ᠴᠧᠨ ᠯᠢ ᠶᠢᠨ᠄ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠪᠡᠯᠡᠳᠬᠡᠯ ᠢ ᠪᠠᠲᠤᠯᠠᠵᠤ  ᠬᠥᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠣᠳᠠᠲᠠᠶᠢᠵᠢᠭᠤᠯᠵᠤ ᠨᠠᠷᠢᠯᠢᠬᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2020-04-17
     4 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠱᠧᠩ ᠯᠧ ᠪᠠᠯᠭᠠᠰᠤᠨ ᠳᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠪᠡᠯᠡᠳᠬᠡᠯ᠂ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠪᠡᠯᠡᠳᠬᠡᠯ ᠠᠵᠢᠯ ᠢ ᠰᠠᠶᠢᠲᠤᠷ ᠪᠡᠯᠡᠳᠬᠡᠬᠦ ᠶᠢ ᠪᠠᠲᠤᠯᠠᠵᠤ᠂ ᠬᠦᠮᠳ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠣᠳᠠᠲᠠᠶ ᠨᠠᠷᠢᠯᠢᠭ ᠬᠢᠵᠦ᠂ ᠮᠠᠨ ᠤ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠲᠡᠶ ᠭᠡᠪᠡ᠃      ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠭᠠᠵᠠᠷ ᠲᠤ᠂ ᠴᠧᠨ ᠯᠢ ᠶᠢᠨ ᠲᠤᠬᠠᠢ ᠶᠢᠨ ᠭᠠᠵᠠᠷ ᠲᠤᠨᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠬᠠᠶᠢᠨ ᠪᠠᠶᠢᠴᠠᠭᠠᠵᠤ᠂ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠪᠡᠯᠡᠳᠬᠡᠯ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠴᠧᠨ ᠯᠢ ᠶᠢᠨ᠂ ᠬᠥᠬᠡᠬᠤᠲᠠ ᠱᠦᠸᠧᠵᠸᠦ ᠥᠨᠳᠥᠷ ᠬᠤᠷᠳᠤᠴᠠᠲᠤ ᠵᠠᠰᠠᠮᠠᠯ ᠵᠠᠮ ᠤᠨ ᠱᠧᠩ ᠯᠧ ᠶᠢᠨ ᠭᠠᠷᠴᠠ ᠵᠢᠴᠢ ᠵᠠᠮ ᠳᠠᠭᠠᠤ ᠶᠢᠨ ᠪᠠᠶᠢᠳᠠᠯ ᠢ ᠪᠠᠶᠢᠴᠠᠭᠠᠨ ᠦᠵᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠣ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠦᠨᠳᠦᠷ ᠬᠤᠷᠳᠤᠴᠠᠲᠤ ᠵᠠᠰᠠᠮᠠᠯ ᠵᠠᠮ ᠵᠢᠴᠢ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ ᠰᠠᠶᠢᠲᠤᠷ ᠬᠢᠵᠦ᠂ ᠡᠷᠬᠢᠨ ᠲᠣᠭᠤᠷᠢᠨ ᠤ ᠬᠤᠷᠠᠮᠳᠤᠭᠰᠠᠨ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠠᠷᠢᠯᠭᠠᠵᠤ᠂  ᠬᠠᠭᠤᠴᠢᠷᠠᠵᠣ ᠡᠪᠳᠡᠷᠡᠭᠰᠡᠨ ᠵᠠᠷ ᠤᠨ ᠫᠠᠶᠢᠰᠠ ᠪᠠ ᠵᠠᠮ ᠬᠠᠷᠢᠯᠴᠠᠭᠠᠨ ᠤ ᠲᠡᠮᠳᠡᠭ ᠫᠠᠶᠢᠰᠠ ᠵᠡᠷᠭᠡ ᠶᠢ ᠴᠠᠭ ᠲᠤᠬᠠᠶ ᠳᠤᠨᠢ ᠰᠣᠯᠢᠬᠤ ᠬᠡᠷᠡᠭᠲᠡᠶ ᠭᠡᠵᠦ ᠱᠠᠭᠠᠷᠳᠠᠪᠠ᠃      ᠴᠧᠨ ᠯᠢ ᠶᠢᠨ ᠴᠢᠬᠤᠯᠠᠴᠢᠯᠠᠭᠰᠠᠨ ᠨᠢ᠂ ᠮᠠᠨ ᠤ ᠰᠢᠶᠠᠨ ᠶᠡᠷᠦ ᠠᠴᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠭᠰᠠᠭᠠᠷ ᠢᠷᠡᠭᠰᠡᠨ ᠶᠤᠮ᠂ ᠵᠢᠯ ᠪᠦᠷᠢ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠥᠷᠨᠢᠭᠦᠯᠳᠡᠭ᠃ ︽ᠠᠮᠢ ᠠᠬᠤᠢ ᠶᠢ ᠤᠷᠢᠳ ᠢᠶᠠᠷ ᠪᠣᠳᠣᠯᠬᠢᠯᠠᠵᠣ᠂ ᠪᠣᠬᠢᠷᠲᠤᠯ ᠦᠭᠡᠢ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠢᠮᠠᠭᠲᠠ ᠭᠤᠶᠢᠪᠢᠰᠢ ᠦᠭᠡᠢ ᠵᠠᠮᠨᠠᠵᠤ᠂ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠪᠡᠯᠡᠳᠬᠡᠯ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ᠳᠣᠲᠣᠭᠠᠳᠣ ᠶᠢ ᠬᠠᠮᠠᠭᠠᠯᠠᠬᠤ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠃ ᠬᠥᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠣᠷᠣᠯᠴᠠᠭᠤᠯᠣᠨ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠡᠢ᠃      ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠣᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号