ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠬᠤ ᠶᠢᠨ ᠲᠣᠰᠠᠳᠠ᠂ 3 ᠳ᠋ᠤᠭᠠᠷ ᠰᠠᠷ᠎ᠠ ᠶᠢᠨ 21 ᠤ ᠡᠳᠦᠷ᠂ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠰᠠᠯᠠᠭ᠎ᠠ ᠶᠢᠨ ᠬᠢ ᠶᠢ ᠵᠣᠬᠢᠶᠠᠨ ᠪᠠᠶᠢᠭᠤᠯᠵᠤ ᠮᠠᠨ ᠤ ᠰᠢᠶᠠᠨ ᠤ ᠱᠠᠪᠠᠭ᠋ᠠᠢ ᠰᠢᠶᠠᠩ ᠤᠨ ᠱᠦᠶ | ᠺᠸᠦ ᠲᠣᠰᠬᠤᠨ ᠤ 1.4 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ︵ᠨᠢᠭᠡᠳᠦᠭᠡᠷ ᠪᠠᠷᠢᠮᠵᠢᠶᠠᠲᠤ ᠬᠡᠰᠡᠭ︶ ᠤᠨ ᠪᠠᠷᠢᠯᠭ᠎ᠠ ᠶᠢᠨ | ᠲᠤᠬᠠᠶ ᠶᠢᠨ ᠲᠠᠯᠠᠪᠠᠶ ᠳᠤ ᠬᠦᠷᠴᠦ ᠠᠵᠢᠯ ᠪᠠᠶᠢᠴᠠᠭᠠᠨ ᠵᠢᠯᠣᠭᠤᠳᠬᠤ ᠶᠢᠨ ᠬᠠᠮᠲᠤ ᠰᠠᠭᠤᠳᠠᠯ ᠤᠨ ᠬᠤᠷᠠᠯ | ᠬᠤᠷᠠᠯᠳᠤᠭᠤᠯᠪᠠ᠃ ᠡᠯ᠎ᠡ ᠬᠡᠰᠡᠭ᠂ ᠬᠢᠨᠠᠨ ᠬᠠᠮᠢᠶᠠᠷᠬᠤ ᠺᠣᠮᠫᠠᠨᠢ᠂ ᠱᠦᠶ ᠺᠸᠦ ᠲᠣᠰᠬᠤᠨ ᠤ ᠬᠠᠷᠢᠭᠤᠴᠠᠯᠭᠠᠲᠠᠨ | ᠵᠢᠴᠢ ᠲᠣᠰᠬᠤᠨ ᠤ ᠠᠷᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠪᠠᠶᠢᠴᠠᠭᠠᠨ | ᠰᠤᠳᠤᠯᠬᠤ ᠳᠤᠭᠤᠶᠢᠯᠠᠩ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠤᠨ | ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠠᠯᠪᠠᠨ ᠬᠡᠷ ᠤᠨ ᠬᠠᠷᠢᠭᠤᠴᠠᠯᠭᠠᠲᠠᠨ ᠤ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠲᠤᠬᠠᠶ ᠶᠢᠨ ᠲᠠᠯᠠᠪᠤᠷ ᠲᠤ ᠰᠠᠨᠠᠯ ᠰᠠᠨᠠᠭᠤᠯᠭ᠎ᠠ ᠬᠤᠷᠢᠶᠠᠵᠤ᠂ ᠪᠣᠳᠠᠲᠠᠶ ᠠᠰᠠᠭᠤᠳᠠᠯ ᠢ ᠰᠢᠢᠳᠪᠦᠷᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠮᠠᠲ᠋ᠧᠷᠢᠶᠠᠯ ᠤᠨ ᠶᠠᠰᠤ ᠴᠢᠨᠠᠷ ᠢ ᠰᠠᠶᠢᠲᠤᠷ ᠪᠠᠲᠣᠯᠠᠵᠣ᠂ ᠳᠦᠷᠢᠮ | ᠲᠣᠭᠲᠠᠭᠠᠯ ᠢ ᠬᠡᠷᠡᠮ ᠳᠡᠭᠡᠷ᠎ᠡ ᠭᠠᠷᠭᠠᠵᠤ᠂ ᠵᠢᠯᠣᠭᠤᠳᠬᠤ ᠭᠠᠵᠠᠷ᠂ ᠬᠢᠨᠠᠨ ᠬᠠᠮᠢᠶᠠᠷᠬᠤ ᠪᠠᠷᠢᠯᠭ᠎ᠠ ᠬᠢᠬᠦ ᠵᠡᠷᠭᠡ | ᠠᠵᠢᠯᠯᠠᠬᠤ ᠲᠠᠯᠠᠪᠤᠷ ᠲᠤ ︽ᠲᠠᠪᠤᠨ ᠫᠠᠶᠢᠰᠠ ᠨᠢᠭᠡ ᠵᠢᠷᠤᠭ︾ ᠵᠡᠷᠭᠡ ᠲᠡᠮᠳᠡᠭ ᠫᠠᠶᠢᠰᠠ ᠡᠯᠭᠦᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠠᠷᠢᠯᠭ᠎ᠠ ᠶᠢᠨ ᠠᠮᠤᠷ ᠲᠦᠪᠰᠢᠨ ᠵᠢᠴᠢ ᠪᠠᠷᠢᠯᠭ᠎ᠠ ᠬᠢᠬᠦ ᠠᠬᠢᠴᠠ ᠵᠡᠷᠭᠡ ᠠᠵᠢᠯ ᠢ | ᠪᠠᠲᠤᠯᠠᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠣᠨ ᠤ ᠠᠵᠢᠯ ᠤᠨ ᠡᠭᠦᠷᠭᠡ ᠶᠢ ᠴᠢᠨᠠᠷ ᠰᠠᠶᠢᠲᠠᠶ | ᠪᠡᠶᠡᠯᠡᠭᠦᠯᠬᠦ ᠬᠡᠷᠡᠭᠲᠡᠶ ᠭᠡᠰᠡᠨ ᠪᠠᠶᠢᠨ᠎ᠠ᠃ |