ᠠᠷᠠᠳ ᠤᠨ ᠠᠮᠢᠳᠤᠷᠠᠯ ᠤᠨ ᠵᠠᠷᠤᠯᠭ᠎ᠠ ᠪᠣᠯ ᠢᠮᠠᠭᠲᠠ ᠡᠳ᠋ ᠤᠨ ᠵᠠᠰᠠᠭ ᠤᠨ ᠠᠵᠢᠯ ᠤᠨ ᠭᠤᠤᠯᠳᠠᠯᠭ᠎ᠠ ᠶᠢᠨ | ᠳᠣᠲᠣᠷᠠᠬᠢ ᠭᠤᠤᠯᠳᠠᠯᠭ᠎ᠠ ᠮᠥᠨ᠂ ᠬᠤᠷᠢᠨᠭᠡᠷ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠴᠠᠯᠢᠩ ᠢ ᠪᠠᠲᠤᠯᠠᠬᠤ᠂ | ᠠᠵᠢᠯᠯᠠᠭ᠎ᠠ ᠶᠢ ᠪᠠᠲᠤᠯᠠᠬᠤ ᠵᠡᠷᠭᠡ ᠵᠠᠪᠠᠯ ᠵᠠᠷᠣᠴᠠᠭᠤᠯᠬᠤ ᠵᠠᠷᠤᠯᠭ᠎ᠠ ᠶᠢᠨ ᠰᠠᠭᠤᠷᠢᠨ ᠳᠡᠭᠡᠷ᠎ᠡ᠂ ᠵᠠᠷᠤᠯᠭ᠎ᠠ ᠶᠢᠨ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋ ᠤᠨ ᠬᠦᠴᠦᠨ ᠢ ᠲᠥᠪᠯᠡᠷᠡᠭᠦᠯᠦᠨ ᠠᠷᠠᠳ ᠣᠯᠠᠨ ᠤ | ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠬᠦᠷᠢᠶ᠎ᠡ ᠳᠠᠰᠢ ᠬᠡᠯᠪᠠᠶᠢᠯᠭᠡᠪᠡ᠃ | 1 — 3 ᠳ᠋ᠤᠭᠠᠷ ᠰᠠᠷ᠎ᠠ ᠳᠤ᠂ ᠪᠥᠬᠦ ᠰᠢᠶᠠᠨ ᠤ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠲᠡ | 23358 ᠲᠦᠮᠡᠨ ᠲᠥᠭᠦᠷᠢᠭ ᠪᠡᠶᠡᠯᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ | ᠵᠠᠷᠤᠯᠭ᠎ᠠ ᠶᠢᠨ 78.28% ᠶᠢ ᠡᠵᠡᠯᠡᠪᠡ᠃ ᠡᠭᠦᠨ ᠳᠤ᠄ ᠰᠤᠷᠭᠠᠨ ᠬᠥᠮᠦᠵᠢᠯ ᠤᠨ ᠵᠠᠷᠤᠯᠭ᠎ᠠ 3885 ᠲᠦᠮᠡᠨ | ᠲᠥᠭᠦᠷᠢᠭ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 301 ᠲᠦᠮᠡᠨ | ᠲᠥᠭᠦᠷᠢᠭ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 14943 ᠲᠦᠮᠡᠨ ᠲᠥᠭᠦᠷᠢᠭ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 1423 ᠲᠦᠮᠡᠨ ᠲᠥᠭᠦᠷᠢᠭ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠳᠤ ᠵᠠᠷᠤᠯᠭ᠎ᠠ ᠦᠭᠡᠢ᠂ ᠲᠠᠷᠢᠶᠠᠯᠠᠩ ᠣᠢ ᠰᠢᠭᠤᠶ ᠤᠰᠤᠨ ᠤ ᠶᠠᠪᠤᠳᠠᠯ ᠤᠨ ᠵᠠᠷᠤᠯᠭ᠎ᠠ | 1533 ᠲᠦᠮᠡᠨ ᠲᠥᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 189 ᠲᠦᠮᠡᠨ ᠲᠥᠭᠦᠷᠢᠭ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 1084 ᠲᠦᠮᠡᠨ ᠲᠥᠭᠦᠷᠢᠭ ᠪᠣᠯᠣᠨ᠎ᠠ᠃ |