ᠾᠸᠢ ᠯᠣᠣ ᠶᠣᠣ ᠰᠢᠶᠠᠩ 2020 ᠣᠨ ᠤ ᠬᠠᠪᠣᠷ ᠤᠨ ᠤᠯᠠᠷᠢᠯ ᠤᠨ ᠣᠢ ᠰᠢᠭᠤᠢ ᠨᠣᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠠᠵᠢᠯ ᠤᠨ ᠪᠠᠶᠢᠷᠢᠯᠠᠭᠤᠯᠣᠯᠲᠠ ᠶᠢᠨ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2020-03-13
     3 ᠳ᠋ᠤᠭᠠᠷ ᠰᠠᠷ᠎ᠠ ᠶᠢᠨ11 ᠤ ᠡᠳᠦᠷ ᠤᠨ ᠦᠳᠡ ᠶᠢᠨ ᠡᠮᠦᠨ᠎ᠡ᠂ ᠾᠸᠢ ᠯᠣᠣ ᠶᠣᠣ ᠰᠢᠶᠠᠩ 2020 ᠣᠨ ᠤ ᠬᠠᠪᠣᠷ ᠤᠨ ᠤᠯᠠᠷᠢᠯ ᠤᠨ ᠣᠢ ᠰᠢᠭᠤᠢ ᠨᠣᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠠᠵᠢᠯ ᠤᠨ ᠪᠠᠶᠢᠷᠢᠯᠠᠭᠤᠯᠣᠯᠲᠠ ᠶᠢᠨ ᠬᠤᠷᠠᠯ ᠢ ᠬᠤᠷᠠᠯᠳᠣᠭᠤᠯᠵᠣ᠂ ᠪᠦᠬᠦ ᠰᠢᠶᠠᠩ ᠤᠨ ᠭᠠᠯ ᠰᠡᠷᠭᠡᠶᠢᠯᠡᠯᠲᠡ ᠶᠢᠨ ᠠᠵᠢᠯ ᠳᠤ ᠲᠣᠬᠢᠷᠠᠭᠤᠯᠣᠯᠲᠠ ᠪᠠᠶᠢᠷᠢᠯᠠᠭᠤᠯᠣᠯᠲᠠ ᠬᠢᠪᠡ᠃ ᠡᠯ᠎ᠡ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠱᠦᠵᠢ᠂ ᠣᠢ ᠰᠢᠭᠤᠢ ᠶᠢ ᠬᠠᠮᠠᠭᠠᠯᠠᠭᠴᠢ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠭᠠᠯ ᠰᠡᠷᠭᠡᠶᠢᠯᠡᠯᠲᠡ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠵᠣ᠂ ᠣᠢ ᠰᠢᠭᠤᠢ ᠨᠣᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠵᠢᠵᠢᠭᠦᠷᠯᠡᠬᠦ ᠠᠵᠢᠯ ᠳᠤ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠭᠠᠯ ᠤᠨ ᠠᠶᠣᠯ ᠤᠨ ᠪᠠᠶᠢᠳᠠᠯ ᠭᠠᠷᠪᠠᠯ ᠳᠣᠣᠷ᠎ᠠ ᠨᠢ ᠳᠡᠭᠡᠭᠰᠢ ᠮᠡᠳᠡᠭᠦᠯᠬᠦ ᠬᠡᠷᠡᠭᠲᠡᠢ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠬᠠᠮᠢᠶᠠᠷᠣᠯᠲᠠ ᠶᠢ ᠴᠢᠩᠭᠠᠳᠬᠠᠵᠣ᠂ ᠣᠢ ᠰᠢᠭᠤᠢ ᠶᠢᠨ ᠬᠠᠮᠠᠭᠠᠯᠠᠭᠴᠢ ᠠᠵᠢᠯᠲᠠᠨ ᠬᠠᠷᠢᠭᠤᠴᠯᠠᠭ᠎ᠠ ᠶᠢ ᠡᠭᠦᠷᠭᠡᠯᠡᠵᠦ᠂ ᠬᠠᠷᠢᠭᠤᠴᠯᠠᠭ᠎ᠠ ᠶᠢᠨ ᠬᠡᠰᠡᠭ ᠬᠤᠪᠢᠶᠠᠬᠤ ᠶᠢ ᠬᠡᠷᠡᠭᠵᠢᠭᠦᠯᠦᠨ᠂ ᠬᠤᠭ ᠨᠣᠪᠰᠢ ᠶᠢ ᠰᠢᠲᠠᠭᠠᠬᠤ ᠶᠢ ᠴᠠᠭᠠᠵᠠᠯᠠᠬᠤ ᠬᠡᠷᠡᠭᠲᠡᠢ᠃ ᠭᠠᠯ ᠰᠡᠷᠭᠡᠶᠢᠯᠡᠬᠦ ᠠᠵᠢᠯ ᠤᠨ ᠬᠠᠮᠢᠶᠠᠷᠣᠯᠲᠠ ᠶᠢ ᠴᠢᠩᠭᠠᠳᠬᠠᠵᠣ᠂ ᠡᠯ᠎ᠡ ᠵᠠᠰᠠᠭ ᠵᠠᠬᠢᠷᠭᠠᠨ ᠤ ᠲᠣᠰᠬᠤᠨ ᠵᠠᠪᠠᠯ ᠭᠠᠯ ᠰᠡᠷᠭᠡᠶᠢᠯᠡᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠲᠦᠰᠥᠯ ᠢ ᠴᠠᠭ ᠲᠣᠬᠠᠢ ᠳᠤᠨᠢ ᠳᠡᠭᠡᠭᠰᠢ ᠮᠡᠳᠡᠭᠦᠯᠵᠦ᠂ ︽ᠡᠷᠲᠡ ᠲᠣᠬᠢᠷᠠᠭᠤᠯᠣᠨ᠂ ᠡᠷᠲᠡ ᠪᠠᠶᠢᠷᠢᠯᠠᠭᠤᠯᠵᠤ᠂ ᠡᠷᠲᠡ ᠤᠬᠠᠭᠤᠯᠵᠤ᠂ ᠡᠷᠲᠡ ᠬᠡᠷᠡᠭᠵᠢᠭᠦᠯᠬᠦ︾ ᠶᠢ ᠰᠠᠶᠢᠲᠣᠷ ᠬᠢᠬᠦ ᠬᠡᠷᠡᠭᠲᠡᠢ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号