3 ᠳ᠋ᠤᠭᠠᠷ ᠰᠠᠷ᠎ᠠ ᠶᠢᠨ 18 ᠤ ᠡᠳᠦᠷ᠂ 2019 ᠣᠨ ᠤ ᠲᠠᠷᠢᠶᠠᠯᠠᠩ ᠤᠨ ᠦᠢᠯᠡᠳᠪᠦᠷᠢᠯᠡᠯ ᠤᠨ | ᠬᠥᠭᠵᠢᠯᠲᠡ ᠶᠢᠨ ᠲᠤᠰᠬᠠᠶ ᠵᠦᠢᠯ ᠤᠨ 1.4 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠱᠠᠪᠠᠭ᠋ᠠᠢ ᠰᠢᠶᠠᠩ ᠤᠨ ᠱᠦᠶ ᠺᠸᠦ ᠲᠣᠰᠬᠤᠨ ᠳᠤ ᠵᠢᠩᠬᠢᠨᠢ ᠪᠠᠷ ᠡᠬᠢᠯᠡᠨ | ᠪᠥᠲᠥᠭᠡᠨ ᠪᠠᠶᠢᠭᠤᠯᠵᠤ᠂ ᠲᠣᠰ ᠤᠳᠠᠭ᠎ᠠ ᠶᠢᠨ ᠠᠵᠢᠯ ᠡᠬᠢᠯᠡᠭᠦᠯᠦᠭᠰᠡᠨ ᠨᠢ ᠨᠢᠭᠡᠳᠦᠭᠡᠷ ᠬᠡᠰᠡᠭ ᠪᠣᠯᠤᠨ᠎ᠠ᠂ | ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 4712 ᠮᠥ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 615. | 8 ᠲᠦᠮᠡᠨ ᠲᠥᠭᠦᠷᠢᠭ ᠪᠣᠯᠤᠨ᠎ᠠ᠃ ᠲᠣᠰ ᠲᠥᠷᠥᠯ ᠵᠦᠢᠯ ᠨᠢ ᠪᠥᠬᠦ ᠰᠢᠶᠠᠨ ᠤ 2 ᠰᠢᠶᠠᠩ ᠪᠠᠯᠭᠠᠰᠤᠨ ᠤ 4 | ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠵᠣ᠂ ᠲᠣᠰ ᠲᠣᠰ ᠶᠡᠭᠡ ᠤᠯᠠᠭᠠᠨᠬᠤᠲᠠ ᠰᠢᠶᠠᠩ ᠤᠨ ᠢᠦᠶ ᠱᠣ᠋ | ᠭᠧᠦ ᠶᠢᠨ ᠵᠠᠰᠠᠭ ᠵᠠᠬᠢᠷᠭᠠᠨ ᠤ ᠲᠣᠰᠬᠤᠨ᠂ ᠱᠠᠪᠠᠭ᠋ᠠᠢ ᠰᠢᠶᠠᠩ ᠤᠨ ᠱᠦᠶ ᠺᠸᠦ᠂ ᠶᠡᠭᠡ ᠵᠢᠯᠠᠭ᠎ᠠ᠂ ᠯᠠᠨ ᠵᠢᠶᠠ ᠹᠠᠩ | ᠵᠠᠰᠠᠭ ᠵᠠᠬᠢᠷᠭᠠᠨ ᠤ ᠲᠣᠰᠬᠤᠨ ᠳᠤ ᠪᠠᠶᠢᠭᠤᠯᠵᠠᠢ᠃ | ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠪᠤᠷ ᠤᠨ ᠤᠯᠠᠷᠢᠯ ᠤᠨ ᠪᠠᠷᠢᠯᠭ᠎ᠠ ᠶᠢᠨ | ᠵᠠᠩᠭᠢᠯᠠᠭ᠎ᠠ ᠶᠢᠨ ᠬᠤᠭᠤᠴᠠᠭ᠎ᠠ ᠶᠢ ᠴᠢᠩᠭ᠎ᠠ ᠠᠳᠬᠤᠵᠤ᠂ ᠨᠢᠭᠡ ᠲᠠᠯ᠎ᠠ ᠪᠠᠷ ᠰᠡᠷᠭᠡᠶᠢᠯᠡᠨ ᠡᠵᠡᠮᠳᠡᠬᠦ ᠶᠢ ᠠᠳᠬᠤᠵᠣ᠂ | ᠨᠢᠭᠡ ᠲᠠᠯ᠎ᠠ ᠪᠠᠷ ᠪᠦᠲᠦᠭᠡᠨ ᠪᠠᠶᠢᠭᠤᠯᠤᠯᠲᠠ ᠶᠢ ᠠᠳᠬᠤᠵᠤ᠂ ᠬᠤᠶᠠᠷ ᠲᠠᠯ᠎ᠠ ᠪᠠᠷ ᠪᠦᠬᠦᠨ ᠢ ᠠᠳᠬᠤᠵᠤ᠂ ᠬᠤᠶᠠᠷ | ᠲᠠᠯ᠎ᠠ ᠪᠠᠷ ᠠᠬᠢᠭᠤᠯᠵᠤ᠂ ᠲᠠᠷᠢᠶᠠᠨ ᠭᠠᠵᠠᠷ᠂ ᠤᠰᠤ᠂ ᠵᠠᠮ᠂ ᠣᠶ ᠰᠢᠭᠤᠶ᠂ ᠰᠢᠷᠣᠶ᠂ ᠴᠠᠬᠢᠯᠭᠠᠨ᠂ ᠮᠡᠷᠭᠡᠵᠢᠯ ᠢ ︽ | ᠳᠣᠯᠣᠭᠠᠨ ᠢᠵᠢ ᠪᠦᠷᠢᠳᠦᠭᠦᠯᠬᠦ︾ ᠶᠢ ᠱᠠᠭᠠᠷᠳᠠᠯᠭ᠎ᠠ ᠳᠤ ᠬᠦᠷᠦᠭᠦᠯᠵᠦ᠂ ᠲᠠᠷᠢᠶᠠᠯᠠᠩ ᠤᠨ ᠤᠰᠤ ᠭᠠᠩ ᠤᠨ | ᠭᠠᠮᠰᠢᠭ ᠢ ᠡᠰᠡᠷᠭᠦᠴᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠠᠷᠢᠶᠠᠯᠠᠩ ᠤᠨ ᠬᠤᠷᠢᠶᠠᠯᠲᠠ ᠶᠢ | ᠲᠣᠭᠲᠠᠪᠣᠷᠢᠵᠢᠭᠤᠯᠵᠣ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠰᠢᠨ᠎ᠡ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠪᠠ᠃ ᠲᠥᠷᠥᠯ ᠵᠦᠢᠯ ᠤᠨ ᠲᠣᠭᠤᠷᠢᠭ ᠲᠤ ︽ᠲᠠᠷᠢᠶᠠᠨ ᠭᠠᠵᠠᠷ ᠲᠡᠭᠰᠢ ᠥᠩ ᠰᠢᠮᠡᠯᠢᠭ | ᠂ ᠤᠰᠤᠨ ᠠᠰᠢᠭᠯᠠᠯᠲᠠ ᠶᠢᠨ ᠪᠡᠯᠡᠳᠬᠡᠮᠵᠢ ᠢᠵᠢ ᠪᠥᠷᠢᠳᠦᠭᠰᠡᠨ᠂ ᠲᠠᠷᠢᠶᠠᠨ ᠭᠠᠵᠠᠷ ᠤᠨ ᠵᠠᠮ ᠰᠠᠭᠠᠳ ᠥᠬᠡᠶ | ᠨᠡᠪᠲᠡᠷᠡᠭᠰᠡᠨ᠂ ᠣᠶ ᠰᠢᠭᠤᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠲᠣᠬᠢᠷᠠᠮᠵᠢᠲᠠᠶ᠂ ᠴᠢᠨᠠᠷ ᠰᠠᠶᠢᠲᠠᠶ | ᠥᠨᠳᠥᠷ ᠤᠨᠠᠯᠲᠠ ᠲᠠᠢ ᠥᠨᠳᠥᠷ ᠪᠦᠲᠦᠮᠵᠢᠲᠡᠶ︾ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ | ᠦᠵᠡᠭᠦᠯᠬᠦ ᠲᠣᠭᠤᠷᠢᠭ ᠢ ᠪᠠᠶᠢᠭᠤᠯᠵᠤ᠂ ᠪᠠᠶᠢᠭᠤᠯᠤᠭᠰᠠᠨ ᠤ ᠳᠠᠷᠠᠭ᠎ᠠ ᠲᠠᠷᠢᠶᠠᠯᠠᠩ ᠤᠨ ᠬᠥᠭᠵᠢᠯᠲᠡ ᠶᠢᠨ ᠶᠠᠰᠤ | ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠯᠠᠩ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ | ᠬᠥᠭᠵᠢᠯᠲᠡ ᠶᠢᠨ ᠠᠯᠬᠤᠴᠠ ᠶᠢ ᠲᠦᠷᠭᠡᠳᠬᠡᠬᠦ ᠪᠣᠯᠤᠨ᠎ᠠ᠃ | ᠣᠶᠢᠯᠠᠭᠠᠭᠰᠠᠨ ᠢᠶᠠᠷ᠂ 2019 ᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢᠨ ᠲᠤᠰᠬᠠᠶ | ᠵᠦᠢᠯ ᠤᠨ 1.4 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠪᠣᠯ ᠳᠤᠰᠤᠯᠭᠠᠨ ᠤᠰᠤᠯᠠᠬᠤ ᠥᠨᠳᠥᠷ ᠪᠦᠲᠦᠮᠵᠢᠲᠡᠶ ᠤᠰᠤ ᠠᠷᠪᠢᠯᠠᠬᠤ ᠲᠥᠷᠥᠯ ᠵᠦᠢᠯ ᠪᠣᠯᠤᠨ᠎ᠠ᠂ | ᠶᠡᠷᠦᠩᠬᠡᠶ ᠪᠠᠯᠠ ᠣᠷᠣᠭᠤᠯᠣᠯᠲᠠ ᠨᠢ 1829.42 ᠲᠦᠮᠡᠨ ᠲᠥᠭᠦᠷᠢᠭ ᠪᠠᠶᠢᠵᠤ᠂ ᠵᠢᠱᠢᠯᠲᠡ ᠪᠠᠷ 7 ᠳ᠋ᠤᠭᠠᠷ | ᠰᠠᠷ᠎ᠠ ᠳᠤ ᠭᠤᠤᠯ ᠴᠣᠭᠴᠠ ᠶᠢᠨ ᠢᠨᠵᠧᠨᠧᠷᠢᠩ ᠳᠠᠭᠤᠰᠴᠤ᠂ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ | ᠳᠠᠷᠠᠭ᠎ᠠ᠂ ᠲᠠᠷᠢᠶᠠᠨ ᠭᠠᠵᠠᠷ ᠤᠨ ᠭᠠᠷᠤᠯᠲᠠ 1 — 2 ᠲᠠᠰ ᠳᠡᠭᠡᠭᠰᠢᠯᠡᠵᠦ᠂ ᠠᠮᠤ ᠪᠤᠳᠠᠭᠠᠨ ᠤ ᠳᠤᠮᠳᠠᠴᠢ | ᠨᠢᠭᠡᠴᠢ ᠤᠨᠠᠯᠲᠠ ᠶᠢᠨ ᠬᠢᠷᠢ ᠬᠡᠮᠵᠢᠶ᠎ᠡ ᠨᠢ ᠬᠡᠷᠡᠭᠵᠢᠭᠦᠯᠬᠦ ᠠᠴᠠ ᠡᠮᠦᠨᠡᠬᠢ ᠠᠴᠠ 10% ᠪᠠᠷ ᠳᠡᠭᠡᠭᠰᠢᠯᠡᠨ᠎ᠡ᠃ ᠲᠣᠰ | ᠲᠦᠷᠥᠯ ᠵᠦᠢᠯ ᠤᠨ ᠪᠦᠲᠦᠭᠡᠨ ᠪᠠᠶᠢᠭᠤᠯᠣᠭᠳᠠᠭᠰᠠᠨ ᠨᠢ ᠤᠰᠤᠯᠠᠬᠤ ᠤᠰᠤᠨ ᠤ ᠪᠠᠲᠤᠯᠠᠭ᠎ᠠ᠂ ᠲᠠᠷᠢᠶᠠᠨ ᠭᠠᠵᠠᠷ ᠲᠤ | ᠤᠰᠤᠯᠠᠬᠤ ᠤᠰᠤ ᠵᠠᠯᠠᠬᠤ᠂ ᠬᠥᠷᠥᠰᠥ ᠰᠢᠷᠣᠶ᠂ ᠤᠰᠤ᠂ ᠪᠣᠷᠳᠣᠭᠤᠷ ᠢ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠪᠠ ᠡᠵᠡᠩᠨᠡᠯᠲᠡ ᠶᠢᠨ ᠠᠷᠭ᠎ᠠ | ᠮᠠᠶ᠋ᠢᠭ ᠯᠤᠭ᠎ᠠ ᠵᠣᠬᠢᠴᠠᠭᠰᠠᠨ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠮᠦᠷᠲᠡᠭᠡᠨ | ᠲᠣᠭᠲᠠᠭᠤᠨ ᠤᠨᠠᠯᠲᠠ ᠶᠢ ᠪᠠᠲᠤᠯᠠᠬᠤ ᠬᠠᠷᠠᠯᠲᠠ ᠶᠢ ᠪᠡᠶᠡᠯᠡᠭᠦᠯᠬᠦ ᠪᠣᠯᠤᠨ᠎ᠠ᠃ |