4 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠤᠲᠠ ᠶᠢᠨ ᠬᠠᠮᠢᠶᠠᠷᠣᠯᠲᠠ ᠶᠢᠨ ᠰᠠᠯᠠᠭᠠᠨ ᠤ ᠳᠠᠷᠤᠭ᠎ᠠ ᠸᠠᠩ ᠠᠶ ᠶᠢᠩ ᠨᠡᠷ ᠮᠠᠨ ᠤ ᠰᠢᠶᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠦᠷᠴᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ | ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠰᠢᠮᠳᠠᠭᠤᠯᠣᠨ ᠵᠢᠯᠣᠭᠤᠳᠬᠤ ᠶᠢᠨ ᠬᠠᠮᠲᠤ ᠰᠠᠭᠤᠳᠠᠯ ᠤᠨ | ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ᠬᠤᠲᠠ ᠶᠢᠨ ᠪᠠᠶᠢᠴᠠᠭᠠᠨ ᠰᠤᠳᠤᠯᠵᠤ ᠰᠢᠮᠳᠠᠭᠤᠯᠣᠨ ᠵᠢᠯᠣᠭᠤᠳᠬᠤ ᠳᠤᠭᠤᠶᠢᠯᠠᠩ ᠮᠠᠨ ᠤ | ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠠᠶᠢᠵᠢᠷᠠᠭᠤᠯᠣᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠮᠠᠨ ᠤ ᠰᠢᠶᠠᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠣᠳᠠᠲᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ | ᠲᠠᠷᠠᠭᠠᠴᠢ ᠶᠢᠨ ᠠᠯᠬᠤᠮ ᠤᠨ ᠠᠵᠢᠯ ᠢ ᠭᠦᠨᠵᠡᠭᠡᠶ ᠰᠤᠳᠤᠯᠤᠨ ᠵᠠᠳᠠᠯᠪᠠ᠃ | ᠬᠤᠲᠠ ᠶᠢᠨ ᠪᠠᠶᠢᠴᠠᠭᠠᠨ ᠰᠤᠳᠤᠯᠵᠤ ᠰᠢᠮᠳᠠᠭᠤᠯᠣᠨ ᠵᠢᠯᠣᠭᠤᠳᠬᠤ ᠳᠤᠭᠤᠶᠢᠯᠠᠩ ᠨᠢ ᠬᠤᠷᠢᠨᠭᠡᠷ ᠰᠢᠶᠠᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠨᠤᠲᠠᠯᠠᠬᠤ ᠶᠢᠨ ᠬᠠᠮᠲᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠠᠷᠪᠠᠨ ᠨᠢᠭᠡ︾ ᠶᠢᠨ ᠦᠯᠦ ᠠᠭᠤᠯᠵᠠᠬᠤ ᠬᠢᠨᠠᠨ ᠵᠥᠪᠰᠢᠶᠡᠷᠡᠯᠲᠡ ᠪᠠ ︽ᠭᠤᠷᠪᠠ ᠶᠢ | ᠬᠠᠰᠤᠵᠤ ᠨᠢᠭᠡ ᠶᠢ ᠨᠡᠮᠡᠭᠳᠡᠭᠦᠯᠬᠦ︾᠂ ︽ᠰᠠᠶᠢᠨ ᠪᠠ ᠠᠨᠠᠢ ᠦᠨᠡᠯᠡᠯᠲᠡ︾ ᠵᠡᠷᠭᠡ ᠠᠵᠢᠯ ᠢ ᠲᠦᠷᠭᠡᠳᠬᠡᠨ | ᠠᠬᠢᠭᠤᠯᠬᠤ ᠲᠤᠬᠠᠶ ᠪᠠ ᠲᠤᠬᠠᠶᠢᠯᠠᠭᠰᠠᠨ ᠠᠵᠢᠯ ᠤᠨ ᠵᠢᠯᠣᠭᠤᠳᠬᠤ ᠰᠠᠨᠠᠯ ᠳᠤᠷᠠᠳᠪᠠ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠥᠯᠥ ᠠᠭᠤᠯᠵᠠᠵᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ | ᠥᠭᠡᠷᠡᠴᠢᠯᠡᠯᠲᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠴᠢᠩᠭᠠᠳᠬᠠᠵᠤ᠂ ︽ᠥᠯᠥ ᠠᠭᠤᠯᠵᠠᠵᠤ ᠬᠢᠨᠠᠨ | ᠵᠥᠪᠰᠢᠶᠡᠷᠡᠬᠦ︾ ᠦᠢᠯᠡᠴᠢᠯᠡᠭᠡᠨ ᠤ ᠵᠦᠢᠯᠡᠰ ᠵᠢᠴᠢ ᠭᠦᠢᠴᠡᠳᠬᠡᠬᠦ ᠴᠤᠪᠤᠷᠠᠯ ᠤᠨ ᠤᠬᠠᠭᠤᠯᠭ᠎ᠠ ᠶᠢᠨ ᠬᠠᠮᠤᠷᠬᠤ | ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠠᠬᠤᠶᠢᠯᠠᠯ ᠣᠯᠠᠨ ᠲᠦᠮᠡᠨ ᠳᠤ ᠬᠠᠮᠲᠤ ᠪᠠᠷ | ᠡᠳ᠋ᠯᠡᠭᠦᠯᠵᠦ ᠮᠡᠳᠡᠭᠦᠯᠬᠦ ᠬᠡᠷᠡᠭᠲᠡᠶ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠴᠢᠩᠭᠠᠳᠬᠠᠨ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠬᠤ | ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠵᠦᠢᠯᠡᠰ ᠢ ᠦᠯᠦ ᠠᠭᠤᠯᠵᠠᠬᠤ ᠪᠤᠶᠤ ᠣᠶᠢᠷ᠎ᠠ ᠬᠠᠪᠢ ᠲᠠᠭᠠᠨ ᠭᠦᠢᠴᠡᠳᠬᠡᠬᠦ ᠬᠠᠷᠠᠯᠲᠠ ᠶᠢ | ᠦᠨᠳᠦᠰᠦᠨ ᠳᠡᠭᠡᠨ ᠪᠡᠶᠡᠯᠡᠭᠦᠯᠵᠦ᠂ ᠠᠷᠠᠳ ᠣᠯᠠᠨ ᠤ ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷᠲᠡᠶ ᠪᠠᠶᠢᠬᠤ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠬᠤᠶᠠᠷ ᠲᠤ ᠴᠣᠩᠬᠤᠪᠴᠢ ᠶᠢ ᠨᠡᠶᠢᠯᠡᠭᠦᠯᠵᠦ ᠴᠤᠪᠤᠷᠠᠯ ᠢ ᠪᠠᠭᠠᠰᠬᠠᠨ᠂ | ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠬᠦ ᠬᠡᠷᠡᠭᠲᠡᠢ︔ ᠮᠠᠲ᠋ᠧᠷᠢᠶᠠᠯ ᠢ | ᠬᠠᠰᠣᠨ᠎ᠠ᠂ ᠴᠢᠬᠤᠯᠠ ᠪᠣᠯᠬᠤ ᠮᠠᠲ᠋ᠧᠷᠢᠶᠠᠯ ᠢ ᠬᠠᠩᠭᠠᠬᠤ ᠠᠴᠠ ᠭᠠᠳᠠᠨ᠎ᠠ᠂ ᠲᠠᠨᠢᠯᠴᠠᠭᠤᠯᠬᠤ ᠪᠢᠴᠢᠭ ᠵᠡᠷᠭᠡ | ᠭᠡᠷᠡᠴᠢᠯᠡᠬᠦ ᠮᠠᠲ᠋ᠧᠷᠢᠶᠠᠯ ᠢ ᠳᠠᠬᠢᠨ ᠲᠤᠰᠢᠶᠠᠬᠤ ᠴᠢᠬᠤᠯᠠ ᠦᠭᠡᠢ︔ ᠳᠠᠷᠤᠭᠠᠰᠤ ᠶᠢ ᠬᠥᠩᠭᠡᠷᠡᠭᠦᠯᠵᠦ᠂ | ᠪᠠᠭᠤᠯᠭᠠᠪᠤᠷᠢ ᠶᠢ ᠲᠠᠩᠰᠠ ᠡᠪᠬᠡᠮᠡᠯ ᠳᠤ ᠣᠷᠣᠭᠤᠯᠬᠤ ᠴᠢᠬᠤᠯᠠᠲᠠᠶ ᠪᠠᠶᠢᠪᠠᠯ᠂ ᠴᠣᠩᠬᠤᠪᠴᠢ ᠨᠢ ᠰᠦᠢᠳᠬᠡᠯ | ᠬᠤᠷᠢᠶᠠᠬᠤ ᠥᠬᠡᠶ ᠪᠠᠷ ᠳᠠᠷᠤᠮᠠᠯᠯᠠᠬᠤ ᠶᠢ ᠬᠠᠩᠭᠠᠨ᠎ᠠ︔ ︽ᠨᠢᠭᠡ ᠨᠡᠮᠡᠭᠳᠡᠭᠰᠡᠨ︾ ᠭᠡᠳᠡᠭ ᠨᠢ ᠳᠠᠷᠤᠶ ᠤᠷᠢᠳᠴᠢᠯᠠᠨ | ᠪᠣᠯᠵᠣᠵᠤ ᠭᠦᠢᠴᠡᠳᠬᠡᠬᠦ᠂ ᠰᠦᠢᠳᠬᠡᠯ ᠬᠤᠷᠢᠶᠠᠬᠤ ᠦᠭᠡᠢ ᠪᠠᠷ ᠰᠢᠤᠳᠠᠨ ᠢᠶᠠᠷ ᠢᠯᠡᠭᠡᠬᠦ ᠵᠡᠷᠭᠡ ᠳᠣᠲᠣᠨᠣ | ᠦᠢᠯᠡᠴᠢᠯᠡᠭᠡ ᠶᠢ ᠨᠡᠮᠡᠭᠳᠡᠭᠦᠯᠵᠦ᠂ ᠤᠯᠠᠨ ᠲᠦᠮᠡᠨ ᠢ ᠠᠯᠢ ᠴᠢᠳᠠᠬᠤ ᠪᠠᠷ ᠳᠤᠲᠠᠭᠤ ᠭᠦᠶᠦᠯᠭᠡᠬᠦ ᠶᠢ ᠬᠡᠯᠡᠵᠦ ᠪᠠᠶᠢᠨ᠎ᠠ | ᠃ ᠭᠤᠷᠪᠠ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠪᠠ ᠠᠨᠠᠢ ᠦᠨᠡᠯᠡᠯᠲᠡ︾ ᠶᠢᠨ ᠲᠦᠷᠢᠮ ᠢ | ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠠᠷᠢᠭᠤᠴᠠᠯᠭ᠎ᠠ ᠶᠢᠨ ᠪᠠᠷᠢᠮᠵᠢᠶ᠎ᠠ ᠶᠢ ᠲᠣᠳᠣᠷᠬᠠᠶᠢᠯᠠᠵᠤ᠂ ᠦᠨᠡᠯᠡᠬᠦ ᠠᠷᠭ᠎ᠠ ᠵᠠᠮ ᠢ ᠰᠢᠯᠤᠭᠤᠳᠬᠠᠵᠤ᠂ ᠦᠨᠡᠯᠡᠭᠰᠡᠨ | ᠦᠷ᠎ᠡ ᠳ᠋ᠦᠩ ᠢ ᠰᠠᠶᠢᠲᠤᠷ ᠬᠡᠷᠡᠭᠯᠡᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠶ ᠭᠡᠪᠡ᠃ |