3 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ | ᠱᠦᠵᠢ ᠵᠠᠩ ᠶᠦᠩ ᠸᠧᠨ ᠬᠤᠭᠤᠯᠠ ᠤᠮᠳᠠ ᠶᠢᠨ ᠲᠠᠯᠠᠪᠤᠷ ᠲᠤ ᠬᠦᠷᠴᠦ ᠠᠵᠢᠯ ᠰᠡᠷᠭᠦᠭᠡᠭᠰᠡᠨ ᠪᠠᠶᠢᠳᠠᠯ ᠢ | ᠪᠠᠶᠢᠴᠠᠭᠠᠨ ᠰᠤᠳᠤᠯᠵᠤ᠂ ᠬᠤᠭᠤᠯᠠ ᠤᠮᠳᠠ ᠶᠢᠨ ᠠᠵᠢᠯ ᠲᠦᠷᠥᠯ ᠤᠨ ᠡᠷᠴᠢ ᠵᠣᠷᠢᠭ ᠢ ᠬᠥᠪᠴᠢᠯᠡᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠬᠡᠪ ᠤᠨ ᠦᠢᠯᠡᠳᠪᠦᠷᠢᠯᠡᠯ | ᠠᠮᠢᠳᠤᠷᠠᠯ ᠤᠨ ᠡᠮᠬᠢ ᠵᠢᠷᠤᠮ ᠢ ᠲᠦᠷᠭᠡᠳᠬᠡᠨ ᠰᠡᠷᠭᠦᠭᠡᠵᠦ᠂ ᠬᠤᠶᠠᠷ ᠲᠠᠯ᠎ᠠ ᠶᠢ ᠠᠳᠬᠤᠬᠤ᠂ ᠬᠤᠶᠠᠷ ᠢ | ᠰᠠᠭᠠᠲᠠᠭᠠᠬᠤ ᠥᠬᠡᠶ ᠪᠠᠶᠢᠬᠤ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠤᠰ ᠢᠯᠠᠯᠲᠠ ᠶᠢ ᠴᠢᠷᠮᠠᠶᠢᠨ ᠲᠡᠮᠡᠴᠡᠨ ᠣᠯᠬᠤ | ᠬᠡᠷᠡᠭᠲᠡᠢ ᠭᠡᠵᠦ ᠢᠯᠡᠳᠬᠡᠪᠡ᠃ | ︽ᠵᠣᠴᠢᠳ ᠤᠨ ᠤᠷᠤᠰᠬᠠᠯ ᠤᠨ ᠬᠡᠮᠵᠢᠶ᠎ᠡ ᠡᠳᠦᠷ ᠪᠦᠷᠢ ᠬᠡᠳᠦᠶ ᠬᠦᠷᠴᠦ ᠳᠡᠶᠢᠯᠬᠦ ᠪᠣᠶ︖ ᠵᠣᠴᠢᠳ ᠤᠨ | ᠪᠠᠭᠤᠳᠠᠯ ᠤᠨ ᠪᠣᠷᠣᠯᠠᠭᠤᠯᠤᠯᠲᠠ ᠶᠢᠨ ᠬᠡᠮᠵᠢᠶ᠎ᠡ ᠶᠠᠮᠠᠷ ᠬᠡᠮᠵᠢᠶᠡᠨ ᠳᠤ ᠬᠦᠷᠦᠭᠰᠡᠨ ᠪᠤᠢ︖︾ ︽ᠪᠠᠷᠠᠭ᠎ᠠ | ᠣᠷᠣᠭᠤᠯᠬᠤ ᠪᠠᠷᠠᠭᠠᠨ ᠤ ᠦᠨ᠎ᠡ ᠬᠤᠪᠢᠷᠠᠯᠲᠠ ᠲᠠᠢ ᠦᠦ︖︾ ᠵᠠᠩ ᠶᠦᠩ ᠸᠧᠨ ᠤᠷᠢᠳ ᠬᠤᠵᠢᠳ ᠮᠧᠩ ᠯᠧ | ᠬᠦᠶ ᠪᠢᠨ ᠠᠰᠠᠷ᠂ ᠮᠢᠩ ᠾᠧ ᠪᠠᠭᠤᠳᠠᠯ ᠪᠣᠯᠤᠨ ᠺᠠᠶ ᠰᠢᠨ ᠵᠢᠵᠢᠭ ᠬᠠᠭᠤᠷᠤᠯᠭ᠎ᠠ ᠶᠢᠨ ᠬᠤᠭᠤᠯᠠᠨ ᠭᠡᠷ ᠲᠤ | ᠬᠦᠷᠴᠦ᠂ ᠢᠳᠡᠭᠡᠨ ᠤᠮᠳᠠᠭᠠᠨ ᠤ ᠳᠡᠯᠭᠡᠭᠦᠷ ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ | ᠭᠦᠨᠵᠡᠭᠡᠶ ᠰᠣᠯᠢᠯᠴᠠᠵᠤ᠂ ᠵᠣᠴᠢᠳ ᠤᠨ ᠤᠷᠤᠰᠬᠠᠯ ᠤᠨ ᠬᠡᠮᠵᠢᠶ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠴᠢ ᠲᠠᠸᠠᠷ ᠤᠨ ᠬᠠᠩᠭᠠᠯᠭ᠎ᠠ ᠪᠣᠷᠣᠯᠠᠭᠤᠯᠭ᠎ᠠ᠂ ᠦᠢᠯᠡᠳᠪᠦᠷᠢᠯᠡᠯ ᠡᠵᠡᠩᠨᠡᠯᠲᠡ ᠶᠢᠨ ᠲᠠᠯ᠎ᠠ ᠪᠠᠷ ᠲᠤᠯᠭᠠᠷᠠᠭᠰᠠᠨ | ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠠᠩ ᠶᠦᠩ ᠸᠧᠨ ᠬᠤᠭᠤᠯᠠ ᠤᠮᠳᠠ ᠶᠢᠨ ᠭᠠᠵᠠᠷ ᠤᠨ | ᠬᠠᠷᠢᠭᠤᠴᠠᠯᠭᠠᠲᠠᠨ ᠢ ᠬᠦᠬᠢᠭᠦᠯᠦᠨ ᠬᠡᠯᠡᠭᠰᠡᠨ ᠨᠢ᠂ ᠣᠳᠣ ᠬᠢᠵᠢᠭ ᠤᠨ ᠪᠠᠶᠢᠳᠠᠯ ᠦᠷᠭᠦᠯᠵᠢᠯᠡᠨ ᠰᠠᠶᠢᠵᠢᠷᠠᠵᠣ ᠪᠣᠢ᠂ | ᠨᠦᠯᠦᠭᠡ ᠪᠣᠯ ᠲᠦᠷ ᠴᠠᠭ ᠤᠨ ᠶᠤᠮ᠂ ᠵᠠᠪᠠᠯ ᠢᠲᠡᠭᠡᠯ ᠲᠠᠢ ᠪᠠᠶᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ | ᠠᠷᠭ᠎ᠠ ᠠᠪᠴᠠᠯ ᠢ ᠴᠢᠩᠭ᠎ᠠ ᠬᠡᠷᠡᠭᠵᠢᠭᠦᠯᠵᠦ᠂ ᠦᠢᠯᠡᠴᠢᠯᠡᠭᠡ ᠶᠢᠨ ᠠᠷᠭ᠎ᠠ ᠬᠡᠮᠵᠢᠶ᠎ᠡ ᠪᠠᠨ ᠰᠢᠨ᠎ᠡ ᠶᠢ ᠡᠭᠦᠳᠴᠦ᠂ | ᠵᠣᠴᠢᠳ ᠤᠨ ᠤᠯᠠᠨ ᠲᠠᠯᠠᠲᠣ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠵᠤ᠂ ᠨᠡᠩ ᠡᠷᠡᠭᠦᠯ ᠠᠮᠣᠷ ᠲᠦᠪᠰᠢᠨ | ᠬᠡᠷᠡᠭᠯᠡᠭᠡᠨ ᠤ ᠣᠷᠴᠢᠨ ᠲᠣᠭᠤᠷᠢᠨ ᠢ ᠪᠣᠢ ᠪᠣᠯᠭᠠᠵᠣ᠂ ᠬᠡᠷᠡᠭᠯᠡᠭᠡ ᠶᠢ ᠨᠡᠩ ᠰᠡᠳᠬᠢᠯ ᠠᠮᠣᠷ᠂ ᠤᠯᠠᠨ ᠲᠦᠮᠡᠨ ᠢ | ᠨᠡᠩ ᠬᠠᠨᠣᠮᠵᠢᠲᠠᠢ ᠪᠠᠶᠢᠯᠭᠠᠬᠤ ᠬᠡᠷᠡᠭᠲᠡᠢ ᠭᠡᠵᠡᠢ᠃ | ᠵᠠᠩ ᠶᠦᠩ ᠸᠧᠨ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠬᠤᠭᠤᠯᠠ | ᠤᠮᠳᠠ ᠶᠢᠨ ᠦᠢᠯᠡᠰ ᠤᠨ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠤᠭᠤᠯᠠ ᠤᠮᠳᠠ ᠶᠢᠨ ᠠᠵᠢᠯ ᠲᠥᠷᠥᠯ ᠤᠨ ᠬᠡᠷᠡᠭᠯᠡᠭᠡ ᠶᠢᠨ ᠰᠡᠷᠭᠦᠯᠲᠡ ᠶᠢ | ᠲᠦᠷᠭᠡᠳᠬᠡᠨ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠤᠷᠢᠳᠠᠪᠠᠷ ᠦᠢᠯᠡᠴᠢᠯᠡᠵᠦ᠂ ᠵᠣᠬᠢᠴᠠᠯᠳᠤᠨ | ᠬᠠᠮᠵᠢᠯᠴᠠᠬᠤ ᠪᠠᠨ ᠴᠢᠩᠭᠠᠳᠬᠠᠨ᠂ ᠭᠦᠨᠵᠡᠭᠡᠶ ᠲᠥᠷᠥᠯ ᠬᠤᠪᠢᠶᠠᠨ ᠵᠢᠯᠣᠭᠤᠳᠴᠤ᠂ ᠪᠣᠳᠠᠲᠠᠶ ᠶᠢ ᠡᠷᠬᠢᠮᠯᠡᠬᠦ ᠪᠥᠭᠡᠳ | ᠲᠤᠰᠠᠲᠠᠶ ᠳᠡᠮᠵᠢᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠲᠣᠭᠲᠠᠭᠠᠬᠤ ᠶᠢᠨ ᠬᠠᠮᠲᠤ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠪᠠ ᠬᠤᠳᠠᠯᠳᠤᠭᠠᠴᠢᠨ ᠡᠷᠦᠬᠡ ᠶᠢ ᠦᠨᠡᠨᠬᠦ | ᠬᠠᠪᠰᠤᠷᠤᠨ ᠪᠡᠷᠬᠡ ᠰᠡᠳᠦᠪ ᠢ ᠰᠢᠢᠳᠪᠦᠷᠢᠯᠡᠵᠦ᠂ ᠪᠡᠷᠬᠡ ᠪᠣᠭᠤᠮᠲᠠ ᠶᠢ ᠳᠤᠭᠤᠯᠵᠤ᠂ ᠠᠵᠤ ᠠᠬᠤᠶ ᠨᠡᠶᠢᠭᠡᠮ ᠤᠨ | ᠲᠣᠭᠲᠠᠭᠤᠨ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ ᠭᠡᠵᠡᠶ᠃ | ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠸᠠᠩ ᠯᠠᠢ ᠵᠦ᠂ | ᠰᠢᠶᠠᠨ ᠤ ᠳᠡᠳ᠋ ᠳᠠᠷᠤᠭ᠎ᠠ ᠴᠢ ᠪᠠᠢ ᠰᠢᠶᠤᠤ ᠣᠷᠣᠯᠴᠠᠪᠠ᠃ |