38 ᠳ᠋ᠤᠭᠠᠷ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠳᠠᠯ ᠥᠬᠡᠶ ᠬᠦᠷᠴᠦ | ᠢᠷᠡᠬᠦ ᠲᠠᠰᠢᠷᠠᠮ ᠢᠶᠠᠷ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 2019 ᠣᠨ ᠤ | ᠡᠷᠬᠡ ᠳᠤ ᠬᠠᠯᠳᠡᠨ ᠬᠠᠭᠤᠷᠮᠠᠭᠯᠠᠨ ᠵᠤᠬᠢᠶᠠᠭᠰᠠᠨ ᠲᠤ ᠴᠣᠬᠢᠯᠲᠠ ᠥᠭᠬᠦ ᠠᠵᠢᠯ ᠤᠨ ᠲᠠᠯ᠎ᠠ ᠪᠠᠷ ᠬᠢ ᠰᠢᠨ᠎ᠡ ᠠᠷᠭ᠎ᠠ | ᠬᠡᠮᠵᠢᠶ᠎ᠡ᠂ ᠰᠢᠨ᠎ᠡ ᠦᠷ᠎ᠡ ᠪᠦᠳᠦᠮᠵᠢ ᠶᠢ ᠪᠥᠬᠦ ᠲᠠᠯ᠎ᠠ ᠪᠠᠷ ᠲᠤᠰᠬᠠᠬᠤ ᠶᠢᠨ ᠲᠥᠯᠥᠭᠡ᠂ ᠣᠶᠢᠷ᠎ᠠ ᠳᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ | ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠱᠥ ᠴᠢᠤᠸᠠᠨ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭ᠎ᠠ ᠶᠢ | ᠬᠦᠯᠢᠶᠡᠨ ᠠᠪᠤᠭᠰᠠᠨ ᠪᠠᠶᠢᠨ᠎ᠠ᠃ | ᠡᠷᠬᠡ ᠳᠤ ᠬᠠᠯᠳᠡᠨ ᠬᠠᠭᠤᠷᠮᠠᠭᠯᠠᠨ ᠵᠤᠬᠢᠶᠠᠭᠰᠠᠨ ᠲᠤ ᠴᠣᠬᠢᠯᠲᠠ ᠥᠭᠬᠦ ᠨᠢ ᠵᠠᠬ᠎ᠠ ᠳᠡᠯᠭᠡᠭᠦᠷ ᠤᠨ ᠤᠷᠴᠢᠨ | ᠲᠤᠭᠤᠷᠢᠨ ᠢ ᠴᠡᠪᠡᠷᠰᠢᠭᠦᠯᠬᠦ᠂ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠠᠯᠤᠰ | ᠬᠡᠲᠦ ᠶᠢᠨ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠠᠮᠤᠷ | ᠲᠦᠪᠰᠢᠨ ᠬᠡᠷᠡᠭᠯᠡᠭᠡᠨ ᠤ ᠣᠷᠴᠢᠨ ᠲᠤᠭᠤᠷᠢᠨ ᠢ ᠪᠠᠶᠢᠭᠤᠯᠵᠤ᠂ ᠲᠥᠪ ᠭᠤᠤᠯᠴᠢ ᠡᠮᠬᠢ ᠵᠢᠷᠤᠮ ᠲᠠᠢ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠪᠠ᠃ | | ᠡᠷᠬᠡ ᠳᠤ ᠬᠠᠯᠳᠡᠨ ᠬᠠᠭᠤᠷᠮᠠᠭᠯᠠᠨ ᠵᠤᠬᠢᠶᠠᠭᠰᠠᠨ ᠲᠤ ᠬᠦᠴᠦᠲᠡᠶ ᠴᠣᠬᠢᠯᠲᠠ ᠥᠭᠴᠦ᠂ ᠰᠢᠨ᠎ᠡ ᠦᠷ᠎ᠡ | ᠪᠦᠲᠦᠮᠵᠢ ᠤᠯᠬᠤ | | 2019 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠣᠯᠤᠨ | ᠳᠣᠲᠣᠭᠠᠳᠤ ᠶᠢ ᠬᠠᠮᠠᠭᠠᠯᠠᠬᠤ ᠶᠠᠮᠤᠨ ᠤ ᠬᠦᠴᠦᠲᠡᠶ ᠵᠢᠯᠣᠭᠤᠳᠣᠯᠭ᠎ᠠ ᠳᠣᠤᠷ᠎ᠠ᠂ ︽ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠢ ᠬᠦᠰᠡᠨ ᠬᠦᠭᠡᠭᠡᠴᠡᠯᠳᠦᠬᠦ ᠪᠣᠯ ᠳᠠᠷᠤᠶ ᠮᠠᠨ ᠤ ᠲᠡᠮᠡᠴᠡᠬᠦ ᠬᠠᠷᠠᠯᠲᠠ︾ ᠪᠠᠷ ᠠᠵᠢᠯ ᠤᠨ | ᠭᠤᠤᠯ ᠱᠤᠭᠤᠮ ᠪᠣᠯᠭᠠᠵᠤ᠂ ᠲᠢᠩᠬᠢᠮ ᠤᠨ ᠨᠠᠮ ᠤᠨ ᠬᠤᠷᠢᠶ᠎ᠠ ᠶᠢᠨ ︽ᠤᠯᠤᠰ ᠲᠥᠷᠥ ᠨᠢᠭᠡᠳᠦᠭᠡᠷ᠂ ᠣᠯᠠᠨ | ᠲᠦᠮᠡᠨ ᠨᠢᠭᠡᠳᠦᠭᠡᠷ᠂ ᠦᠨᠳᠦᠰᠦᠨ ᠱᠠᠲᠤ ᠨᠢᠭᠡᠳᠦᠭᠡᠷ᠂ ᠠᠷᠠᠳ ᠤᠨ ᠴᠠᠭᠳᠠᠭ᠎ᠠ ᠨᠢᠭᠡᠳᠦᠭᠡᠷ︾ ᠠᠵᠢᠯ ᠤᠨ | ᠣᠶᠢᠯᠠᠭᠠᠭᠳᠠᠬᠤᠨ ᠶᠣᠰᠣᠭᠠᠷ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠣᠯᠠᠨ ᠲᠦᠮᠡᠨ ᠤ ᠠᠰᠢᠭ | ᠲᠤᠰᠠ ᠶᠢᠨ ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠴᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠲᠥᠪ ᠭᠤᠤᠯᠴᠢ ᠪᠠᠷ ᠥᠷᠢᠰᠦᠯᠳᠦᠬᠦ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠪᠣᠶ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ | ᠠᠬᠢᠭᠤᠯᠤᠭᠰᠠᠨ ᠪᠠᠶᠢᠨ᠎ᠠ᠃ | ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠠᠯ᠎ᠠ ᠪᠠᠷ ᠰᠢᠨ᠎ᠡ | ᠠᠮᠵᠢᠯᠲᠠ ᠣᠯᠵᠠᠶ᠃ ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢ ᠵᠣᠬᠢᠶᠠᠨ ᠪᠠᠶᠢᠭᠤᠯᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ | ᠬᠦᠷᠢᠶ᠎ᠡ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠢᠯᠢ ᠠᠯᠤᠰᠯᠠᠨ ᠡᠷᠬᠡ ᠳᠤ ᠬᠠᠯᠳᠡᠨ | ᠬᠠᠭᠤᠷᠮᠠᠭᠯᠠᠨ ᠵᠤᠬᠢᠶᠠᠭᠰᠠᠨ ᠲᠠᠸᠠᠷ ᠦᠢᠯᠡᠳᠦᠨ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ ᠤᠨ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠵᠦ᠂ ᠮᠠᠨ ᠤ ᠤᠯᠤᠰ ᠤᠨ ᠠᠵᠤ ᠠᠬᠤᠶᠢᠯᠠᠯ ᠤᠨ | ᠭᠠᠳᠠᠭᠠᠳᠤ ᠶᠢᠨ ᠵᠠᠬ᠎ᠠ ᠳᠡᠯᠭᠡᠭᠦᠷ ᠢ ᠦᠷᠭᠡᠳᠭᠡᠨ ᠬᠦᠭᠵᠢᠭᠦᠯᠬᠦ ᠳᠤ ᠰᠠᠶᠢᠨ ᠰᠠᠶᠢᠬᠠᠨ ᠣᠷᠴᠢᠨ ᠲᠤᠭᠤᠷᠢᠨ ᠢ ᠪᠣᠶ | ᠪᠣᠯᠭᠠᠵᠤ ᠥᠭᠴᠡᠶ᠃ 2019 ᠣᠨ ᠤ 8 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠧᠵᠢᠶᠠᠩ᠂ ᠱᠠᠨᠳᠦ᠋ᠩ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠲᠠᠢ ᠬᠠᠮᠲᠤᠷᠠᠨ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠵᠦᠢᠯ ᠳᠤ ᠬᠠᠭᠤᠷᠮᠠᠭ | ᠬᠦᠨᠳᠦ ᠬᠡᠯᠪᠡᠷᠢ ᠶᠢᠨ ᠮᠠᠰᠢᠨ ᠲᠡᠷᠭᠡ ᠦᠢᠯᠡᠳᠦᠨ ᠪᠣᠷᠣᠯᠠᠭᠤᠯᠤᠭᠰᠠᠨ ᠬᠡᠷᠡᠭ ᠢ ᠠᠮᠵᠢᠯᠲᠠ ᠲᠠᠢ ᠢᠯᠡᠷᠡᠭᠦᠯᠵᠦ᠂ 3 | ᠶᠠᠯᠠᠲᠤ ᠠᠵᠢᠯᠯᠠᠭ᠎ᠠ ᠶᠢᠨ ᠭᠠᠵᠠᠷ ᠢ ᠡᠪᠳᠡᠵᠦ᠂ ᠬᠠᠭᠤᠷᠮᠠᠭ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ 500 | ᠭᠠᠷᠤᠶ ᠪᠠᠶᠢᠴᠠᠭᠠᠨ ᠣᠯᠵᠤ᠂ ᠮᠠᠨ ᠤ ᠤᠯᠤᠰ ᠤᠨ ᠠᠵᠤ ᠠᠬᠤᠶᠢᠯᠠᠯ ᠤᠨ ᠨᠠᠷᠠᠲᠤ ᠲᠡᠮᠳᠡᠭᠲᠦ ᠶᠢᠨ ᠳᠦᠷᠢ | ᠲᠥᠷᠬᠦ ᠶᠢ ᠬᠦᠴᠦᠲᠡᠶ ᠬᠠᠮᠠᠭᠠᠯᠠᠭᠰᠠᠨ ᠪᠠᠶᠢᠨ᠎ᠠ᠃ | ᠲᠤᠰᠬᠠᠶ ᠴᠣᠬᠢᠯᠲᠠ ᠥᠭᠬᠦ ᠲᠠᠯ᠎ᠠ ᠪᠠᠷ ᠰᠢᠨ᠎ᠡ ᠪᠦᠲᠦᠮᠵᠢ ᠤᠯᠪᠠ᠃ ᠳᠣᠲᠣᠭᠠᠳᠤ ᠶᠢ ᠬᠠᠮᠠᠭᠠᠯᠠᠬᠤ | ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠤᠷᠢᠳ ᠬᠤᠵᠢᠳ ᠡᠷᠬᠡ ᠳᠤ ᠬᠠᠯᠳᠠᠨ | ᠬᠠᠭᠤᠷᠮᠠᠭᠯᠠᠨ ᠵᠤᠬᠢᠶᠠᠭᠰᠠᠨ ︽ᠬᠠᠪᠤᠷ ᠤᠨ ᠤᠯᠠᠷᠢᠯ ᠤᠨ ᠰᠢᠪᠳᠤᠯᠤᠯᠳᠠ︾ ︽ᠰᠦᠯᠵᠢᠶ᠎ᠡ ᠴᠡᠪᠡᠷᠰᠢᠭᠦᠯᠬᠦ 2019 | ︾ ︽ᠺᠦᠨᠯᠦ᠋ᠨ︾ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠶᠠᠯᠠᠲᠤ ᠬᠡᠷᠡᠭ ᠢ ᠨᠡᠶᠢᠲᠡ | 1240 ᠢᠯᠡᠷᠡᠭᠦᠯᠵᠦ᠂ 1765 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 20 ᠡᠪᠰᠡᠯ ᠪᠦᠯᠦᠭᠯᠡᠯ ᠢ ᠴᠣᠬᠢᠨ | ᠰᠦᠢᠷᠡᠭᠦᠯᠵᠦ᠂ 28 ᠶᠠᠯᠠᠲᠤ ᠠᠵᠢᠯᠯᠠᠭ᠎ᠠ ᠶᠢᠨ ᠭᠠᠵᠠᠷ ᠢ ᠡᠪᠳᠡᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ | ᠲᠤᠭ᠎ᠠ 8.8 ᠳ᠋ᠦᠩᠰᠢᠭᠤᠷ ᠲᠥᠭᠦᠷᠢᠭ ᠬᠦᠷᠴᠡᠶ᠃ ᠡᠭᠦᠨ ᠠᠴᠠ ᠭᠠᠳᠠᠨ᠎ᠠ᠂ ᠲᠤᠳᠤᠭᠠᠳᠤ ᠶᠢ ᠬᠠᠮᠠᠭᠠᠯᠠᠬᠤ | ᠲᠢᠩᠬᠢᠮ ᠪᠠᠰᠠ ᠪᠤᠰᠤᠳ ᠮᠤᠵᠢ ᠬᠤᠲᠠ ᠲᠠᠢ ᠢᠳᠡᠪᠬᠢ ᠲᠠᠢ ᠪᠠᠷ ᠬᠠᠮᠳᠤᠷᠠᠯᠴᠠᠨ ᠲᠤᠰᠬᠠᠢ ᠠᠵᠢᠯᠯᠠᠭ᠎ᠠ ᠶᠢ | ᠦᠷᠨᠢᠭᠦᠯᠵᠦ᠂ ᠱᠠᠩᠬᠠᠢ ᠬᠤᠲᠠ ᠶᠢᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠦᠬᠡᠬᠤᠲᠠ ᠳᠤ ᠬᠠᠭᠤᠷᠮᠠᠭ | ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ 3 ᠬᠡᠷᠡᠭ ᠤᠨ ᠭᠠᠵᠠᠷ ᠢ ᠡᠪᠳᠡᠵᠦ᠂ 37 ᠶᠠᠯ᠎ᠠ ᠬᠢᠭᠰᠡᠨ ᠰᠡᠵᠢᠭᠳᠡᠨ ᠢ | ᠪᠠᠷᠢᠪᠴᠢᠯᠠᠵᠤ᠂ ᠤᠯᠠᠨ ᠤᠯᠤᠰ ᠤᠨ ᠨᠠᠷᠠᠲᠦ ᠲᠡᠮᠳᠡᠭᠲᠦ ᠬᠠᠭᠤᠷᠮᠠᠭ ᠠᠢ ᠮᠠ ᠱᠢ᠂ ᠺᠦ᠋ ᠴᠢ᠂ LV ᠨᠤᠤᠰᠤᠨ | ᠠᠯᠴᠢᠭᠤᠷ 2 . 4 ᠲᠦᠮᠡᠨ ᠵᠤᠷᠪᠤᠰ ᠢ ᠦᠯᠡᠳᠡᠭᠡᠨ ᠠᠪᠴᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ | 1. 25 ᠳ᠋ᠦᠩᠰᠢᠭᠤᠷ ᠲᠥᠭᠦᠷᠢᠭ ᠬᠦᠷᠴᠡᠶ᠃ | ᠬᠠᠮᠵᠢᠯᠴᠠᠭ᠎ᠠ ᠪᠠᠨ ᠴᠢᠩᠬᠠᠳᠬᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠠᠶ᠃ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢᠯᠡᠯ | ᠮᠡᠳᠡᠭᠡ ᠵᠠᠩᠭᠢ᠂ ᠲᠠᠷᠢᠶᠠᠯᠠᠩ ᠮᠠᠯ ᠠᠵᠤ ᠠᠬᠤᠶ᠂ ᠬᠤᠳᠠᠯᠳᠤᠭᠠᠨ ᠤ ᠶᠠᠪᠤᠳᠠᠯ᠂ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠬᠡᠷ ᠵᠡᠷᠭᠡ ᠰᠠᠯᠠᠭ᠎ᠠ ᠮᠥᠴᠢᠷ ᠯᠦᠭᠡ ᠬᠠᠮᠵᠢᠯᠴᠠᠨ ᠠᠵᠢᠯᠯᠠᠬᠤ ᠪᠠᠨ ᠢᠳᠡᠪᠬᠢᠲᠡᠢ ᠪᠠᠷ | ᠴᠢᠩᠭᠠᠳᠬᠠᠵᠤ᠂ ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ | ᠨᠡᠶᠢᠯᠡᠮᠡᠯ ᠬᠦᠴᠦᠨ ᠢ ᠪᠦᠷᠢᠯᠳᠦᠭᠦᠯᠪᠡ᠃ 2019 ᠣᠨ ᠠᠴᠠ ᠨᠠᠰᠢ᠂ ᠪᠥᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ | ᠬᠠᠮᠲᠤᠷᠠᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠢ ᠨᠡᠶᠢᠲᠡ | 300 ᠢᠯᠡᠭᠦᠦ ᠭᠠᠵᠠᠷ ᠢ ᠪᠠᠶᠢᠴᠠᠭᠠᠵᠤ᠂ ᠨᠢᠭᠡ ᠪᠦᠯᠦᠭ ᠬᠠᠭᠤᠷᠮᠠᠭ ᠬᠢᠮᠢ ᠶᠢᠨ ᠪᠣᠷᠲᠣᠭᠤᠷ᠂ ᠬᠠᠭᠤᠷᠮᠠᠭ ᠦᠷ᠎ᠡ᠂ | ᠬᠠᠭᠤᠷᠮᠠᠭ ᠲᠠᠮᠠᠬᠢ ᠵᠡᠷᠭᠡ ᠬᠡᠷᠡᠭ ᠢ ᠢᠯᠡᠷᠡᠭᠦᠯᠪᠡ᠃ | ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ᠃ | ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠠᠮᠤᠷ ᠲᠦᠪᠰᠢᠨ ᠤ ᠰᠡᠷᠭᠡᠶᠢᠯᠡᠯᠲᠡ᠂ ᠴᠠᠭᠳᠠᠭ᠎ᠠ ᠠᠵᠤ ᠠᠬᠤᠶᠢᠯᠠᠯ ᠢ | ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠡᠭᠦᠯ ᠢᠶᠠᠷ | ᠬᠥᠭᠵᠢᠬᠦ ᠶᠢ ᠪᠠᠲᠤᠯᠠᠬᠤ ᠪᠠ ᠦᠢᠯᠡᠴᠢᠯᠡᠬᠦ ᠳᠤ ᠭᠤᠴᠢᠨ ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠪᠠ᠃ ᠵᠠᠮ ᠬᠠᠷᠢᠯᠴᠠᠭ᠎ᠠ᠂ ᠬᠢᠯᠢ ᠪᠠᠷ ᠤᠷᠤᠬᠤ ᠭᠠᠷᠬᠤ᠂ ᠠᠮᠤᠷ ᠢ ᠬᠠᠮᠠᠭᠠᠯᠠᠬᠤ ᠵᠡᠷᠭᠡ ᠬᠦᠷᠢᠶᠡᠨ ᠳᠤ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠪᠣᠯᠤᠨ ᠠᠵᠤ ᠠᠬᠤᠶᠢᠯᠠᠯᠲᠠᠨ ᠤ ᠬᠠᠤᠯᠢ ᠶᠣᠰᠣᠨ ᠤ | ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ | ᠬᠦᠴᠦᠨ ᠢ ᠪᠠᠳᠠᠷᠠᠭᠤᠯᠪᠠ᠃ | ᠡᠩᠨᠡᠭᠡᠨ ᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ | ᠣᠯᠵᠠᠶ᠃ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠮᠣ ᠳ᠋ᠠᠶᠢᠲ᠋ᠠ ᠶᠢ ᠳᠣᠲᠣᠭᠠᠳᠤ ᠶᠢ ᠬᠠᠮᠠᠭᠠᠯᠠᠬᠤ ᠠᠵᠢᠯ ᠤᠨ | ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠲᠣᠮᠣ ᠬᠥᠳᠡᠯᠭᠡᠭᠦᠷ ᠪᠣᠯᠭᠠᠵᠤ᠂ ᠳᠠᠶᠢᠴᠢᠨ ᠬᠦᠴᠦᠨ ᠢ | ᠪᠤᠶᠢᠵᠢᠭᠤᠯᠤᠨ ᠰᠢᠨ᠎ᠡ ᠨᠡᠮᠡᠭᠳᠡᠯ ᠤᠨ ᠴᠡᠭ ᠪᠣᠯᠭᠠᠵᠤ᠂ ︽ᠤᠮᠠᠷᠠᠲᠤ ᠬᠢᠯᠢ ᠶᠢᠨ ᠡᠭᠦᠯᠡᠨ ᠪᠤᠳᠤᠯᠳᠠ · ᠣᠶᠤᠨᠴᠢ | ᠳᠣᠲᠣᠭᠠᠳᠤ ᠶᠢ ᠬᠠᠮᠠᠭᠠᠯᠠᠬᠤ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠲᠤᠭ᠎ᠠ ᠪᠠᠷᠢᠮᠲᠠ ᠶᠢᠨ | ᠴᠠᠭᠳᠠᠭᠠᠨ ᠤ ᠶᠠᠪᠤᠳᠠᠯ︾ ᠢ ᠪᠣᠶ ᠪᠣᠯᠭᠠᠵᠤ᠂ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠲᠣᠭᠲᠠᠴᠠ ᠶᠢᠨ | ᠥᠭᠡᠷᠡᠴᠢᠯᠡᠯᠲᠡ ᠶᠢ ᠠᠬᠢᠭᠤᠯᠵᠤ᠂ ᠢᠳᠡᠪᠬᠢᠲᠡᠢ ᠪᠠᠷ ᠰᠢᠨᠵᠢᠯᠡᠬᠦ ᠤᠬᠠᠭᠠᠨ ᠮᠡᠷᠭᠡᠵᠢᠯ ᠠᠴᠠ ᠴᠠᠭᠳᠠᠭᠠᠨ ᠤ | ᠬᠦᠴᠦᠨ ᠢ ᠠᠪᠬᠤ᠂ ᠥᠭᠡᠷᠡᠴᠢᠯᠡᠯᠲᠡ ᠠᠴᠠ ᠳᠠᠶᠢᠴᠢᠨ ᠬᠦᠴᠦᠨ ᠢ ᠠᠪᠴᠤ᠂ ᠡᠷᠬᠡ ᠳᠤ ᠬᠠᠯᠳᠠᠨ ᠬᠠᠭᠤᠷᠮᠠᠭᠯᠠᠨ | ᠵᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠳᠤᠭᠠᠳᠣ ᠶᠢ ᠬᠠᠮᠠᠭᠠᠯᠠᠬᠤ ᠡᠩᠨᠡᠭᠡᠨ ᠤ ᠪᠣᠳᠠᠲᠤ | ᠪᠠᠶᠢᠯᠳᠤᠭᠠᠨ ᠤ ᠴᠢᠳᠠᠪᠤᠷᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ | | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ | | ᠡᠨᠡ ᠵᠢᠯ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠡᠯ ᠡᠭᠦᠰᠦᠭᠰᠡᠨ ᠠᠴᠠ ᠡᠬᠢᠯᠡᠨ | ᠂ ᠳᠤᠳᠤᠭᠠᠳᠤ ᠶᠢ ᠬᠠᠮᠠᠭᠠᠯᠠᠬᠤ ᠲᠢᠩᠬᠢᠮ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ ᠠᠵᠢᠯ ᠢ ᠤᠳᠤᠬᠢ ᠶᠢᠨ | ᠤᠨᠴᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠤᠳ ᠡᠷᠡᠭᠦᠯ ᠮᠡᠨᠳᠦ ᠶᠢ ᠲᠡᠷᠢᠭᠦᠨ ᠪᠠᠶᠢᠷᠢ ᠳᠤ ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠭᠤᠴᠠᠭᠠᠨ ᠳᠤ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠶᠠᠯᠠᠳᠤ ᠠᠵᠢᠯᠯᠠᠭ᠎ᠠ ᠳᠤ ᠴᠢᠩᠭ᠎ᠠ | ᠴᠤᠬᠢᠯᠲᠡ ᠦᠭᠴᠦ᠂ ᠵᠠᠬ᠎ᠠ ᠳᠡᠯᠭᠡᠭᠦᠷ ᠠᠵᠤ ᠠᠬᠤᠢ ᠶᠢᠨ ᠡᠮᠬᠢ ᠲᠢᠭᠯᠢᠮ ᠢ ᠬᠠᠮᠠᠭᠠᠯᠠᠵᠤ᠂ ᠬᠢᠵᠢᠭ ᠤᠨ ᠪᠠᠶᠢᠳᠡᠯ ᠢ | ᠰᠡᠷᠭᠡᠶᠢᠯᠡᠨ ᠡᠵᠡᠮᠳᠡᠬᠦ ᠠᠷᠠᠳ ᠲᠦᠮᠡᠨ ᠤ ᠳᠠᠶᠢᠯᠠᠯᠳᠤᠭᠠᠨ᠂ ᠪᠦᠬᠦ ᠴᠤᠭᠴᠠ ᠶᠢᠨ ᠪᠠᠶᠢᠯᠳᠤᠭᠠᠨ᠂ | ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠵᠤ᠂ ᠠᠮᠤᠷ ᠳᠤᠭᠳᠠᠭᠤᠨ ᠨᠡᠶᠢᠭᠡᠮ ᠤᠨ ᠤᠷᠴᠢᠨ | ᠲᠤᠭᠤᠷᠢᠨ ᠢ ᠪᠤᠢ ᠪᠤᠯᠭᠠᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠭᠤᠷᠮᠠᠭ ᠴᠢᠨᠠᠷ ᠮᠠᠩᠭᠤᠳᠠᠢ ᠲᠠᠸᠠᠷ ᠢ ᠦᠢᠯᠡᠳᠴᠦ | ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠨ᠎ᠡ᠃ | ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠤᠯᠢ ᠪᠤᠰᠤ ᠪᠠᠷ | ᠡᠵᠡᠩᠨᠡᠭᠰᠡᠨ᠂ ᠬᠤᠳᠠᠯ ᠬᠠᠭᠤᠷᠮᠠᠭ ᠵᠠᠷ ᠮᠡᠳᠡᠭᠡ ᠵᠡᠷᠭᠡ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠵᠦ᠂ ᠤᠯᠤᠰ ᠤᠨ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠡᠵᠡᠩᠨᠡᠯᠲᠡ᠂ ᠦᠨ᠎ᠡ | ᠬᠠᠩᠰᠢ ᠶᠢᠨ ᠬᠠᠮᠢᠶᠠᠷᠤᠯᠲᠠ ᠵᠡᠷᠭᠡ ᠲᠣᠭᠲᠠᠭᠠᠯ ᠢ ᠵᠥᠷᠢᠴᠡᠵᠦ᠂ ᠪᠠᠷᠠᠭᠠᠨ ᠤ ᠦᠨ᠎ᠡ ᠶᠢ ᠦᠷᠢᠰᠦᠯᠳᠦᠨ ᠥᠰᠬᠡᠬᠦ᠂ | ᠬᠡᠳᠦ ᠠᠰᠢᠭ ᠬᠤᠨᠵᠢᠬᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢ ᠬᠦᠨᠳᠦ ᠨᠣᠴᠢᠲᠠᠶ ᠰᠠᠮᠠᠭᠤᠷᠠᠭᠤᠯᠤᠭᠰᠠᠨ ᠶᠠᠯᠠᠲᠤ | ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠪᠡ᠃ ᠪᠦᠬᠦ ᠤᠷᠤᠨ ᠤ ᠳᠤᠳᠤᠭᠠᠳᠤ ᠶᠢ ᠬᠠᠮᠠᠭᠠᠯᠠᠬᠤ | ᠪᠠᠶᠢᠭᠤᠯᠭ᠎ᠠ 48 ᠵᠠᠬ᠎ᠠ ᠳᠡᠯᠭᠡᠭᠦᠷ ᠤᠨ ᠡᠵᠡᠩᠨᠡᠯᠲᠡ ᠶᠢ ᠰᠠᠮᠠᠭᠤᠷᠠᠭᠤᠯᠤᠭᠰᠠᠨ ᠶᠠᠯᠠᠲᠤ ᠠᠵᠢᠯᠯᠠᠭ᠎ᠠ ᠶᠢ ᠢᠯᠡᠷᠡᠭᠦᠯᠵᠦ | ᠂ 58 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠪᠥᠬᠦ ᠵᠣᠭᠤᠰ ᠤᠨ ᠲᠤᠭ᠎ᠠ | 2254 . 41 ᠲᠦᠮᠡᠨ ᠲᠥᠭᠦᠷᠢᠭ ᠬᠦᠷᠴᠡᠶ᠃ ᠡᠭᠦᠨ ᠳᠤ᠂ 9 ᠬᠠᠭᠤᠷᠮᠠᠭ ᠴᠢᠨᠠᠷ ᠮᠠᠭᠤᠲᠠᠠᠢ ᠲᠠᠸᠠᠷ | ᠦᠢᠢᠯᠡᠳᠪᠦᠷᠢᠯᠡᠭᠰᠡᠨ ᠪᠤᠷᠤᠯᠠᠭᠤᠯᠤᠭᠰᠠᠨ ᠬᠡᠷᠡᠭ᠂ 11 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ | ᠬᠤᠯᠪᠣᠭᠳᠠᠭᠰᠠᠨ ᠪᠥᠬᠦ ᠵᠣᠭᠤᠰ ᠤᠨ ᠲᠤᠭ᠎ᠠ 73 ᠲᠦᠮᠡᠨ ᠲᠥᠭᠦᠷᠢᠭ᠂ 14 .3 ᠲᠦᠮᠡᠨ ᠬᠠᠭᠤᠷᠮᠠᠭ ᠴᠢᠨᠠᠷ | ᠮᠠᠭᠤᠲᠠᠠᠢ ᠠᠮᠠᠭᠴᠢ ᠶᠢ ᠪᠠᠶᠢᠴᠠᠭᠠᠨ ᠦᠯᠡᠳᠡᠭᠡᠭᠰᠡᠨ ᠪᠠᠶᠢᠨ᠎ᠠ᠃ | ᠴᠠᠬᠢᠯᠭᠠᠨ ᠬᠤᠯᠪᠣᠭᠠᠨ ᠤ ᠮᠡᠬᠡᠯᠡᠯ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠬᠢᠵᠢᠭ ᠤᠨ | ᠪᠠᠶᠢᠳᠠᠯ ᠤᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠤᠯᠢ ᠪᠤᠰᠤ ᠡᠲᠡᠭᠡᠳ ᠤᠨ ᠰᠡᠷᠭᠡᠶᠢᠯᠡᠨ | ᠡᠵᠡᠮᠳᠡᠬᠦ ᠡᠳ᠋ ᠪᠣᠳᠠᠰ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠠᠰᠢᠭᠯᠠᠨ᠂ ᠴᠠᠬᠢᠯᠭᠠᠨ ᠬᠤᠯᠪᠣᠭᠠᠨ ᠤ | ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠡᠷᠡᠭᠵᠢᠭᠦᠯᠬᠦ ᠳᠤ ᠴᠢᠭᠯᠡᠭᠦᠯᠦᠨ᠂ ᠪᠦᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠶᠢ ᠢᠳᠡᠪᠬᠢᠲᠡᠶ ᠪᠠᠶᠢᠷᠢᠯᠠᠭᠤᠯᠵᠤ᠂ ᠢᠯᠡᠳᠲᠡ | ᠠᠮᠵᠢᠯᠲᠠ ᠣᠯᠤᠭᠰᠠᠨ ᠪᠠᠶᠢᠨ᠎ᠠ᠃ ᠪᠥᠬᠦ ᠣᠷᠣᠨ ᠤ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠨᠡᠶᠢᠲᠡ 186 ᠴᠠᠬᠢᠯᠭᠠᠨ ᠬᠤᠯᠪᠤᠭᠠᠨ ᠤ ᠮᠡᠬᠡᠯᠡᠯ ᠤᠨ ᠬᠡᠷᠡᠭ ᠢ ᠢᠯᠡᠷᠡᠭᠦᠯᠵᠦ᠂ 78 ᠶᠠᠯ᠎ᠠ ᠬᠢᠭᠰᠡᠨ ᠰᠡᠵᠢᠭᠳᠡᠨ ᠢ | ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠪᠥᠬᠦ ᠵᠣᠭᠤᠰ ᠤᠨ ᠲᠤᠭ᠎ᠠ 1426 ᠲᠦᠮᠡᠨ ᠲᠥᠭᠦᠷᠢᠭ ᠬᠦᠷᠴᠡᠶ᠃ | ᠬᠥᠯᠥᠨ ᠪᠤᠶᠢᠷ᠂ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠷᠢᠳ ᠬᠤᠵᠢᠳ | 2 ᠣᠨᠴᠠ ᠶᠡᠭᠡ ᠬᠤᠳᠠᠯ ᠬᠠᠭᠤᠷᠮᠠᠭ ᠳᠤᠯᠠᠭᠠᠨ ᠤ ᠬᠡᠮᠵᠢᠭᠦᠷ ᠬᠤᠳᠠᠯᠳᠤᠭᠰᠠᠨ ᠰᠦᠯᠵᠢᠶᠡᠨ ᠤ ᠴᠠᠬᠢᠯᠭᠠᠨ | ᠬᠤᠯᠪᠤᠭᠠᠨ ᠤ ᠮᠡᠬᠡᠯᠡᠯ ᠤᠨ ᠬᠡᠷᠡᠭ ᠢ ᠢᠯᠡᠷᠡᠭᠦᠯᠵᠦ︔ ᠪᠤᠭᠤᠲᠦ᠂ ᠤᠯᠠᠭᠠᠨᠬᠠᠳᠠ᠂ ᠤᠷᠳᠤᠰ᠂ ᠤᠯᠠᠭᠠᠨᠴᠠᠪ᠂ | ᠪᠠᠶᠠᠨᠨᠠᠭᠤᠷ ᠵᠡᠷᠭᠡ ᠭᠠᠵᠠᠷ ᠣᠨᠴᠠ ᠶᠡᠭᠡ ᠬᠤᠳᠠᠯ ᠬᠠᠭᠤᠷᠮᠠᠭ ᠠᠮᠠᠪᠴᠢ ᠬᠤᠳᠠᠯᠳᠤᠭᠰᠠᠨ ᠴᠠᠬᠢᠯᠭᠠᠨ ᠬᠤᠯᠪᠤᠭᠠᠨ ᠤ | ᠮᠡᠭᠡᠯᠡᠯ ᠤᠨ ᠬᠡᠷᠡᠭ ᠢ ᠢᠯᠡᠷᠡᠭᠦᠯᠵᠦ᠂ ᠡᠶᠢᠮᠦᠷᠬᠦᠦ ᠬᠠᠤᠯᠢ ᠠᠴᠠ ᠵᠦᠷᠢᠴᠡᠭᠰᠡᠨ ᠶᠠᠯᠲᠦ ᠠᠵᠢᠯᠯᠠᠭ᠎ᠠ ᠳᠤ ᠬᠦᠴᠦᠲᠡᠢ | ᠴᠤᠬᠢᠯᠳᠠ ᠦᠭᠭᠦᠭᠰᠡᠨ ᠪᠠᠶᠢᠨ᠎ᠠ᠃ | ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠬᠦ ᠲᠤᠰᠬᠠᠶ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ | ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠬᠡᠭᠡᠷ᠎ᠡ ᠶᠢᠨ ᠠᠮᠢᠲᠠᠨ ᠤ ᠬᠡᠷᠡᠭ ᠢ ᠨᠡᠶᠢᠳᠡ 27 ᠪᠠᠶᠢᠴᠠᠭᠠᠨ ᠢᠯᠡᠷᠡᠭᠦᠯᠵᠦ᠂ ᠡᠭᠦᠨ ᠳᠤ 23 ᠵᠠᠰᠠᠭ | ᠵᠠᠬᠢᠷᠭᠠᠨ ᠤ ᠬᠡᠷᠡᠭ᠂ 4 ᠡᠷᠡᠭᠦᠤ ᠶᠢᠨ ᠬᠡᠷᠡᠭ ᠪᠠᠶᠢᠵᠤ᠂ 340 ᠬᠡᠭᠡᠷ᠎ᠡ ᠶᠢᠨ ᠠᠮᠢᠲᠠᠨ ᠢ ᠬᠤᠷᠢᠶᠠᠨ ᠠᠪᠴᠤ᠂ 27 | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠢᠢᠳᠪᠦᠷᠢᠯᠡᠭᠰᠡᠨ ᠪᠠᠶᠢᠨ᠎ᠠ᠃ | | ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠰᠢᠨ᠎ᠡ ᠪᠠᠶᠢᠷᠢᠰᠢᠯ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ | ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠵᠢᠯᠯᠠᠵᠦ ᠪᠠᠶᠢᠨ᠎ᠠ | | 2020 ᠣᠨ ᠳᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ | ᠬᠠᠮᠠᠭᠠᠯᠠᠬᠤ᠂ ᠬᠢᠵᠢᠭ ᠤᠨ ᠪᠠᠶᠢᠳᠠᠯ ᠢ ᠲᠡᠮᠡᠴᠡᠬᠦ᠂ ᠲᠣᠭᠲᠠᠭᠤᠨ ᠢ ᠪᠠᠲᠤᠯᠠᠬᠤ︾ ᠡᠭᠦᠷᠭᠡ ᠴᠢᠳᠠᠪᠤᠷᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠪᠠᠷ ᠠᠮᠤᠷ ᠲᠦᠪᠰᠢᠨ | ᠬᠡᠷᠡᠭᠯᠡᠭᠡᠨ ᠤ ᠣᠷᠴᠢᠨ ᠲᠣᠭᠤᠷᠢᠨ ᠪᠠ ᠡᠷᠬᠡ ᠲᠡᠭᠰᠢ ᠡᠮᠬᠢ ᠵᠢᠷᠤᠮ ᠲᠠᠢ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠪᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠬᠤ ᠪᠠ ᠴᠠᠭᠳᠠᠭ᠎ᠠ | ᠠᠵᠤ ᠠᠬᠤᠶᠢᠯᠠᠯ ᠬᠠᠮᠵᠢᠯᠴᠠᠬᠤ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠲᠠᠢ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ | ᠬᠡᠷᠡᠭ ᠤᠨ ᠪᠠᠶᠢᠳᠠᠯ ᠤᠨ ᠮᠡᠳᠡᠭᠡᠯᠡᠯ᠂ ᠬᠡᠷᠡᠭ ᠢ ᠰᠢᠯᠵᠢᠭᠦᠯᠬᠦ ᠳᠦᠷᠢᠮ ᠢ ᠳᠡᠭᠦᠯᠳᠡᠷᠵᠢᠭᠦᠯᠵᠦ᠂ ᠱᠠᠲᠤ ᠠᠯᠤᠰᠯᠠᠨ᠂ | ᠭᠠᠵᠠᠷ ᠣᠷᠣᠨ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠠᠬᠢᠭᠤᠯᠤᠨ᠎ᠠ᠃ | ᠴᠠᠭᠳᠠᠭ᠎ᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠯᠧᠺᠳ᠋ᠷᠣᠨ ᠬᠤᠳᠠᠯᠳᠤᠭᠠᠨ ᠤ | ᠶᠠᠪᠤᠳᠡᠯ ᠤᠨ ᠲᠣᠮᠣ ᠳ᠋ᠠᠶᠢᠲ᠋ᠠ ᠳᠤ ᠲᠦᠰᠢᠭᠯᠡᠨ᠂ ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠶᠠᠯᠠᠲᠤ | ᠠᠵᠢᠯᠯᠠᠭ᠎ᠠ ᠶᠢ ᠬᠢᠨᠠᠨ ᠰᠡᠷᠡᠮᠵᠢᠯᠡᠭᠦᠯᠬᠦ᠂ ᠲᠦᠭᠰᠢᠭᠦᠷᠢ ᠶᠢ ᠰᠡᠷᠭᠡᠶᠢᠯᠡᠬᠦ᠂ ᠰᠦᠪᠡᠭᠴᠢ ᠶᠢ ᠢᠯᠡᠷᠡᠭᠦᠯᠬᠦ ᠪᠠ | ᠣᠨᠣᠪᠴᠢᠲᠠᠶ ᠴᠣᠬᠢᠯᠲᠠ ᠥᠭᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠤᠯᠳᠠᠯᠭ᠎ᠠ ᠲᠠᠢ ᠣᠷᠣᠨ ᠪᠦᠰᠡ ᠶᠢᠨ ᠲᠤᠰᠬᠠᠶ ᠴᠣᠬᠢᠯᠲᠠ ᠶᠢ | ᠭᠦᠨᠵᠡᠭᠡᠶᠢᠷᠡᠭᠦᠯᠦᠨ᠎ᠡ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠡᠬᠢ ᠡᠭᠦᠰᠦᠯ ᠢ ᠨᠢ | ᠴᠣᠬᠢᠬᠤ᠂ ᠶᠠᠯᠠᠳᠤ ᠠᠵᠢᠯᠯᠠᠭ᠎ᠠ ᠶᠢᠨ ᠭᠠᠵᠠᠷ ᠢ ᠰᠦᠢᠷᠡᠭᠦᠯᠬᠦ᠂ ᠰᠦᠯᠵᠢᠶ᠎ᠡ ᠶᠢ ᠨᠢ ᠡᠪᠳᠡᠬᠦ᠂ ᠬᠡᠯᠬᠢᠶ᠎ᠡ ᠶᠢ ᠨᠢ | ᠲᠠᠰᠤᠯᠬᠤ︾ ᠪᠠᠷ ᠬᠠᠷᠠᠯᠲᠠ ᠪᠠᠨ ᠪᠣᠯᠭᠠᠵᠤ᠂ ᠰᠦᠯᠵᠢᠶᠡᠨ ᠳᠡᠭᠡᠷ᠎ᠡ ᠡᠷᠬᠡ ᠳᠤ ᠬᠠᠯᠳᠠᠭᠰᠠᠨ ᠬᠠᠭᠤᠷᠮᠠᠭ ᠲᠠᠸᠠᠷ | ᠪᠣᠷᠣᠯᠠᠭᠤᠯᠬᠤ᠂ ᠬᠤᠳᠠᠯ ᠬᠠᠭᠤᠷᠮᠠᠭ ᠵᠠᠷ ᠮᠡᠳᠡᠭᠡ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ | ᠬᠡᠷᠡᠭᠲᠡᠶ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠠᠸᠠᠷ ᠲᠤ ᠴᠣᠬᠢᠯᠲᠠ ᠥᠭᠬᠦ | ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠵᠠᠬ᠎ᠠ ᠳᠡᠯᠭᠡᠭᠦᠷ ᠤᠨ ᠡᠷᠬᠡ ᠳᠤ | ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠦᠨ᠎ᠡ᠃ ︽ᠠᠷᠢᠭᠤᠨ | ᠴᠢᠬᠡᠴᠢ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠠᠳᠠᠭᠠᠳᠤ ᠠᠴᠠ ᠤᠷᠤᠭᠤᠯᠬᠤ ᠭᠠᠳᠠᠭᠠᠳᠤ ᠳᠤ ᠭᠠᠷᠭᠠᠬᠤ | ᠭᠤᠭᠴᠤᠭ᠎ᠠ ᠶᠢᠨ ᠡᠷᠬᠡ ᠳᠤ ᠬᠠᠯᠳᠠᠵᠤ ᠬᠠᠭᠤᠷᠮᠠᠭᠯᠠᠬᠤ᠂ ᠬᠢᠯᠢ ᠠᠯᠤᠰᠯᠠᠭᠰᠠᠨ ᠬᠠᠤᠯᠢ ᠠᠴᠠ ᠵᠦᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ | ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ | ᠬᠤᠳᠠᠯᠳᠤᠭᠠᠨ ᠤ ᠨᠢᠭᠤᠴᠠ ᠳᠤ ᠬᠠᠯᠳᠠᠭᠰᠠᠨ ᠵᠡᠷᠭᠡ ᠶᠠᠯᠠᠲᠤ ᠠᠵᠢᠯᠯᠠᠭ᠎ᠠ ᠳᠤ ᠴᠣᠬᠢᠯᠲᠠ ᠦᠭᠭᠦᠨ᠎ᠡ᠃ ︽ | ᠺᠦᠨᠯᠦ᠋ᠨ ᠤ 2020︾ ᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠢᠳᠡᠭᠡᠨ ᠡᠮ ᠤᠷᠴᠢᠨ | ᠲᠤᠭᠤᠷᠢᠨ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠲᠤᠰᠬᠠᠶ | ᠠᠰᠢᠭ ᠤᠨ ᠡᠷᠬᠡ᠂ ᠲᠠᠸᠠᠷ ᠤᠨ ᠲᠡᠮᠳᠡᠭᠲᠦ ᠶᠢᠨ ᠡᠷᠬᠡ᠂ ᠬᠡᠪᠯᠡᠯ ᠤᠨ ᠡᠷᠬᠡ ᠳᠤ ᠬᠠᠯᠳᠠᠭᠰᠠᠨ ᠵᠡᠷᠭᠡ ᠶᠠᠯᠠᠲᠤ | ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠴᠦ᠂ ᠬᠠᠭᠤᠷᠮᠠᠭ ᠴᠢᠨᠠᠷ ᠮᠠᠭᠤᠲᠠᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠠᠸᠠᠷ ᠢ ᠦᠢᠯᠡᠳᠴᠦ ᠪᠣᠷᠣᠯᠠᠭᠤᠯᠬᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ | ᠂ ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ | ᠵᠥᠭᠡᠭᠡᠪᠦᠷᠢᠯᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠦᠭᠭᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠶᠡᠭᠡ ᠪᠠᠷ ᠰᠢᠯᠢᠳᠡᠭᠵᠢᠭᠦᠯᠦᠨ᠎ᠡ᠃ ᠳᠣᠲᠣᠭᠠᠳᠤ ᠶᠢ | ᠬᠠᠮᠠᠭᠠᠯᠠᠬᠤ ᠶᠠᠮᠤᠨ ᠤ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠢᠯᠡᠴᠢᠯᠡᠬᠦ ᠠᠵᠤ ᠠᠬᠤᠶᠢᠯᠠᠯ ᠤᠨ ᠣᠯᠠᠨ ᠲᠦᠮᠡᠨ ᠳᠤ ᠦᠢᠯᠡᠴᠢᠯᠡᠬᠦ 60 ᠵᠦᠢᠯ ᠤᠨ ᠠᠷᠭ᠎ᠠ | ᠬᠡᠮᠵᠢᠶ᠎ᠡ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ | ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠥᠮᠴᠢᠯᠡᠬᠦ ᠡᠷᠬᠡ ᠶᠢ ᠬᠠᠮᠠᠭᠠᠯᠠᠬᠤ᠂ ᠣᠯᠠᠨ ᠨᠡᠶᠢᠲᠡ ᠶᠢᠨ | ᠦᠢᠯᠡᠴᠢᠯᠡᠭᠡ ᠵᠡᠷᠭᠡ ᠲᠠᠯ᠎ᠠ ᠪᠠᠷ ᠶᠡᠷᠷᠥᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠯᠤᠰ ᠤᠨ ᠭᠠᠶᠢᠯᠢ ᠶᠢ | ᠪᠠᠭᠤᠷᠠᠭᠤᠯᠵᠤ ᠰᠦᠢᠳᠭᠡᠯ ᠢ ᠠᠷᠢᠯᠭᠠᠨ ᠳᠠᠷᠤᠭᠠᠰᠤ ᠶᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠢᠭᠡᠳᠦᠯᠲᠡᠶ ᠵᠠᠬ᠎ᠠ ᠳᠡᠯᠭᠡᠭᠦᠷ ᠪᠠ ᠭᠤᠤᠯᠴᠢ ᠪᠠᠷ ᠥᠷᠢᠰᠥᠯᠳᠦᠬᠦ ᠶᠢ ᠬᠠᠷᠰᠢᠯᠠᠬᠤ | ᠲᠥᠷᠥ ᠶᠢᠨ ᠪᠣᠳᠣᠯᠭ᠎ᠠ᠂ ᠲᠣᠭᠲᠠᠭᠠᠯ ᠪᠠ ᠠᠷᠭ᠎ᠠ ᠬᠡᠮᠵᠢᠶ᠎ᠡ ᠶᠢ ᠡᠮᠬᠢᠯᠡᠨ ᠲᠢᠭᠯᠡᠵᠦ ᠬᠦᠴᠦᠨ ᠥᠬᠡᠶ ᠪᠣᠯᠭᠠᠵᠤ᠂ | ᠵᠦᠶ ᠪᠤᠰᠤ ᠥᠷᠢᠰᠥᠯᠳᠦᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠥᠪ ᠭᠤᠤᠯᠴᠢ ᠪᠠᠷ | ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | ᠤᠬᠠᠭᠤᠯᠬᠤ ᠰᠡᠷᠭᠡᠶᠢᠯᠡᠯᠲᠡ ᠶᠢ ᠴᠢᠩᠭᠠᠳᠬᠠᠨ᠎ᠠ᠃ ︽3.15︾ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠡᠳᠦᠷ᠂ ︽4.26︾ ᠳᠡᠯᠡᠬᠡᠶ ᠶᠢᠨ ᠮᠡᠳᠡᠯᠭᠡ ᠶᠢᠨ ᠪᠦᠳᠦᠭᠡᠭᠳᠡᠭᠦᠨ ᠤ ᠥᠮᠴᠢᠯᠡᠬᠦ ᠡᠷᠬᠡ ᠶᠢᠨ ᠡᠳᠦᠷ | ᠂ ︽5. 15︾ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠤᠬᠢᠯᠲᠠ ᠥᠭᠬᠦ ᠪᠠ ᠰᠡᠷᠭᠡᠶᠢᠯᠡᠬᠦ ᠤᠬᠠᠭᠤᠯᠭ᠎ᠠ ᠶᠢᠨ | ᠡᠳᠦᠷ ᠵᠡᠷᠭᠡ ᠴᠢᠬᠤᠯᠠ ᠵᠠᠩᠬᠢᠶᠠᠰᠤ ᠶᠢᠨ ᠲᠣᠭᠤᠷᠢᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠵᠠᠬ᠎ᠠ ᠳᠡᠯᠭᠡᠭᠦᠷ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠲᠠᠢ ᠬᠠᠮᠲᠤᠷᠡᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ᠂ | ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ | ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠬᠠᠮᠢᠶ᠎ᠡ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠵᠤ᠂ ᠨᠡᠶᠢᠲᠡᠯᠢᠭ | ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠢᠯᠡᠴᠢᠯᠡᠨ᠂ ᠶᠠᠯ᠎ᠠ ᠬᠢᠭᠰᠡᠨ ᠠᠷᠭ᠎ᠠ ᠬᠡᠯᠪᠡᠷᠢ ᠶᠢ ᠨᠢ ᠢᠯᠡᠴᠢᠯᠡᠵᠦ᠂ | ᠪᠥᠬᠦ ᠨᠡᠶᠢᠭᠡᠮ ᠤᠨ ᠬᠠᠭᠤᠷᠮᠠᠭ ᠢ ᠮᠡᠳᠡᠷᠡᠵᠦ ᠬᠤᠳᠡᠯ ᠢ ᠰᠡᠷᠭᠡᠶᠢᠯᠡᠬᠦ ᠤᠬᠠᠮᠰᠡᠷ ᠢ ᠳᠡᠭᠡᠭᠰᠢᠯᠡᠭᠦᠯᠦᠨ᠎ᠡ᠃ |