ᠬᠤᠷᠢᠨᠭᠡᠷ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ 2020 ᠣᠨ ᠤ 1 — 2 ᠳ᠋ᠤᠭᠠᠷ ᠰᠠᠷ᠎ᠠ ᠳᠤ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠨᠡᠶᠢᠲᠡ 29764.54 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2020-03-17
     2020 ᠣᠨ ᠤ 1 — 2 ᠳ᠋ᠤᠭᠠᠷ ᠰᠠᠷ᠎ᠠ ᠳᠤ᠂ ᠬᠤᠷᠢᠨᠭᠡᠷ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠣᠯᠭᠤᠭᠰᠠᠨ ᠡᠳ᠋ ᠤᠨ ᠵᠠᠰᠠᠭ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ 3374.69 ᠲᠦᠮᠡᠨ ᠲᠥᠭᠦᠷᠢᠭ ᠲᠤ ᠬᠦᠷᠴᠦ᠂ ᠨᠡᠶᠢᠲᠡ 6 ᠬᠦᠷᠢᠶ᠎ᠡ ᠴᠠᠷᠠᠭ᠎ᠠ ᠶᠢᠨ 20 ᠲᠥᠷᠥᠯ ᠤᠨ 21 ᠵᠦᠢᠯ ᠤᠨ ᠨᠥᠬᠦᠪᠥᠷᠢ ᠳᠤ ᠬᠤᠯᠪᠣᠭᠳᠠᠵᠤ᠂ ᠨᠡᠶᠢᠲᠡ 67622 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠄ ᠲᠠᠷᠢᠶᠠᠯᠠᠩ ᠤᠨ ᠲᠥᠷᠥᠯ ᠤᠨ ᠨᠥᠬᠦᠪᠥᠷᠢ ᠶᠢ 286.18 ᠲᠦᠮᠡᠨ ᠲᠥᠭᠦᠷᠢᠭ ᠲᠠᠷᠬᠠᠭᠠᠵᠤ᠂ 196 ᠬᠥᠮᠦᠨ ᠤᠳᠠᠭ᠎ᠠ ᠳᠤ ᠠᠰᠢᠭ ᠬᠦᠷᠲᠡᠭᠡᠪᠡ︔ ᠣᠢ ᠰᠢᠭᠤᠢ ᠶᠢᠨ ᠲᠥᠷᠥᠯ ᠤᠨ ᠨᠥᠬᠦᠪᠥᠷᠢ ᠶᠢ 419.91 ᠲᠦᠮᠡᠨ ᠲᠥᠭᠦᠷᠢᠭ ᠲᠠᠷᠬᠠᠭᠠᠵᠤ᠂ 6065 ᠬᠥᠮᠦᠨ ᠤᠳᠠᠭ᠎ᠠ ᠳᠤ ᠠᠰᠢᠭ ᠬᠦᠷᠲᠡᠭᠡᠪᠡ︔ ᠲᠥᠯᠥᠪᠯᠡᠭᠡᠲᠦ ᠦᠷᠡᠵᠢᠯ ᠤᠨ ᠨᠥᠬᠦᠪᠥᠷᠢ 0.31 ᠲᠦᠮᠡᠨ ᠲᠥᠭᠦᠷᠢᠭ᠂ 5 ᠬᠥᠮᠦᠨ ᠤᠳᠠᠭ᠎ᠠ ᠳᠤ ᠠᠰᠢᠭ ᠬᠦᠷᠲᠡᠭᠡᠪᠡ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠶᠢ 751.61 ᠲᠦᠮᠡᠨ ᠲᠥᠭᠦᠷᠢᠭ ᠲᠠᠷᠬᠠᠭᠠᠵᠤ᠂ 442 ᠬᠥᠮᠦᠨ ᠤᠳᠠᠭ᠎ᠠ ᠳᠤ ᠠᠰᠢᠭ ᠬᠦᠷᠲᠡᠭᠡᠪᠡ︔ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠶᠢ 1912.73 ᠲᠦᠮᠡᠨ ᠲᠥᠭᠦᠷᠢᠭ ᠲᠠᠷᠬᠠᠭᠠᠵᠤ᠂ 60862 ᠬᠥᠮᠦᠨ ᠤᠳᠠᠭ᠎ᠠ ᠳᠤ ᠠᠰᠢᠭ ᠬᠦᠷᠲᠡᠭᠡᠪᠡ︔ ᠴᠠᠯᠢᠩ ᠤᠨ ᠨᠥᠬᠦᠪᠥᠷᠢ ᠶᠢᠨ ᠲᠥᠷᠥᠯ ᠳᠤ 3.95 ᠲᠦᠮᠡᠨ ᠲᠥᠭᠦᠷᠢᠭ ᠲᠠᠷᠬᠠᠭᠠᠵᠤ᠂ 52 ᠬᠥᠮᠦᠨ ᠤᠳᠠᠭ᠎ᠠ ᠳᠤ ᠠᠰᠢᠭ ᠬᠦᠷᠲᠡᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号