| | | | | ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ | ᠬᠦᠳᠡᠭᠡ ᠲᠣᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠲᠢᠩᠬᠢᠮ ᠤᠨ ᠳᠡᠳ᠋ ᠳᠠᠷᠤᠭ᠎ᠠ᠄ ᠯᠢᠦ ᠶᠦᠩ ᡁᠢ | ᠠᠭᠤᠯᠭ᠎ᠠ ᠶᠢᠨ ᠲᠤᠪᠴᠢ ᠲᠠᠨᠢᠯᠴᠠᠭᠤᠯᠭ᠎ᠠ ᠄ ᠮᠠᠨ ᠤ ᠣᠷᠣᠨ ᠤ 2025 ᠣᠨ ᠳᠤ ᠰᠠᠭᠠᠯᠢ ᠶᠢᠨ ᠮᠠᠯ ᠤᠨ | ᠲᠤᠭ᠎ᠠ ᠲᠤᠯᠤᠭᠠᠢ ᠶᠢ 350 ᠲᠦᠮᠡ ᠳᠤ ᠬᠦᠷᠦᠭᠦᠯᠵᠦ᠂ ᠰᠦ ᠴᠠᠭᠠᠨ ᠢᠳᠡᠭᠡᠨ ᠤ ᠲᠦᠷᠦᠯ ᠤᠨ ᠭᠠᠷᠤᠯᠲᠠ ᠶᠢ | 1000 ᠲᠦᠮᠡᠨ ᠲᠣᠨ ᠳᠤ ᠬᠦᠷᠭᠡᠬᠦ ᠬᠠᠷᠠᠯᠲᠠ ᠶᠢ ᠦᠨᠡᠨ ᠬᠦ ᠪᠠᠲᠤᠯᠠᠬᠤ ᠶᠢᠨ ᠲᠤᠰᠠᠳᠠ᠂ 2019 ᠣᠨ ᠤ 8 | ᠰᠠᠷ᠎ᠠ ᠪᠠ 12 ᠰᠠᠷ᠎ᠠ ᠳᠤ᠂ ᠮᠠᠨ ᠤ ᠣᠷᠣᠨ ᠠᠴᠠ ︽ᠰᠦ ᠴᠠᠭᠠᠨ ᠢᠳᠡᠭᠡᠨ ᠤ ᠦᠢᠯᠡᠰ ᠤᠨ ᠥᠷᠨᠢᠨ | ᠬᠥᠭᠵᠢᠬᠦ ᠶᠢ ᠲᠦᠯᠬᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ | ᠭᠡᠵᠦ ᠲᠣᠪᠴᠢᠯᠠᠨ᠎ᠠ︶᠂ ︽ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠦᠭᠵᠢᠬᠦ ᠶᠢ ᠲᠦᠯᠬᠢᠨ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ︾ ᠭᠡᠵᠦ ᠲᠣᠪᠴᠢᠯᠠᠨ᠎ᠠ︶ ᠢ ᠵᠠᠯᠭᠠᠭ᠎ᠠ ᠪᠠᠷ ᠨᠡᠶᠢᠲᠡᠯᠡᠪᠡ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ᠮᠠᠨ | ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ | ᠠᠵᠠ ᠪᠠᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠲᠢᠩᠬᠢᠮ ᠤᠨ ᠳᠡᠳ᠋ ᠳᠠᠷᠤᠭ᠎ᠠ ᠯᠢᠦ | ᠶᠦᠩ ᡁᠢ ᠶᠢ ᠤᠷᠢᠵᠤ᠂ ᠰᠦᠯᠵᠢᠶᠡᠨ ᠤ ᠰᠤᠷᠪᠤᠯᠵᠢᠯᠠᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠰᠦ ᠴᠠᠭᠠᠨ | ᠢᠳᠡᠭᠡᠨ ᠤ ᠦᠢᠯᠡᠰ ᠤᠨ ᠦᠷᠨᠢᠨ ᠬᠦᠭᠵᠢᠬᠦ ᠶᠢ ᠲᠦᠯᠬᠢᠨ ᠠᠬᠢᠭᠤᠯᠬᠤ ᠲᠠᠯ᠎ᠠ ᠪᠠᠷ ᠬᠢ ᠶᠠᠷᠢᠶᠠᠨ ᠤ ᠰᠡᠳᠦᠪ ᠤᠨ | ᠲᠣᠭᠤᠷᠢᠨ ᠳᠤ ᠣᠯᠠᠨ ᠲᠠᠢ ᠬᠠᠷᠢᠯᠴᠠᠨ ᠰᠠᠨᠠᠯ ᠢᠶᠠᠨ ᠰᠤᠯᠢᠯᠴᠠᠶ᠎ᠠ᠃ ᠯᠢᠦ ᠲᠢᠩᠬᠢᠮ ᠤᠨ ᠳᠠᠷᠤᠭ᠎ᠠ ᠶᠢ ᠪᠠᠶᠠᠷᠯᠠᠨ | ᠤᠭᠲᠤᠵᠤ ᠪᠠᠶᠢᠨ᠎ᠠ︕ ᠯᠢᠦ ᠲᠢᠩᠬᠢᠮ ᠤᠨ ᠳᠠᠷᠤᠭ᠎ᠠ ᠡ᠂ 2019 ᠣᠨ ᠤ 8 ᠰᠠᠷ᠎ᠠ ᠳᠤ ᠥᠪᠥᠷ | ᠮᠣᠩᠭᠤᠯ ᠠᠴᠠ ︽ᠰᠦ ᠴᠠᠭᠠᠨ ᠢᠳᠡᠭᠡᠨ ᠤ ᠦᠢᠯᠡᠰ ᠤᠨ ᠥᠷᠨᠢᠨ ᠬᠥᠭᠵᠢᠬᠦ ᠶᠢ ᠲᠦᠯᠬᠢᠨ ᠠᠬᠢᠭᠤᠯᠬᠤ ᠲᠤᠬᠠᠶ | ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ 2019 ᠣᠨ ᠤ 12 ᠰᠠᠷ᠎ᠠ ᠳᠤ ᠮᠠᠨ ᠤ ᠣᠷᠣᠨ ᠪᠠᠰᠠ | ᠵᠠᠯᠭᠠᠭᠠᠳ ︽ᠰᠦ ᠴᠠᠭᠠᠨ ᠢᠳᠡᠭᠡᠨ ᠤ ᠦᠢᠯᠡᠰ ᠤᠨ ᠥᠷᠨᠢᠨ ᠬᠥᠭᠵᠢᠬᠦ ᠶᠢ ᠲᠦᠯᠬᠢᠨ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ᠂ ᠲᠠᠨ ᠤ ᠦᠵᠡᠬᠦ ᠪᠠᠷ᠂ ᠬᠠᠭᠠᠰ ᠵᠢᠯ ᠪᠣᠯᠤᠭᠠᠳᠤᠶ | ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠠᠴᠠ ᠬᠤᠶᠠᠷ ᠬᠤᠪᠢ ᠴᠢᠬᠤᠯᠠ ᠪᠢᠴᠢᠭ ᠮᠠᠲ᠋ᠧᠷᠢᠶᠠᠯ | ᠨᠡᠶᠢᠲᠡᠯᠡᠭᠰᠡᠨ ᠨᠢ ᠮᠠᠨ ᠤ ᠣᠷᠣᠨ ᠤ ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠦᠭᠵᠢᠬᠦ ᠳᠤ ᠶᠠᠮᠠᠷ | ᠴᠢᠬᠤᠯᠠ ᠶᠡᠭᠡ ᠠᠴᠢ ᠬᠤᠯᠪᠣᠭᠳᠠᠯ ᠲᠠᠢ ᠪᠣᠶ︖ | ᠯᠢᠦ ᠶᠦᠩ ᡁᠢ᠄ ᠬᠥᠲᠥᠯᠥᠭᠴᠢ ᠰᠠᠶᠢᠨ ᠤᠤ︕ ᠤᠶᠢᠷ᠎ᠠ ᠶᠢᠨ ᠵᠢᠯ ᠤᠨ ᠲᠤᠷᠰᠢ᠂ ᠶᠡᠭᠡ ᠣᠷᠴᠢᠨ | ᠲᠣᠭᠤᠷᠢᠨ ᠤ ᠨᠦᠯᠦᠭᠡ ᠠᠴᠠ ᠪᠤᠯᠵᠤ᠂ ᠲᠦᠭᠦᠬᠡᠶ ᠰᠦ ᠶᠢᠨ ᠭᠠᠳᠠᠭᠠᠳᠤ ᠠᠴᠠ ᠣᠷᠣᠭᠤᠯᠬᠤ ᠦᠨ᠎ᠡ ᠦᠷᠭᠦᠯᠵᠢᠯᠡᠨ | ᠪᠠᠭᠤᠷᠠᠵᠤ᠂ ᠤᠯᠤᠰ ᠤᠨ ᠳᠣᠲᠣᠭᠠᠳᠤ ᠵᠢᠴᠢ ᠣᠷᠣᠨ ᠤ ᠳᠣᠲᠣᠭᠠᠳᠤ ᠶᠢᠨ ᠰᠦ ᠴᠠᠭᠠᠨ ᠢᠳᠡᠭᠡᠨ ᠤ ᠠᠵᠤ | ᠠᠬᠤᠶᠢᠯᠠᠯ ᠤᠨ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠨᠢ ᠨᠡᠯᠢᠶᠡᠳ ᠥᠨᠳᠥᠷ ᠪᠣᠯᠵᠣ᠂ ᠮᠠᠨ ᠤ ᠥᠪᠥᠷ | ᠮᠣᠩᠭᠤᠯ ᠤᠨ ᠲᠡᠵᠢᠭᠡᠨ ᠦᠷᠡᠵᠢᠭᠦᠯᠬᠦ ᠡᠷᠦᠬᠡ ᠮᠠᠰᠢ ᠣᠯᠠᠨ ᠬᠦᠴᠢᠷᠳᠡᠯ ᠳᠤ ᠲᠤᠯᠭᠠᠷᠠᠪᠠ᠂ ᠰᠢᠨ᠎ᠡ ᠰᠦ | ᠦᠯᠡᠭᠦᠳᠡᠬᠦ ᠨᠢ ᠬᠠᠮᠤᠭ ᠤᠨ ᠶᠡᠭᠡ ᠬᠢᠮᠤᠷᠠᠯ ᠪᠣᠯᠪᠠ᠃ ᠮᠠᠰᠢ ᠣᠯᠠᠨ ᠲᠡᠵᠢᠭᠡᠨ ᠦᠷᠡᠵᠢᠭᠦᠯᠬᠦ ᠡᠷᠦᠬᠡ ᠰᠦ | ᠬᠤᠳᠠᠯᠳᠤᠬᠤ ᠳᠤ ᠬᠦᠴᠢᠷᠲᠡᠶ ᠠᠴᠠ ᠪᠣᠯᠵᠣ᠂ ᠰᠠᠭᠠᠯᠢ ᠶᠢᠨ ᠦᠨᠢᠶ᠎ᠡ ᠶᠢ ᠲᠡᠵᠢᠭᠡᠨ ᠦᠷᠡᠵᠢᠭᠦᠯᠬᠦ ᠶᠢᠨ ᠠᠷᠭ᠎ᠠ | ᠥᠬᠡᠶ ᠪᠣᠯᠤᠭᠰᠠᠨ ᠪᠤᠶᠤ ᠰᠠᠭᠠᠯᠢ ᠶᠢᠨ ᠦᠨᠢᠶ᠎ᠡ ᠶᠢ ᠰᠢᠢᠳᠪᠦᠷᠢᠯᠡᠬᠦ ᠡᠰᠡᠬᠦᠯ᠎ᠡ ᠥᠭᠡᠷ᠎ᠡ ᠵᠦᠢᠯ ᠢ | ᠦᠢᠯᠡᠳᠪᠦᠷᠢᠯᠡᠭᠰᠡᠨ ᠪᠠᠶᠢᠨ᠎ᠠ᠂ ᠢᠩᠭᠢᠭᠡᠳ ᠪᠠᠶᠢᠪᠠᠯ ᠮᠠᠨ ᠤ ᠥᠪᠥᠷ ᠮᠣᠩᠭᠤᠯ ᠤᠨ ᠰᠦ ᠴᠠᠭᠠᠨ ᠢᠳᠡᠭᠡᠨ ᠤ | ᠦᠢᠯᠡᠰ ᠤᠨ ᠦᠷᠭᠦᠯᠵᠢᠯᠡᠬᠦ᠋ᠢᠴᠡ ᠬᠦᠭᠵᠢᠯᠲᠡ ᠳᠤ ᠮᠠᠰᠢ ᠠᠰᠢᠭ ᠥᠬᠡᠶ ᠶᠣᠮ᠃ ᠡᠭᠦᠨ ᠤ ᠬᠠᠮᠲᠤ᠂ ᠬᠥᠮᠦᠰ ᠤᠨ | ᠠᠮᠢᠳᠤᠷᠠᠯ ᠤᠨ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠬᠡᠷᠡᠭᠯᠡᠭᠴᠢᠳ ᠤᠨ ᠴᠠᠭᠠᠨ ᠢᠳᠡᠭᠡᠨ ᠤ ᠱᠠᠭᠠᠷᠳᠠᠯᠭ᠎ᠠ | ᠡᠳᠦᠷ ᠢᠷᠡᠬᠦᠶ᠎ᠡ ᠣᠯᠠᠨ ᠡᠰᠢᠵᠢᠵᠦ᠂ ᠴᠠᠭᠠᠨ ᠢᠳᠡᠭᠡᠨ ᠤ ᠠᠵᠤ ᠠᠬᠤᠶᠢᠯᠠᠯ ᠳᠤ ᠲᠠᠯᠪᠢᠭᠰᠠᠨ ᠱᠠᠭᠠᠷᠳᠠᠯᠭ᠎ᠠ ᠴᠤ | ᠶᠠᠪᠤᠬᠤ ᠲᠤᠲᠤᠮ ᠥᠨᠳᠥᠷ ᠪᠣᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠡᠨᠡ ᠬᠤᠶᠠᠷ | ᠪᠢᠴᠢᠭ ᠮᠠᠲ᠋ᠧᠷᠢᠶᠠᠯ ᠨᠢ ᠨᠡᠶᠢᠭᠡᠮ ᠳᠠᠶᠠᠭᠠᠷ ᠲᠤ ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠦᠭᠵᠢᠬᠦ᠂ | ᠢᠯᠠᠩᠭᠤᠶ᠎ᠠ ᠥᠪᠥᠷ ᠮᠣᠩᠭᠤᠯ ᠤᠨ ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠦᠭᠵᠢᠬᠦ ᠳᠤ ᠴᠢᠩᠭ᠎ᠠ | ᠳᠣᠬᠢᠶ᠎ᠠ ᠥᠭᠭᠦᠭᠰᠡᠨ ᠭᠡᠵᠦ ᠬᠡᠯᠡᠵᠦ ᠪᠣᠯᠤᠨ᠎ᠠ᠃ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠨᠢ ᠭᠡᠷ ᠪᠦᠯᠢ ᠪᠠᠷ | ᠡᠵᠡᠩᠨᠡᠬᠦ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠶᠢ ᠡᠩ ᠲᠡᠷᠢᠭᠦᠨ ᠳᠤ | ᠬᠥᠭᠵᠢᠭᠦᠯᠬᠦ ᠳᠤᠪᠤᠶᠢᠮ᠎ᠠ ᠪᠠᠶᠢᠷᠢᠨ ᠳᠤ ᠲᠠᠯᠪᠢᠵᠤ᠂ ᠰᠦ ᠴᠠᠭᠠᠨ ᠢᠳᠡᠭᠡ ᠡᠳ᠋ᠰᠢᠭᠦᠯᠬᠦ ᠠᠵᠤ ᠠᠬᠤᠶᠢᠯᠠᠯ ᠤᠨ | ᠰᠢᠯᠢᠳᠡᠭᠵᠢᠨ ᠬᠦᠴᠦᠷᠬᠡᠭᠵᠢᠬᠦ ᠶᠢ ᠵᠣᠷᠢᠭᠵᠢᠭᠤᠯᠤᠨ ᠳᠠᠮᠵᠢᠵᠤ᠂ ᠣᠳᠣᠬᠠᠨ ᠤ ᠮᠠᠨ ᠤ ᠣᠷᠣᠨ ᠤ ᠰᠦ ᠴᠠᠭᠠᠨ | ᠢᠳᠡᠭᠡᠨ ᠤ ᠦᠢᠯᠡᠰ ᠤᠨ ᠬᠥᠭᠵᠢᠯᠲᠡ ᠶᠢᠨ ᠳᠤᠲᠠᠭᠤᠳᠠᠯ ᠪᠠ ᠵᠥᠷᠢᠶ᠎ᠡ ᠶᠢ ᠪᠦᠬᠦ ᠲᠠᠯ᠎ᠠ ᠪᠠᠷ ᠡᠮᠬᠢᠯᠡᠨ᠂ ᠴᠢᠭᠯᠡᠯᠲᠦ | ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠲᠠᠭᠠᠭᠰᠠᠨ ᠪᠠᠶᠢᠨ᠎ᠠ᠃ ᠬᠠᠷᠢᠨ ︽ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠳᠠᠷᠣᠢ ︽ᠬᠡᠷᠡᠭᠵᠢᠭᠦᠯᠬᠦ ᠰᠠᠨᠠᠯ︾ ᠢ ᠤᠯᠠᠮ ᠨᠢᠭᠡ ᠠᠯᠬᠤᠮ | ᠨᠠᠷᠢᠯᠢᠬᠵᠢᠭᠤᠯᠤᠭᠰᠠᠨ ᠶᠠᠪᠤᠳᠠᠯ ᠪᠣᠯᠤᠨ᠎ᠠ᠃ ᠡᠨᠡ ᠬᠤᠶᠠᠷ ᠪᠢᠴᠢᠭ ᠮᠠᠲ᠋ᠧᠷᠢᠶᠠᠯ ᠪᠣᠯ ᠡᠨᠡ ᠵᠢᠯ ᠴᠢᠨᠠᠭᠰᠢᠯᠠᠪᠠᠯ | ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠮᠠᠨ ᠤ ᠣᠷᠣᠨ ᠤ ᠰᠦ ᠴᠠᠭᠠᠨ ᠢᠳᠡᠭᠡᠨ ᠤ ᠦᠢᠯᠡᠰ ᠤᠨ | ᠴᠢᠨᠠᠷᠯᠢᠭ ᠬᠥᠭᠵᠢᠯᠲᠡ ᠶᠢ ᠲᠦᠯᠬᠢᠨ ᠠᠬᠢᠭᠤᠯᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠠᠶᠢᠵᠤ᠂ | ᠪᠥᠬᠦ ᠤᠯᠤᠰ ᠤᠨ ᠰᠦ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢ ᠬᠥᠲᠥᠯᠦᠨ ᠳᠠᠭᠠᠭᠤᠯᠬᠤ᠂ ᠮᠠᠨ ᠤ | ᠣᠷᠣᠨ ᠤ ᠰᠦ ᠴᠠᠭᠠᠨ ᠢᠳᠡᠭᠡᠨ ᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ | ᠪᠠ ᠬᠡᠷᠡᠭᠯᠡᠭᠴᠢᠳ ᠤᠨ ᠤᠯᠤᠰ ᠲᠤ ᠪᠠᠨ ᠦᠢᠯᠡᠳᠪᠦᠷᠢᠯᠡᠭᠰᠡᠨ ᠴᠠᠭᠠᠨ ᠢᠳᠡᠭᠡᠨ ᠤ ᠲᠤᠬᠠᠶ ᠢᠲᠡᠭᠡᠯ ᠢ | ᠳᠡᠭᠡᠭᠰᠢᠯᠡᠭᠦᠯᠬᠦ ᠳᠤ ᠴᠥᠮ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ ᠭᠡᠵᠦ ᠬᠡᠯᠡᠵᠦ ᠪᠣᠯᠤᠨ᠎ᠠ᠃ | ᠬᠥᠲᠥᠯᠥᠭᠴᠢ᠄ ᠪᠢᠳᠡ ᠡᠨᠡ ᠬᠤᠶᠠᠷ ᠪᠢᠴᠢᠭ ᠮᠠᠲ᠋ᠧᠷᠢᠶᠠᠯ ᠳᠤ ᠴᠥᠮ ᠨᠢᠭᠡᠨ ᠲᠣᠳᠣᠷᠬᠠᠶ ᠬᠠᠷᠠᠯᠲᠠ ᠲᠠᠢ | ᠪᠠᠶᠢᠬᠤ ᠶᠢ ᠠᠩᠬᠠᠷᠴᠤ ᠣᠯᠵᠠᠶ᠂ 2025 ᠣᠨ ᠪᠣᠯᠬᠤ ᠳᠤ᠂ ᠮᠠᠨ ᠤ ᠣᠷᠣᠨ ᠤ ᠵᠤᠭᠰᠤᠭ᠎ᠠ ᠰᠠᠭᠠᠯᠢ ᠶᠢᠨ | ᠮᠠᠯ ᠤᠨ ᠲᠤᠭ᠎ᠠ ᠲᠤᠯᠤᠭᠠᠢ ᠶᠢ 350 ᠲᠦᠮᠡ ᠳᠤ ᠬᠦᠷᠦᠭᠦᠯᠵᠦ᠂ ᠰᠦ ᠴᠠᠭᠠᠨ ᠢᠳᠡᠭᠡᠨ ᠤ ᠲᠦᠷᠦᠯ ᠤᠨ | ᠭᠠᠷᠤᠯᠲᠠ ᠶᠢ 1000 ᠲᠦᠮᠡᠨ ᠲᠣᠨ ᠳᠤ ᠬᠦᠷᠦᠭᠦᠯᠦᠨ᠎ᠡ ᠭᠡᠵᠡᠢ᠂ ᠲᠠᠨ ᠤ ᠦᠵᠡᠬᠦ ᠪᠠᠷ ᠡᠨᠡ ᠬᠦ ᠬᠠᠷᠠᠯᠲᠠ ᠶᠢ | ᠪᠡᠶᠡᠯᠡᠭᠦᠯᠬᠦ ᠳᠤ ᠥᠪᠥᠷ ᠮᠣᠩᠭᠤᠯ ᠳᠤ ᠶᠠᠮᠠᠷ ᠶᠠᠮᠠᠷ ᠳᠠᠪᠠᠭᠤᠯᠢᠭ ᠪᠠ ᠨᠥᠬᠦᠴᠡᠯ ᠲᠠᠢ ᠪᠣᠶ︖ | ᠯᠢᠦ ᠶᠦᠩ ᡁᠢ᠄ ᠮᠠᠨ ᠤ ᠣᠷᠣᠨ ᠥᠪᠡᠷᠮᠢᠴᠡ ᠳᠠᠪᠠᠭᠤᠯᠢᠭ ᠪᠠ ᠨᠥᠬᠦᠴᠡᠯ ᠲᠠᠢ ᠶᠤᠮ᠃ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠣᠷᠣᠨ ᠤ ᠰᠦ ᠴᠠᠭᠠᠨ ᠢᠳᠡᠭᠡᠨ ᠤ ᠦᠢᠯᠡᠰ ᠤᠨ | ᠬᠦᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠣᠢ᠂ ᠨᠢᠳᠤᠨᠤᠨ ᠮᠠᠨ ᠤ ᠣᠷᠣᠨ ᠤ ᠠᠮᠤ ᠪᠤᠳᠠᠭ᠎ᠠ ᠶᠢ | ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ᠂ ᠥᠨᠳᠥᠷ ᠬᠤᠷᠢᠶᠠᠯᠲᠠ ᠲᠠᠢ ᠴᠠᠷᠭᠠᠰᠤ᠂ ᠳᠤᠮᠳᠠ ᠵᠢᠵᠢᠭ | ᠮᠠᠯᠵᠢᠯ ᠤᠨ ᠲᠠᠯᠠᠪᠠᠶ ᠶᠢ ᠥᠭᠡᠷᠡᠴᠢᠯᠡᠨ ᠲᠠᠰ ᠳᠡᠪᠰᠢᠭᠦᠯᠬᠦ ᠵᠡᠷᠭᠡ ᠲᠥᠷᠥᠯ ᠵᠦᠢᠯ ᠳᠤ ᠣᠯᠤᠭᠰᠠᠨ ᠤᠯᠤᠰ ᠤᠨ | ᠪᠠᠯᠠ ᠮᠦᠩᠭᠦ ᠶᠢᠨ ᠳᠡᠮᠵᠢᠯᠭᠡ ᠨᠢ ᠪᠥᠬᠦ ᠤᠯᠤᠰ ᠤᠨ ᠲᠡᠷᠢᠭᠦᠨ ᠳᠤ ᠣᠷᠣᠪᠠ᠃ ᠮᠠᠨ ᠤ ᠣᠷᠣᠨ ᠳᠤ 13.2 | ᠳ᠋ᠦᠩᠰᠢᠭᠤᠷ ᠮᠦ ᠨᠤᠲᠤᠭ ᠪᠡᠯᠴᠢᠭᠡᠷ ᠲᠠᠢ᠂ ᠤᠰᠤ ᠠᠷᠪᠢᠯᠠᠵᠤ ᠤᠰᠤᠯᠠᠬᠤ ᠴᠠᠷᠭᠠᠰᠤ ᠪᠤᠯᠤᠨ ᠨᠣᠬᠠᠶ ᠶᠢᠨ | ᠬᠤᠰᠢᠭᠤ ᠶᠢᠨ ᠲᠠᠷᠢᠮᠠᠯ ᠤᠨ ᠲᠠᠯᠠᠪᠠᠶ ᠨᠢ 300 ᠭᠠᠷᠤᠶ ᠲᠦᠮᠡᠨ ᠮᠦ ᠳᠤ ᠬᠦᠷᠴᠦ᠂ ᠰᠢᠵᠢᠷ ᠠᠯᠲᠠᠨ ᠲᠠᠯ᠎ᠠ | ᠨᠤᠲᠤᠭ ᠤᠨ ᠪᠦᠰᠡ ᠳᠤ ᠣᠷᠣᠰᠢᠵᠤ ᠪᠠᠶᠢᠨ᠎ᠠ᠃ ᠡᠷᠳᠡᠨᠢ ᠰᠢᠰᠢ ᠳᠠᠷᠢᠬᠤ ᠲᠠᠯᠠᠪᠠᠶ ᠨᠢ 5300 ᠭᠠᠷᠤᠶ ᠲᠦᠮᠡᠨ | ᠮᠥ ᠪᠤᠢ᠂ ᠡᠭᠦᠨ ᠳᠤ ᠬᠦᠬᠡ ᠳᠠᠷᠤᠰᠢ ᠲᠠᠷᠢᠬᠤ ᠲᠠᠯᠠᠪᠠᠢ ᠨᠢ 1320 ᠲᠦᠮᠡᠨ ᠮᠥ ᠪᠠᠶᠢᠵᠤ᠂ ᠰᠢᠵᠢᠷ ᠠᠯᠲᠠᠨ | ᠡᠷᠳᠡᠨᠢ ᠰᠢᠰᠢ ᠶᠢᠨ ᠪᠦᠰᠡ ᠳᠤ ᠣᠷᠣᠰᠢᠵᠤ᠂ ᠣᠷᠣᠨ ᠪᠠᠶᠢᠷᠢ ᠶᠢᠨ ᠳᠠᠪᠠᠭᠤᠯᠢᠭ ᠳᠤᠪᠤᠶᠢᠮ᠎ᠠ ᠪᠠᠶᠢᠨ᠎ᠠ᠃ ᠪᠥᠬᠦ | ᠣᠷᠣᠨ ᠳᠤ ᠬᠤᠯᠰᠲ᠋ᠧᠶᠢᠨ᠂ ᠰᠠᠭᠠᠯᠢ ᠶᠢᠨ ᠪᠠ ᠠᠯᠠᠰᠢᠨ ᠳᠤ ᠴᠦᠮ ᠬᠡᠷᠡᠭᠯᠡᠵᠦ ᠪᠣᠯᠬᠤ ᠰᠢᠮᠡᠧᠨ᠋ᠲ᠋ᠠᠯ ᠪᠣᠯᠤᠨ ᠰᠠᠨ | ᠾᠧ ᠦᠬᠡᠷ ᠵᠡᠷᠭᠡ ᠠᠳᠠᠯᠢ ᠪᠤᠰᠤ ᠰᠠᠭᠠᠯᠢ ᠶᠢᠨ ᠦᠨᠢᠶᠡᠨ ᠤ ᠡᠭᠦᠯᠳᠡᠷ ᠠᠴᠠ ᠰᠦ ᠶᠢᠨ ᠡᠬᠢ ᠲᠠᠢ ᠪᠠᠶᠢᠵᠤ᠂ | ᠬᠠᠮᠤᠭ ᠤᠨ ᠴᠢᠨᠠᠷᠯᠢᠭ ᠰᠦ ᠶᠢ ᠦᠢᠯᠡᠳᠪᠦᠷᠢᠯᠡᠵᠦ ᠳᠡᠶᠢᠯᠦᠨ᠎ᠡ᠃ ᠣᠳᠣᠬᠠᠨ ᠳᠤ ᠪᠦᠬᠦ ᠣᠷᠣᠨ ᠳᠤ ᠨᠢᠭᠡᠨᠲᠡ ᠰᠠᠢ | ᠺᠧ ᠰᠢᠩ ᠡᠭᠦᠯᠳᠡᠷ ᠤᠨ ᠦᠢᠯᠡᠰ ᠤᠨ ᠰᠤᠳᠤᠯᠭᠠᠨ ᠤ ᠬᠦᠷᠢᠶᠡᠯᠡᠩ ᠪᠣᠯᠤᠨ ᠤᠯᠤᠰ ᠪᠠ ᠣᠷᠣᠨ ᠨᠤᠲᠤᠭ | ᠬᠠᠮᠲᠤᠷᠠᠭᠰᠠᠨ ᠢᠨᠵᠧᠨᠧᠷᠢᠩ ᠤᠨ ᠲᠤᠷᠰᠢᠯᠲᠠ ᠶᠢᠨ ᠲᠠᠰᠤᠭ᠂ ᠬᠤᠷᠴᠢᠨ ᠡᠭᠦᠯᠳᠡᠷ ᠤᠨ ᠦᠢᠯᠡᠰ᠂ ᠰᠠᠨ ᠾᠧ | ᠦᠬᠡᠷ ᠤᠨ ᠡᠭᠦᠯᠳᠡᠷ ᠤᠨ ᠨᠡᠶᠢᠲᠡ ᠶᠢᠨ ᠥᠷᠲᠡᠭᠡ ᠶᠢᠨ ᠠᠺᠠᠳᠧᠮᠢᠴᠢ ᠶᠢᠨ ᠠᠵᠢᠯ ᠤᠨ ᠥᠷᠲᠡᠭᠡ ᠶᠢ ᠪᠠᠶᠢᠭᠤᠯᠵᠤ᠂ | ᠰᠠᠭᠠᠯᠢ ᠶᠢᠨ ᠦᠨᠢᠶᠡᠨ ᠤ ᠬᠤᠶᠢᠴᠢᠰ ᠢ ᠬᠡᠮᠵᠢᠨ ᠲᠣᠭᠲᠠᠭᠠᠬᠤ ᠲᠥᠪ ᠪᠣᠯᠤᠨ ᠤᠯᠤᠰ ᠤᠨ ᠳᠣᠲᠣᠭᠠᠳᠤ ᠶᠢᠨ | ᠣᠷᠦ᠋ᠢᠯᠠᠭᠰᠠᠨ ᠡᠭᠦᠯᠳᠡᠷ ᠪᠤᠶᠢᠵᠢᠭᠤᠯᠬᠤ᠂ ᠦᠷᠡᠵᠢᠭᠦᠯᠬᠦ ᠪᠠ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠲᠠᠢ | ᠪᠠᠶᠢᠵᠤ᠂ ᠮᠣᠯᠧᠺᠦ᠋ᠯ ᠤᠨ ᠡᠭᠦᠯᠳᠡᠷ ᠪᠤᠶᠢᠵᠢᠭᠤᠯᠬᠤ᠂ ᠭᠤᠤᠯ ᠡᠰ ᠤᠨ ᠡᠭᠦᠯᠳᠡᠷ ᠪᠤᠶᠢᠵᠢᠭᠤᠯᠬᠤ᠂ ᠪᠦᠬᠦ ᠭᠧᠨ ᠤ | ᠪᠦᠯᠦᠭ ᠤᠨ ᠰᠣᠩᠭᠤᠯᠲᠠ ᠵᠢᠴᠢ ᠪᠡᠯᠭᠡ ᠡᠵᠡᠮᠳᠡᠬᠦ ᠵᠡᠷᠭᠡ ᠮᠡᠷᠭᠡᠵᠢᠯ ᠢ ᠡᠵᠡᠮᠰᠢᠵᠦ᠂ ᠬᠦᠪᠦᠷᠡᠯ ᠢ ᠰᠢᠯᠵᠢᠭᠦᠯᠬᠦ᠂ | ᠪᠡᠯᠡᠳᠬᠡᠯ ᠡᠭᠦᠯᠳᠡᠷ ᠤᠨ ᠦᠬᠡᠷ ᠪᠤᠶᠢᠵᠢᠭᠤᠯᠬᠤ ᠳᠤ ᠥᠨᠳᠥᠷ ᠪᠦᠲᠦᠮᠵᠢᠲᠦ ᠦᠷ᠎ᠡ ᠪᠤᠶᠢᠵᠢᠭᠤᠯᠬᠤ ᠮᠡᠷᠭᠡᠵᠢᠯ ᠤᠨ | ᠲᠤᠯᠭᠠᠭᠤᠷᠢᠯᠠᠯ ᠬᠠᠩᠭᠠᠬᠤ ᠪᠣᠯᠤᠨ᠎ᠠ᠃ ᠬᠡᠷ ᠤᠨ ᠲᠡᠵᠢᠭᠡᠪᠦᠷᠢ ᠶᠢᠨ ᠪᠡᠯᠭᠡ ᠡᠵᠡᠮᠳᠡᠬᠦ ᠮᠡᠷᠭᠡᠵᠢᠯ ᠨᠢ ᠤᠯᠤᠰ ᠤᠨ | ᠳᠣᠲᠣᠭᠠᠳᠤ ᠭᠠᠳᠠᠭᠠᠳᠤ ᠳᠤ ᠲᠡᠷᠢᠭᠦᠯᠡᠵᠦ᠂ ᠳᠡᠯᠡᠬᠡᠶ ᠶᠢᠨ ᠪᠡᠯᠭᠡ ᠡᠵᠡᠮᠰᠢᠯᠲᠦ ᠢᠴᠡᠭᠡᠯ ᠦᠷ᠎ᠡ ᠶᠢᠨ ᠡᠰ | ᠦᠢᠯᠡᠳᠪᠦᠷᠢᠯᠡᠬᠦ ᠬᠤᠶᠠᠳᠤᠭᠠᠷ ᠶᠡᠭᠡ ᠰᠠᠭᠤᠷᠢᠨ ᠭᠠᠵᠠᠷ ᠪᠠᠶᠢᠵᠤ᠂ ᠦᠢᠯᠡᠳᠪᠦᠷᠢᠯᠡᠵᠦ ᠪᠤᠷᠤᠯᠠᠭᠤᠯᠤᠭᠰᠠᠨ ᠬᠡᠮᠵᠢᠶ᠎ᠡ | ᠨᠢ 7 ᠵᠢᠯ ᠳᠠᠷᠠᠭᠠᠯᠠᠨ ᠪᠥᠬᠦ ᠤᠯᠤᠰ ᠲᠤ ᠨᠢᠭᠡᠳᠦᠭᠡᠷ ᠲᠤ ᠣᠷᠣᠵᠤ᠂ ᠰᠢᠨᠵᠢᠯᠡᠭᠡ ᠮᠡᠷᠭᠡᠵᠢᠯ ᠤᠨ ᠳᠠᠪᠠᠭᠤᠯᠢᠭ ᠨᠢ | ᠢᠯᠡᠳᠲᠡ ᠪᠠᠶᠢᠨ᠎ᠠ᠃ ᠠᠵᠤ ᠦᠢᠯᠡᠰ ᠤᠨ ᠰᠠᠭᠤᠷᠢ ᠶᠢᠨ ᠳᠠᠪᠠᠭᠤᠯᠢᠭ ᠲᠠᠯ᠎ᠠ ᠪᠠᠷ᠂ ᠨᠢᠭᠡ ᠪᠦᠯᠦᠭ ᠴᠠᠭᠠᠨ ᠢᠳᠡᠭᠡ | ᠪᠣᠯᠪᠠᠰᠤᠷᠠᠭᠤᠯᠬᠤ ᠠᠵᠤ ᠠᠬᠤᠶᠢᠯᠠᠯ᠂ ᠤᠨᠴᠠᠭᠠᠶᠢᠯᠠᠨ ᠢ ᠯᠢ᠂ ᠮᠧᠩ ᠨᠢᠦ ᠮᠠᠰᠢ ᠣᠯᠠᠨ ᠠᠵᠢᠯ ᠲᠥᠷᠥᠯ ᠤᠨ | ᠳᠤᠮᠳᠠ ᠨᠢᠭᠡᠳᠦᠭᠡᠷ ᠲᠤ ᠣᠷᠣᠪᠠ᠃ ᠦᠨᠳᠦᠰᠦᠲᠡᠨ ᠤ ᠴᠠᠭᠠᠨ ᠢᠳᠡᠭᠡᠨ ᠤ ᠬᠥᠭᠵᠢᠯᠲᠡ ᠨᠢ ᠨᠡᠯᠢᠶᠡᠳ | ᠰᠠᠭᠤᠷᠢ ᠲᠠᠢ᠂ ᠦᠨᠳᠦᠰᠦᠲᠡᠨ ᠤ ᠭᠠᠵᠠᠷ ᠤᠷᠤᠨ ᠤ ᠣᠨᠴᠠᠯᠢᠭ ᠪᠠ ᠳᠠᠪᠠᠭᠤᠯᠢᠭ ᠲᠠᠢ ᠪᠠᠶᠢᠵᠤ᠂ ᠨᠢᠭᠡᠨᠲᠡ | ᠵᠣᠬᠢᠬᠤ ᠠᠵᠤ ᠦᠢᠯᠡᠰ ᠤᠨ ᠬᠡᠪᠴᠢᠶ᠎ᠡ ᠲᠠᠢ ᠪᠣᠯᠵᠤ᠂ ᠰᠦ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢᠨ | ᠰᠢᠨ᠎ᠡ ᠨᠡᠮᠡᠭᠳᠡᠯ ᠤᠨ ᠴᠡᠭ ᠪᠣᠯᠤᠭᠰᠠᠨ ᠪᠠᠶᠢᠨ᠎ᠠ᠃ | ᠬᠥᠲᠥᠯᠥᠭᠴᠢ ᠄ ︽ᠬᠡᠷᠡᠭᠵᠢᠭᠦᠯᠬᠦ ᠰᠠᠨᠠᠯ︾ ᠳᠤ ᠰᠦ ᠴᠠᠭᠠᠨ ᠢᠳᠡᠭᠡᠨ ᠤ ᠦᠢᠯᠡᠰ ᠢ ᠲᠡᠳᠬᠦᠬᠦ | ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖ | ᠯᠢᠦ ᠶᠦᠩ ᡁᠢ᠄ ︽ᠬᠡᠷᠡᠭᠵᠢᠭᠦᠯᠬᠦ ᠰᠠᠨᠠᠯ︾ ᠨᠢ ᠰᠦ ᠴᠠᠭᠠᠨ ᠢᠳᠡᠭᠡᠨ ᠤ ᠦᠢᠯᠡᠰ ᠢ ᠲᠡᠳᠬᠦᠬᠦ | ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠄ ᠨᠢᠭᠡ ᠳᠤ᠂ | ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠰᠦ | ᠴᠠᠭᠠᠨ ᠢᠳᠡᠭᠡᠨ ᠤ ᠦᠢᠯᠡᠰ ᠢ ᠬᠦᠭᠵᠢᠭᠦᠯᠬᠦ ᠲᠤᠰᠬᠠᠶ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠶᠠᠳᠠᠭᠤ ᠶᠢ ᠲᠡᠳᠭᠦᠬᠦ ᠰᠠᠭᠤᠷᠢ | ᠮᠦᠩᠭᠦ ᠪᠠᠷ ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠥᠭᠵᠢᠬᠦ ᠶᠢ ᠭᠤᠣᠯᠳᠠᠯᠭ᠎ᠠ ᠲᠠᠢ ᠲᠤᠰᠠᠯᠠᠨ | ᠲᠡᠳᠭᠦᠨ᠎ᠡ᠃ ᠰᠤᠷᠤᠭᠴᠢᠳ ᠤᠨ ᠤᠤᠭᠤᠬᠤ ᠰᠦ ᠶᠢᠨ ᠲᠦᠯᠦᠪᠯᠡᠭᠡ ᠶᠢ ᠬᠡᠷᠡᠭᠵᠢᠭᠦᠯᠦᠨ᠎ᠡ᠃ ᠬᠤᠶᠠᠷ ᠲᠤ᠂ | ᠮᠦᠩᠭᠦᠨ ᠭᠦᠢᠯᠭᠡᠭᠡᠨ ᠤ ᠳᠠᠭᠠᠳᠬᠠᠯ ᠤᠨ ᠳᠡᠮᠵᠢᠯᠭᠡ ᠶᠢ ᠴᠢᠩᠭᠠᠷᠠᠭᠤᠯᠵᠤ᠂ ᠬᠥᠲᠥᠴᠢ ᠠᠵᠤ ᠠᠬᠤᠶᠢᠯᠠᠯ | ᠤᠨᠴᠠᠭᠠᠶᠢᠯᠠᠨ ᠰᠦ ᠴᠠᠭᠠᠨ ᠢᠳᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠤᠨ ᠪᠠᠯᠠ | ᠲᠤᠬᠢᠷᠠᠭᠤᠯᠭ᠎ᠠ ᠶᠢᠨ ᠵᠢᠭᠡᠯᠡᠯᠭᠡ ᠶᠢ ᠳᠡᠮᠵᠢᠨ᠎ᠡ᠃ ᠭᠤᠷᠪᠠ ᠳᠤ᠂ ᠭᠠᠵᠠᠷ ᠰᠢᠷᠤᠢ ᠬᠡᠷᠡᠭᠯᠡᠬᠦ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠬᠠᠩᠭᠠᠵᠤ᠂ ᠰᠦ ᠴᠠᠭᠠᠨ ᠢᠳᠡᠭᠡᠨ ᠤ ᠦᠢᠯᠡᠰ ᠤᠨ ᠪᠣᠯᠪᠠᠰᠤᠷᠠᠭᠤᠯᠬᠤ ᠠᠵᠤ | ᠠᠬᠤᠶᠢᠯᠠᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠰᠦ ᠴᠠᠭᠠᠨ ᠢᠳᠡᠭᠡᠨ ᠤ ᠦᠢᠯᠡᠰ ᠤᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠲᠡᠵᠢᠭᠡᠨ ᠦᠷᠡᠵᠢᠭᠦᠯᠬᠦ ᠲᠠᠯᠠᠪᠠᠶ ᠵᠢᠴᠢ ᠬᠥᠬᠡ ᠪᠠᠷ | ᠳᠠᠷᠤᠰᠢᠭᠤᠯᠬᠤ ᠵᠤᠭᠤᠷᠢ ︵ᠴᠦᠬᠦᠷᠦᠮ︶᠂ ᠡᠪᠡᠰᠦ ᠪᠣᠷᠳᠣᠭᠠᠨ ᠤ ᠲᠠᠯᠠᠪᠠᠶ᠂ ᠮᠠᠰᠢᠨ ᠤ ᠰᠠᠷᠠᠪᠴᠢ ᠵᠡᠷᠭᠡ | ᠳᠠᠭᠠᠯᠳᠤᠭᠤᠯᠤᠯ ᠪᠡᠯᠡᠳᠬᠡᠮᠵᠢ ᠳᠤ ᠬᠡᠷᠡᠭᠯᠡᠬᠦ ᠭᠠᠵᠠᠷ᠂ ᠣᠶᠢᠲᠤ ᠭᠠᠵᠠᠷ ᠢ ᠬᠡᠷᠡᠭᠯᠡᠬᠦ ᠲᠠᠯ᠎ᠠ ᠪᠠᠷ ᠬᠢ ᠠᠯᠢ ᠣᠯᠠᠨ | ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃ ᠳᠥᠷᠪᠡ ᠳᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠭᠠᠷᠬᠤ ᠶᠢ ᠢᠳᠡᠪᠬᠢᠲᠡᠶ ᠲᠦᠯᠬᠢᠨ ᠠᠬᠢᠭᠤᠯᠵᠤ᠂ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ︽ᠰᠠᠭᠠᠳ | ᠦᠭᠡᠢ︾ ᠨᠡᠪᠲᠡᠷᠡᠬᠦ ᠵᠠᠮ ᠢ ᠪᠠᠶᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠯᠬᠤᠴᠠ ᠶᠢ | ᠲᠦᠷᠭᠡᠳᠬᠡᠨ᠎ᠡ᠃ ᠲᠠᠪᠤ ᠳᠤ᠂ ᠰᠦ ᠴᠠᠭᠠᠨ ᠢᠳᠡᠭᠡᠨ ᠤ ᠦᠢᠯᠡᠰ ᠤᠨ ᠶᠠᠰᠤ ᠴᠢᠨᠠᠷ ᠤᠨ ᠠᠮᠦᠷ ᠲᠥᠪᠰᠢᠨ ᠤ | ᠬᠤᠷᠢᠭ᠎ᠠ ᠱᠤᠭᠤᠮ ᠢ ᠡᠷᠡᠰ ᠰᠠᠬᠢᠨ᠎ᠠ᠃ ᠴᠠᠭᠠᠨ ᠢᠳᠡᠭᠡᠨ ᠤ ᠦᠢᠯᠡᠳᠪᠦᠷᠢᠯᠡᠯ ᠤᠨ ᠪᠦᠬᠦ ᠶᠠᠪᠤᠴᠠ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠴᠠᠭᠠᠨ ᠢᠳᠡᠭᠡᠨ ᠤ ᠶᠠᠰᠤ ᠴᠢᠨᠠᠷ ᠤᠨ ᠠᠮᠦᠷ ᠲᠥᠪᠰᠢᠨ ᠢ ᠪᠠᠶᠢᠴᠠᠭᠠᠨ ᠬᠡᠮᠵᠢᠬᠦ | ᠲᠦᠯᠦᠪᠯᠡᠭᠡ ᠶᠢ ᠬᠡᠷᠡᠭᠵᠢᠭᠦᠯᠵᠦ᠂ ᠬᠠᠤᠯᠢ ᠠᠴᠠ ᠵᠥᠷᠢᠴᠡᠨ ᠨᠡᠮᠡᠯᠲᠡ ᠡᠳ᠋ ᠨᠡᠮᠡᠬᠦ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠢᠯᠭᠠᠬᠤ ᠲᠡᠮᠲᠡᠭ ᠬᠡᠷᠡᠭᠯᠡᠭᠦᠯᠬᠦ ᠳᠦᠷᠢᠮ ᠢ ᠴᠢᠩᠳᠠ ᠬᠢᠨᠠᠯᠲᠠ ᠲᠠᠯᠪᠢᠵᠤ | ᠨᠠᠶᠢᠳᠠᠪᠤᠷᠢᠵᠢᠭᠤᠯᠵᠤ᠂ ᠴᠠᠭᠠᠨ ᠢᠳᠡᠭᠡᠨ ᠢ ᠨᠢᠭᠤᠴᠠ ᠪᠠᠷ ᠠᠷᠠᠯᠵᠢᠶᠠᠯᠠᠬᠤ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠦᠭᠭᠦᠨ᠎ᠡ᠃ ᠵᠢᠷᠭᠤᠭ᠎ᠠ ᠳᠤ᠂ ᠰᠦ ᠴᠠᠭᠠᠨ ᠢᠳᠡᠭᠡᠨ ᠤ ᠬᠥᠭᠵᠢᠯᠲᠡ ᠶᠢ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠵᠤ᠂ ᠮᠠᠨ ᠤ ᠣᠷᠣᠨ ᠤ ᠰᠦ ᠴᠠᠭᠠᠨ ᠢᠳᠡᠭᠡᠨ ᠤ ᠦᠢᠯᠡᠰ ᠤᠨ ᠪᠦᠬᠦ ᠲᠠᠯ᠎ᠠ ᠪᠠᠷ | ᠦᠷᠨᠢᠨ ᠬᠥᠭᠵᠢᠬᠦ ᠶᠢ ᠲᠦᠯᠬᠢᠨ ᠠᠬᠢᠭᠤᠯᠤᠨ᠎ᠠ᠃ | ᠬᠥᠲᠥᠯᠥᠭᠴᠢ᠄ ᠲᠠᠨ ᠤ ᠦᠵᠡᠬᠦ ᠪᠠᠷ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ | ᠬᠠᠮᠤᠭ ᠤᠨ ᠭᠤᠤᠯ ᠪᠣᠯᠬᠤ ᠠᠷᠭ᠎ᠠ ᠬᠡᠮᠵᠢᠶ᠎ᠡ ᠨᠢ ᠶᠠᠭᠤ ᠪᠣᠶ︖ | ᠯᠢᠦ ᠶᠦᠩ ᡁᠢ᠄ ᠮᠢᠨᠦ ᠦᠵᠡᠬᠦ ᠪᠠᠷ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠶᠠᠪᠤᠳᠠᠯ ᠪᠤᠯᠤᠨ᠎ᠠ᠃ ᠭᠤᠤᠯᠯᠠᠬᠤ ᠡᠭᠦᠯᠳᠡᠷ ᠪᠤᠶᠢᠵᠢᠭᠤᠯᠬᠤ ᠲᠠᠯᠠᠪᠠᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠤᠨ | ᠪᠤᠬ᠎ᠠ ᠶᠢᠨ ᠥᠷᠲᠡᠭᠡ ᠬᠢᠭᠡᠳ ᠡᠭᠦᠯᠳᠡᠷ ᠤᠨ ᠡᠬᠡ ᠦᠨᠢᠶᠡᠨ ᠤ ᠲᠠᠯᠠᠪᠠᠢ ᠬᠠᠮᠲᠤᠷᠠᠨ ᠡᠭᠦᠯᠳᠡᠷ ᠪᠤᠶᠢᠵᠢᠭᠤᠯᠬᠤ ᠶᠢ | ᠳᠠᠮᠵᠢᠵᠤ᠂ ᠡᠭᠦᠯᠳᠡᠷ ᠪᠤᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠯ ᠪᠢᠳᠡᠨ ᠤ ᠰᠦ ᠴᠠᠭᠠᠨ ᠢᠳᠡᠭᠡᠨ ᠤ | ᠦᠢᠯᠡᠰ ᠢ ᠦᠷᠨᠢᠭᠦᠯᠦᠨ ᠬᠦᠭᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠰᠠᠭᠠᠯᠢ ᠶᠢᠨ ᠦᠨᠢᠶ᠎ᠡ ᠪᠣᠯᠤᠨ ᠰᠠᠭᠠᠯᠢ ᠶᠢᠨ ᠪᠠ ᠠᠯᠠᠰᠢᠨ ᠳᠤ | ᠴᠦᠮ ᠬᠡᠷᠡᠭᠯᠡᠵᠦ ᠪᠣᠯᠬᠤ ᠦᠬᠡᠷ ᠤᠨ ᠡᠭᠦᠯᠳᠡᠷ ᠤᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ | ᠵᠥᠪᠰᠢᠶᠡᠷᠡᠯ ᠤᠨ ᠦᠨᠡᠮᠯᠡᠯ ᠲᠠᠢ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠨᠡᠷᠡᠰ ᠤᠨ ᠵᠢᠭᠰᠠᠭᠠᠯᠲᠠ ᠳᠤ | ᠤᠷᠤᠭᠰᠠᠨ ᠡᠭᠦᠯᠳᠡᠷ ᠤᠨ ᠪᠤᠬ᠎ᠠ ᠶᠢ ᠪᠤᠶᠢᠵᠢᠭᠤᠯᠤᠨ ᠭᠠᠷᠭᠠᠬᠤ ᠶᠢᠨ ᠬᠠᠮᠲᠤ ᠬᠢᠨᠠᠨ ᠰᠢᠯᠭᠠᠷᠠᠭᠤᠯᠤᠭᠠᠳ | ᠪᠠᠷᠢᠮᠵᠢᠶ᠎ᠠ ᠳᠤ ᠬᠦᠷᠦᠭᠰᠡᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠳᠤ ᠵᠢᠯ ᠪᠦᠷᠢ ᠳᠤᠮᠳᠠᠴᠢ ᠪᠠᠷ 1000 | ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ | ᠡᠷᠦᠬᠡ ᠳᠤ᠂ ᠴᠢᠨᠠᠷᠯᠢᠭ ᠬᠦᠢᠰᠦ ᠢᠯᠭᠠᠯ ᠢ ᠡᠵᠡᠮᠳᠡᠬᠦ ᠬᠥᠯᠳᠡᠭᠦᠤ ᠦᠷ᠎ᠡ ᠶᠢᠨ ᠡᠰ ᠬᠡᠷᠡᠭᠯᠡᠭᠰᠡᠨ ᠨᠥᠬᠦᠪᠥᠷᠢ | ᠦᠭᠴᠦ᠂ ᠡᠬᠡ ᠦᠨᠢᠶ᠎ᠡ ᠶᠢᠨ ᠦᠷᠡᠵᠢᠬᠦ ᠬᠤᠷᠳᠤᠴᠠ ᠶᠢ ᠲᠦᠷᠭᠡᠳᠬᠡᠨ᠂ ᠰᠠᠭᠠᠯᠢ ᠶᠢᠨ ᠦᠨᠢᠶ᠎ᠡ ᠶᠢᠨ ᠰᠦᠷᠦᠭ ᠤᠨ | ᠦᠷᠭᠡᠳᠬᠡᠯ ᠢ ᠠᠬᠢᠭᠤᠯᠤᠨ᠎ᠠ᠂ ᠨᠥᠬᠦᠪᠥᠷᠢ ᠥᠭᠬᠦ ᠠᠷᠭ᠎ᠠ ᠮᠠᠶ᠋ᠢᠭ ᠨᠢ ︽ᠤᠷᠢᠳᠠᠪᠠᠷ ᠨᠡᠮᠡᠭᠳᠡᠭᠦᠯᠵᠦ ᠳᠠᠷᠠᠭ᠎ᠠ ᠨᠢ | ᠨᠥᠬᠦᠪᠥᠷᠢ ᠦᠭᠭᠦᠨ᠎ᠡ︾᠂ ᠲᠤᠬᠠᠶᠢᠯᠠᠪᠠᠯ ︽ᠬᠦᠢᠰᠦ ᠢᠯᠭᠠᠯ ᠢ ᠡᠵᠡᠮᠳᠡᠬᠦ ᠬᠥᠯᠳᠡᠭᠦᠤ ᠦᠷ᠎ᠡ ᠶᠢᠨ ᠡᠰ ᠤᠨ ᠨᠠᠷᠢᠨ | ᠭᠤᠤᠷᠰᠤ᠂ ᠲᠤᠭᠤᠯ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠪᠠ ᠲᠡᠵᠢᠭᠡᠨ ᠦᠷᠡᠵᠢᠭᠦᠯᠬᠦ ᠳᠠᠩᠰᠠ | ᠡᠪᠬᠡᠮᠡᠯ ᠢ ᠦᠵᠡᠭᠰᠡᠨ︾ ᠤ ᠳᠠᠷᠠᠭ᠎ᠠ᠂ ᠦᠷᠡᠵᠢᠬᠦ ᠡᠬᠡ ᠦᠨᠢᠶ᠎ᠡ ᠨᠢᠭᠡᠪᠦᠷᠢ ᠳᠤ ᠵᠢᠯ ᠪᠦᠷᠢ 120 ᠲᠥᠭᠦᠷᠢᠭ ᠤᠨ | ᠨᠥᠬᠦᠪᠥᠷᠢ ᠦᠭᠭᠦᠨ᠎ᠡ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠳᠤ᠂ | ᠰᠠᠭᠠᠯᠢᠴᠢᠳ ᠤᠨ ᠲᠡᠵᠢᠭᠡᠨ ᠦᠷᠡᠵᠢᠭᠦᠯᠬᠦ ᠬᠤᠷᠰᠢᠶᠠᠵᠢᠯ ᠤᠨ ᠭᠠᠳᠠᠭᠠᠳᠤ ᠠᠴᠠ ᠣᠷᠣᠭᠤᠯᠤᠭᠰᠠᠨ ᠰᠢᠯᠢᠳᠡᠭ | ᠡᠭᠦᠯᠳᠡᠷ ᠤᠨ ᠡᠬᠡ ᠦᠨᠢᠶ᠎ᠡ ᠳᠤ ᠨᠦᠬᠦᠪᠦᠷᠢ ᠦᠭᠭᠦᠨ᠎ᠡ᠂ ᠨᠥᠬᠦᠪᠥᠷᠢ ᠥᠭᠬᠦ ᠠᠷᠭ᠎ᠠ ᠮᠠᠶ᠋ᠢᠭ ᠨᠢ ᠳᠠᠷᠤᠢ ︽ | ᠭᠠᠳᠠᠭᠠᠳᠤ ᠠᠴᠠ ᠤᠷᠤᠭᠤᠯᠤᠭᠰᠠᠨ ᠦᠬᠡᠷ᠂ ᠭᠠᠳᠠᠭᠠᠳᠤ ᠠᠴᠠ ᠤᠷᠤᠭᠤᠯᠤᠭᠰᠠᠨ ᠭᠠᠷᠳᠠᠮ᠂ ᠭᠠᠳᠠᠭᠠᠳᠤ ᠠᠴᠠ | ᠣᠷᠣᠭᠤᠯᠤᠭᠰᠠᠨ ᠦᠬᠡᠷ ᠤᠨ ᠤᠳᠤᠮ ᠤᠨ ᠲᠠᠩᠰᠠ ᠡᠪᠬᠡᠮᠡᠯ ᠪᠠ ᠬᠤᠳᠠᠯᠳᠤᠨ ᠠᠪᠤᠭᠴᠢ︾ ᠵᠡᠷᠭᠡ ︽ᠳᠥᠷᠪᠡ ᠶᠢ | ᠦᠵᠡᠭᠰᠡᠨ︾ ᠤ ᠳᠠᠷᠠᠭ᠎ᠠ ᠨᠥᠬᠦᠪᠥᠷᠢ ᠥᠭᠴᠦ᠂ ᠭᠠᠳᠠᠭᠠᠳᠤ ᠠᠴᠠ ᠣᠷᠣᠭᠤᠯᠤᠭᠰᠠᠨ ᠰᠢᠯᠢᠳᠡᠭ ᠡᠭᠦᠯᠳᠡᠷ ᠤᠨ ᠡᠬᠡ | ᠦᠨᠢᠶ᠎ᠡ ᠪᠦᠷᠢ ᠳᠤ 5000 ᠲᠥᠭᠦᠷᠢᠭ ᠤᠨ ᠨᠥᠬᠦᠪᠥᠷᠢ ᠥᠭᠭᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠠᠴᠠ 3000 ᠲᠥᠭᠦᠷᠢᠭ ᠤᠨ ᠨᠥᠬᠦᠪᠥᠷᠢ ᠦᠭᠴᠦ᠂ ᠠᠶᠢᠮᠠᠭ ᠬᠤᠲᠠ ᠶᠢᠨ ᠡᠳ᠋ ᠤᠨ | ᠵᠠᠰᠠᠭ ᠠᠴᠠ 2000 ᠲᠥᠭᠦᠷᠢᠭ ᠤᠨ ᠨᠥᠬᠦᠪᠥᠷᠢ ᠦᠭᠭᠦᠨ᠎ᠡ᠃ | ᠬᠥᠲᠥᠯᠥᠭᠴᠢ᠄ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠠᠴᠠ ᠲᠠᠷᠢᠶᠠᠯᠠᠭ᠎ᠠ ᠲᠡᠵᠢᠭᠡᠯᠭᠡ ᠶᠢ | ᠤᠶᠠᠯᠳᠤᠭᠤᠯᠬᠤ ᠳᠡᠮᠵᠢᠯᠭᠡ ᠪᠠᠨ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖ | | ᠯᠢᠦ ᠶᠦᠩ ᡁᠢ᠄ ᠲᠠᠷᠢᠶᠠᠯᠠᠭ᠎ᠠ ᠲᠡᠵᠢᠭᠡᠯᠭᠡ ᠶᠢ ᠤᠶᠠᠯᠳᠤᠭᠤᠯᠬᠤ ᠳᠡᠮᠵᠢᠯᠭᠡ ᠪᠠᠨ ᠴᠢᠩᠭᠠᠳᠬᠠᠬᠤ ᠲᠠᠯ᠎ᠠ ᠪᠠᠷ | ᠂ ᠮᠠᠨ ᠤ ᠣᠷᠣᠨ ᠠᠴᠠ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠥᠬᠡ ᠳᠠᠷᠣᠰᠢᠨ ᠡᠷᠳᠡᠨᠢ ᠰᠢᠰᠢ᠂ | ᠴᠠᠷᠭᠠᠰᠤ ᠵᠡᠷᠭᠡ ᠡᠪᠡᠰᠦ ᠪᠣᠷᠳᠤᠭ᠎ᠠ ᠶᠢ ᠲᠠᠷᠢᠵᠤ ᠬᠤᠷᠢᠶᠠᠨ ᠨᠦᠬᠡᠴᠡᠯᠡᠭᠰᠡᠨ ᠠᠵᠤ ᠠᠬᠤᠶᠢᠯᠠᠯ ᠢ ᠢᠳᠡᠪᠬᠢᠲᠡᠶ | ᠲᠡᠳᠬᠦᠨ ᠳᠡᠮᠵᠢᠨ᠎ᠡ᠃ ᠤᠯᠤᠰ ᠤᠨ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ | ᠴᠡᠭ ᠤᠨ ᠲᠥᠷᠥᠯ ᠵᠦᠢᠯ ᠤᠨ ᠨᠥᠬᠦᠪᠥᠷᠢ ᠶᠢ ᠤᠷᠢᠳᠠᠪᠡᠷ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ | ᠪᠣᠯᠤᠨ ᠰᠠᠭᠠᠯᠢᠴᠢᠳ ᠤᠨ ᠬᠤᠷᠰᠢᠶᠠᠵᠢᠯ ᠳᠤ ᠥᠭᠴᠦ᠂ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ | ᠬᠠᠮᠤᠷᠤᠭᠳᠠᠭᠠ ᠦᠭᠡᠶ ᠪᠤᠰᠤᠳ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠪᠣᠯᠤᠨ ᠰᠠᠭᠠᠯᠢᠴᠢᠳ ᠤᠨ | ᠬᠤᠷᠰᠢᠶᠠᠵᠢᠯ ᠳᠤ᠂ ᠡᠪᠡᠰᠦ ᠪᠤᠷᠳᠤᠭ᠎ᠠ ᠬᠤᠷᠢᠶᠠᠨ ᠬᠠᠳᠠᠭᠠᠯᠠᠬᠤ ᠳᠤ ᠲᠣᠨ ᠪᠦᠷᠢ ᠳᠤ 50 ᠲᠥᠭᠦᠷᠢᠭ ᠤᠨ | ᠨᠥᠬᠦᠪᠥᠷᠢ ᠦᠭᠭᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ ᠲᠣᠨ ᠪᠦᠷᠢ ᠳᠤ 30 ᠲᠥᠭᠦᠷᠢᠭ ᠤᠨ | ᠨᠦᠬᠦᠪᠦᠷᠢ ᠦᠭᠴᠦ᠂ ᠠᠶᠢᠮᠠᠭ ᠬᠤᠲᠠ ᠠᠴᠠ 20 ᠲᠥᠭᠦᠷᠢᠭ ᠨᠦᠬᠦᠪᠦᠷᠢᠯᠡᠵᠦ ᠢᠵᠢ ᠪᠦᠷᠢᠳᠦᠭᠦᠯᠦᠨ᠎ᠡ᠃ ᠴᠢᠨᠠᠷ | ᠰᠠᠶᠢᠲᠠᠢ ᠴᠠᠷᠭᠠᠰᠤ ᠶᠢ 500 ᠮᠦ ᠠᠴᠠ ᠳᠡᠭᠡᠭᠰᠢ ᠲᠥᠪᠯᠡᠷᠡᠨ ᠵᠠᠯᠭᠠᠯᠳᠤᠭᠤᠯᠤᠨ ᠲᠠᠷᠢᠵᠤ᠂ ᠤᠰᠤ ᠠᠷᠪᠢᠯᠠᠬᠤ | ᠤᠰᠤᠯᠠᠯᠲᠠ ᠪᠠ ᠮᠠᠰᠢᠨᠴᠢᠯᠠᠭᠰᠠᠨ ᠬᠤᠷᠢᠶᠠᠵᠤ ᠬᠠᠳᠠᠭᠠᠯᠠᠬᠤ ᠨᠥᠬᠦᠴᠡᠯ ᠢ ᠪᠦᠷᠢᠯᠳᠦᠭᠦᠯᠦᠭᠰᠡᠨ ᠪᠦᠭᠡᠳ ᠣᠷᠣᠨ ᠤ | ᠳᠣᠲᠣᠷᠠᠬᠢ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠯᠦᠭᠡ ᠬᠤᠳᠠᠯᠳᠤᠨ ᠠᠪᠬᠤ ᠪᠠ | ᠪᠣᠷᠣᠯᠠᠭᠤᠯᠬᠤ ᠭᠡᠷ᠎ᠡ ᠪᠠᠶᠢᠭᠤᠯᠤᠭᠰᠠᠨ ᠲᠠᠷᠢᠶᠠᠯᠠᠬᠤ ᠡᠷᠦᠬᠡ᠂ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠡᠷᠦᠬᠡ | ᠵᠢᠴᠢ ᠲᠠᠷᠢᠶᠠᠯᠠᠭ᠎ᠠ ᠶᠢᠨ ᠠᠵᠤ ᠠᠬᠤᠶᠢᠯᠠᠯ ᠳᠤ ᠮᠦ ᠪᠦᠷᠢ ᠳᠤ 600 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ | ᠣᠯᠭᠤᠨ᠎ᠠ᠃ | ᠬᠥᠲᠥᠯᠥᠭᠴᠢ᠄ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠪᠡᠯᠡᠳᠬᠡᠮᠵᠢ ᠲᠤᠨᠤᠭ ᠲᠥᠬᠦᠭᠡᠷᠦᠮᠵᠢ ᠶᠢᠨ | ᠨᠥᠬᠦᠪᠥᠷᠢ ᠮᠦᠩᠭᠦ ᠶᠢ ᠳᠡᠭᠡᠭᠰᠢᠯᠡᠭᠦᠯᠬᠦ ᠲᠠᠯ᠎ᠠ ᠪᠠᠷ᠂ ᠮᠠᠨ ᠤ ᠣᠷᠣᠨ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ | ᠠᠪᠬᠤ ᠪᠣᠶ︖ | ᠯᠢᠦ ᠶᠦᠩ ᡁᠢ᠄ ᠡᠩ ᠲᠡᠷᠢᠭᠦᠨ ᠳᠤ᠂ ᠲᠠᠷᠢᠶᠠᠯᠠᠩ ᠤᠨ ᠮᠠᠰᠢᠨ ᠤ ᠨᠥᠬᠦᠪᠥᠷᠢ ᠮᠦᠩᠭᠦ ᠶᠢᠨ ᠭᠠᠷᠴᠠᠭ ᠲᠤ | ᠲᠣᠬᠢᠷᠠᠭᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢᠨ | ᠪᠦᠷᠢᠨ ᠬᠤᠯᠢᠮᠠᠭ ᠬᠤᠨᠤᠭ ᠤᠨ ᠪᠤᠷᠳᠤᠭ᠎ᠠ ︵TMR︶ ᠶᠢᠨ ᠲᠥᠬᠦᠭᠡᠷᠦᠮᠵᠢ ᠬᠤᠳᠠᠯᠳᠤᠨ ᠠᠪᠬᠤ ᠵᠢᠴᠢ | ᠪᠤᠰᠤᠳ ᠲᠡᠵᠢᠭᠡᠨ ᠦᠷᠡᠵᠢᠭᠦᠯᠬᠦ᠂ ᠡᠪᠡᠰᠦ ᠪᠣᠷᠳᠤᠭ᠎ᠠ ᠬᠤᠷᠢᠶᠠᠵᠤ ᠪᠤᠯᠪᠠᠰᠤᠷᠠᠭᠤᠯᠤᠨ ᠬᠠᠳᠠᠭᠠᠯᠠᠬᠤ ᠮᠠᠰᠢᠨ᠂ | ᠢᠯᠭᠠᠳᠠᠰᠤᠨ ᠪᠤᠬᠢᠷᠲᠤᠯ ᠢ ᠰᠢᠢᠳᠪᠦᠷᠢᠯᠡᠬᠦ ᠲᠤᠨᠤᠭ ᠲᠥᠬᠦᠭᠡᠷᠦᠮᠵᠢ ᠮᠠᠰᠢᠨ ᠪᠠᠭᠠᠵᠢ ᠵᠡᠷᠭᠡ ᠪᠥᠬᠦ ᠶᠠᠪᠤᠴᠠ ᠶᠢᠨ | ᠮᠠᠰᠢᠨ ᠪᠠᠭᠠᠵᠢ ᠶᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠭᠠᠷᠴᠠᠭ ᠤᠨ | ᠬᠡᠪᠴᠢᠶᠡᠨ ᠳᠤ ᠣᠷᠣᠭᠤᠯᠵᠤ᠂ ᠴᠢᠯᠥᠭᠡᠲᠡᠶ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠡᠭᠦᠨ ᠤ ᠬᠠᠮᠲᠤ᠂ ᠮᠠᠨ ᠤ ᠣᠷᠣᠨ ᠰᠦ ᠰᠠᠭᠠᠬᠤ ᠮᠠᠰᠢᠨ ᠮᠧᠬᠠᠨᠢᠭ ᠤᠨ ᠲᠠᠩ ᠮᠠᠰᠢᠨ ᠤ ᠬᠠᠮᠤᠭ ᠤᠨ ᠥᠨᠳᠥᠷ | ᠨᠦᠬᠦᠪᠦᠷᠢ ᠦᠭᠬᠦ ᠲᠤᠭ᠎ᠠ ᠶᠢ 12 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠥᠬᠡ ᠳᠠᠷᠤᠰᠢ ᠬᠤᠷᠢᠶᠠᠬᠤ | ᠮᠠᠰᠢᠨ ᠪᠠᠭᠠᠵᠢ ᠶᠢᠨ ᠲᠠᠩ ᠮᠠᠰᠢᠨ ᠤ ᠬᠠᠮᠤᠭ ᠤᠨ ᠥᠨᠳᠥᠷ ᠨᠥᠬᠦᠪᠥᠷᠢ ᠦᠭᠬᠦ ᠲᠤᠭ᠎ᠠ ᠶᠢ 15 ᠲᠦᠮᠡᠨ | ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠰᠠᠭᠠᠯᠢ ᠶᠢᠨ ᠮᠠᠯ ᠤᠨ ᠭᠡᠷ ᠪᠦᠯᠢ ᠶᠢᠨ ᠮᠠᠯᠵᠢᠯ ᠤᠨ | ᠲᠠᠯᠠᠪᠠᠢ᠂ ᠰᠠᠭᠠᠯᠢᠴᠢᠳ ᠤᠨ ᠬᠤᠷᠰᠢᠶᠠᠵᠢᠯ ᠤᠨ ᠮᠠᠯ ᠠᠵᠤ ᠠᠬᠤᠶ ᠶᠢᠨ ᠮᠠᠰᠢᠨ ᠪᠠᠭᠠᠵᠢ ᠬᠤᠳᠠᠯᠳᠤᠨ ᠠᠪᠬᠤ ᠳᠤ | ᠨᠥᠬᠦᠪᠥᠷᠢ ᠥᠭᠬᠦ ᠪᠠᠷᠢᠮᠵᠢᠶ᠎ᠠ ᠶᠢ ᠲᠥᠪ ᠤᠨ ᠡᠳ᠋ ᠤᠨ ᠵᠠᠰᠠᠭ ᠠᠴᠠ 30% ᠶᠢ ᠨᠢ ᠨᠦᠬᠦᠪᠦᠷᠢᠯᠡᠬᠦ ᠰᠠᠭᠤᠷᠢᠨ | ᠳᠡᠭᠡᠷ᠎ᠡ᠂ ᠨᠦᠬᠦᠪᠦᠷᠢ ᠮᠦᠩᠭᠦ ᠶᠢ 50% ᠪᠣᠯᠲᠠᠯ᠎ᠠ ᠳᠡᠭᠡᠭᠰᠢᠯᠡᠭᠦᠯᠵᠦ᠂ ᠮᠠᠯᠵᠢᠬᠤ ᠣᠷᠣᠨ ᠤ ᠰᠦ ᠰᠠᠭᠠᠬᠤ | ᠮᠠᠰᠢᠨ ᠪᠠ ᠬᠦᠬᠡ ᠳᠠᠷᠤᠰᠢ ᠬᠤᠷᠢᠶᠠᠬᠤ ᠮᠠᠰᠢᠨ ᠪᠠᠭᠠᠵᠢ ᠶᠢᠨ ᠳᠠᠩ ᠮᠠᠰᠢᠨ ᠤ ᠬᠠᠮᠤᠭ ᠤᠨ ᠥᠨᠳᠥᠷ ᠨᠥᠬᠦᠪᠥᠷᠢ | ᠦᠭᠬᠦ ᠲᠤᠭ᠎ᠠ ᠶᠢ 20 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ | ᠬᠥᠲᠥᠯᠥᠭᠴᠢ᠄ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠳᠤᠮᠳᠠ ᠵᠢᠵᠢᠭ ᠲᠡᠵᠢᠭᠡᠨ ᠦᠷᠡᠵᠢᠭᠦᠯᠬᠦ | ᠲᠠᠯᠠᠪᠠᠶ ᠶᠢ ᠥᠭᠡᠷᠡᠴᠢᠯᠡᠨ ᠲᠠᠰ ᠳᠡᠪᠰᠢᠭᠦᠯᠬᠦ ᠶᠢ ᠬᠡᠷᠬᠢᠨ ᠲᠦᠯᠬᠢᠨ ᠠᠬᠢᠭᠤᠯᠬᠤ ᠪᠣᠶ︖ | ᠯᠢᠦ ᠶᠦᠩ ᡁᠢ᠄ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠪᠠᠯᠠ ᠮᠥᠩᠭᠦ ᠳᠣᠭᠢᠷᠠᠭᠤᠯᠵᠤ᠂ | ᠤᠯᠤᠰ ᠤᠨ ᠳᠤᠮᠳᠠ ᠵᠢᠵᠢᠭ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢ ᠰᠠᠶᠢᠵᠢᠷᠠᠭᠤᠯᠤᠨ | ᠥᠭᠡᠷᠡᠴᠢᠯᠡᠬᠦ ᠲᠥᠷᠥᠯ ᠵᠦᠢᠯ ᠤᠨ ᠪᠠᠯᠠ ᠮᠥᠩᠭᠦ ᠲᠠᠢ ᠢᠵᠢ ᠪᠥᠷᠢᠳᠦᠭᠦᠯᠦᠨ ᠬᠡᠷᠡᠭᠯᠡᠵᠦ᠂ ᠵᠤᠭᠰᠤᠭ᠎ᠠ ᠮᠠᠯ ᠤᠨ | ᠲᠤᠭ᠎ᠠ ᠨᠢ 50 ᠲᠣᠯᠣᠭᠠᠶ ᠠᠴᠠ 800 ᠲᠣᠯᠣᠭᠠᠶ ᠶᠢᠨ ᠬᠤᠭᠤᠷᠣᠨᠳᠣ ᠪᠠᠶᠢᠭ᠎ᠠ ᠰᠠᠭᠠᠯᠢ ᠶᠢᠨ ᠮᠠᠯ ᠤᠨ ᠬᠡᠷ | ᠪᠦᠯᠢ ᠶᠢᠨ ᠮᠠᠯᠵᠢᠯ ᠤᠨ ᠲᠠᠯᠠᠪᠠᠶ ᠪᠣᠯᠤᠨ ᠰᠠᠭᠠᠯᠢᠴᠢᠳ ᠤᠨ ᠬᠤᠷᠰᠢᠶᠠᠵᠢᠯ ᠢ ᠦᠭᠡᠷᠡᠴᠢᠯᠡᠨ ᠰᠠᠶᠢᠵᠢᠷᠠᠭᠤᠯᠤᠨ᠎ᠠ᠃ | ᠡᠭᠦᠨ ᠤ ᠬᠠᠮᠲᠤ᠂ ᠡᠯ᠎ᠡ ᠭᠠᠵᠠᠷ ᠤᠨ ᠬᠢᠨ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠪᠤᠶᠤ ︽ | ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ︾ ᠠᠷᠭ᠎ᠠ ᠬᠡᠯᠪᠡᠷᠢ ᠶᠢ ᠠᠪᠴᠤ᠂ ᠳᠤᠮᠳᠠ ᠵᠢᠵᠢᠭ ᠰᠠᠭᠠᠯᠢ ᠶᠢᠨ ᠮᠠᠯ | ᠲᠡᠵᠢᠭᠡᠨ ᠦᠷᠡᠵᠢᠭᠦᠯᠬᠦ ᠲᠠᠯᠠᠪᠠᠶ ᠨᠢᠭᠡᠪᠦᠷᠢ ᠶᠢ ᠰᠠᠶᠢᠵᠢᠷᠠᠭᠤᠯᠤᠨ ᠥᠭᠡᠷᠡᠴᠢᠯᠡᠬᠦ ᠲᠥᠷᠥᠯ ᠵᠦᠢᠯ ᠳᠤ ᠳᠤᠮᠳᠠᠴᠢ ᠪᠠᠷ | 60 ᠲᠦᠮᠡᠨ ᠲᠥᠭᠦᠷᠢᠭ ᠨᠥᠬᠦᠪᠥᠷᠢᠯᠡᠬᠦ ᠪᠣᠯᠤᠨ᠎ᠠ᠂ ᠡᠭᠦᠨ ᠳᠤ᠂ ᠲᠥᠪ ᠵᠢᠴᠢ ᠥᠪᠡᠷᠲᠡᠭᠡᠨ ᠵᠠᠰᠠᠬᠤ ᠣᠷᠣᠨ | 80% ᠪᠠᠷ ᠨᠥᠬᠦᠪᠥᠷᠢ ᠥᠭᠴᠦ᠂ ᠠᠶᠢᠮᠠᠭ ᠬᠤᠲᠠ 20% ᠪᠠᠷ ᠨᠦᠬᠦᠪᠦᠷᠢᠯᠡᠵᠦ ᠢᠵᠢ ᠪᠦᠷᠢᠳᠦᠭᠦᠯᠦᠨ᠎ᠡ᠂ | ᠨᠥᠬᠦᠪᠥᠷᠢ ᠶᠢᠨ ᠪᠡᠯᠡ ᠮᠥᠩᠭᠦ ᠶᠢ ᠲᠡᠵᠢᠭᠡᠨ ᠦᠷᠡᠵᠢᠭᠦᠯᠬᠦ ᠪᠡᠯᠡᠳᠬᠡᠮᠵᠢ ᠲᠥᠬᠦᠭᠡᠷᠦᠮᠵᠢ ᠶᠢ ᠦᠭᠡᠷᠡᠴᠢᠯᠡᠨ | ᠰᠠᠶᠢᠵᠢᠷᠠᠭᠤᠯᠬᠤ᠂ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠵᠦ ᠪᠣᠯᠪᠠᠰᠤᠷᠠᠭᠤᠯᠬᠤ᠂ ᠢᠯᠭᠠᠳᠠᠰᠤ ᠶᠢᠨ | ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠵᠢᠴᠢ ᠥᠪᠡᠷ ᠢᠶᠠᠨ ᠡᠷᠬᠢᠯᠡᠭᠰᠡᠨ ᠳᠤᠮᠳᠠ ᠵᠢᠵᠢᠭ ᠬᠡᠯᠪᠡᠷᠢ ᠶᠢᠨ | ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠵᠡᠷᠭᠡ ᠳᠤ ᠬᠡᠷᠡᠭᠯᠡᠨ᠎ᠡ᠃ | ᠬᠥᠲᠥᠯᠥᠭᠴᠢ᠄ ᠲᠠ ᠰᠠᠶ᠋ᠢ ᠣᠳᠣᠬᠠᠨ ᠳᠤ ᠮᠠᠨ ᠤ ᠣᠷᠣᠨ ᠤ ᠦᠨᠳᠦᠰᠦᠲᠡᠨ ᠤ ᠣᠨᠴᠠᠯᠢᠭᠲᠤ ᠴᠠᠭᠠᠨ | ᠢᠳᠡᠭᠡ ᠡᠳ᠋ᠰᠢᠭᠦᠯᠬᠦ ᠦᠢᠯᠡᠰ ᠤᠨ ᠬᠥᠭᠵᠢᠯᠲᠡ ᠶᠢᠨ ᠬᠠᠨᠳᠤᠰᠢ ᠨᠡᠯᠢᠶᠡᠳ ᠰᠠᠶᠢᠨ ᠪᠠᠶᠢᠨ᠎ᠠ ᠭᠡᠵᠡᠢ᠂ ᠲᠠᠷᠠᠭᠠᠴᠢ ᠶᠢᠨ | ᠠᠯᠬᠤᠮ ᠳᠤ᠂ ᠮᠠᠨ ᠤ ᠣᠷᠣᠨ ᠡᠳᠡᠭᠡᠷ ᠠᠵᠤ ᠠᠬᠤᠶᠢᠯᠠᠯ ᠤᠨ ᠬᠥᠭᠵᠢᠯᠲᠡ ᠶᠢ ᠬᠡᠷᠬᠢᠨ ᠲᠡᠳᠬᠦᠬᠦ ᠪᠣᠶ︖ | ᠯᠢᠦ ᠶᠦᠩ ᡁᠢ᠄ ᠮᠠᠨ ᠤ ᠣᠷᠣᠨ ᠤ ᠦᠨᠳᠦᠰᠦᠲᠡᠨ ᠤ ᠴᠠᠭᠠᠨ ᠢᠳᠡᠭᠡᠨ ᠤ ᠦᠢᠯᠡᠳᠪᠦᠷᠢᠯᠡᠯ ᠨᠢ ᠥᠨᠢ | ᠤᠳᠠᠭᠠᠨ ᠲᠡᠤᠬᠡ ᠲᠠᠢ᠂ ᠭᠠᠷ ᠤᠷᠠᠯᠠᠯ ᠨᠢ ᠥᠪᠡᠷᠮᠢᠴᠡ ᠣᠨᠴᠠᠯᠢᠭ ᠲᠠᠢ᠂ ᠦᠨᠦᠷ ᠠᠮᠲᠠ ᠨᠢ ᠰᠣᠷᠭᠤᠭ ᠰᠠᠶᠢᠬᠠᠨ | ᠪᠠᠶᠢᠵᠤ᠂ ᠰᠣᠶᠣᠯ ᠵᠢᠭᠤᠯᠴᠢᠯᠠᠯ ᠤᠨ ᠶᠡᠭᠡ ᠬᠦᠭᠵᠢᠯᠲᠡ ᠪᠠ ᠬᠡᠷᠡᠭᠯᠡᠭᠴᠢᠳ ᠤᠨ ᠢᠳᠡᠭᠡᠨ ᠤᠮᠳᠠᠭᠠᠨ ᠤ | ᠪᠦᠲᠦᠴᠡ ᠶᠢᠨ ᠰᠠᠶᠢᠵᠢᠷᠠᠬᠤ ᠶᠢ ᠳᠠᠭᠠᠯᠳᠤᠨ᠂ ᠣᠶᠢᠷ᠎ᠠ ᠶᠢᠨ ᠵᠢᠯ ᠳᠤ᠂ ᠵᠠᠬ᠎ᠠ ᠳᠡᠯᠭᠡᠭᠦᠷ ᠤᠨ ᠬᠡᠷᠡᠭᠴᠡᠭᠡ | ᠲᠠᠰᠤᠷᠠᠯᠲᠠ ᠥᠬᠡᠶ ᠨᠡᠮᠡᠭᠳᠡᠵᠦ᠂ ᠦᠨᠳᠦᠰᠦᠲᠡᠨ ᠤ ᠴᠠᠭᠠᠨ ᠢᠳᠡᠭᠡᠨ ᠨᠢ ᠮᠠᠰᠢ ᠰᠠᠶᠢᠨ ᠬᠥᠭᠵᠢᠯᠲᠡ ᠶᠢᠨ | ᠢᠷᠡᠭᠡᠳᠦᠶ ᠪᠠᠨ ᠤᠭᠲᠤᠨ ᠠᠪᠴᠢᠷᠠᠪᠠ᠂ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ | ᠦᠢᠯᠡᠰ ᠢ ᠶᠡᠬᠡᠪᠡᠷ ᠬᠥᠭᠵᠢᠭᠦᠯᠬᠦ ᠪᠣᠯ ᠮᠠᠨ ᠤ ᠣᠷᠣᠨ ᠤ ᠰᠦ ᠴᠠᠭᠠᠨ ᠢᠳᠡᠭᠡᠨ ᠤ ᠬᠥᠭᠵᠢᠯᠲᠡ ᠶᠢ ᠲᠦᠯᠬᠢᠨ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠨᠢ ᠮᠥᠨ ᠭᠡᠵᠦ ᠬᠡᠯᠡᠵᠦ ᠪᠣᠯᠤᠨ᠎ᠠ᠃ ᠡᠨᠡ ᠵᠢᠯ᠂ ᠮᠠᠨ ᠤ | ᠣᠷᠣᠨ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠶᠢ ᠪᠠᠷᠢᠮᠵᠢᠶᠠᠵᠢᠭᠤᠯᠤᠨ ᠦᠭᠡᠷᠡᠴᠢᠯᠡᠨ | ᠰᠠᠶᠢᠵᠢᠷᠠᠭᠤᠯᠬᠤ ᠲᠤᠷᠰᠢᠯᠲᠠ ᠶᠢᠨ ᠴᠡᠭ ᠲᠤ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠪᠤᠶᠤ ︽ | ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠬᠡᠯᠪᠡᠷᠢ ᠶᠢ ᠠᠪᠴᠤ᠂ ᠲᠤᠷᠰᠢᠯᠲᠠ ᠶᠢᠨ ᠲᠥᠷᠥᠯ | ᠵᠦᠢᠯ ᠨᠢᠭᠡᠪᠦᠷᠢ ᠳᠤ ᠳᠤᠮᠳᠠᠴᠢ ᠪᠠᠷ 50 ᠲᠦᠮᠡᠨ ᠲᠥᠭᠦᠷᠢᠭ ᠨᠥᠬᠦᠪᠥᠷᠢᠯᠡᠨ᠎ᠡ᠂ ᠡᠭᠦᠨ ᠳᠤ ᠥᠪᠡᠷᠲᠡᠭᠡᠨ ᠵᠠᠰᠠᠬᠤ | ᠣᠷᠣᠨ ᠠᠴᠠ 60% ᠶᠢᠨ ᠨᠥᠬᠦᠪᠥᠷᠢ ᠥᠭᠴᠦ᠂ ᠠᠶᠢᠮᠠᠭ ᠬᠤᠲᠠ ᠠᠴᠠ 40% ᠨᠦᠬᠦᠪᠦᠷᠢᠯᠡᠵᠦ ᠢᠵᠢ | ᠪᠦᠷᠢᠳᠦᠭᠦᠯᠦᠨ᠎ᠡ᠃ ᠨᠥᠬᠦᠪᠥᠷᠢ ᠶᠢᠨ ᠪᠡᠯᠡ ᠮᠥᠩᠭᠦ ᠶᠢ ᠦᠢᠯᠡᠳᠪᠦᠷᠢᠯᠡᠯ ᠤᠨ ᠪᠡᠯᠡᠳᠬᠡᠮᠵᠢ᠂ ᠪᠣᠯᠪᠠᠰᠤᠷᠠᠭᠤᠯᠤᠨ | ᠦᠢᠯᠡᠳᠬᠦ᠂ ᠬᠦᠢᠳᠡᠨ ᠬᠡᠯᠬᠢᠶᠡᠲᠦ ᠲᠡᠭᠡᠭᠡᠪᠦᠷᠢ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠵᠡᠷᠭᠡ ᠲᠠᠯ᠎ᠠ ᠶᠢᠨ | ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠳᠤ ᠬᠡᠷᠡᠭᠯᠡᠵᠦ᠂ ᠦᠨᠳᠦᠰᠦᠲᠡᠨ ᠤ ᠣᠨᠴᠠᠯᠢᠭ | ᠪᠦᠬᠦᠢ ᠴᠠᠭᠠᠨ ᠢᠳᠡᠭᠡ ᠪᠣᠯᠪᠠᠰᠤᠷᠠᠭᠤᠯᠬᠤ ᠶᠢ ᠪᠠᠷᠢᠮᠵᠢᠶᠠᠵᠢᠭᠤᠯᠤᠨ ᠥᠭᠡᠷᠡᠴᠢᠯᠡᠨ ᠰᠠᠶᠢᠵᠢᠷᠠᠭᠤᠯᠵᠤ ᠶᠢ ᠲᠦᠯᠬᠢᠨ | ᠠᠬᠢᠭᠤᠯᠵᠤ᠂ ᠦᠢᠯᠡᠳᠬᠦᠨ ᠤ ᠶᠠᠰᠤ ᠴᠢᠨᠠᠷ ᠨᠢ ᠰᠢᠯᠢᠳᠡᠭ᠂ ᠰᠣᠶᠣᠯ ᠤᠨ ᠣᠨᠴᠠᠯᠢᠭ ᠢᠶᠠᠷ ᠥᠳᠬᠡᠨ᠂ ᠨᠡᠷᠡᠲᠦ | ᠲᠡᠮᠳᠡᠭ ᠤᠨ ᠢᠲᠡᠭᠡᠮᠵᠢ ᠪᠠᠷ ᠥᠨᠳᠥᠷ ᠦᠨᠳᠦᠰᠦᠲᠡᠨ ᠤ ᠴᠠᠭᠠᠨ ᠢᠳᠡᠭᠡ ᠪᠣᠯᠪᠠᠰᠤᠷᠠᠭᠤᠯᠬᠤ ᠨᠢᠭᠡ ᠪᠦᠯᠦᠭ | ᠦᠢᠯᠡᠳᠪᠦᠷᠢ ᠶᠢᠨ ᠴᠡᠭ ᠢ ᠪᠤᠶᠢᠵᠢᠭᠤᠯᠤᠨ᠎ᠠ᠃ ᠡᠭᠦᠨ ᠤ ᠬᠠᠮᠲᠤ᠂ ᠮᠠᠨ ᠤ ᠣᠷᠣᠨ ᠨᠥᠬᠦᠴᠡᠯ ᠲᠠᠢ ᠭᠠᠵᠠᠷ | ᠣᠷᠣᠨ ᠳᠤ ᠦᠨᠳᠦᠰᠦᠲᠡᠨ ᠤ ᠴᠠᠭᠠᠨ ᠢᠳᠡᠭᠡ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠪᠠᠶᠢᠭᠤᠯᠵᠤ᠂ ᠵᠢᠵᠢᠭ | ᠦᠢᠯᠡᠳᠭᠡᠯ ᠤᠨ ᠦᠢᠯᠡᠳᠪᠦᠷᠢᠯᠡᠯ ᠢ ︽ᠪᠠᠭ᠎ᠠ ᠲᠠᠷᠠᠬᠠᠶ ᠳᠣᠤᠷ᠎ᠠ᠂ ᠪᠤᠵᠠᠷ ᠰᠠᠮᠠᠭᠤᠨ ᠪᠠᠷᠤᠭᠲᠠᠶ︾ ᠪᠠᠶᠢᠭᠰᠠᠨ ᠠᠴᠠ | ︽ᠵᠢᠵᠢᠭ ᠨᠠᠷᠢᠯᠢᠭ ᠤᠬᠢ᠂ ᠨᠡᠷᠡᠲᠦ ᠣᠨᠴᠠ ᠰᠢᠯᠢᠳᠡᠭ︾ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ | ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ᠂ ᠦᠢᠯᠡᠳᠬᠦᠨ ᠤ ᠶᠠᠰᠤ ᠴᠢᠨᠠᠷ ᠰᠢᠯᠢᠳᠡᠭ᠂ ᠰᠣᠶᠣᠯ ᠤᠨ | ᠣᠨᠴᠠᠯᠢᠭ ᠦᠳᠭᠡᠨ᠂ ᠨᠡᠷᠡᠲᠦ ᠲᠡᠮᠳᠡᠭ ᠤᠨ ᠢᠲᠡᠭᠡᠯ ᠥᠨᠳᠥᠷ ᠨᠢᠭᠡ ᠪᠦᠯᠦᠭ ᠤᠯᠠᠮᠵᠢᠯᠠᠯᠲᠤ ᠴᠠᠭᠠᠨ ᠢᠳᠡᠭᠡᠨ ᠤ | ᠵᠢᠵᠢᠭ ᠦᠢᠯᠡᠳᠭᠡᠯ ᠢ ᠪᠤᠶᠢᠵᠢᠭᠤᠯᠬᠤ ᠶᠢᠨ ᠬᠠᠮᠲᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ | ᠵᠣᠬᠢᠴᠠᠭᠤᠯᠵᠤ᠂ ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ ᠵᠡᠷᠭᠡ ᠶᠢᠰᠦᠨ ᠶᠠᠮᠤᠨ ᠵᠥᠪᠯᠡᠯ ᠤᠨ ︽ᠰᠦ | ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠬᠡᠷᠡᠭᠵᠢᠭᠦᠯᠬᠦ | ᠰᠠᠨᠠᠯ ᠤᠳ︾ ᠢ ᠨᠠᠶᠢᠳᠠᠪᠤᠷᠢᠵᠢᠭᠤᠯᠤᠨ᠎ᠠ᠃ ᠴᠠᠭᠠᠨ ᠢᠳᠡᠭᠡ ᠪᠣᠯᠪᠠᠰᠤᠷᠠᠭᠤᠯᠬᠤ ᠪᠠᠶᠢᠷᠢᠯᠠᠭᠤᠯᠤᠯᠲᠠ ᠶᠢᠨ ᠦᠷᠭᠡᠴᠡ | ᠪᠣᠯᠤᠨ ᠡᠳᠦᠷ ᠤᠨ ᠰᠢᠢᠳᠪᠦᠷᠢᠯᠡᠬᠦ ᠴᠢᠳᠠᠪᠤᠷᠢ ᠶᠢᠨ ᠬᠢᠵᠠᠭᠠᠷᠯᠠᠯ ᠢ ᠠᠭᠤᠵᠢᠭᠤ ᠲᠠᠯᠪᠢᠵᠤ᠂ ᠥᠭᠡᠷᠡᠴᠢᠯᠡᠨ | ᠰᠠᠶᠢᠵᠢᠷᠠᠭᠤᠯᠵᠤ ᠳᠡᠰ ᠳᠡᠪᠰᠢᠭᠦᠯᠦᠭᠰᠡᠨ ᠤ ᠳᠠᠷᠠᠭ᠎ᠠ ᠢᠳᠡᠭᠡᠨ ᠤ ᠵᠦᠢᠯ ᠦᠢᠯᠡᠳᠪᠦᠷᠢᠯᠡᠬᠦ ᠨᠥᠬᠦᠴᠡᠯ ᠳᠤ | ᠬᠦᠷᠦᠭᠰᠡᠨ ᠦᠨᠳᠦᠰᠦᠲᠡᠨ ᠤ ᠴᠠᠭᠠᠨ ᠢᠳᠡᠭᠡᠨ ᠤ ᠦᠢᠯᠡᠳᠭᠡᠯ᠂ ︽ᠥᠪᠥᠷ ᠮᠣᠩᠭᠤᠯ ᠤᠨ ᠣᠷᠣᠨ ᠨᠤᠲᠤᠭ ᠤᠨ | ᠣᠨᠴᠠᠯᠢᠭᠲᠤ ᠴᠠᠭᠠᠨ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠬᠢᠨᠠᠨ ᠪᠠᠶᠢᠴᠠᠭᠠᠬᠤ ᠨᠠᠷᠢᠨ ᠲᠦᠷᠢᠮ ︵ | 2015 ᠣᠨ ᠤ ᠬᠡᠪᠯᠡᠯ︶︾ ᠪᠠ ︽ᠲᠦᠭᠦᠬᠡᠶ ᠰᠦ ᠪᠠᠷ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠬᠢᠬᠦ | ᠦᠢᠯᠡᠳᠪᠦᠷᠢᠯᠡᠯ ᠤᠨ ᠵᠥᠪᠰᠢᠶᠡᠷᠡᠯ ᠤᠨ ᠬᠢᠨᠠᠨ ᠪᠠᠶᠢᠴᠠᠭᠠᠬᠤ ᠨᠠᠷᠢᠨ ᠲᠦᠷᠢᠮ ︵2018 ᠣᠨ ᠤ ᠬᠡᠪᠯᠡᠯ︶︾ ᠤᠨ | ᠨᠥᠬᠦᠴᠡᠯ ᠤᠨ ᠱᠠᠭᠠᠷᠳᠠᠯᠭ᠎ᠠ ᠳᠤ ᠨᠡᠶᠢᠴᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠢᠳᠡᠭᠡᠨ ᠤ ᠵᠦᠢᠯ | ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠭᠤᠵᠤ ᠪᠣᠯᠤᠨ᠎ᠠ︔ ᠢᠳᠡᠭᠡᠨ ᠤ ᠵᠦᠢᠯ ᠦᠢᠯᠡᠳᠪᠦᠷᠢᠯᠡᠬᠦ | ᠵᠥᠪᠰᠢᠶᠡᠷᠡᠯ ᠤᠨ ᠨᠥᠬᠦᠴᠡᠯ ᠳᠤ ᠲᠦᠷ ᠴᠠᠭ ᠨᠡᠶᠢᠴᠡᠬᠦ ᠦᠭᠡᠶ ᠪᠠᠶᠢᠬᠤ ᠦᠢᠯᠡᠳᠭᠡᠯ ᠢ ᠴᠦ ᠪᠦᠬᠦᠨ ᠢ ᠢᠳᠡᠭᠡᠨ ᠤ | ᠵᠦᠢᠯ ᠦᠢᠯᠡᠳᠪᠦᠷᠢᠯᠡᠬᠦ ᠵᠢᠵᠢᠭ ᠦᠢᠯᠡᠳᠭᠡᠯ ᠤᠨ ᠳᠠᠩᠰᠠᠯᠠᠨ ᠬᠠᠮᠢᠶᠠᠷᠤᠯᠲᠠ ᠳᠤ ᠣᠷᠣᠭᠤᠯᠵᠤ᠂ ᠦᠨᠳᠦᠰᠦᠲᠡᠨ ᠤ | ᠴᠠᠭᠠᠨ ᠢᠳᠡᠭᠡᠨ ᠤ ᠪᠦᠬᠦ ᠦᠢᠯᠡᠳᠪᠦᠷᠢ ᠶᠢ ᠵᠢᠷᠤᠮᠵᠢᠭᠰᠠᠨ ᠬᠠᠮᠢᠶᠠᠷᠤᠯᠲᠠ ᠳᠤ ᠤᠷᠤᠭᠤᠯᠵᠤ᠂ ᠬᠤᠳᠠᠯ ᠬᠠᠭᠤᠷᠮᠠᠭ | ᠶᠠᠭᠤᠮ᠎ᠠ ᠬᠤᠯᠢᠵᠤ ᠬᠠᠭᠤᠷᠮᠠᠭ ᠮᠠᠭᠤ ᠲᠠᠸᠠᠷ ᠪᠣᠷᠣᠯᠠᠭᠤᠯᠬᠤ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠦᠭᠭᠦᠨ᠎ᠡ᠃ ᠴᠠᠭᠠᠨ ᠢᠳᠡᠭᠡᠨ ᠤ ᠬᠥᠲᠥᠴᠢ ᠠᠵᠤ ᠠᠬᠤᠶᠢᠯᠠᠯ ᠤᠨ ᠦᠨᠳᠦᠰᠦᠲᠡᠨ ᠤ ᠴᠠᠭᠠᠨ | ᠢᠳᠡᠭᠡᠨ ᠤ ᠪᠦᠲᠦᠭᠡᠭᠳᠡᠭᠦᠨ ᠦᠢᠯᠡᠳᠪᠦᠷᠢᠯᠡᠬᠦ ᠶᠢ ᠵᠤᠷᠢᠭᠵᠢᠭᠤᠯᠵᠤ᠂ ᠦᠨᠳᠦᠰᠦᠲᠡᠨ ᠤ ᠴᠠᠭᠠᠨ ᠢᠳᠡᠭᠡᠨ | ᠪᠣᠯᠪᠠᠰᠤᠷᠠᠭᠤᠯᠬᠤ ᠶᠢᠨ ᠵᠡᠷᠭᠡ ᠲᠠᠰ ᠳᠡᠪᠰᠢᠭᠦᠯᠬᠦ ᠶᠢ ᠲᠦᠯᠬᠢᠨ ᠠᠬᠢᠭᠤᠯᠬᠤ ᠶᠢᠨ ᠲᠦᠯᠦᠭᠡ᠂ ᠪᠢᠳᠡ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ︽ᠥᠪᠥᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠲᠦᠭᠦᠬᠡᠢ ᠰᠦ ᠶᠢᠨ ᠪᠠᠭᠠᠷ﹀ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠠᠯᠢ ᠲᠦᠷᠭᠡᠨ ᠢᠶᠠᠷ | ᠵᠠᠰᠠᠪᠤᠷᠢ ᠣᠷᠣᠭᠤᠯᠵᠣ᠂ ᠪᠠ ᠫᠠᠰᠲ᠋ᠧᠦ᠋ᠷ ᠤᠨ ᠰᠦ ᠶᠢᠨ ᠦᠢᠯᠡᠳᠪᠦᠷᠢᠯᠡᠯ ᠳᠤ ᠵᠥᠪᠰᠢᠶᠡᠷᠡᠯ ᠤᠨ ᠦᠨᠡᠮᠯᠡᠯ | ᠣᠯᠭᠤᠵᠤ᠂ ᠳᠣᠤᠷ᠎ᠠ ᠳᠤᠯᠠᠭᠠᠨᠲᠤ ᠰᠦᠨ ᠪᠦᠲᠦᠭᠡᠭᠳᠡᠬᠦᠨ ᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠬᠥᠲᠥᠯᠥᠭᠴᠢ᠄ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠪᠠᠯᠠ ᠣᠷᠣᠭᠤᠯᠤᠯᠲᠠ ᠨᠡᠯᠢᠶᠡᠳ ᠶᠡᠭᠡ | ᠪᠠᠶᠢᠨ᠎ᠠ᠂ ᠮᠠᠨ ᠤ ᠣᠷᠣᠨ ᠭᠠᠵᠠᠷ ᠬᠡᠷᠡᠭᠯᠡᠬᠦ ᠪᠠ ᠮᠥᠩᠭᠦᠨ ᠭᠦᠢᠯᠭᠡᠭᠡᠨ ᠤ ᠲᠠᠯ᠎ᠠ ᠪᠠᠷ ᠡᠲᠡᠭᠡᠷ ᠠᠵᠤ | ᠠᠬᠤᠶᠢᠯᠠᠯ ᠳᠤ ᠶᠠᠮᠠᠷ ᠶᠠᠮᠠᠷ ᠳᠡᠮᠵᠢᠯᠭᠡ ᠬᠠᠩᠭᠠᠬᠤ ᠪᠣᠶ︖ | ᠯᠢᠦ ᠶᠦᠩ ᡁᠢ᠄ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠢ ᠲᠦᠬᠦᠭᠡᠷᠦᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠶᠣᠰᠣᠭᠠᠷ | ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠭᠡᠯ ᠬᠢᠬᠦ ᠴᠢᠬᠤᠯᠠ | ᠥᠬᠡᠶ᠂ ᠡᠭᠦᠷᠢᠲᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠬᠦ ᠥᠬᠡᠶ ᠪᠠᠶᠢᠬᠤ ᠤᠷᠢᠲᠠᠯ ᠳᠣᠤᠷ᠎ᠠ᠂ | ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠡᠩ ᠤᠨ ᠲᠠᠷᠢᠶᠠᠨ ᠭᠠᠵᠠᠷ ᠬᠡᠷᠡᠭᠯᠡᠬᠦ ᠶᠢ ᠵᠥᠪᠰᠢᠶᠡᠷᠡᠵᠦ᠂ ᠲᠡᠵᠢᠭᠡᠨ | ᠦᠷᠡᠵᠢᠭᠦᠯᠬᠦ ᠬᠡᠷᠡᠭᠴᠡᠭᠡ ᠪᠤᠯᠤᠭᠰᠠᠨ ᠤ ᠬᠤᠪᠢ ᠳᠤ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ | ᠲᠡᠩᠴᠡᠭᠦᠯᠬᠦ ᠬᠡᠷᠡᠭ ᠥᠬᠡᠶ᠃ ᠡᠭᠦᠨ ᠤ ᠬᠠᠮᠲᠤ᠂ ᠪᠢᠳᠡ ᠪᠠᠰᠠ ᠮᠠᠯᠴᠢᠨ ᠲᠠᠷᠢᠶᠠᠴᠢᠨ ᠤ ᠣᠶᠢᠵᠢᠭᠤᠯᠬᠤ ᠳᠤ | ᠲᠣᠬᠢᠷᠠᠮᠵᠢᠲᠠᠶ ᠭᠠᠵᠠᠷ᠂ ᠠᠭᠯᠠᠭ ᠠᠭᠤᠯᠠ᠂ ᠲᠠᠴᠢᠷ ᠭᠤᠤ᠂ ᠬᠠᠯᠴᠠᠭᠠᠶ ᠲᠣᠪᠤ᠂ ᠡᠵᠡᠭᠦᠶ ᠲᠠᠩ ᠵᠢᠴᠢ ᠬᠥᠳᠡᠭᠡ | ᠲᠣᠰᠬᠤᠨ ᠤ ᠬᠠᠮᠲᠤ ᠨᠡᠶᠢᠲᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠰᠢᠭᠯᠠᠨ ᠰᠠᠭᠠᠯᠢ ᠶᠢᠨ | ᠮᠠᠯ ᠤᠨ ᠦᠢᠯᠡᠳᠪᠦᠷᠢᠯᠡᠯ ᠢ ᠳᠣᠭᠢᠷᠠᠭᠤᠯᠬᠤ ᠶᠢ ᠵᠤᠷᠢᠭᠵᠢᠭᠤᠯᠤᠨ᠎ᠠ᠃ ᠰᠠᠭᠠᠯᠢ ᠶᠢᠨ ᠮᠠᠯ ᠠᠷᠠᠴᠢᠯᠠᠨ ᠲᠡᠵᠢᠭᠡᠬᠦ | ᠬᠠᠰᠢᠶ᠎ᠠ ᠰᠠᠷᠠᠪᠴᠢ᠂ ᠲᠠᠯᠠᠪᠠᠢ ᠲᠤᠭᠤᠷᠢᠭ ᠤᠨ ᠳᠣᠲᠣᠷᠠᠬᠢ ᠨᠡᠪᠲᠡᠷᠡᠬᠦ ᠵᠠᠮ ᠵᠢᠴᠢ ᠨᠣᠭᠤᠭᠠᠷᠠᠭᠤᠯᠤᠯᠲᠠ ᠶᠢᠨ | ᠲᠤᠰᠠᠭᠠᠷᠯᠠᠬᠤ ᠪᠦᠰᠡ ᠵᠡᠷᠭᠡ ᠦᠢᠯᠡᠳᠪᠦᠷᠢᠯᠡᠯ ᠤᠨ ᠪᠡᠯᠡᠳᠬᠡᠮᠵᠢ ᠳᠤ ᠬᠡᠷᠡᠭᠯᠡᠬᠦ ᠭᠠᠵᠠᠷ ᠲᠤ᠂ ᠲᠡᠵᠢᠭᠡᠨ | ᠦᠷᠡᠵᠢᠭᠦᠯᠬᠦ ᠬᠡᠪᠴᠢᠶ᠎ᠡ ᠶᠢ ᠨᠢ ᠦᠨᠳᠦᠰᠦᠯᠡᠨ ᠳᠠᠭᠠᠯᠲᠠ ᠪᠡᠯᠡᠳᠬᠡᠮᠵᠢ ᠶᠢᠨ ᠬᠡᠷᠡᠭᠯᠡᠬᠦ ᠭᠠᠵᠠᠷ ᠤᠨ ᠬᠡᠪᠴᠢᠶ᠎ᠡ ᠶᠢ | ᠨᠡᠮᠡᠭᠳᠡᠭᠦᠯᠦᠨ᠂ 15 ᠮᠤ᠋ ᠶᠢᠨ ᠳᠡᠭᠡᠳᠦ ᠬᠢᠵᠠᠭᠠᠷ ᠤᠨ ᠲᠣᠭᠲᠠᠭᠠᠯ ᠢ ᠬᠦᠴᠦᠨ ᠦᠭᠡᠢ ᠪᠣᠯᠭᠠᠵᠤ᠂ ᠰᠠᠭᠠᠯᠢ ᠶᠢᠨ | ᠮᠠᠯ ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠪᠡᠯᠡᠳᠬᠡᠮᠵᠢ ᠶᠢᠨ ᠬᠡᠷᠡᠭᠯᠡᠬᠦ | ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠬᠡᠷᠡᠭᠯᠡᠬᠦ | ᠭᠠᠵᠠᠷ ᠢ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠯᠤᠭ᠎ᠠ | ᠵᠥᠪᠳᠡᠯᠴᠡᠬᠦ ᠶᠢᠨ ᠬᠠᠮᠲᠤ ᠭᠠᠵᠠᠷ ᠬᠡᠷᠡᠭᠯᠡᠬᠦ ᠬᠡᠯᠡᠯᠴᠡᠭᠡᠷ ᠲᠤᠭᠲᠠᠭᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠬᠡᠷᠡᠭᠯᠡᠬᠦ | ᠭᠠᠵᠠᠷ ᠣᠯᠵᠤ ᠪᠣᠯᠤᠨ᠎ᠠ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠠᠯ᠎ᠠ ᠪᠠᠷ᠂ ᠮᠠᠨ ᠤ ᠣᠷᠣᠨ ᠰᠠᠭᠠᠯᠢ ᠶᠢᠨ | ᠮᠠᠯ ᠤᠨ ᠠᠮᠢᠳᠤ ᠴᠣᠭᠴᠠ᠂ ᠪᠠᠷᠢᠴᠠᠭᠠᠯᠠᠬᠤ ᠡᠷᠬᠡ ᠶᠢᠨ ᠬᠠᠷᠢᠶ᠎ᠠ ᠱᠠᠭᠠᠷᠳᠠᠯᠭ᠎ᠠ ᠳᠤ ᠨᠡᠶᠢᠴᠡᠭᠰᠡᠨ ᠲᠡᠵᠢᠭᠡᠨ | ᠦᠷᠡᠵᠢᠭᠦᠯᠬᠦ ᠲᠠᠯᠠᠪᠠᠢ ᠪᠠᠷ ᠪᠠᠷᠢᠴᠠᠭᠠᠲᠤ ᠡᠳ᠋ ᠪᠣᠯᠭᠠᠭᠰᠠᠨ ᠪᠠᠷᠢᠴᠠᠭᠠᠲᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ | ᠦᠷᠨᠢᠭᠦᠯᠵᠦ᠂ ᠨᠥᠬᠦᠴᠡᠯ ᠳᠤ ᠨᠡᠶᠢᠴᠡᠬᠦ ᠳᠤᠮᠳᠠ ᠵᠢᠵᠢᠭ ᠮᠠᠯᠵᠢᠯ ᠤᠨ ᠲᠠᠯᠠᠪᠠᠢ ᠶᠢᠨ ᠵᠢᠭᠡᠯᠡᠯᠭᠡ ᠶᠢ ᠲᠠᠷᠢᠶᠠᠯᠠᠩ ᠤᠨ | ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠰᠢᠰᠲ᠋ᠧᠮᠵᠢ ᠳᠤ ᠣᠷᠣᠭᠤᠯᠤᠨ ᠳᠡᠮᠵᠢᠬᠦ ᠪᠣᠯᠤᠨ᠎ᠠ᠃ ᠰᠦ ᠴᠠᠭᠠᠨ | ᠢᠳᠡᠭᠡᠨ ᠤ ᠦᠢᠯᠡᠰ ᠤᠨ ᠭᠤᠤᠯ ᠭᠠᠷᠤᠯᠲᠠ ᠶᠢᠨ ᠣᠷᠣᠨ ᠳᠤ᠂ ᠮᠠᠨ ᠤ ᠣᠷᠣᠨ ᠪᠠᠰᠠ ᠲᠠᠷᠢᠶᠠᠯᠠᠩ ᠮᠠᠯ ᠠᠵᠤ | ᠠᠬᠤᠶ ᠶᠢᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠺᠣᠮᠫᠠᠨᠢ᠂ ᠣᠷᠣᠨ ᠨᠤᠲᠤᠭ ᠤᠨ ᠵᠠᠰᠠᠭ ᠤᠨ ᠣᠷᠳᠣᠨ | ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠯᠪᠣᠭᠠᠯᠠᠬᠤ ᠬᠡᠯᠪᠡᠷᠢ ᠪᠠᠷ᠂ ︽ᠵᠠᠰᠠᠭ ᠪᠠᠩᠬᠢ ᠳᠠᠭᠠᠭᠠᠯᠲᠠ | ︾ ᠶᠢᠨ ᠲᠤᠬᠠᠶᠢᠯᠠᠭᠰᠠᠨ ᠠᠵᠢᠯ ᠤᠨ ᠵᠠᠭᠪᠤᠷ ᠢᠶᠠᠷ ᠳᠠᠭᠠᠭᠠᠯᠲᠠ ᠬᠢᠵᠦ ᠢᠲᠡᠭᠡᠮᠵᠢ ᠶᠢ ᠨᠡᠮᠡᠭᠳᠡᠭᠦᠯᠬᠦ ᠳᠡᠮᠵᠢᠯᠭᠡ | ᠦᠵᠡᠭᠦᠯᠦᠨ᠎ᠡ᠃ ᠲᠦᠭᠰᠢᠭᠦᠷᠢ ᠶᠢᠨ ᠨᠥᠬᠦᠪᠥᠷᠢ ᠥᠭᠬᠦ᠂ ᠬᠦᠤ ᠮᠥᠩᠭᠦ ᠶᠢ ᠨᠢ ᠤᠷᠤᠯᠠᠨ ᠥᠭᠬᠦ᠂ | ᠳᠠᠭᠠᠭᠠᠯᠲᠠ ᠶᠢᠨ ᠰᠦᠢᠳᠭᠡᠯ ᠢ ᠨᠦᠬᠦᠪᠦᠷᠢᠯᠡᠬᠦ ᠵᠡᠷᠭᠡ ᠲᠥᠷᠥᠯ ᠵᠦᠢᠯ ᠤᠨ ᠲᠤᠷᠰᠢᠯᠲᠠ ᠶᠢᠨ ᠴᠡᠭ ᠢ ᠰᠦᠪᠡᠭᠴᠢᠯᠡᠨ | ᠥᠷᠨᠢᠭᠦᠯᠦᠭᠰᠡᠨ ᠭᠠᠵᠠᠷ ᠣᠷᠣᠨ ᠳᠤ ᠪᠠᠰᠠ ᠲᠦᠭᠰᠢᠭᠦᠷᠢ ᠶᠢᠨ ᠨᠥᠬᠦᠪᠥᠷᠢ ᠥᠭᠬᠦ ᠪᠠᠯᠠ ᠮᠥᠩᠭᠦ ᠶᠢᠨ ᠳᠠᠬᠢᠨ | ᠲᠤᠭ᠎ᠠ ᠶᠢ ᠶᠡᠬᠡᠰᠬᠡᠵᠦ᠂ ᠡᠳ᠋ ᠤᠨ ᠵᠠᠰᠠᠭ ᠤᠨ ᠪᠠᠯᠠ ᠮᠦᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠰᠦ ᠴᠠᠭᠠᠨ ᠢᠳᠡᠭᠡᠨ ᠤ ᠦᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠶᠢᠨ | ᠲᠥᠯᠥᠭᠡ᠂ ᠡᠯ᠎ᠡ ᠭᠠᠵᠠᠷ ᠤᠨ ᠬᠢᠨ ᠪᠠᠰᠠ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠶᠠᠳᠠᠭᠤ ᠶᠢ | ᠲᠡᠳᠬᠦᠬᠦ ᠪᠠᠯᠠ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠮᠣ ᠬᠡᠯᠪᠡᠷᠢ ᠶᠢᠨ ᠰᠦ ᠴᠠᠭᠠᠨ | ᠢᠳᠡᠭᠡᠨ ᠤ ᠦᠢᠯᠡᠰ ᠡᠳ᠋ᠰᠢᠭᠦᠯᠬᠦ ᠠᠵᠤ ᠠᠬᠤᠶᠢᠯᠠᠯ ᠪᠣᠯᠤᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠠᠵᠤ | ᠠᠬᠤᠶᠢᠯᠠᠯ ᠤᠨ ᠪᠠᠯᠠ ᠣᠷᠣᠭᠤᠯᠤᠯᠲᠠ ᠪᠠᠨ ᠨᠡᠮᠡᠭᠳᠡᠭᠦᠯᠦᠨ᠎ᠡ᠃ | ᠬᠥᠲᠥᠯᠥᠭᠴᠢ᠄ ᠯᠢᠦ ᠲᠢᠩᠬᠢᠮ ᠤᠨ ᠳᠠᠷᠤᠭ᠎ᠠ ᠳᠤ ᠲᠠᠯᠠᠷᠬᠠᠯ᠎ᠠ︕ ᠰᠦ ᠴᠠᠭᠠᠨ ᠢᠳᠡᠭᠡᠨ ᠤ ᠦᠢᠯᠡᠰ ᠢ | ᠬᠥᠭᠵᠢᠭᠦᠯᠦᠨ ᠮᠠᠨᠳᠤᠭᠤᠯᠬᠤ ᠲᠤᠬᠠᠶ ᠶᠠᠷᠢᠶᠠᠨ ᠤ ᠰᠡᠳᠦᠪ ᠪᠠᠰᠠ ᠮᠠᠰᠢ ᠤᠯᠠᠨ ᠪᠠᠶᠢᠨ᠎ᠠ᠂ ᠭᠡᠪᠡᠴᠦ ᠴᠠᠭ ᠤᠨ | ᠬᠠᠷᠠᠭ᠎ᠠ ᠠᠴᠠ ᠪᠤᠯᠵᠤ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃ ᠳᠠᠷᠠᠭ᠎ᠠ ᠤᠳᠠᠭ᠎ᠠ | ᠪᠠᠰᠠ ᠰᠦᠯᠵᠢᠶᠡᠨ ᠠᠨᠳᠠ ᠨᠠᠷ ᠲᠠᠢ ᠪᠠᠨ ᠬᠠᠮᠲᠤ ᠰᠤᠳᠤᠯᠤᠨ ᠶᠠᠷᠢᠯᠴᠠᠬᠤ ᠶᠢ ᠬᠦᠰᠡᠵᠦ ᠪᠠᠶᠢᠨ᠎ᠠ᠂ ᠥᠷᠭᠡᠨ ᠣᠯᠠᠨ | ᠰᠦᠯᠵᠢᠶᠡᠨ ᠠᠨᠳᠠ ᠨᠠᠷ ᠤᠨ ᠲᠣᠰ ᠤᠳᠠᠭ᠎ᠠ ᠶᠢᠨ ᠫᠷᠤᠭ᠍ᠷᠠᠮ ᠢ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ | ᠪᠠᠶᠢᠨ᠎ᠠ︕ ᠪᠠᠶᠠᠷᠲᠠᠶ︕ | ᠯᠢᠦ ᠶᠦᠩ ᡁᠢ᠄ ᠪᠠᠶᠠᠷᠲᠠᠢ︕ | |