ᠬᠤᠷᠢᠨᠭᠡᠷ ᠰᠢᠶᠠᠨ ︽ᠳᠠᠭᠠᠳᠬᠠᠯ ᠮᠡᠬᠡᠯᠡᠬᠦ ᠳᠤ ᠴᠣᠬᠢᠯᠲᠠ ᠥᠭᠴᠦ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-04-14
     ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠣᠯ ᠠᠷᠠᠳ ᠣᠯᠠᠨ ᠤ ᠡᠪᠡᠳᠴᠢᠨ ᠵᠠᠰᠠᠵᠤ ᠠᠮᠢ ᠠᠪᠤᠷᠠᠬᠤ ᠲᠤᠰᠬᠠᠢ ᠵᠦᠢᠯ ᠤᠨ ᠪᠠᠯᠠ ᠮᠥᠩᠭᠦ ᠪᠠᠶᠢᠵᠤ᠂ ᠳᠠᠭᠠᠳᠬᠠᠯ ᠳᠤ ᠣᠷᠣᠯᠴᠠᠭᠰᠠᠳ ᠤᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠰᠠᠭᠤᠷᠢ ᠮᠥᠩᠭᠦᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠬᠦᠨᠳᠦ ᠪᠠᠶᠢᠳᠠᠭ᠃ 4 ᠳ᠋ᠦ᠋ᠭᠡᠷ ᠰᠠᠷ᠎ᠠ ᠶᠢᠨ 9 ᠤ ᠡᠳᠦᠷ᠂ ᠬᠤᠷᠢᠨᠭᠡᠷ ᠰᠢᠶᠠᠨ ᠤ 2020 ᠣᠨ ᠤ ︽ᠳᠠᠭᠠᠳᠬᠠᠯ ᠮᠡᠬᠡᠯᠡᠬᠦ ᠳᠤ ᠴᠣᠬᠢᠯᠲᠠ ᠥᠭᠴᠦ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ︾ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠬᠦ ᠶᠣᠰᠣᠯᠠᠯ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃      ᠡᠬᠢᠯᠡᠯᠲᠡ ᠶᠢᠨ ᠶᠣᠰᠣᠯᠠᠯ ᠤᠨ ᠠᠬᠤᠶ ᠲᠠᠯᠠᠪᠠᠶ ᠳᠤ᠂ ᠡᠯ᠎ᠡ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠲᠣᠭᠲᠠᠭᠰᠠᠨ ᠡᠮ ᠤᠨ ᠳᠡᠯᠭᠡᠭᠦᠷ ᠤᠨ ᠠᠵᠢᠯᠲᠠᠨ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠵᠠᠷᠯᠠᠯ ᠨᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠠᠷᠠᠳ ᠲᠦᠮᠡᠨ ᠳᠤ ︽ᠳᠠᠭᠠᠳᠬᠠᠯ ᠮᠡᠬᠡᠯᠡᠬᠦ ᠳᠤ ᠴᠣᠬᠢᠯᠲᠠ ᠥᠭᠴᠦ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ︾ ᠡᠯ᠎ᠡ ᠵᠦᠢᠯ ᠤᠨ ᠲᠥᠷᠥ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠳᠡᠯᠭᠡᠷᠡᠭᠦᠯᠪᠡ᠃ ᠠᠷᠠᠳ ᠤᠯᠠᠨ ᠤ ᠳᠠᠭᠠᠳᠬᠠᠯ ᠳᠤ ᠮᠡᠬᠡᠯᠡᠭᠳᠡᠬᠦ ᠦᠢᠯᠡ ᠠᠵᠢᠯᠯᠠᠭ᠎ᠠ ᠳᠤ ᠬᠤᠬᠢᠷᠠᠯ ᠠᠮᠰᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠮᠠᠨ ᠤ ᠰᠢᠶᠠᠨ ᠳᠤ ᠣᠨᠴᠠᠭᠠᠶᠢᠯᠠᠨ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ ᠪᠠᠶᠢᠭᠤᠯᠵᠤ᠂ ᠡᠯ᠎ᠡ ᠲᠦᠷᠦᠯ ᠤᠨ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠶᠢ ᠲᠦᠷᠦᠭᠦᠯᠡᠨ ᠳᠡᠮᠵᠢᠬᠦ ᠪᠥᠭᠡᠳ ᠪᠠᠰᠠ ᠪᠦᠬᠦ ᠰᠢᠶᠠᠨ ᠤ ᠬᠡᠪᠴᠢᠶᠡᠨ ᠳᠤ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠭᠠᠷᠭᠠᠵᠤ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠵᠤ ᠪᠤᠢ᠃      ᠵᠠᠩ ᠯᠢᠨ ᠯᠢᠨ ᠵᠢᠭᠠᠵᠤ ᠭᠠᠷᠭᠠᠭᠰᠠᠨ ᠨᠢ᠂ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠪᠣᠯ ᠠᠷᠠᠳ ᠣᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠠᠯᠳᠠᠵᠤ᠂ ᠡᠮ ᠡᠮᠨᠡᠯᠭᠡ ᠶᠢᠨ ᠳᠠᠭᠠᠳᠬᠠᠯ ᠤᠨ ᠬᠠᠤᠯᠢ ᠪᠠᠷ ᠵᠠᠰᠠᠬᠤ ᠲᠥᠪ ᠭᠤᠤᠯᠴᠢ ᠰᠢᠳᠤᠷᠭᠤ ᠶᠣᠰᠣ ᠳᠤ ᠬᠠᠯᠳᠠᠵᠤ᠂ ᠨᠠᠮ ᠪᠠ ᠵᠠᠰᠠᠭ ᠤᠨ ᠣᠷᠳᠣᠨ ᠤ ᠳᠦᠷᠢ ᠲᠥᠷᠬᠦ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠤᠬᠢᠷᠠᠭᠤᠯᠵᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠤᠨ ᠰᠠᠭᠤᠷᠢ ᠶᠢ ᠵᠠᠳᠠᠷᠠᠭᠤᠯᠵᠤ ᠪᠠᠶᠢᠭ᠎ᠠ ᠠᠵᠢᠯᠯᠠᠭ᠎ᠠ ᠪᠣᠯᠣᠨ᠎ᠠ᠂ ᠡᠷᠬᠡᠪᠰᠢ ᠥᠴᠦᠬᠡᠨ ᠴᠦ ᠬᠦᠯᠢᠴᠡᠬᠦ ᠥᠬᠡᠶ᠂ ᠬᠦᠨᠳᠦ ᠨᠣᠴᠢᠲᠠᠢ ᠴᠣᠬᠢᠯᠲᠠ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠭᠦᠨ᠂ ᠡᠮ ᠡᠮᠨᠡᠯᠭᠡ ᠶᠢᠨ ᠳᠠᠭᠠᠳᠬᠠᠯ ᠤᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠨᠡᠶᠢᠳᠡᠮ ᠠᠩᠬᠠᠷᠴᠤ ᠪᠠᠶᠢᠭ᠎ᠠ ᠰᠠᠶᠢᠨ ᠰᠠᠶᠢᠬᠠᠨ ᠠᠭᠤᠷ ᠠᠮᠢᠰᠬᠤᠯ ᠢ ᠥᠷᠭᠡᠨ ᠢᠶᠠᠷ ᠪᠤᠢ ᠪᠣᠯᠭᠠᠵᠤ᠂ ᠡᠯ᠎ᠡ ᠰᠢᠶᠠᠩ ᠪᠠᠯᠭᠠᠰᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ︽ᠳᠠᠭᠠᠳᠬᠠᠯ ᠮᠡᠬᠡᠯᠡᠬᠦ ᠳᠤ ᠴᠣᠬᠢᠯᠲᠠ ᠥᠭᠴᠦ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ︾ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠪᠠᠷ ᠲᠣᠬᠢᠶᠠᠯ ᠪᠣᠯᠭᠠᠨ᠂ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠰᠢᠶᠠᠨ ᠤ ᠳᠠᠭᠠᠳᠬᠠᠯ ᠮᠡᠬᠡᠯᠡᠬᠦ ᠳᠤ ᠴᠣᠬᠢᠯᠲᠠ ᠥᠭᠬᠦ ᠲᠤᠰᠬᠠᠶ ᠵᠦᠢᠯ ᠤᠨ ᠵᠠᠰᠠᠯᠲᠠ᠂ ᠡᠳᠦᠷ ᠲᠤᠲᠤᠮ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠯᠤᠭ᠎ᠠ ᠨᠢᠭᠲᠠ ᠤᠶᠠᠯᠳᠤᠭᠤᠯᠤᠨ᠂ ᠤᠬᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠡᠮᠨᠡᠯᠭᠡ ᠶᠢᠨ ᠬᠤᠷᠢᠶ᠎ᠠ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠲᠣᠰᠬᠤᠨ ᠡᠷᠦᠬᠡ ᠳᠤ ᠣᠷᠣᠭᠤᠯᠬᠤ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢ ᠪᠥᠬᠦ ᠲᠠᠯ᠎ᠠ ᠪᠠᠷ ᠲᠦᠭᠡᠮᠡᠯᠵᠢᠭᠦᠯᠵᠦ᠂ ᠠᠷᠠᠳ ᠣᠯᠠᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠬᠦ ᠨᠣᠷᠮ᠎ᠠ᠂ ᠳᠠᠭᠠᠳᠬᠠᠯ ᠳᠤ ᠣᠷᠣᠯᠴᠠᠬᠤ ᠨᠣᠷᠮ᠎ᠠ ᠪᠠ ᠬᠠᠨᠤᠮᠵᠢ ᠶᠢᠨ ᠨᠣᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠬᠠᠮᠢᠶ᠎ᠠ ᠪᠥᠬᠦᠶ ᠨᠢᠭᠡᠴᠡ ᠨᠠᠩ ᠴᠤ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠢᠳᠡᠪᠬᠢᠲᠡᠶ ᠪᠠᠶᠢᠭᠤᠯᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠭᠡᠨᠡᠳᠲᠡ ᠶᠢᠨ ᠪᠠᠶᠢᠴᠠᠭᠠᠯᠲᠠ ᠬᠢᠬᠦ ᠵᠡᠷᠭᠡ ᠣᠯᠠᠨ ᠵᠦᠢᠯ ᠤᠨ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠡᠮᠴᠢᠯᠡᠭᠡᠨ ᠤ ᠳᠠᠭᠠᠳᠬᠠᠯ ᠤᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠪᠠ ᠬᠠᠮᠤᠷᠬᠤ ᠬᠡᠪᠴᠢᠶ᠎ᠡ ᠶᠢ ᠪᠥᠬᠦ ᠲᠠᠯ᠎ᠠ ᠪᠠᠷ ᠨᠡᠮᠡᠭᠳᠡᠭᠦᠯᠵᠦ᠂ ᠦᠷᠭᠦᠯᠵᠢᠯᠡᠨ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠪᠣᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号