ᠮᠠ ᠸᠧᠨ ᠵᠢᠩ ᠾᠸᠢ ᠯᠤᠤ ᠶᠤᠤ ᠰᠢᠶᠠᠩ ᠳᠤ ᠭᠦᠨᠵᠡᠭᠡᠶᠢᠷᠡᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠢ ᠰᠢᠮᠳᠠᠭᠤᠯᠣᠨ ᠪᠠᠶᠢᠴᠠᠭᠠᠪᠠ
ᠨᠡᠶᠢᠲᠡᠯᠡᠭᠰᠡᠨ ᠴᠠᠭ᠄
2020-03-20
     3 ᠳ᠋ᠤᠭᠠᠷ ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠸᠧᠨ ᠵᠢᠩ ᠳᠠᠭᠠᠭᠠᠴᠢᠯᠠᠨ ᠬᠠᠷᠢᠯᠴᠠᠵᠣ ᠪᠠᠶᠢᠭ᠎ᠠ ᠰᠢᠶᠠᠩ ᠾᠸᠢ ᠯᠣᠤ ᠶᠣᠣ ᠰᠢᠶᠠᠩ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠭᠰᠠᠨ ᠪᠠᠶᠢᠨ᠎ᠠ᠃      ᠮᠠ ᠸᠧᠨ ᠵᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠴᠡᠭ ᠲᠤ ᠭᠦᠨᠵᠡᠭᠡᠶᠢᠷᠡᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠮᠳᠠᠭᠤᠯᠣᠨ ᠪᠠᠶᠢᠴᠠᠭᠠᠭᠰᠠᠨ ᠪᠥᠭᠡᠳ ᠵᠢᠵᠢᠭᠦᠷᠯᠡᠵᠦ ᠪᠠᠶᠢᠭ᠎ᠠ ᠠᠵᠢᠯᠲᠠᠨ ᠳᠤ ᠲᠣᠬᠤᠨᠢᠭᠤᠯᠬᠤ ᠪᠣᠳᠠᠰ ᠬᠦᠷᠭᠡᠪᠡ᠃ ᠮᠠ ᠸᠧᠨ ᠵᠢᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠦᠷᠭᠦᠯᠵᠢᠯᠡᠨ ᠰᠠᠶᠢᠵᠢᠷᠠᠵᠤ ᠪᠠᠶᠢᠨ᠎ᠠ᠂ ᠭᠡᠪᠡᠴᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠵᠠᠪᠠᠯ ᠦᠷᠭᠦᠯᠵᠢᠯᠡᠨ ᠴᠢᠩᠭᠠᠳᠬᠠᠵᠣ᠂ ᠰᠣᠨᠣᠷ ᠰᠡᠷᠡᠮᠵᠢ ᠪᠠᠨ ᠰᠤᠯᠠᠷᠠᠭᠤᠯᠬᠤ ᠥᠬᠡᠶ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠠᠭᠤᠷᠠᠭᠤᠯᠬᠤ ᠥᠬᠡᠶ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠶ ᠭᠡᠪᠡ᠃      ᠲᠣᠰᠬᠤᠨ ᠪᠦᠷᠢ ᠳᠤ ᠬᠦᠷᠬᠦ ᠪᠣᠯᠭᠠᠨ᠂ ᠮᠠ ᠸᠧᠨ ᠵᠢᠩ ᠲᠠᠩᠰᠠ ᠶᠢᠨ ᠮᠠᠲ᠋ᠧᠷᠢᠶᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠣᠨᠳᠣᠤ ᠭᠠᠵᠠᠷ ᠲᠤ ᠨᠡᠭᠦᠯᠭᠡᠬᠦ ᠵᠡᠷᠭᠡ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠣᠴᠢᠵᠣ ᠰᠤᠷᠪᠤᠯᠵᠢᠯᠠᠬᠤ ᠳᠤᠮᠳᠠ᠂ ᠮᠠ ᠸᠧᠨ ᠵᠢᠩ ᠶᠠᠳᠠᠭᠤ ᠬᠦᠴᠢᠷᠳᠡᠯᠲᠡᠢ ᠡᠷᠦᠬᠡ ᠶᠢᠨ ᠦᠢᠯᠡᠳᠪᠦᠷᠢᠯᠡᠯ ᠠᠮᠢᠳᠣᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠲᠤᠬᠠᠢ ᠮᠡᠳᠡᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠶᠠᠳᠠᠭᠤ ᠬᠦᠴᠢᠷᠳᠡᠯᠲᠡᠢ ᠡᠷᠦᠬᠡ ᠶᠢ ᠢᠲᠡᠭᠡᠯ ᠵᠣᠷᠢᠭ ᠲᠠᠢ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠷᠲᠡᠬᠡᠨ ᠶᠠᠳᠠᠭᠤ ᠠᠴᠠ ᠠᠩᠭᠢᠵᠢᠷᠠᠬᠤ ᠪᠠᠷ ᠴᠢᠷᠮᠠᠶᠢᠬᠤ ᠶᠢ ᠵᠣᠷᠢᠭᠵᠢᠭᠤᠯᠪᠠ᠃      ᠮᠠ ᠸᠧᠨ ᠵᠢᠩ ᠱᠠᠭᠠᠷᠳᠠᠭᠰᠠᠨ ᠨᠢ᠂ ᠾᠧᠢ ᠯᠣᠤ ᠶᠣᠣ ᠰᠢᠶᠠᠩ ᠬᠠᠷᠢᠭᠤᠴᠠᠯᠭᠠᠲᠤ ᠤᠳᠤᠷᠢᠳᠤᠯᠭ᠎ᠠ ᠪᠠᠨ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠪᠠᠶᠢᠴᠠᠭᠠᠵᠤ ᠳᠤᠲᠠᠭᠳᠠᠯ ᠢᠶᠠᠨ ᠨᠥᠬᠦᠪᠥᠷᠢᠯᠡᠬᠦ ᠶᠢ ᠰᠠᠶᠢᠲᠣᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠦᠨᠡᠨᠬᠦ ᠰᠡᠳᠬᠢᠯ ᠳᠡᠭᠡᠨ ᠪᠣᠳᠣᠵᠣ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠶ︔ ᠬᠥᠳᠡᠭᠡ ᠲᠣᠰᠬᠤᠨ ᠤ ᠬᠤᠶᠠᠷ ᠱᠠᠲᠤᠨ ᠤ ᠺᠠᠳ᠋ᠷᠴᠤᠳ ᠶᠠᠳᠠᠭᠤ ᠬᠦᠴᠢᠷᠳᠡᠯᠲᠡᠶ ᠡᠷᠦᠬᠡ ᠶᠢᠨ ᠦᠢᠯᠡᠳᠪᠦᠷᠢᠯᠡᠯ ᠠᠮᠢᠳᠣᠷᠠᠯ ᠤᠨ ᠪᠠᠶᠢᠳᠠᠯ ᠢ ᠴᠠᠭ ᠢᠮᠠᠭᠲᠠ ᠠᠩᠬᠠᠷᠴᠤ᠂ ᠲᠡᠳᠡᠨ ᠢ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠠᠰᠠᠭᠤᠳᠠᠯ ᠢ ᠨᠢ ᠰᠢᠢᠳᠪᠦᠷᠢᠯᠡᠬᠦ ᠳᠡᠭᠡᠷ᠎ᠡ ᠬᠦᠴᠦ ᠲᠠᠯᠪᠢᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠪᠡ᠃      ᠮᠠ ᠸᠧᠨ ᠵᠢᠩ ᠴᠢᠬᠤᠯᠠᠴᠢᠯᠠᠭᠰᠠᠨ ᠨᠢ᠂ ᠵᠠᠭᠤᠨ ᠭᠠᠵᠠᠷ ᠤᠨ ᠠᠶᠠᠯᠠᠯ ᠢ ᠨᠢᠭᠡᠨᠲᠡ ᠬᠠᠭᠠᠰ ᠢ ᠨᠢ ᠵᠠᠮᠨᠠᠭᠰᠠᠨ ᠪᠠᠶᠢᠨ᠎ᠠ᠂ 2020 ᠣᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠵᠢᠯ ᠮᠥᠨ᠂ ᠶᠠᠪᠤᠬᠤ ᠲᠤᠲᠤᠮ ᠡᠨᠡ ᠬᠦ ᠬᠥᠪᠴᠢ ᠶᠢ ᠤᠯᠠᠮ ᠴᠢᠩᠭᠠᠯᠠᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠳᠤ ᠠᠩᠬᠠᠷᠤᠯ ᠢᠶᠠᠨ ᠲᠦᠪᠯᠡᠷᠡᠭᠦᠯᠦᠨ᠂ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠠᠵᠢᠯ ᠢ ᠦᠨᠡᠨᠬᠦ ᠪᠣᠳᠠᠲᠠᠶ ᠠᠳᠬᠤᠵᠤ ᠨᠠᠷᠢᠯᠢᠭ ᠠᠳᠬᠤᠵᠤ ᠪᠣᠳᠠᠲᠤ ᠦᠷ᠎ᠡ ᠪᠦᠲᠦᠮᠵᠢ ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠶ ᠭᠡᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号