ᠬᠢᠵᠢᠭ ᠤᠨ ᠨᠥᠯᠥᠭᠡ ᠠᠴᠠ ᠪᠣᠯᠵᠤ᠂ ᠵᠠᠷᠢᠮ ᠠᠵᠤ ᠠᠬᠤᠶᠢᠯᠠᠯ ᠳᠤ ᠲᠦᠷ ᠴᠠᠭ ᠤᠨ ᠴᠢᠨᠠᠷᠲᠠᠶ ᠬᠦᠴᠢᠷᠳᠡᠯ | ᠲᠣᠯᠭᠠᠷᠠᠭᠰᠠᠨ ᠪᠠᠶᠢᠨ᠎ᠠ᠃ ᠬᠤᠷᠢᠨᠭᠡᠷ ᠰᠢᠶᠠᠨ ᠪᠠᠩᠬᠢ ᠶᠢ ᠵᠢᠯᠣᠭᠤᠳᠣᠨ ᠤᠯᠠᠨ ᠵᠦᠢᠯ ᠤᠨ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠠᠪᠴᠤ᠂ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠬᠦᠷᠭᠡᠬᠦ︾ ᠤᠬᠠᠮᠰᠠᠷ ᠢᠶᠠᠨ | ᠴᠢᠩᠭᠠᠳᠬᠠᠵᠤ᠂ ︽ᠰᠠᠭᠤᠭ᠎ᠠ ᠬᠤᠳᠠᠯᠳᠤᠭᠠᠴᠢᠨ︾ ᠢ ︽ᠶᠠᠪᠤᠭᠤᠯ ᠬᠤᠳᠠᠯᠳᠤᠭᠠᠴᠢᠨ︾ ᠪᠣᠯᠭᠠᠨ ᠬᠤᠪᠢᠷᠠᠭᠤᠯᠵᠤ | ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠠᠷᠢᠯᠴᠠᠨ ᠠᠶᠢᠯᠴᠢᠯᠠᠨ ᠰᠤᠷᠪᠤᠯᠵᠢᠯᠠᠵᠤ᠂ ᠪᠡᠯᠡ | ᠲᠤᠬᠢᠷᠠᠭᠤᠯᠭ᠎ᠠ ᠶᠢᠨ ᠰᠢᠢᠳᠪᠦᠷᠢᠯᠡᠬᠦ ᠲᠥᠰᠦᠯ ᠬᠠᠩᠭᠠᠵᠤ᠂ ᠦᠢᠯᠡᠴᠢᠯᠡᠭᠦᠯᠦᠭᠴᠢ ᠢ ᠰᠠᠨᠠᠭᠠᠴᠢᠯᠠᠭ᠎ᠠ ᠠᠴᠠ ᠪᠠᠨ | ᠡᠷᠢᠵᠦ᠂ ᠵᠠᠬ᠎ᠠ ᠳᠡᠯᠭᠡᠭᠦᠷ ᠢ ᠨᠡᠭᠡᠭᠡᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ︽ᠪᠣᠷᠣᠭᠠᠨ ᠠᠴᠠ | ᠡᠮᠦᠨ᠎ᠡ ᠪᠡᠯᠡᠳᠬᠡᠯ ᠬᠢᠯᠭᠡᠵᠦ︾᠂ ᠲᠤᠮᠤ ᠠᠵᠤ ᠠᠬᠤᠶᠢᠯᠠᠯ ᠤᠨ ︽ᠪᠣᠭᠤᠷᠰᠤᠭ︾ ᠢ ᠶᠡᠬᠡᠳᠡᠬᠡᠵᠦ᠂ ᠨᠡᠩ ᠤᠯᠠᠨ | ᠠᠵᠤ ᠠᠬᠤᠶᠢᠯᠠᠯ ᠳᠤ ᠠᠰᠢᠭ ᠬᠦᠷᠲᠡᠭᠡᠪᠡ᠃ | ᠬᠤᠷᠢᠨᠭᠡᠷ ᠰᠢᠶᠠᠨ ᠴᠠᠭ ᠲᠤᠬᠠᠶ ᠳᠤᠨᠢ ᠰᠢᠶᠠᠨ ᠳᠤ ᠰᠠᠭᠤᠭ᠎ᠠ ᠪᠠᠩᠬᠢ ᠶᠢᠨ ᠪᠠᠶᠢᠭᠤᠯᠤᠮᠵᠢ ᠶᠢ ᠳᠠᠶᠢᠴᠢᠯᠠᠨ | ᠬᠢᠵᠢᠭ ᠤᠨ ᠪᠠᠶᠢᠳᠠᠯ ᠤᠨ ᠵᠢᠭᠡᠯᠡᠯᠭᠡ ᠶᠢ ᠠᠷᠭᠠᠴᠠᠭᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠣᠶᠢᠷ᠎ᠠ ᠳᠤ᠂ | ᠣᠯᠠᠨ ᠪᠠᠩᠬᠢ ᠶᠢᠨ ᠬᠠᠷᠢᠭᠤᠴᠠᠯᠭᠠᠲᠠᠨ ᠢ ᠵᠣᠬᠢᠴᠠᠭᠤᠯᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ | ᠣᠯᠠᠨ ᠠᠵᠤ ᠠᠬᠤᠶᠢᠯᠠᠯ ᠳᠤ ᠬᠦᠷᠴᠦ ᠰᠤᠷᠪᠤᠯᠵᠢᠯᠠᠵᠤ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ | ᠬᠡᠷᠡᠭᠴᠡᠭᠡ ᠱᠠᠭᠠᠷᠳᠠᠯᠭ᠎ᠠ ᠪᠠ ᠦᠢᠯᠡᠳᠪᠦᠷᠢᠯᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ | ᠣᠳᠣᠬᠠᠨ ᠳᠤ ᠰᠢᠶᠠᠨ ᠳᠤ ᠰᠠᠭᠤᠭ᠎ᠠ ᠪᠠᠩᠬᠢ ᠴᠥᠮ ᠵᠢᠭᠡᠯᠡᠯᠭᠡ ᠶᠢᠨ ᠬᠦᠤ ᠮᠥᠩᠭᠦ ᠶᠢ ᠠᠳᠠᠯᠢ ᠪᠤᠰᠤ ᠬᠡᠮᠵᠢᠶ᠎ᠡ ᠪᠠᠷ | ᠪᠠᠭᠤᠷᠠᠭᠤᠯᠤᠨ᠂ ᠲᠦᠷ ᠴᠠᠭ ᠡᠵᠡᠩᠨᠡᠯᠲᠡ ᠨᠢ ᠬᠦᠴᠢᠷᠳᠡᠯ ᠲᠠᠢ ᠳᠤᠮᠳᠠ ᠵᠢᠵᠢᠭ ᠠᠵᠤ ᠠᠬᠤᠶᠢᠯᠠᠯ ᠳᠤ ᠵᠢᠭᠡᠯᠡᠯᠭᠡ | ᠲᠠᠲᠠᠬᠤ ᠦᠭᠡᠶ᠂ ᠵᠢᠭᠡᠯᠡᠯᠭᠡ ᠶᠢ ᠲᠠᠰᠣᠯᠳᠠᠭᠤᠯᠬᠤ ᠦᠭᠡᠢ᠂ ᠵᠢᠭᠡᠯᠡᠯᠭᠡ ᠶᠢ ᠳᠠᠷᠤᠬᠤ ᠦᠭᠡᠶ ᠪᠠ ᠠᠵᠤ | ᠠᠬᠤᠶᠢᠯᠠᠯ ᠳᠤ ᠵᠢᠭᠡᠯᠡᠯᠭᠡ ᠪᠤᠴᠠᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠥᠭᠬᠦ ᠴᠠᠭ ᠢ ᠣᠷᠲᠣᠳᠬᠠᠬᠤ ᠪᠠᠷ | ᠠᠵᠤ ᠠᠬᠤᠶᠢᠯᠠᠯ ᠤᠨ ᠭᠦᠢᠯᠭᠡᠭᠡᠨ ᠤ ᠪᠡᠯᠡ ᠮᠥᠩᠭᠦ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠬᠠᠮᠤᠭ ᠤᠨ | ᠬᠠᠪᠰᠣᠷᠣᠯᠭ᠎ᠠ ᠴᠢᠬᠤᠯᠠᠲᠠᠶ ᠶᠢ ᠨᠢ ᠬᠠᠪᠰᠣᠷᠴᠣ᠂ ᠬᠠᠮᠤᠭ ᠤᠨ ᠳᠡᠮᠵᠢᠯᠭᠡ ᠦᠵᠡᠭᠦᠯᠬᠦ ᠴᠢᠬᠤᠯᠠᠲᠠᠢ ᠶᠢ ᠨᠢ | ᠳᠡᠮᠵᠢᠵᠦ᠂ ᠡᠷᠡᠭᠦᠯ ᠰᠢᠶᠠᠨ ᠤ ᠬᠡᠪᠴᠢᠶᠡᠨ ᠤ ᠠᠵᠤ ᠠᠬᠤᠶ ᠶᠢ ᠬᠢᠵᠢᠭ ᠤᠨ ᠪᠠᠶᠢᠳᠠᠯ ᠢ ᠬᠤᠷᠢᠭᠯᠠᠬᠤ | ᠳᠠᠶᠢᠯᠠᠯᠳᠣᠭᠠᠨ ᠤ ᠢᠯᠠᠯᠲᠠ ᠶᠢ ᠣᠯᠬᠤ ᠪᠠᠲᠤ ᠪᠠᠬᠢ ᠰᠠᠭᠤᠷᠢ ᠪᠣᠯᠭᠠᠬᠤ ᠬᠡᠷᠡᠭᠲᠡᠢ᠃ | ᠬᠤᠷᠢᠨᠭᠡᠷ ᠰᠢᠶᠠᠨ ᠤ ᠡᠯ᠎ᠡ ᠲᠣᠮᠣ ᠪᠠᠩᠬᠢ ᠨᠤᠭᠤᠳ ᠵᠢᠭᠡᠯᠡᠯᠭᠡ ᠶᠢᠨ ︽ᠬᠦᠴᠦᠨ︾ ᠢ ᠣᠳᠣᠬᠠᠨ ᠤ | ᠬᠢᠵᠢᠭ ᠢ ᠰᠡᠷᠭᠡᠶᠢᠯᠡᠬᠦ ︽ᠬᠢᠲᠤᠭᠠᠨ ᠢᠷ︾ ᠳᠡᠭᠡᠷ᠎ᠡ ᠬᠡᠷᠡᠭᠯᠡᠵᠦ᠂ ᠦᠢᠯᠡᠴᠢᠯᠡᠭᠦᠯᠦᠭᠴᠢ ᠶᠢᠨ ᠶᠠᠭᠠᠷᠠᠵᠣ ᠪᠠᠶᠢᠭ᠎ᠠ | ᠵᠦᠢᠯᠡᠰ ᠲᠤ ᠶᠠᠭᠠᠷᠠᠵᠣ᠂ ᠦᠢᠯᠡᠴᠢᠯᠡᠭᠦᠯᠦᠭᠴᠢ ᠶᠢᠨ ᠪᠣᠳᠣᠵᠤ ᠰᠠᠨᠠᠵᠤ ᠪᠠᠶᠢᠬᠤ ᠶᠢ ᠣᠷᠢᠳᠠᠪᠠᠷ ᠪᠣᠳᠣᠵᠤ ᠣᠯᠬᠤ | ᠬᠡᠷᠡᠭᠲᠡᠢ᠃ ᠮᠧᠩ ᠨᠢᠦ ᠪᠡᠯᠡ ᠲᠣᠬᠢᠷᠠᠭᠤᠯᠬᠤ ᠱᠠᠭᠠᠷᠳᠠᠯᠭ᠎ᠠ ᠲᠠᠢ ᠪᠠᠶᠢᠵᠤ᠂ ᠲᠠᠷᠢᠶᠠᠯᠠᠩ ᠤᠨ ᠪᠠᠩᠬᠢ ᠪᠣᠯᠤᠨ ᠣᠶ | ᠰᠢᠭᠤᠶ ᠶᠢᠨ ᠰᠠᠯᠪᠤᠷᠢ ᠪᠠᠩᠬᠢ ᠨᠢ 2 ᠰᠠᠷ᠎ᠠ ᠶᠢᠨ 21 ᠤ ᠡᠳᠦᠷ ᠠᠵᠤ ᠠᠬᠤᠶᠢᠯᠠᠯ ᠳᠤ 5 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠲᠠᠯᠪᠢᠵᠤ᠂ ᠵᠢᠯ ᠤᠨ ᠬᠦᠤ ᠶᠢᠨ ᠨᠣᠷᠮ᠎ᠠ ᠨᠢ 2.05% ᠪᠠᠶᠢᠪᠠ︔ ᠹᠦ᠋ ᠶᠤᠸᠠᠨ ᠮᠠᠯ | ᠠᠵᠤ ᠠᠬᠤᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠲᠠᠢ᠂ ᠲᠠᠷᠢᠶᠠᠯᠠᠩ ᠤᠨ ᠪᠠᠩᠬᠢ ᠪᠠ ᠣᠶ ᠰᠢᠭᠤᠶ ᠶᠢᠨ | ᠰᠠᠯᠪᠤᠷᠢ ᠪᠠᠩᠬᠢ ᠨᠢᠭᠡᠨᠲᠡ ᠠᠵᠤ ᠠᠬᠤᠶᠢᠯᠠᠯ ᠳᠤ 3 ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠭᠤᠵᠣ᠂ ᠶᠠᠭ | ᠳᠡᠭᠡᠳᠦ ᠱᠠᠲᠤᠨ ᠤ ᠪᠠᠩᠬᠢ ᠶᠢᠨ ᠴᠣᠬᠤᠯᠠᠪᠤᠷᠢᠯᠠᠬᠤ ᠶᠢ ᠬᠦᠯᠢᠶᠡᠵᠦ ᠪᠣᠶ᠂ ᠵᠢᠯ ᠤᠨ ᠬᠦᠤ ᠶᠢᠨ ᠨᠣᠷᠮ᠎ᠠ ᠨᠢ 5. | 67% ᠶᠢ ᠳᠠᠪᠠᠭ᠋ᠤ ᠥᠬᠡᠶ︔ ᠳ᠋ᠠ ᠶᠢᠦ ᠠᠮᠢᠳᠤ ᠪᠣᠳᠠᠰ 500 — 600 ᠲᠦᠮᠡᠨ ᠲᠥᠭᠦᠷᠢᠭ ᠤᠨ ᠪᠠᠯᠠ | ᠮᠥᠩᠭᠦ ᠳᠣᠭᠢᠷᠠᠭᠤᠯᠵᠤ᠂ ᠬᠤᠷᠢᠨᠭᠡᠷ ᠰᠢᠶᠠᠨ ᠤ ᠬᠤᠯᠪᠣᠭᠠᠲᠣ ᠬᠤᠷᠰᠢᠶ᠎ᠠ ᠠᠵᠤ ᠠᠬᠤᠶᠢᠯᠠᠯ ᠳᠤ 600 ᠲᠦᠮᠡᠨ | ᠲᠥᠭᠦᠷᠢᠭ ᠤᠨ ᠢᠲᠡᠭᠡᠮᠵᠢ ᠣᠯᠭᠤᠵᠤ᠂ ᠵᠢᠯ ᠤᠨ ᠬᠦᠤ ᠶᠢᠨ ᠨᠣᠷᠮ᠎ᠠ ᠨᠢ 6.49% ᠪᠠᠶᠢᠵᠤ᠂ ᠵᠢᠱᠢᠯᠲᠡ ᠪᠠᠷ | ᠲᠣᠰ ᠰᠠᠷ᠎ᠠ ᠶᠢᠨ ᠳᠣᠲᠣᠷ᠎ᠠ ᠵᠢᠭᠡᠯᠡᠯᠭᠡ ᠲᠠᠯᠪᠢᠨ᠎ᠠ︔ ᠬᠤᠷᠢᠨᠭᠡᠷ ᠰᠢᠶᠠᠨ ᠤ ᠬᠤᠯᠪᠣᠭᠠᠲᠤ ᠬᠤᠷᠰᠢᠶ᠎ᠠ ᠳ᠋ᠠ ᠶᠢᠦ | ᠠᠮᠢᠳᠤ ᠪᠣᠳᠠᠰ ᠤᠨ ᠪᠤᠷᠳᠤᠭᠤᠷ ᠤᠨ ᠦᠢᠯᠡᠰ᠂ ᠣᠶᠤᠨᠴᠢ ᠪᠠ ᡁᠢ ᠲᠢᠶᠠᠨ ᠷᠠᠨ ᠢᠳᠡᠭᠡᠨ ᠵᠡᠷᠭᠡ ᠠᠵᠤ | ᠠᠬᠤᠶᠢᠯᠠᠯ ᠯᠤᠭ᠎ᠠ 2600 ᠲᠦᠮᠡᠨ ᠲᠥᠭᠦᠷᠢᠭ ᠤᠨ ᠲᠤᠰᠬᠠᠢ ᠲᠦᠷᠦᠯ ᠤᠨ ᠵᠢᠭᠡᠯᠡᠯᠭᠡ ᠶᠢᠨ ᠬᠠᠮᠲᠤᠷᠠᠯᠴᠠᠭᠠᠨ ᠤ | ᠰᠠᠨᠠᠮᠵᠢ ᠪᠠᠶᠢᠬᠤ ᠪᠦᠭᠡᠳ ᠬᠤᠤ ᠶᠤᠸᠠᠨ ᠰᠢᠨ᠎ᠡ ᠮᠠᠲ᠋ᠧᠷᠢᠶᠠᠯ ᠵᠡᠷᠭᠡ ᠠᠵᠤ ᠠᠬᠤᠶᠢᠯᠠᠯ ᠳᠤ ᠬᠦᠦ ᠮᠥᠩᠭᠦ ᠶᠢ | ᠬᠤᠶᠢᠰᠢᠯᠠᠭᠤᠯᠤᠨ ᠲᠦᠯᠦᠬᠦ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢᠨ | ᠬᠦᠴᠢᠷᠳᠡᠯ ᠠᠴᠠ ᠠᠩᠭᠢᠵᠢᠷᠠᠭᠤᠯᠤᠨ᠎ᠠ ᠁ | ᠬᠤᠷᠢᠨᠭᠡᠷ ᠰᠢᠶᠠᠨ ᠡᠳ᠋ ᠤᠨ ᠵᠠᠰᠠᠭ ᠤᠨ ᠴᠢᠨᠠᠷᠲᠠᠶ ᠲᠥᠷᠥᠯ ᠵᠦᠢᠯ ᠤᠨ ᠪᠡᠯᠡ ᠮᠥᠩᠭᠦ ᠶᠢ ᠭᠤᠶᠤᠴᠢᠯᠠᠨ | ᠮᠡᠳᠡᠭᠦᠯᠵᠦ ᠪᠡᠶᠡᠯᠡᠭᠦᠯᠬᠦ ᠠᠬᠢᠴᠠ ᠶᠢ ᠲᠦᠷᠭᠡᠳᠬᠡᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ | ᠡᠳ᠋ ᠤᠨ ᠵᠠᠰᠠᠭ ᠤᠨ ᠴᠢᠨᠠᠷᠲᠠᠶ ᠲᠥᠷᠥᠯ ᠵᠦᠢᠯ ᠤᠨ ᠪᠡᠯᠡ ᠮᠥᠩᠭᠦ ᠶᠢ ᠲᠦᠷᠭᠡᠨ ᠰᠠᠯᠭᠠᠨ ᠥᠭᠴᠦ᠂ ᠡᠳ᠋ ᠤᠨ | ᠵᠠᠰᠠᠭ ᠤᠨ ᠴᠢᠨᠠᠷᠲᠠᠢ ᠲᠥᠷᠥᠯ ᠵᠦᠢᠯ ᠤᠨ ᠪᠡᠯᠡ ᠮᠥᠩᠭᠦ ᠶᠢ ᠭᠤᠶᠤᠴᠢᠯᠠᠨ ᠮᠡᠳᠡᠭᠦᠯᠵᠦ ᠪᠣᠳᠠᠲᠠᠶᠢᠵᠢᠭᠤᠯᠬᠤ | ᠠᠬᠢᠴᠠ ᠶᠢ ᠲᠦᠷᠭᠡᠳᠬᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠢ ᠦᠨᠡᠨᠬᠦ ᠬᠠᠪᠰᠤᠷᠤᠨ ᠬᠦᠴᠢᠷ ᠢ ᠲᠤᠭᠤᠯᠵᠤ᠂ | ᠣᠳᠣᠬᠠᠨ ᠳᠤ᠂ 6 ᠲᠥᠷᠥᠯ ᠵᠦᠢᠯ ᠤᠨ ᠪᠡᠯᠡ ᠮᠥᠩᠭᠦ ᠶᠢ ᠨᠡᠶᠢᠲᠡ 760.75 ᠲᠦᠮᠡᠨ ᠲᠥᠭᠦᠷᠢᠭ ᠰᠠᠯᠭᠠᠨ | ᠥᠭᠭᠦᠭᠰᠡᠨ ᠪᠠᠶᠢᠨ᠎ᠠ᠃ ᠪᠦᠬᠦ ᠰᠢᠶᠠᠨ ᠤ ᠡᠳ᠋ ᠤᠨ ᠵᠠᠰᠠᠭ ᠮᠦᠩᠭᠦᠨ ᠭᠦᠢᠯᠭᠡᠭᠡᠨ ᠤ ᠰᠢᠰᠲ᠋ᠧᠮ ᠢ ᠵᠣᠬᠢᠶᠠᠨ | ᠪᠠᠶᠢᠭᠤᠯᠵᠣ᠂ ᠳᠣᠮᠳᠠ ᠵᠢᠵᠢᠭ ᠠᠵᠣ ᠠᠬᠤᠶᠢᠯᠠᠯ ᠤᠨ ᠠᠵᠢᠯ ᠦᠢᠯᠡᠳᠪᠦᠷᠢᠯᠡᠯ ᠢ ᠰᠡᠷᠭᠦᠭᠡᠬᠦ ᠶᠢ ᠳᠡᠮᠵᠢᠬᠦ ᠸᠢᠳᠢᠣ᠋ | ᠰᠠᠭᠤᠳᠠᠯ ᠤᠨ ᠬᠤᠷᠠᠯ ᠬᠤᠷᠠᠯᠳᠣᠭᠤᠯᠵᠣ᠂ ᠰᠢᠶᠠᠨ ᠳᠤ ᠰᠠᠭᠤᠭ᠎ᠠ ᠪᠠᠩᠬᠢ ᠪᠣᠯᠣᠨ ᠠᠵᠣ ᠠᠬᠤᠶᠢᠯᠠᠯ ᠬᠤᠷᠠᠯ ᠤᠨ | ᠠᠬᠤᠢ ᠲᠠᠯᠠᠪᠠᠢ ᠳᠤ ᠬᠢᠵᠢᠭ ᠤᠨ ᠬᠤᠭᠤᠴᠠᠭᠠᠨ ᠤ ᠵᠢᠭᠡᠯᠡᠯᠭᠡ ᠶᠢᠨ ᠤ ᠲᠦᠷᠥ ᠶᠢᠨ ᠪᠣᠳᠣᠯᠭ᠎ᠠ ᠪᠣᠯᠣᠨ ᠪᠡᠯᠡ | ᠲᠣᠬᠢᠷᠠᠭᠤᠯᠬᠤ ᠬᠡᠷᠡᠭᠴᠡᠭᠡ ᠶᠢ ᠨᠡᠶᠢᠲᠡᠯᠡᠵᠦ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠠᠬᠤᠢ ᠲᠠᠯᠠᠪᠠᠢ ᠳᠤ | ᠠᠵᠣ ᠠᠬᠤᠶᠢᠯᠠᠯ ᠳᠤ ᠬᠤᠯᠪᠣᠭᠳᠠᠯ ᠪᠦᠬᠦᠢ ᠳᠡᠮᠵᠢᠬᠦ ᠲᠦᠷᠥ ᠶᠢᠨ ᠪᠣᠳᠣᠯᠭ᠎ᠠ ᠶᠢ ᠲᠠᠶᠢᠯᠤᠮᠵᠢ ᠬᠢᠵᠦ᠂ ᠲᠣᠬᠠᠢ ᠶᠢᠨ | ᠴᠠᠭ ᠲᠤ ᠬᠠᠨᠳᠣᠯᠭ᠎ᠠ ᠶᠢᠨ ᠴᠢᠨᠠᠷᠲᠠᠢ ᠪᠡᠯᠡ ᠲᠣᠬᠢᠷᠠᠭᠤᠯᠭ᠎ᠠ11.82 ᠳ᠋ᠦᠩᠰᠢᠭᠤᠷ ᠲᠦᠭᠦᠷᠢᠭ ᠲᠣᠬᠢᠷᠠᠯᠴᠠᠵᠣ᠂ | ᠣᠳᠣ ᠨᠢᠭᠡᠨᠲᠡ4 ᠠᠵᠣ ᠠᠬᠤᠶᠢᠯᠠᠯ ᠳᠤ 5.26 ᠳ᠋ᠦᠩᠰᠢᠭᠤᠷ ᠲᠦᠭᠦᠷᠢᠭ ᠲᠠᠷᠬᠠᠭᠠᠨ ᠥᠭᠴᠦ᠂ ᠣᠷᠢᠳᠴᠢᠯᠠᠨ | ᠪᠣᠳᠣᠬᠤ ᠪᠠᠷ ᠣᠶᠢᠷ᠎ᠠ ᠶᠢᠨ ᠬᠤᠭᠤᠴᠠᠭᠠᠨ ᠳᠤ ᠪᠠᠰᠠ 8 ᠠᠵᠣ ᠠᠬᠤᠶᠢᠯᠠᠯ ᠳᠤ 3.5 ᠳ᠋ᠦᠩᠰᠢᠭᠤᠷ ᠲᠦᠭᠦᠷᠢᠭ | ᠲᠠᠷᠬᠠᠭᠠᠬᠤ ᠪᠣᠯᠣᠨ᠎ᠠ᠃ |