ᠴᠧᠨ ᠯᠢ ᠶᠢᠨ ᠪᠦᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-23
     3 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠵᠢᠴᠢ ᠲᠥᠷᠥᠯ ᠵᠦᠢᠯ ᠤᠨ ᠨᠥᠭᠡᠴᠡᠯᠡᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠨᠢᠰᠬᠡᠯ ᠤᠨ ᠪᠠᠭᠤᠳᠠᠯ ᠤᠨ ᠠᠯᠪᠠᠨ ᠬᠡᠷ ᠤᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠴᠧᠩ ᠹᠠ ᠺᠤᠮᠫᠠᠨᠢ ᠶᠢᠨ ᠰᠢᠨ᠎ᠡ ᠨᠢᠰᠬᠡᠯ ᠤᠨ ᠪᠠᠭᠤᠳᠠᠯ ᠤᠨ ᠡᠯᠡᠰᠦ ᠴᠢᠯᠠᠭᠤᠨ ᠮᠠᠲ᠋ᠧᠷᠢᠶᠠᠯ ᠤᠨ ᠬᠠᠩᠭᠠᠯᠭ᠎ᠠ ᠶᠢᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠮᠧᠩ ᠨᠢᠤ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ  ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠵᠢᠴᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ ᠵᠢᠩ ᠨᠧᠩ ᠱᠧᠩ ᠯᠧ ᠢᠯᠴᠢ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ᠂ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号