ᠬᠤᠷᠢᠨᠭᠡᠷ ᠰᠢᠶᠠᠨ ᠾᠧᠩ ᠳ᠋ᠠ ᠭᠠᠵᠠᠷ ᠰᠢᠷᠣᠢ ᠶᠢᠨ ᠬᠦᠷᠦᠩᠭᠡ ᠶᠢᠨ ᠪᠦᠯᠦᠭᠯᠡᠯ ᠤᠨ ᠥᠪᠥᠷ ᠮᠣᠩᠭᠤᠯ ᠤᠨ ᠺᠣᠮᠫᠠᠨᠢ ᠯᠤᠭ᠎ᠠ ᠶᠠᠳᠠᠭᠤ ᠶᠢ ᠳᠡᠳᠬᠦᠬᠦ᠂ ᠠᠵᠢᠯ ᠣᠯᠭᠤᠯᠲᠠ ᠵᠡᠷᠭᠡ ᠲᠦᠷᠥᠯ ᠵᠦᠢᠯ ᠤᠨ ᠬᠤᠪᠢ ᠳᠤ ᠠᠵᠢᠯ ᠵᠣᠯᠭᠠᠭᠤᠯᠣᠨ ᠶᠠᠷᠢᠯᠴᠠᠪᠠ
ᠨᠡᠶᠢᠲᠡᠯᠡᠭᠰᠡᠨ ᠴᠠᠭ᠄
2020-04-14
     4 ᠳ᠋ᠦ᠋ᠭᠡᠷ ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠾᠧᠩ ᠳ᠋ᠡ ᠭᠠᠵᠠᠷ ᠰᠢᠷᠣᠶ ᠶᠢᠨ ᠬᠥᠷᠥᠩᠭᠡ ᠶᠢᠨ ᠪᠦᠯᠦᠭᠯᠡᠯ ᠤᠨ ᠥᠪᠥᠷ ᠮᠣᠩᠭᠤᠯ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠰᠧ ᠴᠢᠤᠸᠠᠨ ᠲᠠᠢ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠵᠡᠷᠭᠡ ᠠᠵᠢᠯ ᠤᠨ ᠲᠤᠬᠠᠶ ᠠᠵᠢᠯ ᠵᠣᠯᠭᠠᠭᠤᠯᠪᠠ᠃      ᠵᠠᠩ ᠶᠦᠩ ᠸᠧᠨ ᠵᠢᠭᠠᠵᠣ ᠭᠠᠷᠭᠠᠭᠰᠠᠨ ᠨᠢ᠂ ᠾᠧᠩ ᠳ᠋ᠡ ᠪᠦᠯᠦᠭᠯᠡᠯ ᠤᠯᠤᠰ ᠤᠨ ᠳᠣᠲᠣᠭᠠᠳᠤ ᠶᠢᠨ ᠨᠡᠷᠡᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠤᠯᠤᠰ ᠤᠨ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠭᠦᠢᠵᠧᠦ ᠮᠤᠵᠢ ᠳᠤ ᠨᠢᠭᠡᠨᠲᠡ ᠯᠤᠲᠤ ᠶᠡᠭᠡ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠪᠠ ᠲᠣᠷᠰᠢᠯᠭ᠎ᠠ ᠣᠯᠤᠭᠰᠠᠨ ᠪᠠᠶᠢᠨ᠎ᠠ ᠭᠡᠪᠡ᠃      ᠵᠠᠩ ᠶᠦᠩ ᠸᠧᠨ ᠢᠯᠡᠷᠬᠡᠶᠢᠯᠡᠬᠦ ᠳᠡᠭᠡᠨ᠂ ᠬᠤᠷᠢᠨᠭᠡᠷ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠨᠡᠯᠢᠶᠡᠳ ᠬᠦᠨᠳᠦ ᠪᠠᠶᠢᠵᠤ᠂ ᠠᠵᠤ ᠦᠢᠯᠡᠰ ᠢ ᠪᠤᠶᠢᠵᠢᠭᠤᠯᠬᠤ᠂ ᠠᠵᠢᠯ ᠣᠯᠭᠤᠯᠲᠠ ᠶᠢ ᠰᠢᠢᠳᠪᠦᠷᠢᠯᠡᠬᠦ ᠵᠡᠷᠭᠡ ᠲᠠᠯ᠎ᠠ ᠪᠠᠷ ᠪᠠᠰᠠ ᠳᠤᠲᠠᠭᠤᠳᠠᠯ ᠣᠷᠣᠰᠢᠵᠤ ᠪᠠᠶᠢᠨ᠎ᠠ᠂ ᠾᠧᠩ ᠳ᠋ᠡ ᠪᠦᠯᠦᠭᠯᠡᠯ ᠮᠠᠨ ᠤ ᠰᠢᠶᠠᠨ ᠲᠠᠢ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠨᠥᠬᠦᠷᠰᠡᠭ ᠬᠠᠷᠢᠴᠠᠭ᠎ᠠ ᠪᠠᠶᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠢᠳᠡᠪᠬᠢᠲᠡᠶ ᠪᠠᠯᠠ ᠣᠷᠣᠭᠤᠯᠤᠨ ᠬᠠᠪᠰᠤᠷᠤᠨ ᠲᠡᠳᠬᠦᠵᠦ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠣᠨᠳᠣᠤ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠨ᠎ᠡ᠃ ᠮᠠᠨ ᠤ ᠰᠢᠶᠠᠨ ᠤ ᠣᠨᠴᠠᠯᠢᠭᠲᠤ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠰᠣᠶᠣᠯ ᠤᠨ ᠵᠢᠭᠤᠯᠴᠢᠯᠠᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠰᠣᠶᠣᠯ ᠵᠢᠭᠤᠯᠴᠢᠯᠠᠯ ᠤᠨ ᠡᠯ᠎ᠡ ᠬᠦᠷᠢᠶ᠎ᠡ ᠴᠠᠷᠠᠭ᠎ᠠ᠂ ᠣᠯᠠᠨ ᠣᠷᠣᠨ ᠪᠠᠶᠢᠷᠢ᠂ ᠪᠥᠬᠦ ᠬᠡᠯᠬᠢᠶᠡᠰᠦ ᠶᠢᠨ ᠭᠦᠨᠵᠡᠭᠡᠶ ᠠᠭᠤᠰᠤᠯᠴᠠᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ᠂ ᠰᠢᠨ᠎ᠡ ᠳᠠᠪᠠᠭᠤᠯᠢᠭ ᠢ ᠴᠢᠷᠮᠠᠶᠢᠨ ᠪᠣᠶ ᠪᠣᠯᠭᠠᠨ᠎ᠠ᠃ ᠮᠠᠨ ᠤ ᠰᠢᠶᠠᠨ ᠤ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠰᠠᠭᠤᠷᠢᠨ ᠭᠠᠵᠠᠷ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠨᠠᠩ ᠣᠯᠠᠨ ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠰᠢᠨ᠎ᠡ ᠲᠣᠭᠤᠷᠢᠭ ᠤᠨ ᠰᠠᠶᠢᠨ ᠰᠠᠶᠢᠬᠠᠨ ᠠᠮᠢ ᠠᠬᠤᠶ ᠶᠢᠨ ᠨᠦᠬᠦᠴᠡᠯ ᠤᠨ ᠲᠣᠭᠤᠷᠢᠨ ᠳᠤ᠂ ᠬᠤᠲᠠ ᠶᠢᠨ ᠵᠤᠭᠠᠴᠠᠨ ᠰᠡᠯᠡᠭᠦᠴᠡᠬᠦ ᠵᠢᠭᠤᠯᠴᠢᠯᠠᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ ᠭᠠᠵᠠᠷ ᠰᠢᠷᠣᠶ ᠪᠠᠨ ᠠᠯᠳᠠᠭᠰᠠᠨ ᠲᠠᠷᠢᠶᠠᠴᠢᠳ ᠲᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠰᠠᠶᠢᠲᠤᠷ ᠰᠢᠢᠳᠪᠦᠷᠢᠯᠡᠵᠦ᠂ ᠠᠵᠢᠯ ᠣᠯᠭᠤᠬᠤ ᠠᠵᠢᠯ ᠤᠨ ᠪᠠᠶᠢᠷᠢ ᠶᠢ ᠤᠯᠠᠨ ᠠᠷᠭ᠎ᠠ ᠵᠠᠮ ᠢᠶᠠᠷ ᠥᠷᠭᠡᠳᠬᠡᠵᠦ᠂ ᠲᠠᠷᠢᠶᠠᠴᠢᠳ ᠤᠨ ᠭᠠᠵᠠᠷ ᠰᠢᠷᠣᠶ ᠪᠠᠨ ᠠᠯᠳᠠᠭᠰᠠᠨ ᠴᠤ ᠠᠵᠢᠯ ᠠᠯᠳᠠᠬᠤ ᠦᠭᠡᠢ ᠪᠠᠶᠢᠬᠤ ᠶᠢ ᠦᠨᠡᠨᠬᠦ ᠪᠠᠲᠣᠯᠠᠬᠤ ᠬᠡᠷᠡᠭᠲᠡᠢ ᠭᠡᠵᠡᠢ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠸᠠᠩ ᠯᠠᠶ ᠵᠦ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠰᠢᠨ᠎ᠡ ᠲᠣᠭᠤᠷᠢᠭ ᠤᠨ ᠬᠠᠮᠢᠶᠠᠷᠣᠯᠲᠠ ᠶᠢᠨ ᠵᠥᠪᠯᠡᠯ᠂ ᠾᠧᠩ ᠳ᠋ᠡ ᠪᠦᠯᠦᠭᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠶ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠱᠧᠩ ᠯᠧ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号