ᠾᠧᠢ ᠯᠣᠤ ᠶᠣᠣ ᠰᠢᠶᠠᠩ ᠤᠨ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠠᠭ ᠶᠠᠪᠣᠭᠳᠠᠵᠣ ᠪᠣᠢ
ᠨᠡᠶᠢᠲᠡᠯᠡᠭᠰᠡᠨ ᠴᠠᠭ᠄
2020-04-10
     ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠾᠧᠢ ᠯᠣᠤ ᠶᠣᠣ ᠰᠢᠶᠠᠩ ᠤᠨ ᠬᠥᠳᠡᠭᠡ ᠲᠣᠰᠬᠤᠨ ᠤ ᠦᠩᠭᠡ ᠳᠦᠷᠬᠦ ᠪᠠ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠾᠧᠢ ᠯᠣᠤ ᠶᠣᠣ ᠰᠢᠶᠠᠩ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ  ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠬᠤᠷᠠᠯᠳᠣᠭᠤᠯᠪᠠ᠃      ᠬᠤᠷᠠᠯ ᠠᠴᠠ ︽ᠾᠧᠢ ᠯᠣᠤ ᠶᠣᠣ ᠰᠢᠶᠠᠩ ᠤᠨ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ ︾ ᠢ ᠰᠤᠳᠤᠯᠤᠨ ᠲᠣᠭᠲᠠᠭᠠᠵᠣ᠂ ᠾᠧᠢ ᠯᠣᠤ ᠶᠣᠣ ᠰᠢᠶᠠᠩ ᠤᠨ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ  ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠵᠢᠯᠣᠭᠤᠳᠬᠤ ᠬᠡᠯᠲᠡᠰ ᠢ ᠪᠠᠶᠢᠭᠤᠯᠵᠤ᠂ ᠵᠢᠯᠣᠭᠤᠳᠬᠤ  ᠬᠡᠯᠲᠡᠰ ᠤᠨ ᠳᠣᠤᠷ᠎ᠠ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠢᠯᠭᠠᠷᠠᠭᠤᠯᠤᠨ ᠴᠡᠪᠡᠷᠯᠡᠬᠦ ᠵᠢᠯᠣᠭᠤᠳᠬᠤ ᠳᠤᠭᠤᠶᠢᠯᠠᠩ᠂ ᠲᠣᠭᠤᠷᠢᠨ ᠪᠠᠶᠢᠴᠠᠭᠠᠬᠤ ᠳᠤᠭᠤᠶᠢᠯᠠᠩ ᠵᠡᠷᠭᠡ 3 ᠲᠤᠰᠬᠠᠶ ᠠᠵᠢᠯ ᠤᠨ ᠳᠤᠭᠤᠶᠢᠯᠠᠩ ᠪᠠᠶᠢᠭᠤᠯᠪᠠ︔ ᠰᠢᠶᠠᠩ ᠤᠨ ᠰᠠᠯᠠᠭᠠᠨ ᠤ ᠱᠠᠲᠤᠨ ᠤ ᠤᠳᠤᠷᠢᠳᠤᠯᠭ᠎ᠠ ᠂ ᠡᠩ ᠤᠨ ᠺᠠᠳ᠋ᠷ ᠤᠨ ᠵᠠᠰᠠᠭ ᠵᠠᠬᠢᠷᠭᠠᠨ ᠤ ᠲᠣᠰᠬᠤᠨ ᠢ ᠳᠠᠭᠠᠭᠠᠴᠢᠯᠠᠨ ᠬᠠᠷᠢᠯᠴᠠᠬᠤ ᠳᠦᠷᠢᠮ ᠢ ᠲᠣᠭᠲᠠᠭᠠᠭᠰᠠᠨ ᠤ ᠬᠠᠮᠲᠤ ᠪᠦᠬᠦ ᠰᠢᠶᠠᠩ ᠤᠨ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ  ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠠᠵᠢᠯ ᠢ ᠪᠦᠬᠦ ᠲᠠᠯ᠎ᠠ ᠪᠠᠷ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠠᠶ᠃      ᠬᠤᠷᠠᠯ ᠠᠴᠠ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ︽ᠪᠤᠵᠠᠷ ᠪᠤᠷᠲᠠᠭ ᠢ ᠵᠠᠰᠠᠬᠤ᠂  ᠵᠠᠮᠪᠠᠷᠠᠭ᠎ᠠ ᠦᠭᠡᠢ ᠪᠠᠶᠢᠳᠠᠯ ᠢ ᠵᠠᠰᠠᠬᠤ᠂ ᠪᠣᠬᠢᠷᠳᠠᠯ ᠢ ᠵᠠᠰᠠᠬᠤ᠂ ᠣᠢ ᠰᠢᠭᠤᠶ ᠶᠢ ᠵᠠᠰᠠᠬᠤ᠂ ᠤᠰᠤ ᠶᠢ ᠵᠠᠰᠠᠬᠤ᠂ ᠵᠠᠮ ᠢ ᠵᠠᠰᠠᠬᠤ︾ ᠪᠠᠷ ᠭᠤᠤᠯᠳᠠᠯᠭ᠎ᠠ ᠪᠣᠯᠭᠠᠵᠤ᠂ ︽ᠴᠡᠪᠡᠷ ᠠᠷᠢᠭᠤᠨ ᠳᠦᠷᠢ ᠳᠥᠷᠬᠦ ᠪᠠᠷ ᠴᠢᠨᠡᠭᠡᠯᠢᠭ ᠨᠡᠶᠢᠭᠡᠮ ᠢ ᠤᠭᠲᠤᠬᠤ︾ ᠭᠤᠤᠯ ᠰᠡᠳᠦᠪ ᠤᠨ ᠲᠣᠭᠤᠷᠢᠨ ᠳᠤ᠂ ᠣᠳᠣᠬᠠᠨ ᠤ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ᠃ ᠠᠶᠢᠯ ᠲᠣᠰᠬᠤᠨ ᠳᠤ ᠬᠤᠭ ᠨᠣᠪᠰᠢ ᠶᠢ ᠡᠷᠦᠶ ᠬᠤᠷᠤᠶ ᠦᠭᠡᠶ ᠣᠪᠣᠭᠠᠯᠠᠬᠤ ᠦᠭᠡᠶ᠂ ᠪᠣᠬᠢᠷ ᠤᠰᠤ ᠶᠢ ᠡᠷᠦᠶ ᠬᠤᠷᠤᠶ ᠦᠭᠡᠶ ᠰᠠᠴᠤᠬᠤ ᠦᠭᠡᠶ᠂ ᠢᠯᠭᠠᠳᠠᠰᠤ ᠶᠢ ᠢᠯᠡ ᠯᠡᠪᠡᠷᠡᠭᠦᠯᠬᠦ ᠦᠭᠡᠶ᠂ ᠡᠯᠳᠡᠪ ᠶᠠᠭᠤᠮ᠎ᠠ ᠶᠢ ᠲᠡᠭᠰᠢ ᠣᠪᠣᠭᠠᠯᠠᠵᠤ᠂ ᠭᠡᠷ ᠤᠨ ᠠᠷᠤ ᠡᠮᠦᠨ᠎ᠡ ᠶᠢᠨ ᠠᠷᠢᠭᠤᠨ ᠴᠡᠪᠡᠷ᠂ ᠠᠶᠢᠯ ᠲᠣᠰᠬᠤᠨ ᠤ ᠣᠷᠴᠢᠨ ᠲᠣᠭᠤᠷᠢᠨ ᠴᠡᠪᠡᠷ᠂ ᠡᠮᠬᠢ ᠵᠢᠷᠤᠮ ᠲᠠᠢ᠂ ᠲᠣᠰᠬᠤᠨ ᠤ ᠳᠦᠷᠰᠦ ᠪᠠᠶᠢᠳᠠᠯ ᠢᠯᠡᠷᠬᠡᠶ ᠳᠡᠭᠡᠭᠰᠢᠯᠡᠵᠦ᠂ ᠲᠣᠰᠬᠤᠨ ᠤ ᠠᠷᠠᠳ ᠤᠨ ᠡᠷᠡᠭᠦᠯ ᠬᠠᠮᠠᠭᠠᠯᠠᠯ ᠤᠨ ᠪᠣᠯᠪᠠᠰᠤᠨ ᠤ ᠦᠵᠡᠯ ᠤᠬᠠᠮᠰᠠᠷ ᠨᠡᠶᠢᠳᠡᠮ ᠳᠡᠭᠡᠭᠰᠢᠯᠡᠭᠦᠯᠬᠦ ᠶᠢ ᠪᠡᠶᠡᠯᠡᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠶ ᠠᠷᠢᠭᠤᠨ ᠴᠡᠪᠡᠷ ᠤᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠤᠷᠤᠭᠰᠢᠲᠠᠶ ᠪᠡᠶᠡᠯᠡᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠰᠠᠭᠤᠷᠢ ᠲᠠᠯᠪᠢᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠭᠤᠷᠪᠠᠨ ᠲᠦᠢᠯᠪᠤᠷᠢᠲᠠᠶ︾ ᠶᠢᠨ ᠲᠣᠭᠤᠷᠢᠨ ᠳᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠢ ᠭᠡᠰᠡᠨ ᠪᠠᠶᠢᠨ᠎ᠠ᠃      ᠬᠤᠷᠠᠯ ᠤᠨ ᠳᠠᠷᠠᠭ᠎ᠠ᠂ ᠡᠯ᠎ᠡ ᠭᠠᠴᠠᠭ᠎ᠠ ᠲᠤᠰᠬᠠᠢ ᠠᠵᠢᠯ ᠤᠨ ᠬᠤᠷᠠᠯ ᠬᠢᠵᠦ᠂ ᠦᠳᠲᠡᠷ ᠲᠦᠷᠭᠡᠨ ᠬᠥᠳᠡᠯᠦᠯᠴᠡᠵᠦ᠂ ᠬᠦᠮᠦᠨ ᠤ ᠬᠦᠴᠦ ᠶᠢ ᠵᠣᠬᠢᠶᠠᠨ ᠪᠠᠶᠢᠭᠤᠯᠵᠤ᠂ ᠮᠠᠰᠢᠨ ᠮᠧᠬᠠᠨᠢᠭ ᠢ ᠬᠥᠳᠡᠯᠭᠡᠵᠦ᠂ ᠠᠶᠢᠯ ᠲᠣᠰᠬᠤᠨ ᠤ ᠭᠤᠣᠯ ᠳᠡᠳ᠋ ᠵᠠᠮ ᠵᠢᠴᠢ ᠵᠠᠰᠠᠮᠠᠯ ᠵᠠᠮ ᠳᠠᠭᠠᠤ ᠶᠢᠨ ᠲᠣᠭᠤᠷᠢᠨ ᠳᠤ᠂ ᠵᠠᠰᠠᠮᠠᠯ ᠵᠠᠮ ᠳᠠᠭᠠᠤ᠂ ᠲᠠᠷᠢᠶᠠᠨ ᠭᠠᠵᠠᠷ ᠤᠨ ᠵᠠᠬ᠎ᠠ᠂ ᠠᠶᠢᠯ ᠲᠣᠰᠬᠤᠨ ᠤ ᠤᠯᠠᠨ ᠨᠡᠶᠢᠲᠡ ᠶᠢᠨ ᠣᠷᠣᠨ ᠪᠦᠰᠡ᠂ ᠲᠠᠷᠢᠶᠠᠴᠢᠨ ᠡᠷᠦᠬᠡ ᠶᠢᠨ ᠭᠡᠷ ᠤᠨ ᠡᠮᠦᠨ᠎ᠡ ᠬᠤᠶᠢᠨᠠᠬᠢ ᠬᠦᠷᠢᠶ᠎ᠡ ᠶᠢᠨ ᠳᠣᠲᠣᠷᠠᠬᠢ᠂ ᠭᠤᠣᠯ ᠤᠨ ᠵᠠᠮ ᠰᠤᠪᠠᠭ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠡᠢ᠃ ᠳᠠᠭᠠᠭᠠᠴᠢᠯᠠᠨ ᠬᠠᠷᠢᠴᠠᠬᠤ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠢ ᠪᠦᠬᠦᠨ ᠢ ᠪᠣᠳᠠᠲᠠᠶᠢᠵᠢᠭᠤᠯᠵᠤ᠂ ᠳᠠᠭᠠᠭᠠᠴᠢᠯᠠᠨ ᠬᠠᠷᠢᠴᠬᠠᠣ ᠲᠣᠰᠬᠤᠨ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号