ᠾᠧᠢ ᠯᠣᠤ ᠶᠣᠣ ᠰᠢᠶᠠᠩ ᠡᠰᠢ ᠰᠦᠷᠡᠯ ᠰᠢᠲᠠᠭᠠᠬᠤ ᠶᠢ ᠴᠠᠭᠠᠵᠠᠯᠠᠬᠤ᠂ ᠭᠠᠯ ᠰᠡᠷᠭᠡᠶᠢᠯᠡᠬᠦ ᠠᠵᠢᠯ ᠤᠨ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2020-03-25
     3 ᠳ᠋ᠤᠭᠠᠷ ᠰᠠᠷ᠎ᠠ ᠶᠢᠨ 23 ᠤ ᠡᠳᠦᠷ ᠤᠨ ᠣᠷᠣᠶ᠂ ᠾᠧᠢ ᠯᠣᠤ ᠶᠣᠣ ᠰᠢᠶᠠᠩ ᠡᠰᠢ ᠰᠦᠷᠡᠯ ᠰᠢᠲᠠᠭᠠᠬᠤ ᠶᠢ ᠴᠠᠭᠠᠵᠠᠯᠠᠬᠤ᠂ ᠭᠠᠯ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠥᠬᠦ ᠪᠦᠷᠢᠯᠳᠦᠬᠦᠨ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃      ᠬᠤᠷᠠᠯ ᠠᠴᠠ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 133 ᠳ᠋ᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠩᠭ᠎ᠠ ᠰᠡᠷᠭᠡᠶᠢᠯᠡᠨ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠷᠣᠵᠣ ᠭᠠᠷᠬᠤ ᠠᠮᠠ ᠶᠢᠨ ᠠᠵᠢᠯᠲᠠᠨ ᠢ ᠭᠠᠯ ᠰᠡᠷᠭᠡᠶᠢᠯᠡᠭᠴᠢ ᠪᠣᠯᠭᠠᠬᠤ ᠬᠡᠷᠡᠭᠲᠡᠶ︔ ᠬᠤᠶᠠᠷ ᠲᠤ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠬᠥᠮᠦᠨ ᠢ ᠡᠷᠦᠬᠡ ᠳᠤ ᠬᠦᠷᠲᠡᠯ᠎ᠡ᠂ ︽ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠬᠤ︾ ᠤᠬᠠᠭᠤᠯᠭ᠎ᠠ ᠶᠢ ᠪᠣᠳᠠᠲᠠᠶᠢᠵᠢᠭᠤᠯᠵᠤ᠂ ᠡᠷᠦᠬᠡ ᠪᠣᠯᠭᠠᠨ ᠳᠤ ᠮᠡᠳᠡᠭᠦᠯᠬᠦ ᠬᠡᠷᠡᠭᠲᠡᠢ︔ ᠭᠤᠷᠪᠠ ᠳᠤ ᠬᠠᠩᠰᠢ ᠶᠢᠨ ᠡᠳᠦᠷ ᠤᠨ ᠬᠤᠭᠤᠴᠠᠭᠠᠨ ᠳᠤ ᠴᠠᠭᠠᠰᠤ ᠰᠢᠲᠠᠭᠠᠬᠤ ᠶᠢ ᠴᠢᠩᠭ᠎ᠠ ᠰᠡᠷᠭᠡᠶᠢᠯᠡᠵᠦ᠂ ᠪᠣᠯᠠᠰᠢᠨ ᠤ ᠲᠤᠭ᠎ᠠ ᠶᠢ ᠳᠣᠲᠣᠷ᠎ᠠ ᠪᠠᠨ ᠲᠤᠭ᠎ᠠ ᠲᠠᠢ ᠪᠠᠶᠢᠯᠭᠠᠬᠤ ᠬᠡᠷᠡᠭᠲᠡᠶ︔ ᠳᠥᠷᠪᠡ ᠳᠤ ᠰᠥᠨᠢ ᠶᠢᠨ ᠲᠣᠭᠤᠷᠢᠨ ᠪᠠᠶᠢᠴᠠᠭᠠᠬᠤ ᠠᠵᠢᠯ ᠢ ᠴᠢᠩᠬᠠᠳᠬᠠᠵᠤ᠂ ᠰᠢᠶᠠᠩ ᠤᠨ ᠭᠠᠯ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠨᠢ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠳ᠋ ᠪᠠᠷᠠᠭ᠎ᠠ ᠶᠢ ᠪᠠᠲᠣᠯᠠᠵᠣ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号