【 ᠬᠦᠳᠡᠭᠡ ᠲᠣᠰᠬᠤᠨ ᠤ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠳᠤ ᠠᠩᠬᠠᠷᠣᠯ ᠢᠶᠠᠨ ᠬᠠᠨᠳᠣᠭᠤᠯᠬᠤ ᠨᠢ】 ᠶᠡᠭᠡ ᠤᠯᠠᠭᠠᠨᠬᠤᠲᠠ ᠰᠢᠶᠠᠩ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2020-04-14
     ᠪᠥᠬᠦ ᠰᠢᠶᠠᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠶᠡᠭᠡ ᠤᠯᠠᠭᠠᠨᠬᠤᠲᠠ ᠰᠢᠶᠠᠩ ᠬᠥᠳᠡᠭᠡ ᠶᠢᠨ ︽ᠴᠡᠪᠡᠷ ᠠᠷᠢᠭᠤᠨ ᠳᠦᠷᠢ ᠳᠦᠷᠬᠦ ᠪᠠᠷ ᠴᠢᠨᠡᠭᠡᠯᠢᠭ ᠨᠡᠶᠢᠭᠡᠮ ᠢ ᠤᠭᠲᠤᠬᠤ︾ ᠭᠤᠤᠯ ᠰᠡᠳᠦᠪ ᠤᠨ ᠲᠣᠭᠤᠷᠢᠨ ᠳᠤ᠂ ︽ᠪᠤᠵᠠᠷ ᠪᠤᠷᠲᠠᠭ ᠢ ᠵᠠᠰᠠᠬᠤ᠂ ᠵᠠᠮᠪᠠᠷᠠᠭ᠎ᠠ ᠦᠭᠡᠢ ᠪᠠᠶᠢᠳᠠᠯ ᠢ ᠵᠠᠰᠠᠬᠤ᠂ ᠪᠣᠬᠢᠷᠲᠤᠯ ᠢ ᠵᠠᠰᠠᠬᠤ᠂ ᠣᠶ ᠰᠢᠭᠤᠶ ᠶᠢ ᠵᠠᠰᠠᠬᠤ᠂ ᠤᠰᠤ ᠶᠢ ᠵᠠᠰᠠᠬᠤ᠂ ᠵᠠᠮ ᠢ ᠵᠠᠰᠠᠬᠤ︾ ᠪᠠᠷ ᠭᠤᠤᠯᠳᠠᠯᠭ᠎ᠠ ᠪᠣᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠰᠢᠶᠠᠩ ᠤᠨ ᠠᠵᠢᠯ ᠳᠤ ᠢᠮᠠᠭᠲᠠ ᠲᠣᠭᠤᠰᠢᠯᠠᠭᠤᠯᠵᠤ᠂ ᠪᠥᠬᠦ ᠰᠢᠶᠠᠩ ᠳᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠬᠠᠯᠠᠭᠤᠨ ᠥᠷᠨᠢᠯᠲᠡ ᠭᠠᠷᠭᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠰᠢᠶᠠᠨ ᠭᠠᠵᠠᠷ ᠤᠨ ᠲᠡᠰ ᠤᠨ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠶᠢᠨ ᠵᠢᠯᠣᠭᠤᠳᠤᠯᠭ᠎ᠠ ᠳᠣᠤᠷ᠎ᠠ᠂ 8 ᠰᠢᠶᠠᠨ ᠤ ᠳᠠᠭᠠᠭᠠᠴᠢᠯᠠᠨ ᠬᠠᠷᠢᠯᠴᠠᠬᠤ ᠰᠠᠯᠠᠭ᠎ᠠ ᠮᠥᠴᠢᠷ ᠤᠨ ᠬᠠᠪᠰᠤᠷᠤᠯᠭ᠎ᠠ ᠳᠣᠤᠷ᠎ᠠ᠂ 20 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ ᠲᠦᠷᠭᠡᠨ ᠬᠥᠳᠡᠯᠦᠯᠴᠡᠵᠦ᠂ ᠠᠶᠢᠯ ᠲᠣᠰᠬᠤᠨ ᠤ ᠭᠤᠤᠯ ᠳᠡᠳ᠋ ᠵᠠᠮ ᠱᠤᠭᠤᠮ ᠵᠢᠴᠢ ᠵᠠᠰᠠᠮᠠᠯ ᠵᠠᠮ ᠳᠠᠭᠠᠤ ᠶᠢᠨ ᠲᠣᠭᠤᠷᠢᠨ ᠳᠤ᠂ ᠭᠤᠣᠯᠳᠠᠭᠤ ᠵᠠᠰᠠᠮᠠᠯ ᠵᠠᠮ ᠳᠠᠭᠠᠤ᠂ ᠲᠠᠷᠢᠶᠠᠨ ᠭᠠᠵᠠᠷ ᠤᠨ ᠦᠵᠦᠭᠦᠷ᠂ ᠠᠶᠢᠯ ᠲᠣᠰᠬᠤᠨ ᠤ ᠣᠯᠠᠨ ᠨᠡᠶᠢᠲᠡ ᠶᠢᠨ ᠣᠷᠣᠨ ᠪᠦᠰᠡ᠂ ᠲᠠᠷᠢᠶᠠᠴᠢᠨ ᠡᠷᠦᠬᠡ ᠶᠢᠨ ᠭᠡᠷ ᠪᠠᠶᠢᠰᠢᠩ ᠤᠨ ᠠᠷᠤ ᠡᠮᠦᠨ᠎ᠡ᠂ ᠬᠦᠷᠢᠶ᠎ᠡ ᠬᠠᠰᠢᠶ᠎ᠠ ᠶᠢᠨ ᠳᠣᠲᠣᠨ᠎ᠠ ᠭᠠᠳᠠᠨ᠎ᠠ᠂ ᠭᠤᠣᠯ ᠤᠨ ᠵᠠᠮ ᠰᠤᠪᠠᠭ ᠳᠤ ᠲᠥᠪᠯᠡᠷᠡᠭᠦᠯᠦᠨ ᠴᠡᠪᠡᠷᠯᠡᠬᠦ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠠᠷᠢᠶ᠎ᠠ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠢ ᠳᠥᠷᠬᠦ ᠳᠤ ᠢᠯᠡᠷᠬᠡᠶ ᠬᠤᠪᠢᠷᠠᠯᠲᠠ ᠲᠠᠢ ᠪᠣᠯᠪᠠ᠃
     ᠣᠳᠣᠬᠠᠨ ᠪᠣᠯᠲᠠᠯ᠎ᠠ᠂ ᠪᠦᠬᠦ ᠰᠢᠶᠠᠩ ᠤᠨ ᠲᠤᠰᠬᠠᠶ ᠴᠡᠭᠴᠡᠯᠡᠨ ᠵᠠᠰᠠᠬᠤ ᠠᠵᠢᠯ ᠨᠢᠭᠡᠨᠲᠡ ᠡᠬᠢᠯᠡᠭᠰᠡᠨ 48 ᠠᠶᠢᠯ ᠲᠣᠰᠬᠤᠨ᠂ ᠡᠯ᠎ᠡ ᠲᠣᠰᠬᠤᠨ ᠨᠡᠶᠢᠲᠡ 1114 ᠬᠥᠮᠦᠨ ᠤᠳᠠᠭ᠎ᠠ᠂ ᠠᠴᠢᠶᠠᠯᠠᠬᠤ ᠮᠠᠰᠢᠨ᠂ ᠤᠬᠤᠭᠤᠷ ᠮᠠᠰᠢᠨ ᠵᠡᠷᠭᠡ ᠴᠡᠪᠡᠷᠯᠡᠭᠡ ᠳᠤ ᠬᠡᠷᠡᠭᠯᠡᠬᠦ ᠮᠠᠰᠢᠨ 241 ᠰᠠᠤᠷᠢ ᠤᠳᠠᠭ᠎ᠠ᠂ ᠥᠪᠡᠷᠲᠡᠭᠡᠨ ᠪᠠᠭᠤᠯᠭᠠᠬᠤ ᠮᠠᠰᠢᠨ ᠵᠡᠷᠭᠡ ᠲᠡᠭᠡᠭᠡᠪᠦᠷᠢᠯᠡᠬᠦ ᠮᠠᠰᠢᠨ 226 ᠰᠠᠤᠷᠢ ᠤᠳᠠᠭ᠎ᠠ ᠬᠦᠳᠡᠯᠭᠡᠭᠰᠡᠨ ᠪᠠᠶᠢᠨ᠎ᠠ᠃ ᠰᠢᠶᠠᠩ ᠪᠠᠯᠭᠠᠰᠤᠨ ᠤ ᠵᠠᠮ ᠳᠠᠭᠠᠤ ᠶᠢᠨ ᠬᠤᠭ ᠨᠣᠪᠰᠢ ᠶᠢ 3142 ᠲᠣᠨ ᠴᠡᠪᠡᠷᠯᠡᠵᠦ᠂ ᠲᠠᠷᠢᠶᠠᠨ ᠭᠠᠵᠠᠷ ᠠᠴᠠ 4025 ᠲᠣᠨ ᠡᠰᠢ ᠰᠦᠷᠡᠯ ᠢ ᠲᠠᠷᠢᠶᠠᠨ ᠠᠴᠠ ᠰᠠᠯᠭᠠᠵᠤ᠂ ᠲᠠᠷᠢᠶᠠᠨ ᠭᠠᠵᠠᠷ ᠠᠴᠠ 235 ᠲᠣᠨ ᠲᠠᠷᠢᠶᠠᠯᠠᠩ ᠤᠨ ᠬᠠᠶᠠᠭᠳᠠᠮᠠᠯ ᠪᠣᠳᠠᠰ ᠢ ᠴᠡᠪᠡᠷᠯᠡᠵᠦ᠂ ᠲᠣᠰᠬᠤᠨ ᠢ ᠲᠣᠭᠤᠷᠢᠭᠰᠠᠨ 513 ᠭᠠᠵᠠᠷ ᠤᠨ ᠬᠤᠭ ᠨᠣᠪᠰᠢ ᠶᠢ ᠴᠡᠪᠡᠷᠯᠡᠵᠦ᠂ ᠵᠡᠭᠡᠯᠢ ᠭᠤᠳᠤᠮᠵᠢ ᠶᠢᠨ 568 ᠭᠠᠵᠠᠷ ᠤᠨ ᠬᠤᠭ ᠨᠣᠪᠰᠢ ᠶᠢ ᠴᠡᠪᠡᠷᠯᠡᠵᠦ᠂ ᠣᠪᠣᠭᠠᠯᠠᠵᠤ ᠪᠠᠶᠢᠭ᠎ᠠ ᠬᠤᠭ ᠨᠣᠪᠰᠢ ᠶᠢ 538 ᠭᠠᠵᠠᠷ ᠤᠨ ᠬᠢ ᠢ ᠴᠡᠪᠡᠷᠯᠡᠵᠦ᠂ 2852 ᠲᠣᠨ ᠬᠤᠭ ᠨᠣᠪᠰᠢ ᠶᠢ ᠰᠢᠢᠳᠪᠦᠷᠢᠯᠡᠵᠦ᠂ 75 ᠲᠣᠨ ᠥᠳᠥᠭ ᠤᠨ ᠪᠣᠬᠢᠷ ᠡᠳ᠋ ᠢ ᠵᠥᠭᠡᠭᠡᠪᠦᠷᠢᠯᠡᠵᠦ᠂ 2298 ᠲᠣᠨ ᠬᠠᠭᠤᠴᠢᠨ ᠬᠠᠶᠠᠭᠳᠠᠮᠠᠯ ᠪᠣᠳᠠᠰ ᠢ ᠴᠡᠪᠡᠷᠯᠡᠵᠦ᠂ ᠡᠰᠢ ᠰᠦᠷᠡᠯ᠂ ᠡᠷᠳᠡᠨᠢ ᠰᠢᠰᠢ ᠶᠢᠨ ᠭᠤᠤᠯ ᠢ 416.9 ᠲᠣᠨ ᠴᠡᠪᠡᠷᠯᠡᠵᠦ᠂ ᠭᠡᠷ ᠬᠠᠰᠢᠶᠠᠨ ᠳᠣᠲᠣᠷᠠᠬᠢ ᠶᠢ ᠴᠡᠭᠴᠡᠯᠡᠨ ᠵᠠᠰᠠᠭᠰᠠᠨ 618 ᠡᠷᠦᠬᠡ ᠪᠠᠶᠢᠵᠤ᠂ ᠭᠡᠷ  ᠳᠣᠲᠣᠷᠠᠬᠢ ᠶᠢ ᠴᠡᠪᠡᠷᠯᠡᠭᠰᠡᠨ 410 ᠡᠷᠦᠬᠡ ᠶᠢ ᠴᠡᠪᠡᠷᠯᠡᠵᠦ ᠂ 26.5 ᠺᠢᠯᠣᠮᠧᠲᠷ ᠭᠤᠣᠯ ᠤᠨ ᠵᠠᠮ ᠢ ᠴᠡᠪᠡᠷᠯᠡᠵᠦ᠂ 107 ᠨᠡᠶᠢᠲᠡ ᠶᠢᠨ ᠵᠣᠷᠯᠣᠩ ᠢ ᠴᠡᠪᠡᠷᠯᠡᠪᠡ᠃
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号