᠨ ᠲᠣᠭᠤᠷᠢᠨ ᠢᠶᠠᠨ ᠰᠢᠯᠢᠳᠡᠭᠵᠢᠬᠦᠯᠵᠦ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠶᠡᠷᠦᠩᠬᠡᠶ ᠱᠠᠭᠠᠷᠳᠠᠯᠭ᠎ᠠ ᠪᠠ ︽︿ᠶᠡᠬᠡᠪᠡᠷ ᠰᠤᠷᠤᠯᠴᠠᠬᠤ᠂ ᠶᠡᠭᠡ ᠪᠠᠷ | ᠰᠠᠶᠢᠵᠢᠷᠠᠭᠤᠯᠬᠤ᠂ ᠶᠡᠭᠡ ᠪᠠᠷ ᠰᠤᠷᠪᠤᠯᠵᠢᠯᠠᠬᠤ᠂ ᠶᠡᠭᠡ ᠪᠠᠷ ᠳᠡᠭᠡᠭᠰᠢᠯᠡᠭᠦᠯᠬᠦ﹀ ᠠᠵᠢᠯᠯᠠᠭ᠎ᠠ ᠶᠢ ᠭᠦᠨᠵᠡᠭᠡᠶ | ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ᠂ ︽ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ | ᠺᠠᠳ᠋ᠷ ᠤᠨ ᠰᠢᠨ᠎ᠡ ᠴᠠᠭ ᠦᠶ᠎ᠡ ᠶᠢᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠬᠤ | ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠬᠤᠪᠢᠷᠠᠭᠤᠯᠬᠤ | ᠲᠠᠯ᠎ᠠ ᠶᠢᠨ 9 ᠠᠵᠢᠯ ᠤᠨ ᠲᠥᠰᠦᠯ ᠢ ᠲᠣᠭᠲᠠᠭᠠᠵᠤ᠂ ᠠᠵᠢᠯ ᠤᠨ ᠰᠤᠷᠲᠠᠯ ᠢ ᠪᠦᠬᠦ ᠲᠠᠯ᠎ᠠ ᠪᠠᠷ ᠦᠷᠭᠦᠯᠵᠢᠯᠡᠨ | ᠰᠠᠶᠢᠵᠢᠷᠠᠭᠤᠯᠵᠤ᠂ ᠣᠨᠴᠠᠭᠠᠶᠢᠯᠠᠨ ᠪᠠᠷᠢᠮᠵᠢᠶ᠎ᠠ ᠲᠠᠢ ᠬᠠᠷᠢᠴᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ | ᠰᠦᠯᠵᠢᠶᠡᠨ ᠤ ᠬᠠᠷᠠᠭᠠᠨ ᠳᠠᠪᠲᠠᠮᠵᠢ ᠪᠤᠶᠤ ᠲᠤᠬᠠᠶ ᠶᠢᠨ ᠭᠠᠵᠠᠷ ᠲᠤ ᠲᠣᠭᠤᠷᠢᠨ ᠦᠵᠡᠵᠦ ᠰᠤᠷᠤᠯᠴᠠᠬᠤ | ᠬᠡᠯᠪᠡᠷᠢ ᠪᠠᠷ ᠬᠤᠨᠠᠨ ᠮᠤᠵᠢ ᠶᠢᠨ ᠡᠳ᠋ ᠤᠨ ᠵᠠᠰᠠᠭ ᠤᠨ ᠲᠢᠩᠬᠢᠮ᠂ ᠵᠧᠩᠵᠧᠤ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠶᠠᠨ ᠲᠠᠢ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠵᠡᠷᠭᠡ 7 ᠨᠢᠭᠡᠴᠡ ᠲᠠᠢ ᠭᠦᠨᠵᠡᠭᠡᠶ ᠰᠤᠷᠤᠯᠴᠠᠨ ᠰᠣᠯᠢᠯᠴᠠᠵᠤ ᠲᠥᠪ ᠬᠤᠲᠠ ᠶᠢᠨ | ᠡᠳ᠋ ᠤᠨ ᠵᠠᠰᠠᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠬᠦᠯᠬᠦ᠂ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠥᠮᠥᠷᠭᠡ ᠵᠡᠷᠭᠡ ᠠᠵᠢᠯ ᠢ ᠠᠬᠢᠭᠤᠯᠬᠤ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠡᠮᠦᠨ᠎ᠡ ᠨᠢ ᠶᠠᠪᠤᠵᠤ᠂ | ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠪᠠ ᠃ ᠭᠤᠷᠪᠠ ᠳᠤ ᠲᠠᠭᠠᠭᠠᠴᠢᠯᠠᠨ ᠬᠤᠯᠪᠤᠭᠠᠯᠠᠭᠰᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠣᠴᠢᠵᠤ ᠰᠤᠷᠪᠤᠯᠵᠢᠯᠠᠵᠤ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ | ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠤᠳᠤᠷᠢᠳᠬᠤ ᠺᠠᠳ᠋ᠷ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠲᠠᠢ ᠬᠠᠷᠢᠯᠴᠠᠬᠤ ᠠᠵᠢᠯ ᠤᠨ ᠳᠦᠷᠢᠮ ᠢ ᠳᠠᠷᠤᠮᠠᠯᠯᠠᠨ ᠲᠠᠷᠬᠠᠭᠠᠵᠤ᠂ ᠲᠣᠪᠴᠢᠶᠠᠨ ᠤ ᠤᠳᠤᠷᠢᠳᠬᠤ | ᠪᠠᠭ ᠤᠨ ᠪᠦᠷᠢᠯᠳᠦᠬᠦᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠭᠦᠨᠵᠡᠭᠡᠶ ᠬᠤᠯᠪᠤᠭᠠᠯᠠᠵᠤ᠂ ᠠᠵᠤ | ᠠᠬᠤᠶᠢᠯᠠᠯ ᠤᠨ ᠬᠦᠴᠢᠷᠳᠡᠯ ᠢ ᠨᠢ ᠢᠳᠡᠪᠬᠢᠲᠡᠢ ᠰᠢᠢᠳᠪᠦᠷᠢᠯᠡᠵᠦ ᠥᠭᠬᠦ ᠶᠢ ᠪᠠᠷᠢᠮᠳᠠᠯᠠᠪᠠ᠃ | ᠶᠡᠷᠦᠩᠬᠡᠶ ᠳᠤᠨᠢ ᠠᠪᠴᠤ ᠦᠵᠡᠪᠡᠯ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ | ᠮᠠᠨ ᠤ ᠬᠤᠲᠠ ᠶᠢᠨ ᠡᠳ᠋ ᠤᠨ ᠵᠠᠰᠠᠭ ᠤᠨ ᠠᠵᠢᠯ ᠵᠣᠬᠢᠬᠤ ᠠᠮᠵᠢᠯᠲᠠ ᠣᠯᠵᠤ᠂ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠲᠥᠰᠦᠪ ᠤᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠤᠯᠢ ᠶᠣᠰᠤᠭᠠᠷ ᠵᠠᠰᠠᠭ ᠶᠠᠪᠤᠭᠤᠯᠵᠤ ᠬᠠᠤᠯᠢ | ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠪᠦᠬᠦ ᠲᠠᠯ᠎ᠠ ᠪᠠᠷ ᠠᠬᠢᠭᠤᠯᠵᠤ᠂ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠲᠥᠷᠦ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠪᠦᠬᠦ ᠲᠠᠯ᠎ᠠ ᠪᠠᠷ ᠣᠯᠵᠤ᠂ | ᠮᠠᠨ ᠤ ᠬᠤᠲᠠ ᠶᠢᠨ ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠪᠠ ᠡᠳ᠋ ᠤᠨ ᠵᠠᠰᠠᠭ ᠤᠨ ᠡᠭᠦᠷᠭᠡ | ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢ ᠬᠦᠴᠦᠲᠡᠢ ᠪᠠᠲᠤᠯᠠᠪᠠ᠃ | 5. ᠬᠥᠲᠥᠯᠥᠭᠴᠢ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠠᠷᠭ᠎ᠠ ᠪᠦᠬᠦᠨ ᠢ ᠰᠦᠪᠡᠭᠴᠢᠯᠡᠨ | ᠪᠠᠶᠢᠷᠢᠰᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠦᠭᠡᠯᠡᠭᠴᠢᠳ ᠤᠨ ᠪᠦᠯᠬᠦᠮ ᠤᠨ | ᠬᠢᠨᠠᠨ ᠵᠥᠪᠯᠡᠬᠦ ᠳᠤ ᠭᠤᠷᠪᠠ ᠤᠳᠠᠭ᠎ᠠ ᠤᠷᠤᠯᠴᠠᠵᠤ᠂ ᠮᠠᠨ ᠤ ᠣᠷᠣᠨ ᠤ ᠪᠦᠲᠦᠭᠡᠨ ᠪᠠᠶᠢᠭᠤᠯᠤᠯᠲᠠ | ᠬᠥᠭᠵᠢᠯᠲᠡ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠲᠡᠭᠡᠪᠡᠯ ᠬᠥᠬᠡᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠣᠶ︖ | 6.ᠲᠥᠰᠦᠪ ᠤᠨ ᠰᠠᠯᠠᠭᠠᠨ ᠤ ᠳᠡᠳ᠋ ᠳᠠᠷᠤᠭ᠎ᠠ ᠭᠡᠷᠡᠯᠲᠦ | | | | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ ᠥᠪᠥᠷ | ᠮᠣᠩᠭᠤᠯ ᠢ ᠴᠢᠩ ᠰᠡᠳᠬᠢᠯ ᠠᠴᠠ ᠪᠠᠨ ᠬᠠᠯᠠᠮᠵᠢᠯᠠᠵᠤ᠂ 2018 ᠣᠨ ᠠᠴᠠ 2020 ᠣᠨ ᠪᠣᠯᠲᠠᠯ᠎ᠠ ᠭᠤᠷᠪᠠ | ᠤᠳᠠᠭ᠎ᠠ ᠪᠥᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ | ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠶ | ᠠᠵᠢᠯᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠤ ᠪᠥᠯᠬᠦᠮᠳᠡᠯ ᠪᠠ ᠬᠢᠯᠢ ᠬᠢᠵᠠᠭᠠᠷ ᠤᠨ ᠠᠮᠤᠷ | ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ | ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ | ᠠᠮᠢ ᠠᠬᠤᠢ ᠶᠢ ᠤᠷᠢᠳ ᠢᠶᠠᠷ ᠪᠣᠳᠤᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠠᠷᠠᠳ | ᠲᠦᠮᠡᠨ ᠳᠤ ᠲᠦᠰᠢᠭᠯᠡᠵᠦ᠂ ᠠᠷᠠᠳ ᠲᠦᠮᠡᠨ ᠳᠤ ᠪᠤᠶᠠᠨ ᠦᠢᠯᠡᠳᠬᠦ ᠶᠢ ᠪᠠᠷᠢᠮᠲᠠᠯᠠᠨ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠲᠠᠶᠢᠯᠠᠯᠳᠤᠭᠠᠨ ᠢ ᠡᠷᠡᠰ ᠰᠠᠶᠢᠲᠤᠷ | ᠬᠢᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ | ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢᠨ ᠠᠭᠤᠯᠤᠭᠳᠠᠬᠤᠨ ᠨᠢ ᠡᠯᠪᠡᠭ ᠪᠠᠶᠠᠯᠢᠭ᠂ ᠰᠡᠳᠬᠢᠯ | ᠨᠢ ᠴᠢᠩ ᠦᠨᠡᠨᠴᠢ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠳᠤ ᠤᠷᠤᠭᠰᠢᠯᠠᠬᠤ | ᠴᠢᠭᠯᠡᠯ ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠪᠡ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ | ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ ᠶᠢ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠡᠳ᠋ ᠤᠨ ᠵᠠᠰᠠᠭ ᠤᠨ ᠢᠳᠡᠪᠬᠢᠲᠡᠢ | ᠲᠥᠷᠥ ᠶᠢᠨ ᠪᠣᠳᠣᠯᠭ᠎ᠠ ᠠᠪᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠴᠢᠩ ᠰᠡᠳᠬᠢᠯ ᠤᠨ | ᠨᠠᠶᠢᠳᠠᠯᠭ᠎ᠠ ᠶᠢ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠠᠮᠢᠳᠤᠯᠢᠭ ᠦᠢᠯᠡᠳᠦᠯᠭᠡ | ᠪᠣᠯᠭᠠᠨ ᠬᠤᠪᠢᠷᠠᠭᠤᠯᠬᠤ ᠪᠠᠷ ᠴᠢᠷᠮᠠᠶᠢᠪᠠ᠃ | ᠵᠢᠱᠢᠶᠡᠯᠡᠪᠡᠯ᠂ ᠪᠢᠳᠡ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠪᠠ᠃ | ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠶᠠᠷᠢᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠳᠤᠵᠢᠭᠤᠯᠬᠤ︾ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ︽ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ︾ ᠲᠤᠬᠠᠶ ᠴᠢᠩ ᠰᠡᠳᠬᠢᠯ ᠤᠨ ᠬᠦᠰᠡᠯ ᠡᠷᠡᠮᠡᠯᠵᠡᠯ ᠪᠠ ᠰᠥᠨᠢᠳ ᠪᠠᠷᠠᠭᠤᠨ ᠬᠤᠰᠢᠭᠤᠨ ᠤ | ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠣᠰᠣᠭᠠᠷ᠂ ᠪᠦᠬᠦ | ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ | ᠥᠨᠳᠦᠰᠦᠳᠡᠨ ᠤ ᠠᠵᠢᠯ ᠤᠨ ᠲᠤᠬᠠᠢ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠢ ᠯᠠᠪᠳᠠᠭᠤᠨ | ᠪᠠᠲᠤᠲᠠᠢ ᠠᠬᠢᠭᠤᠯᠪᠠ᠃ | ᠨᠢᠭᠡ ᠳᠤ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠤᠨ ᠬᠥᠭᠵᠢᠯᠲᠡ ᠶᠢ ᠶᠡᠬᠡᠪᠡᠷ ᠲᠦᠯᠬᠢᠨ | ᠠᠬᠢᠭᠤᠯᠪᠠ᠃ ᠮᠠᠨ ᠤ ᠬᠤᠲᠠ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠲᠦ ᠬᠡᠮᠵᠢᠶ᠎ᠡ ᠪᠠᠷ | ᠴᠢᠬᠤᠯᠠᠴᠢᠯᠠᠵᠤ᠂ 2017 ᠣᠨ ᠠᠴᠠ ᠨᠠᠰᠢ ᠪᠥᠬᠦ ᠬᠤᠲᠠ ᠳᠤ ᠨᠡᠶᠢᠲᠡ 12 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ᠂ ᠥᠨᠳᠥᠰᠦᠳᠡᠨ ᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠢᠯᠡᠰ ᠲᠤ ᠬᠡᠷᠡᠭᠯᠡᠪᠡ᠃ ᠬᠤᠤᠰ | ᠬᠡᠯᠡ ᠪᠠᠷ ᠬᠢᠴᠢᠶᠡᠯᠯᠡᠬᠦ ᠰᠤᠷᠤᠭᠴᠢᠳ ᠤᠨ ᠨᠥᠬᠦᠪᠥᠷᠢ ᠶᠢ ᠳᠡᠭᠡᠭᠰᠢᠯᠡᠭᠦᠯᠵᠦ᠂ ᠠᠯᠪᠠᠨ ᠵᠢᠷᠤᠮ ᠤᠨ | ᠰᠤᠷᠭᠠᠭᠤᠯᠢ ᠶᠢᠨ ᠱᠠᠲᠤ ᠦᠶ᠎ᠡ ᠶᠢᠨ ᠦᠨᠳᠦᠰᠦᠲᠡᠨ ᠤ ᠰᠤᠷᠭᠠᠭᠤᠯᠢ ᠶᠢᠨ ᠬᠤᠤᠰ ᠬᠡᠯᠡ ᠪᠠᠷ ᠬᠢᠴᠢᠶᠡᠯᠯᠡᠬᠦ ᠠᠯᠪᠠᠨ | ᠬᠡᠷᠡᠭᠯᠡᠭᠡᠨ ᠤ ᠵᠠᠷᠤᠳᠠᠯ ᠢ ᠰᠠᠭᠤᠷᠢ ᠪᠠᠷᠢᠮᠵᠢᠶ᠎ᠠ ᠨᠣᠷᠮ᠎ᠠ ᠲᠣᠭᠲᠠᠭᠠᠭᠰᠠᠨ ᠰᠠᠭᠤᠷᠢᠨ ᠳᠡᠭᠡᠷ᠎ᠡ 10% ᠪᠠᠷ | ᠨᠡᠮᠡᠭᠳᠡᠭᠦᠯᠪᠡ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠮᠣᠩᠭᠤᠯ ᠢᠶᠠᠷ ᠬᠢᠴᠢᠶᠡᠯᠯᠡᠬᠦ ᠪᠠᠯᠴᠢᠷ | ᠭᠡᠦᠭᠡᠳ ᠤᠨ ᠠᠰᠠᠷᠠᠨ ᠬᠥᠮᠦᠵᠢᠭᠦᠯᠬᠦ ᠵᠠᠷᠤᠳᠠᠯ ᠢ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠬᠦᠯᠪᠡ︔ | ᠦᠨᠳᠦᠰᠦᠲᠡᠨ ᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠶᠡᠬᠡᠪᠡᠷ ᠳᠠᠮᠵᠢᠵᠤ᠂ ᠦᠨᠳᠦᠰᠦᠲᠡᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ | ᠰᠠᠶᠢᠵᠢᠷᠠᠭᠤᠯᠪᠠ᠃ | ᠬᠤᠶᠠᠷ ᠲᠤ ᠦᠨᠳᠦᠰᠦᠲᠡᠨ ᠤ ᠰᠣᠶᠣᠯ ᠤᠨ ᠴᠡᠴᠡᠭᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ | ᠦᠨᠳᠦᠰᠦᠲᠡᠨ ᠤ ᠭᠠᠵᠠᠷ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠣᠳᠠᠲᠤ ᠬᠡᠷᠡᠭᠴᠡᠭᠡ | ᠱᠠᠭᠠᠷᠳᠠᠯᠭ᠎ᠠ ᠳᠤ ᠰᠠᠭᠤᠷᠢᠯᠠᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ | ᠳᠡᠯᠭᠡᠷ ᠥᠷᠨᠢᠭᠦᠯᠵᠦ᠂ ︽ᠳᠤᠮᠳᠠᠳ ᠤᠯᠤᠰ · ᠬᠦᠬᠡᠬᠤᠲᠠ ᠶᠢᠨ ᠵᠤᠤ ᠵᠢᠶᠦ᠋ᠨ ᠰᠣᠶᠣᠯ ᠤᠨ ᠨᠠᠶᠢᠷ︾ ︽ | ᠳᠤᠮᠳᠠᠳᠤ ᠤᠯᠤᠰ · ᠬᠦᠬᠡᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠣᠶᠣᠯ ᠵᠢᠭᠤᠯᠴᠢᠯᠠᠯ ᠤᠷᠠᠯᠢᠭ ᠤᠨ | ᠠᠵᠢᠯᠯᠠᠭ᠎ᠠ︾᠂ ︽ᠥᠪᠥᠷ ᠮᠣᠩᠭᠤᠯ ᠤᠨ ᠠᠳᠤᠭᠤᠨ ᠤ ᠦᠵᠡᠰᠬᠦᠯᠡᠩ︾ ᠵᠡᠷᠭᠡ ᠦᠨᠳᠦᠰᠦᠲᠡᠨ ᠤ ᠥᠪᠡᠷᠮᠢᠴᠡ | ᠣᠨᠴᠠᠯᠢᠭ ᠪᠦᠬᠦᠢ ᠰᠣᠶᠣᠯ ᠤᠨ ᠨᠡᠷᠡᠲᠦ ᠲᠥᠷᠥᠯ ᠲᠡᠮᠳᠡᠭ ᠤᠨ ᠠᠵᠢᠯᠯᠠᠭ᠎ᠠ ᠶᠢ ᠴᠤᠭᠴᠠᠯᠠᠵᠤ ᠂ ᠦᠨᠳᠦᠰᠦᠲᠡᠨ ᠤ | ᠣᠷᠣᠨ ᠤ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠡᠯᠪᠡᠭ ᠪᠠᠶᠠᠯᠢᠭ ᠪᠠᠶᠢᠵᠤ᠂ ᠰᠣᠶᠣᠯ ᠵᠢᠭᠤᠯᠴᠢᠯᠠᠯ | ᠠᠭᠤᠰᠤᠯᠴᠠᠨ ᠬᠥᠭᠵᠢᠵᠦ᠂ ᠦᠨᠳᠦᠰᠦᠲᠡᠨ ᠤ ᠰᠣᠶᠣᠯ ᠤᠨ ᠥᠪ ᠢ ᠬᠠᠮᠠᠭᠠᠯᠠᠬᠤ ᠪᠠ ᠠᠰᠢᠭᠯᠠᠬᠤ ᠠᠵᠢᠯ | ᠢᠯᠡᠳᠲᠡ ᠦᠷ᠎ᠡ ᠪᠦᠲᠦᠮᠵᠢ ᠣᠯᠪᠠ᠃ 2017 ᠣᠨ ᠠᠴᠠ ᠨᠠᠰᠢ᠂ ᠬᠤᠲᠠ ᠶᠢᠨ ᠲᠣᠰ ᠱᠠᠲᠤ ᠦᠨᠳᠦᠰᠦᠲᠡᠨ ᠤ | ᠰᠣᠶᠣᠯ ᠪᠡᠶ᠎ᠡ ᠶᠢᠨ ᠲᠠᠮᠢᠷ ᠤᠨ ᠪᠠᠯᠠ ᠮᠥᠩᠭᠦ 6.3 ᠳ᠋ᠦᠩᠰᠢᠭᠤᠷ ᠲᠥᠭᠦᠷᠢᠭ ᠪᠠᠭᠤᠯᠭᠠᠵᠤ᠂ ᠡᠭᠦᠨ ᠳᠤ | ᠤᠯᠠᠭᠠᠨᠮᠥ᠋ᠴᠢᠷ ᠪᠠ ᠦᠨᠳᠦᠰᠦᠲᠡᠨ ᠤ ᠲᠣᠭᠯᠠᠯᠲᠠ ᠶᠢᠨ ᠪᠦᠯᠦᠭᠯᠡᠯ ᠳᠤ 2.3 ᠳ᠋ᠦᠩᠰᠢᠭᠤᠷ ᠲᠥᠭᠦᠷᠢᠭ ᠪᠠᠭᠤᠯᠭᠠᠪᠠ | ᠃ | ᠭᠤᠷᠪᠠ ᠳᠤ ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳᠬᠦᠨ ᠲᠡᠮᠵᠢᠪᠡ᠃ | ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠢ ᠢᠳᠡᠪᠬᠢᠲᠡᠶ ᠪᠠᠷ ᠬᠥᠭᠵᠢᠭᠦᠯᠬᠦ ᠪᠠ ᠲᠡᠳᠬᠦᠬᠦ ᠪᠣᠯ | ᠥᠨᠳᠦᠰᠦᠳᠡᠨ ᠤ ᠭᠠᠵᠠᠷ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠤᠪᠣᠷ ᠨᠠᠨᠳᠢᠨ | ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠵᠤ ᠪᠠᠶᠢᠭ᠎ᠠ ᠶᠠᠪᠤᠳᠠᠯ ᠪᠣᠯᠤᠨ᠎ᠠ᠃ ᠮᠠᠨ ᠤ ᠬᠤᠲᠠ ᠶᠢᠨ | ᠦᠨᠳᠦᠰᠦᠲᠡᠨ ᠤ ᠡᠮᠴᠢᠯᠡᠭᠡ ᠶᠢ ᠨᠠᠩ ᠰᠠᠶᠢᠨ ᠵᠠᠯᠭᠠᠮᠵᠢᠯᠠᠨ ᠪᠠᠳᠠᠷᠠᠭᠤᠯᠬᠤ ᠶᠢᠨ ᠲᠥᠯᠥᠭᠡ᠂ 2017 ᠣᠨ ᠠᠴᠠ | ᠨᠠᠰᠢ᠂ ᠬᠤᠲᠠ ᠶᠢᠨ ᠲᠣᠰ ᠱᠠᠲᠤᠨ ᠠᠴᠠ ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ | ᠪᠡᠯᠡ ᠮᠥᠩᠭᠦ ᠶᠢ 6.74 ᠳ᠋ᠦᠩᠰᠢᠭᠤᠷ ᠲᠥᠭᠦᠷᠢᠭ ᠪᠠᠭᠤᠯᠭᠠᠵᠤ᠂ ᠬᠦᠬᠡᠬᠤᠲᠠ ᠶᠢᠨ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠵᠢᠴᠢ ᠦᠨᠳᠦᠰᠦᠲᠡᠨ ᠤ ᠡᠮ ᠡᠮᠨᠡᠯᠭᠡ ᠵᠢᠴᠢ ᠮᠣᠩᠭᠤᠯ ᠬᠢᠲᠠᠳ | ᠡᠮᠨᠡᠯᠭᠡ ᠶᠢᠨ ᠡᠷᠳᠡᠮ ᠰᠢᠨᠵᠢᠯᠡᠭᠡᠨ ᠤ ᠵᠠᠯᠭᠠᠮᠵᠢᠯᠠᠯ ᠪᠠ ᠴᠢᠳᠠᠪᠤᠷᠢ ᠶᠢᠨ ᠪᠠᠶᠢᠭᠤᠯᠤᠯᠲᠠ ᠵᠡᠷᠭᠡ ᠳᠤ ᠬᠡᠷᠡᠭᠯᠡᠪᠡ᠃ | ᠲᠦᠷᠪᠡ ᠳᠤ ᠦᠨᠳᠦᠰᠦᠲᠡᠨ ᠤ ᠠᠵᠢᠯ ᠤᠨ ᠵᠠᠷᠤᠳᠠᠯ ᠤᠨ ᠬᠡᠷᠡᠭᠴᠡᠭᠡ ᠶᠢ ᠪᠠᠳᠤᠯᠠᠪᠠ᠃ 2017 ᠣᠨ ᠠᠴᠠ | ᠨᠠᠭᠠᠰᠢ᠂ ᠪᠦᠬᠦ ᠬᠤᠲᠠ ᠦᠨᠳᠦᠰᠦᠲᠡᠨ ᠤ ᠬᠡᠷᠡᠭ ᠡᠷᠬᠢᠯᠡᠬᠦ ᠵᠠᠷᠤᠳᠠᠯ ᠢ 1.18 ᠳ᠋ᠦᠩᠰᠢᠭᠤᠷ ᠲᠦᠭᠦᠷᠢᠭ | ᠣᠷᠣᠭᠤᠯᠵᠤ᠂ ᠦᠨᠳᠦᠰᠦᠲᠡᠨ ᠤ ᠠᠵᠤ ᠠᠬᠤᠢ᠂ ᠦᠨᠳᠦᠰᠦᠲᠡᠨ ᠤ ᠨᠡᠶᠢᠭᠡᠮ ᠪᠠ ᠴᠥᠭᠡᠨ ᠲᠣᠭᠠᠲᠤ | ᠦᠨᠳᠦᠰᠦᠲᠡᠨ ᠤ ᠬᠦᠳᠡᠯᠭᠡᠭᠡᠨ ᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠪᠠᠲᠤᠯᠠᠪᠠ᠃ | ᠪᠠᠰᠠ ᠵᠢᠱᠢᠶᠡᠯᠡᠪᠡᠯ᠂ ᠪᠢᠳᠡ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠥᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠪᠠ᠃ ᠪᠦᠬᠦ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠰᠢᠷᠢᠰ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ | ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠳᠤ ᠲᠠᠰᠤᠷᠠᠯᠲᠠ ᠦᠭᠡᠢ ᠨᠠᠩ ᠰᠠᠶᠢᠨ | ᠬᠥᠭᠵᠢᠯᠲᠡ ᠶᠢᠨ ᠣᠷᠴᠢᠨ ᠨᠦᠬᠦᠴᠡᠯ ᠢ ᠪᠤᠢ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠥᠭᠡᠷᠡᠴᠢᠯᠡᠯᠲᠡ ᠬᠥᠭᠵᠢᠯᠲᠡ ᠶᠢ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠦᠢᠴᠡᠳ ᠪᠠᠳᠠᠷᠠᠭᠤᠯᠪᠠ᠃ ᠨᠢᠭᠡ ᠳᠤ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ | ᠲᠣᠭᠲᠠᠭᠠᠪᠠ᠃ ᠬᠤᠲᠠ ᠶᠢᠨ ᠵᠠᠰᠠᠭ ᠤᠨ ᠣᠷᠳᠣᠨ ᠤ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠣᠰᠣᠭᠠᠷ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠠᠵᠢᠯ ᠢ ᠪᠥᠬᠦ ᠬᠦᠴᠦᠨ ᠢᠶᠠᠷ ᠠᠬᠢᠭᠤᠯᠬᠤ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠢᠯᠡ | ᠪᠣᠯᠭᠠᠬᠤ ᠶᠢ ᠲᠦᠷᠭᠡᠳᠬᠡᠨ ᠠᠬᠢᠭᠤᠯᠬᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ | ᠳᠥᠯᠥᠵᠦ ᠳᠠᠭᠤᠰᠬᠠᠬᠤ ᠶᠢ ᠯᠠᠪᠳᠠᠭᠤᠨ ᠪᠠᠲᠤᠲᠠᠶ ᠠᠬᠢᠭᠤᠯᠬᠤ᠂ ᠡᠳ᠋ ᠤᠨ ᠵᠠᠰᠠᠭ ᠤᠨ ᠦᠢᠯᠡᠴᠢᠯᠡᠭᠡᠨ ᠤ ᠶᠠᠰᠤ | ᠴᠢᠨᠠᠷ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠵᠡᠷᠭᠡ ᠠᠷᠪᠠᠨ ᠵᠦᠢᠯ ᠤᠨ ᠪᠣᠳᠠᠲᠠᠶ ᠠᠷᠭ᠎ᠠ | ᠬᠡᠮᠵᠢᠶ᠎ᠡ ᠶᠢ ᠲᠣᠭᠲᠠᠭᠠᠪᠠ᠃ ᠬᠤᠶᠠᠷ ᠲᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠷᠢᠲᠦᠵᠦ ᠪᠠᠶᠢᠭ᠎ᠠ | ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠲᠦᠷᠭᠡᠪᠴᠢᠯᠡᠨ ᠲᠥᠯᠥᠪᠡ᠃ 2019 ᠣᠨ ᠠᠴᠠ | 2020 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠲᠥᠰᠦᠪ ᠤᠨ ᠲᠣᠬᠢᠷᠠᠭᠤᠯᠤᠯᠲᠠ ᠪᠠ ᠮᠥᠩᠭᠦᠨ | ᠬᠦᠢᠯᠭᠡᠭᠡᠨ ᠤ ᠠᠷᠭ᠎ᠠ ᠪᠠᠷᠢᠯ ᠢᠶᠠᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠤᠳᠠᠯᠳᠤᠨ ᠠᠪᠬᠤ ᠵᠡᠷᠭᠡ | ᠠᠷᠭ᠎ᠠ ᠪᠠᠷᠢᠯ ᠢᠶᠠᠷ ᠳᠠᠮᠵᠢᠭᠤᠯᠤᠨ ᠤᠯᠤᠰ ᠵᠢᠴᠢ ᠥᠪᠡᠷᠲᠡᠭᠡᠨ ᠵᠠᠰᠠᠬᠤ ᠣᠷᠣᠨ ᠠᠴᠠ ᠱᠠᠭᠠᠷᠳᠠᠭᠰᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠲᠠᠩᠰᠠᠨ ᠵᠣᠭᠤᠰ ᠳᠠᠬᠢ ᠮᠠᠷᠭᠤᠭᠠᠨ ᠦᠭᠡᠢ ᠥᠷᠢᠲᠦᠯ ᠮᠦᠩᠭᠦ ᠶᠢ | ᠲᠦᠯᠦᠵᠦ ᠳᠠᠭᠤᠰᠬᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ ᠭᠤᠷᠪᠠ ᠳᠤ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠮᠢᠶᠠᠷᠤᠯᠲᠠ ᠶᠢ ᠴᠢᠩᠭᠠᠳᠬᠠᠪᠠ᠃ 2018 ᠣᠨ ᠤ 11 ᠳ᠋ᠤᠭᠡᠷ ᠰᠠᠷ᠎ᠠ ᠶᠢᠨ 14 ᠤ | ᠡᠳᠦᠷ᠂ ᠶᠡᠷᠦᠩᠬᠡᠶ ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠺᠣᠮᠢᠰ ᠤᠨ ᠲᠠᠪᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ | ᠬᠤᠳᠠᠯᠳᠤᠨ ᠠᠪᠬᠤ ᠲᠥᠷᠢᠮ ᠢ ᠭᠦᠨᠵᠡᠭᠡᠶᠢᠷᠡᠭᠦᠯᠬᠦ ᠥᠭᠡᠷᠡᠴᠢᠯᠡᠯᠲᠡ ᠶᠢᠨ ᠲᠥᠰᠦᠯ︾ ᠢ ᠬᠢᠨᠠᠨ ᠶᠠᠷᠢᠯᠴᠠᠵᠤ | ᠪᠠᠳᠤᠯᠠᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠬᠦᠨᠵᠡᠭᠡᠶᠢᠷᠡᠭᠦᠯᠬᠦ ︽ᠳᠠᠶᠢᠴᠢᠯᠠᠯᠲᠠ ᠶᠢᠨ ᠵᠠᠷᠯᠢᠭ︾ ᠪᠠ ︽ᠳᠠᠭᠠᠷᠢᠯᠲᠠ ᠶᠢᠨ ᠪᠦᠷᠢᠶ᠎ᠡ︾ ᠶᠢ ᠬᠠᠩᠭᠢᠨᠠᠭᠤᠯᠪᠠ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠨᠠᠮᠵᠢ ᠶᠢ ᠢᠯᠡ ᠪᠣᠯᠭᠠᠬᠤ ᠬᠤᠯᠪᠣᠭᠳᠠᠯ ᠪᠥᠬᠦᠶ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠵᠠᠰᠠᠭ ᠤᠨ ᠣᠷᠳᠣᠨ ᠤ | ᠬᠤᠳᠠᠯᠳᠤᠨ ᠠᠪᠬᠤ ᠲᠥᠷᠥᠯ ᠵᠦᠢᠯ᠂ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠵᠠᠷᠯᠠᠬᠤ | ᠲᠦᠷᠢᠮ ᠢ ᠪᠠᠶᠢᠭᠤᠯᠪᠠ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ︽ᠪᠥᠬᠦ | ᠣᠷᠣᠨ ᠤ ᠨᠢᠭᠡ ᠯᠡ ᠰᠦᠯᠵᠢᠶ᠎ᠡ︾ ᠶᠢᠨ ᠲᠤᠷᠰᠢᠯᠲᠠ ᠶᠢᠨ ᠴᠡᠭ ᠢ ᠪᠠᠶᠢᠭᠤᠯᠬᠤ ᠠᠵᠢᠯ ᠢ ᠪᠥᠬᠦ | ᠬᠦᠴᠦᠨ ᠢᠶᠠᠷ ᠢᠶᠠᠨ ᠠᠬᠢᠭᠤᠯᠪᠠ︔ ᠵᠠᠰᠠᠭ ᠤᠨ ᠣᠷᠳᠣᠨ ᠤ ᠬᠤᠳᠠᠯᠳᠤᠨ ᠠᠪᠬᠤ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ 2020 ᠣᠨ ᠤ ︽ ᠬᠤᠶᠠᠷ ᠢ ᠲᠠᠰᠢᠷᠠᠮ ᠢᠶᠠᠷ︾ | ᠰᠤᠭᠤᠴᠢᠨ ᠪᠠᠶᠢᠴᠠᠭᠠᠬᠤ ᠠᠵᠢᠯ ᠢ ᠡᠬᠢᠯᠡᠭᠦᠯᠪᠡ︔ ︽ᠵᠠᠰᠠᠭ ᠤᠨ ᠣᠷᠳᠣᠨ ᠤ ᠬᠤᠳᠠᠯᠳᠤᠨ ᠠᠪᠬᠤ ᠰᠡᠵᠢᠭᠯᠡᠯ ᠪᠠ | ᠵᠠᠭᠠᠯᠳᠤᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠵᠢᠭᠯᠡᠯ ᠵᠠᠭᠠᠯᠳᠤᠯᠭ᠎ᠠ ᠶᠢ | ᠰᠢᠢᠳᠪᠦᠷᠢᠯᠡᠬᠦ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠶᠢ ᠠᠬᠢᠭᠤᠯᠪᠠ᠃ ᠲᠦᠷᠪᠡ ᠳᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ᠃ ᠤᠯᠤᠰ ᠤᠨ ᠡᠯ᠎ᠡ ᠵᠦᠢᠯ ᠤᠨ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠵᠠᠬ᠎ᠠ | ᠳᠡᠯᠭᠡᠭᠦᠷ ᠤᠨ ᠦᠷᠢᠰᠦᠯᠳᠦᠬᠦ ᠬᠦᠴᠦᠨ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ | ᠨᠡᠮᠡᠭᠳᠡᠭᠦᠯᠪᠡ︔ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠰᠣᠯᠢᠵᠤ ᠥᠭᠭᠦᠨ᠂ ᠵᠠᠰᠠᠭ | ᠤᠨ ᠣᠷᠳᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠣᠯᠢᠵᠤ ᠥᠭᠭᠦᠭᠰᠡᠨ ᠦᠭᠡᠢ ᠪᠠᠶᠢᠳᠠᠯ ᠢ ᠴᠡᠪᠡᠷᠯᠡᠨ᠂ | ᠲᠤᠳᠤᠷᠬᠠᠢ ᠲᠤᠭᠲᠠᠭᠠᠭᠰᠠᠨ ᠴᠤ ᠪᠡᠶᠡᠯᠡᠭᠦᠯᠦᠭᠰᠡᠨ ᠦᠭᠡᠢ ᠠᠵᠤ ᠠᠬᠤᠶᠢᠯᠠᠯ ᠤᠨ ᠡᠯ᠎ᠡ ᠲᠥᠷᠥᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ 4.89 ᠳ᠋ᠦᠩᠰᠢᠭᠤᠷ ᠲᠥᠭᠦᠷᠢᠭ ᠢ | ᠬᠤᠷᠢᠶᠠᠩᠭᠤᠶᠢᠯᠠᠨ ᠡᠮᠬᠢᠳᠬᠡᠵᠦ᠂ ᠣᠳᠣ ᠪᠣᠯᠲᠠᠯ᠎ᠠ ᠵᠠᠰᠠᠭ ᠤᠨ ᠣᠷᠳᠣᠨ ᠤ ᠴᠣᠬᠤᠯᠠᠪᠤᠷᠢᠯᠠᠭᠰᠠᠨ ᠶᠣᠰᠣᠭᠠᠷ 1. | 23 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠨᠲᠡ ᠪᠡᠯᠡᠨ ᠵᠣᠭᠤᠰ ᠢᠶᠠᠷ ᠰᠣᠯᠢᠵᠤ ᠦᠭᠭᠦᠨ ᠂ | ᠪᠤᠰᠤᠳ ᠢ ᠨᠢ ᠠᠬᠢᠴᠠ ᠶᠢᠨ ᠪᠠᠶᠢᠳᠠᠯ ᠢ ᠦᠨᠳᠦᠰᠦᠯᠡᠨ ᠠᠯᠬᠤᠮ ᠠᠯᠬᠤᠮ ᠢᠶᠠᠷ ᠪᠡᠶᠡᠯᠡᠭᠦᠯᠦᠨ᠎ᠡ︔ ᠪᠦᠬᠦ | ᠤᠯᠤᠰ ᠤᠨ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠰᠠᠭᠤᠷᠢᠨ | ᠭᠠᠵᠠᠷ ᠤᠨ ᠬᠤᠲᠠ ᠶᠢᠨ ᠵᠢᠱᠢᠶ᠎ᠡ ᠦᠵᠡᠭᠦᠯᠬᠦ ᠠᠵᠢᠯ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠵᠠᠰᠠᠭ ᠤᠨ | ᠣᠷᠳᠣᠨ ᠤ ᠬᠥᠲᠥᠯᠥᠨ ᠵᠢᠯᠣᠭᠤᠳᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠦᠢᠯᠡᠰ ᠪᠣᠰᠬᠠᠬᠤ ᠣᠷᠣᠨ ᠵᠠᠶ᠂ | ᠣᠯᠠᠨ ᠨᠡᠶᠢᠲᠡ ᠶᠢᠨ ᠦᠢᠯᠡᠴᠢᠯᠡᠭᠡ᠂ ᠪᠡᠯᠡ ᠲᠣᠬᠢᠷᠠᠭᠤᠯᠭ᠎ᠠ ᠶᠢᠨ ᠳᠡᠮᠵᠢᠯᠭᠡ ᠪᠣᠯᠤᠨ ᠪᠠᠶᠢᠭᠤᠯᠤᠯ ᠲᠣᠭᠲᠠᠴᠠ ᠶᠢᠨ | ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠲᠥᠪᠯᠡᠷᠡᠭᠦᠯᠦᠨ ᠬᠦᠴᠦᠯᠡᠪᠡ᠃ ᠨᠡᠶᠢᠭᠡᠮ ᠤᠨ ᠬᠦᠴᠦᠨ ᠤ ᠣᠷᠣᠯᠴᠠᠨ | ᠳᠡᠮᠵᠢᠬᠦ ᠢᠳᠡᠪᠬᠢᠵᠢᠯ ᠢ ᠬᠦᠢᠴᠡᠳ ᠳᠠᠶᠢᠴᠢᠯᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠪᠡ᠃ | ᠪᠠᠰᠠ ᠵᠢᠱᠢᠶᠡᠯᠡᠪᠡᠯ᠂ ᠪᠢᠳᠡ ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠪᠠ᠃ ᠨᠢᠭᠡ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠭᠠᠶᠢᠯᠢ | ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 49 ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠵᠦᠢᠯᠡᠰ᠂ 12 ᠠᠵᠤ ᠠᠬᠤᠶᠢᠯᠠᠯ ᠳᠤ | ᠬᠤᠯᠪᠣᠭᠳᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠵᠦᠢᠯᠡᠰ ᠪᠠ 8 | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠵᠦᠢᠯᠡᠰ ᠤᠨ ᠭᠠᠷᠴᠠᠭ ᠤᠨ ᠨᠠᠷᠢᠨ ᠲᠠᠩᠰᠠ ᠶᠢ | ᠨᠡᠶᠢᠲᠡᠯᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯᠯᠠᠭ᠎ᠠ ᠶᠢ ᠤᠯᠠᠮ ᠨᠢᠭᠡ | ᠠᠯᠬᠤᠮ ᠵᠢᠷᠤᠮᠵᠢᠭᠤᠯᠪᠠ᠃ ᠠᠵᠤ ᠠᠬᠤᠶᠢᠯᠠᠯ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠨᠡᠮᠡᠭᠳᠡᠭᠦᠯᠪᠡ᠃ ᠪᠦᠷᠢᠳᠬᠡᠯ ᠢᠶᠠᠷ ᠳᠠᠮᠵᠢᠭᠠᠳ᠂ | 2019 ᠣᠨ ᠳᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠶᠢ 65 ᠳ᠋ᠦᠩᠰᠢᠭᠤᠷ ᠲᠦᠭᠦᠷᠢᠭ ᠣᠷᠴᠢᠮ | ᠬᠥᠩᠭᠡᠷᠡᠭᠦᠯᠦᠨ᠎ᠡ︔ 2020 ᠣᠨ ᠤ 1 — 9 ᠰᠠᠷ᠎ᠠ ᠳᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠲᠦᠷᠦ ᠶᠢᠨ ᠪᠤᠳᠤᠯᠭ᠎ᠠ ᠨᠢ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠶᠢ 47 ᠳ᠋ᠦᠩᠰᠢᠭᠤᠷ | ᠲᠥᠭᠦᠷᠢᠭ ᠣᠷᠴᠢᠮ ᠬᠥᠩᠭᠡᠷᠡᠭᠦᠯᠵᠦ᠂ ᠠᠵᠤ ᠠᠬᠤᠶᠢᠯᠠᠯ ᠳᠤ ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ | ᠪᠤᠳᠤᠯᠭ᠎ᠠ ᠶᠢᠨ ᠠᠰᠢᠭ ᠲᠤᠰᠠ ᠶᠢ ᠭᠦᠢᠴᠡᠳ ᠡᠳ᠋ᠯᠡᠭᠦᠯᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠲᠥᠷᠥ ᠶᠢᠨ ᠪᠣᠳᠣᠯᠭ᠎ᠠ ᠨᠢ ︽ᠤᠰᠤ ᠲᠠᠯᠪᠢᠨ ᠵᠢᠭᠠᠰᠤ ᠲᠡᠵᠢᠭᠡᠬᠦ︾ ᠢᠳᠡᠪᠬᠢ ᠦᠢᠯᠡᠳᠦᠯ ᠭᠠᠷᠭᠠᠵᠤ᠂ | ᠬᠡᠳᠦ᠋ᠢᠪᠡᠷ ᠣᠬᠤᠷᠬᠠᠨ ᠬᠤᠭᠤᠴᠠᠭᠠᠨ ᠳᠤ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠳᠤ ᠵᠣᠬᠢᠬᠤ | ᠨᠦᠯᠦᠭᠡ ᠦᠵᠡᠭᠦᠯᠬᠦ ᠪᠣᠯᠪᠠᠴᠤ ᠡᠳ᠋ ᠪᠠᠶᠠᠯᠢᠭ ᠤᠨ ᠡᠬᠢ ᠰᠤᠷᠪᠤᠯᠵᠢ ᠶᠢ ᠪᠤᠶᠢᠵᠢᠭᠤᠯᠵᠤ᠂ ᠠᠯᠤᠰ ᠬᠡᠲᠦ ᠶᠢᠨ | ᠠᠰᠢᠭ ᠲᠤᠰᠠ ᠲᠠᠢ ᠶᠤᠮ᠃ ᠬᠤᠶᠠᠷ ᠲᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠮᠥᠩᠭᠦ ᠶᠢ ᠢᠳᠡᠪᠬᠢᠲᠡᠢ ᠴᠢᠷᠮᠠᠶᠢᠨ ᠣᠯᠵᠤ᠂ 2017 ᠣᠨ ᠠᠴᠠ ᠨᠠᠰᠢ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠮᠥᠩᠭᠦ ᠶᠢ 212.37 ᠳ᠋ᠦᠩᠰᠢᠭᠤᠷ ᠲᠥᠭᠦᠷᠢᠭ ᠣᠯᠵᠤ᠂ ᠣᠷᠣᠨ ᠨᠤᠲᠤᠭ ᠤᠨ ᠡᠯ᠎ᠡ | ᠵᠦᠢᠯ ᠤᠨ ᠠᠵᠤ ᠠᠬᠤᠶ ᠨᠡᠶᠢᠭᠡᠮ ᠤᠨ ᠦᠢᠯᠡᠰ ᠤᠨ ᠬᠥᠭᠵᠢᠯᠲᠡ ᠶᠢ ᠬᠦᠴᠦᠲᠡᠢ ᠳᠡᠮᠵᠢᠵᠡᠶ᠃ ᠵᠠᠬ᠎ᠠ | ᠳᠡᠯᠭᠡᠭᠦᠷ ᠤᠨ ᠢᠲᠡᠭᠡᠯ ᠢ ᠬᠥᠪᠴᠢᠯᠡᠵᠦ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠵᠤ᠂ ᠳᠣᠲᠣᠭᠠᠳᠤ | ᠬᠡᠷᠡᠭᠴᠡᠭᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠵᠡᠶ᠃ | 7. ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠯᠢ ᠵᠢᠩ ᠰᠢᠶᠠᠨᠲ᠋ᠡᠳ᠋ ᠪᠠᠶᠢᠴᠠᠭᠠᠨ ᠰᠤᠳᠤᠯᠤᠭᠴᠢ᠂ | ᠲᠥᠰᠥᠪ ᠤᠨ ᠰᠠᠯᠠᠭᠠᠨ ᠤ ᠭᠡᠷᠡᠯ ᠳᠡᠳ᠋ ᠰᠠᠯᠠᠭᠠᠨ ᠳᠠᠷᠤᠭ᠎ᠠ ᠳᠤ ᠪᠠᠶᠠᠷᠯᠠᠯ᠎ᠠ᠂ ᠰᠦᠯᠵᠢᠶᠡᠨ ᠨᠦᠬᠦᠳ ᠤᠨ | ᠠᠩᠬᠠᠷᠤᠯ ᠢᠶᠠᠨ ᠬᠠᠨᠳᠤᠭᠤᠯᠵᠤ ᠤᠷᠤᠯᠴᠠᠭᠰᠠᠨ ᠳᠤ ᠪᠠᠶᠠᠷᠯᠠᠯ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃ | |