ᠴᠧᠨ ᠯᠢ ᠶᠢᠨ ᠪᠦᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ ᠳᠠᠬᠢᠨ ᠰᠤᠳᠤᠯᠤᠨ ᠳᠠᠬᠢᠨ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2020-04-10
     4 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ᠂ ᠰᠢᠶᠠᠨ ᠤ ᠳᠡᠳ᠋ ᠳᠠᠷᠤᠭ᠎ᠠ ᠴᠢ ᠪᠠᠶ ᠰᠢᠶᠤᠤ᠂ ᠾᠧ ᠹᠧᠩ᠂ ᠲᠤᠶᠠᠭ᠎ᠠ᠂ ᠭᠦᠸᠧ ᠸᠧᠨ ᠵᠢᠶᠦ᠋ᠨ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ ᠬᠤᠷᠠᠯ ᠳᠤ ᠣᠷᠣᠯᠴᠠᠪᠠ᠃      ᠬᠤᠷᠠᠯ ᠠᠴᠠ ᠡᠯ᠎ᠡ ᠲᠥᠷᠥᠯ ᠵᠦᠢᠯ ᠢ ᠲᠦᠷᠦᠭᠦᠯᠡᠨ ᠬᠢᠵᠦ ᠪᠠᠶᠢᠭ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠴᠧᠨ ᠯᠢ ᠶᠢᠨ ᠴᠢᠬᠤᠯᠠᠴᠢᠯᠠᠭᠰᠠᠨ ᠨᠢ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠥᠬᠦ ᠲᠠᠯ᠎ᠠ ᠪᠠᠷ ᠶᠠᠪᠤᠭᠳᠠᠬᠤ ᠶᠢ ᠳᠠᠭᠠᠯᠳᠤᠨ᠂ ᠡᠯ᠎ᠡ ᠭᠤᠤᠯᠳᠠᠯᠭ᠎ᠠ ᠲᠠᠢ ᠲᠥᠷᠥᠯ ᠵᠦᠢᠯ᠂ ᠢᠨᠵᠧᠨᠧᠷᠢᠩ ᠢ ᠴᠦ ᠱᠠᠯᠠᠪᠳᠠᠨ ᠠᠬᠢᠭᠤᠯᠬᠤ ᠬᠡᠷᠡᠭᠲᠡᠶ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠨᠤᠭᠤᠳ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠲᠥᠷᠥᠯ  ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠰᠠᠨᠠᠭᠠᠴᠢᠯᠠᠭ᠎ᠠ ᠠᠴᠠ ᠪᠠᠨ ᠴᠢᠩᠭ᠎ᠠ ᠠᠩᠬᠠᠷᠴᠤ᠂ ᠡᠬᠢ ᠪᠠᠶᠠᠯᠢᠭ ᠢ ᠵᠦᠶ ᠵᠣᠬᠢᠰᠲᠠᠶ ᠬᠤᠪᠢᠶᠠᠷᠢᠯᠠᠵᠤ᠂ ᠬᠠᠮᠢᠶ᠎ᠠ ᠪᠥᠬᠦᠶ ᠭᠠᠷ ᠭᠦᠢᠴᠡᠳᠬᠡᠯ ᠤᠨ ᠪᠢᠴᠢᠭ ᠮᠠᠲ᠋ᠧᠷᠢᠶᠠᠯ ᠢ ᠲᠦᠷᠢᠮ ᠲᠣᠭᠲᠠᠭᠠᠯ ᠳᠤ ᠨᠡᠶᠢᠴᠡᠭᠦᠯᠦᠨ ᠭᠠᠷᠭᠠᠵᠤ ᠥᠭᠬᠦ᠂ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ᠃ ᠦᠯᠡᠳᠡᠭᠳᠡᠯ ᠠᠰᠠᠭᠤᠳᠠᠯ ᠳᠤ ᠢᠯᠡᠭᠦᠬᠡᠨ ᠠᠷᠭ᠎ᠠ ᠪᠣᠳᠣᠵᠤ᠂ ᠡᠷᠴᠢᠮ ᠢᠶᠠᠨ ᠴᠢᠩᠭᠠᠷᠠᠭᠤᠯᠣᠨ ᠠᠬᠢᠭᠤᠯᠵᠤ᠂ ᠢᠳᠡᠪᠬᠢᠲᠡᠶ ᠮᠦᠷᠲᠡᠭᠡᠨ ᠪᠦᠲᠦᠮᠵᠢᠲᠡᠢ ᠨᠡᠪᠲᠡᠷᠡᠯᠴᠡᠬᠦ ᠠᠷᠭ᠎ᠠ ᠬᠡᠮᠵᠢᠶ᠎ᠡ ᠠᠪᠴᠣ᠂ ᠲᠥᠷᠥᠯ ᠵᠦᠢᠯ ᠤᠨ ᠠᠬᠢᠴᠠ ᠶᠢ ᠶᠠᠭᠠᠬᠢᠭᠰᠠᠨ ᠴᠤ ᠰᠠᠭᠠᠲᠠᠭᠠᠵᠤ ᠪᠣᠯᠬᠤ ᠦᠭᠡᠶ᠃ ᠬᠤᠯᠪᠣᠭᠳᠠᠯ ᠪᠦᠬᠦᠢ ᠠᠵᠤ ᠠᠬᠤᠶᠢᠯᠠᠯ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠪᠣᠳᠠᠲᠠᠶ ᠭᠠᠵᠠᠷ ᠲᠤᠨᠢ ᠢᠯᠡᠭᠦᠬᠡᠨ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠪᠦᠬᠦ ᠲᠠᠯ᠎ᠠ ᠪᠠᠷ ᠣᠯᠠᠨ ᠬᠠᠷᠠᠭᠠᠰᠤ ᠠᠴᠠ ᠲᠡᠳᠡᠨ ᠳᠤ ᠳᠡᠮᠵᠢᠯᠭᠡ ᠪᠠ ᠬᠠᠪᠰᠤᠷᠤᠯᠭ᠎ᠠ ᠬᠠᠩᠭᠠᠵᠤ᠂ ᠪᠣᠳᠠᠲᠠᠶ ᠬᠦᠴᠢᠷᠳᠡᠯ ᠢ ᠦᠨᠡᠨᠬᠦ ᠰᠢᠢᠳᠪᠦᠷᠢᠯᠡᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠶ ᠠᠬᠢᠬᠤ ᠶᠢ ᠪᠠᠲᠤᠯᠠᠬᠤ ᠬᠡᠷᠡᠭᠲᠡᠶ᠃ ᠲᠥᠷᠥᠯ ᠵᠦᠢᠯ ᠨᠥᠭᠡᠴᠡᠯᠡᠬᠦ ᠬᠤᠯᠪᠣᠭᠳᠠᠯ ᠪᠦᠬᠦᠢ ᠭᠠᠷᠳᠠᠮ ᠢ ᠱᠠᠯᠠᠪᠳᠠᠨ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠨᠠᠩ ᠪᠣᠯᠪᠠᠰᠤᠷᠠᠩᠭᠤᠶ ᠲᠦᠯᠦᠪᠵᠢᠭᠦᠯᠭᠡ ᠪᠠᠷ ᠨᠠᠩ ᠣᠯᠠᠨ ᠳᠡᠮᠵᠢᠯᠭᠡ ᠣᠯᠬᠤ ᠪᠠᠷ ᠴᠢᠷᠮᠠᠶᠢᠬᠤ ᠬᠡᠷᠡᠭᠲᠡᠶ ᠃ ᠡᠭᠦᠨ ᠠᠴᠠ ᠭᠠᠳᠠᠨ᠎ᠠ᠂ ᠰᠤᠷᠤᠯᠭ᠎ᠠ ᠰᠡᠷᠭᠦᠭᠡᠬᠦ ᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠠᠩᠬᠠᠷᠴᠤ᠂ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠴᠦ ᠰᠠᠶᠢᠲᠤᠷ ᠬᠢᠵᠦ᠂ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠬᠡᠷᠡᠮ ᠢ ᠪᠠᠲᠤ ᠴᠣᠭᠴᠠᠯᠠᠬᠤ ᠬᠡᠷᠡᠭᠲᠡᠶ ᠭᠡᠪᠡ᠃      ᠡᠯ᠎ᠡ ᠰᠢᠶᠠᠨ ᠤ ᠳᠡᠳ᠋ ᠳᠠᠷᠤᠭ᠎ᠠ ᠬᠠᠮᠢᠶ᠎ᠠ ᠪᠥᠬᠦᠶ ᠠᠵᠢᠯ ᠳᠤ ᠲᠣᠰ ᠲᠣᠰ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠯᠪᠣᠭᠳᠠᠯ ᠪᠦᠬᠦᠢ ᠰᠢᠶᠠᠩ ᠪᠠᠯᠭᠠᠰᠤ᠂ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号