ᠶᠡᠭᠡ ᠤᠯᠠᠭᠠᠨᠬᠤᠲᠠ ᠰᠢᠶᠠᠩ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠠᠵᠢᠯ ᠢ ᠴᠠᠭ ᠲᠤᠬᠠᠢ  ᠳᠤᠨᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020-04-09
     ᠬᠥᠳᠡᠭᠡ ᠲᠣᠰᠬᠤᠨ ᠤ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠶᠠᠩ ᠲᠣᠰᠬᠤᠨ ᠤ ᠦᠩᠭᠡ ᠳᠥᠷᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠷᠢ  ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠶᠡᠭᠡ ᠤᠯᠠᠭᠠᠨᠬᠤᠲᠠ ᠰᠢᠶᠠᠩ ᠪᠥᠬᠦ ᠰᠢᠶᠠᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠳᠠᠭᠤᠰᠣᠭᠰᠠᠨ ᠤ ᠳᠠᠷᠠᠭ᠎ᠠ᠂ ᠲᠡᠷᠡ ᠳᠠᠷᠣᠢ ᠳᠤᠨᠢ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠶᠡᠭᠡ ᠤᠯᠠᠭᠠᠨᠬᠤᠲᠠ ᠰᠢᠶᠠᠩ ᠤᠨ ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠵᠢᠯᠣᠭᠤᠳᠬᠤ ᠬᠡᠯᠲᠡᠰ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠣᠭᠤᠯᠣᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠫᠦ᠋ ᠰᠢ ᠸᠠᠨ ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠮᠧᠶ ᠾᠧ ᠵᠢᠴᠢ ᠰᠢᠶᠠᠨ ᠤ ᠳᠠᠭᠠᠭᠠᠴᠢᠯᠠᠨ ᠬᠠᠷᠢᠯᠴᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠥᠬᠦ ᠪᠦᠷᠢᠯᠳᠦᠬᠦᠨ᠂ ᠲᠣᠰᠬᠤᠨ ᠳᠠᠭᠠᠭᠠᠴᠢᠯᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ︽ᠬᠤᠷᠢᠨᠭᠡᠷ ᠰᠢᠶᠠᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ ︾ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠲᠤᠬᠠᠶ ᠪᠣᠳᠠᠲᠠᠶ ᠱᠠᠭᠠᠷᠳᠠᠯᠭ᠎ᠠ ᠶᠢ ᠤᠯᠠᠮᠵᠢᠯᠠᠨ  ᠰᠣᠷᠣᠯᠴᠠᠪᠠ︔ ᠨᠠᠮ ᠤᠨ ᠬᠤᠷᠢᠶ᠎ᠠ ᠶᠢᠨ ᠱᠦᠵᠢ ᠪᠠᠷ ᠶᠡᠷᠦᠩᠬᠡᠢ ᠵᠢᠯᠤᠭᠤᠳᠤᠭᠴᠢ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠡᠳ᠋ ᠶᠡᠷᠦᠩᠬᠡᠢ ᠵᠢᠯᠤᠭᠤᠳᠤᠬᠴᠢ ᠪᠣᠯᠭᠠᠭᠰᠠᠨ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠢ ᠠᠵᠢᠯᠯᠠᠭ᠎ᠠ ᠶᠢᠨ ᠵᠢᠯᠣᠭᠤᠳᠬᠤ ᠬᠡᠯᠲᠡᠰ ᠢ ᠪᠠᠶᠢᠭᠤᠯᠪᠠ︔ 8 ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠪᠣᠳᠠᠲᠠᠶ ᠳᠠᠭᠠᠭᠠᠴᠢᠯᠠᠨ ᠬᠠᠷᠢᠯᠴᠠᠬᠤ ᠲᠣᠰᠬᠤᠨ ᠪᠣᠯᠤᠨ ᠰᠢᠶᠠᠩ ᠤᠨ ᠱᠠᠲᠤᠨ ᠤ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠵᠢᠴᠢ ᠳᠠᠭᠠᠭᠠᠴᠢᠯᠠᠨ ᠬᠠᠷᠢᠯᠴᠠᠬᠤ ᠺᠠᠳ᠋ᠷ ᠢ ᠲᠣᠳᠣᠷᠬᠠᠶᠢᠯᠠᠪᠠ᠃ ᠪᠠᠰᠠ ᠪᠦᠬᠦ ᠰᠢᠶᠠᠩ ᠤᠨ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠤᠬᠠᠶ ᠪᠣᠲᠠᠲᠠᠢ ᠪᠠᠶᠢᠷᠢᠯᠠᠭᠤᠯᠤᠯᠲᠠ ᠬᠢᠵᠡᠶ᠃      ᠭᠦᠸᠧ ᠸᠧᠨ ᠵᠢᠶᠦ᠋ᠨ ᠴᠢᠬᠤᠯᠠᠴᠢᠯᠠᠭᠰᠠᠨ ᠨᠢ᠂ ᠶᠡᠭᠡ ᠤᠯᠠᠭᠠᠨᠬᠤᠲᠠ ᠰᠢᠶᠠᠩ ᠤᠨ ᠬᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠤᠰᠬᠠᠶ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠢ ᠬᠦᠴᠦᠲᠡᠢ ᠪᠥᠭᠡᠳ ᠪᠦᠲᠦᠮᠵᠢᠲᠡᠶ ᠠᠬᠢᠭᠤᠯᠵᠤ᠂ ᠳᠠᠭᠠᠭᠠᠴᠢᠯᠠᠨ ᠬᠠᠷᠢᠯᠴᠠᠬᠤ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠳᠠᠭᠠᠭᠠᠴᠢᠯᠠᠨ ᠬᠠᠷᠢᠯᠴᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠪᠠᠳᠠᠷᠠᠭᠤᠯᠵᠤ᠂ ︽ᠨᠢᠭᠡ ᠬᠥᠯᠭᠡ ᠰᠢᠲᠠᠷ᠎ᠠ︾ ᠪᠣᠯᠵᠣ᠂ ᠬᠦᠴᠦ ᠪᠠᠨ ᠬᠠᠮᠲᠣᠳᠬᠠᠨ᠂ ᠲᠤᠰᠬᠠᠶ ᠠᠵᠢᠯᠯᠠᠭ᠎ᠠ ᠶᠢᠨ ᠤᠷᠤᠭᠰᠢᠲᠠᠶ ᠠᠭᠢᠬᠤ ᠶᠢ ᠪᠠᠲᠤᠯᠠᠬᠤ ᠬᠡᠷᠡᠭᠲᠡᠶ᠃ ᠲᠥᠷᠥᠯ ᠬᠤᠪᠢᠶᠠᠨ ᠬᠡᠷᠡᠭᠵᠢᠭᠦᠯᠬᠦ᠂ ᠠᠯᠬᠤᠮ ᠳᠠᠷᠠᠭ᠎ᠠ ᠲᠠᠢ ᠪᠠᠷ ᠠᠬᠢᠭᠤᠯᠬᠤ ᠶᠢ ᠪᠠᠷᠢᠮᠲᠠᠯᠠᠵᠤ᠂ ᠬᠡᠷᠡᠭᠵᠢᠭᠦᠯᠬᠦ ᠳᠤ ᠠᠮᠠᠷ ᠮᠦᠷᠲᠡᠭᠡᠨ ᠦᠷ᠎ᠡ ᠪᠦᠲᠦᠮᠵᠢ ᠮᠡᠳᠡᠭᠳᠡᠮ᠎ᠡ ᠲᠣᠰᠬᠤᠨ ᠠᠴᠠ ᠭᠠᠷᠳᠠᠵᠤ᠂ ᠵᠣᠭᠤᠰ ᠪᠠᠭ᠎ᠠ ᠵᠠᠷᠤᠬᠤ ᠪᠤᠶᠤ ᠪᠠᠭ᠎ᠠ ᠵᠣᠭᠤᠰ ᠵᠠᠷᠤᠴᠠᠭᠤᠯᠵᠤ ᠶᠡᠭᠡ ᠶᠠᠪᠤᠳᠠᠯ ᠪᠦᠲᠦᠭᠡᠬᠦ᠂ ᠰᠠᠶᠢᠨ ᠶᠠᠪᠤᠳᠠᠯ ᠬᠢᠬᠦ ᠶᠢ ᠪᠠᠷᠢᠮᠲᠠᠯᠠᠵᠤ᠂ ᠬᠦᠳᠡᠭᠡ ᠲᠣᠰᠬᠤᠨ ᠤ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠠᠵᠢᠯ ᠤᠨ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠣ᠂ ᠮᠧᠬᠠᠨᠢᠭ᠂ ᠠᠵᠢᠯᠲᠠᠨ ᠤ ᠠᠵᠢᠯ ᠳᠤ ᠭᠠᠷᠤᠭᠰᠠᠨ ᠪᠠᠶᠢᠳᠠᠯ ᠳᠤ ᠬᠠᠮᠢᠶᠠᠷᠤᠯᠲᠠ ᠪᠠᠨ ᠴᠢᠩᠭᠠᠳᠬᠠᠵᠤ᠂ ᠳᠠᠩᠰᠠᠯᠠᠬᠤ ᠲᠦᠷᠢᠮ ᠢ ᠬᠡᠷᠡᠭᠵᠢᠭᠦᠯᠦᠨ᠂ ᠠᠵᠢᠯ ᠤᠨ ᠠᠮᠤᠷ ᠲᠦᠪᠰᠢᠨ ᠢᠶᠠᠷ ᠶᠠᠪᠤᠭᠳᠠᠬᠤ ᠶᠢ ᠪᠠᠲᠤᠯᠠᠵᠤ᠂ ᠪᠠᠯᠠ ᠮᠥᠩᠭᠦ ᠶᠢ ᠪᠦᠲᠦᠮᠵᠢᠲᠡᠶ ᠬᠡᠷᠡᠭᠯᠡᠬᠦ ᠶᠢ ᠪᠠᠲᠤᠯᠠᠬᠤ ᠬᠡᠷᠡᠭᠲᠡᠶ᠃ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠶᠡᠭᠡ ᠬᠦᠴᠦ ᠣᠷᠣᠭᠤᠯᠤᠨ ᠨᠡᠶᠢᠲᠡᠯᠢᠭ ᠵᠢᠱᠢᠶ᠎ᠡ ᠶᠢ ᠡᠭᠦᠳᠦᠨ ᠪᠠᠶᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠪᠥᠬᠦ ᠰᠢᠶᠠᠩ ᠤᠨ ᠬᠤᠷᠢᠨ ᠵᠠᠰᠠᠭ ᠵᠠᠬᠢᠷᠭᠠᠨ ᠤ ᠲᠣᠰᠬᠤᠨ ᠢ ᠴᠡᠪᠡᠷ ᠲᠡᠭᠰᠢ᠂ ᠡᠮᠬᠢ ᠵᠢᠷᠤᠮ ᠲᠠᠢ ᠪᠣᠯᠭᠠᠬᠤ ᠬᠠᠷᠠᠯᠲᠠ ᠳᠤ ᠬᠦᠷᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠶ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号