4 ᠳ᠋ᠦ᠋ᠭᠡᠷ ᠰᠠᠷ᠎ᠠ ᠶᠢᠨ 20 ᠤ ᠡᠳᠦᠷ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠯᠢ ᠶᠤᠸᠠᠨ ᠬᠤᠳᠠᠯᠳᠤᠭᠠᠨ ᠤ ᠠᠰᠠᠷ ᠤᠨ ᠡᠭᠦᠳᠡᠨ ᠳᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠨᠡ ᠵᠢᠯ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠬᠥᠰᠢᠭᠡ ᠶᠢ ᠰᠡᠬᠦᠵᠦ᠂ | 2020 ᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ | ᠭᠤᠤᠯ ᠰᠡᠳᠦᠪ ᠨᠢ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠡᠷᠡᠭᠦᠯ ᠡᠩᠬᠡ ᠳᠤᠮᠳᠠᠳᠤ | ᠤᠯᠤᠰ︾ ᠪᠣᠯᠤᠨ᠎ᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ | ᠲᠠᠯᠠᠪᠣᠷ ᠲᠤ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠲᠦᠮᠡᠨ ᠳᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠬᠤᠯᠠ ᠴᠢᠨᠠᠷ ᠢ ᠣᠶᠢᠯᠠᠭᠠᠭᠤᠯᠪᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠭᠡᠳᠡᠭ ᠪᠣᠯ ᠬᠥᠮᠦᠰ ᠤᠨ ᠤᠶᠤᠨ ᠤ ᠬᠥᠳᠡᠯᠮᠦᠷᠢ ᠶᠢᠨ | ᠦᠷ᠎ᠡ ᠪᠦᠲᠦᠭᠡᠯ ᠤᠨ ᠲᠤᠬᠠᠶ ᠬᠠᠤᠯᠢ ᠶᠣᠰᠣᠭᠠᠷ ᠡᠳ᠋ᠯᠡᠬᠦ ᠲᠤᠰᠬᠠᠶ ᠥᠮᠴᠢᠯᠡᠬᠦ ᠡᠷᠬᠡ ᠶᠢ ᠵᠢᠭᠠᠵᠤ ᠪᠠᠶᠢᠨ᠎ᠠ᠂ | ᠡᠨᠡ ᠨᠢ ᠤᠯᠤᠰ ᠤᠨ ᠬᠠᠤᠯᠢ ᠴᠠᠭᠠᠵᠠ ᠳᠤ ᠬᠠᠮᠠᠭᠠᠯᠠᠭᠳᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠤᠬᠠᠭᠤᠯᠭ᠎ᠠ ᠨᠢ ᠡᠯ᠎ᠡ ᠡᠲᠡᠭᠡᠳ ᠤᠨ ᠬᠢᠨ ᠤ ᠮᠡᠳᠡᠯᠭᠡ ᠶᠢ ᠬᠦᠨᠳᠦᠳᠬᠡᠬᠦ᠂ ᠰᠢᠨᠵᠢᠯᠡᠬᠦ ᠤᠬᠠᠭᠠᠨ ᠢ | ᠡᠷᠬᠢᠮᠯᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠤᠬᠠᠮᠰᠠᠷ ᠢ ᠪᠤᠢ ᠪᠣᠯᠭᠠᠬᠤ ᠶᠢ | ᠠᠬᠢᠭᠤᠯᠬᠤ ᠳᠤ ᠪᠠᠶᠢᠵᠤ᠂ ᠮᠡᠳᠡᠯᠭᠡ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠪᠠ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠤᠯᠢ ᠴᠠᠭᠠᠵᠠ ᠶᠢᠨ ᠣᠷᠴᠢᠨ ᠨᠥᠬᠦᠴᠡᠯ ᠢ ᠪᠤᠢ | ᠪᠣᠯᠭᠠᠬᠤ ᠶᠢᠨ ᠲᠥᠯᠥᠭᠡ ᠶᠤᠮ᠃ | ᠤᠢᠢᠷ᠎ᠠ ᠶᠢᠨ ᠵᠢᠯ ᠤᠳ ᠲᠤ᠂ ᠬᠤᠷᠢᠨᠭᠡᠷ ᠰᠢᠶᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠬᠠᠮᠠᠭᠠᠯᠠᠬᠤ ᠡᠷᠴᠢᠮ ᠢᠶᠠᠨ ᠶᠡᠬᠡᠪᠡᠷ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠦᠢᠯᠡᠰ ᠲᠦᠷᠭᠡᠨ ᠬᠥᠭᠵᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ | ᠰᠢᠰᠲ᠋ᠧᠮ ᠪᠠ ᠬᠠᠮᠠᠭᠠᠯᠠᠯᠲᠠ ᠶᠢᠨ ᠲᠣᠭᠲᠠᠴᠠ ᠲᠠᠰᠤᠷᠠᠯᠳᠠ ᠦᠭᠡᠢ ᠲᠡᠭᠦᠯᠳᠡᠷᠵᠢᠪᠡ᠃ |