ᠬᠥᠬᠡᠬᠤᠲᠠ ᠶᠢᠨ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-23
     
     4 ᠳ᠋ᠦ᠋ᠭᠡᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠮᠠᠨ ᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠨᠠᠨ ᠨᠠᠨ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢ ᠵᠧᠩ ᠬᠤᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠯᠢᠨ ᠯᠢᠨ᠂ ᠰᠢᠶᠠᠨ ᠤ ᠳᠡᠳ᠋ ᠳᠠᠷᠤᠭ᠎ᠠ ᠴᠢ ᠪᠠᠶ ᠰᠢᠶᠣᠤ᠂ ᠵᠠᠩ ᠵᠢᠶᠠᠨ ᠴᠢᠩ᠂ ᠾᠧ ᠹᠧᠩ᠂ ᠲᠤᠶᠠᠭ᠎ᠠ᠂ ᠭᠦᠸᠧ ᠸᠧᠨ ᠵᠢᠶᠦ᠋ᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ ᠬᠤᠷᠠᠯ ᠳᠤ ᠣᠷᠣᠯᠴᠠᠪᠠ᠃      ᠬᠤᠷᠠᠯ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ︔ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠶᠢᠨ ᠪᠠᠶᠢᠳᠠᠯ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠵᠢᠴᠢ ᠨᠢᠭᠡᠳᠦᠭᠡᠷ ᠤᠯᠠᠷᠢᠯ ᠤᠨ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠤᠬᠠᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤ ᠵᠢᠴᠢ ᠪᠤᠰᠤᠳ ᠨᠢᠭᠡᠴᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号