ᠡᠯ᠎ᠡ ᠰᠢᠶᠠᠩ ᠪᠠᠯᠭᠠᠰᠤ᠂ ᠠᠵᠤ ᠠᠬᠤᠶ ᠵᠢᠨᠨᠡᠭᠡᠭᠡᠯᠲᠡ ᠶᠢᠨ ᠲᠣᠭᠤᠷᠢᠭ᠂ ᠰᠢᠶᠠᠨ ᠤ ᠡᠯ᠎ᠡ ᠬᠡᠯᠲᠡᠰ ᠵᠥᠪᠯᠡᠯ ᠠᠯᠪᠠᠨ | ᠭᠡᠷ ᠲᠣᠪᠴᠢᠶ᠎ᠠ᠂ ᠤᠯᠠᠨ ᠲᠦᠮᠡᠨ ᠤ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠶᠠᠨ | ᠳᠤ ᠰᠠᠭᠤᠭ᠎ᠠ ᠨᠢᠭᠡᠴᠡ ᠳᠤ᠄ | 3 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ᠂ ᠪᠥᠬᠦ ᠰᠢᠶᠠᠨ ᠢᠶᠠᠷ ᠢᠶᠠᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠬᠤᠭᠤᠴᠠᠭᠠᠨ ᠳᠤ ᠣᠷᠣᠵᠤ᠂ ︽ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ | ᠣᠷᠣᠨ ᠪᠦᠰᠡ ᠶᠢᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠷᠯᠢᠭ︾ ︵ᠬᠥᠬᠡᠬᠤᠲᠠ ᠵᠠᠰᠠᠭ | ᠲᠠᠷᠬᠠᠭᠠᠭᠰᠠᠨ ︹ 2020 ︺ 10 ᠳ᠋ᠤᠭᠠᠷ ᠲᠣᠭᠠᠲᠤ︶ ᠪᠣᠯᠤᠨ ︽ᠬᠤᠷᠢᠨᠭᠡᠷ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ | ᠲᠤᠬᠠᠶ ᠠᠯᠪᠠᠨ ᠵᠠᠷ︾ ︵ᠬᠤᠷᠢᠨᠭᠡᠷ ᠵᠠᠰᠠᠭ ᠲᠠᠷᠬᠠᠭᠠᠭᠰᠠᠨ ︹ 2020 ︺ 25 ᠳ᠋ᠤᠭᠠᠷ ᠲᠣᠭᠠᠲᠤ︶ ᠵᠡᠷᠭᠡ | ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨᠬᠦ ᠪᠠᠲᠤᠯᠠᠬᠤ ᠶᠢᠨ ᠲᠤᠰᠠᠳᠠ᠂ ᠡᠳᠦᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ | ᠰᠡᠷᠭᠡᠶᠢᠯᠡᠯᠲᠡ ᠶᠢᠨ ᠬᠤᠭᠤᠴᠠᠭᠠᠨ ᠳᠤ ᠪᠤᠯᠠᠰᠢᠨ ᠳᠡᠭᠡᠷ᠎ᠡ ᠣᠴᠢᠵᠤ ᠴᠠᠭᠠᠰᠤ ᠰᠢᠲᠠᠭᠠᠬᠤ ᠶᠢ ᠴᠠᠭᠠᠵᠠᠯᠠᠬᠤ ᠬᠠᠮᠢᠶ᠎ᠠ | ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | 1. ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠵᠢᠱᠢᠶᠡᠴᠢ ᠳᠠᠭᠠᠭᠤᠯᠬᠤ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠬᠦᠵᠢ ᠵᠤᠯᠠ ᠠᠰᠠᠭᠠᠬᠤ᠂ ᠫᠤᠤᠵᠢᠩ | ᠲᠠᠯᠪᠢᠬᠤ ᠵᠡᠷᠭᠡ ᠲᠠᠬᠢᠯ ᠳᠤ ᠭᠠᠯ ᠬᠡᠷᠡᠭᠯᠡᠬᠦ ᠳᠠᠳᠬᠠᠯ ᠢ ᠤᠬᠠᠮᠰᠠᠷ ᠠᠴᠠ ᠪᠠᠨ ᠲᠠᠶᠠᠭᠳᠠᠵᠤ᠂ ᠪᠣᠯᠪᠠᠰᠤᠨ | ᠲᠠᠬᠢᠯᠭ᠎ᠠ ᠶᠢ ᠢᠳᠡᠪᠬᠢᠲᠡᠢ ᠪᠠᠷ ᠦᠢᠯᠡᠳᠦᠯᠭᠡᠵᠢᠭᠦᠯᠵᠦ᠂ ᠨᠣᠴᠣᠵᠣ ᠪᠠᠶᠢᠭ᠎ᠠ ᠭᠠᠯ ᠢ ᠠᠪᠴᠤ ᠠᠭᠤᠯᠠᠨ ᠳᠤ ᠭᠠᠷᠬᠤ | ᠥᠬᠡᠶ ᠪᠠᠶᠢᠬᠤ ᠶᠢ ᠡᠷᠡᠰ ᠪᠡᠶᠡᠯᠡᠭᠦᠯᠵᠦ᠂ ᠮᠣᠳᠣ ᠲᠠᠷᠢᠬᠤ᠂ ᠰᠣᠷᠭᠤᠭ ᠴᠡᠴᠡᠭ ᠢᠶᠠᠷ ᠲᠠᠬᠢᠬᠤ᠂ ᠣᠩᠭᠤᠨ | ᠱᠦᠭᠦᠷᠳᠡᠬᠦ ᠵᠡᠷᠭᠡ ᠪᠣᠯᠪᠠᠰᠤᠨ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠨ ᠪᠤᠰᠤ ᠲᠠᠬᠢᠯᠭ᠎ᠠ ᠶᠢᠨ ᠠᠵᠢᠯᠯᠠᠭ᠎ᠠ ᠶᠢ | ᠰᠠᠨᠠᠭᠠᠴᠢᠯᠠᠭ᠎ᠠ ᠠᠴᠠ ᠪᠠᠨ ᠬᠤᠷᠢᠭᠯᠠᠨ ᠵᠠᠯᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠵᠢᠷᠤᠮ ᠤᠨ ᠰᠢᠨ᠎ᠡ | ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠳᠡᠷᠭᠡᠳᠡᠬᠢ ᠣᠯᠠᠨ ᠲᠦᠮᠡᠨ ᠤ ᠠᠷᠢᠭᠤᠨ ᠴᠡᠪᠡᠷ᠂ ᠠᠮᠤᠷ ᠲᠦᠪᠰᠢᠨ᠂ | ᠪᠣᠯᠪᠠᠰᠤᠨ ᠲᠠᠬᠢᠯᠭ᠎ᠠ ᠶᠢ ᠨᠥᠯᠥᠭᠡᠯᠡᠬᠦ ᠪᠠ ᠳᠠᠶᠢᠴᠢᠯᠠᠬᠤ ᠬᠡᠷᠡᠭᠲᠡᠶ᠃ | 2. ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ | ᠪᠤᠯᠠᠰᠢᠨ ᠳᠡᠭᠡᠷ᠎ᠡ ᠴᠠᠭᠠᠰᠤ ᠰᠢᠲᠠᠭᠠᠬᠤ ᠵᠡᠷᠭᠡ ᠠᠵᠢᠯᠯᠠᠭ᠎ᠠ ᠳᠤ ᠣᠷᠣᠯᠴᠠᠭᠰᠠᠨ ᠠᠯᠪᠠᠨ ᠲᠤᠰᠢᠶᠠᠯᠲᠠᠨ ᠢ | ᠲᠤᠬᠠᠶ ᠶᠢᠨ ᠬᠥᠮᠦᠨ ᠤ ᠪᠠᠶᠢᠭ᠎ᠠ ᠨᠢᠭᠡᠴᠡ ᠨᠢ ᠴᠢᠩᠭ᠎ᠠ ᠰᠢᠢᠳᠪᠦᠷᠢᠯᠡᠬᠦ ᠬᠡᠷᠡᠭᠲᠡᠶ︔ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠲᠣᠰ ᠰᠠᠯᠠᠭ᠎ᠠ ᠮᠥᠴᠢᠷ ᠲᠣᠰ ᠨᠢᠭᠡᠴᠡ ᠶᠢᠨ ᠺᠠᠳ᠋ᠷ ᠠᠵᠢᠯᠲᠠᠨ | ᠠᠵᠢᠯᠴᠢᠨ ᠢ ᠰᠣᠷᠭᠠᠨ ᠬᠠᠮᠢᠶᠠᠷᠬᠤ ᠳᠤ ᠬᠦᠴᠦᠨ ᠬᠦᠷᠦᠯᠴᠡᠬᠦ ᠦᠭᠡᠢ ᠪᠠᠶᠢᠬᠤ ᠰᠠᠯᠠᠭ᠎ᠠ ᠮᠥᠴᠢᠷ ᠨᠢᠭᠡᠴᠡ ᠶᠢᠨ | ᠭᠤᠤᠯ ᠤᠳᠤᠷᠢᠳᠤᠯᠭ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠨ ᠤ ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠲᠣᠭᠲᠠᠭᠠᠯ | ᠶᠣᠰᠣᠭᠠᠷ ᠰᠢᠢᠳᠬᠡᠨ ᠲᠣᠷᠭᠠᠬᠤ ᠬᠡᠷᠡᠭᠲᠡᠶ︔ ᠤᠢᠢᠯᠠ ᠪᠠᠶᠢᠳᠠᠯ ᠨᠢ ᠬᠦᠨᠳᠦ ᠨᠣᠴᠢᠲᠠᠶ ᠭᠠᠯ ᠤᠨ ᠠᠶᠤᠯ | ᠭᠠᠷᠭᠠᠭᠰᠠᠨ ᠪᠠᠶᠢᠪᠠᠯ᠂ ᠬᠤᠪᠢ ᠬᠥᠮᠦᠨ ᠤ ᠡᠷᠡᠭᠦᠤ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ︔ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠲᠥᠯᠥᠪᠦᠷᠢ ᠶᠢᠨ ᠬᠠᠷᠢᠭᠤᠴᠠᠯᠭ᠎ᠠ | ᠡᠭᠦᠷᠭᠡᠯᠡᠨ᠎ᠡ᠃ | 3. ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠣᠯᠪᠠᠰᠤᠨ ᠲᠠᠬᠢᠯᠭ᠎ᠠ ᠳᠤ ᠬᠢᠨᠠᠯᠲᠠ ᠲᠠᠯᠪᠢᠬᠤ ᠶᠢ | ᠵᠣᠷᠢᠭᠵᠢᠭᠤᠯᠵᠤ᠂ ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠣᠷᠣᠨ ᠬᠡᠪᠴᠢᠶ᠎ᠡ ᠳᠤ ᠪᠣᠯᠪᠠᠰᠤᠨ ᠪᠤᠰᠤ | ᠲᠠᠬᠢᠯᠭ᠎ᠠ ᠶᠢᠨ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠴᠥᠮ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠢ ᠰᠢᠭᠤᠶ ᠨᠣᠲᠤᠭ ᠪᠡᠯᠴᠢᠭᠡᠷ ᠤᠨ ᠰᠠᠯᠠᠭ᠎ᠠ ᠮᠥᠴᠢᠷ ᠲᠤ ᠢᠯᠡᠴᠢᠯᠡᠨ | ᠮᠡᠳᠡᠭᠦᠯᠵᠦ ᠪᠣᠯᠤᠨ᠎ᠠ᠂ ᠢᠯᠡᠴᠢᠯᠡᠨ ᠮᠡᠳᠡᠭᠦᠯᠬᠦ ᠤᠲᠠᠰᠤ᠄ 0471 — 7191702 ︵ᠠᠷᠠᠳ ᠤᠨ | ᠶᠠᠪᠤᠳᠠᠯ ᠤᠨ ᠲᠣᠪᠴᠢᠶ᠎ᠠ︶᠂ 0471 — 7191467 ︵ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶ | ᠂ 0471 — 7190292 ︵ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ | ᠵᠢᠯᠣᠭᠤᠳᠬᠤ ᠬᠡᠯᠲᠡᠰ ᠤᠨ ᠠᠯᠪᠠᠨ ᠬᠡᠷ︶᠂ ᠬᠢᠨᠠᠨ ᠬᠠᠷᠭᠤᠭᠤᠯᠣᠭᠠᠳ ᠦᠨᠡᠨ ᠪᠣᠯᠬᠤ ᠶᠢ ᠭᠡᠷᠡᠴᠢᠯᠡᠭᠰᠡᠨ ᠪᠣᠯ | ᠬᠡᠷᠡᠭ ᠪᠦᠷᠢ ᠳᠤ ᠠᠷᠠᠳ ᠤᠨ ᠵᠣᠭᠤᠰ ᠢᠶᠠᠷ 200 ᠲᠥᠭᠦᠷᠢᠭ ᠱᠠᠩᠨᠠᠨ᠎ᠠ᠃ | ᠣᠨᠴᠠᠭᠠᠶᠢᠯᠠᠨ ᠮᠡᠳᠡᠭᠳᠡᠪᠡ | ᠬᠤᠷᠢᠨᠭᠡᠷ ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠭᠠᠯ ᠤᠨᠲᠠᠷᠠᠭᠠᠬᠤ ᠵᠢᠯᠣᠭᠤᠳᠬᠤ ᠬᠡᠯᠲᠡᠰ | 2020 ᠣᠨ ᠤ 3 ᠳ᠋ᠤᠭᠠᠷ ᠰᠠᠷ᠎ᠠ ᠶᠢᠨ 27 ᠤ ᠡᠳᠦᠷ |