ᠬᠤᠷᠢᠨᠭᠡᠷ ᠰᠢᠶᠠᠨ ᠤ 2020 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠬᠠᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-24
         4 ᠳ᠋ᠦ᠋ᠭᠡᠷ ᠰᠠᠷ᠎ᠠ ᠶᠢᠨ 22 ᠤᠨ ᠡᠳᠦᠷ᠂ ᠬᠤᠷᠢᠨᠭᠡᠷ ᠰᠢᠶᠠᠨ ᠤ 2020 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠬᠢᠬᠦ ᠬᠤᠷᠠᠯ ᠨᠠᠮ ᠵᠠᠰᠠᠭ ᠤᠨ ᠠᠯᠪᠠᠨ ᠠᠰᠠᠷ ᠤᠨ 401 ᠬᠤᠷᠠᠯ ᠤᠨ ᠬᠡᠷ ᠲᠤ ᠬᠤᠷᠠᠯᠳᠤᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠰᠢᠶᠠᠨ ᠤ ᠳᠡᠳ᠋ ᠳᠠᠷᠤᠭ᠎ᠠ ᠴᠢ ᠪᠠᠢ ᠰᠢᠶᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠲᠥᠰᠦᠯ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠳᠤ ᠲᠠᠶᠢᠯᠤᠮᠵᠢ ᠬᠢᠭᠰᠡᠨ ᠪᠥᠭᠡᠳ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠪᠠ᠃      ᠴᠢ ᠪᠠᠶ ᠰᠢᠶᠤᠤ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠣᠯᠲᠠ ᠶᠢᠨ ᠡᠴᠦᠰ ᠤᠨ ᠵᠢᠯ ᠮᠥᠨ᠂ ᠣᠷᠣᠨ ᠰᠠᠭᠤᠴᠠ ᠶᠢᠨ ᠠᠮᠤᠷ ᠲᠦᠪᠰᠢᠨ ᠪᠣᠯ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠳᠤᠮᠳᠠᠬᠢ ᠴᠢᠬᠤᠯᠠ ᠠᠭᠤᠯᠭ᠎ᠠ ᠮᠥᠨ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠪᠣᠯ ᠬᠥᠳᠡᠭᠡ ᠲᠣᠰᠬᠤᠨ ᠤ ᠲᠦᠭ ᠲᠦᠮᠡᠨ ᠡᠷᠦᠬᠡ ᠳᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠴᠢᠬᠤᠯᠠ ᠠᠭᠤᠯᠭ᠎ᠠ ᠮᠥᠨ ᠭᠡᠵᠡᠢ᠃      ᠴᠢ ᠪᠠᠢ ᠰᠢᠶᠤᠤ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠨᠤᠷᠠᠬᠤ ᠠᠶᠣᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠲᠣᠳᠣᠷᠬᠠᠶᠢᠯᠠᠵᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠲᠦᠷᠦᠯ ᠬᠤᠪᠢᠶᠠᠨ ᠪᠠᠶᠢᠳᠠᠯ ᠢ ᠡᠵᠡᠮᠰᠢᠵᠦ᠂ ᠪᠦᠬᠦᠨ ᠢ ᠪᠦᠷᠬᠦᠬᠦᠯᠵᠦ᠂ ᠪᠤᠴᠠᠵᠤ ᠪᠠᠶᠢᠴᠠᠭᠠᠨ ᠦᠵᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠲᠡᠰ ᠳᠠᠷᠠᠭᠠᠯᠠᠯ ᠢ ᠵᠢᠷᠤᠮᠵᠢᠭᠤᠯᠵᠤ᠂ ᠠᠵᠢᠯ ᠤᠨ ᠡᠬᠡ ᠲᠠᠩᠰᠠ ᠶᠢ ᠰᠠᠶᠢᠲᠤᠷ ᠪᠠᠶᠢᠭᠤᠯᠬᠤ ᠬᠡᠷᠡᠭᠲᠡᠢ᠃ ᠭᠡᠷ ᠪᠠᠶᠢᠰᠢᠩ ᠤᠨ ᠶᠠᠰᠤ ᠴᠢᠨᠠᠷ ᠢ ᠴᠢᠬᠤᠯᠠᠴᠢᠯᠠᠵᠤ᠂ ᠠᠵᠢᠯ ᠤᠨ ᠦᠨᠡᠨ ᠪᠣᠳᠠᠲᠤ ᠴᠢᠨᠠᠷ ᠪᠣᠯᠤᠨ ᠪᠦᠲᠦᠮᠵᠢᠲᠦ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠴᠠᠭ ᠲᠤᠬᠠᠶ ᠳᠤᠨᠢ ᠳᠠᠭᠠᠵᠤ ᠲᠣᠬᠢᠷᠠᠭᠤᠯᠤᠯᠲᠠ ᠬᠢᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠭᠤᠤᠯ ᠬᠠᠷᠢᠭᠤᠴᠠᠯᠭᠠᠲᠠᠨ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠣᠨ ᠪᠠᠶᠢᠴᠠᠭᠠᠵᠤ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠤᠬᠠᠭᠤᠯᠭ᠎ᠠ ᠪᠠᠨ ᠥᠷᠭᠡᠳᠬᠡᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠦᠷ᠎ᠡ ᠪᠦᠲᠦᠮᠵᠢ ᠪᠣᠯᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠬᠠᠮᠵᠢᠯᠴᠠᠭ᠎ᠠ ᠪᠠᠨ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠬᠠᠮᠲᠣᠷᠠᠯ ᠬᠦᠴᠦᠨ ᠢ ᠪᠤᠢ ᠪᠣᠯᠭᠠᠵᠤ᠂ ᠲᠣᠭᠲᠠᠭᠰᠠᠨ ᠬᠤᠭᠤᠴᠠᠭᠠᠨ ᠳᠤ ᠠᠵᠢᠯ ᠤᠨ ᠡᠭᠦᠷᠭᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠦᠬᠦᠨ ᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠬᠠᠷᠢᠭᠤᠴᠠᠯᠭᠠᠲᠠᠳ᠂ ᠵᠢᠷᠤᠭ ᠲᠦᠯᠦᠪᠯᠡᠭᠡ ᠶᠢᠨ ᠲᠠᠯ᠎ᠠ᠂ ᠬᠢᠨᠠᠨ ᠬᠠᠮᠢᠶᠠᠷᠬᠤ ᠲᠠᠯ᠎ᠠ᠂ ᠪᠠᠷᠢᠯᠭ᠎ᠠ ᠶᠢᠨ ᠠᠩᠭᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号