【 ᠬᠦᠳᠡᠭᠡ ᠲᠣᠰᠬᠤᠨ ᠤ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠳᠤ ᠠᠩᠬᠠᠷᠣᠯ ᠢᠶᠠᠨ ᠬᠠᠨᠳᠣᠭᠤᠯᠬᠤ ᠨᠢ】 ᠱᠧᠩ ᠯᠧ ᠪᠠᠯᠭᠠᠰᠤ ᠲᠣᠰᠬᠤᠨ ᠠᠵᠤ ᠠᠬᠤᠶᠢᠯᠠᠯ ᠬᠦᠴᠦ ᠪᠠᠨ ᠬᠠᠮᠲᠤᠳᠬᠠᠨ ᠰᠠᠶᠢᠨ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠲᠤᠪᠠᠷ ᠴᠣᠭᠴᠠᠯᠠᠨ᠎ᠠ
ᠨᠡᠶᠢᠲᠡᠯᠡᠭᠰᠡᠨ ᠴᠠᠭ᠄
2020-04-15
      ᠪᠥᠬᠦ ᠰᠢᠶᠠᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠦᠭᠰᠡᠨ ᠤ ᠳᠠᠷᠠᠭ᠎ᠠ᠂ ᠬᠡᠳᠦᠨ ᠡᠳᠦᠷ ᠤᠨ ᠲᠤᠷᠰᠢ᠂ ᠱᠧᠩ ᠯᠧ ᠪᠠᠯᠭᠠᠰᠤ ︽ᠪᠤᠵᠠᠷ ᠪᠤᠷᠲᠠᠭ ᠢ ᠵᠠᠰᠠᠬᠤ᠂ ᠵᠠᠮᠪᠠᠷᠠᠭ᠎ᠠ ᠥᠬᠡᠶ ᠪᠠᠶᠢᠳᠠᠯ ᠢ ᠵᠠᠰᠠᠬᠤ᠂ ᠣᠶ ᠰᠢᠭᠤᠶ ᠶᠢ ᠵᠠᠰᠠᠬᠤ᠂ ᠤᠰᠤ ᠶᠢ ᠵᠠᠰᠠᠬᠤ᠂ ᠵᠠᠮ ᠢ ᠵᠠᠰᠠᠬᠤ︾ ᠪᠠᠷ ᠭᠤᠤᠯᠳᠠᠯᠭ᠎ᠠ ᠪᠣᠯᠭᠠᠵᠤ᠂ ︽ᠴᠡᠪᠡᠷ ᠴᠡᠮᠴᠡᠭᠡᠷ ᠴᠢᠨᠡᠭᠡᠯᠢᠭ ᠨᠡᠶᠢᠭᠡᠮ ᠢ ᠤᠭᠲᠤᠬᠤ︾ ᠭᠤᠤᠯ ᠰᠡᠳᠦᠪ ᠤᠨ ᠲᠣᠭᠤᠷᠢᠨ ᠳᠤ ᠰᠦᠷ ᠳᠠᠯᠠᠶᠢᠴᠠᠲᠠᠶ ᠴᠡᠪᠡᠷᠯᠡᠨ ᠴᠡᠭᠴᠡᠯᠡᠬᠦ ᠠᠵᠢᠯ ᠢ ᠥᠷᠨᠢᠭᠦᠯᠪᠡ᠃ ᠲᠣᠰᠬᠤᠨ ᠤ ᠳᠦᠷᠰᠦ ᠪᠠᠶᠢᠳᠠᠯ ᠢ ᠬᠠᠪᠰᠤᠷᠤᠨ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠭᠦᠯᠡᠩᠲᠦ ᠰᠠᠶᠢᠬᠠᠨ ᠠᠶᠢᠯ ᠲᠣᠰᠬᠤᠨ ᠢ ᠪᠥᠲᠥᠭᠡᠨ ᠪᠠᠶᠢᠭᠤᠯᠬᠤ ᠶᠢᠨ ᠲᠥᠯᠥᠭᠡ᠂ ᠪᠠᠯᠭᠠᠰᠤᠨ ᠳᠤ ᠰᠠᠭᠤᠭ᠎ᠠ ᠬᠡᠰᠡᠭ ᠠᠵᠤ ᠠᠬᠤᠶᠢᠯᠠᠯ ᠲᠣᠰ ᠠᠵᠣ ᠠᠬᠤᠶᠢᠯᠠᠯ ᠤᠨ ᠡᠭᠦᠷᠭᠡᠯᠡᠯ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠠᠷᠢᠭᠤᠴᠯᠠᠭ᠎ᠠ ᠶᠢ ᠡᠭᠦᠷᠭᠡᠯᠡᠵᠦ᠂ ᠱᠧᠩ ᠯᠧ ᠪᠠᠯᠭᠠᠰᠤ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠳᠤ ᠬᠦᠴᠦᠨ ᠨᠡᠮᠡᠷᠢᠯᠡᠨ᠎ᠡ᠃      
     4 ᠳ᠋ᠦ᠋ᠭᠡᠷ ᠰᠠᠷ᠎ᠠ ᠶᠢᠨ 12 ᠤᠨ ᠡᠳᠦᠷ᠂ ᠾᠧ ᠬᠤᠸᠠ ᠪᠦᠯᠦᠭᠯᠡᠯ 1 ᠮᠠᠯᠲᠠᠭᠤᠷ ᠮᠠᠰᠢᠨ᠂ 2 ᠠᠴᠢᠶᠠᠨ ᠤ ᠮᠠᠰᠢᠨ᠂ 4  ᠥᠪᠡᠷᠲᠡᠭᠡᠨ ᠪᠠᠭᠤᠯᠭᠠᠬᠤ ᠮᠠᠰᠢᠨ ᠪᠣᠯᠤᠨ 5 ᠳᠥᠷᠪᠡᠨ ᠬᠦᠷᠳᠦᠲᠦ ᠮᠠᠰᠢᠨ ᠲᠡᠷᠭᠡ ᠬᠥᠳᠡᠯᠭᠡᠨ᠂ ᠬᠤᠶᠢᠲᠤ ᠳᠣᠯᠣᠭᠠᠨ ᠪᠠᠶᠢᠰᠢᠩ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠬᠤ ᠠᠵᠢᠯ ᠳᠤ ᠣᠷᠣᠯᠴᠠᠪᠠ᠃ ᠲᠣᠰᠬᠤᠨ ᠤ ᠳᠣᠲᠣᠷᠠᠬᠢ ᠲᠠᠷᠢᠶᠠᠨ ᠭᠠᠵᠠᠷ ᠤᠨ ᠦᠵᠦᠭᠦᠷ᠂ ᠭᠤᠤᠯ ᠤᠨ ᠵᠠᠮ ᠰᠤᠪᠠᠭ ᠤᠨ ᠳᠣᠲᠣᠷᠠᠬᠢ ᠬᠠᠭᠤᠴᠢᠷᠠᠭᠰᠠᠨ ᠲᠦᠯᠡᠭᠡ ᠡᠪᠡᠰᠦ ᠶᠢᠨ ᠣᠪᠣᠭ᠎ᠠ᠂ ᠡᠰᠢ ᠰᠦᠷᠡᠯ ᠤᠨ ᠣᠪᠣᠭ᠎ᠠ ᠵᠡᠷᠭᠡ ᠠᠰᠢᠭᠯᠠᠬᠤ ᠦᠨ᠎ᠡ ᠥᠷᠲᠡᠭ ᠥᠬᠡᠶ ᠲᠠᠷᠢᠶᠠᠯᠠᠩ ᠣᠶ ᠰᠢᠭᠤᠶ ᠶᠢᠨ ᠬᠠᠶᠠᠭᠳᠠᠮᠠᠯ ᠡᠳ᠋ ᠤᠨ ᠣᠪᠣᠭ᠎ᠠ ᠶᠢ ᠭᠤᠤᠯᠳᠠᠯᠭ᠎ᠠ ᠲᠠᠢ ᠴᠡᠪᠡᠷᠯᠡᠨ᠂ ᠬᠡᠷ ᠪᠠᠶᠢᠰᠢᠩ ᠤᠨ ᠡᠮᠦᠨ᠎ᠡ ᠬᠤᠶᠢᠨᠠᠬᠢ ᠡᠯᠡᠰᠦᠨ ᠣᠪᠣᠭ᠎ᠠ᠂ ᠰᠢᠷᠣᠶ ᠶᠢᠨ ᠣᠪᠣᠭ᠎ᠠ᠂ ᠲᠣᠭᠤᠰᠬᠠᠨ ᠣᠪᠣᠭ᠎ᠠ᠂ ᠦᠨᠡᠰᠦᠨ ᠣᠪᠣᠭ᠎ᠠ ᠵᠡᠷᠭᠡ ᠪᠠᠷᠢᠯᠭ᠎ᠠ ᠶᠢᠨ ᠮᠠᠲ᠋ᠧᠷᠢᠶᠠᠯ ᠵᠢᠴᠢ ᠦᠢᠯᠡᠳᠪᠦᠷᠢᠯᠡᠯ ᠠᠮᠢᠳᠤᠷᠠᠯ ᠤᠨ ᠬᠠᠶᠠᠭᠳᠠᠮᠠᠯ ᠡᠳ᠋ ᠤᠨ ᠣᠪᠣᠭ᠎ᠠ ᠵᠡᠷᠭᠡ ᠶᠢ ᠰᠢᠢᠳᠪᠦᠷᠢᠯᠡᠪᠡ᠃ ᠲᠣᠰ ᠤᠳᠠᠭᠠᠨ ᠤ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠡᠮᠦᠨ᠎ᠡ᠂ ᠾᠧ ᠬᠤᠸᠠ ᠪᠦᠯᠦᠭᠯᠡᠯ ᠳᠠᠷᠤᠶ ᠣᠯᠠᠨ ᠤᠳᠠᠭ᠎ᠠ ᠳᠤᠮᠳᠠ ᠬᠡᠯᠪᠡᠷᠢ ᠶᠢᠨ ᠬᠦᠨᠳᠦ ᠮᠧᠬᠠᠨᠢᠭ ᠬᠦᠳᠡᠯᠭᠡᠨ᠂ ᠬᠦᠴᠦ ᠪᠠᠨ ᠬᠠᠮᠲᠤᠳᠬᠠᠨ ᠣᠷᠣᠯᠴᠠᠵᠣ᠂ ᠪᠠᠯᠭᠠᠰᠤᠨ ᠤ ᠳᠣᠲᠣᠷᠠᠬᠢ ᠡᠯ᠎ᠡ ᠵᠦᠢᠯ ᠤᠨ ᠭᠤᠤᠯᠳᠠᠯᠭ᠎ᠠ ᠲᠠᠢ ᠴᠡᠭᠴᠡᠯᠡᠨ ᠵᠠᠰᠠᠬᠤ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠬᠦ ᠳᠤ ᠬᠦᠴᠦ ᠭᠠᠷᠭᠠᠭᠰᠠᠨ ᠶᠤᠮ᠃      
     ᠲᠣᠰᠬᠤᠨ ᠤ ᠬᠤᠭ ᠨᠣᠪᠰᠢ᠂ ᠡᠯᠳᠡᠪ ᠵᠦᠢᠯᠡᠰ ᠤᠨ ᠣᠪᠣᠭ᠎ᠠ᠂ ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠲᠦᠢᠯᠪᠤᠷᠢᠲᠠᠶ ᠴᠡᠪᠡᠷᠯᠡᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠲᠢᠶᠠᠨ ᠮᠤ᠋ ᠠᠵᠤ ᠠᠬᠤᠶᠢᠯᠠᠯ ᠪᠣᠯᠤᠨ ᠽᠢ ᠠᠩ ᠮᠠᠯ ᠠᠵᠤ ᠠᠬᠤᠢ ᠶᠢᠨ ᠠᠵᠤ ᠠᠬᠤᠶᠢᠯᠠᠯ ᠨᠢ ᠥᠪᠡᠷᠰᠡᠳ ᠤᠨ ᠬᠠᠷᠢᠭᠤᠴᠠᠯᠭ᠎ᠠ ᠪᠠᠨ ᠪᠠᠳᠠᠷᠠᠭᠤᠯᠵᠤ᠂ ᠭᠦᠸᠧ ᠵᠢᠶᠠ ᠲᠠᠨ ᠲᠣᠰᠬᠤᠨ ᠢ ᠬᠠᠪᠰᠤᠷᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠪᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢ ᠬᠤᠪᠢ ᠬᠥᠮᠦᠨ ᠳᠤ ᠬᠤᠯᠪᠣᠭᠳᠠᠬᠤ ᠪᠠᠷ ᠪᠠᠷᠠᠬᠤ ᠦᠭᠡᠢ ᠨᠡᠩ ᠴᠤ ᠪᠦᠬᠦ ᠨᠡᠶᠢᠭᠡᠮ ᠢᠶᠠᠷ ᠢᠶᠠᠨ ᠰᠡᠳᠬᠢᠯ ᠨᠢᠭᠡᠳᠦᠨ ᠬᠦᠴᠦᠯᠡᠬᠦ ᠬᠡᠷᠡᠭᠲᠡᠢ᠃ ᠪᠠᠯᠭᠠᠰᠤᠨ ᠳᠤ ᠰᠠᠭᠤᠭ᠎ᠠ ᠥᠷᠭᠡᠨ ᠣᠯᠠᠨ ᠠᠵᠤ ᠠᠬᠤᠶᠢᠯᠠᠯ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠵᠦ᠂ ᠦᠵᠡᠰᠬᠦᠯᠡᠩᠲᠦ ᠰᠠᠶᠢᠬᠠᠨ ᠬᠦᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠡᠷᠡᠯ ᠭᠢᠯᠪᠠᠭ᠎ᠠ ᠣᠯᠭᠤᠵᠤ᠂ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠵᠤ᠂ ᠱᠧᠩ ᠯᠧ ᠪᠠᠯᠭᠠᠰᠤᠨ ᠤ ᠰᠠᠶᠢᠨ ᠰᠠᠶᠢᠬᠠᠨ ᠬᠥᠳᠡᠭᠡ ᠲᠣᠰᠬᠤᠨ ᠤ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠣᠭᠴᠠᠯᠠᠬᠤ ᠳᠤ ᠬᠦᠴᠦᠨ ᠨᠡᠮᠡᠷᠢᠯᠡᠵᠦ᠂ ᠪᠥᠬᠦ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号